ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠣᠶ᠋ᠢᠲᠤ ᠣᠷᠣᠨ ᠵᠡᠷᠭᠡ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-08-26

      ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠣᠶ᠋ᠢᠲᠤ ᠣᠷᠣᠨ ᠵᠡᠷᠭᠡ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠥᠭᠡᠷᠡᠴᠢᠯᠡᠯᠲᠡ ᠨᠡᠭᠡᠭᠡᠯᠳᠡ ᠵᠢ ᠲᠦᠷᠭᠡᠪᠴᠢᠯᠡᠨ ᠠᠬᠢᠭᠤᠯᠵᠤ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠬᠤ ᠪᠠ ᠰᠠᠢ᠌ᠵᠢᠷᠠᠭᠤᠯᠵᠤ᠂ ᠵᠡᠭᠦᠨ ᠬᠣᠶ᠋ᠢᠲᠤ ᠣᠷᠣᠨ᠎ᠤ ᠪᠦᠬᠦ ᠲᠠᠯ᠎ᠠ ᠵᠢᠨ ᠬᠥᠭᠵᠢᠯ ᠮᠠᠨᠳᠤᠯ᠎ᠢ ᠠᠬᠢᠭᠤᠯᠵᠤ᠂ ᠲᠠᠰᠤᠷᠠᠯᠲᠠ ᠦᠭᠡᠢ ᠰᠢᠨ᠎ᠡ ᠠᠯᠬᠤᠮ᠎ᠢ ᠠᠯᠬᠤᠬᠤ ᠬᠡᠷᠡᠭᠲᠡᠢ ᠭᠡᠵᠦ ᠴᠢᠬᠤᠯᠠᠴᠢᠯᠠᠪᠠ
      ᠬᠠᠨ ᠵᠧᠩ ᠬᠤᠷᠠᠯ᠎ᠳᠤ ᠣᠷᠣᠯᠴᠠᠪᠠ


      ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠣᠶ᠋ᠢᠲᠤ ᠣᠷᠣᠨ ᠵᠡᠷᠭᠡ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠯᠢ ᠺᠸ ᠴᠢᠶᠠᠩ 8 ᠳ᠋ᠤᠭ᠋ᠠᠷ ᠰᠠᠷ᠎ᠠ ᠵᠢᠨ 23᠎ᠤ ᠡᠳᠦᠷ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠵᠡᠭᠦᠨ ᠬᠣᠢ᠌ᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ᠎ᠢ ᠪᠠᠢ᠌ᠷᠢᠯᠠᠭᠤᠯᠪᠠ᠃

      ᠨᠠᠮ᠎ᠤᠨ ᠲᠥᠪ ᠬᠣᠷᠢᠶᠠᠨ᠎ᠤ ᠡᠣᠯᠣᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠶ ᠰᠠᠶ᠋ᠢᠳ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠡᠭᠦᠨ ᠬᠣᠶ᠋ᠢᠲᠤ ᠣᠷᠣᠨ ᠵᠡᠷᠭᠡ ᠬᠠᠭᠤᠴᠢᠨ ᠠᠵᠤ ᠦᠢ᠍ᠯᠡᠳᠪᠦᠷᠢ ᠵᠢᠨ ᠰᠠᠭᠤᠷᠢᠨ ᠭᠠᠵᠠᠷ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠳᠠᠷᠤᠭ᠎ᠠ ᠬᠠᠨ ᠵᠸᠩ ᠬᠤᠷᠠᠯ᠎ᠳᠤ ᠣᠷᠣᠯᠴᠠᠪᠠ᠃
      ᠬᠤᠷᠠᠯ᠎ᠠᠴᠠ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠡᠷᠡᠭᠵᠢᠭᠦᠯᠬᠦ ᠲᠥᠰᠦᠯ᠂ ᠯᠢᠶᠣᠤᠨᠢᠩ᠎ᠤᠨ ᠲᠠᠯᠠᠢ ᠳᠠᠭ᠋ᠠᠤ ᠠᠵᠤ ᠠᠬᠤᠢ ᠵᠢᠨ ᠪᠦᠰᠡ ᠵᠢᠨ ᠴᠢᠨᠠᠷᠯᠢᠭ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠢ ᠲᠦᠷᠦᠯ᠎ᠤᠨ ᠰᠢᠯᠵᠢᠭᠦᠯᠦᠨ ᠥᠭᠬᠦ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠶᠠᠷᠢᠯᠴᠠᠨ ᠪᠠᠲᠤᠯᠠᠪᠠ᠃ ᠯᠢ ᠺᠸ ᠴᠢᠶᠠᠩ ᠬᠡᠯᠡᠬᠦ᠎ᠳᠤ᠎ᠪᠠᠨ᠂ ᠵᠡᠭᠦᠨ ᠬᠣᠶ᠋ᠢᠲᠤ ᠣᠷᠣᠨ᠎ᠨᠢ ᠤᠯᠤᠰ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠴᠢᠬᠤᠯᠠ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠰᠠᠭᠤᠷᠢ᠎ᠲᠠᠢ ᠶᠤᠮ᠃ ᠤᠢ᠍ᠢ᠍ᠷ᠎ᠠ ᠵᠢᠨ ᠵᠢᠯ᠎ᠤᠳ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠡᠭᠦᠨ ᠬᠣᠶ᠋ᠢᠲᠤ ᠣᠷᠣᠨ᠎ᠤ᠎ᠬᠢᠨ ᠬᠦᠴᠦᠯᠡᠨ ᠴᠢᠷᠮᠠᠶ᠋ᠢᠵᠤ᠂ ᠬᠣᠯᠪᠣᠭᠳᠠᠯ ᠪᠦᠬᠦᠢ ᠲᠠᠯ᠎ᠠ᠎ᠤᠨ᠎ᠬᠢᠨ ᠶᠡᠬᠡ᠎ᠪᠠᠷ ᠳᠡᠮᠵᠢᠵᠦ᠂ ᠵᠡᠭᠦᠨ ᠬᠣᠶ᠋ᠢᠲᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠢᠳᠡᠪᠬᠢᠲᠡᠢ ᠠᠬᠢᠴᠠ᠎ᠲᠠᠢ ᠪᠣᠯᠵᠠᠢ᠃ ᠣᠳᠣᠬᠠᠨ᠎ᠳᠤ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠨᠢ ᠮᠥᠨ ᠬᠦ᠌ ᠬᠦᠴᠢᠷ ᠪᠡᠷᠬᠡ ᠵᠢ ᠲᠤᠭᠤᠯᠬᠤ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠣᠢ ᠪᠣᠯᠭ᠋ᠠᠬᠤ᠂ ᠴᠢᠨᠠᠷᠯᠢᠭ ᠬᠥᠭᠵᠢᠯᠲᠡ ᠵᠢ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠵᠡᠭᠦᠨ ᠬᠣᠶ᠋ᠢᠲᠤ ᠣᠷᠣᠨ᠎ᠤ ᠢᠳᠡᠪᠬᠢᠵᠢᠯ ᠪᠠ ᠪᠦᠲᠦᠭᠡᠯᠴᠢ ᠴᠢᠨᠠᠷ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠬᠦᠴᠢᠷ᠎ᠢ ᠲᠤᠭᠤᠯᠤᠨ ᠪᠡᠷᠬᠡ᠎ᠢ ᠳᠠᠪᠠᠵᠤ᠂ ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ ᠵᠢ ᠦᠷᠭᠦᠯᠵᠢᠯᠡᠨ ᠨᠡᠮᠡᠭᠳᠡᠭᠦᠯᠵᠦ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠴᠢᠩᠭ᠋ᠠᠳᠬᠠᠵᠤ᠂ ᠭᠠᠵᠠᠷ ᠣᠷᠣᠨ᠎ᠤ ᠬᠣᠭᠣᠷᠣᠨᠳᠣᠬᠢ ᠠᠵᠢᠯ ᠲᠦᠷᠦᠯ᠎ᠤᠨ ᠰᠢᠰᠲ᠋ᠧᠮ᠎ᠤᠨ ᠬᠠᠮᠲᠤᠷᠠᠯᠴᠠᠭ᠎ᠠ ᠵᠢ ᠰᠠᠶ᠋ᠢᠲᠤᠷ ᠬᠢᠵᠦ᠂ ᠬᠦᠴᠦᠷᠬᠡᠭ ᠶᠡᠬᠡ ᠨᠡᠶ᠋ᠢᠯᠡᠯ ᠬᠦᠴᠦᠨ᠎ᠢ ᠪᠦᠷᠢᠯᠳᠦᠭᠦᠯᠵᠦ᠂ ᠰᠢᠨ᠎ᠡ ᠨᠢᠭᠡᠨ ᠳᠡᠭᠲᠡᠷ᠎ᠠᠴᠠ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠵᠤ᠂ ᠨᠡᠩ ᠶᠡᠬᠡ ᠠᠬᠢᠴᠠ᠎ᠲᠠᠢ ᠪᠣᠯᠭ᠋ᠠᠬᠤ ᠬᠡᠷᠡᠭᠲᠡᠢ ᠭᠡᠵᠡᠢ᠃

      ᠯᠢ ᠺᠸ ᠴᠢᠶᠠᠩ ᠵᠢᠭ᠋ᠠᠬᠤ᠎ᠳᠤ᠎ᠪᠠᠨ᠂ ᠵᠡᠭᠦᠨ ᠬᠣᠶ᠋ᠢᠲᠤ ᠣᠷᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠡᠷᠬᠡᠪᠰᠢ ᠨᠡᠩ ᠶᠡᠬᠡ ᠬᠦᠴᠦ ᠵᠠᠷᠤᠴᠠᠭᠤᠯᠵᠤ ᠪᠠᠶ᠋ᠢᠭ᠋ᠠᠳ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠨᠠᠢ᠌ᠳᠠᠪᠤᠷᠢᠲᠠᠢ ᠵᠠᠰᠠᠭ᠎ᠤᠨ ᠣᠷᠳᠣᠨ᠎ᠤ ᠨᠡᠩ ᠰᠠᠢ᠍ᠢ᠍ᠨ ᠤᠶᠠᠯᠳᠤᠯ᠎ᠢ ᠠᠬᠢᠭᠤᠯᠬᠤ ᠬᠡᠷᠡᠭᠲᠡᠢ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠲᠣᠭᠣᠷᠢᠨ᠎ᠳᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠨᠠᠩ ᠶᠡᠬᠡ᠎ᠪᠠᠷ ᠬᠥᠭᠵᠢᠭᠡᠨ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠡᠷᠭᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ 《ᠤᠰᠤ ᠲᠠᠯᠪᠢᠨ ᠵᠢᠭ᠋ᠠᠰᠤ ᠲᠡᠵᠢᠭᠡᠵᠦ》᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢ ᠪᠣᠶ᠋ᠢᠵᠢᠭᠤᠯᠤᠨ ᠪᠣᠵᠠᠭ᠋ᠠᠢ᠌ᠷᠠᠭᠤᠯᠬᠤ ᠬᠡᠷᠡᠭᠲᠡᠢ᠃ ᠤᠯᠤᠰ᠎ᠤᠨ ᠥᠮᠴᠢᠯᠡᠯᠲᠦ ᠡᠳ᠋ ᠬᠦᠷᠦᠩᠭᠡ ᠪᠠ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠭᠣᠣᠯᠴᠢ ᠥᠷᠢᠰᠥᠯᠳᠦᠭᠡᠨ᠎ᠢ ᠬᠠᠮᠠᠭ᠋ᠠᠯᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ ᠵᠢᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠨᠡᠩ ᠤᠯᠠᠨ ᠠᠵᠤ ᠠᠬᠤᠶ᠋ᠢᠯᠠᠯ ᠪᠣᠯᠤᠨ ᠴᠢᠳᠠᠪᠤᠷᠢᠲᠠᠨ᠎ᠢ ᠵᠡᠭᠦᠨ ᠬᠣᠶ᠋ᠢᠲᠤ ᠣᠷᠣᠨ ᠲᠡᠢ᠌ᠰᠢ ᠲᠠᠲᠠᠬᠤ ᠬᠡᠷᠡᠭᠲᠡᠢ ᠭᠡᠵᠡᠢ᠃

      ᠯᠢ ᠺᠸ ᠴᠢᠶᠠᠩ ᠬᠡᠯᠡᠬᠦ᠎ᠳᠤ᠎ᠪᠠᠨ᠂ ᠵᠡᠭᠦᠨ ᠬᠣᠶ᠋ᠢᠲᠤ ᠵᠢᠨ ᠲᠠᠯᠠᠢ ᠳᠠᠭ᠋ᠠᠤ ᠣᠷᠣᠨ ᠪᠠ ᠬᠢᠯᠢ ᠳᠠᠭ᠋ᠠᠤ ᠣᠷᠣᠨ ᠵᠡᠷᠭᠡ ᠣᠷᠣᠨ ᠪᠠᠶ᠋ᠢᠷᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠭᠠᠳᠠᠭ᠋ᠠᠳᠤ ᠨᠡᠬᠡᠬᠡᠯᠳᠡ ᠵᠢᠨ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠳᠠᠯᠠᠢ ᠳᠠᠭ᠋ᠠᠤ ᠠᠵᠤ ᠠᠬᠤᠶ ᠵᠢᠨ ᠪᠦᠰᠡ ᠵᠢ ᠬᠥᠭᠵᠢᠭᠦᠯᠵᠦ᠂ ᠬᠢᠯᠢ ᠳᠠᠭ᠋ᠠᠤ ᠣᠷᠣᠨ᠎ᠤ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠵᠢ ᠥᠷᠭᠡᠳᠬᠡᠵᠦ᠂ ᠭᠠᠷᠠᠮ᠎ᠤᠨ ᠰᠦᠷᠦᠭᠯᠡᠯ᠎ᠤᠨ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠴᠢᠩᠭ᠋ᠠᠷᠠᠭᠤᠯᠵᠤ᠂ ᠵᠡᠭᠦᠨ ᠬᠣᠶ᠋ᠢᠲᠤ ᠠᠽᠢᠶ᠎ᠠ ᠵᠢᠨ ᠠᠵᠤ ᠠᠬᠤᠶ ᠵᠢᠨ ᠣᠷᠴᠢᠯ᠎ᠳᠤ ᠢᠳᠡᠪᠬᠢᠲᠡᠶ ᠣᠷᠣᠯᠴᠠᠬᠤ ᠬᠡᠷᠡᠭᠲᠡᠢ᠃ RCEP᠎ᠳᠤ ᠭᠠᠷ᠎ᠤᠨ ᠦᠰᠦᠭ ᠵᠢᠷᠤᠭᠰᠠᠨ᠎ᠤ ᠳᠠᠷᠠᠭ᠋ᠠᠬᠢ ᠰᠢᠨ᠎ᠡ ᠠᠵᠠ ᠲᠣᠬᠢᠶᠠᠯ᠎ᠢ ᠡᠵᠡᠮᠳᠡᠨ ᠨᠡᠭᠡᠭᠡᠯᠳᠡ ᠬᠢᠬᠦ ᠠᠯᠬᠤᠴᠠ᠎ᠪᠠᠨ ᠲᠦᠷᠭᠡᠳᠬᠡᠵᠦ᠂ ᠤᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠵᠢᠨ ᠳᠤᠮᠳᠠ ᠥᠷᠢᠰᠥᠯᠳᠦᠬᠦ ᠬᠦᠴᠦᠨ ᠵᠶ᠋ᠠᠨ ᠴᠢᠩᠭ᠋ᠠᠷᠠᠭᠤᠯᠬᠤ ᠬᠡᠷᠡᠭᠲᠡᠢ ᠭᠡᠵᠡᠢ᠃
      ᠯᠢ ᠺᠸ ᠴᠢᠶᠠᠩ ᠵᠢᠭ᠋ᠠᠬᠤ᠎ᠳᠤ᠎ᠪᠠᠨ᠂ ᠵᠡᠭᠦᠨ ᠬᠣᠶ᠋ᠢᠲᠤ ᠣᠷᠣᠨ᠎ᠤ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠢ ᠲᠦᠷᠭᠡᠳᠬᠡᠬᠦ ᠬᠡᠷᠡᠭᠲᠡᠢ᠃ ᠲᠠᠷᠢᠶᠠᠯᠠᠩ᠎ᠳᠤ ᠦᠵᠡᠭᠦᠯᠬᠦ ᠳᠡᠮᠵᠢᠯᠭᠡ᠎ᠪᠠᠨ ᠴᠢᠩᠭ᠋ᠠᠷᠠᠭᠤᠯᠵᠤ᠂ ᠤᠯᠤᠰ᠎ᠤᠨ ᠠᠮᠤ ᠪᠤᠳᠠᠭ᠋ᠠᠨ᠎ᠤ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠳᠡ᠎ᠯᠤᠭ᠎ᠠ ᠤᠶᠠᠯᠳᠤᠭᠤᠯᠵᠤ᠂ ᠤᠳᠤ ᠦᠶ᠎ᠡ ᠵᠢᠨ ᠲᠠᠷᠢᠶᠠᠯᠠᠩ᠎ᠢ ᠶᠡᠬᠡ᠎ᠪᠠᠷ ᠬᠥᠭᠵᠢᠭᠦᠯᠬᠦ ᠬᠡᠷᠡᠭᠲᠡᠢ᠃ ᠠᠵᠤ ᠠᠬᠤᠶ᠋ᠢᠯᠠᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠤᠳᠤᠵᠤ ᠰᠠᠭᠤᠳᠬᠠᠨ ᠠᠪᠬᠤ ᠵᠡᠷᠭᠡ ᠤᠯᠤᠰ᠎ᠤᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠬᠡᠷᠡᠭᠯᠡᠨ ᠰᠢᠨ᠎ᠡ ᠵᠢ ᠡᠭᠦᠳᠬᠦ ᠣᠷᠣᠭᠤᠯᠤᠯᠲᠠ ᠵᠢ ᠨᠡᠮᠡᠭᠳᠡᠭᠦᠯᠵᠦ᠂ ᠵᠠᠬ᠎ᠠ ᠳᠡᠯᠭᠡᠭᠦᠷᠴᠢᠯᠡᠯᠲᠡ ᠵᠢᠨ ᠠᠷᠭ᠎ᠠ ᠵᠢ ᠬᠡᠷᠡᠭᠯᠡᠨ ᠲᠣᠨᠣᠭᠯᠠᠯ ᠦᠢ᠍ᠯᠡᠳᠬᠦ ᠵᠡᠷᠭᠡ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠥᠷᠭᠡᠳᠬᠡᠨ ᠠᠬᠢᠭᠤᠯᠵᠤ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠲᠤᠮᠤ ᠳᠤᠮᠳᠠ ᠵᠢᠵᠢᠭ ᠠᠵᠤ ᠠᠬᠤᠶ᠋ᠢᠯᠠᠯ ᠬᠠᠷᠢᠯᠴᠠᠨ ᠢᠵᠢ ᠪᠦᠷᠢᠳᠦᠭᠰᠡᠨ᠂ ᠠᠭᠤᠰᠤᠯᠴᠠᠨ ᠬᠥᠭᠵᠢᠭᠰᠡᠨ ᠠᠵᠤ ᠦᠢ᠍ᠯᠡᠰ᠎ᠤᠨ ᠪᠠᠶ᠋ᠢᠷᠢᠰᠢᠯ᠎ᠢ ᠪᠤᠢ ᠪᠣᠯᠭ᠋ᠠᠬᠤ ᠬᠡᠷᠡᠭᠲᠡᠢ᠃ ᠰᠢᠨ᠎ᠡ ᠵᠢ ᠡᠭᠦᠳᠦᠨ ᠪᠦᠲᠦᠭᠡᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠲᠤᠰ ᠭᠠᠵᠠᠷ ᠣᠷᠣᠨ᠎ᠳᠤ᠎ᠪᠠᠨ ᠤᠯᠠᠷᠢᠭᠤᠯᠤᠨ ᠬᠡᠷᠡᠭᠯᠡᠬᠦ ᠵᠢ ᠠᠬᠢᠭᠤᠯᠬᠤ ᠬᠡᠷᠡᠭᠲᠡᠢ ᠭᠡᠵᠡᠢ᠃

      ᠯᠢ ᠺᠸ ᠴᠢᠶᠠᠩ ᠬᠡᠯᠡᠬᠦ᠎ᠳᠤ᠎ᠪᠠᠨ᠂ ᠵᠡᠭᠦᠨ ᠬᠣᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ᠎ᠨᠢ ᠡᠴᠦᠰ᠎ᠤᠨ ᠡᠴᠦᠰ᠎ᠲᠤ᠎ᠪᠠᠨ ᠠᠷᠠᠳ᠎ᠤᠨ ᠠᠮᠢᠳᠤᠷᠠᠯ᠎ᠢ ᠨᠡᠩ ᠰᠠᠶ᠋ᠢᠲᠤᠷ ᠪᠠᠲᠤᠯᠠᠨ ᠰᠠᠶ᠋ᠢᠵᠢᠷᠠᠭᠤᠯᠬᠤ ᠵᠢᠨ ᠲᠥᠯᠥᠭᠡ ᠶᠤᠮ᠃ ᠠᠵᠢᠯ ᠣᠯᠭᠣᠯᠲᠠ ᠵᠢ ᠬᠦᠴᠦᠯᠡᠨ ᠠᠬᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠳᠡᠮᠵᠢᠯᠭᠡ᠎ᠪᠠᠨ ᠴᠢᠩᠭ᠋ᠠᠳᠬᠠᠵᠤ᠂ ᠪᠥᠬᠥᠳᠡ ᠤᠯᠠᠨ ᠵᠶ᠋ᠠᠷ ᠵᠶ᠋ᠠᠨ ᠠᠳᠠᠯ ᠦᠢ᠍ᠯᠡᠰ   ᠴᠣᠭᠴᠠᠯᠠᠨ᠂ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠦᠨ ᠠᠵᠢᠯ ᠣᠯᠭᠣᠯᠲᠠ ᠵᠢᠨ ᠣᠷᠣᠨ ᠵᠠᠶ ᠵᠢ ᠥᠷᠭᠡᠳᠬᠡᠬᠦ ᠵᠢ ᠠᠬᠢᠭᠤᠯᠵᠤ᠂ ᠠᠮᠢᠳᠤᠯᠢᠭ ᠵᠶ᠋ᠠᠷ ᠠᠵᠢᠯ ᠣᠯᠭᠣᠬᠤ ᠵᠢ ᠢᠳᠡᠪᠬᠢᠲᠡᠶ ᠬᠥᠭᠵᠢᠭᠦᠯᠵᠦ᠂ ᠠᠮᠢᠳᠤᠯᠢᠭ ᠵᠶ᠋ᠠᠷ ᠠᠵᠢᠯ ᠣᠯᠤᠭᠰᠠᠳ᠎ᠤᠨ ᠦᠨᠳᠦᠰᠦᠨ ᠡᠷᠬᠡ ᠠᠰᠢᠭ᠎ᠢ ᠪᠠᠲᠤᠯᠠᠬᠤ ᠬᠡᠷᠡᠭᠲᠡᠶ᠃ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠴᠠᠭ ᠲᠤᠬᠠᠶ᠎ᠳᠤ᠎ᠨᠢ ᠲᠣᠭ᠎ᠠ ᠶᠣᠰᠣᠭ᠋ᠠᠷ ᠣᠯᠭᠣᠬᠤ ᠵᠢ ᠪᠠᠲᠤᠯᠠᠵᠤ᠂ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠨᠠᠶ᠋ᠢᠳᠠᠨ ᠬᠥᠮᠦᠵᠢᠭᠦᠯᠬᠦ ᠵᠡᠷᠭᠡ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠲᠥᠪ᠎ᠤᠨ ᠡᠳ᠋᠎ᠤᠨ ᠵᠠᠰᠠᠭ᠎ᠤᠨ ᠲᠤᠰᠬᠠᠶ ᠵᠦᠢ᠍ᠯ ᠵᠶ᠋ᠠᠷ ᠰᠢᠯᠵᠢᠭᠦᠯᠦᠨ ᠥᠭᠬᠦ ᠳᠡᠮᠵᠢᠯᠭᠡ ᠵᠢ ᠡᠳᠡᠭᠡᠷ ᠲᠠᠯ᠎ᠠ ᠲᠡᠢ᠌ᠰᠢ ᠬᠡᠯᠪᠡᠶ᠋ᠢᠯᠭᠡᠬᠦ ᠬᠡᠷᠡᠭᠲᠡᠶ᠃ ᠬᠠᠭᠤᠴᠢᠨ ᠰᠠᠭᠤᠭ᠋ᠠᠯᠢ ᠲᠣᠭᠣᠷᠢᠭ᠎ᠤᠨ ᠥᠭᠡᠷᠡᠴᠢᠯᠡᠨ ᠵᠠᠰᠠᠯᠲᠠ ᠵᠢ ᠠᠬᠢᠭᠤᠯᠵᠤ᠂ ᠭᠠᠮᠰᠢᠭ᠎ᠢ ᠰᠡᠷᠭᠡᠶ᠋ᠢᠯᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠡᠷᠡᠭᠯᠡᠭᠡ ᠵᠢ ᠥᠷᠭᠡᠳᠬᠡᠬᠦ ᠪᠠ ᠪᠦᠲᠦᠮᠵᠢᠲᠡᠶ ᠪᠡᠯᠡ ᠣᠷᠣᠭᠤᠯᠤᠯᠲᠠ ᠵᠢ ᠳᠠᠢ᠌ᠴᠢᠯᠠᠬᠤ ᠬᠡᠷᠡᠭᠲᠡᠢ᠃ ᠡᠨᠡ ᠵᠢᠯ ᠵᠡᠭᠦᠨ ᠬᠣᠶ᠋ᠢᠲᠤ ᠣᠷᠣᠨ ᠦᠶᠡᠷ᠎ᠤᠨ ᠬᠤᠭᠤᠴᠠᠭ᠎ᠠ᠎ᠳᠤ ᠡᠷᠲᠡ ᠣᠷᠣᠵᠤ᠂ ᠣᠳᠣᠬᠠᠨ᠎ᠳᠤ ᠬᠡᠰᠡᠭ ᠭᠣᠤᠯ ᠮᠥᠷᠡᠨ᠎ᠤ ᠤᠰᠤᠨ ᠲᠦᠪᠰᠢᠨ ᠮᠥᠨ ᠬᠦ᠌ ᠰᠡᠷᠡᠮᠵᠢ ᠵᠢᠨ ᠱᠣᠭᠣᠮ᠎ᠠᠴᠠ ᠬᠡᠲᠦᠷᠡᠭᠰᠡᠨ ᠪᠤᠶᠤ ᠪᠠᠲᠤᠯᠠᠭ᠎ᠠ ᠵᠢᠨ ᠤᠰᠤᠨ ᠲᠦᠪᠰᠢᠨ᠎ᠠᠴᠠ ᠬᠡᠲᠦᠷᠡᠭᠰᠡᠨ ᠪᠠᠢ᠌ᠳᠠᠯ᠎ᠳᠤ ᠣᠷᠣᠰᠢᠵᠤ᠂ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ ᠣᠶ᠋ᠢᠷ᠎ᠠ ᠵᠢᠨ ᠬᠤᠭᠤᠴᠠᠭ᠋ᠠᠨ᠎ᠳᠤ ᠮᠥᠨ ᠬᠦ᠌ ᠨᠡᠯᠢᠶᠡᠳ ᠰᠢᠷᠦᠭᠦᠨ ᠪᠣᠷᠣᠭ᠋ᠠᠨ ᠣᠷᠣᠬᠤ ᠪᠣᠯᠣᠯᠴᠠᠭ᠎ᠠ᠎ᠲᠠᠢ ᠪᠠᠢ᠌ᠵᠤ᠂ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠶ᠃ ᠡᠭᠦᠨ᠎ᠤ ᠬᠠᠮᠲᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠢ᠌ᠩᠭᠤᠵᠢᠭᠤᠯᠤᠭᠰᠠᠨ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠵᠤ᠂ ᠡᠪᠦᠯ᠎ᠤᠨ ᠤᠯᠠᠷᠢᠯ᠎ᠤᠨ ᠳᠤᠯᠠᠭ᠋ᠠᠯᠠᠭ᠎ᠠ ᠵᠢᠨ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠡᠢ᠃
      ᠰᠦᠨ ᠴᠦᠨ ᠯᠠᠨ᠂ ᠬᠤ᠌ ᠴᠦᠨ ᠬᠤᠸᠠ᠂ ᠸᠠᠩ ᠶᠦᠩ᠂ ᠰᠢᠶᠤᠤ ᠵᠢᠶᠸ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠰᠠᠢ᠍ᠢ᠍ᠬᠠᠨᠳᠠᠪᠠᠭ᠎ᠠ ᠮᠸᠬᠠᠨᠢᠭᠵᠢᠯ᠎ᠤᠨ ᠤᠢ ᠰᠢᠭᠤᠢ ᠵᠢᠨ ᠲᠠᠯᠠᠪᠠᠢ᠎ᠳᠤ ᠪᠠᠢ᠌ᠴᠠᠭ᠋ᠠᠨ ᠰᠤᠳᠤᠯᠤᠯᠲᠠ ᠬᠢᠪᠡ
ᠯᠢ ᠺᠸ ᠴᠢᠶᠠᠩ ᠮᠠᠯᠠᠢ᠍ᠢ᠍ᠰᠢᠶ᠎ᠠ ᠵᠢᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ ᠶᠡᠷᠦᠩᠬᠡᠢ ᠰᠠᠶ᠋ᠢᠳ ᠢᠰᠮᠠᠢ᠌ᠯ · ᠰᠠᠪᠷᠢ᠎ᠳᠤ ᠪᠠᠶᠠᠷ᠎ᠤᠨ ᠴᠠᠬᠢᠯᠭ᠋ᠠᠨ ᠮᠡᠳᠡᠭᠡ ᠢᠯᠡᠭᠡᠪᠡ
ᠰᠢ ᠵᠢᠨ ᠫᠢᠩ ᠳᠤᠮᠳᠠᠳᠤ ᠤᠯᠤᠰ — ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠲᠣᠭ᠋ᠠᠴᠢᠯᠠᠭᠰᠠᠨ ᠠᠵᠤ ᠠᠬᠤᠢ ᠵᠢᠨ ᠠᠵᠤ ᠦᠢ᠍ᠯᠡᠰ᠎ᠤᠨ ᠶᠠᠷᠢᠶᠠᠨ᠎ᠤ ᠲᠠᠪᠴᠠᠩ᠂ 2021 ᠳᠤᠮᠳᠠᠳᠤ ᠤᠯᠤᠰ᠎ᠤᠨ ᠤᠯᠠᠨ ᠤᠯᠤᠰ᠎ᠤᠨ ᠤᠶᠤᠨᠲᠤ ᠠᠵᠤ ᠦᠢ᠍ᠯᠡᠰ᠎ᠤᠨ ᠦᠵᠡᠰᠬᠦᠯᠡᠩ᠎ᠤᠨ ᠴᠤᠬᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠰᠢ ᠵᠢᠨ ᠫᠢᠩ ᠶᠦᠨᠨᠠᠠ ᠮᠤᠵᠢ ᠵᠢᠨ ᠼᠠᠩ ᠶᠤᠸᠠᠠ ᠰᠢᠶᠠᠠ᠎ᠤ ᠬᠢᠯᠢ ᠬᠢᠵᠠᠭ᠋ᠠᠷ᠎ᠤᠨ ᠲᠤᠰᠬᠤᠨ᠎ᠤ ᠠᠬᠠᠮᠠᠳ ᠨᠠᠮ᠎ᠤᠨ ᠡᠭᠦᠷ᠎ᠤᠨ ᠱᠦᠵᠢ ᠨᠠᠷ᠎ᠲᠤ ᠬᠠᠷᠢᠭᠤ ᠵᠠᠬᠢᠲᠠᠯ ᠢᠯᠡᠬᠡᠵᠤ ᠵᠤᠷᠢᠠᠠᠵᠢᠭᠤᠯᠪᠠ
ᠰᠢ ᠵᠢᠨ ᠫᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
 
            