ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠳᠤᠮᠳᠠᠳᠤ ᠤᠯᠤᠰ — ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠲᠣᠭ᠋ᠠᠴᠢᠯᠠᠭᠰᠠᠨ ᠠᠵᠤ ᠠᠬᠤᠢ ᠵᠢᠨ ᠠᠵᠤ ᠦᠢ᠍ᠯᠡᠰ᠎ᠤᠨ ᠶᠠᠷᠢᠶᠠᠨ᠎ᠤ ᠲᠠᠪᠴᠠᠩ᠂ 2021 ᠳᠤᠮᠳᠠᠳᠤ ᠤᠯᠤᠰ᠎ᠤᠨ ᠤᠯᠠᠨ ᠤᠯᠤᠰ᠎ᠤᠨ ᠤᠶᠤᠨᠲᠤ ᠠᠵᠤ ᠦᠢ᠍ᠯᠡᠰ᠎ᠤᠨ ᠦᠵᠡᠰᠬᠦᠯᠡᠩ᠎ᠤᠨ ᠴᠤᠬᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2021-08-27

     8 ᠰᠠᠷ᠎ᠠ ᠵᠢᠨ 23᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ — ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠲᠣᠭ᠋ᠠᠴᠢᠯᠠᠭᠰᠠᠨ ᠠᠵᠤ ᠠᠬᠤᠢ ᠵᠢᠨ ᠠᠵᠤ ᠦᠢ᠍ᠯᠡᠰ᠎ᠤᠨ ᠶᠠᠷᠢᠶᠠᠨ᠎ᠤ ᠲᠠᠪᠴᠠᠩ᠂ 2021 ᠳᠤᠮᠳᠠᠳᠤ ᠤᠯᠤᠰ᠎ᠤᠨ ᠤᠯᠠᠨ ᠤᠯᠤᠰ᠎ᠤᠨ ᠤᠶᠤᠨᠲᠤ ᠠᠵᠤ ᠦᠢ᠍ᠯᠡᠰ᠎ᠤᠨ ᠦᠵᠡᠰᠬᠦᠯᠡᠩ᠎ᠤᠨ ᠴᠤᠬᠯᠠᠭ᠋ᠠᠨ᠎ᠳᠤ ᠪᠠᠶᠠᠷ᠎ᠤᠨ ᠵᠠᠬᠢᠳᠠᠯ ᠢᠯᠡᠭᠡᠪᠡ᠃
      ᠰᠢ ᠵᠢᠨ ᠫᠢᠩ᠂ ᠳᠡᠯᠡᠬᠡᠶ ᠨᠡᠢ᠍ᠢ᠍ᠬᠡᠮ ᠶᠠᠭ ᠲᠣᠭ᠋ᠠᠴᠢᠯᠠᠭᠰᠠᠨ ᠠᠵᠤ ᠠᠬᠤᠶ ᠵᠢᠨ ᠲᠦᠷᠭᠡᠨ ᠬᠥᠭᠵᠢᠯᠲᠡ ᠵᠢᠨ ᠴᠠᠭ ᠦᠶ᠎ᠡ᠎ᠳᠤ ᠣᠷᠣᠵᠤ ᠪᠠᠶ᠋ᠢᠨ᠎ᠠ᠂ 5G᠂ ᠵᠣᠬᠢᠶᠠᠮᠠᠯ ᠣᠶᠤᠨ᠂ ᠤᠶᠤᠨᠲᠤ ᠬᠣᠲᠠ ᠵᠡᠷᠭᠡ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠲᠠᠪᠴᠠᠩ ᠥᠷᠨᠢᠨ ᠬᠥᠭᠵᠢᠵᠦ᠂ ᠪᠥᠬᠥ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠬᠦᠳᠬᠦ᠂ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠭᠦᠨᠵᠡᠭᠡᠶ ᠨᠥᠯᠥᠭᠡᠯᠡᠵᠦ ᠪᠠᠶ᠋ᠢᠨ᠎ᠠ᠃ ᠤᠢ᠍ᠢ᠍ᠷ᠎ᠠ ᠵᠢᠨ ᠵᠢᠯ᠎ᠠᠴᠠ᠂ ᠳᠤᠮᠳᠠᠳᠤ ᠤᠯᠤᠰ ᠲᠣᠭ᠋ᠠᠴᠢᠯᠠᠯᠲᠠ ᠵᠢ ᠠᠵᠤ ᠦᠢ᠍ᠯᠡᠰᠵᠢᠬᠦᠯᠬᠦ᠂ ᠠᠵᠤ ᠦᠢ᠍ᠯᠡᠰ᠎ᠢ ᠲᠣᠭ᠋ᠠᠴᠢᠯᠠᠬᠤ ᠵᠢ ᠢᠳᠡᠪᠬᠢᠲᠡᠢ ᠠᠬᠢᠭᠤᠯᠵᠤ᠂ ᠲᠣᠭ᠋ᠠᠴᠢᠯᠠᠭᠰᠠᠨ ᠮᠡᠷᠭᠡᠵᠢᠯ᠎ᠢ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠲᠠᠢ ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠪᠠ ᠬᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠪᠠᠶ᠋ᠢᠭᠤᠯᠤᠭᠳᠠᠭᠰᠠᠨ 20 ᠵᠢᠯ᠎ᠤᠨ ᠤᠢ ᠬᠦᠷᠴᠦ ᠢᠷᠡᠬᠦ ᠲᠠᠰᠢᠷᠠᠮ᠎ᠳᠤ᠂ ᠳᠤᠮᠳᠠᠳᠤ ᠤᠯᠤᠰ ᠳᠤᠷᠠᠲᠠᠶ᠎ᠠ ᠡᠯ᠎ᠡ ᠭᠡᠰᠢᠭᠦᠨ ᠤᠯᠤᠰ᠎ᠲᠠᠢ ᠬᠠᠮᠲᠤ 《ᠱᠠᠩᠬᠠᠢ ᠵᠢᠨ ᠵᠣᠷᠢᠭ ᠰᠠᠨᠠᠭ᠎ᠠ》 ᠵᠢ ᠪᠠᠳᠠᠷᠠᠭᠤᠯᠵᠤ᠂ ᠲᠣᠭ᠋ᠠᠴᠢᠯᠠᠭᠰᠠᠨ ᠠᠵᠤ ᠠᠬᠤᠢ ᠵᠢᠨ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠭᠦᠨᠵᠡᠭᠡᠢ ᠣᠷᠣᠯᠴᠠᠵᠤ᠂ ᠲᠣᠭ᠋ᠠᠴᠢᠯᠠᠯᠳᠠ᠂ ᠰᠦᠯᠵᠢᠶᠡᠵᠢᠯᠲᠡ᠂ ᠤᠶᠤᠨᠴᠢᠯᠠᠯᠳᠠ᠎ᠪᠠᠷ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠥᠳᠡᠯᠭᠡᠬᠦ ᠬᠦᠴᠦᠨ ᠨᠡᠮᠡᠷᠢᠯᠡᠵᠦ᠂ ᠲᠣᠭ᠋ᠠᠴᠢᠯᠠᠭᠰᠠᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠰᠢᠨ᠎ᠡ ᠪᠠᠶ᠋ᠢᠳᠠᠯ᠎ᠢ ᠡᠭᠦᠳᠦᠨ᠎ᠡ ᠭᠡᠵᠦ ᠴᠢᠬᠤᠯᠠᠴᠢᠯᠠᠪᠠ᠃
      ᠳᠤᠮᠳᠠᠳᠤ ᠤᠯᠤᠰ — ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠢᠨ ᠲᠣᠭ᠋ᠠᠴᠢᠯᠠᠭᠰᠠᠨ ᠠᠵᠤ ᠠᠬᠤᠢ ᠵᠢᠨ ᠠᠵᠤ ᠦᠢ᠍ᠯᠡᠰ᠎ᠤᠨ ᠶᠠᠷᠢᠶᠠᠨ᠎ᠤ ᠲᠠᠪᠴᠠᠩ᠂ 2021 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠤᠶᠤᠨᠲᠤ ᠠᠵᠤ ᠦᠢ᠍ᠯᠡᠰ᠎ᠤᠨ ᠦᠵᠡᠰᠬᠦᠯᠡᠩ᠎ᠤᠨ ᠴᠤᠭᠯᠠᠭ᠋ᠠᠨ ᠠᠳᠠᠯᠢ ᠬᠤᠭᠤᠴᠠᠭ᠋ᠠᠨ᠎ᠳᠤ ᠶᠠᠪᠤᠭᠳᠠᠵᠤ᠂ ᠲᠤᠰ ᠡᠳᠦᠷ ᠴᠦᠩᠴᠢᠩ ᠬᠤᠳᠠ᠎ᠳᠤ ᠡᠬᠢᠯᠡᠪᠡ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠶᠦᠨᠨᠠᠠ ᠮᠤᠵᠢ ᠵᠢᠨ ᠼᠠᠩ ᠶᠤᠸᠠᠠ ᠰᠢᠶᠠᠠ᠎ᠤ ᠬᠢᠯᠢ ᠬᠢᠵᠠᠭ᠋ᠠᠷ᠎ᠤᠨ ᠲᠤᠰᠬᠤᠨ᠎ᠤ ᠠᠬᠠᠮᠠᠳ ᠨᠠᠮ᠎ᠤᠨ ᠡᠭᠦᠷ᠎ᠤᠨ ᠱᠦᠵᠢ ᠨᠠᠷ᠎ᠲᠤ ᠬᠠᠷᠢᠭᠤ ᠵᠠᠬᠢᠲᠠᠯ ᠢᠯᠡᠬᠡᠵᠤ ᠵᠤᠷᠢᠠᠠᠵᠢᠭᠤᠯᠪᠠ
ᠰᠢ ᠵᠢᠨ ᠫᠢᠩ᠄ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠳᠤ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠲᠤᠰᠬᠠᠢ ᠪᠤᠯᠤᠩ ᠨᠡᠭᠡᠭᠡᠪᠡ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠣᠷᠢᠨ ᠨᠢᠭᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠢᠲᠡᠭᠡᠯ ᠪᠢᠰᠢᠷᠡᠯ ᠵᠶ᠋ᠠᠨ ᠪᠠᠲᠤᠳᠬᠠᠵᠤ ᠨᠠᠮ᠎ᠳᠠᠭᠠᠨ ᠦᠨᠡᠨᠴᠢ ᠰᠢᠳᠤᠷᠭᠤ ᠦᠨᠡᠨ᠎ᠠᠴᠠ ᠵᠥᠪ᠎ᠢ ᠡᠷᠢᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠦ ᠶᠡᠬᠡ ᠬᠡᠷᠡᠭᠴᠡᠭᠡ᠎ᠲᠠᠢ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦ ᠲᠤᠯᠭ᠋ᠠᠭᠤᠷᠢ ᠴᠢᠳᠠᠪᠤᠷᠢᠲᠠᠨ ᠪᠣᠯᠬᠤ᠎ᠪᠠᠷ ᠴᠢᠷᠮᠠᠢ᠌ᠬᠤ ᠬᠡᠷᠡᠭᠲᠡᠢ ᠸᠠᠩ ᠬᠤ᠌ ᠨᠢᠩ ᠣᠷᠣᠯᠴᠠᠵᠠᠢ
 
            