ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠺᠸ ᠴᠢᠶᠠᠩ 8 ᠳ᠋ᠤᠭ᠋ᠠᠷ ᠰᠠᠷ᠎ᠠ ᠵᠢᠨ 23᠎ᠤ ᠡᠳᠦᠷ ᠢᠰᠮᠠᠢ᠌ᠯ · ᠰᠠᠪᠷᠢ᠎ᠳᠤ ᠴᠠᠬᠢᠯᠭ᠋ᠠᠨ ᠮᠡᠳᠡᠭᠡ ᠢᠯᠡᠭᠡᠵᠦ᠂ ᠮᠠᠯᠠᠶ᠋ᠢᠰᠢᠶ᠎ᠠ ᠵᠢᠨ ᠶᠡᠷᠦᠩᠬᠡᠶ ᠰᠠᠶ᠋ᠢᠳ ᠪᠣᠯᠤᠭᠰᠠᠨ᠎ᠳᠤ ᠪᠠᠶᠠᠷ ᠬᠦᠷᠭᠡᠪᠡ᠃
ᠯᠢ ᠺᠸ ᠴᠢᠶᠠᠩ ᠪᠠᠶᠠᠷ᠎ᠤᠨ ᠴᠠᠬᠢᠯᠭ᠋ᠠᠨ ᠮᠡᠳᠡᠭᠡ᠎ᠳᠤ᠎ᠪᠠᠨ᠂ ᠳᠤᠮᠳᠠᠳᠤ ᠤᠯᠤᠰ ᠪᠣᠯᠤᠨ ᠮᠠᠯᠠᠢ᠍ᠢ᠍ᠰᠢᠶ᠎ᠠ ᠪᠣᠯ ᠲᠠᠯᠠᠢ ᠠᠯᠤᠰᠯᠠᠨ ᠬᠠᠷᠢᠯᠴᠠᠨ ᠨᠢᠭᠤᠷᠯᠠᠵᠤ ᠪᠠᠶ᠋ᠢᠭ᠎ᠠ ᠤᠯᠠᠮᠵᠢᠯᠠᠯᠲᠤ ᠨᠥᠬᠥᠷᠰᠡᠭ ᠬᠥᠷᠰᠢ ᠤᠯᠤᠰ ᠪᠣᠯᠤᠨ᠎ᠠ᠂ ᠬᠣᠶᠠᠷ ᠲᠠᠯ᠎ᠠ ᠵᠢᠨ ᠬᠠᠷᠢᠴᠠᠭ᠎ᠠ ᠤᠷᠳᠤ ᠬᠤᠭᠤᠴᠠᠭ᠎ᠠ᠎ᠪᠠᠷ ᠰᠠᠢ᠍ᠢ᠍ᠨ ᠰᠠᠶ᠋ᠢᠬᠠᠨ ᠬᠥᠭᠵᠢᠯᠲᠡ ᠵᠢᠨ ᠬᠠᠨᠳᠤᠰᠢ ᠵᠢ ᠪᠠᠲᠤᠯᠠᠵᠤ᠂ ᠡᠯ᠎ᠡ ᠬᠦᠷᠢᠶᠡᠨ᠎ᠤ ᠬᠠᠮᠲᠤᠷᠠᠯᠴᠠᠭ᠎ᠠ ᠨᠢᠭᠲᠠ ᠭᠦᠨᠵᠡᠭᠡᠶ᠋ᠢᠷᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠤ ᠦᠨᠡᠨ ᠪᠣᠳᠠᠲᠠᠢ ᠠᠰᠢᠭ ᠬᠦᠷᠲᠡᠭᠡᠵᠦ᠂ ᠭᠠᠵᠠᠷ ᠣᠷᠣᠨ᠎ᠤ ᠠᠮᠤᠷ ᠲᠣᠭᠲᠠᠭᠤᠨ ᠪᠠ ᠬᠥᠭᠵᠢᠯᠲᠡ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠪᠢ ᠶᠡᠷᠦᠩᠬᠡᠢ ᠰᠠᠶ᠋ᠢᠳ ᠢᠰᠮᠠᠢ᠌ᠯ · ᠰᠠᠪᠷᠢ᠎ᠲᠠᠢ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠬᠣᠶᠠᠷ ᠤᠯᠤᠰ᠎ᠤᠨ ᠬᠢᠵᠢᠭ᠎ᠢ ᠡᠰᠡᠷᠭᠦᠴᠡᠬᠦ ᠪᠠ ᠬᠥᠭᠵᠢᠯᠲᠡ ᠵᠢ ᠠᠬᠢᠭᠤᠯᠬᠤ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠶ᠋ᠢᠷᠡᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠳᠤ ᠨᠡᠩ ᠤᠯᠠᠨ ᠦᠷ᠎ᠡ ᠪᠦᠲᠦᠭᠡᠯ ᠤᠯᠬᠤ ᠵᠢ ᠠᠬᠢᠭᠤᠯᠵᠤ᠂ ᠳᠤᠮᠳᠠᠳᠤ ᠮᠠᠯᠠᠢ᠍ᠢ᠍ᠰᠢᠶ᠎ᠠ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠴᠠᠭ᠎ᠠ ᠵᠢᠨ ᠲᠠᠰᠤᠷᠠᠯᠳᠡ ᠦᠭᠡᠢ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠵᠢ ᠬᠦᠰᠡᠵᠦ ᠪᠠᠶ᠋ᠢᠨ᠎ᠠ ᠭᠡᠵᠡᠢ᠃