ᠰᠢ ᠵᠢᠨ ᠫᠢᠩ ᠶᠦᠨᠨᠠᠠ ᠮᠤᠵᠢ ᠵᠢᠨ ᠼᠠᠩ ᠶᠤᠸᠠᠠ ᠰᠢᠶᠠᠠ᠎ᠤ ᠬᠢᠯᠢ ᠬᠢᠵᠠᠭ᠋ᠠᠷ᠎ᠤᠨ ᠲᠤᠰᠬᠤᠨ᠎ᠤ ᠠᠬᠠᠮᠠᠳ ᠨᠠᠮ᠎ᠤᠨ ᠡᠭᠦᠷ᠎ᠤᠨ ᠱᠦᠵᠢ ᠨᠠᠷ᠎ᠲᠤ ᠬᠠᠷᠢᠭᠤ ᠵᠠᠬᠢᠲᠠᠯ ᠢᠯᠡᠬᠡᠵᠤ ᠨᠤᠲᠤᠭ᠎ᠤᠨ ᠠᠬ᠎ᠠ ᠲᠡᠭᠦᠦ ᠨᠠᠷ ᠵᠶ᠋ᠠᠨ ᠲᠠᠭ᠋ᠠᠭᠤᠯᠵᠦ ᠡᠭᠦᠷᠢᠲᠡ ᠨᠠᠮ᠎ᠤᠨ ᠦᠭᠡ ᠵᠢ ᠰᠤᠨᠤᠰᠴᠤ ᠨᠠᠮ ᠵᠶ᠋ᠠᠨ ᠲᠠᠭ᠋ᠠᠵᠦ ᠰᠢᠨ᠎ᠠ ᠴᠠᠭ ᠦᠶ᠎ᠠ ᠵᠢᠨ ᠠᠸᠠ ᠵᠢᠨ ᠠᠷᠠᠳ ᠲᠦᠮᠠᠠ᠎ᠤ ᠵᠤᠯ ᠵᠢᠷᠭ᠋ᠠᠯ᠎ᠤᠨ ᠲᠠᠭᠤᠤ ᠵᠢ ᠬᠠᠩᠭᠢᠨᠠᠭᠤᠯᠤᠭ᠋ᠠᠷᠠᠢ ᠭᠡᠵᠦ ᠵᠤᠷᠢᠠᠠᠵᠢᠭᠤᠯᠪᠠ
ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 20᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 8 ᠰᠠᠷ᠎ᠠ ᠵᠢᠨ 19᠎ᠤ ᠡᠳᠦᠷ ᠶᠦᠨᠨᠠᠨ ᠮᠤᠵᠢ ᠵᠢᠨ ᠼᠠᠩ ᠶᠤᠸᠠᠨ᠎ᠤ ᠸᠠ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ᠎ᠤ ᠬᠢᠯᠢ ᠬᠢᠵᠠᠭ᠋ᠠᠷ᠎ᠤᠨ ᠲᠣᠰᠬᠣᠨ᠎ᠤ ᠠᠬᠠᠮᠠᠳ ᠨᠠᠮ᠎ᠤᠨ ᠡᠭᠦᠷ᠎ᠤᠨ ᠱᠦᠵᠢ ᠨᠡᠷ᠎ᠲᠤ ᠬᠠᠷᠢᠭᠤ ᠵᠠᠬᠢᠳᠠᠯ ᠢᠯᠡᠭᠡᠵᠦ᠂ ᠲᠡᠳᠡᠨ᠎ᠢ ᠵᠢᠱ᠌ᠢᠶᠡᠴᠢ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ᠂ ᠨᠤᠲᠤᠭ᠎ᠤᠨ ᠠᠬ᠎ᠠ ᠳᠡᠭᠦᠦ ᠨᠡᠷ ᠵᠶ᠋ᠠᠨ ᠳᠠᠭ᠋ᠠᠭᠤᠯᠵᠤ ᠦᠵᠡᠰᠬᠦᠯᠡᠩᠲᠦ ᠰᠠᠶ᠋ᠢᠬᠠᠨ ᠭᠡᠷ ᠣᠷᠣᠨ ᠵᠶ᠋ᠠᠨ ᠰᠠᠶ᠋ᠢᠲᠤᠷ ᠪᠦᠳᠦᠭᠡᠨ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠬᠠᠮᠠᠭ᠋ᠠᠯᠠᠵᠤ᠂ ᠠᠷᠢᠭᠤᠨ ᠲᠠᠷᠬᠠᠨ ᠨᠤᠲᠤᠭ ᠳᠡᠪᠢᠰᠬᠡᠷ ᠵᠶ᠋ᠠᠨ ᠰᠠᠶ᠋ᠢᠲᠤᠷ ᠰᠠᠬᠢᠨ ᠬᠠᠮᠠᠭ᠋ᠠᠯᠠᠭ᠋ᠠᠷᠠᠢ ᠭᠡᠵᠦ ᠵᠣᠷᠢᠭᠵᠢᠭᠤᠯᠪᠠ᠃
ᠰᠢ ᠵᠢᠨ ᠫᠢᠩ ᠬᠠᠷᠢᠭᠤ ᠵᠠᠬᠢᠳᠠᠯ᠎ᠳᠠᠭᠠᠨ᠂ ᠢᠷᠡᠭᠦᠯᠦᠭᠰᠡᠨ ᠵᠠᠬᠢᠳᠠᠯ᠎ᠢ ᠴᠢᠨᠢ ᠤᠩᠰᠢᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠯᠲᠠ ᠵᠢᠨ ᠠᠸᠠ ᠠᠭᠤᠯᠠᠨ᠎ᠳᠤ ᠠᠪᠴᠢᠷᠠᠭᠰᠠᠨ ᠭᠦᠨᠵᠡᠭᠡᠢ ᠬᠤᠪᠢᠷᠠᠯᠲᠠ ᠵᠢ ᠣᠶ᠋ᠢᠯᠠᠭ᠋ᠠᠵᠤ᠂ ᠠᠸᠠ ᠵᠢᠨ ᠠᠷᠠᠳ ᠲᠦᠮᠡᠨ᠎ᠤ ᠨᠠᠮ ᠵᠶ᠋ᠠᠨ ᠲᠠᠭ᠋ᠠᠬᠤ᠂ ᠤᠯᠤᠰ ᠵᠶ᠋ᠠᠨ ᠲᠠᠭ᠋ᠠᠬᠤ ᠴᠢᠩ ᠦᠨᠡᠨᠴᠢ ᠬᠠᠶ᠋ᠢᠷ᠎ᠠ ᠰᠡᠳᠬᠢᠯᠭᠡ ᠵᠢ ᠮᠡᠲᠡᠭᠡᠳ ᠪᠢ ᠮᠠᠰᠢ ᠪᠠᠶᠠᠷᠯᠠᠵᠤ ᠪᠠᠶ᠋ᠢᠨ᠎ᠠ ᠭᠡᠵᠦ ᠬᠡᠯᠡᠪᠡ᠃
ᠰᠢ ᠵᠢᠨ ᠫᠢᠩ᠂ ᠲᠠ ᠨᠠᠷ ᠪᠣᠯ ᠴᠥᠮ ᠠᠬᠠᠮᠠᠳ ᠨᠠᠮ᠎ᠤᠨ ᠡᠭᠦᠷ᠎ᠤᠨ ᠱᠦᠵᠢ ᠮᠥᠨ᠂ ᠤᠷᠳᠤ ᠬᠤᠭᠤᠴᠠᠭ᠎ᠠ᠎ᠪᠠᠷ ᠬᠢᠯᠢ ᠬᠢᠵᠠᠭ᠋ᠠᠷ ᠣᠷᠣᠨ᠎ᠳᠤ ᠠᠵᠢᠯᠯᠠᠵᠤ ᠠᠮᠢᠳᠤᠷᠠᠵᠤ ᠪᠠᠢ᠌ᠬᠤ ᠪᠤᠯᠬᠤᠷ᠂ ᠬᠢᠯᠢ ᠵᠢᠨ ᠠᠷᠠᠳ᠎ᠤᠨ ᠪᠠᠶᠠᠨ ᠴᠢᠨᠡᠭᠡᠯᠢᠭ ᠠᠮᠢᠲᠤᠷᠠᠬᠤ᠂ ᠬᠢᠯᠢ ᠬᠢᠵᠠᠭ᠋ᠠᠷ ᠲᠣᠭᠲᠠᠭᠤᠨ ᠪᠠᠶ᠋ᠢᠬᠤ ᠵᠢᠨ ᠠᠴᠢ ᠬᠣᠯᠪᠣᠭᠳᠠᠯ᠎ᠢ ᠨᠡᠩ ᠢᠯᠡᠭᠦᠦ ᠣᠶ᠋ᠢᠯᠠᠭ᠋ᠠᠨ᠎ᠠ᠃ ᠶᠠᠳᠠᠭᠤ᠎ᠠᠴᠠ ᠠᠩᠭᠢᠵᠢᠷᠠᠬᠤ ᠪᠣᠯ ᠵᠣᠯ ᠵᠢᠷᠭ᠋ᠠᠯᠲᠤ ᠠᠮᠢᠳᠤᠷᠠᠯ ᠲᠡᠶ᠋ᠢᠰᠢ ᠤᠷᠤᠭᠰᠢᠯᠠᠬᠤ ᠴᠢᠬᠤᠯᠠ ᠨᠢᠭᠡ ᠠᠯᠬᠤᠮ ᠪᠣᠯᠤᠨ᠎ᠠ᠂ ᠪᠢᠳᠡ ᠦᠷᠬᠦᠯᠵᠢᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠵᠤ᠂ ᠬᠢᠯᠢ ᠬᠢᠵᠠᠭ᠋ᠠᠷ᠎ᠤᠨ ᠬᠥᠭᠵᠢᠯ ᠴᠡᠴᠡᠭᠯᠡᠯ ᠲᠣᠭᠲᠠᠭᠤᠨ᠎ᠢ ᠠᠬᠢᠭᠤᠯᠬᠤ ᠬᠡᠷᠡᠭᠲᠡᠢ᠃ ᠲᠠ ᠨᠠᠷ᠎ᠤᠨ ᠵᠢᠱ᠌ᠢᠶᠡᠴᠢ ᠳᠠᠭ᠋ᠠᠭᠤᠯᠬᠤ ᠦᠢᠯᠡᠳᠦᠯ ᠵᠶ᠋ᠠᠨ ᠦᠷᠭᠦᠯᠵᠢᠯᠡᠨ ᠪᠠᠳᠠᠷᠠᠭᠤᠯᠵᠤ᠂ ᠨᠤᠲᠤᠭ᠎ᠤᠨ ᠠᠬ᠎ᠠ ᠳᠡᠭᠦᠦ ᠨᠡᠷ᠎ᠢ ᠬᠥᠲᠥᠯᠥᠨ ᠳᠠᠭ᠋ᠠᠭᠤᠯᠵᠤ ᠡᠭᠦᠷᠢᠳᠡ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠦᠵᠡᠰᠬᠦᠯᠡᠩᠲᠦ ᠰᠠᠶ᠋ᠢᠬᠠᠨ ᠬᠡᠷ ᠣᠷᠣᠨ ᠵᠶ᠋ᠠᠨ ᠰᠠᠶ᠋ᠢᠲᠤᠷ ᠪᠥᠲᠥᠭᠡᠨ ᠪᠠᠶ᠋ᠢᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠰᠠᠶ᠋ᠢᠲᠤᠷ ᠬᠠᠮᠠᠭ᠋ᠠᠯᠠᠵᠤ᠂ ᠠᠷᠢᠭᠤᠨ ᠳᠠᠷᠬᠠᠨ ᠨᠤᠲᠤᠭ ᠳᠡᠪᠢᠰᠬᠡᠷ ᠵᠶ᠋ᠠᠨ ᠰᠠᠶ᠋ᠢᠲᠤᠷ ᠰᠠᠬᠢᠨ ᠬᠠᠮᠠᠭ᠋ᠠᠯᠠᠵᠤ᠂ ᠰᠢᠨ᠎ᠡ ᠴᠠᠭ ᠦᠶ᠎ᠡ ᠵᠢᠨ ᠠᠸᠠ ᠵᠢᠨ ᠠᠷᠠᠳ ᠲᠦᠮᠡᠨ᠎ᠤ ᠵᠣᠯ ᠵᠢᠷᠭ᠋ᠠᠯ᠎ᠤᠨ ᠳᠠᠭᠤᠤ ᠵᠢ ᠬᠠᠩᠭᠢᠨᠠᠭᠤᠯᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠶᠦᠨᠨᠠᠨ ᠮᠤᠵᠢ ᠵᠢᠨ ᠼᠠᠩ ᠶᠤᠸᠠᠨ᠎ᠤ ᠸᠠ ᠦᠨᠳᠦᠰᠦᠲᠡᠨ᠎ᠤ ᠥᠪᠡᠷᠲᠡᠭᠡᠨ ᠵᠠᠰᠠᠬᠤ ᠰᠢᠶᠠᠨ ᠪᠤᠯ ᠡᠭᠡ ᠤᠯᠤᠰ᠎ᠤᠨ ᠪᠠᠷᠠᠭᠤᠨ ᠡᠮᠦᠨᠡᠲᠦ ᠵᠢᠨ ᠬᠢᠯᠢ ᠬᠢᠵᠠᠭ᠋ᠠᠷᠲᠤ ᠪᠠᠶ᠋ᠢᠷᠢᠯᠠᠵᠤ᠂ ᠪᠦᠬᠦ ᠤᠯᠤᠰ᠎ᠤᠨ ᠸᠠ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠬᠠᠮᠤᠭ᠎ᠤᠨ ᠲᠤᠮᠤ ᠰᠢᠶᠠᠨ ᠪᠣᠯᠤᠨ᠎ᠠ᠂ ᠲᠤᠬᠠᠢ ᠵᠢᠨ ᠭᠠᠵᠠᠷ᠎ᠤᠨ ᠸᠠ ᠦᠨᠳᠦᠰᠦᠲᠡᠨ᠎ᠤ ᠤᠯᠠᠨ ᠲᠦᠮᠡᠨ ᠶᠡᠷᠦ᠎ᠠᠴᠠ ᠤᠯᠤᠰ ᠵᠶ᠋ᠠᠨ ᠬᠠᠶ᠋ᠢᠷᠠᠯᠠᠵᠤ ᠬᠢᠯᠢ᠎ᠪᠠᠨ ᠰᠠᠬᠢᠬᠤ ᠢᠷᠠᠭᠤ ᠠᠯᠳᠠᠷᠲᠤ ᠤᠯᠠᠮᠵᠢᠯᠠᠯ᠎ᠲᠠᠢ ᠶᠤᠮ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠲᠤᠬᠠᠢ ᠵᠢᠨ ᠭᠠᠵᠠᠷ᠎ᠤᠨ᠎ᠬᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠯᠬᠤᠭ᠎ᠠ᠎ᠪᠠᠨ ᠲᠦᠷᠭᠡᠳᠬᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠨᠥᠬᠥᠴᠡᠯ ᠢᠯᠡᠳᠲᠡ ᠰᠠᠶ᠋ᠢᠵᠢᠷᠠᠵᠤ᠂ ᠣᠷᠣᠨ ᠰᠠᠭᠤᠴᠠ ᠵᠢᠨ ᠠᠮᠤᠷ ᠲᠦᠪᠰᠢᠨ ᠂ ᠤᠤᠭᠤᠬᠤ ᠤᠰᠤᠨ᠎ᠤ ᠠᠮᠤᠷ ᠲᠦᠪᠰᠢᠨ᠂ ᠡᠪᠡᠳᠴᠢᠨ ᠦᠵᠡᠭᠦᠯᠵᠦ ᠡᠮᠨᠡᠯᠭᠡ᠎ᠳᠤ ᠰᠠᠭᠤᠬᠤ᠂ ᠦᠷ᠎ᠡ ᠬᠡᠦᠬᠡᠳ᠎ᠤᠨ ᠬᠢᠨᠢ ᠰᠤᠷᠭ᠋ᠠᠭᠤᠯᠢ᠎ᠳᠤ ᠰᠠᠭᠤᠬᠤ ᠵᠡᠷᠭᠡ ᠲᠠᠯ᠎ᠠ᠎ᠪᠠᠷ ᠴᠥᠮ ᠪᠠᠲᠤᠯᠠᠭ᠎ᠠ᠎ᠲᠠᠢ ᠪᠣᠯᠪᠠ᠃ 2019 ᠣᠨ᠎ᠤ ᠡᠴᠤᠰ ᠪᠣᠯᠬᠤ᠎ᠳᠤ᠂ ᠲᠤᠰ ᠰᠢᠶᠠᠨ᠎ᠤ 67 ᠶᠠᠳᠠᠭᠤ ᠬᠦᠴᠢᠷᠳᠡᠯᠲᠡᠢ ᠲᠣᠰᠬᠣᠨ᠂ 4 ᠲᠦᠮᠡ ᠭᠠᠷᠤᠢ ᠶᠠᠳᠠᠭᠤ ᠬᠦᠴᠢᠷᠳᠡᠯᠲᠡᠢ ᠬᠥᠮᠦᠨ ᠠᠮᠠ ᠵᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃ ᠤᠢ᠌ᠷ᠎ᠠ ᠵᠢᠨ ᠡᠳᠦᠷ᠂ ᠲᠤᠰ ᠰᠢᠶᠠᠨ᠎ᠤ᠎ᠪᠠᠨ ᠬᠣᠩ ᠰᠢᠶᠠᠩ᠂ᠪᠠᠨ ᠯᠤᠤ ᠰᠢᠶᠠᠩ᠎ᠤᠨ ᠬᠢᠯᠢ ᠬᠢᠵᠠᠭ᠋ᠠᠷ᠎ᠤᠨ 9 ᠲᠣᠰᠬᠣᠨ᠎ᠤ 10 ᠠᠬᠠᠮᠠᠳ ᠨᠠᠮ᠎ᠤᠨ ᠡᠭᠦᠷ᠎ᠤᠨ ᠱᠦᠵᠢ ᠶᠡᠷᠦᠩᠬᠡᠢ ᠱᠦᠵᠢ ᠰᠢ ᠵᠢᠨ ᠫᠢᠩ᠎ᠳᠤ ᠵᠠᠬᠢᠳᠠᠯ ᠪᠢᠴᠢᠵᠦ᠂ ᠸᠠ ᠦᠨᠳᠦᠰᠦᠲᠡᠨ᠎ᠤ ᠠᠷᠠᠳ ᠲᠦᠮᠡᠨ᠎ᠤ ᠶᠠᠳᠠᠭᠤ᠎ᠠᠴᠠ ᠠᠩᠭᠢᠵᠢᠷᠠᠵᠤ᠂ ᠰᠠᠢ᠌ᠨ ᠰᠠᠶ᠋ᠢᠬᠠᠨ ᠠᠮᠢᠳᠤᠷᠠᠯ᠎ᠢ ᠦᠩᠬᠡᠷᠡᠬᠦᠯᠬᠦ ᠪᠣᠯᠤᠭᠰᠠᠨ ᠪᠠᠶ᠋ᠢᠳᠠᠯ ᠵᠶ᠋ᠠᠨ ᠬᠠᠷᠢᠭᠤ ᠮᠡᠳᠡᠭᠦᠯᠵᠦ᠂ ᠦᠶ᠎ᠡ ᠵᠢᠨ ᠦᠶ᠎ᠡ᠎ᠳᠡᠭᠡᠨ ᠡᠪ ᠬᠠᠮᠲᠤ ᠨᠠᠮ ᠵᠶ᠋ᠠᠨ ᠲᠠᠭ᠋ᠠᠵᠤ᠂ ᠨᠤᠲᠤᠭ ᠤᠰᠤ᠎ᠪᠠᠨ ᠨᠡᠩ ᠦᠵᠡᠰᠬᠦᠯᠡᠩᠲᠦ ᠰᠠᠶ᠋ᠢᠬᠠᠨ ᠪᠠᠶᠠᠨ ᠲᠠᠩᠰᠤᠭ ᠪᠣᠯᠭ᠋ᠠᠨ ᠪᠦᠳᠦᠭᠡᠨ ᠪᠠᠶ᠋ᠢᠭᠤᠯᠬᠤ ᠪᠠᠲᠤ ᠵᠣᠷᠢᠭ ᠵᠶ᠋ᠠᠨ ᠢᠯᠡᠳᠬᠡᠭᠰᠡᠡ ᠪᠠᠢ᠌ᠨ᠎ᠠ᠃