ᠯᠢ ᠺᠸ ᠴᠢᠶᠠᠩ ᠬᠤᠷᠠᠯ᠎ᠢ ᠡᠷᠬᠢᠯᠡᠵᠦ ᠯᠢ ᠵᠠᠨ ᠱᠤ᠌ ᠸᠠᠩ ᠬᠤ᠌ ᠨᠢᠩ ᠵᠤᠤ ᠯᠸ ᠵᠢᠢ ᠬᠠᠨ ᠵᠧᠩ ᠬᠤᠷᠠᠯ᠎ᠳᠤ ᠣᠷᠣᠯᠴᠠᠵᠤ ᠸᠠᠩ ᠶᠠᠩ ᠶᠠᠷᠢᠶ᠎ᠠ ᠲᠠᠯᠪᠢᠵᠠᠢ
ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ 8 ᠰᠠᠷ᠎ᠠ ᠵᠢᠨ 27᠎ᠠᠴᠠ 28᠎ᠤ ᠡᠳᠦᠷ ᠪᠣᠯᠲᠠᠯ᠎ᠠ ᠪᠡᠭᠡᠵᠢᠩ᠎ᠳᠤ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠦ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠣᠨᠣᠪᠴᠢᠲᠠᠢ ᠡᠵᠡᠮᠰᠢᠬᠦ ᠪᠠ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠤ ᠭᠠᠵᠠᠷ ᠣᠷᠣᠨ᠎ᠤ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢᠨ ᠠᠯᠬᠤᠴᠠ᠎ᠪᠠᠨ ᠲᠦᠷᠭᠡᠳᠬᠡᠬᠦ ᠵᠢ ᠲᠦᠯᠬᠢᠨ ᠠᠬᠢᠭᠤᠯᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠬᠠᠤᠯᠢᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠲᠡᠨ᠎ᠤ ᠬᠦᠷᠢᠶᠡᠨ᠎ᠳᠠᠬᠢ ᠠᠶᠤᠯ ᠲᠦᠭᠰᠢᠭᠦᠷᠢ ᠭᠡᠮ ᠰᠣᠭᠣᠭ᠎ᠢ ᠰᠡᠷᠭᠡᠶ᠋ᠢᠯᠡᠨ ᠨᠠᠮᠳᠠᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠦᠬᠦ ᠨᠠᠮ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠢ᠍ᠢ᠍ᠴᠢᠯᠠᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠡᠶᠡᠯᠡᠬᠦᠯᠬᠦ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃

8 ᠰᠠᠷ᠎ᠠ ᠵᠢᠨ 27᠎ᠠᠴᠠ 28᠎ᠤ ᠡᠳᠦᠷ ᠪᠣᠯᠲᠠᠯ᠎ᠠ᠂ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠬ᠍ᠴᠢ ᠫᠠᠩ ᠰᠢᠩ ᠯᠧᠢ ᠰᠡᠭᠦᠳᠡᠷᠯᠡᠪᠡ
ᠯᠢ ᠺᠸ ᠴᠢᠶᠠᠩ ᠬᠤᠷᠠᠯ᠎ᠢ ᠡᠷᠬᠢᠯᠡᠪᠡ᠃ ᠯᠢ ᠵᠠᠨ ᠱᠤ᠌᠂ ᠸᠠᠩ ᠬᠤ᠌ ᠨᠢᠩ᠂ ᠵᠤᠤ ᠯᠸ ᠵᠢᠢ᠂ ᠬᠠᠨ ᠵᠧᠩ ᠬᠤᠷᠠᠯ᠎ᠳᠤ ᠣᠷᠣᠯᠴᠠᠪᠠ᠃ ᠸᠠᠩ ᠶᠠᠩ ᠳ᠋ᠦᠩᠨᠡᠯᠲᠡ ᠵᠢᠨ ᠶᠠᠷᠢᠶ᠎ᠠ ᠲᠠᠯᠪᠢᠪᠠ᠃
ᠰᠢ ᠵᠢᠨ ᠫᠢᠩ ᠶᠠᠷᠢᠶᠠᠨ᠎ᠳᠠᠭᠠᠨ᠂ ᠨᠠᠮ᠎ᠤᠨ ᠵᠠᠭᠤᠨ ᠵᠢᠯ᠎ᠤᠨ ᠲᠡᠦᠬᠡᠨ ᠶᠠᠪᠤᠴᠠ ᠵᠢ ᠡᠷᠭᠢᠴᠡᠭᠦᠯᠪᠡᠯ᠂ ᠨᠠᠮ᠎ᠤᠨ ᠦᠨᠳᠦᠰᠦᠲᠡᠨ᠎ᠤ ᠠᠵᠢᠯ᠎ᠤᠨ ᠣᠯᠤᠭᠰᠠᠨ ᠬᠠᠮᠤᠭ᠎ᠤᠨ ᠶᠡᠬᠡ ᠠᠮᠵᠢᠯᠲᠠ ᠪᠦᠲᠦᠮᠵᠢ ᠪᠣᠯ ᠳᠠᠷᠤᠢ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠵᠥᠪ ᠵᠠᠮ᠎ᠢ ᠨᠡᠭᠡᠭᠡᠭᠰᠡᠨ ᠶᠠᠪᠤᠳᠠᠯ ᠪᠣᠯᠤᠨ᠎ᠠ᠃ ᠥᠭᠡᠷᠡᠴᠢᠯᠡᠯᠲᠡ ᠨᠡᠭᠡᠭᠡᠯᠳᠡ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠨᠠᠮ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠵᠡᠷᠭᠡ ᠣᠶ᠋ᠢᠯᠠᠭ᠋ᠠᠭᠳᠠᠬᠤᠨ᠎ᠢ ᠴᠢᠬᠤᠯᠠᠴᠢᠯᠠᠵᠤ᠂ ᠤᠳᠤᠮ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠨᠠᠮ᠎ᠤᠨ ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠲᠤᠭᠤᠰᠢᠯᠠᠭᠤᠯᠵᠤ᠂ ᠦᠨᠳᠦᠰᠦᠲᠡᠨ᠎ᠤ ᠠᠰᠠᠭᠤᠳᠠᠯ᠎ᠢ ᠡᠵᠡᠮᠳᠡᠬᠦ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠡᠷᠬᠢᠮ ᠨᠠᠨᠳᠢᠨ ᠲᠤᠷᠰᠢᠯᠭ᠎ᠠ ᠵᠢ ᠬᠤᠷᠠᠮᠳᠤᠭᠤᠯᠵᠤ᠂ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠨᠠᠮ᠎ᠤᠨ ᠴᠢᠬᠤᠯᠠ ᠦᠵᠡᠯ ᠰᠠᠨᠠᠭ᠎ᠠ ᠵᠢ ᠪᠦᠷᠢᠯᠳᠦᠭᠦᠯᠪᠡ᠂ ᠡᠭᠦᠨ᠎ᠢ ᠬᠤᠷᠢᠶᠠᠩᠭᠤᠶ᠋ᠢᠯᠠᠪᠠᠯ ᠳᠣᠣᠷᠠᠬᠢ ᠬᠡᠳᠦᠨ ᠲᠠᠯ᠎ᠠ ᠪᠤᠢ᠃ ᠨᠢᠭᠡ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠵᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠵᠣᠷᠢᠯᠲᠠ ᠪᠠ ᠲᠤᠰᠤᠯᠳᠠ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠣᠶᠠᠷ᠎ᠲᠤ ᠡᠷᠬᠡᠪᠰᠢ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠥᠯᠥᠭᠡ ᠬᠠᠮᠲᠤ᠎ᠪᠠᠷ ᠲᠡᠮᠡᠴᠡᠬᠦ ᠵᠢ ᠠᠬᠢᠭᠤᠯᠬᠤ ᠵᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠬᠤᠯᠠ ᠡᠭᠦᠷᠭᠡ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠴᠠᠭ ᠦᠶ᠎ᠡ ᠵᠢᠨ ᠠᠯᠬᠤᠭ᠎ᠠ ᠵᠢ ᠰᠠᠯᠤᠯ ᠦᠭᠡᠢ ᠲᠠᠭ᠋ᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠠᠬᠢᠭᠤᠯᠬᠤ ᠬᠡᠷᠡᠭᠲᠡᠢ᠃ ᠭᠤᠷᠪᠠ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠠᠭᠤᠤ ᠶᠡᠬᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠤᠬᠠᠢ ᠳᠡᠭᠡᠳᠦ ᠬᠡᠮᠵᠢᠶᠡᠨ᠎ᠤ ᠬᠠᠮᠲᠤ ᠵᠢᠨ ᠲᠠᠨᠢᠯᠲᠠ ᠵᠢ ᠪᠠᠲᠤᠳᠬᠠᠬᠤ ᠵᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠦᠷᠪᠡ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠵᠥᠪ ᠲᠡᠦᠬᠡ ᠵᠢᠨ ᠦᠵᠡᠯᠲᠡ ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠲᠤᠬᠠᠢ ᠮᠡᠳᠡᠷᠡᠬᠦ ᠲᠦᠷᠦᠭᠳᠡᠯ ᠪᠠ ᠣᠮᠣᠭᠰᠢᠯᠲᠤ ᠲᠦᠷᠦᠭᠳᠡᠯ ᠵᠶ᠋ᠠᠨ ᠨᠡᠮᠡᠭᠳᠡᠭᠦᠯᠬᠦ ᠬᠡᠷᠡᠭᠲᠡᠢ᠃ ᠲᠠᠪᠤ᠎ᠳᠤ ᠡᠷᠬᠡᠪᠰᠢ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶ᠋ᠢᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ ᠬᠠᠮᠲᠤ᠎ᠪᠠᠷ ᠡᠷᠬᠡ ᠮᠡᠳᠡᠵᠦ ᠡᠵᠡᠨ ᠰᠠᠭᠤᠵᠤ᠂ ᠲᠦᠷᠦ ᠵᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠳᠤ ᠣᠷᠣᠯᠴᠠᠬᠤ ᠵᠢ ᠪᠠᠲᠤᠯᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠢ᠃ ᠵᠢᠷᠭᠤᠭ᠎ᠠ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠶᠡᠬᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ᠎ᠳᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠵᠢ ᠠᠬᠢᠭᠤᠯᠬᠤ ᠬᠡᠷᠡᠭᠲᠡᠢ᠃ ᠲᠤᠯᠤᠭ᠎ᠠ᠎ᠳᠤ ᠡᠷᠬᠡᠪᠰᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ᠎ᠤᠨ ᠲᠥᠪ ᠬᠣᠷᠢᠶᠠᠨ᠎ᠤ ᠵᠠᠰᠠᠭ᠎ᠤᠨ ᠵᠠᠷᠯᠢᠭ᠎ᠤᠨ ᠰᠠᠭ᠋ᠠᠳ ᠦᠭᠡᠢ ᠶᠠᠪᠤᠭᠳᠠᠬᠤ ᠵᠢ ᠦᠨᠡᠨ ᠬᠦ᠌ ᠪᠠᠲᠤᠯᠠᠵᠤ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠡᠷᠡᠭᠵᠢᠭᠦᠯᠦᠯᠲᠡ ᠵᠢ ᠦᠨᠡᠨ ᠬᠦ᠌ ᠪᠠᠲᠤᠯᠠᠵᠤ᠂ ᠦᠨᠳᠦᠰᠦᠲᠡᠨ᠎ᠨᠦᠭᠦᠳ᠎ᠤᠨ ᠠᠵᠤ ᠠᠬᠤᠢ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ ᠵᠶ᠋ᠠᠨ ᠰᠠᠶ᠋ᠢᠵᠢᠷᠠᠭᠤᠯᠬᠤ ᠵᠢ ᠲᠡᠮᠵᠢᠵᠤ᠂ ᠬᠠᠮᠲᠤ᠎ᠪᠠᠷ ᠬᠥᠭᠵᠢᠬᠦ᠂ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠬᠡᠷᠡᠭᠲᠡᠢ᠃ ᠨᠠᠢ᠍ᠮᠠ᠎ᠳᠤ ᠡᠷᠬᠡᠪᠰᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ᠎ᠤᠨ ᠬᠦᠮᠦᠨ᠎ᠤ ᠰᠡᠳᠬᠢᠯ ᠨᠢᠭᠡᠳᠴᠦ᠂ ᠤᠶᠤᠨ ᠰᠠᠨᠠᠭ᠎ᠠ ᠬᠠᠷᠢᠯᠴᠠᠨ ᠲᠦᠰᠢᠯᠴᠡᠵᠦ᠂ ᠰᠡᠳᠭᠢᠯ ᠨᠢᠭᠡᠳᠦᠨ ᠪᠦᠯᠬᠦᠮᠳᠡᠨ ᠤᠷᠤᠭᠰᠢᠯᠠᠭᠰᠠᠨ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠣᠯᠪᠣᠭ᠋ᠠᠰᠤ ᠵᠢ ᠪᠦᠷᠢᠯᠳᠦᠭᠦᠯᠬᠦ ᠬᠡᠷᠡᠭᠲᠡᠢ᠃ ᠶᠢᠰᠦ᠎ᠳᠤ ᠡᠷᠬᠡᠪᠰᠢ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠪᠢᠰᠢᠷᠡᠯ᠂ ᠬᠠᠶ᠋ᠢᠷ᠎ᠠ ᠰᠡᠳᠬᠢᠯᠭᠡ᠂ ᠰᠣᠶᠣᠯ᠎ᠤᠨ ᠲᠠᠯ᠎ᠠ᠎ᠪᠠᠷ᠎ᠬᠢ ᠪᠦᠯᠬᠦᠮᠳᠡᠯ ᠨᠢᠭᠡᠳᠦᠯ᠎ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠦ ᠮᠡᠲᠤ ᠲᠤᠳᠤᠨᠤ ᠪᠠᠢ᠍ᠢ᠍ᠬᠤ ᠬᠡᠷᠡᠭᠲᠡᠢ᠃ ᠠᠷᠪᠠ᠎ᠳᠤ ᠡᠷᠬᠡᠪᠰᠢ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠲᠡᠢ᠃ ᠠᠷᠪᠠᠨ ᠨᠢᠭᠡ᠎ᠳᠤ ᠡᠷᠬᠡᠪᠰᠢ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠦᠨᠳᠦᠰᠦᠲᠡᠨ᠎ᠨᠦᠭᠦᠳ ᠤᠯᠤᠰ ᠵᠶ᠋ᠠᠨ ᠬᠠᠢ᠍ᠢ᠍ᠷᠠᠯᠠᠬᠤ ᠦᠵᠡᠯ᠎ᠤᠨ ᠤᠯᠠᠮᠵᠢᠯᠠᠯ ᠵᠶ᠋ᠠᠨ ᠵᠠᠯᠭ᠋ᠠᠮᠵᠢᠯᠠᠨ ᠪᠠᠳᠠᠷᠠᠭᠤᠯᠬᠤ ᠵᠢ ᠬᠦᠳᠦᠯᠦᠨ ᠲᠠᠭ᠋ᠠᠭᠤᠯᠵᠤ᠂ ᠡᠬᠡ ᠤᠯᠤᠰ᠎ᠤᠨ ᠨᠢᠭᠡᠳᠦᠯ᠂ ᠤᠯᠤᠰ ᠣᠷᠣᠨ᠎ᠤ ᠠᠮᠤᠷ ᠲᠦᠪᠰᠢᠨ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠤᠬᠠᠮᠰᠠᠷ᠎ᠠᠴᠠ᠎ᠪᠠᠨ ᠬᠠᠮᠠᠭ᠋ᠠᠯᠠᠬᠤ ᠬᠡᠷᠡᠭᠲᠡᠢ᠃ ᠠᠷᠪᠠᠨ ᠬᠣᠶᠠᠷ᠎ᠲᠤ ᠡᠷᠬᠡᠪᠰᠢ ᠦᠨᠳᠦᠰᠦᠲᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠴᠢᠳᠠᠪᠤᠷᠢ ᠪᠠ ᠲᠦᠪᠰᠢᠨ ᠵᠶ᠋ᠠᠨ ᠳᠡᠭᠡᠭᠰᠢᠯᠡᠭᠦᠯᠬᠦ ᠬᠡᠷᠡᠭᠲᠡᠢ᠃ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ᠎ᠤᠨ ᠦᠨᠳᠦᠰᠦᠲᠡᠨ᠎ᠤ ᠠᠵᠢᠯ᠎ᠤᠨ ᠤᠨᠤᠯ ᠪᠠ ᠦᠢ᠍ᠯᠡᠳᠦᠯᠭᠡ ᠵᠢᠨ ᠤᠶᠤᠨ ᠤᠬᠠᠭ᠋ᠠᠨ᠎ᠤ ᠲᠠᠯᠠᠰᠳᠤ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠦᠨᠳᠦᠰᠦᠨ ᠵᠢᠷᠤᠮᠯᠠᠯ ᠮᠥᠨ᠂ ᠪᠦᠬᠦ ᠨᠠᠮ᠎ᠤᠨ᠎ᠬᠢᠨ ᠡᠷᠬᠡᠪᠰᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠡᠵᠡᠮᠳᠡᠨ ᠲᠤᠭᠤᠰᠢᠯᠠᠭᠤᠯᠬᠤ ᠬᠡᠷᠡᠭᠲᠡᠢ ᠭᠡᠵᠤ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠨᠠᠮ᠎ᠤᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠪᠣᠯᠭ᠋ᠠᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠪᠣᠯ ᠳᠠᠷᠤᠢ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠦᠲᠦᠯᠦᠨ ᠲᠠᠭ᠋ᠠᠭᠤᠯᠵᠤ ᠪᠠᠶ᠋ᠢᠭ᠋ᠠᠳ ᠬᠦᠴᠢᠷ ᠪᠡᠷᠬᠡ ᠵᠢ ᠬᠠᠮᠳᠦ᠎ᠪᠠᠷ ᠲᠤᠭᠤᠯᠬᠤ᠂ ᠵᠢᠷᠭ᠋ᠠᠯ ᠵᠣᠪᠠᠯ ᠵᠶ᠋ᠠᠨ ᠬᠠᠮᠲᠤᠳᠬᠠᠬᠤ᠂ ᠦᠬᠦᠵᠦ ᠰᠡᠭᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠬᠤ ᠶᠠᠪᠤᠳᠠᠯ ᠪᠣᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠦᠨᠳᠦᠰᠦᠲᠡᠨ᠎ᠨᠦᠭᠦᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠭᠠᠭᠴᠠ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠵᠤ᠂ ᠤᠯᠤᠰ ᠣᠷᠣᠨ᠎ᠤ ᠨᠢᠭᠡᠳᠦᠯ ᠪᠠ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠬᠤ ᠪᠠᠲᠤ ᠪᠡᠬᠢ ᠦᠵᠡᠯ ᠰᠠᠨᠠᠭ᠋ᠠᠨ᠎ᠤ ᠤᠷᠳᠤ ᠴᠠᠭ᠋ᠠᠨ ᠬᠡᠷᠡᠮ᠎ᠢ ᠪᠠᠶ᠋ᠢᠭᠤᠯᠵᠤ᠂ ᠦᠨᠳᠦᠰᠦᠲᠡᠨ᠎ᠨᠦᠭᠦᠳ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠬᠠᠮᠲᠤ᠎ᠪᠠᠷ ᠰᠠᠶ᠋ᠢᠲᠤᠷ ᠬᠠᠮᠠᠭ᠋ᠠᠯᠠᠪᠠᠯ ᠰᠠᠶᠢ ᠡᠯ᠎ᠡ ᠵᠦᠢ᠍ᠯ᠎ᠤᠨ ᠬᠡᠲᠦᠷᠡᠮᠡᠬᠡᠢ᠂ ᠬᠠᠭ᠋ᠠᠴᠡᠭᠤᠯᠬᠤ ᠦᠵᠡᠯ ᠰᠠᠨᠠᠭ᠋ᠠᠨ᠎ᠤ ᠨᠡᠪᠴᠢᠯᠲᠡ ᠨᠤᠷᠠᠭ᠋ᠠᠯᠲᠠ ᠵᠢ ᠪᠦᠲᠦᠮᠵᠢᠲᠡᠢ ᠡᠰᠡᠷᠭᠦᠴᠡᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠠᠢ᠍ᠢ᠍ᠨ ᠰᠠᠶ᠋ᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠵᠦ᠂ ᠦᠨᠳᠦᠰᠦᠲᠡᠨ᠎ᠨᠦᠭᠦᠳ᠎ᠤᠨ ᠦᠨᠳᠦᠰᠦᠨ ᠠᠰᠢᠭ ᠲᠤᠰᠠ ᠵᠢ ᠰᠠᠶ᠋ᠢᠲᠤᠷ ᠪᠡᠶᠡᠯᠡᠭᠦᠯᠵᠦ᠂ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠵᠦ ᠴᠢᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠭᠠᠭᠴᠠ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠪᠠᠯ ᠰᠠᠶᠢ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠶᠠᠪᠤᠴᠠ᠎ᠳᠤ ᠦᠨᠳᠦᠰᠦᠲᠡᠨ᠎ᠤ ᠬᠦᠷᠢᠶᠡᠨ᠎ᠳᠤ ᠡᠭᠦᠰᠴᠦ ᠮᠡᠳᠡᠬᠦ ᠠᠶᠤᠯ ᠲᠦᠭᠰᠢᠭᠦᠷᠢ ᠪᠠ ᠦᠷᠢᠰᠦᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠨᠠᠮ ᠪᠠ ᠤᠯᠤᠰ ᠣᠷᠣᠨ᠎ᠤ ᠬᠥᠭᠵᠢᠨ ᠮᠠᠨᠳᠤᠬᠤ᠂ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ᠎ᠳᠤ ᠴᠢᠬᠤᠯᠠ ᠦᠵᠡᠯ ᠰᠠᠨᠠᠭ᠋ᠠᠨ᠎ᠤ ᠪᠠᠲᠤᠯᠠᠭ᠎ᠠ ᠬᠠᠩᠭ᠋ᠠᠵᠤ ᠴᠢᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠪᠣᠯ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠭᠠᠭᠴᠠ ᠬᠦ᠌ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠪᠠᠯ ᠰᠠᠶᠢ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠦᠨᠳᠦᠰᠦᠲᠡᠨ᠎ᠤ ᠲᠤᠬᠠᠢ ᠤᠬᠠᠮᠰᠠᠷᠳᠤ ᠬᠠᠮᠳᠤ ᠵᠢᠨ ᠲᠠᠨᠢᠯᠳᠠ ᠵᠢ ᠨᠡᠮᠡᠭᠳᠡᠭᠦᠯᠵᠦ᠂ ᠮᠠᠨ᠎ᠤ ᠤᠯᠤᠰ᠎ᠤᠨ ᠦᠨᠳᠦᠰᠦᠲᠡᠨ᠎ᠤ ᠬᠠᠷᠢᠴᠠᠭ᠎ᠠ ᠵᠢᠨ ᠬᠥᠭᠵᠢᠯᠲᠡ ᠵᠢᠨ ᠦᠵᠡᠯ ᠰᠠᠨᠠᠭ᠋ᠠᠨ᠎ᠤ ᠰᠠᠭᠤᠷᠢ ᠵᠢ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠢ ᠬᠠᠮᠳᠤ ᠵᠢᠨ ᠲᠠᠨᠢᠯᠳᠠ ᠵᠢᠨ ᠬᠡᠮᠵᠢᠶ᠎ᠡ᠎ᠪᠠᠷ ᠨᠡᠩ ᠥᠨᠳᠥᠷ᠂ ᠨᠢᠭᠲᠠᠷᠠᠯ᠎ᠤᠨ ᠬᠦᠴᠦᠨ ᠵᠶ᠋ᠠᠷ ᠨᠡᠩ ᠴᠢᠩᠭ᠎ᠠ ᠬᠤᠪᠢ ᠵᠠᠶᠠᠭ᠋ᠠᠨ᠎ᠤ ᠬᠠᠮᠲᠤ ᠴᠣᠭᠴᠠ ᠪᠤᠯᠭ᠋ᠠᠬᠤ ᠵᠢ ᠠᠬᠢᠭᠤᠯᠵᠤ ᠴᠢᠳᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠨᠠᠮ᠎ᠤᠨ ᠦᠨᠳᠦᠰᠦᠲᠡᠨ᠎ᠤ ᠠᠵᠢᠯ᠎ᠤᠨ ᠰᠢᠨ᠎ᠡ ᠪᠠᠶ᠋ᠢᠳᠠᠯ᠎ᠢ ᠡᠭᠦᠳᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠭᠠᠭᠴᠠ ᠬᠦ᠌ ᠴᠠᠭ ᠦᠶ᠎ᠡ ᠵᠢᠨ ᠬᠤᠪᠢᠷᠠᠯᠲᠠ ᠵᠢ ᠳᠠᠭ᠋ᠠᠵᠤ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠬᠦ ᠴᠢᠭᠯᠡᠯ ᠵᠶ᠋ᠠᠷ ᠦᠨᠳᠦᠰᠦᠲᠡᠨ᠎ᠤ ᠠᠵᠢᠯ᠎ᠢ ᠰᠠᠶ᠋ᠢᠵᠢᠷᠠᠭᠤᠯᠵᠤ᠂ ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ᠎ᠤ ᠡᠯᠧᠮᠧᠨ᠋ᠲ ᠪᠠ ᠣᠷᠣᠨ ᠪᠦᠰᠡ ᠵᠢᠨ ᠡᠯᠧᠮᠧᠨ᠋ᠲ᠎ᠢ ᠣᠷᠭ᠋ᠠᠨᠢᠭ ᠵᠶ᠋ᠠᠷ ᠤᠶᠠᠯᠳᠤᠭᠤᠯᠪᠠᠯ ᠰᠠᠶᠢ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠨᠠᠷᠢᠯᠢᠭ ᠪᠥᠭᠡᠳ ᠯᠠᠪᠳᠠᠭᠤᠨ ᠪᠠᠲᠤᠲᠠᠢ ᠰᠠᠢ᠍ᠢ᠍ᠳᠦᠷ ᠬᠢᠵᠦ ᠴᠢᠳᠠᠨ᠎ᠠ ᠭᠡᠵᠤ ᠴᠢᠬᠤᠯᠠᠴᠢᠯᠠᠵᠠᠢ᠃
ᠰᠢ ᠵᠢᠨ ᠫᠢᠩ᠂ ᠨᠠᠮ᠎ᠤᠨ ᠦᠨᠳᠦᠰᠦᠲᠡᠨ᠎ᠤ ᠠᠵᠢᠯ᠎ᠢ ᠰᠢᠨ᠎ᠡ ᠵᠢ ᠡᠭᠦᠳᠦᠨ ᠬᠦᠭᠵᠢᠭᠦᠯᠬᠦ ᠪᠣᠯ ᠵᠥᠪ ᠣᠨᠣᠪᠴᠢᠲᠠᠢ ᠵᠢ᠎ᠨᠢ ᠪᠠᠷᠢᠮᠳᠠᠯᠠᠵᠤ᠂ ᠴᠠᠭ᠎ᠠᠴᠠ ᠬᠣᠴᠣᠷᠤᠭᠰᠠᠨ᠎ᠳᠤᠨᠢ ᠲᠤᠬᠢᠷᠠᠭᠤᠯᠤᠯᠳᠠ ᠬᠢᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠲᠤᠷ ᠪᠠᠲᠤᠯᠠᠬᠤ ᠶᠠᠪᠤᠳᠠᠯ ᠪᠣᠯᠤᠨ᠎ᠠ᠃ ᠨᠡᠶ᠋ᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ ᠵᠢ ᠵᠥᠪ ᠡᠵᠡᠮᠳᠡᠵᠦ᠂ ᠨᠡᠶ᠋ᠢᠲᠡᠯᠢᠭ ᠴᠢᠨᠠᠷ᠎ᠢ ᠨᠡᠮᠡᠭᠳᠡᠭᠦᠯᠦᠨ᠂ ᠵᠥᠷᠢᠶᠡᠲᠦ ᠴᠢᠨᠠᠷ᠎ᠢ ᠬᠦᠨᠳᠦᠳᠬᠡᠨ ᠪᠠᠭᠲᠠᠭ᠋ᠠᠬᠤ ᠪᠣᠯ ᠦᠨᠳᠦᠰᠦᠲᠡᠨ᠎ᠤ ᠠᠵᠢᠯ᠎ᠤᠨ ᠴᠢᠬᠤᠯᠠ ᠵᠠᠷᠴᠢᠮ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ ᠪᠠ ᠡᠯ᠎ᠡ ᠦᠨᠳᠦᠰᠦᠲᠡᠨ᠎ᠤ ᠤᠬᠠᠮᠰᠠᠷ᠎ᠤᠨ ᠬᠠᠷᠢᠴᠠᠭ᠎ᠠ ᠵᠢ ᠵᠥᠪ ᠡᠵᠡᠮᠳᠡᠵᠦ᠂ ᠦᠨᠳᠦᠰᠦᠲᠡᠨ᠎ᠨᠦᠭᠦᠳ ᠳᠤᠮᠳᠠᠳᠤ ᠵᠢᠨ ᠦᠨᠳᠦᠰᠦᠲᠡᠨ᠎ᠤ ᠠᠰᠢᠭ ᠲᠤᠰᠠ ᠵᠢ ᠢᠮᠠᠭᠲᠠ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠬᠦᠳᠦᠯᠦᠨ ᠲᠠᠭ᠋ᠠᠭᠤᠯᠵᠤ᠂ ᠲᠤᠰ ᠦᠨᠳᠦᠰᠦᠲᠡᠨ᠎ᠤ ᠤᠬᠠᠮᠰᠠᠷ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠳᠠᠭ᠋ᠠᠬᠤ ᠪᠠ ᠲᠡᠭᠦᠨ᠎ᠳᠤ ᠦᠢ᠍ᠯᠡᠴᠢᠯᠡᠬᠦ ᠵᠢᠨ ᠬᠠᠮᠲᠤ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠪᠦᠬᠦᠢ᠍ᠢ᠍ᠯᠡ ᠠᠰᠢᠭ ᠲᠤᠰᠠ ᠵᠢ ᠰᠠᠶ᠋ᠢᠲᠤᠷ ᠪᠡᠶᠡᠯᠡᠭᠦᠯᠬᠦ ᠠᠬᠢᠴᠠ ᠳᠤᠮᠳᠠ ᠡᠯ᠎ᠡ ᠦᠨᠳᠦᠰᠦᠲᠡᠨ᠎ᠤ ᠪᠣᠳᠠᠲᠠᠢ ᠠᠰᠢᠭ ᠲᠤᠰᠠ ᠵᠢ ᠰᠠᠶ᠋ᠢᠲᠤᠷ ᠪᠡᠶᠡᠯᠡᠭᠦᠯᠵᠦ᠂ ᠬᠢᠲᠠᠳ ᠦᠨᠳᠦᠰᠦᠲᠡᠨ᠎ᠤ ᠳᠡᠭᠡᠷᠡᠩᠭᠦᠢ ᠦᠵᠡᠯ ᠪᠠ ᠣᠷᠣᠨ ᠨᠤᠲᠤᠭ᠎ᠤᠨ ᠦᠨᠳᠦᠰᠦᠲᠡᠨ᠎ᠤ ᠦᠵᠡᠯ᠎ᠨᠢ ᠴᠥᠮ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠪᠠᠶ᠋ᠢᠭᠤᠯᠤᠯᠲᠠ᠎ᠳᠤ ᠠᠰᠢᠭ ᠦᠭᠡᠢ ᠶᠤᠮ᠃ ᠳᠤᠮᠳᠠᠳᠤ ᠵᠢᠨ ᠰᠣᠶᠣᠯ ᠪᠣᠯᠤᠨ ᠦᠨᠳᠦᠰᠦᠲᠡᠨ᠎ᠨᠦᠭᠦᠳ᠎ᠤᠨ ᠰᠣᠶᠣᠯ᠎ᠤᠨ ᠬᠠᠷᠢᠴᠠᠭ᠎ᠠ ᠵᠢ ᠵᠥᠪ ᠡᠵᠡᠮᠳᠡᠵᠤ᠂ ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠵᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ ᠵᠢᠨ ᠰᠣᠶᠣᠯ ᠪᠣᠯ ᠭᠣᠣᠯ ᠡᠰᠢ ᠮᠥᠨ᠂ ᠦᠨᠳᠦᠰᠦᠲᠡᠨ᠎ᠨᠦᠭᠦᠳ᠎ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ᠎ᠨᠢ ᠪᠦᠳᠦᠭᠦᠨ ᠪᠠᠢ᠍ᠢ᠍ᠪᠠᠯ ᠰᠠᠶᠢ ᠰᠠᠯᠠᠭ᠎ᠠ ᠨᠠᠮᠠᠭ᠎ᠠ᠎ᠨᠢ ᠢᠭᠴᠤ ᠰᠠᠬᠤᠯᠢᠭ ᠤᠷᠭᠤᠵᠤ ᠴᠢᠳᠠᠨ᠎ᠠ᠃ ᠪᠣᠳᠠᠰ ᠪᠣᠯᠤᠨ ᠤᠶᠤᠨ ᠰᠠᠨᠠᠭ᠋ᠠᠨ᠎ᠤ ᠬᠠᠷᠢᠴᠠᠭ᠎ᠠ ᠵᠢ ᠵᠥᠪ ᠡᠵᠡᠮᠳᠡᠵᠦ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠣᠯᠪᠣᠭᠳᠠᠯ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠡᠭᠤᠯᠬᠤ ᠵᠢ ᠡᠰᠡᠷᠭᠦᠴᠡᠬᠦ ᠠᠴᠢ ᠬᠣᠯᠪᠣᠭᠳᠠᠯ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠦᠰ᠎ᠤᠨ ᠰᠡᠳᠬᠢᠯ᠎ᠢ ᠨᠢᠭᠲᠠᠷᠠᠭᠤᠯᠬᠤ ᠠᠴᠢ ᠬᠣᠯᠪᠣᠭᠳᠠᠯ ᠣᠯᠭᠣᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢ ᠡᠪᠳᠡᠷᠡᠰᠢ ᠦᠭᠡᠢ ᠪᠠᠳᠤ ᠪᠡᠬᠢ ᠪᠤᠯᠭ᠋ᠠᠬᠤ ᠬᠡᠷᠡᠭᠳᠠᠢ ᠭᠡᠵᠤ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ 《ᠬᠥᠲᠥᠯᠪᠦᠷᠢ》 ᠮᠥᠨ᠂ ᠪᠤᠢ ᠪᠦᠬᠦᠢ ᠠᠵᠢᠯ᠎ᠢ ᠡᠭᠦᠨ᠎ᠳᠤ ᠲᠥᠪᠯᠡᠷᠡᠭᠦᠯᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠤᠶᠤᠨ ᠰᠠᠨᠠᠭ᠋ᠠᠨ᠎ᠤ ᠭᠡᠷ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠳᠤ ᠮᠠᠨ᠎ᠤ ᠨᠠᠮ᠎ᠤᠨ ᠵᠠᠭᠤᠨ ᠵᠢᠯ᠎ᠤᠨ ᠦᠨᠳᠦᠰᠦᠲᠡᠨ᠎ᠤ ᠠᠵᠢᠯ᠎ᠤᠨ ᠠᠮᠵᠢᠯᠲᠠ᠎ᠲᠠᠢ ᠲᠤᠷᠰᠢᠯᠭ᠎ᠠ ᠵᠢ ᠭᠦᠨᠵᠡᠭᠡᠢ ᠳ᠋ᠦᠩᠨᠡᠵᠦ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠋ᠠᠨ᠎ᠤ ᠰᠤᠳᠤᠯᠭ᠋ᠠᠨ᠎ᠢ ᠭᠦᠨᠵᠡᠭᠡᠶ᠋ᠢᠷᠡᠭᠦᠯᠵᠦ᠂ ᠤᠳᠤ ᠦᠶ᠎ᠡ ᠵᠢᠨ ᠪᠣᠯᠪᠠᠰᠤᠨ᠎ᠤ ᠬᠥᠮᠦᠵᠢᠯ᠎ᠢ ᠴᠢᠩᠭ᠋ᠠᠳᠬᠠᠵᠤ᠂ ᠪᠣᠯᠪᠠᠰᠤᠨ᠎ᠢ ᠡᠭᠦᠳᠦᠨ ᠪᠠᠶ᠋ᠢᠭᠤᠯᠬᠤ᠂ ᠠᠷᠠᠳ ᠢᠷᠭᠡᠳ᠎ᠤᠨ ᠶᠣᠰᠣ ᠰᠤᠷᠲᠠᠬᠤᠨ᠎ᠤ ᠪᠠᠶ᠋ᠢᠭᠤᠯᠤᠯᠲᠠ᠂ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠬᠦ ᠵᠡᠷᠭᠡ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠥᠭᠤᠳᠴᠤ ᠪᠠᠢ᠍ᠢ᠍ᠭ᠋ᠠᠳ ᠦᠵᠡᠯ ᠰᠠᠨᠠᠭ᠎ᠠ ᠣᠶ᠋ᠢᠯᠠᠭ᠋ᠠᠭᠳᠠᠬᠤᠨ᠂ ᠤᠶᠤᠨ ᠰᠠᠨᠠᠭ᠎ᠠ ᠲᠤᠷ᠎ᠠ ᠰᠣᠨᠢᠷᠬᠠᠯ᠂ ᠠᠮᠢᠳᠤᠷᠠᠯ᠎ᠤᠨ ᠠᠷᠭ᠎ᠠ ᠬᠡᠯᠪᠡᠷᠢ ᠵᠢᠨ ᠲᠠᠯ᠎ᠠ᠎ᠪᠠᠷ ᠣᠳᠣᠬᠢᠴᠢᠯᠠᠯᠲᠠ ᠲᠡᠶ᠋ᠢᠰᠢ ᠤᠷᠤᠭᠰᠢᠯᠠᠭᠤᠯᠬᠤ ᠬᠡᠷᠡᠭᠲᠡᠢ᠃ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠵᠢ ᠬᠦᠨᠳᠦᠳᠬᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠦᠨᠳᠦᠰᠦᠲᠡᠨ᠎ᠨᠦᠭᠦᠳ᠎ᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ ᠲᠡᠶ᠋ᠢᠰᠢ ᠬᠠᠮᠲᠤ᠎ᠪᠠᠷ ᠤᠷᠤᠭᠰᠢᠯᠠᠬᠤ ᠵᠢ ᠠᠬᠢᠭᠤᠯᠬᠤ ᠬᠡᠷᠡᠭᠲᠡᠢ᠃ ᠵᠦᠷᠢᠶᠡᠳᠦ ᠣᠷᠣᠨ ᠪᠦᠰᠡ ᠵᠢᠨ ᠲᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠤ ᠭᠠᠵᠠᠷ ᠣᠷᠣᠨ᠎ᠤ ᠥᠭᠡᠷᠡᠴᠢᠯᠡᠯᠲᠡ ᠨᠡᠭᠡᠭᠡᠯᠲᠡ ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠥᠪᠡᠷ᠎ᠢ᠎ᠪᠠᠨ ᠬᠥᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠳᠡᠮᠵᠢᠬᠦ ᠬᠡᠷᠡᠭᠲᠡᠶ᠃ ᠦᠨᠳᠦᠰᠦᠲᠡᠨ᠎ᠤ ᠭᠠᠵᠠᠷ ᠣᠷᠣᠨ᠎ᠤ᠎ᠬᠢᠨ ᠡᠬᠢ ᠪᠠᠶᠠᠯᠢᠭ᠎ᠤᠨ ᠳᠠᠪᠠᠭᠤᠯᠢᠭ᠂ ᠬᠥᠭᠵᠢᠯᠲᠡ ᠵᠢᠨ ᠨᠥᠬᠥᠴᠡᠯ᠂ ᠬᠠᠷᠢᠴᠠᠭᠤᠯᠤᠭᠰᠠᠨ ᠳᠠᠪᠠᠭᠤᠯᠢᠭ ᠵᠡᠷᠭᠡ ᠪᠣᠳᠠᠲᠤ ᠪᠠᠶ᠋ᠢᠳᠠᠯ᠎ᠳᠠᠭᠠᠨ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠱᠠᠳᠤ ᠦᠶ᠎ᠡ ᠵᠢ ᠡᠵᠡᠮᠳᠡᠵᠦ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠠᠭᠤᠰᠤᠯᠴᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠭᠠᠷᠳᠠᠴᠠ ᠪᠠ ᠬᠦᠴᠦᠯᠡᠴᠡ ᠵᠢ ᠣᠨᠣᠪᠴᠢᠲᠠᠢ ᠡᠷᠢᠬᠦ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ᠂ ᠠᠵᠤ ᠦᠢ᠍ᠯᠡᠰ᠎ᠤᠨ ᠪᠦᠲᠦᠴᠡ ᠵᠢᠨ ᠲᠤᠬᠢᠷᠠᠭᠤᠯᠤᠯᠳᠠ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠦᠷᠦᠭᠳᠡᠯ᠂ ᠵᠢᠷᠭ᠋ᠠᠯᠲᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ ᠵᠶ᠋ᠠᠨ ᠪᠡᠬᠢᠵᠢᠭᠦᠯᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠵᠢᠨ ᠴᠢᠨᠠᠷ ᠰᠠᠶ᠋ᠢᠲᠠᠢ ᠥᠨᠳᠥᠷ ᠪᠦᠲᠦᠮᠵᠢᠲᠡᠢ᠂ ᠬᠥᠳᠡᠭᠡ ᠲᠣᠰᠬᠣᠨ᠎ᠤ ᠣᠷᠣᠰᠢᠨ ᠰᠠᠭᠤᠷᠢᠰᠢᠬᠤ᠎ᠳᠤ ᠲᠣᠬᠢᠷᠠᠮᠵᠢᠲᠠᠢ ᠦᠢ᠍ᠯᠡᠰ ᠪᠤᠰᠬᠠᠬᠤ᠎ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ᠎ᠤ ᠪᠠᠶᠠᠨ ᠴᠢᠨᠡᠭᠡᠯᠢᠭ ᠪᠤᠯᠬᠤ ᠵᠢ ᠠᠬᠢᠭᠤᠯᠬᠤ ᠬᠡᠷᠡᠭᠲᠡᠢ᠃ ᠬᠢᠯᠢ ᠳᠠᠭ᠋ᠠᠤ ᠣᠷᠣᠨ᠎ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠬᠢᠯᠢ ᠬᠢᠵᠠᠭ᠋ᠠᠷ᠎ᠢ ᠪᠡᠬᠢᠵᠢᠭᠦᠯᠦᠨ ᠬᠢᠯᠢ ᠬᠢᠵᠠᠭ᠋ᠠᠷ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ᠎ᠤ ᠪᠣᠳᠠᠲᠤ ᠪᠠᠶ᠋ᠢᠳᠠᠯ᠎ᠢ ᠭᠦᠢ᠍ᠴᠡᠳ ᠪᠣᠳᠣᠯᠬᠢᠯᠠᠨ᠂ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠶ ᠲᠥᠯᠥᠪᠯᠡᠵᠦ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ᠂ ᠤᠷᠴᠢᠨ ᠲᠤᠭᠤᠷᠢᠨ᠎ᠤ ᠨᠥᠬᠥᠴᠠᠯ ᠪᠠᠢ᠍ᠢ᠍ᠳᠠᠯ᠎ᠢ ᠪᠣᠶ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠷᠣᠨ ᠵᠠᠶ᠂ ᠰᠣᠶᠣᠯ᠂ ᠠᠵᠤ ᠠᠬᠤᠶ᠂ ᠨᠡᠶ᠋ᠢᠭᠡᠮ᠂ ᠰᠡᠳᠬᠢᠴᠡ ᠵᠡᠷᠭᠡ ᠪᠥᠬᠥ ᠲᠠᠯ᠎ᠠ ᠵᠢᠨ ᠠᠭᠤᠰᠤᠯᠴᠠᠯ᠎ᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠶ᠃ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠡᠭᠦᠳᠦᠨ ᠪᠠᠶ᠋ᠢᠭᠤᠯᠤᠯᠲᠠ ᠵᠢ ᠭᠦᠨᠵᠡᠭᠡᠢ ᠥᠷᠨᠢᠭᠦᠯᠵᠦ ᠂ ᠠᠭᠤᠯᠤᠭᠳᠠᠬᠤᠨ ᠢ ᠭ᠋᠊ ᠊ᠦ᠋ᠨᠵᠡᠭᠡᠶ᠋ᠢᠷᠡᠭᠦᠯᠵᠦ ᠂ ᠬᠡᠯᠪᠡᠷᠢ ᠵᠢ ᠨᠢ ᠪᠠᠶᠠᠯᠢᠭᠵᠢᠭᠤᠯᠵᠤ᠂ ᠠᠷᠭ᠎ᠠ ᠵᠢᠨ ᠰᠢᠨ᠎ᠡ ᠵᠢ ᠡᠭᠦᠳᠬᠦ᠎ᠪᠠᠷ ᠴᠢᠷᠮᠠᠢ᠍ᠢ᠍ᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠤᠨ ᠪᠠᠢ᠍ᠢ᠍ᠩᠭᠤᠵᠢᠭᠰᠠᠨ ᠲᠣᠭᠲᠠᠴᠠ ᠵᠢ ᠪᠠᠶ᠋ᠢᠭᠤᠯᠵᠤ᠂ ᠺᠠᠳ᠋ᠷ᠎ᠤᠨ ᠬᠥᠮᠦᠵᠢᠯ᠂ ᠨᠠᠮ᠎ᠤᠨ ᠭᠡᠰᠢᠭᠦᠨ᠎ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠨᠡᠶ᠋ᠢᠭᠡᠮ ᠤᠨ ᠤᠬᠠᠭᠤᠯᠭ᠎ᠠ ᠬᠥᠮᠦᠵᠢᠯ ᠢ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠦᠨᠳᠦᠰᠦᠲᠡᠨ᠎ᠤ ᠪᠣᠳᠠᠲᠤ ᠪᠠᠶ᠋ᠢᠳᠠᠯ᠎ᠢ ᠦᠨᠳᠦᠰᠦᠯᠡᠨ᠂ ᠡᠷᠬᠡ ᠲᠡᠭᠰᠢ ᠲᠥᠪ ᠭᠣᠣᠯᠴᠢ ᠪᠠᠶ᠋ᠢᠬᠤ᠎ᠪᠠᠷ ᠵᠠᠷᠴᠢᠮ ᠪᠣᠯᠭ᠋ᠠᠵᠤ᠂ ᠣᠷᠣᠨ ᠪᠦᠰᠡᠵᠢᠬᠦ ᠪᠠ ᠨᠠᠷᠢᠯᠢᠭ ᠤᠨᠤᠴᠠᠳᠤ ᠴᠢᠨᠠᠷ᠎ᠢ ᠲᠤᠪᠤᠢ᠍ᠢ᠍ᠯᠭ᠋ᠠᠨ᠂ ᠣᠨᠴᠠᠭ᠋ᠠᠢ ᠭᠠᠵᠠᠷ ᠣᠷᠣᠨ᠂ ᠣᠨᠴᠠᠭ᠋ᠠᠢ ᠠᠰᠠᠭᠤᠳᠠᠯ᠂ ᠣᠨᠴᠠᠭ᠋ᠠᠢ ᠵᠦᠢ᠍ᠯᠡᠰ᠎ᠲᠤ ᠨᠡᠩ ᠢᠯᠡᠭᠦᠦ ᠴᠢᠭᠯᠡᠭᠦᠯᠦᠨ ᠣᠷᠣᠨ ᠪᠦᠰᠡ᠎ᠪᠠᠷ ᠳᠡᠮᠵᠢᠬᠦ ᠵᠥᠷᠢᠶᠡᠲᠦ ᠲᠦᠷᠦ ᠵᠢᠨ ᠪᠤᠳᠤᠯᠭ᠎ᠠ ᠵᠢ ᠲᠣᠭᠲᠠᠭ᠋ᠠᠨ ᠬᠡᠷᠡᠭᠵᠢᠭᠦᠯᠬᠦ ᠬᠡᠷᠡᠭᠲᠡᠢ᠃ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠵᠤ᠂ ᠦᠨᠳᠦᠰᠦᠲᠡᠨ᠎ᠤ ᠡᠯᠸᠮᠸᠨ᠋ᠲ᠎ᠲᠤ ᠬᠣᠯᠪᠣᠭᠳᠠᠭᠰᠠᠨ ᠬᠡᠷᠡᠭ᠎ᠢ ᠬᠠᠤᠯᠢ ᠶᠣᠰᠣᠭ᠋ᠠᠷ ᠲᠣᠬᠢᠲᠠᠢ ᠰᠢᠢ᠍ᠳᠪᠦᠷᠢᠯᠡᠵᠦ᠂ ᠡᠯ᠎ᠡ ᠲᠦᠷᠦᠯ᠎ᠤᠨ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠬᠠᠤᠯᠢ ᠴᠠᠭ᠋ᠠᠵᠠ ᠵᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠦ ᠭᠠᠷᠭ᠋ᠠᠪᠠ᠃
ᠰᠢ ᠵᠢᠨ ᠫᠢᠩ᠂ ᠦᠨᠳᠦᠰᠦᠲᠡᠨ᠎ᠤ ᠬᠦᠷᠢᠶᠡᠨ᠎ᠳᠠᠬᠢ ᠬᠦᠨᠳᠦ ᠶᠡᠬᠡ ᠠᠶᠤᠯ ᠲᠦᠭᠰᠢᠭᠦᠷᠢ ᠭᠡᠮ ᠰᠣᠭᠣᠭ᠎ᠢ ᠡᠷᠡᠰ ᠰᠡᠷᠭᠡᠶ᠋ᠢᠯᠡᠬᠦ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠪᠠᠲᠤ ᠰᠠᠬᠢᠵᠤ᠂ ᠦᠨᠳᠦᠰᠦᠲᠡᠨ᠎ᠳᠤ ᠬᠣᠯᠪᠣᠭᠳᠠᠬᠤ ᠡᠯᠸᠮᠸᠨ᠋ᠲ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠰᠠᠭᠤᠳᠠᠯ᠎ᠢ ᠢᠳᠡᠪᠬᠢᠲᠡᠢ ᠯᠠᠪᠳᠠᠭᠤᠨ ᠵᠶ᠋ᠠᠷ ᠰᠢᠢ᠍ᠳᠪᠦᠷᠢᠯᠡᠵᠦ᠂ ᠦᠨᠳᠦᠰᠦᠲᠡᠨ᠎ᠤ ᠬᠠᠭ᠋ᠠᠴᠠᠯ᠂ ᠱᠠᠰᠢᠨ ᠰᠤᠷᠲᠠᠬᠤᠨ᠎ᠤ ᠬᠡᠲᠦᠷᠡᠮᠡᠬᠡᠢ ᠦᠵᠡᠯ ᠰᠠᠨᠠᠭ᠋ᠠᠨ᠎ᠤ ᠬᠣᠣᠷ ᠨᠥᠯᠥᠭᠡ ᠵᠢ ᠦᠷᠭᠦᠯᠵᠢᠯᠡᠨ ᠠᠷᠢᠯᠭ᠋ᠠᠬᠤ ᠬᠡᠷᠡᠭᠲᠡᠢ᠃ ᠰᠦᠷᠳᠡᠭᠦᠯᠦᠯ᠎ᠢ ᠡᠰᠡᠷᠭᠦᠴᠡᠬᠦ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠤᠯᠤᠰ ᠪᠠ ᠭᠠᠵᠠᠷ ᠣᠷᠣᠨ᠂ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠂ ᠭᠠᠳᠠᠭ᠋ᠠᠳᠤ᠎ᠳᠤ ᠪᠠᠢ᠍ᠢ᠍ᠭ᠎ᠠ ᠴᠥᠭᠡᠨ ᠲᠣᠭ᠋ᠠᠲᠤ ᠦᠨᠳᠦᠰᠦᠲᠡᠨ᠎ᠤ ᠳᠤᠮᠳᠠᠳᠤ ᠵᠢᠨ ᠬᠠᠷᠢᠶᠠᠲᠤ ᠪᠠ ᠲᠤᠮᠳᠠᠳᠤᠴᠤᠳ ᠤᠨ ᠤᠯᠠᠠ ᠲᠦᠮᠠᠠ ᠤ ᠪᠦᠯᠬᠦᠮ ᠵᠡᠷᠭᠡ ᠵᠢᠨ ᠠᠵᠢᠯ ᠢ ᠰᠠᠶ᠋ᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠨ ᠲᠡᠭᠦᠯᠳᠡᠷᠵᠢᠭᠦᠯᠬᠦ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠦᠨᠳᠦᠰᠦᠨ ᠤᠯᠤᠰ ᠲᠦᠷᠦ ᠵᠢᠨ ᠪᠠᠲᠤᠯᠠᠭ᠎ᠠ ᠮᠥᠨ᠃ ᠡᠯ᠎ᠡ ᠱᠠᠲᠤᠨ᠎ᠤ ᠨᠠᠮ᠎ᠤᠨ ᠬᠣᠷᠢᠶ᠎ᠠ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠥᠷᠥ ᠵᠢᠨ ᠣᠶ᠋ᠢᠯᠠᠭ᠋ᠠᠬᠤ ᠴᠢᠳᠠᠪᠤᠷᠢ᠂ ᠤᠯᠤᠰ ᠲᠥᠷᠥ ᠵᠢᠨ ᠬᠡᠷᠡᠭᠵᠢᠭᠦᠯᠬᠦ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠵᠦ᠂ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠭᠡᠵᠦ᠂ ᠨᠠᠮ᠎ᠤᠨ ᠤᠳᠤᠷᠢᠳᠤᠯᠭ᠎ᠠ ᠵᠢ ᠦᠨᠳᠦᠰᠦᠲᠡᠨ᠎ᠤ ᠠᠵᠢᠯ᠎ᠤᠨ ᠪᠥᠬᠥ ᠶᠠᠪᠤᠴᠠ᠎ᠳᠤ ᠲᠤᠭᠤᠰᠢᠯᠠᠭᠤᠯᠵᠤ᠂ ᠨᠠᠮ᠎ᠤᠨ ᠬᠣᠷᠢᠶ᠎ᠠ ᠨᠢᠭᠡᠳᠦᠯᠲᠡᠶ ᠤᠳᠤᠷᠢᠳᠤᠭᠰᠠᠨ᠂ ᠵᠠᠰᠠᠭ᠎ᠤᠨ ᠣᠷᠳᠣᠨ ᠬᠠᠤᠯᠢ ᠶᠣᠰᠣᠭ᠋ᠠᠷ ᠬᠠᠮᠢᠶᠠᠷᠤᠭᠰᠠᠨ᠂ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭᠰᠠᠨ᠂ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠭᠰᠡᠨ᠂ ᠡᠯ᠎ᠡ ᠰᠠᠯᠠᠭ᠎ᠠ ᠮᠥᠴᠢᠷ ᠬᠦᠴᠦ᠎ᠪᠠᠨ ᠬᠠᠮᠲᠤᠳᠬᠠᠨ ᠬᠠᠮᠲᠤᠷᠠᠯᠴᠠᠭᠰᠠᠨ᠂ ᠪᠥᠬᠥ ᠨᠡᠶ᠋ᠢᠭᠡᠮ ᠵᠶ᠋ᠠᠷ ᠵᠶ᠋ᠠᠨ ᠬᠠᠮᠲᠤ᠎ᠪᠠᠷ ᠣᠷᠣᠯᠴᠠᠭᠰᠠᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠶ᠃ ᠦᠨᠳᠦᠰᠦᠨ ᠱᠠᠲᠤᠨ᠎ᠤ ᠦᠨᠳᠦᠰᠦᠲᠡᠨ᠎ᠤ ᠠᠵᠢᠯ᠎ᠤᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠪᠠ ᠦᠨᠳᠦᠰᠦᠲᠡᠨ᠎ᠤ ᠠᠵᠢᠯ᠎ᠤᠨ ᠬᠦᠴᠦᠨ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠦᠨᠳᠦᠰᠦᠲᠡᠨ᠎ᠤ ᠠᠵᠢᠯ᠎ᠤᠨ ᠪᠦᠲᠦᠮᠵᠢᠲᠡᠢ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠰᠠᠢ᠍ᠢ᠍ᠨ ᠺᠠᠳ᠋ᠷ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠵᠥᠪ ᠪᠤᠷᠤᠭᠤ ᠵᠢ ᠲᠣᠳᠣᠷᠬᠠᠢ ᠢᠯᠭ᠋ᠠᠬᠤ ᠵᠣᠭᠰᠣᠯᠲᠠ ᠲᠤᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠤᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯᠯᠠᠭ᠎ᠠ ᠡᠷᠡᠰ ᠴᠢᠨᠭᠭ᠎ᠠ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠠᠶ᠋ᠢᠷᠠᠯᠠᠬᠤ ᠬᠠᠶ᠋ᠢᠷ᠎ᠠ ᠰᠡᠳᠬᠢᠯᠭᠡ ᠤᠨᠴᠠᠭ᠋ᠠᠢ ᠦᠨᠡᠨᠴᠢ ᠪᠠᠢ᠍ᠢ᠍ᠳᠠᠭ ᠦᠨᠳᠦᠰᠦᠲᠡᠨ᠎ᠤ ᠭᠠᠵᠠᠷ ᠣᠷᠣᠨ᠎ᠤ ᠺᠠᠳ᠋ᠷ᠎ᠤᠨ ᠡᠩᠨᠡᠭᠡ ᠵᠢ ᠴᠢᠷᠮᠠᠶ᠋ᠢᠨ ᠪᠠᠶ᠋ᠢᠭᠤᠯᠵᠤ᠂ ᠡᠯ᠎ᠡ ᠱᠠᠲᠤᠨ᠎ᠤ ᠤᠳᠤᠷᠢᠳᠬᠤ ᠡᠷᠬᠡ ᠵᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ᠎ᠤᠨ ᠭᠠᠷ᠎ᠲᠤ ᠡᠵᠡᠮᠳᠡᠬᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠥᠬᠥᠴᠡᠯ ᠬᠠᠲᠠᠭᠤᠵᠢᠯᠲᠠᠢ ᠭᠠᠵᠠᠷ ᠣᠷᠣᠨ᠎ᠳᠤ ᠠᠵᠢᠯᠯᠠᠵᠤ ᠪᠠᠶ᠋ᠢᠭ᠎ᠠ ᠡᠮᠦᠨ᠎ᠡ ᠹᠷᠣᠨᠲ᠎ᠤᠨ ᠺᠠᠳ᠋ᠷ᠎ᠢ ᠨᠡᠩ ᠴᠢᠬᠤᠯᠠᠴᠢᠯᠠᠵᠤ᠂ ᠬᠠᠯᠠᠮᠵᠢᠯᠠᠵᠤ᠂ ᠬᠠᠶ᠋ᠢᠷᠠᠯᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ᠎ᠢ ᠲᠠᠲᠠᠬᠤ ᠬᠡᠷᠡᠭᠲᠡᠢ᠃ ᠴᠥᠭᠡᠨ ᠲᠣᠭ᠋ᠠᠲᠤ ᠦᠨᠳᠦᠰᠦᠲᠡᠨ᠎ᠤ ᠺᠠᠳ᠋ᠷ᠎ᠢ ᠬᠥᠮᠦᠵᠢᠭᠦᠯᠬᠦ ᠪᠠ ᠰᠠᠶ᠋ᠢᠲᠤᠷ ᠬᠡᠷᠡᠭᠯᠡᠬᠦ ᠵᠢ ᠴᠢᠬᠤᠯᠠᠴᠢᠯᠠᠵᠤ᠂ ᠤᠯᠤᠰ ᠲᠦᠷᠦ ᠵᠢᠨ ᠲᠠᠯ᠎ᠠ᠎ᠪᠠᠷ ᠪᠠᠲᠤ ᠴᠢᠩᠭ᠎ᠠ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭ᠋ᠠᠲᠤ ᠦᠨᠳᠦᠰᠦᠲᠡᠨ ᠤ ᠰᠢᠯᠢᠳᠡᠭ ᠺᠠᠳ᠋ᠷ ᠢ ᠭᠦᠢ᠍ᠴᠡᠳ ᠢᠲᠡᠭᠡᠵᠦ᠂ ᠬᠦᠨᠳᠦ ᠡᠭᠦᠷᠭᠡ ᠡᠭᠦᠷᠭᠡᠯᠡᠭᠦᠯᠬᠦ ᠬᠡᠷᠡᠭᠲᠡᠢ᠃ ᠦᠨᠳᠦᠰᠦᠲᠡᠨ᠎ᠤ ᠭᠠᠵᠠᠷ ᠣᠷᠣᠨ᠎ᠤ ᠦᠨᠳᠦᠰᠦᠨ ᠱᠠᠲᠤᠨ᠎ᠤ ᠵᠠᠰᠠᠭ᠎ᠤᠨ ᠡᠷᠬᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠦᠨ᠂ ᠨᠠᠮ᠎ᠤᠨ ᠦᠨᠳᠦᠰᠦᠲᠡᠨ᠎ᠤ ᠤᠨᠤᠯ ᠪᠠ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠦᠨᠳᠦᠰᠦᠨ ᠱᠠᠲᠤᠨ᠎ᠳᠤ ᠬᠦᠷᠲᠡᠯ᠎ᠡ ᠣᠶ᠋ᠢᠯᠠᠭ᠋ᠠᠬᠤ ᠬᠥᠮᠦᠨ᠎ᠲᠠᠢ᠂ ᠦᠨᠳᠦᠰᠦᠲᠡᠨ᠎ᠤ ᠠᠵᠢᠯ᠎ᠢ ᠦᠨᠳᠦᠰᠦᠨ ᠱᠠᠲᠤᠨ᠎ᠳᠤ ᠠᠳᠬᠤᠬᠤ ᠬᠥᠮᠦᠨ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠯᠢ ᠺᠸ ᠴᠢᠶᠠᠩ ᠬᠤᠷᠠᠯ᠎ᠢ ᠡᠷᠬᠢᠯᠡᠬᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠤᠨ ᠵᠠᠭᠤᠨ ᠵᠢᠯ᠎ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ ᠵᠢ ᠪᠦᠬᠦ ᠲᠠᠯ᠎ᠠ᠎ᠪᠠᠷ ᠡᠷᠭᠢᠴᠡᠭᠦᠯᠵᠦ᠂ ᠣᠳᠣᠬᠠᠨ᠎ᠤ ᠨᠠᠮ᠎ᠤᠨ ᠦᠨᠳᠦᠰᠦᠲᠡᠨ᠎ᠤ ᠠᠵᠢᠯ᠎ᠳᠤ ᠲᠤᠯᠭ᠋ᠠᠷᠠᠵᠤ ᠪᠠᠶ᠋ᠢᠭ᠎ᠠ ᠰᠢᠨ᠎ᠡ ᠪᠠᠶ᠋ᠢᠳᠠᠯ᠎ᠢ ᠭᠦᠨᠵᠡᠭᠡᠶ ᠵᠠᠳᠠᠯᠵᠦ᠂ ᠮᠠᠨ᠎ᠤ ᠨᠠᠮ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠢᠰᠲ᠋ᠧᠮ᠎ᠲᠠᠢ ᠲᠣᠳᠣᠷᠬᠠᠶ᠋ᠢᠯᠠᠨ ᠥᠭᠦᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠤᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠭᠰᠠᠨ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠯᠣᠭᠣᠳᠬᠤ ᠦᠵᠡᠯ ᠰᠠᠨᠠᠭ᠎ᠠ᠂ ᠪᠠᠶ᠋ᠢᠯᠳᠤᠬᠤ ᠪᠤᠳᠤᠯᠭ᠎ᠠ ᠵᠢᠨ ᠬᠠᠷᠠᠯᠲᠠ᠂ ᠭᠣᠣᠯᠳᠠᠯᠭ᠎ᠠ᠎ᠲᠠᠢ ᠡᠭᠦᠷᠭᠡ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠳᠤᠷᠬᠠᠢ᠍ᠢ᠍ᠯᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭ᠋ᠠᠨ ᠦᠭᠴᠦ᠂ ᠦᠨᠳᠦᠰᠦᠨ ᠵᠢᠷᠤᠮᠯᠠᠯ ᠬᠠᠩᠭ᠋ᠠᠵᠤ᠂ ᠮᠠᠰᠢ ᠴᠢᠩᠭ᠎ᠠ ᠤᠯᠤᠰ ᠲᠥᠷᠥ ᠵᠢᠨ ᠴᠢᠨᠠᠷ᠂ ᠦᠵᠡᠯ ᠰᠠᠨᠠᠭ᠋ᠠᠴᠢ ᠴᠢᠨᠠᠷ᠂ ᠤᠨᠤᠯ᠎ᠤᠨ ᠴᠢᠨᠠᠷᠲᠠᠢ ᠪᠠᠢ᠍ᠢ᠍ᠵᠤ᠂ ᠨᠠᠮ᠎ᠤᠨ ᠤᠯᠤᠰ ᠵᠶ᠋ᠠᠨ ᠵᠠᠰᠠᠬᠤ ᠠᠷᠭ᠎ᠠ ᠪᠣᠳᠣᠯᠭ᠎ᠠ ᠵᠢᠨ ᠦᠨᠳᠦᠰᠦᠲᠡᠨ᠎ᠤ ᠠᠵᠢᠯ᠎ᠤᠨ ᠬᠦᠷᠢᠶᠡᠨ᠎ᠳᠠᠬᠢ ᠲᠥᠪᠯᠡᠷᠡᠩᠭᠦᠶ ᠢᠯᠡᠷᠡᠯ ᠮᠥᠨ᠃ ᠨᠠᠷᠢᠨ ᠬᠢᠨᠠᠮᠠᠭ᠋ᠠᠶ ᠰᠤᠷᠤᠯᠴᠠᠨ ᠣᠶ᠋ᠢᠯᠠᠭ᠋ᠠᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠨᠢᠭᠡᠳᠬᠡᠵᠦ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠡᠯ᠎ᠡ ᠵᠦᠢ᠍ᠯ᠎ᠤᠨ ᠡᠭᠦᠷᠭᠡ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠸᠠᠩ ᠶᠠᠩ ᠳ᠋ᠦᠩᠨᠡᠯᠲᠡ ᠵᠢᠨ ᠶᠠᠷᠢᠶᠠᠨ᠎ᠳᠠᠭᠠᠨ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠤᠳᠬ᠎ᠠ ᠰᠠᠨᠠᠭ᠎ᠠ᠂ ᠦᠵᠡᠯ ᠰᠠᠨᠠᠭ᠎ᠠ ᠭᠦᠨ ᠭᠦᠨᠵᠡᠭᠡᠶ ᠪᠠᠶ᠋ᠢᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ ᠶᠠᠮᠠᠷ ᠲᠣᠭ᠎ᠢ ᠮᠠᠨᠳᠤᠭᠤᠯᠬᠤ᠂ ᠶᠠᠮᠠᠷ ᠵᠠᠮ ᠵᠶ᠋ᠠᠷ ᠵᠠᠮᠨᠠᠬᠤ ᠵᠡᠷᠭᠡ ᠴᠢᠬᠤᠯᠠ ᠶᠡᠬᠡ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠡᠶ᠂ ᠡᠨᠡ ᠪᠣᠯ ᠨᠠᠮ᠎ᠤᠨ ᠦᠨᠳᠦᠰᠦᠲᠡᠨ᠎ᠤ ᠠᠵᠢᠯ᠎ᠤᠨ ᠦᠢ᠍ᠯᠡᠳᠣᠯᠭᠡ ᠵᠢᠨ ᠬᠠᠮᠤᠭ᠎ᠤᠨ ᠰᠢᠨ᠎ᠡ ᠳ᠋ᠦᠩᠨᠡᠯᠲᠡ ᠮᠥᠨ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠳᠤᠮᠳᠠᠳᠤ ᠤᠯᠤᠰᠴᠢᠯᠠᠭᠰᠠᠨ ᠬᠠᠮᠤᠭ᠎ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠵᠢᠷᠤᠮᠯᠠᠯ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ᠎ᠪᠠᠷ ᠡᠵᠡᠮᠳᠡᠵᠦ᠂ ᠭᠣᠣᠯ ᠠᠭᠤᠯᠭ᠎ᠠ᠂ ᠵᠣᠷᠢᠭ ᠰᠠᠨᠠᠭ᠋ᠠᠨ᠎ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠠᠶᠠᠨ᠎ᠠᠴᠠ ᠣᠳᠣᠬᠢ ᠱᠠᠲᠤᠨ᠎ᠤ ᠦᠨᠳᠦᠰᠦᠲᠡᠨ᠎ᠤ ᠠᠵᠢᠯ᠎ᠤᠨ ᠲᠡᠦᠬᠡᠨ ᠣᠷᠣᠨ ᠪᠠᠶ᠋ᠢᠷᠢ ᠪᠣᠯᠤᠨ ᠴᠢᠬᠤᠯᠠ ᠡᠭᠦᠷᠭᠡ ᠵᠢ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠴᠤᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠡᠦᠬᠡ ᠵᠢᠨ ᠵᠠᠶ᠋ᠢᠯᠠᠰᠢ ᠦᠭᠡᠢ ᠴᠢᠨᠠᠷ᠂ ᠲᠤᠶ᠋ᠢᠯ᠎ᠤᠨ ᠴᠢᠬᠤᠯᠠ ᠴᠢᠨᠠᠷ ᠪᠣᠯᠤᠨ ᠪᠣᠳᠠᠲᠤ ᠬᠠᠨᠳᠤᠯᠭ᠋ᠠᠲᠤ ᠴᠢᠨᠠᠷ᠎ᠢ ᠭᠦᠨᠵᠡᠭᠡᠢ ᠲᠠᠨᠢᠵᠤ᠂ ᠲᠡᠭᠦᠨ᠎ᠢ ᠦᠨᠳᠦᠰᠦᠲᠡᠨ᠎ᠤ ᠠᠵᠢᠯ᠎ᠤᠨ ᠡᠯ᠎ᠡ ᠬᠦᠷᠢᠶ᠎ᠡ ᠪᠦᠬᠦ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠤᠯᠠᠨ ᠬᠡᠯᠪᠡᠷᠢ ᠵᠢᠨ ᠰᠤᠷᠤᠯᠴᠠᠯᠭ᠎ᠠ ᠪᠣᠯᠪᠠᠰᠤᠷᠠᠯ ᠪᠣᠯᠤᠨ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠬᠡᠷᠡᠭᠵᠢᠭᠦᠯᠬᠦ ᠰᠠᠨᠠᠯ᠎ᠢ ᠰᠤᠳᠤᠯᠤᠨ ᠲᠣᠭᠲᠠᠭ᠋ᠠᠵᠤ᠂ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ᠎ᠪᠠᠨ ᠪᠣᠳᠠᠲᠠᠶ᠋ᠢᠵᠢᠭᠤᠯᠵᠤ᠂ ᠵᠣᠬᠢᠴᠠᠭᠤᠯᠭ᠎ᠠ ᠵᠢ ᠰᠠᠶ᠋ᠢᠲᠤᠷ ᠬᠢᠵᠦ᠂ ᠱᠠᠯᠠᠪᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶᠠᠨ᠎ᠤ ᠪᠠᠶ᠋ᠢᠴᠠᠭ᠋ᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠵᠢᠨ ᠵᠥᠪᠯᠡᠯᠭᠡᠨ ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠪᠠ᠃
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ ᠪᠣᠯᠤᠨ ᠬᠤᠪᠢᠳᠠᠨ ᠬᠠᠮᠢᠶᠠᠷᠴᠤ ᠪᠠᠶ᠋ᠢᠭ᠎ᠠ ᠦᠨᠳᠦᠰᠦᠲᠡᠨ᠎ᠤ ᠠᠵᠢᠯ᠎ᠤᠨ ᠬᠠᠷᠢᠭᠤᠴᠠᠯᠭ᠋ᠠᠲᠠᠨ ᠨᠥᠬᠥᠳ᠂ ᠡᠯ᠎ᠡ ᠲᠤᠰᠠᠭ᠋ᠠᠷ ᠲᠥᠯᠥᠪᠯᠡᠭᠡᠲᠦ ᠬᠤᠳᠠ ᠪᠣᠯᠤᠨ ᠥᠪᠡᠷᠲᠡᠭᠡᠨ ᠵᠠᠰᠠᠬᠤ ᠵᠧᠦ ᠵᠢᠨ ᠨᠠᠮ᠎ᠤᠨ ᠬᠣᠷᠢᠶᠠᠨ᠎ᠤ ᠭᠣᠣᠯ ᠬᠠᠷᠢᠭᠤᠴᠠᠯᠭ᠋ᠠᠲᠠᠨ ᠨᠥᠬᠥᠳ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ᠂ ᠬᠣᠯᠪᠣᠭᠳᠠᠯ ᠪᠦᠬᠦᠢ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠪᠣᠯᠤᠨ ᠠᠵᠤ ᠠᠬᠤᠶ᠋ᠢᠯᠠᠯ᠂ ᠴᠡᠷᠢᠭ ᠠᠩᠬᠢ ᠵᠢᠨ ᠬᠣᠯᠪᠣᠭᠳᠠᠯ ᠪᠦᠬᠦᠢ ᠨᠢᠭᠡᠴᠢ᠂ ᠬᠣᠯᠪᠣᠭᠳᠠᠯ ᠪᠦᠬᠦᠢ ᠰᠤᠳᠤᠯᠭ᠋ᠠᠨ᠎ᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ᠃ ᠬᠤᠷᠠᠯ᠎ᠨᠢ ᠲᠧᠯᠸᠢᠰ ᠤᠲᠠᠰᠤ ᠬᠤᠷᠠᠯ᠎ᠤᠨ ᠬᠡᠯᠪᠡᠷᠢ᠎ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠳᠤ ᠬᠤᠪᠢᠶᠠᠷᠢ ᠬᠤᠷᠠᠯ᠎ᠤᠨ ᠲᠠᠯᠠᠪᠠᠢ ᠲᠤᠬᠢᠷᠠᠭᠤᠯᠪᠠ᠃