ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠣᠷᠢᠨ ᠨᠢᠭᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-09-02

      ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠣᠷᠢᠨ ᠨᠢᠭᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠳᠬᠠᠵᠤ ᠡᠳ᠋ ᠪᠣᠳᠠᠰ ᠨᠥᠭᠡᠴᠡᠯᠡᠬᠦ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠭᠦᠨᠵᠡᠭᠡᠶ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠵᠠᠢ
      ᠯᠢ ᠺᠸ ᠴᠢᠶᠠᠩ   ᠸᠠᠩ ᠬᠤ᠌ ᠨᠢᠩ   ᠬᠠᠨ ᠵᠧᠩ ᠣᠷᠣᠯᠴᠠᠵᠠᠢ


      ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 30᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠡᠷᠬᠢᠯᠡᠭᠴᠢ ᠰᠢ ᠵᠢᠨ ᠫᠢᠩ 8 ᠰᠠᠷ᠎ᠠ ᠵᠢᠨ 30᠎ᠤ ᠦᠳᠡ ᠵᠢᠨ ᠬᠣᠶ᠋ᠢᠨ᠎ᠠ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠣᠷᠢᠨ ᠨᠢᠭᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠵᠢ ᠴᠢᠩᠭ᠋ᠠᠳᠬᠠᠵᠤ ᠡᠷᠬᠡ ᠲᠡᠭᠰᠢ᠎ᠪᠠᠷ ᠥᠷᠢᠰᠥᠯᠳᠦᠬᠦ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠭᠦᠨᠵᠡᠭᠡᠶ ᠠᠬᠢᠭᠤᠯᠬᠤ ᠲᠤᠬᠠᠶ ᠰᠠᠨᠠᠯ》᠂ 《ᠪᠠᠶ᠋ᠢᠭᠤᠯᠤᠮᠵᠢ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ ᠪᠠᠶ᠋ᠢᠯᠳᠤᠬᠤ ᠪᠣᠳᠣᠯᠭ᠎ᠠ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠰᠠᠨᠠᠯ᠎ᠤᠳ》᠂ 《ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠭᠦᠨᠵᠡᠭᠡᠶ ᠰᠠᠶ᠋ᠢᠲᠤᠷ ᠬᠢᠬᠦ ᠲᠤᠬᠠᠶ ᠰᠠᠨᠠᠯ》᠂ 《ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠵᠢᠨ ᠦᠢ᠍ᠯᠡᠳᠦᠯ᠎ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃
      ᠰᠢ ᠵᠢᠨ ᠫᠢᠩ ᠬᠤᠷᠠᠯ᠎ᠢ ᠡᠷᠬᠢᠯᠡᠬᠦ᠎ᠳᠡᠭᠡᠨ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠵᠢ ᠴᠢᠩᠭ᠋ᠠᠳᠬᠠᠵᠤ᠂ ᠡᠷᠬᠡ ᠲᠡᠭᠰᠢ᠎ᠪᠠᠷ ᠦᠷᠢᠰᠦᠯᠳᠦᠬᠦ ᠲᠦᠷᠦ ᠵᠢᠨ ᠪᠤᠳᠤᠯᠭ᠎ᠠ ᠵᠢᠨ ᠬᠡᠷᠡᠭᠵᠢᠭᠦᠯᠦᠯᠲᠡ ᠵᠢ ᠭᠦᠨᠵᠡᠭᠡᠢ ᠠᠬᠢᠭᠤᠯᠬᠤ ᠪᠣᠯ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠮᠵᠢ ᠵᠢ ᠲᠡᠭᠦᠯᠳᠡᠷᠵᠢᠭᠦᠯᠬᠦ ᠳᠣᠲᠣᠭ᠋ᠠᠳᠤ ᠱᠠᠭ᠋ᠠᠷᠳᠠᠯᠭ᠎ᠠ ᠪᠣᠯᠤᠨ᠎ᠠ᠃ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠡᠭᠦᠰᠴᠦ᠂ ᠡᠷᠬᠡ ᠲᠡᠭᠰᠢ᠎ᠪᠠᠷ ᠦᠷᠢᠰᠦᠯᠳᠦᠬᠦ ᠵᠠᠬ᠎ᠠ ᠳᠡᠯᠭᠡᠭᠦᠷ᠎ᠤᠨ ᠣᠷᠴᠢᠨ᠎ᠢ ᠪᠦᠷᠢᠯᠳᠦᠭᠦᠯᠬᠦ ᠵᠢ ᠠᠬᠢᠭᠤᠯᠵᠤ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠪᠠᠭ᠎ᠠ ᠠᠵᠤ ᠠᠬᠤᠶ᠋ᠢᠯᠠᠯ᠎ᠳᠤ ᠥᠷᠭᠡᠨ ᠠᠭᠤᠳᠠᠮ ᠬᠥᠭᠵᠢᠯᠲᠡ ᠵᠢᠨ ᠣᠷᠣᠨ ᠵᠠᠢ ᠵᠢ ᠡᠭᠦᠳᠦᠨ ᠥᠭᠴᠦ᠂ ᠬᠡᠷᠡᠭᠯᠡᠭᠴᠢᠳ᠎ᠤᠨ ᠡᠷᠬᠡ ᠠᠰᠢᠭ᠎ᠢ ᠨᠡᠩ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠤᠯᠤᠰ᠎ᠤᠨ ᠨᠥᠭᠡᠴᠡᠯᠡᠯᠲᠡ ᠪᠣᠯ ᠤᠯᠤᠰ᠎ᠤᠨ ᠵᠠᠰᠠᠯᠲᠠ ᠵᠢᠨ ᠴᠢᠬᠤᠯᠠ ᠪᠣᠳᠠᠰ᠎ᠤᠨ ᠰᠠᠭᠤᠷᠢ ᠮᠥᠨ᠂ ᠪᠠᠶ᠋ᠢᠭᠤᠯᠤᠮᠵᠢ ᠲᠣᠭᠲᠠᠴᠠ ᠵᠢᠨ ᠲᠠᠯ᠎ᠠ᠎ᠠᠴᠠ ᠪᠠᠶ᠋ᠢᠯᠳᠤᠬᠤ ᠪᠤᠳᠤᠯᠭ᠎ᠠ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠶ᠋ᠢᠯᠳᠤᠬᠤ ᠪᠤᠳᠤᠯᠭ᠎ᠠ ᠵᠢᠨ ᠪᠠᠲᠤᠯᠠᠭ᠎ᠠ᠂ ᠬᠣᠷᠸ᠎ᠠ ᠡᠵᠡᠮᠰᠢᠯ ᠲᠤᠬᠢᠷᠠᠭᠤᠯᠭ᠎ᠠ ᠪᠠ ᠪᠠᠴᠢᠮ ᠬᠡᠷᠡᠭᠴᠡᠭᠡ ᠵᠢ ᠠᠷᠭ᠋ᠠᠴᠠᠭ᠋ᠠᠬᠤ ᠴᠢᠳᠠᠪᠬᠢ ᠵᠢ ᠴᠢᠩᠭ᠋ᠠᠳᠬᠠᠵᠤ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠶ᠋ᠢᠯᠡᠨ ᠬᠣᠷᠢᠠᠠᠯᠠᠬᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠤᠨᠢᠨ ᠳᠡᠭᠡᠷ᠎ᠡ᠎ᠨᠢ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ᠎ᠪᠠᠷ ᠬᠦᠭᠡ ᠣᠭᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠥᠨᠳᠥᠷ ᠲᠦᠪᠰᠢᠨ ᠪᠦᠬᠦᠢ ᠬᠠᠮᠠᠭ᠋ᠠᠯᠠᠯᠲᠠ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠴᠢᠨᠠᠷ ᠰᠠᠶ᠋ᠢᠲᠠᠢ ᠠᠮᠢᠳᠤᠷᠠᠯ᠎ᠢ ᠡᠭᠦᠳᠴᠦ᠂ ᠬᠥᠮᠦᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠴᠢᠷᠮᠠᠶ᠋ᠢᠨ ᠪᠦᠳᠦᠭᠡᠨ ᠪᠠᠶ᠋ᠢᠭᠤᠯᠬᠤ ᠬᠡᠷᠡᠭᠲᠡᠢ᠃ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠪᠦᠷᠢᠨ ᠪᠦᠲᠦᠨ ᠰᠢᠰᠲ᠋ᠧᠮ᠎ᠲᠠᠢ᠂ ᠥᠨᠳᠥᠷ ᠪᠦᠲᠦᠮᠵᠢᠲᠡᠶ ᠬᠠᠮᠵᠢᠯᠴᠠᠭᠰᠠᠨ᠂ ᠬᠦᠴᠦᠲᠡᠶ ᠬᠢᠵᠠᠭ᠋ᠠᠷᠯᠠᠬᠤ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠳᠡᠳ᠋ ᠡᠷᠬᠢᠯᠡᠭᠴᠢ ᠯᠢ ᠺᠸ ᠴᠢᠶᠠᠩ᠂ ᠸᠠᠩ ᠬᠤ᠌ ᠨᠢᠩ᠂ ᠬᠠᠨ ᠵᠧᠩ ᠬᠤᠷᠠᠯ᠎ᠳᠤ ᠣᠷᠣᠯᠴᠠᠪᠠ᠃
      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠭᠠᠭᠴᠠᠭ᠋ᠠᠷ ᠡᠵᠡᠮᠰᠢᠯ᠎ᠢ ᠡᠰᠡᠷᠭᠦᠴᠡᠬᠦ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ ᠵᠢᠨ ᠲᠣᠭᠣᠷᠢᠨ᠎ᠳᠤ ᠠᠯᠢ ᠣᠯᠠᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠬᠢᠵᠦ᠂ ᠡᠷᠬᠡ ᠲᠡᠭᠰᠢ ᠥᠷᠢᠰᠥᠯᠳᠦᠭᠡᠨ᠎ᠤ ᠲᠦᠷᠢᠮ᠎ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠥᠭᠡᠷᠡᠴᠢᠯᠡᠯᠲᠡ ᠬᠢᠵᠦ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ ᠨᠢᠭᠡᠳᠦᠯᠲᠡᠶ ᠨᠡᠭᠡᠭᠡᠯᠲᠡ ᠬᠢᠭᠰᠡᠨ᠂ ᠥᠷᠢᠰᠥᠯᠳᠦᠭᠡᠨ᠎ᠨᠢ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠦᠷᠢᠯᠳᠦᠬᠦ ᠵᠢ ᠠᠬᠢᠭᠤᠯᠪᠠ᠃ ᠵᠠᠷᠢᠮ ᠲᠠᠪᠴᠠᠩᠳᠤ ᠠᠵᠤ ᠠᠬᠤᠶ᠋ᠢᠯᠠᠯ᠎ᠳᠤ ᠣᠷᠣᠰᠢᠵᠤ ᠪᠠᠶ᠋ᠢᠭ᠎ᠠ ᠵᠡᠷᠯᠢᠭ ᠪᠠᠯᠠᠮᠠᠳ ᠦᠰᠦᠨ ᠪᠣᠶ᠋ᠢᠵᠢᠯᠲᠠ᠂ ᠡᠮᠬᠢ ᠵᠢᠷᠤᠮ ᠥᠬᠡᠶ ᠥᠷᠭᠡᠳᠬᠡᠯ ᠵᠡᠷᠭᠡ ᠲᠣᠪᠣᠶ᠋ᠢᠮ᠎ᠠ ᠠᠰᠠᠭᠤᠳᠠᠯ᠎ᠳᠤ ᠴᠢᠭᠯᠡᠭᠦᠯᠦᠨ᠂ ᠪᠢᠳᠡ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠣᠯᠪᠣᠭᠳᠠᠯ ᠪᠥᠬᠥᠶ ᠲᠠᠪᠴᠠᠩᠳᠦ ᠠᠵᠤ ᠠᠬᠤᠶ᠋ᠢᠯᠠᠯ᠎ᠤᠨ ᠭᠠᠭᠴᠠᠭ᠋ᠠᠷ ᠡᠵᠡᠮᠰᠢᠯ ᠪᠠ ᠵᠦᠶ ᠪᠤᠰᠤ ᠥᠷᠢᠰᠥᠯᠳᠦᠭᠡᠨ᠎ᠤ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠬᠥᠷᠥᠩᠭᠡ ᠵᠢᠨ ᠡᠮᠬᠢ ᠵᠢᠷᠤᠮ ᠥᠬᠡᠶ ᠥᠷᠭᠡᠳᠬᠡᠯ᠎ᠢ ᠰᠡᠷᠭᠡᠢ᠍ᠢ᠍ᠯᠡᠵᠦ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ᠎ᠤᠨ ᠭᠤᠤᠯᠴᠢ ᠥᠷᠢᠰᠥᠯᠳᠦᠭᠡᠨ᠎ᠤ ᠡᠮᠬᠢ ᠳᠢᠭᠯᠢᠮ ᠲᠣᠭᠲᠠᠭᠤᠨ ᠵᠶ᠋ᠠᠷ ᠰᠠᠶ᠋ᠢᠵᠢᠷᠠᠵᠠᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠬᠥᠭᠵᠢᠯᠲᠡ ᠪᠠ ᠠᠮᠤᠷ ᠲᠦᠪᠰᠢᠨ᠂ ᠦᠷ᠎ᠡ ᠪᠦᠲᠦᠮᠵᠢ ᠪᠠ ᠡᠷᠬᠡ ᠲᠡᠭᠰᠢ᠂ ᠠᠮᠢᠵᠢᠷᠠᠯ᠎ᠤᠨ ᠬᠦᠴᠦᠨ ᠪᠠ ᠡᠮᠬᠢ ᠳᠢᠭᠯᠢᠮ᠂ ᠤᠯᠤᠰ᠎ᠤᠨ ᠳᠣᠲᠣᠭ᠋ᠠᠳᠤ ᠪᠠ ᠳᠡᠯᠡᠬᠡᠶ ᠵᠢᠨ᠎ᠬᠢᠨ᠎ᠢ ᠨᠢᠭᠡᠳᠦᠯᠲᠡᠶ ᠲᠥᠯᠥᠪᠵᠢᠭᠦᠯᠵᠦ᠂ ᠬᠢᠨᠠᠯᠲᠠ ᠬᠠᠮᠢᠶᠠᠷᠤᠯᠲᠠ ᠵᠢ ᠵᠢᠷᠤᠮᠵᠢᠭᠤᠯᠬᠤ ᠪᠠ ᠬᠥᠭᠵᠢᠯᠲᠡ ᠵᠢ ᠠᠬᠢᠭᠤᠯᠬᠤ ᠵᠢ ᠵᠡᠷᠭᠡ᠎ᠪᠠᠷ ᠴᠢᠬᠤᠯᠠᠴᠢᠯᠠᠵᠤ᠂ ᠬᠣᠶᠠᠷ ᠲᠠᠯ᠎ᠠ ᠵᠢ ᠴᠥᠮ ᠴᠢᠩᠭ᠎ᠠ ᠠᠳᠬᠤᠬᠤ ᠵᠢ ᠪᠠᠷᠢᠮᠳᠠᠯᠠᠵᠤ᠂ ᠲᠦᠷᠢᠮ᠎ᠢ ᠲᠣᠳᠣᠷᠬᠠᠶ᠋ᠢᠯᠠᠵᠤ᠂ ᠬᠣᠷᠢᠭ᠎ᠠ ᠱᠤᠭᠤᠮ᠎ᠢ ᠲᠣᠭᠲᠠᠭ᠋ᠠᠵᠤ᠂ 《ᠤᠯᠠᠭ᠋ᠠᠨ ᠨᠣᠭᠣᠭ᠋ᠠᠨ ᠳ᠋ᠧᠩ》᠎ᠢ ᠰᠠᠶ᠋ᠢᠲᠤᠷ ᠳᠤᠬᠢᠷᠠᠭᠤᠯᠵᠦ᠂ ᠠᠵᠤ ᠠᠬᠤᠶ᠋ᠢᠯᠠᠯ᠎ᠢ ᠬᠦᠲᠦᠯᠦᠨ ᠵᠢᠯᠣᠭᠣᠳᠴᠤ ᠱᠠᠯᠠᠪᠳᠠᠭᠤᠯᠤᠨ ᠱᠠᠭ᠋ᠠᠷᠳᠠᠵᠤ ᠪᠠᠶ᠋ᠢᠭ᠋ᠠᠳ ᠨᠠᠮ᠎ᠤᠨ ᠤᠳᠤᠷᠢᠳᠤᠯᠭ᠎ᠠ ᠵᠢ ᠳᠠᠭ᠋ᠠᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠬᠡ ᠲᠠᠯ᠎ᠠ ᠵᠢ ᠳᠠᠭ᠋ᠠᠬᠤ ᠪᠠ ᠦᠢ᠍ᠯᠡᠴᠢᠯᠡᠭᠦᠯᠵᠦ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢ ᠠᠬᠢᠭᠤᠯᠬᠤ᠂ ᠵᠠᠬ᠎ᠠ ᠳᠡᠯᠭᠡᠭᠦᠷ᠎ᠤᠨ ᠠᠵᠤ ᠠᠬᠤᠶ ᠵᠢ ᠴᠡᠴᠡᠭᠯᠡᠭᠦᠯᠬᠦ᠂ ᠠᠷᠠᠳ᠎ᠤᠨ ᠠᠮᠢᠳᠤᠷᠠᠯ᠎ᠳᠤ ᠲᠥᠬᠥᠮ ᠦᠵᠡᠭᠦᠯᠬᠦ᠂ ᠣᠯᠠᠨ ᠤᠯᠤᠰ᠎ᠤᠨ ᠥᠷᠢᠰᠥᠯᠳᠦᠭᠡᠨ᠎ᠳᠤ ᠣᠷᠣᠯᠴᠠᠬᠤ ᠳᠤᠮᠳᠠ ᠢᠳᠡᠪᠬᠢᠲᠡᠶ ᠦᠢ᠍ᠯᠡᠳᠦᠯ ᠪᠠᠳᠠᠷᠠᠭᠤᠯᠬᠤ ᠵᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠲᠦᠷᠢᠮ᠂ ᠡᠷᠬᠡ ᠲᠡᠭᠰᠢ ᠥᠷᠢᠰᠥᠯᠳᠦᠭᠡᠨ᠎ᠢ ᠬᠢᠨᠠᠨ ᠪᠠᠶ᠋ᠢᠴᠠᠭ᠋ᠠᠬᠤ ᠲᠣᠭᠲᠠᠴᠠ᠂ ᠲᠣᠭ᠋ᠠᠴᠢᠯᠠᠭᠰᠠᠨ ᠠᠵᠤ ᠠᠬᠤᠢ ᠵᠢᠨ ᠡᠷᠬᠡ ᠲᠡᠭᠰᠢ ᠥᠷᠢᠰᠥᠯᠳᠦᠭᠡᠨ᠎ᠢ ᠬᠢᠨᠠᠨ ᠬᠠᠮᠢᠶᠠᠷᠬᠤ ᠲᠦᠷᠢᠮ᠂ ᠵᠠᠰᠠᠭ ᠵᠠᠬᠢᠷᠭ᠋ᠠᠨ᠎ᠤ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠵᠦ ᠥᠷᠢᠰᠥᠯᠳᠦᠭᠡᠨ᠎ᠢ ᠦᠭᠡᠢ᠍ᠢ᠍ᠰᠭᠡᠵᠦ ᠬᠢᠵᠠᠭ᠋ᠠᠷᠯᠠᠬᠤ ᠲᠦᠷᠢᠮ ᠵᠡᠷᠭᠡ ᠵᠢ ᠲᠦᠷᠭᠡᠨ ᠪᠦᠷᠢᠨᠰᠢᠬᠦᠯᠬᠦ ᠬᠡᠷᠡᠭᠲᠡᠢ᠃ 《ᠬᠣᠶᠠᠷ᠎ᠢ ᠦᠯᠦ ᠭᠤᠶ᠋ᠢᠪᠢᠯᠵᠠᠭᠤᠯᠬᠤ》 ᠵᠢ ᠪᠠᠷᠢᠮᠲᠠᠯᠠᠵᠤ᠂ ᠲᠤᠮᠤ ᠳᠤᠮᠳᠠ ᠪᠠᠭ᠎ᠠ ᠠᠵᠤ ᠠᠬᠤᠶ᠋ᠢᠯᠠᠯ᠎ᠤᠨ ᠰᠠᠢ᠍ᠢ᠍ᠨ ᠬᠤᠷᠰᠢᠯᠴᠠᠬᠤ᠂ ᠬᠠᠮᠵᠢᠯᠴᠠᠨ ᠬᠥᠭᠵᠢᠬᠦ ᠰᠠᠢ᠍ᠢ᠍ᠨ ᠰᠠᠶ᠋ᠢᠬᠠᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ ᠵᠢ ᠡᠷᠡᠰ ᠭᠤᠶ᠋ᠢᠪᠢᠰᠢ ᠥᠬᠡᠶ ᠠᠬᠢᠭᠤᠯᠵᠤ᠂ ᠥᠮᠴᠢᠯᠡᠯ᠎ᠤᠨ ᠡᠷᠬᠡ ᠪᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠵᠤ᠂ ᠲᠥᠷᠥ ᠵᠢᠨ ᠪᠣᠳᠣᠯᠭ᠎ᠠ ᠵᠢᠨ ᠢᠯᠡᠴᠡ ᠵᠢᠨ ᠬᠡᠮᠵᠢᠶ᠎ᠡ ᠪᠠ ᠵᠢᠱ᠌ᠢᠵᠦ ᠪᠤᠯᠬᠤᠢ᠍ᠢ᠍ᠴᠠ ᠴᠢᠨᠠᠷ᠎ᠢ ᠴᠢᠩᠭ᠋ᠠᠳᠬᠠᠬᠤ ᠬᠡᠷᠡᠭᠲᠡᠶ᠃ ᠥᠷᠢᠰᠥᠯᠳᠦᠭᠡᠨ᠎ᠤ ᠬᠠᠤᠯᠢ ᠴᠠᠭ᠋ᠠᠵᠠ ᠵᠢᠨ ᠲᠦᠷᠢᠮ ᠪᠣᠯᠤᠨ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠪᠣᠯᠪᠠᠰᠤᠷᠠᠯ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠡᠷᠬᠡ ᠲᠡᠭᠰᠢ᠎ᠪᠠᠷ ᠦᠷᠢᠰᠦᠯᠳᠦᠬᠦ ᠤᠬᠠᠮᠰᠠᠷ᠎ᠢ ᠴᠢᠩᠭ᠋ᠠᠳᠬᠠᠵᠤ᠂ ᠪᠦᠬᠦ ᠨᠡᠶ᠋ᠢᠭᠡᠮ᠎ᠢ ᠬᠦᠳᠦᠯᠦᠨ ᠵᠢᠯᠣᠭᠣᠳᠴᠤ ᠡᠷᠬᠡ ᠲᠡᠭᠰᠢ᠎ᠪᠠᠷ ᠦᠷᠢᠰᠦᠯᠳᠦᠬᠦ ᠵᠢ ᠡᠷᠬᠢᠮᠯᠡᠬᠦ᠂ ᠬᠠᠮᠠᠭ᠋ᠠᠯᠠᠬᠤ ᠪᠠ ᠠᠬᠢᠭᠤᠯᠬᠤ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠪᠦᠷᠢᠯᠳᠦᠭᠦᠯᠬᠦ ᠬᠡᠷᠡᠭᠲᠡᠢ᠃ ᠪᠦᠬᠦ ᠲᠠᠯ᠎ᠠ ᠵᠢᠨ᠂ ᠤᠯᠠᠨ ᠲᠡᠰ ᠳᠠᠪᠬᠤᠷᠭ᠎ᠠ ᠵᠢᠨ᠂ ᠪᠣᠰᠣᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠦᠷᠭᠡᠨ ᠪᠠᠶ᠋ᠢᠭᠤᠯᠵᠤ᠂ ᠤᠴᠢᠷ ᠶᠠᠪᠤᠳᠠᠯ᠎ᠤᠨ ᠡᠮᠦᠨ᠎ᠡ ᠬᠣᠶ᠋ᠢᠨᠠᠬᠢ ᠪᠦᠬᠦ ᠬᠡᠯᠬᠢᠶᠡᠨ᠎ᠤ ᠪᠦᠬᠦ ᠬᠦᠷᠢᠶᠡᠨ᠎ᠤ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠢ ᠨᠥᠬᠥᠪᠥᠷᠢᠯᠡᠵᠦ᠂ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠠᠪᠴᠠᠩᠳᠤ ᠠᠵᠤ ᠠᠬᠤᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠮᠡᠳᠡᠭᠡ ᠵᠠᠩᠭᠢ ᠵᠢᠨ ᠠᠮᠤᠷ ᠲᠦᠪᠰᠢᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠬᠠᠤᠯᠢ ᠬᠡᠷᠡᠭᠵᠢᠭᠦᠯᠵᠦ ᠬᠠᠤᠯᠢ ᠪᠠᠷᠢᠬᠤ ᠠᠵᠢᠯ᠎ᠢ ᠴᠢᠩᠭ᠋ᠠᠳᠬᠠᠬᠤ ᠬᠡᠷᠡᠭᠲᠡᠢ᠃ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠪᠠᠶ᠋ᠢᠭᠤᠯᠤᠮᠵᠢ ᠲᠣᠭᠲᠠᠴᠠ ᠵᠢ ᠲᠡᠭᠦᠯᠳᠡᠷᠵᠢᠭᠦᠯᠵᠦ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠵᠢᠨ ᠬᠦᠴᠦᠨ᠎ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠤᠯᠤᠰ᠎ᠤᠨ ᠨᠥᠭᠡᠴᠡᠯᠡᠯᠲᠡ ᠵᠢᠨ ᠦᠵᠦ ᠲᠥᠯᠥᠪᠯᠡᠭᠡ ᠵᠢ ᠴᠢᠩᠭ᠋ᠠᠳᠬᠠᠵᠤ᠂ ᠨᠥᠭᠡᠴᠡᠯᠡᠯᠲᠡ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠲᠥᠪ᠎ᠤᠨ ᠵᠠᠰᠠᠭ᠎ᠤᠨ ᠣᠷᠳᠣᠨ᠎ᠤ ᠨᠥᠭᠡᠴᠡᠯᠡᠯᠲᠡ᠎ᠳᠤ ᠲᠥᠪᠯᠡᠷᠡᠩᠭᠦᠢ ᠨᠢᠭᠡᠳᠦᠯᠲᠡᠢ ᠬᠠᠮᠢᠶᠠᠷᠤᠯᠲᠠ ᠵᠢ ᠬᠡᠷᠡᠭᠵᠢᠭᠦᠯᠵᠦ᠂ ᠪᠦᠬᠦ ᠤᠯᠤᠰ᠎ᠢ ᠪᠦᠷᠬᠦᠭᠦᠯᠦᠭᠰᠡᠨ ᠡᠳ᠋ ᠪᠣᠳᠠᠰ᠎ᠤᠨ ᠨᠥᠭᠡᠴᠡᠯᠡᠯᠲᠡ ᠪᠣᠯᠤᠨ ᠰᠢᠯᠵᠢᠭᠦᠯᠦᠨ ᠲᠡᠭᠡᠭᠡᠪᠦᠷᠢᠯᠡᠬᠦ ᠰᠠᠭᠤᠷᠢ ᠲᠥᠬᠥᠭᠡᠷᠦᠮᠵᠢ ᠵᠢᠨ ᠲᠣᠣᠷ᠎ᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠨᠥᠭᠡᠴᠡᠯᠡᠯᠲᠡ ᠵᠢᠨ ᠰᠠᠭᠤᠷᠢ ᠪᠣᠯᠤᠨ ᠪᠣᠳᠠᠲᠤ ᠬᠦᠴᠦᠨ ᠲᠠᠰᠤᠷᠠᠯᠳᠠ ᠦᠭᠡᠢ ᠴᠢᠩᠭ᠋ᠠᠷᠠᠵᠤ᠂ ᠬᠦᠨᠳᠦ ᠶᠡᠬᠡ ᠠᠶᠤᠯ ᠲᠦᠭᠰᠢᠭᠦᠷᠢ ᠵᠢ ᠨᠠᠮᠳᠠᠭ᠋ᠠᠨ ᠰᠢᠢ᠍ᠳᠪᠦᠷᠢᠯᠡᠬᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠪᠦᠲᠦᠮᠵᠢᠲᠡᠢ ᠠᠷᠭ᠋ᠠᠴᠠᠭ᠋ᠠᠬᠤ ᠳᠤᠮᠳᠠ ᠴᠢᠬᠤᠯᠠ ᠦᠢ᠍ᠯᠡᠳᠦᠯ ᠦᠵᠡᠭᠦᠯᠪᠡ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠮᠠᠨ᠎ᠤ ᠤᠯᠤᠰ ᠪᠣᠯ ᠲᠤᠮᠤ ᠤᠯᠤᠰ ᠮᠥᠨ᠂ ᠡᠷᠬᠡᠪᠰᠢ ᠲᠤᠮᠤ ᠤᠯᠤᠰ᠎ᠤᠨ ᠪᠠᠶ᠋ᠢᠷᠢ ᠰᠠᠭᠤᠷᠢ᠎ᠲᠠᠢ ᠵᠣᠬᠢᠴᠠᠭᠰᠠᠨ ᠤᠯᠤᠰ᠎ᠤᠨ ᠨᠥᠭᠡᠴᠡ ᠪᠣᠳᠠᠲᠤ ᠬᠦᠴᠦᠨ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ ᠵᠢ ᠪᠦᠷᠢᠯᠳᠦᠭᠦᠯᠬᠦ ᠬᠡᠷᠡᠭᠲᠡᠢ᠃ 《ᠶᠠᠭᠤ ᠨᠥᠭᠡᠴᠡᠯᠡᠬᠦ》᠂ 《ᠬᠡᠨ ᠨᠥᠭᠡᠴᠡᠯᠡᠬᠦ》᠂ 《ᠶᠠᠭ᠋ᠠᠬᠢᠵᠤ ᠨᠥᠭᠡᠴᠡᠯᠡᠬᠦ》 ᠠᠰᠠᠭᠤᠳᠠᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠰᠢᠢ᠍ᠳᠪᠦᠷᠢᠯᠡᠵᠦ᠂ ᠨᠥᠭᠡᠴᠡᠯᠡᠬᠦ ᠲᠥᠷᠥᠯ ᠵᠦᠢ᠍ᠯ᠂ ᠬᠡᠪᠴᠢᠶ᠎ᠡ᠂ ᠪᠦᠲᠦᠴᠡ ᠵᠢ ᠰᠢᠰᠲ᠋ᠧᠮ᠎ᠲᠠᠢ ᠲᠥᠯᠥᠪᠵᠢᠭᠦᠯᠦᠨ ᠰᠢᠨᠵᠢᠯᠡᠬᠦ ᠤᠬᠠᠭ᠋ᠠᠨᠴᠢ᠎ᠪᠠᠷ ᠰᠢᠯᠢᠳᠡᠭᠵᠢᠭᠦᠯᠵᠦ᠂ ᠵᠠᠩᠭᠢᠯᠠᠭ᠎ᠠ ᠵᠢᠨ ᠲᠥᠷᠥᠯ ᠵᠦᠢ᠍ᠯ᠎ᠤᠨ ᠡᠳ᠋ ᠪᠣᠳᠠᠰ᠎ᠤᠨ ᠳᠤᠲᠠᠭᠤᠳᠠᠯ᠎ᠢ ᠲᠦᠷᠭᠡᠨ ᠪᠦᠭᠡᠳ ᠭᠦᠢ᠍ᠴᠡᠳ ᠨᠥᠬᠥᠪᠥᠷᠢᠯᠡᠬᠦ ᠬᠡᠷᠡᠭᠲᠡᠶ᠃ ᠪᠠᠶ᠋ᠢᠯᠳᠤᠬᠤ ᠪᠤᠳᠤᠯᠭ᠎ᠠ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠡᠳ᠋ ᠪᠣᠳᠠᠰ ᠨᠥᠭᠡᠴᠡᠯᠡᠬᠦ ᠨᠢᠭᠡᠳᠦᠯᠲᠡᠢ ᠰᠢᠰᠲ᠋ᠧᠮ᠎ᠢ ᠲᠦᠷᠭᠡᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠎ᠠᠴᠠ ᠭᠤᠤᠯ ᠵᠢᠯᠤᠭᠤᠳᠬᠤ᠂ ᠨᠡᠶ᠋ᠢᠭᠡᠮ ᠨᠡᠢ᠍ᠢ᠍ᠲᠡ᠎ᠪᠠᠷ ᠵᠶ᠋ᠠᠨ ᠬᠠᠮᠲᠤ᠎ᠪᠠᠷ ᠪᠠᠶ᠋ᠢᠭᠤᠯᠬᠤ᠂ ᠤᠯᠠᠨ ᠡᠰᠢᠴᠢᠯᠡᠨ ᠬᠠᠷᠢᠯᠴᠠᠨ ᠨᠥᠬᠥᠪᠥᠷᠢᠯᠡᠬᠦ ᠵᠢ ᠪᠠᠷᠢᠮᠲᠠᠯᠠᠵᠤ᠂ ᠲᠥᠪ ᠪᠣᠯᠤᠨ ᠣᠷᠣᠨ ᠨᠤᠲᠤᠭ᠂ ᠪᠣᠳᠠᠲᠤ ᠪᠣᠳᠠᠰ ᠪᠣᠯᠤᠨ ᠦᠢ᠍ᠯᠡᠳᠪᠦᠷᠢᠯᠡᠯ᠎ᠤᠨ ᠴᠢᠳᠠᠪᠤᠷᠢ᠂ ᠵᠠᠰᠠᠭ᠎ᠤᠨ ᠣᠷᠳᠣᠨ ᠪᠣᠯᠤᠨ ᠠᠵᠤ ᠠᠬᠤᠶ᠋ᠢᠯᠠᠯ᠎ᠤᠨ ᠨᠥᠭᠡᠴᠡᠯᠡᠯᠳᠡ ᠵᠢ ᠤᠶᠠᠯᠳᠤᠭᠤᠯᠤᠭᠰᠠᠨ ᠨᠥᠭᠡᠴᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠴᠢᠬᠤᠯᠠ ᠡᠳ᠋ ᠪᠣᠳᠠᠰ ᠦᠢ᠍ᠯᠡᠳᠪᠦᠷᠢᠯᠡᠬᠦ ᠴᠢᠳᠠᠪᠤᠷᠢ ᠵᠢᠨ ᠪᠠᠲᠤᠯᠠᠭ᠎ᠠ ᠪᠣᠯᠤᠨ ᠣᠷᠣᠨ ᠪᠦᠰᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠨᠥᠭᠡᠴᠡᠯᠡᠬᠦ ᠬᠠᠷᠢᠭᠤᠴᠠᠯᠭ᠎ᠠ ᠵᠢ ᠲᠦᠷᠦᠯ ᠬᠤᠪᠢᠶᠠᠨ ᠱᠠᠳᠤ ᠬᠤᠪᠢᠶᠠᠨ ᠨᠠᠶ᠋ᠢᠳᠠᠪᠤᠷᠢᠵᠢᠭᠤᠯᠵᠤ᠂ ᠨᠥᠭᠡᠴᠡᠯᠡᠬᠦ ᠵᠠᠭᠪᠤᠷ᠎ᠢ ᠲᠡᠭᠦᠯᠳᠡᠷᠵᠢᠭᠦᠯᠵᠦ᠂ ᠨᠥᠭᠡᠴᠡᠯᠡᠬᠦ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠬᠦ ᠬᠡᠷᠡᠭᠲᠡᠢ᠃ ᠪᠠᠶ᠋ᠢᠯᠳᠤᠬᠤ ᠪᠤᠳᠤᠯᠭ᠎ᠠ ᠵᠢᠨ ᠨᠥᠭᠡᠴᠡ ᠵᠢᠨ ᠵᠠᠬ᠎ᠠ ᠳᠡᠯᠭᠡᠭᠦᠷ᠎ᠤᠨ ᠲᠤᠬᠢᠷᠠᠭᠤᠯᠬᠤ ᠲᠤᠭᠳᠠᠴᠠ ᠵᠢ ᠲᠡᠭᠦᠯᠳᠡᠷᠵᠢᠭᠦᠯᠵᠦ᠂ ᠶᠡᠬᠡ ᠬᠡᠮᠵᠢᠶᠡᠨ᠎ᠤ ᠲᠠᠸᠠᠷ᠎ᠤᠨ ᠨᠥᠭᠡᠴᠡ ᠪᠠ ᠲᠤᠬᠢᠷᠠᠭᠤᠯᠬᠤ ᠴᠢᠳᠠᠪᠤᠷᠢ ᠵᠢ ᠨᠡᠮᠡᠭᠳᠡᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠨᠥᠭᠡᠴᠡ ᠵᠢᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ ᠴᠢᠳᠠᠮᠵᠢ ᠵᠢ ᠨᠡᠩ ᠰᠠᠢ᠍ᠢ᠍ᠨ ᠪᠠᠳᠠᠷᠠᠭᠤᠯᠬᠤ ᠬᠡᠷᠡᠭᠲᠡᠢ᠃ ᠤᠯᠤᠰ᠎ᠤᠨ ᠨᠥᠭᠡᠴᠡᠯᠡᠯᠲᠡ ᠵᠢᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠲᠤᠰᠬᠠᠢ ᠬᠢᠨᠠᠯᠲᠠ ᠬᠠᠮᠢᠶᠠᠷᠤᠯᠲᠠ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ᠂ ᠬᠠᠷᠢᠶ᠎ᠠ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠨᠡᠢ᠍ᠢ᠍ᠯᠡᠮᠡᠯ ᠬᠦᠴᠦ ᠵᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠤᠢ᠍ᠢ᠍ᠷ᠎ᠠ ᠵᠢᠨ ᠵᠢᠯ᠎ᠠᠴᠠ ᠨᠠᠭ᠋ᠠᠰᠢ᠂ ᠪᠢᠳᠡᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠠᠬᠢᠭᠤᠯᠤᠭᠰᠠᠨ ᠠᠷᠭ᠎ᠠ ᠬᠡᠮᠵᠢᠶ᠎ᠡ ᠪᠣᠳᠠᠲᠠᠢ᠂ ᠡᠷᠴᠢᠮ ᠬᠦ᠍ᠴᠦᠨ᠎ᠲᠠᠢ᠂ ᠦᠷ᠎ᠡ ᠪᠦᠲᠦᠮᠵᠢ ᠢᠯᠡᠳᠲᠡ ᠪᠣᠯᠤᠭᠰᠠᠨ᠎ᠨᠢ ᠤᠷᠢᠳ ᠡᠮᠦᠨ᠎ᠡ ᠭᠠᠷᠤᠭ᠎ᠠ ᠦᠭᠡᠢ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠮᠠᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠎ᠪᠠᠷ ᠭᠤᠤᠯ ᠪᠠᠶ᠋ᠢᠯᠳᠤᠬᠤ ᠪᠣᠳᠣᠯᠭ᠎ᠠ ᠵᠢᠨ ᠴᠢᠭᠯᠡᠯ ᠪᠣᠯᠭ᠋ᠠᠬᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠶ᠋ᠢᠵᠢᠷᠠᠯᠲᠠ ᠵᠢᠨ ᠲᠣᠭ᠋ᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ᠎ᠳᠤ ᠬᠥᠷᠬᠥ ᠵᠢ ᠪᠡᠶᠡᠯᠡᠭᠦᠯᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠎ᠳᠤ   ᠬᠣᠯᠪᠣᠭᠳᠠᠬᠤ   ᠵᠥᠷᠢᠴᠡᠯ   ᠠᠰᠠᠭᠤᠳᠠᠯ ᠎ᠤᠨ   ᠲᠠᠰ   ᠳᠠᠪᠬᠤᠷᠭ᠎ᠠ   ᠨᠠᠩ   ᠭᠦᠨ  ᠂   ᠬᠦᠷᠢᠶ᠎ᠡ   ᠬᠡᠪᠴᠢᠶ᠎ᠡ ᠨᠠᠩ ᠥᠷᠭᠡᠨ᠂ ᠱᠠᠭ᠋ᠠᠷᠳᠠᠯᠭ᠎ᠠ ᠴᠤ᠌ ᠨᠠᠩ ᠥᠨᠳᠥᠷ ᠪᠣᠯᠵᠠᠶ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠡᠷᠴᠢᠮ᠎ᠢ ᠪᠠᠲᠤᠯᠠᠵᠤ᠂ ᠭᠦᠨᠴᠡ ᠵᠢ ᠤᠷᠲᠤᠳᠬᠠᠵᠤ᠂ ᠥᠷᠭᠡᠴᠡ ᠵᠢ ᠥᠷᠭᠡᠳᠬᠡᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠣᠣᠯᠳᠠᠯᠭ᠎ᠠ᠎ᠲᠠᠢ ᠬᠦᠷᠢᠶ᠎ᠡ ᠪᠣᠯᠤᠨ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂ ᠬᠦᠴᠦᠨ ᠵᠶ᠋ᠠᠨ ᠲᠥᠪᠯᠡᠷᠡᠭᠦᠯᠦᠨ ᠠᠷᠠᠳ ᠤᠯᠠᠨ᠎ᠤ ᠳᠡᠷᠭᠡᠳᠡᠬᠢ ᠠᠮᠢ ᠠᠬᠤᠢ ᠣᠷᠴᠢᠨ ᠲᠣᠭᠣᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠤᠯᠠᠨ ᠪᠣᠬᠢᠷᠲᠤᠯ ᠪᠣᠳᠠᠰ᠎ᠢ ᠬᠠᠮᠵᠢᠯᠴᠠᠨ ᠬᠢᠵᠠᠭ᠋ᠠᠷᠯᠠᠬᠤ ᠪᠠ ᠣᠷᠣᠨ ᠪᠦᠰᠡ ᠵᠢ ᠬᠠᠮᠵᠢᠯᠴᠠᠨ ᠵᠠᠰᠠᠬᠤ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠵᠦ᠂ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠰᠢᠨ᠎ᠡ ᠪᠣᠬᠢᠷᠲᠤᠯ ᠪᠣᠳᠠᠰ᠎ᠤᠨ ᠵᠠᠰᠠᠯᠲᠠ ᠵᠢ ᠴᠢᠩᠭ᠋ᠠᠳᠬᠠᠵᠤ᠂ 《ᠬᠠᠷᠢ ᠵᠢᠨ ᠬᠣᠭ ᠨᠣᠪᠰᠢ》 ᠵᠢ ᠭᠠᠳᠠᠭ᠋ᠠᠳᠤ᠎ᠠᠴᠠ ᠣᠷᠣᠭᠤᠯᠬᠤ ᠵᠢ ᠪᠦᠬᠦ ᠲᠠᠯ᠎ᠠ᠎ᠪᠠᠷ ᠴᠠᠭ᠋ᠠᠵᠠᠯᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠭᠣᠣᠯᠳᠠᠯᠭ᠎ᠠ᠎ᠲᠠᠢ ᠣᠷᠣᠨ ᠪᠦᠰᠡ᠂ ᠴᠢᠬᠤᠯᠠ ᠬᠦᠷᠢᠶ᠎ᠡ᠂ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠵᠢᠨ ᠲᠠᠯ᠎ᠠ᠎ᠪᠠᠷ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠬᠤ ᠬᠡᠷᠡᠭᠲᠡᠢ᠃ ᠠᠮᠢ ᠠᠬᠤᠢ ᠵᠢᠨ ᠰᠢᠰᠲ᠋ᠧᠮ᠎ᠤᠨ ᠪᠦᠬᠦᠯᠢ ᠴᠣᠭᠴᠠᠲᠤ ᠴᠢᠨᠠᠷ᠎ᠠᠴᠠ ᠡᠭᠦᠰᠴᠦ᠂ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠨᠡᠩ ᠴᠢᠬᠤᠯᠠᠴᠢᠯᠠᠵᠤ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠨᠢᠭᠡ ᠴᠤᠬ᠍ᠴᠠᠵᠢᠭᠤᠯᠤᠨ ᠲᠥᠯᠥᠪᠵᠢᠭᠦᠯᠬᠦ᠂ ᠨᠢᠭᠡ ᠴᠤᠬ᠍ᠴᠠᠵᠢᠭᠤᠯᠤᠨ ᠪᠠᠶ᠋ᠢᠷᠢᠯᠠᠭᠤᠯᠬᠤ᠂ ᠨᠢᠭᠡ ᠴᠤᠬ᠍ᠴᠠᠵᠢᠭᠤᠯᠤᠨ ᠠᠬᠢᠭᠤᠯᠬᠤ᠂ ᠨᠢᠭᠡ ᠴᠤᠬ᠍ᠴᠠᠵᠢᠭᠤᠯᠤᠨ ᠬᠢᠨᠠᠨ ᠰᠢᠯᠭ᠋ᠠᠬᠤ ᠲᠦᠷᠢᠮ ᠲᠣᠭᠲᠠᠴᠠ ᠵᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠠᠮᠢ ᠠᠬᠤᠢ ᠵᠢ ᠬᠠᠮᠠᠭ᠋ᠠᠯᠠᠬᠤ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠵᠢ ᠠᠬᠢᠭᠤᠯᠵᠤ᠂ ᠶᠡᠬᠡ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠠᠵᠢᠯᠯᠠᠭ᠎ᠠ ᠥᠷᠨᠢᠭᠦᠯᠵᠦ᠂ ᠣᠷᠴᠢᠨ ᠲᠣᠭᠣᠷᠢᠨ᠎ᠤ ᠪᠠᠭᠲᠠᠭ᠋ᠠᠮᠵᠢ ᠵᠢ ᠥᠷᠭᠡᠳᠬᠡᠬᠦ ᠵᠢᠨ ᠬᠠᠮᠲᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭᠤᠷᠠᠭᠤᠯᠬᠤ ᠬᠡᠷᠡᠭᠲᠡᠢ᠃ ᠠᠵᠤ ᠦᠢ᠍ᠯᠡᠰ᠎ᠤᠨ ᠪᠦᠲᠦᠴᠡ᠂ ᠡᠨᠧᠷᠭᠢ ᠵᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠵᠢᠨ ᠲᠤᠬᠢᠷᠠᠭᠤᠯᠤᠯᠳᠠ ᠵᠢ ᠲᠦᠷᠭᠡᠳᠬᠡᠨ ᠠᠬᠢᠭᠤᠯᠵᠤ᠂ 《ᠬᠣᠶᠠᠷ ᠶᠡᠭᠡᠳᠠᠢ》 ᠲᠦᠷᠦᠯ ᠵᠦᠢ᠍ᠯ᠎ᠢ ᠵᠥᠪᠰᠢᠶᠡᠷᠡᠬᠦ ᠪᠣᠭᠣᠮᠲᠠ ᠵᠢ ᠴᠢᠩᠭ᠎ᠠ ᠰᠠᠬᠢᠵᠤ᠂ ᠡᠬᠢ ᠪᠠᠶᠠᠯᠢᠭ᠎ᠢ ᠠᠷᠪᠢᠯᠠᠨ ᠥᠨᠳᠥᠷ ᠪᠦᠲᠦᠮᠵᠢᠲᠡᠢ ᠠᠰᠢᠠᠠᠯᠠᠬᠤ ᠵᠢ ᠠᠬᠢᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠲᠦ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠬᠤ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠤᠳᠤ ᠦᠶ᠎ᠡ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲᠸᠮ᠎ᠢ ᠲᠦᠷᠭᠡᠳᠬᠡᠨ ᠪᠠᠶ᠋ᠢᠭᠤᠯᠵᠤ᠂ ᠬᠠᠤᠯᠢᠵᠢᠯ᠎ᠤᠨ ᠪᠠᠲᠤᠯᠠᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠣᠷᠴᠢᠨ ᠲᠣᠭᠣᠷᠢᠨ᠎ᠤ ᠠᠵᠤ ᠠᠬᠤᠢ ᠵᠢᠨ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠪᠡᠯᠡ ᠮᠥᠩᠭᠥ ᠵᠢᠨ ᠣᠷᠣᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠰᠢᠰᠲ᠋ᠧᠮ᠎ᠤᠨ ᠬᠢᠨᠠᠯᠲᠠ ᠬᠠᠮᠢᠶᠠᠷᠤᠯᠲᠠ ᠪᠠ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠭᠰᠡᠨ ᠠᠵᠢᠯᠯᠠᠭ᠎ᠠ᠎ᠳᠤ ᠶᠠᠭ᠋ᠠᠬᠢᠭᠰᠠᠨ ᠴᠤ᠌ ᠢᠯᠳᠠᠷ ᠬᠠᠶᠠᠵᠤ ᠪᠣᠯᠬᠤ ᠦᠭᠡᠢ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠴᠢᠩᠭ᠎ᠠ ᠰᠢᠢ᠍ᠳᠬᠡᠵᠦ ᠬᠦᠨᠳᠦ᠎ᠪᠠᠷ ᠰᠢᠢ᠍ᠳᠬᠡᠬᠦ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠬᠤ ᠵᠢ ᠠᠩᠬᠠᠷᠴᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠢᠯᠭ᠋ᠠᠭ᠎ᠠ᠎ᠲᠠᠢ ᠬᠠᠨᠳᠤᠵᠤ᠂ ᠪᠦᠬᠦᠨ᠎ᠢ ᠠᠳᠠᠯᠢ᠎ᠪᠠᠷ ᠱᠠᠭ᠋ᠠᠷᠳᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠠᠵᠢᠯ ᠪᠣᠯ ᠨᠠᠮ ᠪᠣᠯᠤᠨ ᠤᠯᠤᠰ᠎ᠤᠨ ᠬᠢᠨᠠᠯᠲᠠ ᠲᠠᠯᠪᠢᠬᠤ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠠᠵᠢᠯ᠎ᠳᠤ ᠲᠦᠷᠢᠮ᠎ᠤᠨ ᠲᠣᠬᠢᠷᠠᠭᠤᠯᠤᠯᠲᠠ ᠬᠢᠵᠦ᠂ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠨᠢᠭᠡ ᠪᠦᠯᠦᠭ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ᠎ᠳᠤ ᠲᠤᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠵᠤ᠂ ᠤᠯᠤᠰ᠎ᠤᠨ ᠴᠢᠬᠤᠯᠠ ᠶᠡᠬᠡ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ᠂ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭ᠋ᠠᠴᠠᠭ᠋ᠠᠭᠰᠠᠨ ᠦᠷ᠎ᠡ ᠪᠦᠲᠦᠮᠵᠢ᠂ ᠠᠷᠠᠳ ᠤᠯᠠᠨ᠎ᠤ ᠲᠤᠰᠬᠠᠬᠰᠠᠨ ᠲᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠭᠰᠡᠨ ᠪᠠᠶ᠋ᠢᠳᠠᠯ ᠵᠡᠷᠭᠡ ᠵᠢ ᠭᠣᠣᠯᠳᠠᠯᠭ᠎ᠠ᠎ᠲᠠᠢ ᠬᠢᠨᠠᠨ ᠪᠠᠢ᠍ᠢ᠍ᠴᠠᠭ᠋ᠠᠵᠤ ᠦᠨᠡᠯᠡᠬᠦ ᠬᠡᠷᠡᠭᠲᠡᠢ᠃ ᠲᠣᠭ᠎ᠠ ᠪᠦᠷᠢᠳᠬᠡᠯ᠎ᠤᠨ ᠲᠦᠷᠢᠮ᠎ᠤᠨ ᠠᠷᠭ᠎ᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠵᠢ ᠪᠡᠬᠢᠵᠢᠭᠦᠯᠵᠦ᠂ ᠪᠠᠶ᠋ᠢᠳᠠᠯ᠎ᠢ ᠲᠣᠳᠣᠷᠬᠠᠢ ᠣᠶ᠋ᠢᠯᠠᠭ᠋ᠠᠵᠤ᠂ ᠲᠣᠭ᠎ᠠ ᠪᠠᠷᠢᠮᠲᠠ ᠵᠢ ᠣᠨᠣᠪᠴᠢᠲᠠᠢ ᠡᠵᠡᠮᠰᠢᠵᠦ᠂ ᠬᠢᠨᠠᠯᠲᠠ ᠲᠠᠯᠪᠢᠭᠰᠠᠨ ᠦᠷ᠎ᠡ ᠳ᠋ᠦᠩ᠎ᠢ ᠦᠢ᠍ᠯᠡᠳᠦᠯᠭᠡ ᠪᠠ ᠲᠡᠦᠬᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠪᠣᠯᠭ᠋ᠠᠬᠤ ᠬᠡᠷᠡᠭᠲᠡᠢ᠃ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠪᠣᠯᠤᠨ ᠰᠠᠬᠢᠯᠭ᠎ᠠ ᠪᠠᠲᠤ ᠵᠢᠨ ᠬᠢᠨᠠᠯᠲᠠ ᠲᠠᠯᠪᠢᠬᠤ᠂ ᠵᠣᠬᠢᠶᠠᠨ ᠪᠠᠶ᠋ᠢᠭᠤᠯᠤᠯᠲᠠ ᠵᠢᠨ ᠬᠢᠨᠠᠯᠲᠠ ᠲᠠᠯᠪᠢᠬᠤ᠂ ᠲᠣᠭᠣᠷᠢᠨ ᠪᠠᠶ᠋ᠢᠴᠠᠭ᠋ᠠᠯᠲᠠ ᠵᠢᠨ ᠬᠢᠨᠠᠯᠲᠠ ᠲᠠᠯᠪᠢᠬᠤ᠂ ᠬᠢᠨᠠᠨ ᠪᠤᠳᠤᠯᠲᠠ ᠵᠢᠨ ᠬᠢᠨᠠᠯᠲᠠ ᠲᠠᠯᠪᠢᠬᠤ ᠵᠡᠷᠭᠡ ᠵᠢ ᠨᠢᠭᠡᠳᠦᠯᠲᠡᠢ ᠲᠥᠯᠥᠪᠵᠢᠭᠦᠯᠦᠨ ᠵᠣᠯᠭ᠋ᠠᠭᠤᠯᠬᠤ ᠵᠢ ᠠᠬᠢᠭᠤᠯᠵᠤ᠂ ᠠᠵᠢᠯ᠎ᠤᠨ ᠵᠣᠬᠢᠴᠠᠭᠤᠯᠭ᠎ᠠ ᠪᠣᠯᠤᠨ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠠᠵᠢᠯ᠎ᠤᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠵᠤ᠂ ᠲᠥᠪ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠢᠲᠡᠭᠡᠯ ᠪᠢᠰᠢᠷᠡᠯ ᠵᠶ᠋ᠠᠨ ᠪᠠᠲᠤᠳᠬᠠᠵᠤ ᠨᠠᠮ᠎ᠳᠠᠭᠠᠨ ᠦᠨᠡᠨᠴᠢ ᠰᠢᠳᠤᠷᠭᠤ ᠦᠨᠡᠨ᠎ᠠᠴᠠ ᠵᠥᠪ᠎ᠢ ᠡᠷᠢᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠦ ᠶᠡᠬᠡ ᠬᠡᠷᠡᠭᠴᠡᠭᠡ᠎ᠲᠠᠢ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦ ᠲᠤᠯᠭ᠋ᠠᠭᠤᠷᠢ ᠴᠢᠳᠠᠪᠤᠷᠢᠲᠠᠨ ᠪᠣᠯᠬᠤ᠎ᠪᠠᠷ ᠴᠢᠷᠮᠠᠢ᠌ᠬᠤ ᠬᠡᠷᠡᠭᠲᠡᠢ ᠸᠠᠩ ᠬᠤ᠌ ᠨᠢᠩ ᠣᠷᠣᠯᠴᠠᠵᠠᠢ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠵᠤ 《ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠶ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠪᠡ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ
ᠰᠢ ᠵᠢᠨ ᠫᠢᠩ 2021 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠤ ᠪᠦᠬᠦ ᠪᠥᠮᠪᠥᠷᠴᠡᠭ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠵᠦ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠵᠤ ᠲᠥᠷᠥ ᠵᠢᠨ ᠪᠣᠳᠣᠯᠭ᠎ᠠ ᠵᠢᠨ ᠨᠥᠭᠡᠴᠡᠯᠡᠯ᠎ᠢ ᠴᠢᠩᠭ᠋ᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠵᠢ ᠰᠠᠢ᠌ᠲᠤᠷ ᠬᠢᠬᠦ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠵᠢᠷᠭᠤᠳᠤᠭ᠋ᠠᠷ ᠬᠤᠭᠤᠴᠠᠭ᠋ᠠᠨ᠎ᠤ ᠳᠣᠷᠣᠨᠠᠳᠠᠬᠢᠨ᠎ᠤ ᠠᠵᠤ ᠠᠬᠤᠢ ᠵᠢᠨ ᠶᠠᠷᠢᠶᠠᠨ᠎ᠤ ᠲᠠᠪᠴᠠᠩ᠎ᠤᠨ ᠪᠦᠬᠦᠳᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ
 
            