ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠳᠤ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠲᠤᠰᠬᠠᠢ ᠪᠤᠯᠤᠩ ᠨᠡᠭᠡᠭᠡᠪᠡ
ᠨᠡᠶ᠋ᠢᠲᠡᠯᠡᠭᠰᠡᠨ ᠴᠠᠭ᠄ 2021-09-02

      ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠳᠤ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠬᠢᠵᠠᠭ᠋ᠠᠷᠯᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠲᠤᠰᠬᠠᠢ ᠪᠤᠯᠤᠩ ᠨᠡᠭᠡᠭᠡᠪᠡ
      ᠡᠯ᠎ᠡ ᠭᠠᠵᠠᠷ᠎ᠤᠨ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠵᠢ ᠨᠢᠭᠡᠳᠦᠯᠲᠡᠶ᠎ᠪᠠᠷ ᠢᠯᠡ ᠪᠣᠯᠭ᠋ᠠᠵᠤ᠂ ᠨᠢᠭᠡ ᠯᠡ ᠰᠦᠯᠵᠢᠶ᠎ᠡ᠎ᠪᠠᠷ ᠨᠡᠶ᠋ᠢᠳᠡᠮ ᠪᠠᠶ᠋ᠢᠴᠠᠭ᠋ᠠᠬᠤ ᠵᠢ ᠪᠡᠶᠡᠯᠡᠭᠦᠯᠪᠡ
      ᠰᠢᠨᠬᠤᠸᠠ ᠬᠣᠷᠢᠶᠠᠨ᠎ᠤ ᠪᠡᠭᠡᠵᠢᠩ᠎ᠤᠨ 8 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠴᠠᠬᠢᠯᠭ᠋ᠠᠨ ᠮᠡᠳᠡᠭᠡ   ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠨᠡᠩ ᠰᠠᠶ᠋ᠢᠨ ᠨᠢᠭᠡᠳᠦᠯᠲᠡᠶ ᠲᠥᠯᠥᠪᠯᠡᠬᠦ ᠵᠢ ᠠᠬᠢᠭᠤᠯᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠬᠡᠷᠡᠭᠴᠡᠭᠡ ᠵᠢ ᠤᠯᠠᠮ ᠨᠢᠭᠡ ᠠᠯᠬᠤᠮ ᠬᠠᠩᠭ᠋ᠠᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠲᠦᠷᠦᠭᠦᠬᠡᠨ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠡᠷᠡᠭᠯᠡᠭᠴᠢ ᠵᠢᠨ ᠦᠵᠦᠭᠦᠷ᠎ᠤᠨ ᠵᠢᠵᠢᠭ ᠫᠷᠤᠭ᠌ᠷᠠᠮ᠎ᠳᠤ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠲᠤᠰᠬᠠᠶ ᠪᠤᠯᠤᠩ ᠭᠠᠷᠭ᠋ᠠᠵᠤ᠂ ᠡᠯ᠎ᠡ ᠭᠠᠵᠠᠷ᠎ᠤᠨ ᠡᠷᠬᠡ ᠰᠦᠷ᠎ᠲᠠᠢ᠂ ᠣᠨᠣᠪᠴᠢᠲᠠᠶ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠢᠭᠡᠳᠦᠯᠲᠡᠶ᠎ᠪᠠᠷ ᠢᠯᠡ ᠨᠡᠢ᠌ᠲᠡᠯᠡᠬᠦ ᠵᠢ ᠪᠡᠶᠡᠯᠡᠭᠦᠯᠪᠡ᠃
      ᠠᠵᠤ ᠠᠬᠤᠶ᠋ᠢᠯᠠᠯ ᠪᠠ ᠣᠯᠠᠨ ᠲᠦᠮᠡᠨ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠡᠷᠡᠭᠯᠡᠭᠴᠢ ᠵᠢᠨ ᠦᠵᠦᠭᠦᠷ᠎ᠤᠨ ᠵᠢᠵᠢᠭ ᠫᠷᠤᠭ᠌ᠷᠠᠮ᠎ᠳᠤ ᠨᠡᠪᠲᠡᠷᠡᠨ ᠣᠷᠣᠪᠠᠯ᠂ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢᠨ ᠲᠤᠰᠬᠠᠶ ᠪᠤᠯᠤᠩ᠎ᠳᠤ ᠣᠷᠣᠵᠤ ᠡᠯ᠎ᠡ ᠭᠠᠵᠠᠷ᠎ᠤᠨ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠠᠢ᠌ᠨ ᠯᠠᠪᠯᠠᠵᠤ ᠪᠣᠯᠬᠤ ᠪᠥᠭᠡᠳ ᠭᠠᠵᠠᠷ ᠣᠷᠣᠨ ᠠᠯᠤᠰᠯᠠᠨ ᠨᠠᠭ᠋ᠠᠰᠢ ᠴᠠᠭ᠋ᠠᠰᠢ ᠶᠠᠪᠤᠵᠤ ᠰᠠᠭᠤᠬᠤ᠎ᠳᠤ ᠬᠢᠵᠢᠭ᠎ᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢᠨ 《ᠴᠡᠭ᠎ᠠᠴᠠ ᠴᠡᠭ᠎ᠲᠤ ᠬᠥᠷᠬᠥ》 ᠰᠦᠯᠵᠢᠶᠡᠨ ᠳᠡᠭᠡᠷ᠎ᠡ ᠬᠠᠢ᠌ᠨ ᠯᠠᠪᠯᠠᠬᠤ ᠦᠢ᠍ᠯᠡᠴᠢᠯᠡᠭᠡ ᠵᠢ ᠴᠠᠭ ᠲᠤᠬᠠᠶ᠎ᠳᠤ᠎ᠨᠢ ᠣᠢ᠌ᠯᠠᠭ᠋ᠠᠵᠤ ᠪᠣᠯᠤᠨ᠎ᠠ᠃
      ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠲᠤᠰᠬᠠᠶ ᠪᠤᠯᠤᠩ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠡᠯ᠎ᠡ ᠭᠠᠵᠠᠷ᠎ᠤᠨ ᠬᠢᠵᠢᠭ᠎ᠢ ᠰᠡᠷᠭᠡᠶ᠋ᠢᠯᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ 《ᠨᠢᠭᠡ ᠯᠡ ᠰᠦᠯᠵᠢᠶ᠎ᠡ᠎ᠪᠠᠷ ᠨᠡᠶ᠋ᠢᠳᠡᠮ ᠪᠠᠶ᠋ᠢᠴᠠᠭ᠋ᠠᠬᠤ》 ᠵᠢ ᠠᠬᠢᠭᠤᠯᠵᠤ᠂ ᠠᠵᠤ ᠠᠬᠤᠶ᠋ᠢᠯᠠᠯ᠎ᠳᠤ ᠠᠰᠢᠭᠲᠠᠶ ᠪᠥᠭᠡᠳ ᠠᠷᠠᠳ᠎ᠲᠤ ᠳᠥᠭᠥᠮ ᠦᠵᠡᠭᠦᠯᠬᠦ ᠵᠢ ᠭᠦᠢ᠍ᠴᠡᠳᠬᠡᠨ᠎ᠡ᠃
      ᠳᠠᠭ᠋ᠠᠯᠳᠤᠭᠤᠯᠤᠯ᠄ 《ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ》 ᠵᠢᠨ ᠲᠤᠰᠬᠠᠶ ᠪᠤᠯᠤᠩ᠎ᠤᠨ ᠵᠢᠵᠢᠭ ᠫᠷᠤᠭ᠌ᠷᠠᠮ᠎ᠤᠨ ᠬᠣᠶᠠᠷ ᠬᠡᠮᠵᠢᠯᠲᠦ ᠺᠣᠳ᠋ (ᠳᠣᠤᠷᠠᠬᠢ ᠵᠢᠷᠤᠭ᠎ᠲᠤ ᠦᠵᠡ)


ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠬᠤᠷᠢᠶᠠᠨ᠎ᠤ ᠬᠣᠷᠢᠨ ᠨᠢᠭᠡᠳᠦᠭᠡᠷ ᠤᠳᠠᠭ᠎ᠠ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠰᠢ ᠵᠢᠨ ᠫᠢᠩ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠢᠲᠡᠭᠡᠯ ᠪᠢᠰᠢᠷᠡᠯ ᠵᠶ᠋ᠠᠨ ᠪᠠᠲᠤᠳᠬᠠᠵᠤ ᠨᠠᠮ᠎ᠳᠠᠭᠠᠨ ᠦᠨᠡᠨᠴᠢ ᠰᠢᠳᠤᠷᠭᠤ ᠦᠨᠡᠨ᠎ᠠᠴᠠ ᠵᠥᠪ᠎ᠢ ᠡᠷᠢᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠦ ᠶᠡᠬᠡ ᠬᠡᠷᠡᠭᠴᠡᠭᠡ᠎ᠲᠠᠢ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦ ᠲᠤᠯᠭ᠋ᠠᠭᠤᠷᠢ ᠴᠢᠳᠠᠪᠤᠷᠢᠲᠠᠨ ᠪᠣᠯᠬᠤ᠎ᠪᠠᠷ ᠴᠢᠷᠮᠠᠢ᠌ᠬᠤ ᠬᠡᠷᠡᠭᠲᠡᠢ ᠸᠠᠩ ᠬᠤ᠌ ᠨᠢᠩ ᠣᠷᠣᠯᠴᠠᠵᠠᠢ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠵᠤ 《ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠶ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠪᠡ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ
ᠰᠢ ᠵᠢᠨ ᠫᠢᠩ 2021 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠤ ᠪᠦᠬᠦ ᠪᠥᠮᠪᠥᠷᠴᠡᠭ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠵᠦ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠵᠤ ᠲᠥᠷᠥ ᠵᠢᠨ ᠪᠣᠳᠣᠯᠭ᠎ᠠ ᠵᠢᠨ ᠨᠥᠭᠡᠴᠡᠯᠡᠯ᠎ᠢ ᠴᠢᠩᠭ᠋ᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠵᠢ ᠰᠠᠢ᠌ᠲᠤᠷ ᠬᠢᠬᠦ ᠵᠡᠷᠭᠡ ᠵᠢ ᠪᠠᠢ᠌ᠷᠢᠯᠠᠭᠤᠯᠪᠠ
 
            