ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠵᠤ 《ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠶ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠪᠡ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ
ᠨᠡᠶ᠋ᠢᠲᠡᠯᠡᠭᠰᠡᠨ ᠴᠠᠭ᠄ 2021-09-03

    ᠰᠢᠨᠬᠤᠸᠠ ᠬᠣᠷᠢᠶᠠᠨ᠎ᠤ ᠪᠡᠭᠡᠵᠢᠩ᠎ᠤᠨ 8 ᠰᠠᠷ᠎ᠠ ᠵᠢᠨ 31᠎ᠤ ᠴᠠᠬᠢᠯᠭ᠋ᠠᠨ ᠮᠡᠳᠡᠭᠡ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ 8 ᠰᠠᠷ᠎ᠠ ᠵᠢᠨ 31᠎ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ᠎ᠤᠨ 11 ᠰᠠᠷ᠎ᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠦᠬᠦᠳᠡ ᠬᠤᠷᠠᠯ᠎ᠢ ᠪᠡᠭᠡᠵᠢᠩ᠎ᠳᠤ ᠬᠤᠷᠠᠯᠳᠤᠭᠤᠯᠬᠤ᠎ᠪᠠᠷ ᠲᠣᠭᠲᠠᠪᠠ᠂ ᠭᠣᠣᠯ ᠵᠥᠪᠯᠡᠬᠦ ᠵᠦᠢ᠍ᠯ ᠭᠡᠪᠡᠯ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ᠎ᠠᠴᠠ ᠲᠥᠪ ᠬᠣᠷᠢᠶ᠎ᠠ᠎ᠳᠤ ᠠᠵᠢᠯ᠎ᠤᠨ ᠮᠡᠳᠡᠭᠦᠯᠦᠯᠲᠡ ᠬᠢᠵᠦ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ ᠵᠢᠨ ᠲᠤᠷᠰᠢᠯᠭ᠎ᠠ ᠵᠢ ᠪᠦᠬᠦ ᠲᠠᠯ᠎ᠠ᠎ᠪᠠᠷ ᠳ᠋ᠦᠩᠨᠡᠵᠦ ᠭᠣᠣᠯᠳᠠᠯᠭ᠎ᠠ᠎ᠲᠠᠢ ᠰᠤᠳᠤᠯᠤᠨ᠎ᠠ᠃ ᠬᠤᠷᠠᠯ᠎ᠠᠴᠠ 《ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠢ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠠᠢ᠃
      ᠬᠤᠷᠠᠯ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ 1921 ᠣᠨ᠎ᠳᠤ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠢᠮᠠᠭᠲᠠ ᠳᠤᠮᠳᠠᠳᠤ ᠤᠯᠤᠰ᠎ᠤᠨ ᠠᠷᠠᠳ ᠲᠦᠮᠡᠨ᠎ᠳᠤ ᠵᠣᠯ ᠵᠢᠷᠭ᠋ᠠᠯ ᠡᠳ᠋ᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠰᠡᠷᠭᠦᠨ ᠮᠠᠨᠳᠤᠯᠲᠠ ᠵᠢ ᠪᠡᠶᠡᠯᠡᠭᠦᠯᠬᠦ᠎ᠪᠠᠷ ᠥᠪᠡᠷ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠢᠮᠠᠭᠲᠠ ᠡᠪ ᠬᠠᠮᠲᠤ ᠶᠣᠰᠣᠨ᠎ᠤ ᠬᠦᠰᠡᠯᠡᠩ ᠪᠠ ᠨᠡᠶ᠋ᠢᠭᠡᠮ ᠵᠢᠷᠤᠮ᠎ᠤᠨ ᠢᠲᠡᠭᠡᠯ ᠪᠢᠰᠢᠷᠡᠯ ᠵᠶ᠋ᠠᠨ ᠪᠠᠷᠢᠮᠲᠠᠯᠠᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠦᠨᠳᠦᠰᠦᠲᠡᠨ᠎ᠤ ᠲᠤᠰᠠᠭ᠋ᠠᠷ ᠲᠣᠭᠲᠠᠨᠢᠯ᠂ ᠠᠷᠠᠳ ᠲᠦᠮᠡᠨ᠎ᠤ ᠴᠢᠯᠥᠭᠡᠯᠡᠯᠲᠡ ᠵᠢ ᠲᠡᠮᠡᠴᠡᠨ ᠤᠯᠬᠤ ᠪᠠ ᠤᠯᠤᠰ ᠣᠷᠣᠨ᠎ᠤ ᠪᠠᠶᠠᠨ ᠬᠦᠴᠦᠷᠬᠡᠭ᠂ ᠠᠷᠠᠳ ᠲᠦᠮᠡᠨ᠎ᠤ ᠵᠣᠯ ᠵᠢᠷᠭ᠋ᠠᠯ᠎ᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠵᠦ᠂ ᠨᠢᠭᠡᠨᠲᠡ ᠵᠠᠭᠤᠨ ᠵᠢᠯ᠎ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠵᠢ ᠥᠩᠭᠡᠷᠡᠭᠦᠯᠵᠡᠢ᠃ ᠵᠠᠭᠤᠨ ᠵᠢᠯ᠎ᠤᠨ ᠲᠤᠷᠰᠢ᠂ ᠨᠠᠮ ᠠᠷᠠᠳ ᠲᠦᠮᠡᠨ᠎ᠢ ᠤᠳᠤᠷᠢᠳᠤᠨ ᠴᠢᠰᠤ ᠤᠷᠤᠰᠬᠠᠨ ᠪᠠᠢ᠍ᠢ᠍ᠯᠳᠤᠵᠤ᠂ ᠨᠤᠭᠤᠷᠠᠰᠢ ᠦᠭᠡᠢ ᠲᠡᠮᠡᠴᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠵᠡᠢ; ᠥᠪᠡᠷ᠎ᠤᠨ ᠬᠦᠴᠦ᠎ᠪᠠᠷ ᠵᠶ᠋ᠠᠨ ᠳᠡᠭᠵᠢᠷᠡᠨ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠨᠡᠶ᠋ᠢᠭᠡᠮ ᠵᠢᠷᠤᠮᠲᠤ ᠬᠤᠪᠢᠰᠬᠠᠯ ᠪᠠ ᠪᠦᠳᠦᠭᠡᠠ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠵᠡᠢ; ᠦᠵᠡᠯ ᠰᠠᠨᠠᠭ᠎ᠠ᠎ᠪᠠᠨ ᠴᠢᠯᠥᠭᠡᠯᠡᠨ᠂ ᠡᠷᠡᠰ ᠰᠢᠭᠤᠷᠬᠠᠢ᠎ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠨᠡᠭᠡᠭᠡᠯᠳᠡ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠬᠤ ᠪᠦᠳᠤᠭᠡᠨ ᠪᠠᠶ᠋ᠢᠭᠤᠯᠤᠯᠲᠠ ᠵᠢᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠵᠡᠢ; ᠢᠲᠡᠭᠡᠯ ᠲᠡᠭᠦᠯᠳᠡᠷ ᠵᠶ᠋ᠠᠷ ᠥᠪᠡᠷ᠎ᠢ᠎ᠪᠠᠨ ᠬᠦᠴᠦᠷᠬᠡᠭᠵᠢᠭᠦᠯᠵᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ ᠵᠢ ᠡᠭᠦᠳᠦᠨ ᠪᠦᠲᠦᠭᠡᠵᠡᠢ᠃ ᠨᠠᠮ ᠪᠣᠯᠤᠨ ᠠᠷᠠᠳ ᠲᠦᠮᠡᠨ᠎ᠤ ᠵᠠᠭᠤᠨ ᠵᠢᠯ᠎ᠤᠨ ᠲᠡᠮᠡᠴᠡᠯ᠎ᠨᠢ ᠳᠤᠮᠳᠠᠳᠤ ᠵᠢᠨ ᠦᠨᠳᠦᠰᠦᠲᠡᠨ᠎ᠤ ᠬᠡᠳᠦᠨ ᠮᠢᠩᠭ᠋ᠠᠨ ᠵᠢᠯ᠎ᠤᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭᠯᠡᠪᠡ ᠭᠡᠵᠦ ᠦᠵᠡᠪᠡ᠃
      ᠬᠤᠷᠠᠯ᠎ᠠᠴᠠ᠂ ᠲᠡᠦᠬᠡ᠎ᠪᠠᠷ ᠲᠤᠯᠢ ᠪᠣᠯᠭ᠋ᠠᠪᠠᠯ᠂ ᠮᠠᠨᠳᠤᠵᠤ ᠮᠥᠬᠥᠬᠦ ᠵᠢ ᠮᠡᠳᠡᠵᠦ ᠪᠣᠯᠤᠨ᠎ᠠ᠃ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠵᠢ ᠳ᠋ᠦᠩᠨᠡᠬᠦ᠎ᠨᠢ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠲᠡᠦᠬᠡ ᠵᠢᠨ ᠨᠥᠬᠥᠴᠡᠯ ᠳᠣᠣᠷ᠎ᠠ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ᠂ ᠰᠢᠨ᠎ᠡ ᠴᠠᠭ ᠣᠢ᠍ᠶ᠎ᠠ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠬᠡᠷᠡᠭᠴᠡᠭᠡ ᠱᠠᠭ᠋ᠠᠷᠳᠠᠯᠭ᠎ᠠ ᠪᠤᠯᠤᠨ᠎ᠠ᠂ ᠤᠯᠤᠰ ᠲᠥᠷᠥ ᠵᠢᠨ ᠤᠬᠠᠮᠰᠠᠷ᠂ ᠶᠡᠬᠡ ᠲᠠᠯ᠎ᠠ ᠵᠢᠨ ᠤᠬᠠᠮᠰᠠᠷ᠂ ᠭᠣᠣᠯᠯᠠᠬᠤ ᠤᠬᠠᠮᠰᠠᠷ᠂ ᠨᠢᠭᠡᠳᠦᠯᠲᠡᠢ ᠪᠠᠶ᠋ᠢᠬᠤ ᠤᠬᠠᠮᠰᠠᠷ ᠵᠶ᠋ᠠᠨ ᠴᠢᠩᠭ᠋ᠠᠳᠬᠠᠬᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠶ᠋ᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ ᠵᠶ᠋ᠠᠨ ᠪᠠᠲᠤᠳᠬᠠᠬᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶᠠᠨ᠎ᠤ ᠭᠤᠤᠯᠯᠠᠭᠴᠢ᠂ ᠪᠦᠬᠦ ᠨᠠᠮ᠎ᠤᠨ ᠭᠣᠣᠯᠯᠠᠭᠴᠢ ᠪᠠᠶ᠋ᠢᠷᠢ ᠰᠠᠭᠤᠷᠢ ᠵᠢ ᠡᠷᠡᠰ ᠬᠠᠮᠠᠭ᠋ᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠪᠦᠬᠦ ᠨᠠᠮ᠎ᠤᠨ ᠠᠯᠬᠤᠮ ᠨᠢᠭᠡᠲᠡᠶ ᠤᠷᠤᠭᠰᠢᠯᠠᠬᠤ ᠵᠢ ᠪᠠᠲᠤᠯᠠᠬᠤ ᠬᠡᠷᠡᠭᠴᠡᠭᠡ ᠪᠤᠯᠤᠨ᠎ᠠ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ᠂ ᠪᠦᠬᠦ ᠨᠠᠮ᠎ᠤᠨ ᠲᠡᠮᠡᠴᠡᠯ᠎ᠤᠨ ᠴᠢᠳᠠᠪᠤᠷᠢ ᠪᠣᠯᠤᠨ ᠠᠶᠤᠯ ᠲᠦᠭᠰᠢᠭᠦᠷᠢ ᠥᠷᠢᠰᠥᠯᠳᠦᠭᠡᠨ᠎ᠢ ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ᠂ ᠨᠠᠮ᠎ᠤᠨ ᠠᠮᠢᠵᠢᠷᠠᠯ᠎ᠤᠨ ᠬᠦᠴᠦᠨ᠎ᠢ ᠡᠭᠦᠷᠢᠳᠡ ᠪᠠᠲᠤᠯᠠᠬᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠥᠯᠥᠭᠡ ᠦᠷᠭᠦᠯᠵᠢᠯᠡᠨ ᠲᠡᠮᠡᠴᠡᠬᠦ ᠵᠢ ᠠᠬᠢᠭᠤᠯᠬᠤ ᠬᠡᠷᠡᠭᠴᠡᠭᠡ ᠪᠤᠯᠤᠨ᠎ᠠ᠃ ᠪᠦᠬᠦ ᠨᠠᠮ ᠵᠶ᠋ᠠᠷ ᠵᠶ᠋ᠠᠨ ᠲᠡᠦᠬᠡ ᠵᠢᠨ ᠪᠣᠳᠠᠰᠴᠢ ᠦᠵᠡᠯᠲᠡ ᠪᠠ ᠵᠥᠪ ᠨᠠᠮ᠎ᠤᠨ ᠲᠡᠦᠬᠡ ᠵᠢᠨ ᠦᠵᠡᠯᠲᠡ ᠵᠢ ᠪᠠᠷᠢᠮᠲᠠᠯᠠᠵᠤ᠂ ᠨᠠᠮ᠎ᠤᠨ ᠵᠠᠭᠤᠨ ᠵᠢᠯ᠎ᠤᠨ ᠲᠡᠮᠡᠴᠡᠯ᠎ᠤᠨ ᠳᠤᠮᠳᠠ᠎ᠠᠴᠠ ᠥᠩᠭᠡᠷᠡᠭᠰᠡᠨ᠎ᠳᠤ ᠪᠢᠳᠡ ᠶᠠᠭ᠋ᠠᠬᠢᠭ᠋ᠠᠳ ᠠᠮᠵᠢᠯᠲᠠ ᠣᠯᠵᠤ ᠴᠢᠳᠠᠭᠰᠠᠨ ᠵᠶ᠋ᠠᠨ ᠲᠣᠳᠣᠷᠬᠠᠢ ᠲᠠᠨᠢᠵᠤ᠂ ᠢᠷᠡᠭᠡᠳᠦᠢ᠎ᠳᠤ ᠪᠢᠳᠡ ᠶᠠᠭ᠋ᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ᠎ᠪᠠᠨ ᠲᠣᠳᠣᠷᠬᠠᠢ ᠣᠶ᠋ᠢᠯᠠᠭ᠋ᠠᠬᠤ ᠵᠢᠨ ᠤᠯᠠᠮ᠎ᠠᠴᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠡᠩ ᠡᠷᠡᠰ ᠪᠠᠲᠤ᠂ ᠨᠡᠩ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠰᠢᠨ᠎ᠡ ᠴᠠᠭ ᠦᠶ᠎ᠡ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠢ ᠨᠡᠩ ᠰᠠᠶ᠋ᠢᠲᠤᠷ ᠪᠠᠷᠢᠮᠲᠠᠯᠠᠨ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠬᠣᠷᠠᠯ᠎ᠠᠴᠠ᠂ ᠤᠭ ᠰᠠᠨᠠᠭ᠎ᠠ᠎ᠪᠠᠨ ᠦᠯᠦ ᠮᠠᠷᠲᠠᠪᠠᠯ ᠰᠠᠶᠢ ᠲᠤᠭᠤᠰᠢᠳᠠᠢ ᠪᠠᠷᠢᠮᠲᠠᠯᠠᠵᠤ ᠴᠢᠳᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠵᠢᠨ ᠦᠨᠳᠦᠰᠦᠲᠡᠨ᠎ᠤ ᠮᠢᠩᠭ᠋ᠠᠨ ᠣᠨ᠎ᠤ ᠠᠤᠭ᠎ᠠ ᠦᠢ᠍ᠯᠡᠰ᠎ᠢ ᠪᠦᠲᠦᠭᠡᠬᠦ᠎ᠪᠠᠷ ᠵᠣᠷᠢᠭ ᠰᠢᠭᠤᠳᠤᠭᠰᠠᠨ ᠶᠤᠮ᠂ ᠵᠠᠭᠤᠨ ᠵᠢᠯ ᠪᠣᠯ ᠶᠠᠭ ᠴᠤᠭ ᠪᠠᠳᠠᠷᠠᠩᠭᠤᠢ ᠴᠠᠭ ᠦᠶ᠎ᠡ ᠮᠥᠨ᠃ ᠥᠩᠭᠡᠷᠡᠭᠰᠡᠨ ᠵᠠᠭᠤᠨ ᠵᠢᠯ᠎ᠳᠤ᠂ ᠨᠠᠮ᠎ᠠᠴᠠ ᠠᠷᠠᠳ ᠲᠦᠮᠡᠨ᠂ ᠲᠡᠦᠬᠡᠨ᠎ᠳᠤ ᠨᠢᠭᠡ ᠬᠤᠪᠢ ᠰᠢᠯᠢᠳᠡᠭ ᠬᠠᠷᠢᠭᠤᠯᠲᠠ ᠵᠢᠨ ᠬᠠᠭᠤᠳᠠᠰᠤ ᠲᠤᠰᠢᠶᠠᠪᠠ᠃ ᠤᠳᠤ᠂ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠰᠢᠯᠭ᠋ᠠᠯᠲᠠ ᠵᠢᠨ ᠵᠠᠮ ᠵᠶ᠋ᠠᠷ ᠵᠠᠮᠨᠠᠵᠤ ᠡᠬᠢᠯᠡᠪᠡ᠃ ᠴᠠᠭ ᠦᠶ᠎ᠡ ᠪᠣᠯ ᠰᠡᠳᠦᠪ ᠭᠠᠷᠭ᠋ᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ ᠬᠢᠨᠠᠭᠴᠢ ᠮᠥᠨ᠂ ᠪᠢᠳᠡ ᠵᠠᠪᠠᠯ ᠦᠷᠭᠦᠯᠵᠢᠯᠡᠨ ᠰᠠᠢ᠍ᠢ᠍ᠨ ᠬᠢᠷᠢ ᠪᠦᠲᠦᠮᠵᠢ ᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠰᠢᠨ᠎ᠡ ᠳᠦᠷᠰᠦ ᠪᠠᠶ᠋ᠢᠳᠠᠯ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠢ ᠵᠢᠨ ᠫᠢᠩ ᠨᠥᠬᠥᠷ ᠵᠶ᠋ᠠᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠰᠤᠷᠭ᠋ᠠᠨ ᠬᠥᠮᠦᠵᠢᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠤᠷᠭ᠋ᠠᠨ ᠬᠥᠮᠦᠵᠢᠯ᠎ᠤᠨ ᠦᠢ᠍ᠯᠡᠰ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠥᠭᠵᠢᠯᠲᠡ ᠵᠢᠨ ᠢᠯᠡᠳᠲᠡ ᠦᠷ᠎ᠡ ᠪᠦᠲᠦᠮᠵᠢ ᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠤ ᠮᠡᠳᠡᠭᠳᠡᠮ᠎ᠡ ᠬᠤᠪᠢᠷᠠᠯᠲᠠ ᠭᠠᠷᠪᠠ᠃ ᠲᠣᠭᠣᠷᠢᠨ ᠪᠠᠶ᠋ᠢᠴᠠᠭ᠋ᠠᠯᠲᠠ᠎ᠠᠴᠠ ᠦᠵᠡᠪᠡᠯ᠂ ᠰᠤᠷᠭ᠋ᠠᠨ ᠬᠥᠮᠦᠵᠢᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠪᠣᠯᠤᠨ ᠨᠠᠮ᠎ᠤᠨ ᠲᠥᠪ ᠬᠤᠷᠢᠶ᠎ᠠ᠎ᠠᠴᠠ ᠰᠢᠭᠤᠳ ᠬᠠᠮᠢᠶᠠᠷᠴᠤ ᠪᠠᠶ᠋ᠢᠭ᠎ᠠ 31 ᠶᠡᠬᠡ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠤ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢᠨ ᠤᠬᠠᠮᠰᠠᠷ ᠳᠡᠭᠡᠭᠰᠢᠯᠡᠵᠦ᠂ ᠰᠤᠷᠭ᠋ᠠᠭᠤᠯᠢ ᠡᠷᠬᠢᠯᠡᠵᠤ ᠰᠤᠷᠭ᠋ᠠᠭᠤᠯᠢ ᠵᠢ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠢ᠍ᠯᠡᠴᠢᠯᠡᠬᠦ ᠲᠠᠯ᠎ᠠ᠎ᠪᠠᠷ ᠰᠢᠨ᠎ᠡ ᠬᠤᠪᠢ ᠨᠡᠮᠡᠷᠢ ᠦᠵᠡᠭᠦᠯᠪᠡ᠂ ᠭᠡᠪᠡᠴᠦ ᠪᠠᠰᠠ ᠵᠠᠷᠢᠮ ᠨᠡᠶ᠋ᠢᠲᠡᠯᠢᠭ ᠴᠢᠨᠠᠷᠲᠠᠢ ᠠᠰᠠᠭᠤᠳᠠᠯ ᠪᠣᠯᠤᠨ ᠭᠦᠨ ᠳᠠᠪᠬᠤᠷᠭ᠎ᠠ ᠵᠢᠨ ᠠᠰᠠᠭᠤᠳᠠᠯ᠎ᠢ ᠢᠯᠡᠷᠡᠭᠦᠯᠵᠦ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ ᠬᠠᠷᠢᠭᠤᠴᠠᠬᠤ ᠲᠦᠷᠢᠮ᠎ᠢ ᠬᠡᠷᠡᠭᠵᠢᠭᠦᠯᠬᠦ᠂ ᠨᠠᠮ᠎ᠢ ᠴᠢᠩᠭ᠎ᠠ ᠬᠠᠮᠢᠶᠠᠷᠴᠤ ᠰᠤᠷᠭ᠋ᠠᠭᠤᠯᠢ ᠵᠢ ᠴᠢᠩᠭ᠎ᠠ ᠵᠠᠰᠠᠬᠤ᠂ ᠤᠳᠤᠷᠢᠳᠬᠤ ᠪᠠᠭ᠎ᠤᠨ ᠡᠩᠨᠡᠭᠡ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠪᠠᠰᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶ᠋ᠢᠨ᠎ᠠ᠃ ᠲᠣᠭᠣᠷᠢᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠲᠥᠪ ᠴᠢᠩᠭ᠎ᠠ᠎ᠪᠠᠷ ᠬᠠᠷᠢᠭᠤ ᠲᠤᠰᠬᠠᠵᠤ᠂ ᠴᠡᠭᠴᠡᠯᠡᠨ ᠰᠠᠶ᠋ᠢᠵᠢᠷᠠᠭᠤᠯᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠡᠳᠦᠷ ᠲᠤᠲᠤᠮ᠎ᠤᠨ ᠬᠢᠨᠠᠯᠲᠠ ᠵᠢ ᠴᠢᠩᠭ᠋ᠠᠳᠬᠠᠵᠤ᠂ ᠲᠣᠭᠣᠷᠢᠨ ᠪᠠᠶ᠋ᠢᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢ ᠱᠠᠯᠠᠪᠳᠠᠭᠤᠯᠤᠨ ᠱᠠᠭ᠋ᠠᠷᠳᠠᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠵᠢ ᠨᠠᠮ᠎ᠢ ᠬᠠᠮᠢᠶᠠᠷᠴᠤ ᠰᠤᠷᠭ᠋ᠠᠭᠤᠯᠢ ᠵᠢ ᠵᠠᠰᠠᠬᠤ ᠬᠦᠴᠦᠲᠡᠶ ᠭᠠᠷᠳᠠᠴᠠ ᠪᠣᠯᠭ᠋ᠠᠵᠤ᠂ ᠪᠥᠬᠥ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠬᠤ᠂ ᠭᠤᠤᠯᠳᠠᠯᠭ᠎ᠠ ᠵᠢ ᠳᠣᠪᠣᠶ᠋ᠢᠯᠭ᠋ᠠᠬᠤ ᠵᠢ ᠪᠠᠷᠢᠮᠲᠠᠯᠠᠵᠤ᠂ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ ᠶᠡᠬᠡ   ᠳᠡᠭᠡᠳᠦ   ᠰᠤᠷᠭ᠋ᠠᠭᠤᠯᠢ ᠎ᠳᠠᠬᠢ   ᠨᠠᠮ ᠎ᠤᠨ   ᠪᠦᠬᠦ   ᠲᠠᠯ᠎ᠠ ᠵᠢᠨ   ᠤᠳᠤᠷᠢᠳᠤᠯᠭ᠎ᠠ ᠵᠢ   ᠪᠠᠷᠢᠮᠲᠠᠯᠠᠨ ᠴᠢᠩᠭ᠋ᠠᠳᠬᠠᠵᠤ᠂ ᠲᠣᠭᠣᠷᠢᠨ ᠪᠠᠶ᠋ᠢᠴᠠᠭ᠋ᠠᠬᠤ᠎ᠪᠠᠷ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠵᠤ᠂ ᠲᠣᠭᠣᠷᠢᠨ ᠪᠠᠶ᠋ᠢᠴᠠᠭ᠋ᠠᠬᠤ᠎ᠪᠠᠷ ᠪᠦᠳᠦᠭᠡᠨ ᠪᠠᠶ᠋ᠢᠭᠤᠯᠬᠤ ᠵᠢ ᠠᠬᠢᠭᠤᠯᠵᠤ᠂ ᠲᠣᠭᠣᠷᠢᠨ ᠪᠠᠶ᠋ᠢᠴᠠᠭ᠋ᠠᠬᠤ᠎ᠪᠠᠷ ᠵᠠᠰᠠᠯᠲᠠ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠤᠬᠠᠮᠰᠠᠷ᠎ᠠᠴᠠ᠎ᠪᠠᠨ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠵᠢᠨ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ 《ᠤᠯᠤᠰ᠎ᠤᠨ ᠶᠡᠬᠡ ᠶᠠᠪᠤᠳᠠᠯ》᠎ᠢ ᠪᠠᠲᠤ ᠴᠡᠭᠡᠵᠢᠯᠡᠵᠦ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠨᠠᠮ᠎ᠤᠨ ᠲᠥᠯᠥᠭᠡ ᠬᠥᠮᠦᠨ ᠬᠥᠮᠦᠵᠢᠭᠦᠯᠵᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠬᠡᠷᠡᠭᠲᠡᠢ᠃ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ᠎ᠪᠠᠷ ᠦᠨᠳᠦᠰᠦᠨ ᠡᠭᠦᠷᠭᠡ ᠪᠣᠯᠭ᠋ᠠᠵᠤ᠂ ᠦᠵᠡᠯ ᠰᠠᠨᠠᠭ᠎ᠠ ᠤᠯᠤᠰ ᠲᠦᠷᠦ ᠵᠢᠨ ᠠᠵᠢᠯ ᠪᠣᠯᠤᠨ ᠪᠠᠭᠰᠢ ᠵᠢᠨ ᠮᠤᠷᠠᠯ ᠪᠠᠭᠰᠢ ᠵᠢᠨ ᠰᠤᠷᠲᠠᠯ᠂ ᠰᠤᠷᠭ᠋ᠠᠭᠤᠯᠢ ᠵᠢᠨ ᠰᠤᠷᠲᠠᠯ ᠰᠤᠷᠤᠯᠴᠠᠬᠤ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠶ᠋ᠢᠬᠠᠨ ᠬᠥᠳᠡᠯᠮᠦᠷᠢ ᠪᠦᠬᠦ ᠲᠠᠯ᠎ᠠ᠎ᠪᠠᠷ ᠬᠥᠭᠵᠢᠭᠰᠡᠨ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠭᠴᠢ ᠪᠣᠯᠤᠨ ᠵᠠᠯᠭ᠋ᠠᠮᠵᠢᠯᠠᠭᠴᠢ ᠵᠢ ᠬᠦᠴᠦᠯᠡᠨ ᠬᠥᠮᠦᠵᠢᠭᠦᠯᠬᠦ ᠬᠡᠷᠡᠭᠲᠡᠢ᠃ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠶᠡᠬᠡ ᠳᠡᠭᠡᠳᠦ ᠰᠤᠷᠭ᠋ᠠᠭᠤᠯᠢ ᠵᠢᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠠᠶᠠᠯᠢᠭ ᠠᠭᠤᠯᠤᠭᠳᠠᠬᠤᠨ᠎ᠲᠠᠢ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠵᠢᠨ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠬᠡᠷᠡᠭᠲᠡᠢ᠃ ᠶᠡᠬᠡ ᠳᠡᠭᠡᠳᠦ ᠰᠤᠷᠭ᠋ᠠᠭᠤᠯᠢ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ᠂ ᠨᠠᠮ᠎ᠤᠨ ᠬᠣᠷᠢᠶᠠᠨ᠎ᠤ ᠭᠣᠣᠯ ᠴᠣᠭᠴᠠ ᠵᠢᠨ ᠬᠠᠷᠢᠭᠤᠴᠠᠯᠭ᠎ᠠ᠂ ᠱᠦᠵᠢ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠪᠣᠯᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠱᠠᠳᠤ ᠱᠠᠳᠤ᠎ᠪᠠᠷ ᠳᠠᠷᠤᠯᠲᠠ ᠥᠭᠴᠦ᠂ ᠴᠢᠩᠭ᠎ᠠ ᠠᠭᠤᠷ ᠠᠮᠢᠰᠬᠤᠯ᠎ᠢ ᠪᠤᠢ ᠪᠤᠯᠭ᠋ᠠᠵᠤ᠂ ᠡᠷᠬᠡ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠵᠢ ᠴᠢᠩᠭ᠋ᠠᠳᠬᠠᠵᠤ᠂ ᠢᠯᠵᠠᠷᠠᠯ᠎ᠤᠨ ᠠᠰᠠᠭᠤᠳᠠᠯ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠴᠢᠩᠭ᠎ᠠ ᠰᠦᠷᠳᠡᠭᠦᠯᠵᠦ᠂ ᠠᠷᠢᠭᠤᠨ ᠴᠢᠬᠡᠴᠢ ᠵᠢᠨ ᠠᠶᠤᠯ ᠲᠦᠭᠰᠢᠭᠦᠷᠢ ᠵᠢ ᠦᠨᠡᠨ ᠬᠦ᠌ ᠰᠡᠷᠭᠡᠶ᠋ᠢᠯᠡᠵᠦ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭᠲᠡᠢ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠦᠨᠳᠦᠰᠦᠨ   ᠱᠠᠲᠤᠨ ᠎ᠤ   ᠵᠣᠬᠢᠶᠠᠨ   ᠪᠠᠶ᠋ᠢᠭᠤᠯᠤᠯᠲᠠ ᠵᠢᠨ   ᠠᠵᠢᠯ᠎ᠤᠨ ᠲᠦᠷᠢᠮ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ ᠬᠠᠷᠢᠭᠤᠴᠠᠬᠤ ᠲᠦᠷᠢᠮ᠎ᠢ ᠨᠠᠷᠢᠨ ᠬᠢᠨᠠᠮᠠᠭ᠋ᠠᠢ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ᠎ᠤ ᠡᠩᠨᠡᠭᠡ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠪᠠᠶ᠋ᠢᠭᠤᠯᠤᠮᠵᠢ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠥᠭᠡᠷᠡᠴᠢᠯᠡᠯᠲᠡ ᠬᠥᠭᠵᠢᠯᠲᠡ᠎ᠳᠤ ᠪᠠᠲᠤ ᠴᠢᠩᠭ᠎ᠠ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ 2021 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠤ ᠪᠦᠬᠦ ᠪᠥᠮᠪᠥᠷᠴᠡᠭ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠵᠦ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠵᠤ ᠲᠥᠷᠥ ᠵᠢᠨ ᠪᠣᠳᠣᠯᠭ᠎ᠠ ᠵᠢᠨ ᠨᠥᠭᠡᠴᠡᠯᠡᠯ᠎ᠢ ᠴᠢᠩᠭ᠋ᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠵᠢ ᠰᠠᠢ᠌ᠲᠤᠷ ᠬᠢᠬᠦ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠵᠢᠷᠭᠤᠳᠤᠭ᠋ᠠᠷ ᠬᠤᠭᠤᠴᠠᠭ᠋ᠠᠨ᠎ᠤ ᠳᠣᠷᠣᠨᠠᠳᠠᠬᠢᠨ᠎ᠤ ᠠᠵᠤ ᠠᠬᠤᠢ ᠵᠢᠨ ᠶᠠᠷᠢᠶᠠᠨ᠎ᠤ ᠲᠠᠪᠴᠠᠩ᠎ᠤᠨ ᠪᠦᠬᠦᠳᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ
ᠯᠢ ᠺᠸ ᠴᠢᠶᠠᠩ ᠳᠣᠯᠣᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ
ᠯᠢ ᠺᠸ ᠴᠢᠶᠠᠩ 2021 ᠣᠨ᠎ᠤ ᠲᠠᠶ᠋ᠢᠶᠤᠸᠠᠨ᠎ᠤ ᠡᠨᠧᠷᠭᠢ ᠵᠢᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠶᠠᠷᠢᠶᠠᠨ᠎ᠤ ᠲᠠᠪᠴᠠᠩ᠎ᠤᠨ ᠡᠬᠢᠯᠡᠯᠲᠡ ᠵᠢᠨ ᠶᠣᠰᠣᠯᠠᠯ ᠎ᠳᠤ ᠣᠷᠣᠯᠴᠠᠵᠤ ᠭᠣᠣᠯ ᠵᠤᠷᠢᠯᠳᠠᠳᠤ ᠶᠠᠷᠢᠶ᠎ᠠ ᠲᠠᠯᠪᠢᠪᠠ
 
            