ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠢᠲᠡᠭᠡᠯ ᠪᠢᠰᠢᠷᠡᠯ ᠵᠶ᠋ᠠᠨ ᠪᠠᠲᠤᠳᠬᠠᠵᠤ ᠨᠠᠮ᠎ᠳᠠᠭᠠᠨ ᠦᠨᠡᠨᠴᠢ ᠰᠢᠳᠤᠷᠭᠤ ᠦᠨᠡᠨ᠎ᠠᠴᠠ ᠵᠥᠪ᠎ᠢ ᠡᠷᠢᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠦ ᠶᠡᠬᠡ ᠬᠡᠷᠡᠭᠴᠡᠭᠡ᠎ᠲᠠᠢ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠬᠦ ᠲᠤᠯᠭ᠋ᠠᠭᠤᠷᠢ ᠴᠢᠳᠠᠪᠤᠷᠢᠲᠠᠨ ᠪᠣᠯᠬᠤ᠎ᠪᠠᠷ ᠴᠢᠷᠮᠠᠢ᠌ᠬᠤ ᠬᠡᠷᠡᠭᠲᠡᠢ ᠸᠠᠩ ᠬᠤ᠌ ᠨᠢᠩ ᠣᠷᠣᠯᠴᠠᠵᠠᠢ
ᠨᠡᠶ᠋ᠢᠲᠡᠯᠡᠭᠰᠡᠨ ᠴᠠᠭ᠄ 2021-09-03

    9 ᠰᠠᠷ᠎ᠠ ᠵᠢᠨ 1᠎ᠤ ᠦᠳᠡ ᠵᠢᠨ ᠡᠮᠦᠨ᠎ᠡ᠂ 2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠲᠥᠪ᠎ᠤᠨ ᠨᠠᠮ᠎ᠤᠨ ᠰᠤᠷᠭ᠋ᠠᠭᠤᠯᠢ᠎ᠳᠤ ᠬᠢᠴᠢᠶᠡᠯ ᠡᠬᠢᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
      ᠰᠢᠨᠬᠤᠧᠠ ᠬᠤᠷᠢᠶᠠᠨ᠎ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠠ

      ᠰᠢᠨᠬᠤᠸᠠ ᠬᠤᠷᠢᠶᠠᠨ᠎ᠤ ᠪᠡᠭᠡᠵᠢᠩ᠎ᠤᠨ 9 ᠰᠠᠷ᠎ᠠ ᠵᠢᠨ 1᠎ᠤ ᠴᠠᠬᠢᠯᠭ᠋ᠠᠨ ᠮᠡᠳᠡᠭᠡ 2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ 9 ᠰᠠᠷ᠎ᠠ ᠵᠢᠨ 1᠎ᠤ ᠦᠳᠡ ᠵᠢᠨ ᠡᠮᠦᠨ᠎ᠡ ᠲᠥᠪ᠎ᠤᠨ ᠨᠠᠮ᠎ᠤᠨ ᠰᠤᠷᠭ᠋ᠠᠭᠤᠯᠢ᠎ᠳᠤ ᠬᠢᠴᠢᠶᠡᠯ ᠡᠬᠢᠯᠡᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠬᠢᠴᠢᠶᠡᠯ ᠡᠬᠢᠯᠡᠬᠦ   ᠶᠣᠰᠣᠯᠠᠯ   ᠳᠡᠭᠡᠷ᠎ᠡ   ᠴᠢᠬᠤᠯᠠ   ᠶᠠᠷᠢᠶ᠎ᠠ   ᠲᠠᠯᠪᠢᠵᠤ᠂   ᠵᠠᠯᠠᠭᠤ   ᠺᠠᠳ᠋ᠷᠴᠤᠳ   ᠠᠭᠤᠤ   ᠶᠡᠭᠡ   ᠴᠠᠭ   ᠦᠶ᠎ᠡ᠎ᠳᠤ ᠠᠮᠢᠳᠤᠷᠠᠵᠤ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠡᠯᠡᠳᠬᠡᠯ ᠬᠦᠴᠦᠨ ᠮᠥᠨ᠂ ᠡᠷᠬᠡᠪᠰᠢ ᠳᠣᠲᠣᠷ ᠲᠠᠮᠢᠷ ᠵᠶ᠋ᠠᠨ ᠰᠠᠶ᠋ᠢᠲᠤᠷ ᠪᠣᠯᠪᠠᠰᠤᠷᠠᠭᠤᠯᠵᠤ᠂ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠪᠣᠳᠠᠲᠠᠢ ᠵᠢ ᠴᠢᠬᠤᠯᠠᠴᠢᠯᠠᠵᠤ᠂ ᠦᠨᠡᠨ᠎ᠠᠴᠠ ᠵᠥᠪ᠎ᠢ ᠡᠷᠢᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶ᠋ᠢᠯᠭ᠎ᠠ ᠭᠠᠷᠭ᠋ᠠᠬᠤ᠎ᠳᠠᠭᠠᠨ ᠴᠢᠳᠠᠮᠠᠭ᠋ᠠᠢ ᠪᠠᠶ᠋ᠢᠵᠤ᠂ ᠵᠠᠷᠴᠢᠮ᠎ᠢ ᠪᠠᠷᠢᠮᠲᠠᠯᠠᠵᠤ᠂ ᠵᠣᠷᠢᠭᠲᠠᠢ᠎ᠪᠠᠷ ᠲᠡᠮᠡᠴᠡᠵᠦ᠂ ᠶᠣᠰᠣ ᠲᠦᠷᠢᠮ᠎ᠢ ᠴᠢᠩᠭ᠎ᠠ ᠰᠠᠬᠢᠵᠤ᠂ ᠬᠤᠷᠢᠭ᠎ᠠ ᠱᠤᠭᠤᠮ᠎ᠢ ᠳᠠᠪᠠᠵᠤ ᠪᠣᠯᠬᠤ ᠦᠭᠡᠢ᠂ ᠰᠢᠷᠭ᠋ᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠶᠡᠭᠡ ᠬᠡᠷᠡᠭᠴᠡᠭᠡ᠎ᠲᠠᠢ᠂ ᠬᠦᠨᠳᠦ ᠡᠭᠦᠷᠭᠡ ᠵᠢ ᠡᠭᠦᠷᠭᠡᠯᠡᠵᠦ ᠳᠡᠶ᠋ᠢᠯᠬᠦ ᠲᠤᠯᠭ᠋ᠠᠭᠤᠷᠢ ᠴᠢᠳᠠᠪᠤᠷᠢᠲᠠᠨ ᠪᠣᠯᠬᠤ᠎ᠪᠠᠷ ᠴᠢᠷᠮᠠᠶ᠋ᠢᠵᠤ᠂ ᠨᠠᠮ ᠪᠣᠯᠤᠨ ᠠᠷᠠᠳ ᠲᠦᠮᠡᠨ᠎ᠤ ᠬᠦᠰᠡᠯ ᠨᠠᠶ᠋ᠢᠳᠠᠯᠭ᠎ᠠ ᠵᠢ ᠬᠦᠰᠡᠷᠳᠡᠭᠦᠯᠬᠦ ᠦᠭᠡᠢ ᠪᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠥᠪ᠎ᠤᠨ ᠱᠦᠵᠢ ᠨᠡᠷ᠎ᠤᠨ ᠭᠠᠵᠠᠷ᠎ᠤᠨ ᠱᠦᠵᠢ ᠸᠠᠩ ᠬᠤ᠌ ᠨᠢᠩ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠵᠠᠢ᠃
      ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠤᠨ ᠲᠤᠷᠰᠢ᠂ ᠢᠮᠠᠭᠲᠠ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ᠎ᠢ ᠪᠠᠷᠢᠮᠳᠠᠯᠠᠭᠰᠠᠭ᠋ᠠᠷ ᠢᠷᠡᠵᠠᠢ᠃ ᠡᠨᠡ ᠬᠦ᠌ ᠬᠦᠰᠡᠯᠡᠩ ᠢᠲᠡᠭᠡᠯ ᠪᠢᠰᠢᠷᠡᠯ ᠪᠣᠯ ᠳᠠᠷᠤᠢ ᠮᠠᠷᠺᠰ᠎ᠤᠨ ᠦᠵᠡᠯ᠎ᠤᠨ ᠢᠲᠡᠭᠡᠯ ᠪᠢᠰᠢᠷᠡᠯ᠂ ᠡᠪ ᠬᠠᠮᠲᠤ ᠶᠣᠰᠣᠨ᠎ᠤ ᠠᠯᠤᠰ᠎ᠤᠨ ᠬᠦᠰᠡᠯᠡᠩ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠲᠤ ᠵᠢᠨ ᠬᠦᠰᠡᠯᠡᠩ ᠪᠣᠯᠤᠨ᠎ᠠ᠃ ᠬᠦᠰᠡᠯᠡᠩ ᠢᠲᠡᠭᠡᠯ ᠪᠢᠰᠢᠷᠡᠯ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭ᠋ᠠᠨ᠎ᠤ ᠲᠦᠰᠢᠭ ᠲᠤᠯᠭ᠋ᠠᠭᠤᠷᠢ ᠪᠠ ᠤᠯᠤᠰ ᠲᠦᠷᠦ ᠵᠢᠨ ᠰᠦᠭ ᠰᠦᠨᠡᠰᠦ ᠮᠥᠨ᠂ ᠪᠠᠰᠠ ᠴᠤ᠌ ᠨᠠᠮ᠎ᠤᠨ ᠪᠦᠯᠬᠦᠮᠳᠡᠯ ᠨᠢᠭᠡᠳᠦᠯ᠎ᠢ ᠪᠠᠲᠤᠯᠠᠬᠤ ᠦᠵᠡᠯ ᠰᠠᠨᠠᠭ᠋ᠠᠨ᠎ᠤ ᠰᠠᠭᠤᠷᠢ ᠮᠥᠨ᠃ ᠨᠠᠮ᠎ᠤᠨ ᠭᠡᠰᠢᠭᠦᠨ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠪᠠᠯ ᠰᠠᠶᠢ ᠡᠯ᠎ᠡ ᠵᠦᠢ᠍ᠯ᠎ᠤᠨ ᠰᠢᠯᠭ᠋ᠠᠯᠲᠠ ᠵᠢ ᠳᠠᠭ᠋ᠠᠭ᠋ᠠᠵᠤ᠂ ᠯᠠᠪᠳᠠᠭᠤᠨ ᠵᠶ᠋ᠠᠷ ᠤᠷᠤᠭᠰᠢᠯᠠᠵᠤ᠂ ᠬᠤᠯᠠ ᠠᠶᠠᠯᠠᠵᠤ ᠴᠢᠳᠠᠨ᠎ᠠ; ᠬᠦᠰᠡᠯᠡᠩ ᠢᠲᠡᠭᠡᠯ ᠪᠢᠰᠢᠷᠡᠯ ᠦᠭᠡᠢ᠂ ᠡᠰᠡᠬᠦᠯ᠎ᠡ ᠬᠦᠰᠡᠯᠡᠩ ᠢᠲᠡᠭᠡᠯ ᠪᠢᠰᠢᠷᠡᠯ᠎ᠨᠢ ᠡᠷᠡᠰ ᠪᠠᠲᠤ ᠪᠢᠰᠢ ᠪᠣᠯ ᠰᠠᠯᠬᠢ ᠳᠠᠪᠠᠯᠭ᠋ᠠᠨ᠎ᠤ ᠴᠣᠬᠢᠯᠲᠠ ᠵᠢ ᠳᠠᠭ᠋ᠠᠭ᠋ᠠᠵᠤ ᠳᠡᠶ᠋ᠢᠯᠬᠦ ᠦᠭᠡᠢ᠂ ᠵᠠᠩᠭᠢᠯᠠᠭ᠎ᠠ ᠵᠢᠨ ᠴᠠᠭ ᠮᠥᠴᠡ᠎ᠳᠤ ᠠᠮᠢᠨᠴᠢᠷ ᠰᠠᠨᠠᠭ᠎ᠠ ᠬᠤᠪᠢᠨᠴᠢᠷ ᠪᠤᠳᠤᠯ ᠡᠭᠦᠰᠴᠦ᠂ ᠴᠢᠨᠠᠭᠰᠢᠯᠠᠪᠠᠯ ᠵᠠᠶ᠋ᠢᠯᠠᠨ ᠳᠤᠲᠠᠭ᠋ᠠᠬᠤ ᠪᠣᠯᠤᠨ᠎ᠠ᠃ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠎ᠢ ᠪᠤᠢ ᠪᠣᠯᠭ᠋ᠠᠬᠤ᠎ᠨᠢ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠪᠥᠭᠡᠳ ᠨᠢᠭᠡ ᠯᠡ ᠳᠡᠭᠡᠷ᠎ᠡ ᠰᠢᠢ᠍ᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠴᠤ᠌ ᠪᠢᠰᠢ ᠶᠤᠮ᠂ ᠬᠠᠷᠢᠨ ᠲᠡᠮᠡᠴᠡᠯ᠎ᠤᠨ ᠦᠢ᠍ᠯᠡᠳᠦᠯᠭᠡ ᠳᠤᠮᠳᠠ ᠲᠠᠰᠤᠷᠠᠯᠲᠠ ᠦᠭᠡᠢ ᠬᠠᠲᠠᠭᠤᠵᠢᠨ ᠪᠣᠯᠪᠠᠰᠤᠷᠠᠵᠤ᠂ ᠰᠢᠯᠭ᠋ᠠᠯᠲᠠ ᠵᠢ ᠳᠠᠭ᠋ᠠᠭ᠋ᠠᠬᠤ ᠬᠡᠷᠡᠭᠲᠡᠢ᠃ ᠵᠠᠯᠠᠭᠤ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠬᠤ ᠪᠣᠯ ᠨᠠᠰᠤᠨ ᠲᠤᠷᠰᠢᠳᠠ ᠵᠢᠨ ᠰᠡᠳᠦᠪ ᠮᠥᠨ᠂ ᠪᠠᠶ᠋ᠢᠩᠭᠤ ᠪᠣᠯᠪᠠᠰᠤᠷᠠᠵᠤ᠂ ᠨᠠᠰᠤᠨ ᠲᠤᠷᠰᠢᠳᠠ ᠢᠲᠡᠭᠡᠵᠦ᠂ ᠨᠠᠰᠤᠨ ᠲᠤᠷᠰᠢᠳᠠ ᠰᠠᠬᠢᠬᠤ ᠬᠡᠷᠡᠭᠲᠡᠢ ᠭᠡᠳᠡᠭ᠎ᠢ ᠪᠠᠲᠤ ᠴᠡᠭᠡᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠬᠦᠰᠡᠯᠡᠩ ᠢᠲᠡᠭᠡᠯ ᠪᠢᠰᠢᠷᠡᠯ ᠡᠷᠡᠰ ᠪᠠᠲᠤ ᠪᠠᠶ᠋ᠢᠬᠤ ᠪᠠ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠪᠣᠯ ᠨᠢᠭᠲᠠ ᠬᠤᠯᠪᠣᠭ᠎ᠠ᠎ᠲᠠᠢ ᠶᠤᠮ᠃ ᠬᠦᠰᠡᠯᠡᠩ ᠢᠲᠡᠭᠡᠯ ᠪᠢᠰᠢᠷᠡᠯ ᠡᠷᠡᠰ ᠪᠠᠲᠤ ᠪᠠᠶ᠋ᠢᠪᠠᠯ ᠰᠠᠶᠢ ᠨᠠᠮ᠎ᠳᠠᠭᠠᠨ ᠦᠨᠡᠨᠴᠢ ᠰᠢᠳᠤᠷᠭᠤ ᠪᠠᠶ᠋ᠢᠵᠤ ᠴᠢᠳᠠᠨ᠎ᠠ᠂ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠪᠣᠯ ᠬᠦᠰᠡᠯᠡᠩ ᠢᠲᠡᠭᠡᠯ ᠪᠢᠰᠢᠷᠡᠯ ᠡᠷᠡᠰ ᠪᠠᠲᠤ ᠪᠠᠶ᠋ᠢᠬᠤ ᠵᠢᠨ ᠬᠠᠮᠤᠭ᠎ᠤᠨ ᠰᠠᠶ᠋ᠢᠨ ᠲᠠᠶ᠋ᠢᠯᠪᠤᠷᠢᠯᠠᠯᠲᠠ ᠮᠥᠨ᠃ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠳᠠᠭᠠᠨ ᠦᠨᠡᠨᠴᠢ ᠰᠢᠳᠤᠷᠭᠤ ᠪᠠᠶ᠋ᠢᠬᠤ ᠡᠰᠡᠬᠦ ᠵᠢ ᠰᠢᠯᠭ᠋ᠠᠬᠤ᠎ᠳᠤ᠂ ᠬᠤᠪᠢᠰᠬᠠᠯ᠎ᠤᠨ ᠤᠨ ᠵᠢᠯ᠎ᠤᠳ᠎ᠲᠤ ᠪᠤᠯ ᠨᠠᠮ ᠪᠠ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠭᠠᠪᠰᠢᠭ᠋ᠠᠶ᠋ᠢᠯᠠᠨ ᠲᠡᠮᠡᠴᠡᠵᠦ᠂ ᠦᠬᠦᠵᠦ ᠰᠡᠬᠡᠬᠦ ᠵᠢ ᠦᠯᠦ ᠬᠠᠶ᠋ᠢᠬᠤᠷᠬᠤ ᠵᠢ ᠦᠵᠡᠨ᠎ᠠ᠂ ᠡᠩᠬᠡ ᠲᠠᠶ᠋ᠢᠪᠤᠩ ᠴᠠᠭ ᠦᠶ᠎ᠡ᠎ᠳᠤ ᠴᠦ᠍ ᠲᠣᠳᠣᠷᠬᠠᠢ ᠰᠢᠯᠭ᠋ᠠᠬᠤ ᠪᠠᠷᠢᠮᠵᠢᠶ᠎ᠠ᠎ᠲᠠᠢ ᠪᠠᠶ᠋ᠢᠳᠠᠭ᠃ ᠵᠢᠱ᠌ᠢᠶᠡᠯᠡᠪᠡᠯ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ ᠦᠢ᠍ᠯᠡ ᠠᠵᠢᠯᠯᠠᠭ᠎ᠠ ᠳᠡᠭᠡᠷ᠎ᠡ᠎ᠪᠠᠨ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠶ᠋ᠢᠵᠤ ᠴᠢᠳᠠᠬᠤ ᠡᠰᠡᠬᠦ; ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ ᠵᠢᠨ ᠪᠤᠳᠤᠯᠭ᠎ᠠ ᠵᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ ᠴᠢᠳᠠᠬᠤ ᠡᠰᠡᠬᠦ; ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠭ᠎ᠠ ᠰᠠᠬᠢᠵᠤ᠂ ᠤᠯᠤᠰ ᠲᠦᠷᠦ ᠵᠢᠨ ᠲᠠᠯ᠎ᠠ᠎ᠪᠠᠷ ᠮᠡᠷᠭᠡᠨ ᠬᠥᠮᠦᠨ᠂ ᠰᠢᠳᠤᠷᠭᠤ ᠬᠥᠮᠦᠨ ᠪᠤᠯᠵᠤ ᠴᠢᠳᠠᠬᠤ ᠡᠰᠡᠬᠦ; ᠨᠠᠮ ᠪᠠ ᠠᠷᠠᠳ ᠲᠦᠮᠡᠨ᠎ᠤ ᠦᠢ᠍ᠯᠡᠰ᠎ᠢ ᠠᠯᠢᠪᠠ᠎ᠠᠴᠠ ᠡᠷᠬᠢᠮ ᠪᠣᠯᠭ᠋ᠠᠬᠤ ᠵᠢ ᠪᠠᠷᠢᠮᠲᠠᠯᠠᠵᠤ᠂ ᠵᠣᠬᠢᠶᠠᠨ ᠪᠠᠶ᠋ᠢᠭᠤᠯᠤᠯᠲᠠ ᠵᠢᠨ ᠲᠣᠭᠲᠠᠭ᠋ᠠᠯ᠎ᠢ ᠤᠬᠠᠮᠰᠠᠷ᠎ᠠᠴᠠ᠎ᠪᠠᠨ ᠬᠡᠷᠡᠭᠵᠢᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠲᠤᠬᠢᠷᠠᠭᠤᠯᠤᠯᠳᠡ ᠵᠢ ᠲᠠᠭ᠋ᠠᠵᠤ ᠴᠢᠳᠠᠬᠤ ᠡᠰᠡᠬᠦ ᠵᠡᠷᠭᠡ ᠪᠣᠯ ᠴᠥᠮ ᠨᠠᠮ᠎ᠳᠠᠭᠠᠨ ᠦᠨᠡᠨᠴᠢ ᠪᠠᠶ᠋ᠢᠬᠤ ᠵᠢᠨ ᠰᠢᠭᠤᠳ ᠰᠢᠯᠭ᠋ᠠᠯᠲᠠ ᠮᠥᠨ᠃ ᠵᠣᠬᠢᠶᠠᠨ ᠪᠠᠶ᠋ᠢᠭᠤᠯᠤᠯᠲᠠ᠎ᠠᠴᠠ ᠵᠠᠯᠠᠭᠤ ᠺᠠᠳ᠋ᠷᠴᠤᠳ᠎ᠢ ᠬᠠᠲᠠᠭᠤ ᠪᠡᠷᠬᠡᠰᠢᠶᠡᠯᠲᠡᠢ ᠬᠢᠯᠢ ᠬᠢᠵᠠᠭ᠋ᠠᠷ ᠣᠷᠣᠨ᠎ᠳᠤ ᠠᠵᠢᠯᠯᠠᠭᠤᠯᠬᠤ᠎ᠪᠠᠷ ᠲᠤᠭᠢᠷᠡᠭᠤᠯᠬᠤ᠎ᠨᠢ ᠢᠲᠡᠭᠡᠯ ᠮᠥᠨ ᠪᠥᠭᠡᠳ ᠨᠡᠩ ᠴᠤ᠌ ᠬᠥᠮᠦᠵᠢᠯ ᠪᠣᠯᠬᠤ ᠶᠤᠮ᠂ ᠵᠠᠯᠠᠭᠤ ᠺᠠᠳ᠋ᠷᠴᠤᠳ ᠡᠭᠦᠨ ᠵᠶ᠋ᠠᠷ ᠢᠷᠠᠭᠤ ᠠᠯᠳᠠᠷ ᠪᠣᠯᠭ᠋ᠠᠵᠤ᠂ ᠬᠦᠮᠦᠨ᠎ᠠᠴᠠ ᠲᠡᠷᠢᠭᠦᠯᠡᠬᠦ᠎ᠪᠠᠷ ᠬᠦᠴᠦᠯᠡᠨ ᠴᠢᠷᠮᠠᠶ᠋ᠢᠬᠤ ᠬᠡᠷᠡᠭᠲᠡᠢ᠃ ᠬᠢᠲᠤᠭ᠎ᠠ ᠵᠢ ᠴᠢᠯᠠᠭᠤᠨ ᠳᠡᠭᠡᠷ᠎ᠡ ᠪᠢᠯᠡᠭᠦᠳᠡᠵᠦ᠂ ᠬᠥᠮᠦᠨ᠎ᠢ ᠶᠠᠪᠤᠳᠠᠯ ᠲᠤᠮᠳᠠ ᠪᠣᠯᠪᠠᠰᠤᠷᠠᠭᠤᠯᠤᠨ᠎ᠠ᠂ ᠰᠠᠯᠬᠢ ᠪᠣᠷᠣᠭ᠋ᠠᠨ᠎ᠢ ᠳᠠᠭ᠋ᠠᠭ᠋ᠠᠬᠤ ᠦᠭᠡᠢ᠂ ᠶᠢᠷᠲᠢᠨᠴᠦ ᠵᠢ ᠲᠠᠨᠢᠵᠤ ᠤᠢ᠍ᠢ᠍ᠯᠠᠭ᠋ᠠᠬᠤ ᠦᠭᠡᠢ ᠪᠣᠯ ᠴᠢᠳᠠᠪᠤᠷᠢᠲᠠᠨ ᠪᠣᠯᠵᠤ ᠴᠢᠳᠠᠬᠤ ᠦᠭᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠠᠯᠢᠪᠠ ᠪᠦᠬᠦᠨ᠎ᠳᠤ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠬᠤ ᠪᠣᠯ ᠪᠢᠳᠡᠨ᠎ᠤ ᠠᠰᠠᠭᠤᠳᠠᠯ᠎ᠢ ᠪᠣᠳᠣᠯᠬᠢᠯᠠᠬᠤ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠠᠵᠢᠯ ᠶᠠᠪᠤᠳᠠᠯ ᠬᠢᠬᠦ ᠵᠢᠨ ᠵᠣᠷᠢᠯᠲᠠ ᠪᠠ ᠲᠤᠰᠤᠯᠳᠠ ᠮᠥᠨ᠃ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠬᠤ ᠵᠢᠨ ᠤᠷᠢᠲᠠᠯ ᠪᠣᠯ ᠪᠣᠳᠠᠲᠤ ᠪᠠᠶ᠋ᠢᠳᠠᠯ᠎ᠳᠤ ᠭᠦᠨᠵᠡᠭᠡᠶ᠋ᠢᠷᠡᠨ᠂ ᠪᠣᠳᠠᠲᠤ ᠪᠠᠶ᠋ᠢᠳᠠᠯ᠎ᠢ ᠣᠶ᠋ᠢᠯᠠᠭ᠋ᠠᠬᠤ ᠶᠠᠪᠤᠳᠠᠯ ᠪᠣᠯᠤᠨ᠎ᠠ᠂ ᠭᠠᠭᠴᠠ ᠬᠦ᠌ ᠢᠩᠭᠢᠪᠡᠯ ᠰᠠᠶᠢ ᠦᠨᠡᠨ᠎ᠠᠴᠠ ᠵᠥᠪ᠎ᠢ ᠡᠷᠢᠬᠦ ᠵᠢ ᠪᠡᠶᠡᠯᠡᠭᠦᠯᠵᠦ ᠴᠢᠳᠠᠨ᠎ᠠ᠃ ᠪᠣᠳᠠᠲᠤ ᠪᠠᠶ᠋ᠢᠳᠠᠯ᠎ᠢ ᠣᠶ᠋ᠢᠯᠠᠭ᠋ᠠᠶ᠎ᠠ ᠭᠡᠪᠡᠯ ᠪᠠᠶ᠋ᠢᠴᠠᠭ᠋ᠠᠨ ᠰᠤᠳᠤᠯᠤᠯᠲᠠ ᠬᠢᠬᠦ ᠡᠨᠡ ᠬᠦ᠌ ᠦᠨᠳᠦᠰᠦᠨ ᠴᠢᠳᠠᠪᠤᠷᠢ ᠵᠢ ᠡᠵᠡᠮᠰᠢᠬᠦ ᠬᠡᠷᠡᠭᠲᠡᠢ᠃ ᠠᠷᠠᠳ ᠲᠦᠮᠡᠨ᠎ᠢ ᠢᠯᠡᠭᠦᠬᠡᠨ ᠪᠤᠳᠤᠵᠤ᠂ ᠠᠷᠠᠳ ᠲᠦᠮᠡᠨ᠎ᠤ ᠲᠤᠮᠳᠠ ᠭᠦᠨᠵᠡᠭᠡᠶ᠋ᠢᠷᠡᠵᠦ᠂ ᠦᠷᠭᠦᠯᠵᠢ ᠠᠷᠠᠳ ᠲᠦᠮᠡᠨ᠎ᠳᠤ ᠦᠢ᠍ᠯᠡᠴᠢᠯᠡᠵᠦ᠂ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠵᠦ᠂ ᠬᠤᠯᠠ ᠤᠢ᠍ᠢ᠍ᠷ᠎ᠠ ᠭᠡᠰᠡᠨ ᠦᠭᠡᠢ ᠴᠥᠮ ᠬᠦᠷᠬᠦ ᠬᠡᠷᠡᠭᠲᠡᠢ᠂ ᠰᠠᠶ᠋ᠢᠨ ᠮᠠᠭᠤ ᠭᠡᠰᠡᠨ ᠦᠭᠡᠢ ᠴᠥᠮ ᠦᠵᠡᠬᠦ ᠬᠡᠷᠡᠭᠲᠡᠢ᠂ ᠺᠠᠳ᠋ᠷ ᠤᠯᠠᠨ ᠲᠦᠮᠡᠨ᠎ᠤ ᠰᠠᠶ᠋ᠢᠰᠢᠶᠠᠯ ᠰᠢᠭᠦᠮᠵᠢᠯᠡᠯ᠎ᠢ ᠴᠥᠮ ᠰᠣᠨᠣᠰᠬᠤ ᠬᠡᠷᠡᠭᠲᠡᠢ᠂ ᠪᠠᠶ᠋ᠢᠳᠠᠯ᠎ᠢ ᠦᠨᠡᠨ ᠬᠦ᠌ ᠨᠠᠷᠢᠨ ᠣᠶ᠋ᠢᠯᠠᠭ᠋ᠠᠵᠤ ᠲᠤᠭᠤᠷᠠᠳᠠᠯ᠎ᠠ ᠮᠡᠳᠡᠬᠦ ᠬᠡᠷᠡᠭᠲᠡᠢ᠃ ᠦᠨᠳᠦᠰᠦᠨ ᠱᠠᠲᠤᠨ᠎ᠳᠤ 《ᠭᠦᠨᠵᠡᠭᠡᠶ᠋ᠢᠷᠡᠬᠦ》 ᠮᠥᠷᠲᠡᠭᠡᠨ ᠨᠡᠩ ᠴᠤ᠌ ᠦᠨᠳᠦᠰᠦᠨ ᠱᠠᠲᠤᠨ᠎ᠳᠤ 《ᠰᠡᠳᠬᠢᠯ ᠰᠢᠭᠤᠳᠬᠤ》 ᠬᠡᠷᠡᠭᠲᠡᠢ᠂ ᠦᠨᠡᠨ ᠦᠭᠡ ᠵᠢ ᠰᠣᠨᠣᠰᠬᠤ᠂ ᠦᠨᠡᠨ ᠪᠠᠶ᠋ᠢᠳᠠᠯ᠎ᠢ ᠪᠠᠶ᠋ᠢᠴᠠᠭ᠋ᠠᠬᠤ᠂ ᠠᠰᠠᠭᠤᠳᠠᠯ᠎ᠢ ᠦᠨᠡᠨ ᠰᠤᠳᠤᠯᠬᠤ᠂ ᠦᠨᠡᠨ ᠠᠰᠠᠭᠤᠳᠠᠯ᠎ᠢ ᠰᠤᠳᠤᠯᠬᠤ ᠬᠡᠷᠡᠭᠲᠡᠢ᠂ ᠦᠵᠡᠭᠦᠯᠭᠡ ᠵᠢᠨ ᠮᠠᠶᠢᠭ᠎ᠤᠨ ᠪᠠᠶ᠋ᠢᠴᠠᠭ᠋ᠠᠨ ᠰᠤᠳᠤᠯᠤᠯᠲᠠ᠂ ᠫᠧᠩᠰᠡᠲᠦ ᠦᠵᠡᠮᠵᠢ ᠵᠢᠨ ᠮᠠᠶᠢᠭ᠎ᠤᠨ ᠪᠠᠶ᠋ᠢᠴᠠᠭ᠋ᠠᠨ ᠰᠤᠳᠤᠯᠤᠯᠲᠠ᠂ ᠦᠩᠭᠡᠨ ᠲᠠᠯ᠎ᠠ ᠵᠢᠨ ᠪᠠᠶ᠋ᠢᠴᠠᠭ᠋ᠠᠨ ᠰᠤᠳᠤᠯᠤᠯᠲᠠ ᠬᠢᠵᠦ ᠪᠣᠯᠬᠤ ᠦᠭᠡᠢ᠃ ᠭᠦᠨᠵᠡᠭᠡᠢ ᠵᠠᠳᠠᠯᠤᠨ ᠪᠣᠳᠣᠯᠬᠢᠯᠠᠬᠤ ᠳᠡᠭᠡᠷ᠎ᠡ ᠬᠦᠴᠦ ᠲᠠᠯᠪᠢᠵᠤ᠂ ᠰᠢᠭ᠋ᠠᠷᠤ ᠵᠢ᠎ᠨᠢ ᠤᠷᠬᠢᠵᠤ ᠰᠣᠳᠣ ᠵᠢ᠎ᠨᠢ ᠠᠪᠴᠤ᠂ ᠬᠤᠳᠠᠯ᠎ᠢ᠎ᠨᠢ ᠬᠠᠶᠠᠵᠤ ᠦᠨᠡᠨ᠎ᠢ᠎ᠨᠢ ᠦᠯᠡᠳᠡᠭᠡᠵᠦ᠂ ᠡᠭᠦᠨ᠎ᠠᠴᠠ ᠲᠡᠭᠦᠨ᠎ᠳᠤ ᠬᠦᠷᠴᠦ᠂ ᠭᠠᠳᠠᠷ᠎ᠠᠴᠠ ᠳᠣᠲᠣᠷ᠎ᠲᠤ ᠨᠡᠪᠳᠡᠷᠡᠵᠦ᠂ ᠬᠡᠷᠡᠭ ᠪᠣᠳᠠᠰ᠎ᠤᠨ ᠮᠥᠨ ᠴᠢᠨᠠᠷ ᠪᠠ ᠵᠢᠮ᠎ᠡ ᠶᠣᠰᠣ ᠵᠢ ᠡᠷᠢᠨ ᠣᠯᠵᠤ᠂ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠵᠢ ᠡᠷᠢᠵᠦ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠦᠨᠡᠨ᠎ᠠᠴᠠ ᠵᠥᠪ᠎ᠢ ᠡᠷᠢᠬᠦ ᠪᠣᠯ ᠦᠵᠡᠯ ᠰᠠᠨᠠᠭ᠎ᠠ ᠠᠷᠭ᠎ᠠ ᠵᠢᠨ ᠠᠰᠠᠭᠤᠳᠠᠯ ᠲᠡᠳᠦᠢ ᠪᠢᠰᠢ᠂ ᠪᠠᠰᠠ ᠴᠤ᠌ ᠨᠠᠮᠴᠢ ᠴᠢᠨᠠᠷ ᠵᠶ᠋ᠠᠷ ᠴᠢᠩᠭ᠎ᠠ ᠪᠠᠶ᠋ᠢᠬᠤ ᠡᠰᠡᠬᠦ ᠵᠢᠨ ᠠᠰᠠᠭᠤᠳᠠᠯ ᠪᠣᠯᠤᠨ᠎ᠠ᠃ ᠣᠳᠣᠬᠠᠨ᠎ᠤ ᠺᠠᠳ᠋ᠷ᠎ᠤᠨ ᠡᠩᠨᠡᠭᠡᠨ᠎ᠤ ᠪᠣᠳᠠᠲᠤ ᠪᠠᠶ᠋ᠢᠳᠠᠯ᠎ᠠᠴᠠ ᠦᠵᠡᠪᠡᠯ᠂ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠬᠤ᠎ᠳᠤ ᠬᠠᠮᠤᠭ᠎ᠠᠴᠠ ᠰᠢᠢ᠍ᠳᠪᠦᠷᠢᠯᠡᠬᠦ ᠴᠢᠬᠤᠯᠠᠲᠠᠢ᠎ᠨᠢ ᠨᠠᠮᠴᠢ ᠴᠢᠨᠠᠷ᠎ᠤᠨ ᠠᠰᠠᠭᠤᠳᠠᠯ ᠪᠣᠯᠤᠨ᠎ᠠ᠃ ᠺᠠᠳ᠋ᠷᠴᠤᠳ ᠦᠨᠡᠨ᠎ᠠᠴᠠ ᠵᠥᠪ᠎ᠢ ᠡᠷᠢᠬᠦ ᠡᠰᠡᠬᠦ ᠵᠢ ᠤᠯᠠᠨ ᠲᠠᠯ᠎ᠠ᠎ᠠᠴᠠ ᠦᠵᠡᠵᠦ ᠪᠣᠯᠤᠨ᠎ᠠ᠂ ᠬᠠᠮᠤᠭ᠎ᠤᠨ ᠦᠨᠳᠦᠰᠦᠨ ᠵᠦᠢ᠍ᠯ᠎ᠨᠢ ᠦᠨᠡᠨ ᠦᠭᠡ ᠬᠡᠯᠡᠵᠦ ᠪᠠᠶ᠋ᠢᠬᠤ ᠡᠰᠡᠬᠦ᠂ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠵᠢ ᠬᠥᠭᠡᠭᠡᠴᠡᠯᠳᠦᠵᠦ ᠪᠠᠶ᠋ᠢᠬᠤ ᠡᠰᠡᠬᠦ ᠵᠢ ᠦᠵᠡᠬᠦ ᠬᠡᠷᠡᠭᠲᠡᠢ᠃ ᠵᠠᠯᠠᠭᠤ ᠺᠠᠳ᠋ᠷᠴᠤᠳ ᠨᠠᠮᠴᠢ ᠴᠢᠨᠠᠷ ᠵᠶ᠋ᠠᠷ ᠠᠵᠤ ᠲᠦᠷᠦᠵᠦ ᠠᠵᠢᠯ ᠬᠢᠬᠦ ᠵᠢ ᠪᠠᠷᠢᠮᠲᠠᠯᠠᠨ᠂ ᠦᠨᠡᠨ ᠦᠭᠡ ᠬᠡᠯᠡᠬᠦ᠂ ᠪᠣᠳᠠᠲᠤ ᠶᠠᠪᠤᠳᠠᠯ ᠬᠢᠬᠦ᠂ ᠰᠢᠳᠤᠷᠭᠤ ᠬᠥᠮᠦᠨ ᠪᠣᠯᠬᠤ ᠵᠢ ᠨᠠᠮᠴᠢ ᠴᠢᠨᠠᠷ᠎ᠤᠨ ᠪᠣᠯᠪᠠᠰᠤᠷᠠᠯ ᠪᠠ ᠬᠠᠲᠠᠭᠤᠵᠢᠯ᠎ᠤᠨ ᠴᠢᠬᠤᠯᠠ ᠠᠭᠤᠯᠭ᠎ᠠ ᠪᠣᠯᠭ᠋ᠠᠵᠤ᠂ ᠦᠨᠡᠨ ᠶᠣᠰᠣ ᠵᠢ ᠵᠣᠷᠢᠭᠲᠠᠢ᠎ᠪᠠᠷ ᠪᠠᠷᠢᠮᠲᠠᠯᠠᠨ᠂ ᠪᠡᠶ᠎ᠡ᠎ᠪᠠᠨ ᠳᠠᠭ᠋ᠠᠭ᠋ᠠᠵᠤ ᠰᠡᠳᠬᠢᠬᠦ᠎ᠳᠡᠭᠡᠨ ᠴᠢᠳᠠᠮᠠᠭ᠋ᠠᠢ ᠪᠠᠶ᠋ᠢᠵᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠵᠢ ᠪᠠᠷᠢᠮᠲᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷ᠎ᠤᠨ ᠡᠭᠦᠷᠭᠡ ᠬᠠᠷᠢᠭᠤᠴᠠᠯᠭ᠎ᠠ ᠪᠣᠯᠬᠤ ᠮᠦᠷᠲᠡᠭᠡᠨ ᠦᠨ᠎ᠡ ᠦᠷᠳᠡᠭ ᠪᠣᠯᠤᠨ᠎ᠠ᠃ ᠨᠠᠮ᠎ᠠᠴᠠ ᠺᠠᠳ᠋ᠷ᠎ᠢ ᠡᠯ᠎ᠡ ᠠᠵᠢᠯ᠎ᠤᠨ ᠪᠠᠶ᠋ᠢᠷᠢ ᠳᠡᠭᠡᠷ᠎ᠡ ᠲᠠᠯᠪᠢᠭᠰᠠᠨ᠎ᠨᠢ ᠤᠯᠡᠠ ᠵᠶ᠋ᠠᠷ ᠬᠠᠷᠢᠭᠤᠴᠠᠯᠭ᠎ᠠ ᠡᠭᠦᠷᠭᠡᠯᠡᠭᠦᠯᠦᠨ ᠠᠵᠢᠯ ᠬᠢᠯᠭᠡᠬᠦ ᠬᠡᠵᠡᠢ᠂ ᠬᠠᠷᠢᠨ ᠨᠣᠶᠠᠨ ᠰᠠᠭᠤᠯᠭ᠋ᠠᠵᠤ ᠵᠢᠷᠭ᠋ᠠᠯ ᠡᠳ᠋ᠯᠡᠬᠦᠯᠬᠦ ᠭᠡᠰᠡᠨ ᠪᠢᠰᠢ᠃ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠠᠵᠢᠯ ᠲᠡᠶ᠋ᠢᠮᠦ ᠤᠯᠠᠨ᠂ ᠠᠵᠢᠯ ᠵᠶ᠋ᠠᠨ ᠰᠠᠶ᠋ᠢᠲᠤᠷ ᠬᠢᠬᠦ᠎ᠳᠤ ᠴᠥᠮ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠪᠠ ᠵᠢᠳᠬᠦᠯ ᠴᠢᠷᠮᠠᠶ᠋ᠢᠯᠭ᠎ᠠ ᠭᠠᠷᠭ᠋ᠠᠬᠤ ᠪᠣᠯ ᠨᠢᠭᠡ ᠴᠣᠭᠴᠠ ᠶᠤᠮ᠂ ᠵᠢᠳᠭᠦᠯ ᠴᠢᠷᠮᠠᠶ᠋ᠢᠯᠭ᠎ᠠ ᠦᠭᠡᠢ ᠪᠣᠯ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠶ᠋ᠢᠯᠭ᠎ᠠ᠎ᠲᠠᠢ ᠪᠤᠯ ᠬᠠᠷᠢᠭᠤᠴᠠᠯᠭ᠎ᠠ ᠡᠭᠦᠷᠭᠡᠯᠡᠨ᠎ᠠ᠃ ᠠᠵᠢᠯ ᠬᠢᠬᠦ᠎ᠳᠤ ᠬᠡᠵᠢᠶᠡᠳᠡ ᠠᠶᠤᠯ ᠲᠦᠭᠰᠢᠭᠦᠷᠢ ᠤᠷᠤᠰᠢᠲᠠᠭ᠃ ᠠᠶᠤᠯ ᠲᠦᠭᠰᠢᠭᠦᠷᠢ ᠪᠠᠶ᠋ᠢᠬᠤ ᠤᠴᠢᠷ᠎ᠠᠴᠠ ᠰᠠᠶᠢ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ᠃ ᠨᠠᠮ ᠪᠠ ᠠᠷᠠᠳ ᠲᠦᠮᠡᠨ᠎ᠳᠤ ᠠᠰᠢᠭᠲᠠᠢ ᠶᠠᠪᠤᠳᠠᠯ ᠪᠦᠬᠦᠨ᠎ᠢ ᠪᠢᠳᠡ ᠵᠠᠪᠠᠯ ᠬᠦᠴᠢᠷ ᠪᠡᠷᠬᠡᠰᠢᠶᠡᠯ᠎ᠠᠴᠠ ᠵᠠᠶ᠋ᠢᠯᠠᠬᠤ ᠦᠭᠡᠢ᠂ ᠬᠠᠷᠢᠭᠤᠴᠠᠯᠭ᠎ᠠ᠎ᠠᠴᠠ ᠵᠠᠶ᠋ᠢᠯᠠᠬᠤ ᠦᠭᠡᠢ᠂ ᠵᠣᠷᠢᠭᠲᠠᠢ᠎ᠪᠠᠷ ᠬᠢᠵᠦ᠂ ᠡᠷᠡᠰ ᠵᠶ᠋ᠠᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠵᠠᠷᠴᠢᠮ᠎ᠢ ᠪᠠᠷᠢᠮᠲᠠᠯᠠᠬᠤ ᠪᠣᠯ ᠡᠪ ᠬᠠᠮᠲᠤᠴᠤᠳ᠎ᠤᠨ ᠴᠢᠬᠤᠯᠠ ᠵᠠᠩ ᠰᠤᠷᠲᠠᠯ ᠮᠥᠨ᠂ ᠨᠢᠭᠡ ᠺᠠᠳ᠋ᠷ᠎ᠤᠨ ᠲᠤᠰᠢᠶᠠᠯ᠎ᠳᠠᠭᠠᠨ ᠲᠡᠩᠴᠡᠬᠦ ᠡᠰᠡᠬᠦ ᠵᠢ ᠬᠡᠮᠵᠢᠬᠦ ᠴᠢᠬᠤᠯᠠ ᠪᠠᠷᠢᠮᠵᠢᠶ᠎ᠠ ᠮᠥᠨ᠃ ᠡᠪ ᠬᠠᠮᠲᠤᠴᠤᠳ᠎ᠲᠤ ᠠᠪᠴᠤ ᠬᠡᠯᠡᠪᠡᠯ᠂ 《ᠰᠠᠶ᠋ᠢᠨ ᠠᠪᠤᠭ᠋ᠠᠢ》 ᠪᠣᠯ ᠲᠠᠷᠤᠢ ᠵᠢᠩᠬᠢᠨᠢ ᠰᠠᠶ᠋ᠢᠨ ᠬᠥᠮᠦᠨ ᠭᠡᠰᠡᠨ ᠪᠢᠰᠢ᠃ ᠰᠠᠶ᠋ᠢᠮᠰᠤᠷᠠᠬᠤ ᠦᠵᠡᠯ᠎ᠢ ᠡᠷᠬᠢᠮᠯᠡᠳᠡᠭ ᠬᠥᠮᠦᠨ ᠤᠯᠠᠨ ᠨᠡᠶ᠋ᠢᠲᠡ ᠵᠢ ᠪᠤᠳᠤᠬᠤ ᠦᠭᠡᠢ᠂ ᠵᠦᠪᠬᠡᠨ ᠬᠤᠪᠢᠨᠴᠢᠷ ᠪᠤᠳᠤᠯ᠎ᠲᠠᠢ᠂ ᠲᠥᠪ ᠰᠤᠷᠲᠠᠯ ᠦᠭᠡᠢ᠂ ᠵᠦᠪᠬᠡᠨ ᠪᠣᠯᠬᠢ ᠰᠤᠷᠲᠠᠯ᠎ᠲᠠᠢ᠂ ᠥᠪᠡᠷ᠎ᠤᠨ ᠪᠠᠶ᠎ᠠ᠎ᠨᠢ ᠰᠠᠶ᠋ᠢᠨ ᠭᠡᠪ ᠰᠤᠷᠳᠠᠯ᠂ ᠠᠵᠢᠯ ᠤᠢ᠍ᠢ᠍ᠯᠡᠰ ᠮᠠᠭᠤ ᠭᠡᠯᠴᠡᠳᠡᠭ᠃ ᠡᠪ ᠬᠠᠮᠲᠤᠴᠤᠳ ᠨᠠᠮᠴᠢ ᠴᠢᠨᠠᠷ᠎ᠢ ᠡᠷᠬᠢᠮᠯᠡᠵᠦ᠂ ᠵᠠᠷᠴᠢᠮ᠎ᠢ ᠡᠷᠬᠢᠮᠯᠡᠬᠦ᠎ᠳᠡᠭᠡᠨ ᠲᠡᠮᠡᠴᠡᠯ ᠬᠢᠬᠦ ᠵᠢ ᠡᠷᠬᠢᠮᠯᠡᠬᠦ ᠬᠡᠷᠡᠭᠲᠡᠢ᠃ ᠵᠠᠷᠴᠢᠮ᠎ᠤᠨ ᠠᠰᠠᠭᠤᠳᠠᠯ ᠳᠡᠭᠡᠷ᠎ᠡ ᠶᠠᠭ᠋ᠠᠬᠢᠭᠰᠠᠨ ᠴᠤ᠌ ᠬᠠᠰᠢ ᠶᠠᠰᠢ ᠪᠠᠶ᠋ᠢᠵᠤ ᠪᠣᠯᠬᠤ ᠦᠭᠡᠢ᠂ ᠶᠠᠭ᠋ᠠᠬᠢᠭᠰᠠᠨ ᠴᠤ᠌ ᠨᠠᠶ᠋ᠢᠷ ᠲᠠᠯᠪᠢᠵᠤ ᠪᠣᠯᠬᠤ ᠦᠭᠡᠢ᠂ ᠡᠰᠡ ᠲᠡᠭᠡᠪᠡᠯ ᠨᠠᠮ ᠪᠠ ᠠᠷᠠᠳ ᠲᠦᠮᠡᠨ᠎ᠳᠤ ᠬᠠᠷᠢᠭᠤᠴᠠᠭᠰᠠᠨ ᠦᠭᠡᠢ᠂ ᠴᠢᠨᠠᠭᠰᠢᠯᠠᠪᠠᠯ ᠶᠠᠯ᠎ᠠ ᠬᠢᠭᠰᠡᠨ ᠶᠠᠪᠤᠳᠠᠯ ᠪᠣᠯᠤᠨ᠎ᠠ᠃ ᠵᠥᠪ ᠪᠤᠷᠤᠭᠤ ᠵᠢᠨ ᠡᠮᠦᠨ᠎ᠡ ᠵᠠᠷᠴᠢᠮ᠎ᠢ ᠪᠠᠷᠢᠮᠲᠠᠯᠠᠬᠤ ᠬᠡᠷᠡᠭᠲᠡᠢ᠂ ᠪᠠᠭ᠎ᠠ ᠰᠠᠭ᠎ᠠ ᠶᠠᠪᠤᠳᠠᠯ ᠳᠡᠭᠡᠷ᠎ᠡ ᠴᠤ᠌ ᠵᠠᠷᠴᠢᠮ᠎ᠢ ᠡᠷᠬᠢᠮᠯᠡᠬᠦ ᠠᠰᠠᠭᠤᠳᠠᠯ ᠣᠷᠣᠰᠢᠳᠠᠭ᠃ ᠨᠠᠮ᠎ᠤᠨ ᠺᠠᠳ᠋ᠷᠴᠤᠳ ᠴᠥᠮ ᠲᠥᠪ ᠭᠤᠣᠯᠴᠢ᠎ᠪᠠᠷ ᠠᠵᠢᠯᠯᠠᠬᠤ᠂ ᠨᠢᠭᠤᠷ ᠲᠠᠯ᠎ᠠ ᠬᠠᠷᠠᠬᠤ ᠦᠭᠡᠢ ᠠᠮᠢ ᠬᠤᠪᠢ᠎ᠪᠠᠨ ᠪᠤᠳᠤᠬᠤ ᠦᠭᠡᠢ ᠵᠣᠷᠢᠭ ᠰᠠᠨᠠᠭ᠎ᠠ᠎ᠲᠠᠢ ᠪᠠᠶ᠋ᠢᠵᠤ᠂ ᠵᠠᠷᠴᠢᠮ᠎ᠢ ᠡᠷᠬᠢᠮᠯᠡᠬᠦ᠎ᠠᠴᠠ ᠪᠢᠰᠢ ᠨᠢᠭᠤᠷ ᠲᠠᠯ᠎ᠠ ᠬᠠᠷᠠᠬᠤ ᠦᠭᠡᠢ᠂ ᠨᠠᠮᠴᠢ ᠴᠢᠨᠠᠷ᠎ᠢ ᠡᠷᠬᠢᠮᠯᠡᠬᠦ᠎ᠠᠴᠠ ᠪᠢᠰᠢ ᠬᠤᠪᠢ ᠵᠢᠨ ᠨᠠᠶ᠋ᠢᠷ ᠬᠠᠷᠠᠬᠤ ᠦᠭᠡᠢ ᠪᠠᠶ᠋ᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠵᠤ᠂ ᠪᠢᠳᠡᠨ᠎ᠳᠤ ᠲᠤᠯᠭ᠋ᠠᠷᠠᠵᠤ ᠪᠠᠶ᠋ᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠢᠯᠡᠳᠲᠡ ᠨᠡᠮᠡᠭᠳᠡᠪᠡ᠂ ᠳᠠᠩᠳᠠ᠎ᠪᠠᠨ ᠠᠮᠤᠷ ᠲᠠᠶ᠋ᠢᠪᠤᠩ ᠠᠮᠢᠳᠤᠷᠠᠬᠤ ᠵᠢ ᠪᠤᠳᠤᠵᠤ᠂ ᠲᠡᠮᠡᠴᠡᠬᠦ ᠵᠢ ᠪᠤᠳᠤᠬᠤ ᠦᠭᠡᠢ ᠪᠣᠯ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠦᠭᠡᠢ ᠶᠤᠮ᠃ ᠬᠡᠢ ᠬᠦᠰᠡᠯ ᠵᠶ᠋ᠠᠨ ᠲᠠᠶᠠᠭᠳᠠᠵᠤ᠂ ᠵᠣᠷᠢᠭᠲᠠᠢ ᠲᠡᠮᠡᠴᠡᠵᠦ᠂ ᠵᠠᠷᠴᠢᠮ᠎ᠤᠨ ᠠᠰᠠᠭᠤᠳᠠᠯ ᠳᠡᠭᠡᠷ᠎ᠡ ᠥᠴᠦᠬᠡᠨ ᠴᠦ᠍ ᠨᠠᠶ᠋ᠢᠷ ᠲᠠᠯᠪᠢᠬᠤ ᠦᠭᠡᠢ ᠪᠠᠶ᠋ᠢᠵᠤ᠂ ᠤᠷᠢᠳ ᠡᠮᠦᠨ᠎ᠡ ᠪᠠᠶ᠋ᠢᠭ᠎ᠠ ᠦᠭᠡᠢ ᠵᠣᠷᠢᠭ ᠰᠠᠨᠠᠭ᠎ᠠ ᠵᠠᠩ ᠴᠢᠨᠠᠷ ᠵᠶ᠋ᠠᠷ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠬᠤ ᠬᠡᠷᠡᠭᠲᠡᠢ᠃ ᠡᠪ ᠬᠠᠮᠲᠤᠴᠤᠳ ᠶᠠᠮᠠᠷᠪᠠ ᠦᠶ᠎ᠡ᠎ᠳᠤ ᠭᠡᠳ ᠴᠥᠮ ᠭᠠᠵᠢᠭᠤ ᠵᠢ ᠢᠲᠡᠭᠡᠬᠦ ᠦᠭᠡᠢ᠂ ᠴᠢᠳᠬᠦᠷ ᠱᠤᠯᠤᠮ᠎ᠠᠴᠠ ᠠᠶᠤᠬᠤ ᠦᠭᠡᠢ᠂ ᠦᠬᠡᠨᠴᠡ ᠠᠮᠢᠲᠠᠨ ᠪᠤᠯᠬᠤ ᠦᠭᠡᠢ ᠴᠢᠩ ᠵᠣᠷᠢᠭ᠂ ᠰᠥᠰᠥ ᠵᠣᠷᠢᠭ᠎ᠲᠠᠢ ᠪᠠᠶ᠋ᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠶᠣᠰᠣ ᠳᠦᠷᠢᠮ᠎ᠢ ᠡᠷᠬᠢᠮᠯᠡᠵᠦ᠂ ᠬᠤᠷᠢᠭ᠎ᠠ ᠱᠤᠭᠤᠮ᠎ᠢ ᠰᠠᠬᠢᠬᠤ᠎ᠳᠤ ᠶᠠᠭᠤᠨ᠎ᠤ ᠡᠮᠦᠨ᠎ᠡ ᠪᠢᠰᠢᠷᠡᠨ ᠵᠢᠷᠦᠬᠡᠰᠢᠶᠡᠬᠦ ᠰᠡᠳᠬᠢᠯ᠎ᠲᠠᠢ ᠪᠠᠶ᠋ᠢᠬᠤ ᠬᠡᠷᠡᠭᠲᠡᠢ᠃ ᠵᠢᠷᠦᠬᠡᠰᠢᠶᠡᠬᠦ ᠰᠡᠳᠬᠢᠯ ᠪᠠᠶ᠋ᠢᠪᠠᠯ ᠰᠠᠶᠢ ᠦᠭᠡ ᠶᠠᠷᠢᠶ᠎ᠠ᠎ᠪᠠᠨ ᠴᠡᠭᠡᠷᠯᠡᠵᠦ᠂ ᠦᠢ᠍ᠯᠡ   ᠠᠵᠢᠯᠯᠠᠭ᠎ᠠ ᠎ᠪᠠᠨ   ᠵᠣᠭᠰᠣᠭ᠋ᠠᠨ᠎ᠠ᠃ ᠺᠠᠳ᠋ᠷᠴᠤᠳ   ᠵᠠᠪᠠᠯ   ᠪᠢᠰᠢᠷᠡᠨ   ᠵᠢᠷᠦᠬᠡᠰᠢᠶᠡᠬᠦ ᠵᠢ ᠮᠡᠳᠡᠵᠦ᠂ ᠡᠮᠢᠶᠡᠨ ᠰᠡᠷᠭᠡᠶ᠋ᠢᠯᠡᠵᠦ᠂ ᠬᠤᠷᠢᠭ᠎ᠠ ᠱᠤᠭᠤᠮ᠎ᠢ ᠰᠠᠬᠢᠵᠤ᠂ ᠨᠠᠮ᠎ᠢ ᠬᠦᠨᠳᠦᠳᠬᠡᠵᠦ᠂ ᠠᠷᠠᠳ ᠲᠦᠮᠡᠨ᠎ᠢ ᠬᠦᠨᠳᠦᠳᠬᠡᠵᠦ᠂ ᠬᠠᠤᠯᠢ ᠰᠠᠬᠢᠯᠭ᠎ᠠ ᠵᠢ ᠬᠦᠨᠳᠦᠳᠬᠡᠬᠦ ᠬᠡᠷᠡᠭᠲᠡᠢ᠃ ᠪᠡᠶ᠎ᠡ᠎ᠪᠠᠨ ᠴᠢᠩᠭ᠎ᠠ ᠵᠠᠰᠠᠪᠠᠯ ᠰᠠᠶᠢ ᠪᠡᠶ᠎ᠡ᠎ᠪᠠᠨ ᠴᠢᠩᠭ᠎ᠠ ᠱᠠᠭ᠋ᠠᠷᠳᠠᠵᠤ ᠴᠢᠳᠠᠨ᠎ᠠ᠃ ᠨᠢᠭᠡᠨ ᠺᠠᠳ᠋ᠷ ᠭᠠᠭᠴᠠ ᠬᠦ᠌ ᠶᠢᠷᠲᠢᠨᠴᠦ ᠵᠢᠨ ᠦᠵᠡᠯᠲᠡ᠂ ᠠᠮᠢᠳᠤᠷᠠᠬᠤᠢ ᠵᠢᠨ ᠦᠵᠡᠯᠲᠡ᠂ ᠦᠷᠲᠡᠭ᠎ᠤᠨ ᠦᠵᠡᠯᠲᠡ ᠵᠢᠨ ᠶᠡᠷᠦᠩᠬᠡᠢ ᠨᠡᠭᠡᠭᠡᠯᠭᠡ᠎ᠪᠠᠨ ᠴᠢᠩᠭ᠋ᠠᠯᠠᠵᠤ᠂ ᠦᠵᠡᠯ ᠰᠠᠨᠠᠭ᠋ᠠᠨ᠎ᠤ ᠤᠬᠠᠮᠰᠠᠷ᠂ ᠤᠶᠤᠨ ᠰᠠᠨᠠᠭ᠋ᠠᠨ᠎ᠤ ᠠᠬᠤᠢ ᠪᠠᠶ᠋ᠢᠳᠠᠯ ᠵᠶ᠋ᠠᠨ ᠳᠡᠭᠡᠭᠰᠢᠯᠡᠭᠦᠯᠪᠡᠯ ᠰᠠᠶᠢ ᠢᠯᠵᠠᠷᠠᠬᠤ ᠵᠣᠷᠢᠭ ᠦᠭᠡᠢ ᠪᠠᠶ᠋ᠢᠭᠰᠠᠨ᠎ᠠᠴᠠ᠎ᠪᠠᠨ ᠢᠯᠵᠠᠷᠠᠬᠤ ᠵᠢ ᠪᠤᠳᠤᠬᠤ ᠦᠭᠡᠢ ᠪᠤᠯᠵᠤ ᠴᠢᠳᠠᠨ᠎ᠠ᠃ ᠮᠠᠨ᠎ᠤ ᠡᠪ ᠬᠠᠮᠲᠤᠴᠤᠳ ᠶᠡᠭᠡ ᠨᠡᠶ᠋ᠢᠲᠡ ᠵᠢᠨ ᠲᠥᠯᠥᠭᠡ᠂ ᠶᠡᠭᠡ ᠵᠢᠷᠤᠮ᠎ᠢ ᠰᠠᠬᠢᠵᠤ᠂ ᠶᠡᠭᠡ ᠮᠢᠨᠦ ᠲᠥᠯᠥᠭᠡ ᠵᠢᠳᠭᠦᠳᠡᠭ᠂ ᠨᠡᠩ ᠴᠤ᠌ ᠲᠥᠪ ᠶᠣᠰᠣ ᠵᠢ ᠪᠠᠷᠢᠵᠤ᠂ ᠶᠣᠰᠣ ᠮᠣᠷᠠᠯ᠎ᠢ ᠡᠷᠬᠢᠮᠯᠡᠨ ᠪᠡᠶ᠎ᠡ᠎ᠪᠠᠨ ᠬᠦᠨᠳᠦᠳᠬᠡᠵᠦ᠂ ᠢᠮᠠᠭᠲᠠ ᠨᠠᠮ ᠪᠠ ᠠᠷᠠᠳ ᠲᠦᠮᠡᠨ᠎ᠢ ᠰᠡᠳᠬᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠶ᠋ᠢᠷᠢᠨ᠎ᠳᠤ ᠲᠠᠯᠪᠢᠵᠤ᠂ ᠨᠢᠭᠡ ᠰᠡᠳᠬᠢᠯ ᠵᠶ᠋ᠠᠷ ᠨᠡᠶ᠋ᠢᠲᠡ ᠵᠢᠨ ᠲᠥᠯᠥᠭᠡ ᠵᠢᠳᠬᠦᠵᠦ᠂ ᠲᠥᠪ ᠭᠤᠣᠯᠴᠢ ᠪᠥᠭᠡᠳ ᠠᠷᠢᠭᠤᠨ ᠴᠢᠬᠡᠴᠢ ᠬᠥᠮᠦᠨ ᠪᠣᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠪᠢᠳᠠ ᠤᠷᠢᠤᠨ ᠡᠮᠦᠨ᠎ᠡ ᠪᠠᠶ᠋ᠢᠭ᠎ᠠ ᠦᠭᠡᠢ ᠬᠤᠪᠢᠰᠤᠯᠲᠠ ᠵᠢᠨ ᠴᠠᠭ ᠦᠶ᠎ᠡ᠎ᠳᠤ ᠣᠷᠣᠰᠢᠵᠤ᠂ ᠤᠷᠢᠤᠨ ᠡᠮᠦᠨ᠎ᠡ ᠪᠠᠶ᠋ᠢᠭ᠎ᠠ ᠦᠭᠡᠢ ᠠᠭᠤᠤ ᠶᠡᠭᠡ ᠦᠢ᠍ᠯᠡᠰ᠎ᠢ ᠬᠢᠵᠦ ᠪᠠᠶ᠋ᠢᠨ᠎ᠠ᠂ ᠬᠡᠷᠪᠡ ᠮᠡᠳᠡᠯᠭᠡ ᠮᠡᠬᠦᠰ᠂ ᠬᠠᠷᠠᠴᠠ ᠥᠷᠭᠡᠨ ᠪᠢᠰᠢ᠂ ᠴᠢᠳᠠᠪᠤᠷᠢ ᠶᠡᠭᠡ ᠪᠢᠰᠢ ᠪᠣᠯ ᠤᠴᠢᠷ ᠶᠠᠪᠤᠳᠠᠯ᠎ᠢ ᠰᠠᠭ᠋ᠠᠲᠠᠭ᠋ᠠᠬᠤ ᠪᠣᠯᠤᠨ᠎ᠠ᠃ ᠵᠠᠯᠠᠭᠤ ᠺᠠᠳ᠋ᠷᠴᠤᠳ ᠤᠶᠤᠨ ᠴᠢᠳᠠᠯ ᠲᠡᠭᠦᠯᠳᠡᠷ᠂ ᠰᠡᠳᠬᠢᠬᠦᠢ ᠬᠥᠭᠵᠢᠶᠡᠨᠲᠡᠢ᠂ ᠬᠦᠯᠢᠶᠡᠨ ᠠᠪᠬᠤ ᠴᠢᠳᠠᠪᠤᠷᠢ ᠴᠢᠩᠭ᠎ᠠ ᠪᠠᠶ᠋ᠢᠵᠤ᠂ ᠶᠠᠭ ᠰᠠᠶᠢᠬᠠᠨ ᠡᠷᠳᠡᠮ ᠴᠢᠳᠠᠪᠤᠷᠢ᠎ᠪᠠᠨ ᠨᠡᠮᠡᠭᠳᠡᠭᠦᠯᠬᠦ ᠰᠠᠶ᠋ᠢᠨ ᠴᠠᠭ ᠦᠶ᠎ᠡ᠎ᠳᠤ ᠪᠠᠶ᠋ᠢᠨ᠎ᠠ᠂ ᠡᠷᠬᠡᠪᠰᠢ ᠴᠠᠭ ᠮᠥᠴᠡ ᠵᠢ ᠨᠠᠨᠳᠢᠩᠨᠠᠵᠤ᠂ ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ᠂ ᠥᠯᠥᠰᠴᠦ ᠤᠮᠳᠠᠭ᠋ᠠᠰᠤᠭᠰᠠᠨ ᠮᠡᠲᠦ ᠰᠤᠷᠤᠯᠴᠠᠵᠤ᠂ ᠳᠡᠭᠡᠭᠰᠢᠯᠡᠨ ᠲᠠᠪᠰᠢᠬᠤ᠎ᠪᠠᠨ ᠨᠢᠭᠡ ᠮᠥᠴᠡ ᠴᠦ᠍ ᠵᠣᠭᠰᠣᠭ᠋ᠠᠵᠤ ᠪᠤᠯᠬᠤ ᠦᠭᠡᠢ᠃ 《ᠰᠢᠬᠠᠬᠤ》 ᠪᠠ 《ᠰᠤᠳᠤᠯᠬᠤ》 ᠵᠣᠷᠢᠭ ᠰᠠᠨᠠᠭ᠎ᠠ ᠵᠢ ᠪᠠᠳᠠᠷᠠᠭᠤᠯᠵᠤ᠂ ᠢᠯᠡᠭᠦᠬᠡᠨ ᠨᠣᠮ ᠤᠩᠰᠢᠵᠤ᠂ ᠰᠠᠶ᠋ᠢᠨ ᠨᠣᠮ ᠤᠩᠰᠢᠵᠤ᠂ ᠨᠣᠮ ᠪᠢᠴᠢᠭ᠎ᠠᠴᠠ ᠤᠶᠤᠨ ᠤᠬᠠᠭ᠋ᠠᠨ ᠪᠠ ᠰᠢᠮ᠎ᠡ ᠲᠡᠵᠢᠭᠡᠯ ᠰᠢᠩᠭᠡᠭᠡᠨ ᠠᠪᠬᠤ ᠬᠡᠷᠡᠭᠲᠡᠢ᠃ ᠠᠵᠢᠯ᠎ᠤᠨ ᠬᠡᠷᠡᠭᠴᠡᠭᠡ᠎ᠲᠠᠢ᠎ᠪᠠᠨ ᠤᠶᠠᠯᠳᠤᠭᠤᠯᠤᠨ ᠰᠤᠷᠤᠯᠴᠠᠵᠤ᠂ ᠶᠠᠭᠤ ᠬᠢᠪᠡᠯ ᠶᠠᠭᠤ ᠵᠢ ᠰᠤᠷᠴᠤ᠂ ᠶᠠᠭᠤ ᠳᠤᠲᠠᠪᠠᠯ ᠶᠠᠭᠤ ᠵᠢ ᠨᠥᠬᠦᠪᠥᠷᠢᠯᠡᠬᠦ ᠵᠢ ᠪᠡᠶᠡᠯᠡᠭᠦᠯᠬᠦ ᠬᠡᠷᠡᠭᠲᠡᠢ᠃ ᠮᠠᠷᠺᠰ᠎ᠤᠨ ᠦᠵᠡᠯ᠎ᠤᠨ ᠣᠨᠣᠯ ᠢᠯᠠᠩᠭᠤᠶ᠎ᠠ ᠰᠢᠨ᠎ᠡ ᠴᠠᠭ ᠦᠶ᠎ᠡ ᠵᠢᠨ ᠨᠠᠮ᠎ᠤᠨ ᠰᠢᠨ᠎ᠡ ᠵᠢ ᠡᠭᠦᠳᠬᠦ ᠣᠨᠣᠯ᠎ᠢ ᠰᠤᠷᠤᠯᠴᠠᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢ ᠰᠤᠷᠤᠯᠴᠠᠵᠤ᠂ ᠠᠵᠤ ᠠᠬᠤᠶ᠂ ᠤᠯᠤᠰ ᠲᠥᠷᠥ᠂ ᠬᠠᠤᠯᠢ ᠴᠠᠭ᠋ᠠᠵᠠ᠂ ᠰᠣᠶᠣᠯ᠂ ᠨᠡᠶ᠋ᠢᠭᠡᠮ᠂ ᠬᠠᠮᠢᠶᠠᠷᠤᠯᠲᠠ᠂ ᠠᠮᠢ ᠠᠬᠤᠶ᠂ ᠣᠯᠠᠨ ᠤᠯᠤᠰ ᠵᠡᠷᠭᠡ ᠡᠯ᠎ᠡ ᠲᠠᠯ᠎ᠠ ᠵᠢᠨ ᠰᠠᠭᠤᠷᠢ ᠴᠢᠨᠠᠷᠲᠠᠶ ᠮᠡᠳᠡᠯᠭᠡ ᠵᠢ ᠰᠤᠷᠤᠯᠴᠠᠵᠤ᠂ ᠲᠤᠬᠠᠶ᠋ᠢᠯᠠᠭᠰᠠᠨ ᠠᠵᠢᠯ ᠵᠶ᠋ᠠᠨ ᠰᠠᠶ᠋ᠢᠲᠤᠷ ᠬᠢᠬᠦ᠎ᠯᠦᠭᠡ ᠬᠤᠯᠪᠣᠭᠳᠠᠬᠤ ᠰᠢᠨ᠎ᠡ ᠮᠡᠳᠡᠯᠭᠡ ᠰᠢᠨ᠎ᠡ ᠤᠷ᠎ᠠ ᠴᠢᠳᠠᠪᠤᠷᠢ ᠵᠢ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠵᠠᠪᠠᠯ ᠱᠠᠭ᠋ᠠᠷᠳᠠᠭᠳᠠᠬᠤ ᠮᠡᠳᠡᠯᠭᠡ ᠵᠢᠨ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
      ᠰᠢ ᠵᠢᠨ ᠫᠢᠩ᠂ ᠦᠢ᠍ᠯᠡᠳᠦᠯᠭᠡ ᠵᠢᠨ ᠲᠤᠮᠳᠠ᠎ᠠᠴᠠ ᠵᠢᠩᠬᠢᠨᠢ ᠮᠡᠳᠡᠯᠭᠡ ᠵᠢ ᠬᠦᠷᠳᠡᠵᠦ᠂ ᠦᠢ᠍ᠯᠡᠳᠦᠯᠭᠡ ᠵᠢᠨ ᠲᠤᠮᠳᠠ ᠵᠢᠩᠬᠢᠨᠢ ᠴᠢᠳᠠᠪᠤᠷᠢᠲᠠᠨ ᠬᠦᠮᠦᠵᠢᠭᠳᠡᠳᠡᠭ᠃ ᠠᠵᠢᠯᠯᠠᠬᠤ ᠳᠤᠮᠳᠠ ᠰᠤᠷᠤᠯᠴᠠᠬᠤ᠂ ᠰᠤᠷᠤᠯᠴᠠᠬᠤ ᠳᠤᠮᠳᠠ ᠠᠵᠢᠯᠯᠠᠬᠤ ᠵᠢ ᠪᠠᠷᠢᠮᠲᠠᠯᠠᠬᠤ ᠪᠣᠯ ᠤᠳᠤᠷᠢᠳᠬᠤ ᠺᠠᠳ᠋ᠷ᠎ᠤᠨ ᠦᠰᠦᠨ ᠪᠤᠶ᠋ᠢᠵᠢᠵᠤ ᠴᠢᠳᠠᠪᠤᠷᠢᠲᠠᠨ ᠪᠣᠯᠬᠤ ᠵᠢᠨ ᠵᠠᠶ᠋ᠢᠯᠠᠰᠢ ᠦᠭᠡᠢ ᠶᠠᠪᠤᠬᠤ ᠵᠠᠮ ᠮᠥᠨ᠃ ᠠᠳᠠᠯᠢᠬᠠᠨ ᠦᠢ᠍ᠯᠡᠳᠦᠯᠭᠡ ᠳᠤᠮᠳᠠ᠂ ᠵᠢᠩᠬᠢᠨᠢ ᠰᠡᠳᠬᠢᠯ ᠲᠠᠯᠪᠢᠵᠤ ᠪᠣᠳᠣᠯᠬᠢᠯᠠᠭᠰᠠᠨ ᠡᠰᠡᠬᠦ᠂ ᠰᠠᠶ᠋ᠢᠲᠤᠷ ᠳ᠋ᠦᠩᠨᠡᠨ ᠲᠤᠩᠭ᠋ᠠᠭᠰᠠᠨ ᠡᠰᠡᠬᠦ᠂ ᠣᠯᠤᠯᠲᠠ ᠵᠢᠨ ᠶᠡᠭᠡ ᠪᠠᠭ᠎ᠠ᠂ ᠳᠡᠭᠡᠭᠰᠢᠯᠡᠯᠲᠡ ᠵᠢᠨ ᠲᠦᠷᠭᠡᠨ ᠤᠳᠠᠭ᠋ᠠᠨ᠎ᠨᠢ ᠠᠳᠠᠯᠢ ᠦᠭᠡᠢ ᠪᠠᠶ᠋ᠢᠳᠠᠭ᠃ ᠬᠡᠷᠪᠡ ᠶᠠᠭ᠋ᠠᠷᠠᠤ ᠰᠠᠨᠳᠤᠷᠤᠤ᠂ ᠵᠥᠪᠬᠡᠨ ᠮᠧᠬᠠᠨᠢᠭ ᠵᠶ᠋ᠠᠷ ᠠᠵᠢᠯᠯᠠᠵᠤ᠂ ᠠᠵᠢᠯ ᠬᠥᠭᠡᠭᠡᠴᠡᠯᠳᠦᠬᠦ ᠦᠵᠡᠯ᠎ᠳᠤ ᠰᠢᠭᠢᠳᠦᠨ ᠣᠷᠣᠬᠤ ᠶᠤᠮ ᠪᠣᠯ ᠲᠠᠨᠢᠯᠲᠠ ᠪᠠ ᠠᠵᠢᠯ᠎ᠤᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ᠎ᠳᠤ ᠪᠡᠷᠬᠡ ᠶᠤᠮ ᠭᠡᠵᠦ ᠵᠢᠭ᠋ᠠᠵᠤ ᠭᠠᠷᠭ᠋ᠠᠵᠠᠢ᠃
      ᠴᠧᠨ ᠰᠢ ᠬᠢᠴᠢᠶᠡᠯ ᠡᠬᠢᠯᠡᠬᠦ ᠶᠣᠰᠣᠯᠠᠯ᠎ᠢ ᠡᠷᠬᠢᠯᠡᠵᠦ᠂ ᠵᠠᠯᠠᠭᠤ ᠺᠠᠳ᠋ᠷᠴᠤᠳ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠦᠵᠡᠯ ᠰᠠᠨᠠᠭ᠎ᠠ ᠪᠠ ᠠᠵᠢᠯ᠎ᠤᠨ ᠪᠣᠳᠠᠲᠠᠢ᠎ᠲᠠᠢ᠎ᠪᠠᠨ ᠨᠢᠭᠲᠠ ᠤᠶᠠᠯᠳᠤᠭᠤᠯᠵᠤ᠂ ᠤᠨᠤᠯ᠎ᠤᠨ ᠰᠤᠷᠤᠯᠴᠠᠯᠭ᠎ᠠ᠎ᠪᠠᠨ ᠴᠢᠩᠭ᠋ᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ ᠤᠯᠤᠰ ᠲᠦᠷᠦ ᠵᠢᠨ ᠬᠡᠪ ᠴᠢᠨᠠᠷ ᠵᠶ᠋ᠠᠨ ᠳᠠᠪᠲᠠᠨ ᠪᠣᠯᠪᠠᠰᠤᠷᠠᠭᠤᠯᠵᠤ᠂ ᠴᠠᠭ᠋ᠠᠷᠠᠭᠰᠠᠨ ᠴᠢᠳᠠᠪᠤᠷᠢ ᠵᠢ ᠳᠠᠪᠲᠠᠨ ᠪᠣᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠪᠣᠳᠠᠲᠤ ᠠᠵᠢᠯᠯᠠᠭ᠎ᠠ᠎ᠪᠠᠷ ᠵᠶ᠋ᠠᠨ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠡᠷᠡᠯᠬᠡᠭᠯᠡᠨ ᠲᠡᠮᠡᠴᠡᠵᠦ᠂ ᠭᠠᠪᠢᠶ᠎ᠠ ᠪᠠᠶ᠋ᠢᠭᠤᠯᠵᠤ ᠦᠢ᠍ᠯᠡᠰ ᠪᠦᠲᠦᠭᠡᠬᠦ ᠬᠡᠷᠡᠭᠲᠡᠢ ᠭᠡᠵᠦ ᠢᠯᠡᠳᠬᠡᠪᠡ᠃
      ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠪᠠ᠃
     2021 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ ᠲᠥᠪ᠎ᠤᠨ ᠨᠠᠮ᠎ᠤᠨ ᠰᠤᠷᠭ᠋ᠠᠭᠤᠯᠢ     (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠢᠳᠡᠷ ᠵᠠᠯᠠᠭᠤ ᠺᠠᠳ᠋ᠷᠴᠤᠳ᠎ᠤᠨ ᠪᠣᠯᠪᠠᠰᠤᠷᠠᠯ᠎ᠤᠨ ᠠᠩᠬᠢ ᠵᠢᠨ ᠰᠤᠷᠤᠯᠭ᠋ᠠᠲᠠᠳ ᠬᠢᠴᠢᠶᠡᠯ ᠡᠬᠢᠯᠡᠬᠦ ᠶᠣᠰᠣᠯᠠᠯ᠎ᠳᠤ ᠣᠷᠣᠯᠴᠠᠵᠤ᠂ ᠲᠥᠪ᠎ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠬᠢᠴᠢᠶᠡᠯ ᠡᠬᠢᠯᠡᠬᠦ ᠶᠣᠰᠣᠯᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠵᠢᠷᠭᠤᠳᠤᠭ᠋ᠠᠷ ᠪᠥᠬᠥᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠵᠤ 《ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠣᠯᠣᠳᠤᠭ᠋ᠠᠷ ᠡᠭᠡᠯᠵᠢ ᠵᠢᠨ ᠲᠣᠭᠣᠷᠢᠨ ᠪᠠᠶ᠋ᠢᠴᠠᠭ᠋ᠠᠯᠲᠠ ᠵᠢᠨ ᠪᠠᠶ᠋ᠢᠳᠠᠯ᠎ᠤᠨ ᠲᠤᠬᠠᠶ ᠶᠡᠷᠦᠩᠬᠡᠶ᠋ᠢᠯᠡᠭᠰᠡᠨ ᠮᠡᠳᠡᠭᠦᠯᠦᠯᠲᠡ》 ᠵᠢ ᠬᠢᠨᠠᠨ ᠵᠥᠪᠯᠡᠪᠡ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠵᠡᠢ
ᠰᠢ ᠵᠢᠨ ᠫᠢᠩ 2021 ᠣᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠴᠤᠭᠯᠠᠭ᠋ᠠᠨ᠎ᠤ ᠪᠦᠬᠦ ᠪᠥᠮᠪᠥᠷᠴᠡᠭ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠲᠦᠷᠦᠭᠦᠴᠦᠳ᠎ᠤᠨ ᠬᠤᠷᠠᠯ ᠳᠡᠭᠡᠷ᠎ᠡ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠬᠦᠴᠢᠷᠳᠡᠯ᠎ᠢ ᠰᠢᠢ᠍ᠳᠪᠦᠷᠢᠯᠡᠵᠦ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠵᠤ ᠲᠥᠷᠥ ᠵᠢᠨ ᠪᠣᠳᠣᠯᠭ᠎ᠠ ᠵᠢᠨ ᠨᠥᠭᠡᠴᠡᠯᠡᠯ᠎ᠢ ᠴᠢᠩᠭ᠋ᠠᠳᠬᠠᠵᠤ᠂ ᠦᠶᠡᠯᠡᠯ ᠠᠯᠤᠰᠯᠠᠨ ᠲᠣᠬᠢᠷᠠᠭᠤᠯᠬᠤ ᠵᠢ ᠰᠠᠢ᠌ᠲᠤᠷ ᠬᠢᠬᠦ ᠵᠡᠷᠭᠡ ᠵᠢ ᠪᠠᠢ᠌ᠷᠢᠯᠠᠭᠤᠯᠪᠠ
ᠰᠢ ᠵᠢᠨ ᠫᠢᠩ ᠵᠢᠷᠭᠤᠳᠤᠭ᠋ᠠᠷ ᠬᠤᠭᠤᠴᠠᠭ᠋ᠠᠨ᠎ᠤ ᠳᠣᠷᠣᠨᠠᠳᠠᠬᠢᠨ᠎ᠤ ᠠᠵᠤ ᠠᠬᠤᠢ ᠵᠢᠨ ᠶᠠᠷᠢᠶᠠᠨ᠎ᠤ ᠲᠠᠪᠴᠠᠩ᠎ᠤᠨ ᠪᠦᠬᠦᠳᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ
ᠯᠢ ᠺᠸ ᠴᠢᠶᠠᠩ ᠳᠣᠯᠣᠳᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ
 
            