
ᠲᠤᠬᠠᠢ ᠵᠢᠨ ᠭᠠᠵᠠᠷ᠎ᠤᠨ ᠴᠠᠭ ᠵᠶ᠋ᠠᠷ 11 ᠰᠠᠷ᠎ᠠ ᠵᠢᠨ 14᠎ᠤ ᠦᠳᠡ ᠵᠢᠨ ᠬᠣᠢ᠌ᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠢᠨᠳᠤᠨᠧᠰᠢᠶ᠎ᠠ ᠵᠢᠨ ᠪᠠᠯ᠎ᠢ ᠠᠷᠠᠯ᠎ᠳᠤ ᠠᠮᠧᠷᠢᠺᠠ ᠵᠢᠨ ᠶᠡᠷᠦᠩᠬᠡᠢ᠌ᠯᠡᠭᠴᠢ ᠪᠠᠢ᠌ᠳ᠋ᠸᠨᠲᠠᠢ ᠠᠭᠤᠯᠵᠠᠪᠠ᠃
ᠰᠢᠨᠬᠤᠸᠠ ᠬᠣᠷᠢᠶᠠᠨ᠎ᠤ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ
ᠬᠣᠶᠠᠷ ᠤᠯᠤᠰ᠎ᠤᠨ ᠲᠡᠷᠢᠭᠦᠨ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠰᠠᠭᠤᠳᠠᠯ ᠵᠢᠴᠢ ᠳᠡᠯᠡᠬᠡᠢ ᠵᠢᠨ ᠪᠠ ᠭᠠᠵᠠᠷ ᠣᠷᠣᠨ᠎ᠤ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠦᠵᠡᠯᠲᠡ᠎ᠪᠠᠨ ᠴᠢᠩ ᠦᠨᠡᠨᠴᠢ᠎ᠪᠠᠷ ᠭᠦᠨᠵᠡᠭᠡᠢ ᠰᠣᠯᠢᠯᠴᠠᠪᠠ᠃
ᠰᠢ ᠵᠢᠨ ᠫᠢᠩ᠂ ᠣᠳᠣᠬᠠᠨ᠎ᠤ ᠳᠤᠮᠳᠠᠳᠤ ᠠᠮᠧᠷᠢᠺᠠ ᠵᠢᠨ ᠬᠠᠷᠢᠯᠴᠠᠭ᠎ᠠ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ᠎ᠨᠢ ᠬᠣᠶᠠᠷ ᠤᠯᠤᠰ ᠪᠣᠯᠣᠨ ᠬᠣᠶᠠᠷ ᠤᠯᠤᠰ᠎ᠤᠨ ᠠᠷᠠᠳ ᠲᠦᠮᠡᠨ᠎ᠤ ᠦᠨᠳᠦᠰᠦᠨ ᠠᠰᠢᠭ ᠲᠤᠰᠠᠲᠠᠢ ᠨᠡᠢ᠌ᠴᠡᠭᠦ ᠦᠭᠡᠢ ᠪᠥᠭᠡᠳ ᠳᠡᠯᠡᠬᠡᠢ ᠨᠡᠢ᠌ᠭᠡᠮ᠎ᠤᠨ ᠬᠦᠰᠡᠯ ᠡᠷᠡᠮᠡᠯᠵᠡᠯ᠎ᠲᠠᠢ ᠴᠦ᠍ ᠨᠡᠢ᠌ᠴᠡᠭᠦ ᠦᠭᠡᠢ ᠶᠤᠮ᠃ ᠳᠤᠮᠳᠠᠳᠤ ᠠᠮᠧᠷᠢᠺᠠ ᠬᠣᠶᠠᠷ ᠲᠠᠯ᠎ᠠ᠎ᠪᠠᠷ ᠵᠶ᠋ᠠᠨ ᠲᠡᠦᠬᠡ᠂ ᠳᠡᠯᠡᠬᠡᠢ ᠶᠢᠷᠲᠢᠨᠴᠦ᠂ ᠠᠷᠠᠳ ᠲᠦᠮᠡᠨ᠎ᠳᠤ ᠬᠠᠷᠢᠭᠤᠴᠠᠬᠤ ᠣᠪᠣᠷ ᠵᠶ᠋ᠠᠷ᠂ ᠰᠢᠨ᠎ᠡ ᠴᠠᠭ ᠦᠶ᠎ᠡ ᠵᠢᠨ ᠬᠣᠶᠠᠷ ᠤᠯᠤᠰ᠎ᠤᠨ ᠵᠥᠪ ᠵᠶ᠋ᠡᠷ ᠬᠠᠷᠢᠯᠴᠠᠬᠤ ᠵᠠᠮ᠎ᠢ ᠰᠦᠪᠡᠭᠴᠢᠯᠡᠵᠦ᠂ ᠬᠣᠶᠠᠷ ᠤᠯᠤᠰ᠎ᠤᠨ ᠬᠠᠷᠢᠯᠴᠠᠭ᠋ᠠᠨ᠎ᠤ ᠬᠥᠭᠵᠢᠯᠲᠡ ᠵᠢᠨ ᠵᠥᠪ ᠴᠢᠭᠯᠡᠯ᠎ᠢ ᠣᠯᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠡᠷᠡᠭᠦᠯ ᠲᠣᠭᠲᠠᠭᠤᠨ ᠬᠥᠭᠵᠢᠯᠲᠡ ᠵᠢᠨ ᠵᠠᠮ᠎ᠳᠤ ᠲᠠᠭᠢᠨ ᠣᠷᠣᠬᠤ ᠵᠢ ᠠᠬᠢᠭᠤᠯᠵᠤ᠂ ᠬᠣᠶᠠᠷ ᠤᠯᠤᠰ᠎ᠲᠤ ᠪᠤᠶᠠᠨ ᠦᠢ᠍ᠯᠡᠳᠴᠦ᠂ ᠳᠡᠯᠡᠬᠡᠢ ᠳ᠋ᠠᠬᠢᠨ᠎ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠣᠣᠯ ᠪᠠᠢ᠌ᠳᠠᠯ ᠪᠣᠯᠣᠨ ᠴᠢᠬᠤᠯᠠ ᠦᠷ᠎ᠡ ᠪᠦᠲᠦᠭᠡᠯ᠎ᠢ ᠲᠠᠨᠢᠯᠴᠠᠭᠤᠯᠵᠤ᠂ ᠳᠤᠮᠳᠠᠳᠤ ᠤᠯᠤᠰ᠎ᠤᠨ ᠨᠠᠮ ᠪᠣᠯᠣᠨ ᠵᠠᠰᠠᠭ᠎ᠤᠨ ᠣᠷᠳᠣᠨ᠎ᠤ ᠳᠣᠲᠣᠭ᠋ᠠᠳᠤ ᠭᠠᠳᠠᠭ᠋ᠠᠳᠤ ᠲᠦᠷᠦ ᠵᠢᠨ ᠪᠣᠳᠣᠯᠭ᠎ᠠ ᠢᠯᠡ ᠲᠣᠳᠣ᠂ ᠪᠠᠢ᠌ᠯᠳᠤᠬᠤ ᠪᠣᠳᠣᠯᠭ᠎ᠠ ᠵᠢᠨ ᠵᠣᠷᠢᠯᠲᠠ ᠲᠥᠪ ᠴᠢᠬᠡᠴᠢ ᠪᠠᠢ᠌ᠵᠤ᠂ ᠳᠡᠭᠡᠳᠦ ᠬᠡᠮᠵᠢᠶᠡᠨ᠎ᠤ ᠦᠷᠭᠦᠯᠵᠢᠯᠡᠬᠦ ᠴᠢᠨᠠᠷ ᠪᠣᠯᠣᠨ ᠲᠣᠭᠲᠠᠭᠤᠨ ᠴᠢᠨᠠᠷ᠎ᠢ ᠪᠠᠲᠤᠯᠠᠵᠤ ᠪᠠᠢ᠌ᠨ᠎ᠠ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠡᠶᠡᠯᠡᠭᠦᠯᠬᠦ᠎ᠪᠠᠷ ᠦᠷᠭᠦᠯᠵᠢᠯᠡᠨ ᠵᠣᠷᠢᠯᠲᠠ᠎ᠪᠠᠨ ᠪᠤᠯᠭ᠋ᠠᠵᠤ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠢ᠌ᠪᠢᠰᠢ ᠦᠭᠡᠢ ᠬᠢᠵᠦ᠂ ᠨᠡᠭᠡᠭᠡᠯᠲᠡᠲᠤ ᠮᠠᠶᠢᠭ᠎ᠤᠨ ᠳᠡᠯᠡᠬᠡᠢ ᠵᠢᠨ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ᠃ ᠳᠤᠮᠳᠠᠳᠤ ᠤᠯᠤᠰ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠭᠦ ᠨᠠᠢ᠌ᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠦᠷᠦ ᠵᠢᠨ ᠪᠣᠳᠣᠯᠭ᠎ᠠ ᠵᠢ ᠦᠷᠭᠦᠯᠵᠢᠯᠡᠨ ᠡᠷᠡᠰ ᠬᠡᠷᠡᠭᠵᠢᠭᠦᠯᠵᠦ᠂ ᠢᠮᠠᠭᠲᠠ ᠬᠡᠷᠡᠭ ᠶᠠᠪᠤᠳᠠᠯ᠎ᠤᠨ ᠲᠤᠰ ᠪᠡᠶ᠎ᠡ ᠵᠢᠨ ᠵᠥᠪ ᠪᠤᠷᠤᠭᠤ ᠦᠨᠡᠨ ᠬᠤᠳᠠᠯ᠎ᠢ ᠦᠨᠳᠦᠰᠦᠯᠡᠨ ᠥᠪᠡᠷ᠎ᠤᠨ ᠵᠣᠭᠰᠣᠯᠲᠠ ᠪᠠ ᠣᠪᠣᠷ ᠵᠶ᠋ᠠᠨ ᠲᠣᠭᠲᠠᠭ᠋ᠠᠵᠤ᠂ ᠶᠠᠷᠢᠯᠴᠠᠭ᠎ᠠ ᠬᠢᠵᠦ ᠵᠥᠪᠳᠡᠯᠴᠡᠬᠦ᠂ ᠮᠠᠷᠭᠤᠯᠳᠤᠭ᠋ᠠᠨ᠎ᠢ ᠨᠠᠢ᠌ᠷᠠᠮᠳᠠᠯ ᠵᠶ᠋ᠠᠷ ᠰᠢᠢ᠍ᠳᠪᠦᠷᠢᠯᠡᠬᠦ ᠵᠢ ᠰᠠᠨᠠᠭ᠋ᠠᠴᠢᠯᠠᠵᠤ᠂ ᠪᠦᠭᠦ ᠪᠥᠮᠪᠥᠷᠴᠡᠭ᠎ᠤᠨ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠢ᠌ᠷᠡᠭᠦᠯᠦᠨ ᠥᠷᠭᠡᠳᠬᠡᠵᠦ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠪᠠᠷ ᠭᠣᠣᠯ ᠪᠤᠯᠭ᠋ᠠᠬᠰᠠᠨ ᠤᠯᠠᠨ ᠤᠯᠤᠰ᠎ᠤᠨ ᠰᠢᠰᠲ᠋ᠧᠮ ᠪᠣᠯᠣᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠬᠠᠮᠠᠭ᠋ᠠᠯᠠᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠤᠨ᠎ᠠ᠃ ᠳᠤᠮᠳᠠᠳᠤ ᠤᠯᠤᠰ ᠡᠩᠬᠡ ᠲᠠᠢ᠌ᠪᠤᠩ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤ᠎ᠪᠠᠷ ᠠᠰᠢᠭ ᠭᠦᠷᠳᠡᠭᠦ ᠬᠥᠭᠵᠢᠯᠲᠡ ᠵᠢ ᠪᠠᠷᠢᠮᠲᠠᠯᠠᠵᠤ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠣᠷᠣᠯᠴᠠᠭᠴᠢ᠂ ᠠᠬᠢᠭᠤᠯᠤᠭᠴᠢ ᠪᠣᠯᠵᠤ᠂ ᠡᠯ᠎ᠡ ᠤᠯᠤᠰ᠎ᠲᠠᠢ ᠬᠠᠮᠲᠤ᠎ᠪᠠᠷ ᠬᠠᠮᠲᠤ ᠵᠢᠨ ᠬᠥᠭᠵᠢᠯᠲᠡ ᠵᠢ ᠪᠡᠶᠡᠯᠡᠭᠦᠯᠦᠨ᠎ᠡ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠳᠡᠯᠡᠬᠡᠢ ᠳ᠋ᠠᠬᠢᠨ ᠶᠠᠭ ᠴᠢᠬᠤᠯᠠ ᠶᠡᠬᠡ ᠲᠡᠦᠬᠡ ᠵᠢᠨ ᠡᠷᠭᠢᠯᠲᠡ ᠵᠢᠨ ᠴᠡᠭ᠎ᠲᠤ ᠣᠷᠣᠰᠢᠵᠤ ᠪᠠᠢ᠌ᠨ᠎ᠠ᠂ ᠡᠯ᠎ᠡ ᠤᠯᠤᠰ ᠤᠷᠢᠳ ᠡᠮᠦᠨ᠎ᠡ ᠪᠠᠢ᠌ᠭ᠎ᠠ ᠦᠭᠡᠢ ᠥᠷᠢᠰᠦᠯᠳᠦᠭᠡᠨ᠎ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ ᠪᠠᠢ᠌ᠭ᠎ᠠ ᠦᠭᠡᠢ ᠠᠵᠠ ᠲᠣᠭᠢᠶᠠᠯ᠎ᠢ ᠠᠳᠬᠤᠬᠤ ᠴᠢᠬᠤᠯᠠᠲᠠᠢ᠃
ᠪᠢᠳᠠ ᠡᠨᠡ ᠬᠦ᠌ ᠥᠨᠳᠥᠷᠴᠡ᠎ᠠᠴᠠ ᠳᠤᠮᠳᠠᠳᠤ ᠠᠮᠧᠷᠢᠺᠠ ᠵᠢᠨ ᠬᠠᠷᠢᠯᠴᠠᠭ᠎ᠠ᠎ᠳᠤ ᠬᠠᠨᠳᠤᠬᠤ ᠪᠠ ᠡᠭᠦᠨ᠎ᠢ ᠰᠢᠢ᠍ᠳᠪᠦᠷᠢᠯᠡᠬᠦ ᠬᠡᠷᠡᠭᠲᠡᠢ᠃ ᠳᠤᠮᠳᠠᠳᠤ ᠠᠮᠧᠷᠢᠺᠠ ᠵᠢᠨ ᠬᠠᠷᠢᠯᠴᠠᠭ᠎ᠠ᠎ᠨᠢ ᠴᠢ ᠢᠯᠠᠭᠳᠠᠪᠠᠯ ᠪᠢ ᠢᠯᠠᠬᠤ᠂ ᠴᠢ ᠮᠠᠨᠳᠤᠪᠠᠯ ᠪᠢ ᠳᠣᠷᠣᠢ᠌ᠲᠠᠬᠤ ᠲᠡᠭ ᠨᠡᠢ᠌ᠯᠡᠪᠦᠷᠢ ᠵᠢᠨ ᠦᠵᠡᠯᠴᠡᠭᠡᠨ ᠪᠢᠰᠢ᠂ ᠳᠤᠮᠳᠠᠳᠤ ᠠᠮᠧᠷᠢᠺᠠ ᠲᠤᠰ ᠲᠤᠰ᠎ᠲᠠᠭᠠᠨ ᠠᠮᠵᠢᠯᠲᠠ ᠣᠯᠬᠤ᠎ᠨᠢ ᠬᠠᠷᠢᠯᠴᠠᠨ ᠠᠵᠠ ᠲᠣᠭᠢᠶᠠᠯ ᠪᠤᠯᠬᠤ᠎ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ᠃ ᠥᠷᠭᠡᠨ ᠠᠭᠤᠳᠠᠮ ᠳᠡᠯᠡᠬᠡᠢ ᠵᠢᠨ ᠪᠥᠮᠪᠥᠷᠴᠡᠭ᠎ᠨᠢ ᠳᠤᠮᠳᠠᠳᠤ ᠠᠮᠧᠷᠢᠺᠠ ᠵᠢᠨ ᠲᠤᠰ ᠲᠤᠰ᠎ᠤᠨ ᠬᠥᠭᠵᠢᠯᠲᠡ᠂ ᠬᠠᠮᠲᠤ ᠵᠢᠨ ᠴᠡᠴᠡᠭᠯᠡᠯ᠎ᠢ ᠪᠦᠷᠢᠮᠦᠰᠦᠨ ᠪᠠᠭᠲᠠᠭ᠋ᠠᠵᠤ ᠴᠢᠳᠠᠨ᠎ᠠ᠃ ᠬᠣᠶᠠᠷ ᠲᠠᠯ᠎ᠠ᠎ᠪᠠᠷ ᠵᠶ᠋ᠠᠨ ᠨᠦᠭᠦᠭᠡ ᠡᠲᠡᠭᠡᠳ᠎ᠤᠨ ᠵᠶ᠋ᠠᠨ ᠳᠣᠲᠣᠭ᠋ᠠᠳᠤ ᠭᠠᠳᠠᠭ᠋ᠠᠳᠤ ᠲᠦᠷᠦ ᠵᠢᠨ ᠪᠣᠳᠣᠯᠭ᠎ᠠ ᠪᠣᠯᠣᠨ ᠪᠠᠢ᠌ᠯᠳᠤᠬᠤ ᠪᠣᠳᠣᠯᠭ᠎ᠠ ᠵᠢᠨ ᠵᠣᠷᠢᠯᠲᠠᠳᠤ ᠵᠥᠪ ᠵᠶ᠋ᠡᠷ ᠬᠠᠨᠳᠤᠵᠤ᠂ ᠶᠠᠷᠢᠯᠴᠠᠭ᠎ᠠ ᠬᠢᠬᠦ᠎ᠠᠴᠠ ᠪᠢᠰᠢ ᠡᠰᠡᠷᠭᠦᠴᠡᠯᠳᠦᠬᠦ ᠦᠭᠡᠢ᠂ ᠬᠣᠶᠠᠷ ᠲᠠᠯ᠎ᠠ᠎ᠪᠠᠷ ᠵᠶ᠋ᠠᠨ ᠠᠰᠢᠭ ᠭᠦᠷᠳᠡᠭᠦ᠎ᠠᠴᠠ ᠪᠢᠰᠢ ᠲᠡᠭ ᠨᠡᠢ᠌ᠯᠡᠪᠦᠷᠢ ᠵᠢᠨ ᠪᠤᠰᠤ ᠭᠦᠭ ᠠᠶᠠᠰ᠎ᠢ ᠲᠣᠭᠲᠠᠭ᠋ᠠᠪᠠᠯ ᠵᠣᠬᠢᠨ᠎ᠠ᠃ ᠪᠢ ᠶᠡᠷᠦᠩᠬᠡᠢ᠌ᠯᠡᠭᠴᠢ ᠠᠪᠤᠭ᠋ᠠᠢ ᠵᠢᠨ 《ᠳᠥᠷᠪᠡ ᠵᠢ ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ》 ᠣᠪᠣᠷ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠃ ᠳᠤᠮᠳᠠᠳᠤ ᠤᠯᠤᠰ ᠶᠡᠷᠦ᠎ᠠᠴᠠ ᠤᠳᠤ ᠵᠢᠨ ᠤᠯᠠᠨ ᠤᠯᠤᠰ᠎ᠤᠨ ᠡᠮᠬᠢ ᠳᠢᠭᠯᠢᠮ᠎ᠢ ᠬᠤᠪᠢᠷᠠᠭᠤᠯᠬᠤ ᠵᠢ ᠡᠷᠢᠯᠬᠢᠯᠡᠬᠦ ᠦᠭᠡᠢ᠂ ᠠᠮᠧᠷᠢᠺᠠ ᠵᠢᠨ ᠳᠣᠲᠣᠭ᠋ᠠᠳᠤ ᠶᠠᠪᠤᠳᠠᠯ᠎ᠳᠤ ᠭᠠᠷ ᠲᠦᠷᠦᠭᠦ ᠦᠭᠡᠢ᠂ ᠠᠮᠧᠷᠢᠺᠠ᠎ᠲᠠᠢ ᠥᠷᠢᠰᠦᠯᠳᠦᠬᠦ ᠪᠠ ᠠᠮᠧᠷᠢᠺᠠ ᠵᠢ ᠣᠷᠣᠯᠠᠬᠤ ᠰᠠᠨᠠᠭ᠎ᠠ ᠦᠭᠡᠢ ᠶᠤᠮ᠃ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ᠂ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠬᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ ᠵᠢ ᠪᠠᠷᠢᠮᠲᠠᠯᠠᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠵᠥᠪ ᠴᠢᠭᠯᠡᠯ ᠵᠶ᠋ᠡᠷ ᠤᠷᠤᠭᠰᠢᠯᠠᠬᠤ ᠵᠢ ᠬᠠᠮᠲᠤ᠎ᠪᠠᠷ ᠪᠠᠲᠤᠯᠠᠵᠤ᠂ ᠬᠡᠯᠪᠡᠢ᠌ᠬᠦ ᠦᠭᠡᠢ᠂ ᠬᠤᠷᠳᠤᠴᠠ ᠠᠯᠳᠠᠬᠤ ᠦᠭᠡᠢ᠂ ᠨᠡᠩ ᠴᠤ᠌ ᠮᠥᠷᠭᠥᠯᠳᠦᠬᠦ ᠦᠭᠡᠢ ᠪᠠᠢ᠌ᠪᠠᠯ ᠵᠣᠬᠢᠨ᠎ᠠ᠃ ᠤᠯᠠᠨ ᠤᠯᠤᠰ᠎ᠤᠨ ᠬᠠᠷᠢᠯᠴᠠᠭ᠋ᠠᠨ᠎ᠤ ᠦᠨᠳᠦᠰᠦᠨ ᠪᠠᠷᠢᠮᠵᠢᠶ᠎ᠠ ᠪᠣᠯᠣᠨ ᠳᠤᠮᠳᠠᠳᠤ ᠠᠮᠧᠷᠢᠺᠠ ᠵᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠵᠢ ᠵᠢᠷᠤᠮᠯᠠᠬᠤ ᠪᠣᠯ ᠬᠣᠶᠠᠷ ᠲᠠᠯ᠎ᠠ᠎ᠪᠠᠷ ᠵᠶ᠋ᠠᠨ ᠵᠥᠷᠢᠴᠡᠯ ᠵᠥᠷᠢᠯᠳᠦᠭᠡᠨ ᠵᠶ᠋ᠡᠨ ᠬᠠᠮᠢᠶᠠᠷᠤᠨ ᠡᠵᠡᠮᠳᠡᠬᠦ᠂ ᠮᠥᠷᠭᠦᠯᠳᠦᠭᠡᠨ᠎ᠢ ᠰᠡᠷᠭᠡᠢ᠌ᠯᠡᠬᠦ ᠵᠠᠩᠭᠢᠯᠠᠭ᠎ᠠ ᠮᠥᠨ᠂ ᠪᠠᠰᠠ ᠴᠤ᠌ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠬᠠᠮᠤᠭ᠎ᠤᠨ ᠴᠢᠬᠤᠯᠠ ᠰᠡᠷᠭᠡᠢ᠌ᠯᠡᠯᠲᠡ ᠪᠠ ᠠᠮᠤᠷ ᠲᠦᠪᠰᠢᠨ᠎ᠤ ᠲᠣᠣᠷ ᠮᠥᠨ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ ᠲᠠᠢ᠌ᠸᠠᠨ᠎ᠤ ᠠᠰᠠᠭᠤᠳᠠᠯ᠎ᠤᠨ ᠢᠷᠡᠯᠲᠡ ᠵᠢᠴᠢ ᠳᠤᠮᠳᠠᠳᠤ ᠵᠢᠨ ᠲᠠᠯ᠎ᠠ ᠵᠢᠨ ᠵᠠᠷᠴᠢᠮ ᠵᠣᠭᠰᠣᠯᠲᠠ ᠵᠢ ᠰᠢᠰᠲ᠋ᠧᠮ᠎ᠲᠠᠢ ᠲᠣᠳᠣᠷᠬᠠᠢ᠌ᠯᠠᠨ ᠥᠭᠦᠯᠡᠪᠡ᠃ ᠰᠢ ᠵᠢᠨ ᠫᠢᠩ᠂ ᠲᠠᠢ᠌ᠸᠠᠨ᠎ᠤ ᠠᠰᠠᠭᠤᠳᠠᠯ ᠪᠣᠯ ᠳᠤᠮᠳᠠᠳᠤ ᠤᠯᠤᠰ᠎ᠤᠨ ᠭᠣᠣᠯᠯᠠᠭᠴᠢ ᠠᠰᠢᠭ ᠲᠤᠰᠠ ᠵᠢᠨ ᠳᠤᠮᠳᠠᠬᠢ ᠭᠣᠣᠯᠯᠠᠭᠴᠢ ᠮᠥᠨ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠤᠯᠤᠰ ᠲᠦᠷᠦ ᠵᠢᠨ ᠰᠠᠭᠤᠷᠢ ᠵᠢᠨ ᠳᠤᠮᠳᠠᠬᠢ ᠰᠠᠭᠤᠷᠢ ᠮᠥᠨ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠳᠠᠪᠠᠵᠤ ᠪᠣᠯᠣᠰᠢ ᠦᠭᠡᠢ ᠨᠢᠭᠡᠳᠦᠭᠡᠷ ᠤᠯᠠᠭ᠋ᠠᠨ ᠱᠤᠭᠤᠮ ᠮᠥᠨ᠃ ᠲᠠᠢ᠌ᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠪᠣᠯ ᠳᠤᠮᠳᠠᠳᠤᠴᠤᠳ᠎ᠤᠨ ᠥᠪᠡᠷ᠎ᠤᠨ ᠶᠠᠪᠤᠳᠠᠯ ᠮᠥᠨ᠂ ᠳᠤᠮᠳᠠᠳᠤ ᠤᠯᠤᠰ᠎ᠤᠨ ᠳᠣᠲᠣᠭ᠋ᠠᠳᠤ ᠶᠠᠪᠤᠳᠠᠯ ᠮᠥᠨ᠃ ᠡᠬᠡ ᠤᠯᠤᠰ᠎ᠤᠨ ᠨᠢᠭᠡᠳᠦᠯ ᠪᠠ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠢ᠌ᠬᠤ ᠵᠢ ᠬᠠᠮᠠᠭ᠋ᠠᠯᠠᠬᠤ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠣᠯᠣᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠃ ᠶᠠᠮᠠᠷᠪᠠ ᠬᠥᠮᠥᠨ ᠲᠠᠢ᠌ᠸᠠᠨ᠎ᠢ ᠳᠤᠮᠳᠠᠳᠤ ᠤᠯᠤᠰ᠎ᠠᠴᠠ ᠬᠠᠭ᠋ᠠᠴᠠᠭᠤᠯᠤᠨ ᠰᠠᠯᠭ᠋ᠠᠬᠤ ᠵᠢ ᠰᠠᠨᠠᠭ᠋ᠠᠷᠬᠠᠬᠤᠨᠢ ᠳᠤᠮᠳᠠᠳᠤ ᠤᠯᠤᠰ᠎ᠤᠨ ᠦᠨᠳᠦᠰᠦᠲᠡᠨ᠎ᠤ ᠶᠡᠬᠡ ᠵᠢᠷᠤᠮ᠎ᠠᠴᠠ ᠲᠡᠷᠰᠯᠡᠵᠦ᠂ ᠳᠤᠮᠳᠠᠳᠤ ᠤᠯᠤᠰ᠎ᠤᠨ ᠠᠷᠠᠳ ᠲᠦᠮᠡᠨ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ ᠶᠤᠮ! ᠪᠢᠳᠡ ᠲᠠᠢ᠌ᠸᠠᠨ ᠬᠣᠭᠣᠯᠠᠢ ᠵᠢᠨ ᠡᠩᠬᠡ ᠲᠠᠢ᠌ᠪᠤᠩ ᠲᠣᠭᠲᠠᠭᠤᠨ ᠪᠠᠢ᠌ᠬᠤ ᠵᠢ ᠭᠦᠰᠡᠭᠦ ᠪᠥᠭᠡᠳ ᠢᠮᠠᠭᠲᠠ ᠪᠠᠲᠤᠯᠠᠬᠤ᠎ᠪᠠᠷ ᠴᠢᠷᠮᠠᠢ᠌ᠵᠤ ᠪᠠᠢ᠌ᠨ᠎ᠠ᠂ ᠭᠡᠲᠡᠯ᠎ᠡ 《ᠲᠠᠢ᠌ᠸᠠᠨ᠎ᠢ ᠲᠤᠰᠠᠭ᠋ᠠᠷ ᠲᠣᠭᠲᠠᠨᠢᠭᠤᠯᠬᠤ》 ᠪᠣᠯᠣᠨ ᠲᠠᠢ᠌ᠸᠠᠨ ᠬᠣᠭᠣᠯᠠᠢ ᠵᠢᠨ ᠡᠩᠬᠡ ᠲᠠᠢ᠌ᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ᠃ ᠠᠮᠧᠷᠢᠺᠠ ᠵᠢᠨ ᠲᠠᠯ᠎ᠠ ᠵᠢᠨ᠎ᠬᠢᠨ᠎ᠤ ᠬᠡᠯᠡᠵᠦ ᠬᠢᠬᠦ᠎ᠨᠢ ᠨᠢᠭᠡᠳᠦᠯᠲᠡᠢ ᠪᠠᠢ᠌ᠵᠤ᠂ ᠨᠢᠭᠡ ᠳᠤᠮᠳᠠᠳᠤ ᠤᠯᠤᠰ ᠪᠠᠢ᠌ᠬᠤ ᠲᠦᠷᠦ ᠵᠢᠨ ᠪᠣᠳᠣᠯᠭ᠎ᠠ ᠪᠠ ᠳᠤᠮᠳᠠᠳᠤ ᠠᠮᠧᠷᠢᠺᠠ ᠵᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠵᠢ ᠬᠢᠴᠢᠶᠡᠩᠭᠦᠢ᠌ᠯᠡᠨ ᠵᠢᠷᠤᠮᠯᠠᠬᠤ ᠵᠢ ᠬᠦᠰᠡᠵᠦ ᠪᠠᠢ᠌ᠨ᠎ᠠ᠃ ᠶᠡᠷᠦᠩᠬᠡᠢ᠌ᠯᠡᠭᠴᠢ ᠠᠪᠤᠭ᠋ᠠᠢ 《ᠲᠠᠢ᠌ᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠳᠡᠮᠵᠢᠭᠦ ᠦᠭᠡᠢ᠂ ᠲᠠᠢ᠌ᠸᠠᠨ᠎ᠢ ᠳᠤᠮᠳᠠᠳᠤ ᠤᠯᠤᠰ᠎ᠲᠠᠢ ᠥᠷᠢᠰᠦᠯᠳᠦᠬᠦ ᠳᠠᠪᠠᠭᠤᠯᠢᠭ ᠪᠣᠯᠭ᠋ᠠᠨ ᠡᠷᠢᠯᠬᠢᠯᠡᠬᠦ ᠪᠤᠶᠤ ᠳᠤᠮᠳᠠᠳᠤ ᠤᠯᠤᠰ᠎ᠢ ᠬᠣᠷᠢᠭᠯᠠᠬᠤ ᠪᠠᠭ᠋ᠠᠵᠢ ᠪᠤᠯᠭ᠋ᠠᠬᠤ ᠰᠠᠨᠠᠭ᠎ᠠ ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ᠃ ᠠᠮᠧᠷᠢᠺᠠ ᠵᠢᠨ᠎ᠬᠢᠨ ᠶᠡᠷᠦᠩᠬᠡᠢ᠌ᠯᠡᠭᠴᠢ ᠠᠪᠤᠭ᠋ᠠᠢ ᠵᠢᠨ ᠠᠮᠠᠯᠠᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠬᠦᠰᠡᠵᠦ ᠪᠠᠢ᠌ᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠷᠬᠡ ᠴᠢᠯᠦᠭᠡ᠂ ᠠᠷᠠᠳᠴᠢᠯᠠᠯ᠂ ᠬᠥᠮᠥᠨ᠎ᠤ ᠡᠷᠬᠡ ᠪᠣᠯ ᠬᠥᠮᠥᠨ ᠲᠥᠷᠥᠯᠬᠢᠲᠡᠨ᠎ᠤ ᠬᠠᠮᠲᠤ ᠵᠢᠨ ᠬᠥᠭᠡᠭᠡᠴᠡᠯᠳᠦᠯ ᠪᠤᠯᠬᠤ ᠪᠥᠭᠡᠳ ᠪᠠᠰᠠ ᠴᠤ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠮᠠᠭᠲᠠ ᠵᠢᠨ ᠬᠥᠭᠡᠭᠡᠴᠡᠯᠳᠦᠯ ᠮᠥᠨ᠃ ᠠᠮᠧᠷᠢᠺᠠ᠎ᠳᠤ ᠠᠮᠧᠷᠢᠺᠠ ᠮᠠᠶᠢᠭ᠎ᠤᠨ ᠠᠷᠠᠳᠴᠢᠯᠠᠯ᠎ᠲᠠᠢ᠂ ᠳᠤᠮᠳᠠᠳᠤ ᠤᠯᠤᠰ᠎ᠲᠤ ᠳᠤᠮᠳᠠᠳᠤ ᠤᠯᠤᠰ᠎ᠤᠨ ᠮᠠᠶᠢᠭ᠎ᠤᠨ ᠠᠷᠠᠳᠴᠢᠯᠠᠯ᠎ᠲᠠᠢ᠂ ᠪᠦᠷ ᠲᠤᠰ ᠲᠤᠰ᠎ᠤᠨ ᠤᠯᠤᠰ᠎ᠤᠨ ᠬᠢᠨᠢ ᠪᠠᠢ᠌ᠳᠠᠯ᠎ᠳᠤ ᠨᠡᠢ᠌ᠴᠡᠨ᠎ᠡ᠃ ᠳᠤᠮᠳᠠᠳᠤ ᠤᠯᠤᠰ᠎ᠤᠨ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠨᠢ ᠳᠤᠮᠳᠠᠳᠤ ᠤᠯᠤᠰ᠎ᠤᠨ ᠤᠯᠤᠰ᠎ᠤᠨ ᠪᠠᠢ᠌ᠳᠠᠯ ᠪᠠ ᠲᠡᠦᠬᠡ ᠰᠣᠶᠣᠯ᠎ᠳᠤ ᠰᠠᠭᠤᠷᠢᠯᠠᠵᠤ᠂ ᠠᠷᠠᠳ ᠲᠦᠮᠡᠨ᠎ᠤ ᠬᠦᠰᠡᠯ ᠰᠠᠨᠠᠭ᠎ᠠ ᠵᠢ ᠢᠯᠡᠷᠡᠭᠦᠯᠦᠭᠰᠡᠨ᠎ᠳᠤ ᠪᠢᠳᠡ ᠮᠥᠨ ᠠᠳᠠᠯᠢᠬᠠᠨ ᠣᠮᠣᠭᠰᠢᠵᠤ ᠪᠠᠢ᠌ᠨ᠎ᠠ᠃ ᠶᠠᠮᠠᠷᠪᠠ ᠤᠯᠤᠰ᠎ᠤᠨ ᠠᠷᠠᠳᠴᠢᠯᠠᠯ᠎ᠤᠨ ᠳᠦᠷᠢᠮ᠎ᠨᠢ ᠪᠦᠷ ᠬᠢᠵᠠᠭ᠋ᠠᠯᠠᠰᠢ ᠦᠭᠡᠢ ᠪᠦᠷᠢᠨ ᠲᠡᠭᠦᠯᠳᠡᠷ ᠪᠠᠢ᠌ᠵᠤ ᠴᠢᠳᠠᠬᠤ ᠦᠭᠡᠢ ᠶᠤᠮ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ ᠶᠤᠮ᠃ ᠬᠣᠶᠠᠷ ᠲᠠᠯ᠎ᠠ ᠵᠢᠨ᠎ᠬᠢᠨ᠎ᠤ ᠳᠤᠮᠳᠠ ᠣᠷᠣᠰᠢᠵᠤ ᠪᠠᠢ᠌ᠭ᠎ᠠ ᠪᠣᠳᠠᠲᠠᠢ ᠵᠥᠷᠢᠯᠳᠦᠭᠡᠨ᠎ᠢ ᠰᠤᠳᠤᠯᠤᠨ ᠶᠠᠷᠢᠯᠴᠠᠵᠤ ᠪᠣᠯᠣᠨ᠎ᠠ᠂ ᠡᠭᠦᠨ᠎ᠤ ᠤᠷᠢᠲᠠᠯ ᠪᠣᠯ ᠡᠷᠬᠡ ᠲᠡᠭᠰᠢ᠎ᠪᠠᠷ ᠰᠠᠨᠠᠯ ᠵᠢᠡᠨ ᠰᠣᠯᠢᠯᠴᠠᠬᠤ ᠶᠠᠪᠤᠳᠠᠯ ᠪᠣᠯᠣᠨ᠎ᠠ᠃ 《ᠠᠷᠠᠳᠴᠢᠯᠠᠯ ᠵᠶ᠋ᠠᠷ ᠡᠷᠬᠡ ᠰᠦᠷ᠎ᠢ ᠡᠰᠡᠷᠭᠦᠴᠡᠬᠦ》 ᠭᠡᠳᠡᠭ᠎ᠨᠢ ᠣᠳᠣᠬᠠᠨ᠎ᠤ ᠳᠡᠯᠡᠬᠡᠢ ᠳ᠋ᠠᠬᠢᠨ᠎ᠤ ᠣᠨᠴᠠᠯᠢᠭ ᠪᠢᠰᠢ᠂ ᠴᠠᠭ ᠦᠶ᠎ᠡ ᠵᠢᠨ ᠬᠥᠭᠵᠢᠯᠲᠡ ᠵᠢᠨ ᠤᠷᠤᠰᠬᠠᠯ᠎ᠲᠠᠢ ᠨᠡᠩ ᠨᠡᠢ᠌ᠴᠡᠭᠦ ᠦᠭᠡᠢ ᠶᠤᠮ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠠᠮᠧᠷᠢᠺᠠ ᠬᠥᠷᠥᠩᠭᠡᠲᠦ ᠶᠣᠰᠣ ᠵᠢ ᠬᠡᠷᠡᠭᠵᠢᠭᠦᠯᠵᠦ ᠪᠠᠢ᠌ᠨ᠎ᠠ᠂ ᠳᠤᠮᠳᠠᠳᠤ ᠤᠯᠤᠰ ᠨᠡᠢ᠌ᠭᠡᠮ ᠵᠢᠷᠤᠮ᠎ᠢ ᠬᠡᠷᠡᠭᠵᠢᠭᠦᠯᠵᠦ ᠪᠠᠢ᠌ᠨ᠎ᠠ᠂ ᠬᠣᠶᠠᠷ ᠲᠠᠯ᠎ᠠ᠎ᠪᠠᠷ ᠵᠶ᠋ᠠᠨ ᠠᠳᠠᠯᠢ ᠪᠤᠰᠤ ᠵᠠᠮ ᠵᠶ᠋ᠠᠷ ᠵᠠᠮᠨᠠᠵᠤ ᠪᠠᠢ᠌ᠨ᠎ᠠ᠃ ᠡᠢ᠌ᠮᠦ ᠠᠳᠠᠯᠢ ᠪᠤᠰᠤ ᠪᠠᠢ᠌ᠳᠠᠯ ᠥᠨᠥᠳᠥᠷ ᠰᠠᠶᠢ ᠣᠷᠣᠰᠢᠵᠤ ᠪᠠᠢ᠌ᠭ᠎ᠠ ᠪᠢᠰᠢ᠂ ᠬᠣᠢ᠌ᠰᠢᠳᠠ ᠪᠠᠰᠠ ᠦᠷᠭᠦᠯᠵᠢᠯᠡᠨ ᠣᠷᠣᠰᠢᠬᠤ ᠪᠣᠯᠣᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠳᠤᠮᠳᠠᠳᠤ ᠤᠯᠤᠰ᠎ᠤᠨ ᠨᠡᠢ᠌ᠭᠡᠮ ᠵᠢᠷᠤᠮᠲᠤ ᠪᠠᠢ᠌ᠭᠤᠯᠤᠯ 14 ᠳ᠋ᠦᠩᠰᠢᠭᠤᠷ ᠠᠷᠠᠳ ᠲᠦᠮᠡᠨ᠎ᠤ ᠬᠦᠷᠢᠶᠡᠯᠡᠯ ᠪᠠ ᠳᠡᠮᠵᠢᠯᠭᠡ ᠵᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ᠎ᠤᠨ ᠬᠥᠭᠵᠢᠯᠲᠡ ᠪᠠ ᠲᠣᠭᠲᠠᠭᠤᠨ ᠪᠠᠢ᠌ᠳᠠᠯ᠎ᠤᠨ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠠᠮᠧᠷᠢᠺᠠ ᠵᠢᠨ ᠬᠠᠷᠢᠯᠴᠠᠭ᠋ᠠᠨᠳᠠᠬᠢ ᠮᠠᠰᠢ ᠴᠢᠬᠤᠯᠠ ᠨᠢᠭᠡ ᠵᠤᠷᠪᠤᠰ ᠪᠣᠯ ᠳᠠᠷᠤᠢ ᠡᠨᠡ ᠬᠦ᠌ ᠠᠳᠠᠯᠢ ᠪᠤᠰᠤ ᠵᠢ ᠮᠡᠳᠡᠷᠡᠵᠦ᠂ ᠡᠨᠡ ᠬᠦ᠌ ᠠᠳᠠᠯᠢ ᠪᠤᠰᠤ ᠵᠢ ᠭᠦᠨᠳᠦᠳᠭᠡᠵᠤ᠂ ᠬᠠᠷᠢᠨ ᠨᠢᠭᠡ ᠯᠡ ᠠᠳᠠᠯᠢ ᠪᠤᠯᠭ᠋ᠠᠬᠤ᠎ᠪᠠᠷ ᠠᠯᠪᠠᠳᠠᠵᠤ᠂ ᠴᠢᠨᠠᠭᠰᠢᠯᠠᠪᠠᠯ ᠨᠦᠭᠦᠭᠡ ᠡᠲᠡᠭᠡᠳ᠎ᠤᠨ ᠵᠶ᠋ᠡᠨ ᠪᠠᠢ᠌ᠭᠤᠯᠤᠯ᠎ᠢ ᠬᠤᠪᠢᠷᠠᠭᠤᠯᠬᠤ ᠪᠤᠶᠤ ᠨᠤᠷᠠᠭ᠋ᠠᠬᠤ᠎ᠪᠠᠷ ᠤᠷᠤᠯᠳᠤᠬᠤ ᠶᠠᠪᠤᠳᠠᠯ ᠪᠢᠰᠢ ᠶᠤᠮ᠃ ᠠᠮᠧᠷᠢᠺᠠ ᠵᠢᠨ᠎ᠬᠢᠨ ᠬᠣᠯᠪᠣᠭᠳᠠᠯ ᠪᠦᠬᠦᠢ ᠠᠮᠠᠯᠠᠯᠲᠠ᠎ᠪᠠᠨ ᠪᠣᠳᠠᠲᠠᠢ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ᠂ ᠬᠠᠷᠢᠨ ᠭᠡᠯᠡᠭᠦ᠎ᠨᠢ ᠨᠢᠭᠡ ᠶᠠᠩᠵᠤ ᠬᠢᠬᠦ᠎ᠨᠢ ᠪᠠᠰᠠ ᠨᠢᠭᠡ ᠶᠠᠩᠵᠤ ᠪᠠᠢ᠌ᠵᠤ ᠪᠤᠯᠬᠤ ᠦᠭᠡᠢ ᠶᠤᠮ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ᠂ ᠨᠡᠢ᠌ᠭᠡᠮ᠎ᠤᠨ ᠪᠠᠢ᠌ᠭᠤᠯᠤᠯ᠂ ᠬᠥᠭᠵᠢᠯᠲᠡ ᠵᠢᠨ ᠵᠠᠮ ᠠᠳᠠᠯᠢ ᠪᠤᠰᠤ ᠬᠣᠶᠠᠷ ᠲᠣᠮᠣ ᠤᠯᠤᠰ ᠪᠣᠯᠣᠨ᠎ᠠ᠂ ᠥᠩᠭᠡᠷᠡᠭᠰᠡᠨ ᠪᠠ ᠤᠳᠤ ᠵᠥᠷᠢᠶ᠎ᠡ ᠪᠠ ᠵᠥᠷᠢᠯᠳᠦᠭᠡᠨ᠎ᠲᠠᠢ᠂ ᠬᠣᠢ᠌ᠰᠢᠳᠠ ᠪᠠᠰᠠ ᠪᠠᠢ᠌ᠬᠤ ᠶᠤᠮ᠂ ᠭᠡᠪᠡᠴᠦ ᠡᠨᠡ᠎ᠨᠢ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠬᠥᠭᠵᠢᠯᠲᠡ ᠵᠢᠨ ᠬᠠᠷᠰᠢ ᠰᠠᠭ᠋ᠠᠳ ᠪᠤᠯᠬᠤ ᠦᠭᠡᠢ ᠪᠠᠢ᠌ᠪᠠᠯ ᠵᠣᠬᠢᠨ᠎ᠠ᠃ ᠬᠡᠵᠢᠶ᠎ᠡ ᠴᠦ᠍ ᠭᠡᠰᠡᠨ ᠳᠡᠯᠡᠬᠡᠢ ᠶᠢᠷᠲᠢᠨᠴᠦ ᠪᠦᠷ ᠥᠷᠢᠰᠦᠯᠳᠦᠭᠡᠨ᠎ᠲᠠᠢ᠂ ᠭᠡᠪᠡᠴᠦ ᠥᠷᠢᠰᠦᠯᠳᠦᠭᠡᠨ᠎ᠨᠢ ᠬᠠᠷᠢᠯᠴᠠᠨ ᠲᠣᠯᠢᠯᠠᠵᠤ᠂ ᠴᠢᠷᠮᠠᠢ᠌ᠨ ᠥᠷᠢᠰᠦᠯᠳᠦᠵᠦ᠂ ᠬᠠᠮᠲᠤ᠎ᠪᠠᠷ ᠳᠠᠪᠰᠢᠬᠤ᠎ᠠᠴᠠ ᠪᠢᠰᠢ᠂ ᠬᠠᠷᠢᠨ ᠴᠢ ᠢᠯᠠᠭᠳᠠᠪᠠᠯ ᠪᠢ ᠢᠯᠠᠵᠤ᠂ ᠦᠬᠦᠵᠦ ᠰᠡᠭᠡᠭᠦ᠎ᠪᠠᠨ ᠦᠵᠡᠯᠴᠡᠬᠦ ᠶᠠᠪᠤᠳᠠᠯ ᠪᠢᠰᠢ ᠪᠠᠢ᠌ᠪᠠᠯ ᠵᠣᠬᠢᠨ᠎ᠠ᠃ ᠳᠤᠮᠳᠠᠳᠤ ᠤᠯᠤᠰ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠢᠷᠠᠭᠤ ᠠᠯᠳᠠᠷᠲᠤ ᠤᠯᠠᠮᠵᠢᠯᠠᠯ᠎ᠲᠠᠢ᠂ ᠠᠯᠢᠪᠠ ᠳᠠᠷᠤᠯᠲᠠ ᠪᠠ ᠬᠣᠷᠢᠭᠯᠠᠯ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠬᠦᠰᠡᠯ ᠵᠣᠷᠢᠭ ᠪᠠ ᠬᠠᠯᠠᠭᠤᠨ ᠰᠡᠳᠬᠢᠯᠭᠡ ᠵᠢ ᠬᠥᠭᠵᠢᠭᠡᠳᠡᠭ ᠶᠤᠮ᠃ ᠠᠷᠠᠯᠵᠢᠶᠠᠨ᠎ᠤ ᠲᠠᠢ᠌ᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠢ᠌ᠨ ᠬᠢᠵᠦ᠂ ᠵᠣᠷᠢᠭᠤᠳᠠ 《ᠬᠡᠷᠡᠮ ᠪᠣᠰᠬᠠᠨ ᠪᠡᠬᠢᠯᠡᠯᠲᠡ ᠪᠠᠢ᠌ᠭᠤᠯᠵᠤ》᠂ ᠠᠯᠪᠠ᠎ᠪᠠᠷ 《ᠬᠠᠷᠢᠴᠠᠭ᠎ᠠ᠎ᠪᠠᠨ ᠲᠠᠰᠤᠯᠵᠤ ᠬᠡᠯᠬᠢᠶ᠎ᠡ᠎ᠪᠠᠨ ᠲᠠᠰᠤᠯᠬᠤ》᠎ᠨᠢ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠵᠠᠷᠴᠢᠮ᠎ᠢ ᠪᠦᠷᠢᠮᠦᠰᠦᠨ ᠵᠥᠷᠢᠴᠡᠵᠦ᠂ ᠤᠯᠠᠨ ᠤᠯᠤᠰ᠎ᠤᠨ ᠠᠷᠠᠯᠵᠢᠶᠠᠨ᠎ᠤ ᠳᠦᠷᠢᠮ᠎ᠢ ᠡᠪᠳᠡᠵᠦ᠂ ᠪᠤᠰᠤᠳ᠎ᠢ ᠬᠣᠬᠢᠷᠠᠭᠤᠯᠵᠤ ᠥᠪᠡᠷ᠎ᠢ᠎ᠪᠠᠨ ᠬᠣᠬᠢᠷᠠᠭᠤᠯᠬᠤ ᠯᠠ ᠲᠡᠳᠦᠢ ᠶᠤᠮ᠃ ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠣᠯᠢᠯᠴᠠᠭ᠎ᠠ ᠵᠢ ᠤᠯᠤᠰ ᠲᠥᠷᠥᠴᠢᠯᠡᠬᠦ᠂ ᠵᠡᠪᠰᠡᠭᠵᠢᠭᠦᠯᠬᠦ ᠵᠢ ᠡᠰᠡᠷᠭᠦᠴᠡᠨ᠎ᠡ᠃ ᠣᠳᠣᠬᠠᠨ᠎ᠤ ᠪᠠᠢ᠌ᠳᠠᠯ ᠳᠣᠣᠷ᠎ᠠ᠂ ᠳᠤᠮᠳᠠᠳᠤ ᠠᠮᠧᠷᠢᠺᠠ ᠬᠣᠶᠠᠷ ᠤᠯᠤᠰ᠎ᠤᠨ ᠬᠠᠮᠲᠤ ᠵᠢᠨ ᠠᠰᠢᠭ ᠲᠤᠰᠠ ᠪᠠᠭ᠋ᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠳᠤᠮᠳᠠᠳᠤ ᠠᠮᠧᠷᠢᠺᠠ ᠮᠥᠷᠭᠥᠯᠳᠦᠬᠦ ᠦᠭᠡᠢ᠂ ᠡᠰᠡᠷᠭᠦᠴᠡᠯᠳᠦᠬᠦ ᠦᠭᠡᠢ᠂ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠬᠤ ᠪᠣᠯ ᠬᠣᠶᠠᠷ ᠤᠯᠤᠰ᠎ᠤᠨ ᠬᠠᠮᠤᠭ᠎ᠤᠨ ᠦᠨᠳᠦᠰᠦᠨ ᠬᠠᠮᠲᠤ ᠵᠢᠨ ᠠᠰᠢᠭ ᠲᠤᠰᠠ ᠪᠣᠯᠣᠨ᠎ᠠ᠃ ᠳᠤᠮᠳᠠᠳᠤ ᠠᠮᠧᠷᠢᠺᠠ ᠬᠣᠶᠠᠷ ᠤᠯᠤᠰ᠎ᠤᠨ ᠠᠵᠤ ᠠᠬᠤᠢ ᠭᠦᠨᠵᠡᠭᠡᠢ ᠠᠭᠤᠰᠤᠯᠴᠠᠵᠤ᠂ ᠰᠢᠨ᠎ᠡ ᠬᠥᠭᠵᠢᠯᠲᠡ ᠵᠢᠨ ᠡᠭᠦᠷᠭᠡ᠎ᠳᠤ ᠲᠤᠯᠭ᠋ᠠᠷᠠᠵᠤ᠂ ᠨᠦᠭᠦᠭᠡ ᠡᠲᠡᠭᠡᠳ᠎ᠤᠨ ᠵᠢᠡᠨ ᠬᠥᠭᠵᠢᠯᠲᠡ᠎ᠠᠴᠠ ᠠᠰᠢᠭ ᠭᠦᠷᠳᠡᠭᠦ ᠴᠢᠬᠤᠯᠠᠲᠠᠢ᠂ ᠡᠨᠡ᠎ᠨᠢ ᠮᠥᠨ ᠴᠦ᠍ ᠬᠠᠮᠲᠤ ᠵᠢᠨ ᠠᠰᠢᠭ ᠲᠤᠰᠠ ᠪᠣᠯᠣᠨ᠎ᠠ᠃ ᠪᠦᠭᠦ ᠪᠥᠮᠪᠥᠷᠴᠡᠭ᠎ᠤᠨ ᠠᠵᠤ ᠠᠬᠤᠢ ᠵᠢᠨ ᠬᠢᠵᠢᠭ᠎ᠤᠨ ᠳᠠᠷᠠᠭ᠋ᠠᠬᠢ ᠰᠡᠷᠭᠦᠯᠲᠡ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠂ ᠭᠠᠵᠠᠷ ᠣᠷᠣᠨ᠎ᠤ ᠬᠠᠯᠠᠮᠰᠢᠯ ᠠᠰᠠᠭᠤᠳᠠᠯ᠎ᠢ ᠰᠢᠢ᠍ᠳᠪᠦᠷᠢᠯᠡᠬᠦ᠎ᠳᠤ ᠴᠦ᠍ ᠳᠤᠮᠳᠠᠳᠤ ᠠᠮᠧᠷᠢᠺᠠ ᠵᠢᠨ ᠵᠣᠬᠢᠴᠠᠭᠤᠯᠭ᠎ᠠ ᠬᠠᠮᠲᠤᠷᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠂ ᠡᠨᠡ᠎ᠨᠢ ᠮᠥᠨ ᠴᠦ᠍ ᠬᠠᠮᠲᠤ ᠵᠢᠨ ᠠᠰᠢᠭ ᠲᠤᠰᠠ ᠪᠤᠯᠬᠤ ᠶᠤᠮ᠃ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠭᠦᠨᠳᠦᠳᠭᠡᠵᠦ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ ᠠᠰᠢᠭ ᠬᠦᠷᠲᠡᠵᠦ᠂ ᠶᠡᠬᠡ ᠲᠠᠯ᠎ᠠ ᠵᠢ ᠪᠣᠳᠣᠯᠬᠢᠯᠠᠵᠤ᠂ ᠬᠣᠶᠠᠷ ᠲᠠᠯ᠎ᠠ ᠵᠢᠨ ᠬᠠᠮᠲᠤᠷᠠᠯᠴᠠᠭ᠎ᠠ᠎ᠳᠤ ᠰᠠᠢ᠌ᠨ ᠰᠠᠢ᠌ᠬᠠᠨ ᠠᠭᠤᠷ ᠠᠮᠢᠰᠬᠤᠯ ᠪᠣᠯᠣᠨ ᠲᠣᠭᠲᠠᠭᠤᠨ ᠬᠠᠷᠢᠴᠠᠭ᠎ᠠ ᠬᠠᠩᠭ᠋ᠠᠪᠠᠯ ᠵᠣᠬᠢᠨ᠎ᠠ ᠭᠡᠵᠦ ᠴᠢᠬᠤᠯᠠᠴᠢᠯᠠᠪᠠ᠃
ᠪᠠᠢ᠌ᠳ᠋ᠸᠨ᠂ ᠪᠢ ᠲᠡᠷᠢᠭᠦᠯᠡᠭᠴᠢ ᠰᠢ ᠵᠢᠨ ᠫᠢᠩ᠎ᠲᠠᠢ ᠲᠠᠨᠢᠯᠴᠠᠭ᠋ᠠᠳ ᠤᠯᠠᠨ ᠵᠢᠯ ᠪᠣᠯᠵᠤ ᠪᠠᠢ᠌ᠨ᠎ᠠ᠂ ᠪᠠᠢ᠌ᠩᠭᠤ ᠵᠢᠨ ᠴᠢᠨᠠᠷᠲᠠᠢ ᠣᠯᠣᠯᠴᠠᠭ᠎ᠠ᠎ᠪᠠᠨ ᠪᠠᠲᠤᠯᠠᠵᠤ ᠪᠠᠢ᠌ᠨ᠎ᠠ᠂ ᠭᠡᠪᠡᠴᠦ ᠶᠠᠭ᠋ᠠᠬᠢᠭᠰᠠᠨ ᠴᠤ᠌ ᠨᠢᠭᠤᠷᠳᠠᠭᠰᠠᠨ ᠠᠭᠤᠯᠵᠠᠯᠲᠠ ᠵᠢ ᠣᠷᠣᠯᠠᠵᠤ ᠴᠢᠳᠠᠬᠤ ᠦᠭᠡᠢ ᠶᠤᠮ᠃ ᠲᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠎ᠪᠠᠷ ᠳᠠᠬᠢᠨᠲᠠ ᠰᠣᠩᠭᠣᠭᠳᠠᠭᠰᠠᠨ᠎ᠳᠤ ᠴᠢᠨᠢ ᠪᠠᠶᠠᠷ ᠬᠦᠷᠭᠡᠵᠦ ᠪᠠᠢ᠌ᠨ᠎ᠠ᠃ ᠠᠮᠧᠷᠢᠺᠠ ᠳᠤᠮᠳᠠᠳᠤ ᠬᠣᠶᠠᠷ ᠲᠣᠮᠣ ᠤᠯᠤᠰ ᠪᠣᠯᠤᠭᠰᠠᠨ᠎ᠤ ᠬᠤᠪᠢ᠎ᠳᠤ ᠪᠦᠲᠦᠭᠡᠯᠴᠢ ᠴᠢᠨᠠᠷᠲᠠᠢ ᠬᠠᠷᠢᠯᠴᠠᠭ᠎ᠠ᠎ᠪᠠᠨ ᠪᠠᠲᠤᠯᠠᠬᠤ ᠬᠠᠷᠢᠭᠤᠴᠠᠯᠭ᠎ᠠ᠎ᠲᠠᠢ ᠶᠤᠮ᠃ ᠠᠮᠧᠷᠢᠺᠠ ᠵᠢᠨ᠎ᠬᠢᠨ ᠬᠣᠶᠠᠷ ᠤᠯᠤᠰ᠎ᠤᠨ ᠲᠡᠷᠢᠭᠦᠨ ᠵᠢᠴᠢ ᠵᠠᠰᠠᠭ᠎ᠤᠨ ᠣᠷᠳᠣᠨ᠎ᠤ ᠡᠯ᠎ᠡ ᠲᠡᠰ ᠳᠠᠪᠬᠤᠷᠭ᠎ᠠ ᠵᠢᠨ ᠣᠯᠣᠯᠴᠠᠭ᠎ᠠ ᠵᠢᠨ ᠵᠠᠮ᠎ᠢ ᠰᠠᠭ᠋ᠠᠳ ᠦᠭᠡᠢ ᠨᠡᠪᠲᠡᠷᠡᠭᠦᠯᠬᠦ᠎ᠪᠠᠷ ᠴᠢᠷᠮᠠᠢ᠌ᠵᠤ᠂ ᠬᠣᠶᠠᠷ ᠲᠠᠯ᠎ᠠ ᠵᠢᠨ ᠵᠥᠷᠢᠯᠳᠦᠭᠡᠨ᠎ᠲᠠᠢ ᠪᠠᠢ᠌ᠬᠤ ᠠᠰᠠᠭᠤᠳᠠᠯ᠎ᠤᠨ ᠲᠤᠬᠠᠢ ᠦᠨᠡᠨᠴᠢ᠎ᠪᠠᠷ ᠶᠠᠷᠢᠯᠴᠠᠵᠤ᠂ ᠠᠭᠤᠷ ᠠᠮᠢᠰᠬᠤᠯ᠎ᠤᠨ ᠬᠤᠪᠢᠷᠠᠯᠲᠠ᠂ ᠠᠮᠤ ᠪᠤᠳᠠᠭ᠋ᠠᠨ᠎ᠤ ᠠᠮᠤᠷ ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠠᠷᠭ᠋ᠠᠴᠠᠭ᠋ᠠᠬᠤ᠎ᠳᠤ ᠴᠢᠬᠤᠯᠠ ᠪᠦᠬᠦᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠵᠠᠩᠭᠢᠯᠠᠭ᠎ᠠ ᠵᠢᠨ ᠦᠢ᠍ᠯᠡᠳᠦᠯ ᠦᠵᠡᠭᠦᠯᠭᠦ ᠴᠢᠬᠤᠯᠠᠲᠠᠢ ᠪᠠᠢ᠌ᠨ᠎ᠠ᠃ ᠡᠨᠡ᠎ᠨᠢ ᠠᠮᠧᠷᠢᠺᠠ ᠳᠤᠮᠳᠠᠳᠤ ᠬᠣᠶᠠᠷ ᠤᠯᠤᠰ ᠪᠣᠯᠣᠨ ᠬᠣᠶᠠᠷ ᠤᠯᠤᠰ᠎ᠤᠨ ᠠᠷᠠᠳ ᠲᠦᠮᠡᠨ᠎ᠳᠤ ᠲᠤᠢ᠌ᠯ᠎ᠤᠨ ᠴᠢᠬᠤᠯᠠ ᠪᠥᠭᠡᠳ ᠪᠦᠭᠦ ᠳᠡᠯᠡᠬᠡᠢ᠎ᠳᠤ ᠴᠦ᠍ ᠲᠤᠢ᠌ᠯ᠎ᠤᠨ ᠴᠢᠬᠤᠯᠠ ᠶᠤᠮ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ᠎ᠨᠢ ᠠᠮᠧᠷᠢᠺᠠ ᠪᠣᠯᠣᠨ ᠳᠡᠯᠡᠬᠡᠢ ᠵᠢᠨ ᠠᠰᠢᠭ ᠲᠤᠰᠠ᠎ᠳᠤ ᠨᠡᠢ᠌ᠴᠡᠭᠦ ᠵᠢ ᠪᠢ ᠳᠤᠷᠠᠲᠠᠶ᠎ᠠ ᠳᠠᠬᠢᠨᠲᠠ ᠢᠯᠡᠷᠬᠡᠢ᠌ᠯᠡᠶᠡ᠃ ᠠᠮᠧᠷᠢᠺᠠ ᠳᠤᠮᠳᠠᠳᠤ ᠤᠯᠤᠰ᠎ᠤᠨ ᠪᠠᠢ᠌ᠭᠤᠯᠤᠮᠵᠢ ᠵᠢ ᠭᠦᠨᠳᠦᠳᠭᠡᠵᠦ᠂ ᠳᠤᠮᠳᠠᠳᠤ ᠤᠯᠤᠰ᠎ᠤᠨ ᠪᠠᠢ᠌ᠭᠤᠯᠤᠯ᠎ᠢ ᠬᠤᠪᠢᠷᠠᠭᠤᠯᠬᠤ ᠵᠢ ᠡᠷᠢᠯᠬᠢᠯᠡᠬᠦ ᠦᠭᠡᠢ᠂ 《ᠰᠢᠨ᠎ᠡ ᠬᠦᠢ᠍ᠲᠡᠨ ᠲᠠᠢ᠌ᠨ》᠎ᠢ ᠡᠷᠢᠯᠬᠢᠯᠡᠬᠦ ᠦᠭᠡᠢ᠂ ᠬᠣᠯᠪᠣᠭ᠋ᠠᠨ᠎ᠤ ᠬᠠᠨᠢᠲᠠᠨ᠎ᠤ ᠬᠠᠷᠢᠴᠠᠭ᠎ᠠ᠎ᠪᠠᠨ ᠴᠢᠩᠭ᠋ᠠᠳᠬᠠᠬᠤ᠎ᠪᠠᠷ ᠳᠠᠮᠵᠢᠭᠤᠯᠤᠨ ᠳᠤᠮᠳᠠᠳᠤ ᠤᠯᠤᠰ᠎ᠢ ᠡᠰᠡᠷᠭᠦᠴᠡᠬᠦ ᠵᠢ ᠡᠷᠢᠯᠬᠢᠯᠡᠬᠦ ᠦᠭᠡᠢ᠂ 《ᠲᠠᠢ᠌ᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠳᠡᠮᠵᠢᠭᠦ ᠦᠭᠡᠢ᠂ 《ᠬᠣᠶᠠᠷ ᠳᠤᠮᠳᠠᠳᠤ ᠤᠯᠤᠰ》᠂ 《ᠨᠢᠭᠡ ᠳᠤᠮᠳᠠᠳᠤ ᠤᠯᠤᠰ ᠨᠢᠭᠡ ᠲᠠᠢ᠌ᠸᠠᠨ》᠎ᠢ ᠴᠤ᠌ ᠳᠡᠮᠵᠢᠭᠦ ᠦᠭᠡᠢ᠂ ᠳᠤᠮᠳᠠᠳᠤ ᠤᠯᠤᠰ᠎ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ᠃ ᠠᠮᠧᠷᠢᠺᠠ ᠵᠢᠨ᠎ᠬᠢᠨ ᠴᠦ᠍ ᠳᠤᠮᠳᠠᠳᠤ ᠤᠯᠤᠰ᠎ᠲᠠᠢ 《ᠬᠠᠷᠢᠯᠴᠠᠭ᠎ᠠ᠎ᠪᠠᠨ ᠲᠠᠰᠤᠯᠬᠤ》 ᠰᠠᠨᠠᠭ᠎ᠠ ᠦᠭᠡᠢ᠂ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢ ᠬᠠᠷᠰᠢᠯᠠᠬᠤ ᠰᠠᠨᠠᠭ᠎ᠠ ᠦᠭᠡᠢ᠂ ᠳᠤᠮᠳᠠᠳᠤ ᠤᠯᠤᠰ᠎ᠢ ᠪᠦᠰᠡᠯᠡᠵᠦ ᠬᠣᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ᠃
ᠪᠠᠢ᠌ᠳ᠋ᠸᠨ᠂ ᠠᠮᠧᠷᠢᠺᠠ ᠳᠤᠮᠳᠠᠳᠤ ᠵᠢᠨ ᠬᠠᠷᠢᠯᠴᠠᠭ᠎ᠠ ᠬᠡᠷᠬᠢᠨ ᠭᠦᠭᠵᠢᠭᠦ᠎ᠨᠢ ᠢᠷᠡᠭᠡᠳᠦᠢ ᠵᠢᠨ ᠳᠡᠯᠡᠬᠡᠢ ᠳ᠋ᠠᠬᠢᠨ᠎ᠳᠤ ᠲᠤᠢ᠌ᠯ᠎ᠤᠨ ᠴᠢᠬᠤᠯᠠ ᠶᠤᠮ᠃ ᠠᠮᠧᠷᠢᠺᠠ ᠳᠤᠮᠳᠠᠳᠤ ᠬᠣᠶᠠᠷ ᠲᠠᠯ᠎ᠠ᠎ᠪᠠᠷ ᠵᠶ᠋ᠠᠨ᠂ ᠠᠮᠧᠷᠢᠺᠠ ᠳᠤᠮᠳᠠᠳᠤ ᠵᠥᠷᠢᠯᠳᠦᠭᠡᠨ ᠵᠶ᠋ᠡᠨ ᠬᠠᠮᠢᠶᠠᠷᠤᠨ ᠡᠵᠡᠮᠳᠡᠵᠦ᠂ ᠪᠤᠷᠤᠭᠤ ᠣᠢ᠌ᠯᠠᠭ᠋ᠠᠯᠲᠠ ᠪᠤᠷᠤᠭᠤ ᠮᠠᠭ᠋ᠠᠳᠯᠠᠯᠲᠠ ᠪᠤᠶᠤ ᠬᠤᠷᠴᠠ ᠰᠢᠷᠦᠭᠦᠨ ᠥᠷᠢᠰᠦᠯᠳᠦᠭᠡᠨ᠎ᠠᠴᠠ ᠪᠣᠯᠵᠤ ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ᠎ᠠᠴᠠ ᠵᠠᠢ᠌ᠯᠠᠰᠬᠢᠬᠦ ᠪᠠ ᠰᠡᠷᠭᠡᠢ᠌ᠯᠡᠵᠦ ᠴᠢᠳᠠᠬᠤ ᠵᠢ ᠳᠡᠯᠡᠬᠡᠢ ᠳ᠋ᠠᠬᠢᠨ᠎ᠳᠤ ᠦᠵᠡᠭᠦᠯᠭᠦ ᠬᠠᠮᠲᠤ ᠵᠢᠨ ᠬᠠᠷᠢᠭᠤᠴᠠᠯᠭ᠎ᠠ᠎ᠲᠠᠢ ᠶᠤᠮ᠃ ᠠᠮᠧᠷᠢᠺᠠ ᠵᠢᠨ᠎ᠬᠢᠨ ᠠᠮᠧᠷᠢᠺᠠ ᠳᠤᠮᠳᠠᠳᠤ ᠵᠢᠨ ᠬᠠᠷᠢᠯᠴᠠᠭ᠎ᠠ ᠵᠢ ᠵᠢᠯᠤᠭᠣᠳᠬᠤ ᠵᠠᠷᠴᠢᠮ᠎ᠢ ᠲᠣᠭᠲᠠᠭ᠋ᠠᠪᠠᠯ ᠵᠣᠬᠢᠬᠤ ᠵᠢ ᠵᠥᠪᠰᠢᠶᠡᠷᠡᠵᠦ ᠪᠠᠢ᠌ᠨ᠎ᠠ᠂ ᠬᠣᠶᠠᠷ ᠲᠠᠯ᠎ᠠ ᠵᠢᠨ ᠪᠦᠯᠭᠦᠮ ᠤᠤᠯ᠎ᠤᠨ ᠬᠠᠮᠲᠤ ᠵᠢᠨ ᠲᠠᠨᠢᠯᠲᠠ ᠵᠢᠨ ᠰᠠᠭᠤᠷᠢᠨ ᠳᠡᠭᠡᠷ᠎ᠡ ᠦᠷᠭᠦᠯᠵᠢᠯᠡᠨ ᠶᠠᠷᠢᠯᠴᠠᠵᠤ᠂ ᠡᠷᠲᠡᠬᠡᠨ ᠰᠠᠨᠠᠯ ᠨᠢᠭᠡᠳᠭᠦ᠎ᠪᠠᠷ ᠴᠢᠷᠮᠠᠢ᠌ᠪᠠᠯ ᠵᠣᠬᠢᠨ᠎ᠠ᠃ ᠠᠮᠧᠷᠢᠺᠠ ᠵᠢᠨ ᠵᠠᠰᠠᠭ᠎ᠤᠨ ᠣᠷᠳᠣᠨ ᠨᠢᠭᠡ ᠯᠡ ᠳᠤᠮᠳᠠᠳᠤ ᠤᠯᠤᠰ ᠪᠠᠢ᠌ᠬᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠲᠠᠢ᠌ᠸᠠᠨ᠎ᠤ ᠠᠰᠠᠭᠤᠳᠠᠯ ᠵᠶ᠋ᠠᠷ ᠪᠠᠭ᠋ᠠᠵᠢ ᠪᠣᠯᠭ᠋ᠠᠨ ᠳᠤᠮᠳᠠᠳᠤ ᠤᠯᠤᠰ᠎ᠢ ᠬᠣᠷᠢᠭᠯᠠᠬᠤ ᠵᠢ ᠡᠷᠢᠯᠬᠢᠯᠡᠬᠦ ᠦᠭᠡᠢ᠂ ᠲᠠᠢ᠌ᠸᠠᠨ ᠬᠣᠭᠣᠯᠠᠢ ᠵᠢᠨ ᠡᠩᠬᠡ ᠲᠠᠢ᠌ᠪᠤᠩ ᠲᠣᠭᠲᠠᠭᠤᠨ ᠪᠠᠢ᠌ᠳᠠᠯ᠎ᠢ ᠣᠯᠵᠤ ᠬᠠᠷᠠᠬᠤ ᠵᠢ ᠬᠦᠰᠡᠵᠦ ᠪᠠᠢ᠌ᠨ᠎ᠠ ᠭᠡᠵᠦ ᠢᠯᠡᠳᠬᠡᠪᠡ᠃
ᠬᠣᠶᠠᠷ ᠤᠯᠤᠰ᠎ᠤᠨ ᠲᠡᠷᠢᠭᠦᠨ᠂ ᠬᠣᠶᠠᠷ ᠲᠠᠯ᠎ᠠ ᠵᠢᠨ ᠭᠠᠳᠠᠭ᠋ᠠᠳᠤ ᠬᠠᠷᠢᠯᠴᠠᠭ᠋ᠠᠨ᠎ᠤ ᠪᠦᠯᠭᠦᠮ ᠪᠠᠢ᠌ᠯᠳᠤᠬᠤ ᠪᠣᠳᠣᠯᠭ᠎ᠠ ᠵᠢᠨ ᠣᠯᠣᠯᠴᠠᠭ᠎ᠠ᠎ᠪᠠᠨ ᠪᠠᠲᠤᠯᠠᠵᠤ᠂ ᠪᠠᠢ᠌ᠩᠭᠤ ᠵᠢᠨ ᠴᠢᠨᠠᠷᠲᠠᠢ ᠵᠥᠪᠳᠡᠯᠴᠡᠭᠡ ᠬᠢᠬᠦ ᠵᠢ ᠵᠥᠪᠰᠢᠶᠡᠷᠡᠪᠡ᠃ ᠬᠣᠶᠠᠷ ᠤᠯᠤᠰ᠎ᠤᠨ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠪᠦᠯᠭᠦᠮ᠎ᠤᠨ᠎ᠬᠢᠨ ᠬᠣᠷᠸ᠎ᠠ ᠠᠵᠤ ᠠᠬᠤᠢ ᠵᠢᠨ ᠲᠦᠷᠦ ᠵᠢᠨ ᠪᠣᠳᠣᠯᠭ᠎ᠠ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ᠎ᠤᠨ ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠵᠢ ᠵᠥᠪᠰᠢᠶᠡᠷᠡᠪᠡ᠃ 《ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠳᠦᠭᠦᠪᠴᠢ ᠨᠡᠢ᠌ᠲᠡ ᠵᠢᠨ ᠭᠡᠷ᠎ᠡ》 ᠵᠢᠨ ᠬᠣᠷᠢᠨ ᠳᠣᠯᠣᠳᠤᠭ᠋ᠠᠷ ᠤᠳᠠᠭ᠋ᠠᠨ᠎ᠤ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠠᠮᠵᠢᠯᠲᠠ ᠣᠯᠬᠤ ᠵᠢ ᠬᠠᠮᠲᠤ᠎ᠪᠠᠷ ᠴᠢᠷᠮᠠᠢ᠌ᠨ ᠠᠬᠢᠭᠤᠯᠬᠤ ᠵᠢ ᠵᠥᠪᠰᠢᠶᠡᠷᠡᠪᠡ᠃ ᠬᠣᠶᠠᠷ ᠲᠠᠯ᠎ᠠ᠎ᠪᠠᠷ ᠵᠶ᠋ᠠᠨ ᠬᠣᠶᠠᠷ ᠤᠯᠤᠰ᠎ᠤᠨ ᠤᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠂ ᠬᠥᠳᠡᠭᠡ ᠠᠵᠤ ᠠᠬᠤᠢ ᠪᠣᠯᠣᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ᠃ ᠳᠤᠮᠳᠠᠳᠤ ᠠᠮᠧᠷᠢᠺᠠ ᠵᠢᠨ ᠬᠠᠮᠲᠤᠷᠠᠭᠰᠠᠨ ᠠᠵᠢᠯᠯᠠᠬᠤ ᠳᠤᠭᠤᠢ᠌ᠯᠠᠩ᠎ᠢ ᠰᠠᠢ᠌ᠲᠤᠷ ᠬᠡᠷᠡᠭᠯᠡᠵᠦ᠂ ᠨᠡᠩ ᠤᠯᠠᠨ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠵᠢ ᠵᠥᠪᠰᠢᠶᠡᠷᠡᠪᠡ᠃ ᠳᠤᠮᠳᠠᠳᠤ ᠠᠮᠧᠷᠢᠺᠠ ᠵᠢᠨ ᠰᠣᠶᠣᠯ ᠢᠷᠭᠡᠨᠰᠢᠯ᠎ᠤᠨ ᠰᠣᠯᠢᠯᠴᠠᠭ᠎ᠠ ᠲᠤᠢ᠌ᠯ᠎ᠤᠨ ᠴᠢᠬᠤᠯᠠ ᠪᠠᠢ᠌ᠬᠤ ᠵᠢ ᠵᠥᠪᠰᠢᠶᠡᠷᠡᠵᠦ᠂ ᠬᠣᠶᠠᠷ ᠤᠯᠤᠰ᠎ᠤᠨ ᠡᠯ᠎ᠡ ᠬᠦᠷᠢᠶᠡᠨ᠎ᠤ ᠬᠥᠮᠥᠰ᠎ᠤᠨ ᠶᠠᠪᠤᠯᠴᠠᠭ᠎ᠠ ᠵᠢ ᠥᠷᠭᠡᠳᠬᠡᠬᠦ ᠵᠢ ᠵᠣᠷᠢᠭᠵᠢᠭᠤᠯᠪᠠ᠃
ᠬᠣᠶᠠᠷ ᠤᠯᠤᠰ᠎ᠤᠨ ᠲᠡᠷᠢᠭᠦᠨ ᠪᠠᠰᠠ ᠦᠺᠷᠠᠢ᠌ᠨᠤ ᠬᠢᠮᠤᠷᠠᠯ ᠵᠡᠷᠭᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃ ᠰᠢ ᠵᠢᠨ ᠫᠢᠩ᠂ ᠳᠤᠮᠳᠠᠳᠤ ᠤᠯᠤᠰ ᠣᠳᠣᠬᠠᠨ᠎ᠤ ᠦᠺᠷᠠᠢ᠌ᠨᠤ ᠪᠠᠢ᠌ᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ ᠪᠠᠢ᠌ᠨ᠎ᠠ᠃ ᠬᠢᠮᠤᠷᠠᠯ ᠡᠭᠦᠰᠦᠭᠰᠡᠨ᠎ᠤ ᠲᠠᠷᠠᠭ᠎ᠠ᠂ ᠪᠢ 《ᠲᠦᠷᠪᠡᠨ ᠡᠷᠬᠡᠪᠰᠢ》 ᠵᠢ ᠳᠤᠷᠠᠳᠤᠭᠰᠠᠨ ᠪᠥᠭᠡᠳ ᠲᠦᠷᠦᠭᠦᠬᠡᠨ ᠪᠠᠰᠠ 《ᠲᠦᠷᠪᠡᠨ ᠬᠠᠮᠲᠤ᠎ᠪᠠᠷ》᠎ᠢ ᠳᠤᠷᠠᠳᠤᠭᠰᠠᠨ ᠶᠤᠮ᠃ ᠦᠺᠷᠠᠢ᠌ᠨᠤ ᠬᠢᠮᠤᠷᠠᠯ ᠮᠡᠲᠦ ᠵᠢᠨ ᠪᠦᠭᠦ ᠪᠥᠮᠪᠥᠷᠴᠡᠭ᠎ᠤᠨ ᠴᠢᠨᠠᠷᠲᠠᠢ᠂ ᠨᠡᠢ᠌ᠯᠡᠮᠡᠯ ᠴᠢᠨᠠᠷᠲᠠᠢ ᠬᠢᠮᠤᠷᠠᠯ᠎ᠤᠨ ᠡᠮᠦᠨ᠎ᠡ᠂ ᠡᠢ᠌ᠮᠦ ᠬᠡᠳᠦᠨ ᠵᠦᠢ᠍ᠯ᠎ᠢ ᠬᠢᠨᠠᠮᠠᠭ᠋ᠠᠢ ᠪᠣᠳᠣᠯᠬᠢᠯᠠᠭᠤᠰᠢᠲᠠᠢ ᠪᠠᠢ᠌ᠨ᠎ᠠ᠄ ᠨᠢᠭᠡ᠎ᠳᠤ᠂ ᠮᠥᠷᠭᠦᠯᠳᠦᠭᠡᠨ ᠳᠠᠢ᠌ᠨ᠎ᠳᠤ ᠢᠯᠠᠭᠴᠢ ᠦᠭᠡᠢ ᠶᠤᠮ; ᠬᠣᠶᠠᠷ᠎ᠲᠤ᠂ ᠪᠤᠳᠤᠯᠢᠶᠠᠨᠲᠠᠢ ᠠᠰᠠᠭᠤᠳᠠᠯ᠎ᠢ ᠰᠢᠢ᠍ᠳᠪᠦᠷᠢᠯᠡᠬᠦ᠎ᠳᠤ ᠳᠥᠭᠦᠮ ᠠᠷᠭ᠎ᠠ ᠪᠠᠢ᠌ᠬᠤ ᠦᠭᠡᠢ; ᠭᠤᠷᠪᠠ᠎ᠳᠤ᠂ ᠲᠣᠮᠣ ᠤᠯᠤᠰ᠎ᠤᠳ᠎ᠤᠨ ᠡᠰᠡᠷᠭᠦᠴᠡᠯᠳᠦᠯ ᠡᠭᠦᠰᠭᠦ᠎ᠠᠴᠠ ᠡᠷᠬᠡᠪᠰᠢ ᠵᠠᠢ᠌ᠯᠠᠰᠬᠢᠬᠦ ᠬᠡᠷᠡᠭᠲᠡᠢ᠃ ᠳᠤᠮᠳᠠᠳᠤ ᠤᠯᠤᠰ ᠢᠮᠠᠭᠲᠠ ᠡᠩᠬᠡ ᠲᠠᠢ᠌ᠪᠤᠩ᠎ᠤᠨ ᠲᠠᠯ᠎ᠠ᠎ᠳᠤ ᠵᠣᠭᠰᠣᠵᠤ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠵᠢ ᠠᠬᠢᠭᠤᠯᠤᠨ᠎ᠠ᠂ ᠤᠷᠤᠰ ᠦᠺᠷᠠᠢ᠌ᠨ ᠬᠣᠶᠠᠷ ᠲᠠᠯ᠎ᠠ ᠵᠢᠨ ᠨᠠᠢ᠌ᠷᠠᠮᠳᠠᠯ᠎ᠤᠨ ᠬᠡᠯᠡᠯᠴᠡᠭᠡ᠎ᠪᠠᠨ ᠰᠡᠷᠭᠦᠭᠡᠬᠦ ᠵᠢ ᠳᠡᠮᠵᠢᠭᠦ ᠵᠢᠨ ᠬᠠᠮᠲᠤ ᠠᠮᠧᠷᠢᠺᠠ᠂ ᠤᠮᠠᠷᠠᠲᠤ ᠠᠲᠯᠠᠨᠲ ᠲᠠᠯᠠᠢ ᠵᠢᠨ ᠭᠡᠷ᠎ᠡ ᠵᠢᠨ ᠵᠣᠬᠢᠶᠠᠨ ᠪᠠᠢ᠌ᠭᠤᠯᠤᠯᠲᠠ᠂ ᠡᠸᠦ᠋ᠷᠦᠫᠡ ᠲᠢᠪ᠎ᠤᠨ ᠤᠯᠤᠰ᠎ᠤᠳ᠎ᠤᠨ ᠬᠣᠯᠪᠤᠭ᠎ᠠ ᠵᠢᠨ᠎ᠬᠢᠨ ᠤᠷᠤᠰᠯᠤᠭᠠ ᠪᠦᠭᠦ ᠲᠠᠯ᠎ᠠ ᠵᠢᠨ ᠶᠠᠷᠢᠯᠴᠠᠭ᠎ᠠ ᠥᠷᠨᠢᠭᠦᠯᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
ᠬᠣᠶᠠᠷ ᠤᠯᠤᠰ᠎ᠤᠨ ᠲᠡᠷᠢᠭᠦᠨ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠶᠤᠮ ᠭᠡᠵᠦ ᠦᠵᠡᠵᠦ᠂ ᠬᠣᠶᠠᠷ ᠤᠯᠤᠰ᠎ᠤᠨ ᠠᠵᠢᠯ᠎ᠤᠨ ᠪᠦᠯᠭᠦᠮ᠎ᠢ ᠬᠣᠶᠠᠷ ᠤᠯᠤᠰ᠎ᠤᠨ ᠲᠡᠷᠢᠭᠦᠨ᠎ᠤ ᠲᠣᠬᠢᠷᠠᠯᠴᠠᠭᠰᠠᠨ ᠴᠢᠬᠤᠯᠠ ᠬᠠᠮᠲᠤ ᠵᠢᠨ ᠲᠠᠨᠢᠯᠲᠠ ᠵᠢ ᠴᠠᠭ ᠲᠤᠬᠠᠢᠳᠤᠨᠢ᠎ᠲᠠᠭᠠᠨ ᠨᠠᠢ᠌ᠳᠠᠪᠤᠷᠢᠵᠢᠭᠤᠯᠵᠤ᠂ ᠦᠨᠡᠨ ᠪᠣᠳᠠᠲᠠᠢ ᠠᠵᠢᠯᠯᠠᠭ᠎ᠠ ᠠᠪᠴᠤ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠲᠣᠭᠲᠠᠭᠤᠨ ᠬᠥᠭᠵᠢᠯᠲᠡ ᠵᠢᠨ ᠵᠠᠮ᠎ᠳᠠᠭᠠᠨ ᠲᠠᠭᠢᠨ ᠪᠤᠴᠠᠬᠤ ᠵᠢ ᠠᠬᠢᠭᠤᠯᠬᠤ᠎ᠪᠠᠷ ᠱᠠᠭ᠋ᠠᠷᠳᠠᠪᠠ᠃ ᠬᠣᠶᠠᠷ ᠤᠯᠤᠰ᠎ᠤᠨ ᠲᠡᠷᠢᠭᠦᠨ ᠦᠷᠭᠦᠯᠵᠢᠯᠡᠨ ᠪᠠᠢ᠌ᠩᠭᠤ ᠵᠢᠨ ᠴᠢᠨᠠᠷᠲᠠᠢ ᠬᠠᠷᠢᠯᠴᠠᠭ᠎ᠠ᠎ᠪᠠᠨ ᠪᠠᠲᠤᠯᠠᠬᠤ ᠵᠢ ᠵᠥᠪᠰᠢᠶᠡᠷᠡᠪᠡ᠃
ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ ᠨᠠᠷ ᠠᠭᠤᠯᠵᠠᠯᠲᠠ᠎ᠳᠤ ᠣᠷᠣᠯᠴᠠᠪᠠ᠃