ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠣᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠥᠮᠥᠰ᠎ᠤᠨ ᠠᠷᠪᠠᠨ ᠳᠣᠯᠣᠳᠤᠭ᠋ᠠᠷ ᠤᠳᠠᠭ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠤᠯᠴᠠᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2022-11-21

      ᠲᠤᠬᠠᠢ ᠵᠢᠨ ᠭᠠᠵᠠᠷ᠎ᠤᠨ ᠴᠠᠭ ᠵᠶ᠋ᠠᠷ 11 ᠰᠠᠷ᠎ᠠ ᠵᠢᠨ 15᠎ᠤ ᠡᠳᠦᠷ᠂ ᠬᠣᠷᠢᠨ ᠤᠯᠤᠰ᠎ᠤᠨ ᠪᠦᠯᠦᠭᠯᠡᠯ᠎ᠤᠨ ᠤᠳᠤᠷᠢᠳᠬᠤ ᠬᠥᠮᠥᠰ᠎ᠤᠨ ᠠᠷᠪᠠᠨ ᠳᠣᠯᠣᠳᠤᠭ᠋ᠠᠷ ᠤᠳᠠᠭ᠎ᠠ ᠵᠢᠨ ᠲᠦᠷᠦᠭᠦᠴᠦᠳ᠎ᠤᠨ ᠬᠤᠷᠠᠯ ᠢᠨᠳᠤᠨᠧᠰᠢᠶ᠎ᠠ ᠵᠢᠨ ᠪᠠᠯᠢ ᠠᠷᠠᠯ᠎ᠳᠤ ᠶᠠᠪᠤᠭᠳᠠᠪᠠ᠃ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠰᠠᠨ ᠪᠥᠭᠡᠳ 《ᠴᠠᠭ ᠦᠶ᠎ᠡ ᠵᠢᠨ ᠥᠷᠢᠰᠦᠯᠳᠦᠭᠡᠨ᠎ᠢ ᠬᠠᠮᠲᠤ᠎ᠪᠠᠷ ᠤᠭᠲᠤᠵᠤ ᠰᠠᠢ᠌ᠨ ᠰᠠᠢ᠌ᠬᠠᠨ ᠢᠷᠡᠭᠡᠳᠦᠢ ᠵᠢ ᠬᠠᠮᠲᠤ᠎ᠪᠠᠷ ᠴᠣᠭᠴᠠᠯᠠᠶ᠎ᠠ》 ᠭᠡᠬᠦ ᠰᠡᠳᠦᠪ᠎ᠲᠠᠢ ᠴᠢᠬᠤᠯᠠ ᠶᠠᠷᠢᠶ᠎ᠠ ᠲᠠᠯᠪᠢᠪᠠ᠃


      ᠰᠢ ᠵᠢᠨ ᠫᠢᠩ᠂ ᠣᠳᠣᠬᠠᠨ᠎ᠤ ᠳᠡᠯᠡᠬᠡᠢ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢ ᠥᠩᠭᠡᠷᠡᠭᠡᠵᠦ ᠪᠠᠢ᠌ᠨ᠎ᠠ᠂ ᠡᠨᠡ ᠪᠣᠯ ᠳᠡᠯᠡᠬᠡᠢ ᠵᠢᠨ ᠬᠤᠪᠢᠷᠠᠯᠲᠠ᠂ ᠴᠠᠭ ᠦᠶ᠎ᠡ ᠵᠢᠨ ᠬᠤᠪᠢᠷᠠᠯᠲᠠ᠂ ᠲᠡᠦᠬᠡ ᠵᠢᠨ ᠬᠤᠪᠢᠷᠠᠯᠲᠠ ᠪᠣᠯᠣᠨ᠎ᠠ᠃ ᠣᠳᠣᠬᠠᠨ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ ᠳᠠᠭᠢᠨ ᠳᠠᠪᠲᠠᠨ ᠦᠷᠪᠢᠰᠦᠨ ᠳᠡᠯᠭᠡᠷᠡᠵᠦ᠂ ᠳᠡᠯᠡᠬᠡᠢ ᠵᠢᠨ ᠠᠵᠤ ᠠᠬᠤᠢ ᠵᠢᠨ ᠬᠡᠪᠡᠷᠡᠭ ᠴᠢᠨᠠᠷ ᠨᠠᠩ ᠲᠣᠪᠣᠢ᠌ᠮ᠎ᠠ ᠪᠣᠯᠵᠤ᠂ ᠭᠠᠵᠠᠷ ᠣᠷᠣᠨ ᠵᠢᠡᠷ ᠰᠢᠯᠲᠠᠭ᠋ᠠᠯᠠᠭᠳᠠᠭᠰᠠᠨ ᠤᠯᠤᠰ ᠲᠥᠷᠥ ᠵᠢᠨ ᠪᠠᠢ᠌ᠳᠠᠯ ᠪᠠᠴᠢᠮ ᠪᠣᠯᠵᠤ᠂ ᠪᠦᠭᠦ ᠪᠥᠮᠪᠥᠷᠴᠡᠭ᠎ᠤᠨ ᠵᠠᠰᠠᠯᠲᠠ ᠬᠦᠨᠳᠦ ᠨᠣᠴᠢᠲᠠᠢ ᠲᠤᠲᠠᠭᠳᠠᠵᠤ᠂ ᠠᠮᠤ ᠪᠤᠳᠠᠭ᠎ᠠ ᠪᠠ ᠡᠨᠧᠷᠭᠢ ᠵᠡᠷᠭᠡ ᠣᠯᠠᠨ ᠳᠠᠪᠬᠤᠷ ᠬᠢᠮᠤᠷᠠᠯ ᠳᠠᠪᠬᠤᠴᠠᠵᠤ᠂ ᠬᠥᠮᠥᠨ ᠲᠥᠷᠥᠯᠬᠢᠲᠡᠨ᠎ᠤ ᠬᠥᠭᠵᠢᠯᠲᠡ ᠬᠦᠨᠳᠦ ᠶᠡᠬᠡ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠨ᠎ᠠ᠃ ᠡᠯ᠎ᠡ ᠤᠯᠤᠰ᠎ᠤᠨ᠎ᠬᠢᠨ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠤᠢ ᠪᠤᠯᠭ᠋ᠠᠵᠤ᠂ ᠡᠩᠬᠡ ᠲᠠᠢ᠌ᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠭᠦᠷᠲᠡᠭᠦ ᠵᠢ ᠰᠠᠨᠠᠭ᠋ᠠᠴᠢᠯᠠᠵᠤ᠂ ᠪᠦᠯᠬᠦᠮᠳᠡᠯ ᠵᠶ᠋ᠡᠷ ᠬᠠᠭ᠋ᠠᠴᠠᠯ᠎ᠢ ᠣᠷᠣᠯᠠᠭᠤᠯᠵᠤ᠂ ᠬᠠᠮᠲᠤᠷᠠᠯᠴᠠᠭ᠎ᠠ᠎ᠪᠠᠷ ᠡᠰᠡᠷᠭᠦᠴᠡᠯᠳᠦᠯ᠎ᠢ ᠣᠷᠣᠯᠠᠭᠤᠯᠵᠤ᠂ ᠪᠠᠭᠲᠠᠭ᠋ᠠᠮᠵᠢ᠎ᠪᠠᠷ ᠭᠠᠳᠠᠭᠤᠷᠴᠢᠯᠠᠯ᠎ᠢ ᠣᠷᠣᠯᠠᠭᠤᠯᠵᠤ᠂ 《ᠳᠡᠯᠡᠬᠡᠢ ᠶᠢᠷᠲᠢᠨᠴᠦ ᠶᠠᠭ᠋ᠠᠬᠢᠭᠰᠠᠨ ᠪᠤᠢ᠂ ᠪᠢᠳᠡ ᠶᠠᠭ᠋ᠠᠬᠢᠪᠠᠯ ᠵᠣᠬᠢᠬᠤ ᠪᠤᠢ》 ᠭᠡᠬᠦ ᠴᠠᠭ ᠦᠶ᠎ᠡ ᠵᠢᠨ ᠰᠡᠳᠦᠪ᠎ᠢ ᠬᠠᠮᠲᠤ᠎ᠪᠠᠷ ᠰᠢᠢ᠍ᠳᠪᠦᠷᠢᠯᠡᠵᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠢᠷᠡᠭᠡᠳᠦᠢ᠎ᠪᠠᠨ ᠬᠠᠮᠲᠤ᠎ᠪᠠᠷ ᠴᠣᠭᠴᠠᠯᠠᠶ᠎ᠠ ᠭᠡᠵᠦ ᠵᠢᠭ᠋ᠠᠵᠤ ᠭᠠᠷᠭ᠋ᠠᠵᠠᠢ᠃
      ᠰᠢ ᠵᠢᠨ ᠫᠢᠩ᠂ ᠬᠣᠷᠢᠨ ᠤᠯᠤᠰ᠎ᠤᠨ ᠪᠦᠯᠦᠭᠯᠡᠯ᠎ᠤᠨ ᠪᠦᠷᠢᠯᠳᠦᠭᠦᠨ ᠪᠣᠯ ᠴᠥᠮ ᠳᠡᠯᠡᠬᠡᠢ ᠵᠢᠨ ᠪᠠ ᠭᠠᠵᠠᠷ ᠣᠷᠣᠨ᠎ᠤ ᠲᠣᠮᠣ ᠤᠯᠤᠰ ᠮᠥᠨ᠂ ᠲᠣᠮᠣ ᠤᠯᠤᠰ᠎ᠤᠨ ᠡᠭᠦᠷᠭᠡᠯᠡᠯ᠎ᠢ ᠢᠯᠡᠷᠡᠭᠦᠯᠵᠦ᠂ ᠦᠯᠢᠭᠡᠷ ᠳᠠᠭᠤᠷᠢᠶᠠᠯ᠎ᠤᠨ ᠦᠢ᠍ᠯᠡᠳᠦᠯ᠎ᠢ ᠪᠠᠳᠠᠷᠠᠭᠤᠯᠵᠤ᠂ ᠡᠯ᠎ᠡ ᠤᠯᠤᠰ᠎ᠲᠤ ᠬᠥᠭᠵᠢᠯᠲᠡ ᠵᠢ ᠡᠷᠢᠯᠬᠢᠯᠡᠨ ᠥᠭᠴᠦ᠂ ᠬᠥᠮᠥᠨ ᠲᠥᠷᠥᠯᠬᠢᠲᠡᠨ᠎ᠳᠤ ᠪᠤᠶᠠᠨ ᠦᠢ᠍ᠯᠡᠳᠴᠦ᠂ ᠳᠡᠯᠡᠬᠡᠢ ᠳ᠋ᠠᠬᠢᠨ᠎ᠳᠤ ᠲᠠᠪᠰᠢᠯᠳᠠ ᠣᠯᠭᠣᠪᠠᠯ ᠵᠣᠬᠢᠨ᠎ᠠ᠃
      ᠪᠢᠳᠠ ᠨᠡᠩ ᠪᠠᠭᠲᠠᠭ᠋ᠠᠮᠵᠢᠲᠠᠢ ᠪᠦᠭᠦ ᠪᠥᠮᠪᠥᠷᠴᠡᠭ᠎ᠤᠨ ᠬᠥᠭᠵᠢᠯᠲᠡ ᠵᠢ ᠠᠬᠢᠭᠤᠯᠤᠶ᠎ᠠ᠃ ᠪᠦᠯᠬᠦᠮᠳᠡᠯ ᠪᠣᠯ ᠬᠦᠴᠦᠨ ᠮᠥᠨ᠂ ᠬᠠᠭ᠋ᠠᠴᠠᠪᠠᠯ ᠭᠠᠷᠬᠤ ᠵᠠᠮ ᠦᠭᠡᠢ᠃ ᠪᠢᠳᠡ ᠨᠢᠭᠡᠯᠬᠡᠨ ᠪᠥᠮᠪᠥᠷᠴᠡᠭ ᠲᠣᠰᠬᠣᠨ᠎ᠳᠤ ᠠᠮᠢᠳᠤᠷᠠᠵᠤ ᠪᠠᠢ᠌ᠨ᠎ᠠ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ᠎ᠤ ᠡᠮᠦᠨ᠎ᠡ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠪᠠᠯ ᠵᠣᠬᠢᠨ᠎ᠠ᠃ ᠦᠵᠡᠯ ᠤᠬᠠᠮᠰᠠᠷ᠎ᠤᠨ ᠭᠡᠯᠪᠡᠷᠢ᠎ᠪᠠᠷ ᠵᠠᠭ᠋ᠠᠭ ᠱᠤᠭᠤᠮ ᠪᠤᠯᠭ᠋ᠠᠵᠤ᠂ ᠪᠦᠯᠦᠭᠯᠡᠯ᠎ᠤᠨ ᠤᠯᠤᠰ ᠲᠦᠷᠦ ᠪᠣᠯᠣᠨ ᠯᠠᠭᠧᠷ᠎ᠤᠨ ᠡᠰᠡᠷᠭᠦᠴᠡᠯᠳᠦᠯ ᠎ᠢ ᠪᠤᠢ ᠪᠤᠯᠭ᠋ᠠᠬᠤ᠎ᠨᠢ ᠳᠡᠯᠡᠬᠡᠢ ᠳ᠋ᠠᠬᠢᠨ᠎ᠢ ᠲᠠᠰᠤᠳᠠᠨ ᠰᠠᠯᠭ᠋ᠠᠵᠤ᠂ ᠪᠦᠭᠦ ᠪᠥᠮᠪᠥᠷᠴᠡᠭ᠎ᠤᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ᠎ᠤ ᠲᠠᠪᠰᠢᠯᠳᠠ ᠵᠢ ᠬᠠᠷᠰᠢᠯᠠᠬᠤ ᠪᠣᠯᠣᠨ᠎ᠠ᠃ ᠬᠥᠮᠥᠨ ᠲᠥᠷᠥᠯᠬᠢᠲᠡᠨ᠎ᠤ ᠪᠣᠯᠪᠠᠰᠤᠨ ᠨᠢᠭᠡᠨᠲᠡ 21 ᠳ᠋ᠦ᠍ᠭᠡᠷ ᠵᠠᠭᠤᠨ᠎ᠳᠤ ᠣᠷᠣᠵᠤ᠂ ᠬᠦᠢ᠍ᠲᠡᠨ ᠲᠠᠢ᠌ᠨ᠎ᠤ ᠰᠡᠳᠬᠢᠬᠦᠢ ᠠᠯᠢ ᠡᠷᠲᠡ ᠴᠠᠭ᠎ᠠᠴᠠ ᠥᠩᠭᠡᠷᠡᠵᠡᠢ᠃ ᠪᠢᠳᠡ ᠭᠠᠷ ᠬᠣᠯᠪᠣᠨ ᠴᠢᠷᠮᠠᠢ᠌ᠵᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠲᠡᠭᠦ ᠰᠢᠨ᠎ᠡ ᠠᠬᠤᠢ ᠪᠠᠢ᠌ᠳᠠᠯ᠎ᠢ ᠨᠡᠭᠡᠭᠡᠪᠡᠯ ᠵᠣᠬᠢᠨ᠎ᠠ᠃ ᠡᠯ᠎ᠡ ᠤᠯᠤᠰ ᠬᠠᠷᠢᠯᠴᠠᠨ ᠭᠦᠨᠳᠦᠳᠭᠡᠵᠦ᠂ ᠠᠳᠠᠯᠢ ᠲᠠᠯ᠎ᠠ᠎ᠪᠠᠨ ᠡᠷᠢᠵᠦ ᠵᠥᠷᠢᠶ᠎ᠡ᠎ᠲᠠᠢ ᠲᠠᠯ᠎ᠠ᠎ᠪᠠᠨ ᠦᠯᠡᠳᠡᠭᠡᠵᠦ᠂ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠵᠤ᠂ ᠨᠡᠭᠡᠭᠡᠯᠲᠡᠲᠤ ᠭᠡᠯᠪᠡᠷᠢ ᠵᠢᠨ ᠳᠡᠯᠡᠬᠡᠢ ᠵᠢᠨ ᠠᠵᠤ ᠠᠬᠤᠢ ᠵᠢ ᠪᠦᠲᠦᠭᠡᠨ ᠪᠠᠢ᠌ᠭᠤᠯᠬᠤ ᠵᠢ ᠠᠬᠢᠭᠤᠯᠪᠠᠯ ᠵᠣᠬᠢᠨ᠎ᠠ᠂ ᠬᠥᠷᠰᠢ ᠵᠡᠷᠭᠡᠯᠡᠳᠡᠭᠡ᠎ᠲᠠᠢ᠎ᠪᠠᠨ ᠳᠠᠢ᠌ᠰᠤᠩᠨᠠᠵᠤ᠂ 《ᠵᠢᠵᠢᠭ ᠬᠦᠷᠢᠶ᠎ᠡ ᠥᠨᠳᠥᠷ ᠬᠡᠷᠡᠮ》 ᠪᠠᠢ᠌ᠭᠤᠯᠵᠤ᠂ ᠪᠢᠲᠡᠭᠦᠮᠵᠢᠯᠡᠯ ᠭᠠᠳᠠᠭᠤᠷᠴᠢᠯᠠᠯ ᠬᠢᠬᠦ《ᠵᠢᠵᠢᠭ ᠪᠦᠯᠭᠦᠮ》 ᠪᠠᠢ᠌ᠭᠤᠯᠬᠤ ᠦᠭᠡᠢ ᠪᠣᠯ ᠵᠣᠬᠢᠨ᠎ᠠ᠃ ᠬᠣᠷᠢᠨ ᠤᠯᠤᠰ᠎ᠤᠨ ᠪᠦᠯᠦᠭᠯᠡᠯ ᠪᠦᠯᠬᠦᠮᠳᠡᠨ ᠬᠠᠮᠲᠤᠷᠠᠯᠴᠠᠬᠤ ᠤᠭ ᠰᠠᠨᠠᠭ᠎ᠠ᠎ᠪᠠᠨ ᠪᠠᠲᠤ ᠰᠠᠬᠢᠵᠤ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠵᠣᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ᠂ ᠵᠥᠪᠳᠡᠯᠴᠡᠨ ᠨᠢᠭᠡᠳᠭᠦ ᠵᠠᠷᠴᠢᠮ᠎ᠢ ᠪᠠᠷᠢᠮᠲᠠᠯᠠᠶ᠎ᠠ᠃ ᠬᠠᠭ᠋ᠠᠴᠠᠨ ᠡᠰᠡᠷᠭᠦᠴᠡᠯᠳᠦᠬᠦ᠎ᠨᠢ ᠠᠯᠢ ᠴᠤ᠌ ᠲᠠᠯ᠎ᠠ ᠵᠢᠨ ᠠᠰᠢᠭ ᠲᠤᠰᠠ᠎ᠳᠤ ᠨᠡᠢ᠌ᠴᠡᠭᠦ ᠦᠭᠡᠢ ᠶᠤᠮ᠂ ᠪᠦᠯᠬᠦᠮᠳᠡᠨ ᠬᠠᠮᠲᠤ ᠣᠷᠣᠰᠢᠬᠤ ᠪᠣᠯ ᠰᠠᠶᠢ ᠵᠥᠪ ᠰᠣᠩᠭᠣᠯᠲᠠ ᠮᠥᠨ᠃
      ᠪᠢᠳᠡ ᠨᠠᠩ ᠲᠦᠭᠡᠮᠡᠯ ᠠᠰᠢᠭ ᠬᠦᠷᠲᠡᠭᠡᠬᠦ ᠪᠦᠭᠦ ᠪᠥᠮᠪᠥᠷᠴᠡᠭ᠎ᠤᠨ ᠬᠥᠭᠵᠢᠯᠲᠡ ᠵᠢ ᠠᠬᠢᠭᠤᠯᠤᠶ᠎ᠠ᠃ ᠡᠯ᠎ᠡ ᠤᠯᠤᠰ᠎ᠤᠨ ᠬᠠᠮᠲᠤ ᠵᠢᠨ ᠬᠥᠭᠵᠢᠯᠲᠡ ᠪᠣᠯ ᠰᠠᠶᠢ ᠵᠢᠩᠬᠢᠨᠢ ᠬᠥᠭᠵᠢᠯᠲᠡ ᠮᠥᠨ᠃ ᠶᠠᠳᠠᠭᠤ᠎ᠨᠢ ᠤᠯᠠᠮ ᠶᠠᠳᠠᠭᠤᠷᠠᠵᠤ᠂ ᠪᠠᠶᠠᠨ᠎ᠨᠢ ᠤᠯᠠᠮ ᠪᠠᠶᠠᠵᠢᠭᠰᠠᠨ ᠰᠠᠭᠤᠷᠢᠨ ᠳᠡᠭᠡᠷ᠎ᠡ ᠳᠡᠯᠡᠬᠡᠢ ᠵᠢᠨ ᠴᠡᠴᠡᠭᠯᠡᠯ ᠬᠥᠭᠵᠢᠯ ᠲᠣᠭᠲᠠᠭᠤᠨ ᠪᠠᠢ᠌ᠳᠠᠯ ᠪᠤᠢ ᠪᠤᠯᠬᠤ ᠪᠣᠯᠣᠯᠴᠠᠭ᠎ᠠ ᠦᠭᠡᠢ ᠶᠤᠮ᠃ ᠤᠯᠤᠰ ᠪᠣᠯᠭ᠋ᠠᠨ ᠴᠥᠮ ᠰᠠᠢ᠌ᠨ ᠰᠠᠢ᠌ᠬᠠᠨ ᠠᠮᠢᠳᠤᠷᠠᠬᠤ ᠵᠢ ᠬᠦᠰᠡᠵᠦ ᠪᠤᠢ᠂ ᠣᠳᠣᠬᠢᠴᠢᠯᠠᠯᠲᠠ᠎ᠨᠢ ᠠᠯᠢ ᠨᠢᠭᠡᠨ ᠤᠯᠤᠰ᠎ᠤᠨ ᠣᠨᠴᠠ ᠡᠷᠬᠡ ᠪᠢᠰᠢ ᠶᠤᠮ᠃ ᠡᠮᠦᠨ᠎ᠡ᠎ᠨᠢ ᠬᠣᠰᠢᠭᠤᠷᠠᠵᠤ ᠪᠠᠢ᠌ᠭ᠎ᠠ ᠤᠯᠤᠰ᠎ᠤᠳ ᠪᠤᠰᠤᠳ ᠤᠯᠤᠰ᠎ᠤᠨ ᠬᠥᠭᠵᠢᠯᠲᠡ ᠵᠢ ᠦᠨᠡᠨ ᠰᠡᠳᠬᠢᠯ᠎ᠠᠴᠠ᠎ᠪᠠᠨ ᠬᠠᠪᠰᠤᠷᠴᠤ᠂ ᠪᠦᠭᠦ ᠪᠥᠮᠪᠥᠷᠴᠡᠭ᠎ᠤᠨ ᠤᠯᠠᠨ ᠨᠡᠢ᠌ᠲᠡ ᠵᠢᠨ ᠦᠢ᠍ᠯᠡᠳᠬᠦᠨ᠎ᠢ ᠨᠡᠩ ᠤᠯᠠᠨ ᠬᠠᠩᠭ᠋ᠠᠪᠠᠯ ᠵᠣᠬᠢᠨ᠎ᠠ᠃ ᠲᠣᠮᠣ ᠤᠯᠤᠰ᠎ᠨᠢ ᠲᠣᠮᠣ ᠤᠯᠤᠰ᠎ᠤᠨ ᠡᠭᠦᠷᠭᠡᠯᠡᠯ᠎ᠢ ᠡᠭᠦᠷᠭᠡᠯᠡᠵᠦ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠦᠢ᠍ᠯᠡᠰ᠎ᠲᠤ ᠤᠶᠤᠨ ᠤᠬᠠᠭ᠋ᠠᠨ ᠬᠦᠴᠦᠨ ᠴᠢᠳᠠᠯ ᠵᠶ᠋ᠠᠨ ᠡᠷᠭᠦᠪᠡᠯ ᠵᠣᠬᠢᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠳᠤᠷᠠᠳᠴᠤ᠂ ᠪᠦᠭᠦ ᠪᠥᠮᠪᠥᠷᠴᠡᠭ᠎ᠤᠨ ᠬᠥᠭᠵᠢᠯᠲᠡ ᠪᠣᠯᠣᠨ ᠡᠮᠦᠨᠡᠳᠡᠬᠢ᠎ᠨᠢ ᠡᠮᠦᠨᠡᠳᠡᠬᠢ᠎ᠲᠠᠢ᠎ᠪᠠᠨ ᠬᠠᠮᠲᠤᠷᠠᠯᠴᠠᠬᠤ ᠰᠠᠭᠤᠷᠢ ᠮᠥᠩᠭᠥ ᠵᠢ ᠪᠠᠢ᠌ᠭᠤᠯᠵᠤ᠂ ᠳᠤᠮᠳᠠᠳᠤ ᠤᠯᠤᠰ — ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠡᠩᠬᠡ ᠲᠠᠢ᠌ᠪᠤᠩ ᠪᠣᠯᠣᠨ ᠬᠥᠭᠵᠢᠯᠲᠡ ᠵᠢᠨ ᠰᠠᠭᠤᠷᠢ ᠮᠥᠩᠭᠥ᠎ᠳᠠᠬᠢ ᠣᠷᠣᠭᠤᠯᠤᠯᠲᠠ᠎ᠪᠠᠨ ᠨᠡᠮᠡᠭᠳᠡᠭᠦᠯᠵᠦ᠂ 100 ᠭᠠᠷᠤᠢ ᠤᠯᠤᠰ ᠪᠣᠯᠣᠨ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ᠎ᠯᠤᠭ᠎ᠠ ᠡᠨᠡ ᠬᠦ᠌ ᠰᠠᠨᠠᠭ᠋ᠠᠴᠢᠯᠠᠭ᠎ᠠ ᠵᠢ ᠠᠬᠢᠭᠤᠯᠵᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠭᠦ ᠵᠦᠢ᠍ᠯ᠎ᠢ ᠨᠠᠢ᠌ᠳᠠᠪᠤᠷᠢᠵᠢᠭᠤᠯᠬᠤ᠎ᠳᠤ ᠰᠢᠨ᠎ᠡ ᠬᠦᠴᠦᠨ ᠨᠡᠮᠡᠷᠢᠯᠡᠪᠡ᠃
      ᠪᠢᠳᠡ ᠨᠡᠩ ᠤᠶᠠᠨ ᠬᠠᠳᠠᠨ ᠴᠢᠨᠠᠷᠲᠠᠢ ᠪᠦᠭᠦ ᠪᠥᠮᠪᠥᠷᠴᠡᠭ᠎ᠤᠨ ᠬᠥᠭᠵᠢᠯᠲᠡ ᠵᠢ ᠠᠬᠢᠭᠤᠯᠤᠶ᠎ᠠ᠃ ᠠᠵᠤ ᠠᠬᠤᠢ ᠵᠢᠨ ᠳᠡᠯᠡᠬᠡᠢ᠌ᠵᠢᠯᠲᠡ ᠰᠥᠷᠭᠡᠦ ᠰᠠᠯᠬᠢ᠎ᠳᠤ ᠤᠴᠠᠷᠠᠵᠤ᠂ ᠳᠡᠯᠡᠬᠡᠢ ᠵᠢᠨ ᠠᠵᠤ ᠠᠬᠤᠢ ᠪᠠᠭᠤᠷᠠᠯᠲᠠ ᠵᠢᠨ ᠠᠶᠤᠯ ᠲᠦᠭᠰᠢᠭᠦᠷᠢ᠎ᠳᠤ ᠲᠤᠯᠭ᠋ᠠᠷᠠᠪᠠᠯ ᠤᠯᠠᠨ᠎ᠤ ᠠᠮᠢᠳᠤᠷᠠᠯ ᠴᠥᠮ ᠬᠦᠴᠢᠷᠲᠡᠢ ᠪᠣᠯᠵᠤ᠂ ᠬᠥᠭᠵᠢᠵᠦ ᠪᠠᠢ᠌ᠭ᠎ᠠ ᠤᠯᠤᠰ ᠡᠩ ᠲᠡᠷᠢᠭᠦᠨ᠎ᠳᠤ ᠲᠠᠭ᠋ᠠᠷᠢᠬᠳᠠᠬᠤ ᠪᠣᠯᠣᠨ᠎ᠠ᠃ ᠪᠢᠳᠡ ᠬᠥᠭᠵᠢᠯᠲᠡ ᠵᠢᠨ ᠠᠰᠠᠭᠤᠳᠠᠯ᠎ᠢ ᠥᠩᠭᠡᠷᠡᠭᠰᠡᠨ᠎ᠤ ᠠᠯᠢ ᠴᠤ᠌ ᠦᠶ᠎ᠡ᠎ᠠᠴᠠ ᠢᠯᠡᠭᠦᠦ ᠴᠢᠬᠤᠯᠠᠴᠢᠯᠠᠶ᠎ᠠ᠃ ᠪᠦᠭᠦ ᠪᠥᠮᠪᠥᠷᠴᠡᠭ᠎ᠤᠨ ᠠᠵᠤ ᠠᠬᠤᠢ ᠵᠢᠨ ᠰᠡᠷᠭᠦᠯᠲᠡ ᠵᠢᠨ ᠬᠠᠨᠢᠲᠠᠨ᠎ᠤ ᠬᠠᠷᠢᠯᠴᠠᠭ᠎ᠠ ᠵᠢ ᠪᠠᠢ᠌ᠭᠤᠯᠵᠤ᠂ ᠬᠥᠭᠵᠢᠯᠲᠡ ᠵᠢ ᠲᠡᠷᠢᠭᠦᠨ᠎ᠳᠤ ᠲᠠᠯᠪᠢᠬᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂ ᠢᠮᠠᠭᠲᠠ ᠬᠥᠭᠵᠢᠵᠦ ᠪᠠᠢ᠌ᠭ᠎ᠠ ᠤᠯᠤᠰ᠎ᠤᠳ᠎ᠤᠨ ᠬᠦᠴᠢᠷᠳᠡᠯ᠎ᠢ ᠪᠣᠳᠣᠯᠬᠢᠯᠠᠵᠤ᠂ ᠬᠥᠭᠵᠢᠵᠦ ᠪᠠᠢ᠌ᠭ᠎ᠠ ᠤᠯᠤᠰ᠎ᠤᠳ᠎ᠤᠨ ᠠᠩᠬᠠᠷᠴᠤ ᠪᠠᠢ᠌ᠭ᠎ᠠ ᠠᠰᠠᠭᠤᠳᠠᠯ᠎ᠢ ᠬᠠᠷᠠᠭ᠋ᠠᠯᠵᠠᠶ᠎ᠠ᠃ ᠳᠤᠮᠳᠠᠳᠤ ᠤᠯᠤᠰ ᠠᠹᠷᠢᠺᠠ ᠲᠢᠪ᠎ᠤᠨ ᠤᠯᠤᠰ᠎ᠤᠳ᠎ᠤᠨ ᠬᠣᠯᠪᠤᠭ᠎ᠠ ᠵᠢᠨ ᠬᠣᠷᠢᠨ ᠤᠯᠤᠰ᠎ᠤᠨ ᠪᠦᠯᠦᠭᠯᠡᠯ᠎ᠳᠤ ᠣᠷᠤᠯᠴᠠᠬᠤ ᠵᠢ ᠳᠡᠮᠵᠢᠨ᠎ᠠ᠃ ᠡᠯ᠎ᠡ ᠲᠠᠯ᠎ᠠ ᠵᠢᠨ᠎ᠬᠢᠨ ᠬᠢᠵᠢᠭ᠎ᠲᠠᠢ ᠲᠡᠮᠡᠴᠡᠬᠦ ᠣᠯᠠᠨ ᠤᠯᠤᠰ᠎ᠤᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠪᠦᠭᠦ ᠪᠥᠮᠪᠥᠷᠴᠡᠭ᠎ᠤᠨ ᠵᠣᠭᠣᠰ ᠮᠠᠭᠤᠳᠠᠬᠤ ᠵᠢ ᠬᠣᠷᠢᠭᠯᠠᠵᠤ᠂ ᠰᠢᠰᠲ᠋ᠧᠮ᠎ᠤᠨ ᠴᠢᠨᠠᠷᠲᠠᠢ ᠠᠵᠤ ᠠᠬᠤᠢ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠠᠷᠢᠯᠭ᠋ᠠᠵᠤ᠂ ᠢᠯᠠᠩᠭᠤᠶ᠎ᠠ ᠬᠥᠭᠵᠢᠭᠰᠡᠨ ᠠᠵᠤ ᠠᠬᠤᠢ ᠵᠢᠨ ᠴᠣᠭᠴᠠ ᠵᠢᠨ᠎ᠬᠢᠨ ᠵᠣᠭᠣᠰᠤᠨ᠎ᠤ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢᠨ ᠨᠠᠵᠠᠭ᠋ᠠᠢ ᠲᠠᠯ᠎ᠠ ᠵᠢᠨ ᠭᠠᠳᠠᠭᠰᠢ ᠨᠥᠯᠥᠭᠡᠯᠡᠬᠦ ᠦᠢ᠍ᠯᠡᠳᠦᠯ ᠵᠢᠡᠨ ᠪᠠᠭ᠋ᠠᠰᠬᠠᠶ᠎ᠠ᠃ ᠤᠯᠠᠨ ᠤᠯᠤᠰ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠪᠠ ᠬᠤᠳᠠᠯᠳᠤᠭ᠋ᠠᠨ᠎ᠤ ᠠᠪᠴᠠᠭ᠋ᠠᠲᠠᠨ᠎ᠨᠢ ᠬᠥᠭᠵᠢᠵᠦ ᠪᠠᠢ᠌ᠭ᠎ᠠ ᠤᠯᠤᠰ᠎ᠤᠨ ᠭᠣᠣᠯ ᠠᠪᠴᠠᠭ᠋ᠠᠨ᠎ᠤ ᠲᠠᠯ᠎ᠠ ᠪᠣᠯᠤᠭᠰᠠᠨ᠎ᠤ ᠬᠤᠪᠢ᠎ᠳᠤ᠂ ᠬᠥᠭᠵᠢᠵᠦ ᠪᠠᠢ᠌ᠭ᠎ᠠ ᠤᠯᠤᠰ᠎ᠤᠨ ᠥᠷᠢ ᠥᠭᠴᠡᠭᠡ ᠵᠢ ᠬᠥᠩᠭᠡᠷᠡᠭᠦᠯᠵᠦ ᠬᠣᠢ᠌ᠰᠢᠯᠠᠭᠤᠯᠬᠤ ᠠᠵᠢᠯᠯᠠᠭ᠎ᠠ᠎ᠳᠤ ᠣᠷᠣᠯᠴᠠᠪᠠᠯ ᠵᠣᠬᠢᠨ᠎ᠠ᠃ ᠳᠤᠮᠳᠠᠳᠤ ᠤᠯᠤᠰ ᠬᠣᠷᠢᠨ ᠤᠯᠤᠰ᠎ᠤᠨ ᠪᠦᠯᠦᠭᠯᠡᠯ᠎ᠤᠨ ᠥᠷᠢ ᠰᠢᠷᠢ ᠵᠢ ᠬᠣᠢ᠌ᠰᠢᠯᠠᠭᠤᠯᠬᠤ ᠰᠠᠨᠠᠭ᠋ᠠᠴᠢᠯᠠᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠥᠷᠢ ᠰᠢᠷᠢ ᠵᠢ ᠬᠣᠢ᠌ᠰᠢᠯᠠᠭᠤᠯᠬᠤ ᠶᠡᠷᠦᠩᠬᠡᠢ ᠲᠣᠭ᠎ᠠ᠎ᠨᠢ ᠬᠣᠷᠢᠨ ᠤᠯᠤᠰ᠎ᠤᠨ ᠪᠦᠯᠦᠭᠯᠡᠯ᠎ᠤᠨ ᠪᠦᠷᠢᠯᠳᠦᠭᠦᠨ᠎ᠤ ᠳᠣᠲᠣᠷ᠎ᠠ ᠬᠠᠮᠤᠭ᠎ᠤᠨ ᠶᠡᠬᠡ ᠪᠠᠢ᠌ᠵᠤ᠂ ᠬᠣᠯᠪᠣᠭᠳᠠᠯ ᠪᠦᠬᠦᠢ ᠬᠥᠭᠵᠢᠵᠦ ᠪᠠᠢ᠌ᠭ᠎ᠠ ᠤᠯᠤᠰ᠎ᠤᠨ ᠬᠦᠴᠢᠷ᠎ᠢ ᠲᠤᠭᠤᠯᠬᠤ᠎ᠳᠤ ᠳᠡᠮᠵᠢᠯᠭᠡ ᠬᠠᠩᠭ᠋ᠠᠪᠠ᠃
      ᠪᠢᠳᠠ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠢ᠌ᠭᠤᠯᠤᠯᠲᠠ᠎ᠪᠠᠷ ᠭᠣᠣᠯ ᠪᠤᠯᠭ᠋ᠠᠬᠰᠠᠨ ᠤᠯᠠᠨ ᠲᠠᠯᠠᠲᠤ ᠠᠷᠠᠯᠵᠢᠶᠠᠨ᠎ᠤ ᠪᠠᠢ᠌ᠭᠤᠯᠤᠮᠵᠢ ᠵᠢ ᠦᠷᠭᠦᠯᠵᠢᠯᠡᠨ ᠬᠠᠮᠠᠭ᠋ᠠᠯᠠᠵᠤ᠂ ᠳᠡᠯᠡᠬᠡᠢ ᠵᠢᠨ ᠠᠷᠠᠯᠵᠢᠶᠠᠨ᠎ᠤ ᠵᠣᠬᠢᠶᠠᠨ ᠪᠠᠢ᠌ᠭᠤᠯᠤᠯᠲᠠ ᠵᠢᠨ ᠥᠭᠡᠷᠡᠴᠢᠯᠡᠯᠲᠡ ᠵᠢ ᠢᠳᠡᠪᠬᠢᠲᠡᠢ ᠠᠬᠢᠭᠤᠯᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠥᠮᠴᠢᠯᠡᠯᠲᠡ ᠵᠢ ᠠᠬᠢᠭᠤᠯᠤᠶ᠎ᠠ᠃ ᠳᠤᠮᠳᠠᠳᠤ ᠤᠯᠤᠰ ᠲᠣᠭ᠋ᠠᠴᠢᠯᠠᠭᠰᠠᠨ ᠰᠢᠨ᠎ᠡ ᠵᠢ ᠡᠭᠦᠳᠭᠦ ᠬᠠᠮᠲᠤᠷᠠᠯᠴᠠᠭ᠋ᠠᠨ᠎ᠤ ᠠᠵᠢᠯᠯᠠᠭ᠋ᠠᠨ᠎ᠤ ᠲᠥᠯᠥᠪᠯᠡᠭᠡ ᠵᠢ ᠳᠤᠷᠠᠳᠴᠤ᠂ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ ᠨᠡᠭᠡᠭᠡᠯᠲᠡᠲᠤ᠂ ᠡᠷᠬᠡ ᠲᠡᠭᠰᠢ᠂ ᠭᠠᠳᠠᠭᠤᠷᠴᠢᠯᠠᠯ ᠦᠭᠡᠢ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢᠨ ᠣᠷᠴᠢᠨ᠎ᠢ ᠪᠤᠢ ᠪᠤᠯᠭ᠋ᠠᠵᠤ᠂ ᠡᠮᠦᠨᠡᠲᠦ ᠤᠮᠠᠷᠠᠲᠤ ᠵᠢᠨ ᠤᠯᠤᠰ᠎ᠤᠳ᠎ᠤᠨ ᠬᠣᠭᠣᠷᠣᠨᠳᠣᠭᠢ ᠲᠣᠭ᠋ᠠᠴᠢᠯᠠᠭᠰᠠᠨ ᠵᠥᠷᠢᠶ᠎ᠡ ᠵᠢ ᠪᠠᠭ᠋ᠠᠰᠬᠠᠬᠤ ᠵᠢ ᠬᠦᠰᠡᠨ ᠡᠷᠡᠮᠡᠯᠵᠡᠵᠦ ᠪᠠᠢ᠌ᠨ᠎ᠠ᠃ ᠠᠭᠤᠷ ᠠᠮᠢᠰᠬᠤᠯ᠎ᠤᠨ ᠬᠤᠪᠢᠷᠠᠯᠲᠠ ᠵᠢᠨ ᠰᠢᠯᠭ᠋ᠠᠯᠲᠠ ᠵᠢ ᠠᠷᠭ᠋ᠠᠴᠠᠭ᠋ᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠲᠡᠢ᠌ᠰᠢ ᠭᠡᠯᠪᠡᠷᠢ᠎ᠪᠠᠨ ᠬᠤᠪᠢᠷᠠᠭᠤᠯᠬᠤ᠎ᠳᠤ ᠡᠷᠬᠡᠪᠰᠢ ᠬᠠᠮᠲᠤ ᠵᠢᠨ ᠪᠤᠯᠪᠠᠴᠤ ᠢᠯᠭ᠋ᠠᠭ᠎ᠠ᠎ᠲᠠᠢ ᠬᠠᠷᠢᠭᠤᠴᠠᠯᠭ᠎ᠠ ᠵᠢᠨ ᠵᠠᠷᠴᠢᠮ᠎ᠢ ᠪᠠᠷᠢᠮᠲᠠᠯᠠᠵᠤ᠂ ᠪᠡᠯᠡ ᠮᠥᠩᠭᠥ᠂ ᠮᠡᠷᠭᠡᠵᠢᠯ᠂ ᠴᠢᠳᠠᠪᠤᠷᠢ ᠵᠢᠨ ᠪᠠᠢ᠌ᠭᠤᠯᠤᠯᠲᠠ ᠵᠡᠷᠭᠡ ᠲᠠᠯ᠎ᠠ᠎ᠪᠠᠷ ᠬᠥᠭᠵᠢᠵᠦ ᠪᠠᠢ᠌ᠭ᠎ᠠ ᠤᠯᠤᠰ᠎ᠲᠤ ᠳᠡᠮᠵᠢᠯᠭᠡ ᠬᠠᠩᠭ᠋ᠠᠬᠤ ᠬᠡᠷᠡᠭᠲᠡᠢ᠃ ᠢᠯᠵᠠᠷᠠᠯ᠎ᠢ ᠥᠴᠥᠬᠡᠨ ᠴᠦ᠍ ᠠᠭᠤᠴᠢᠯᠠᠬᠤ ᠦᠭᠡᠢ ᠪᠠᠢ᠌ᠬᠤ ᠵᠢ ᠪᠠᠷᠢᠮᠲᠠᠯᠠᠵᠤ᠂ ᠭᠠᠳᠠᠭ᠋ᠠᠳᠤ᠎ᠳᠤ ᠳᠤᠲᠠᠭ᠋ᠠᠭᠰᠠᠨ ᠣᠷᠭᠣᠳᠠᠭᠤᠯ ᠬᠡᠷᠡᠭᠲᠡᠨ᠎ᠢ ᠨᠡᠬᠡᠮᠵᠢᠯᠡᠬᠦ ᠪᠠ ᠪᠤᠵᠠᠷ ᠵᠣᠭᠣᠰ ᠪᠤᠵᠠᠷ ᠡᠳ᠋ ᠪᠣᠳᠠᠰ᠎ᠢ ᠨᠡᠬᠡᠮᠵᠢᠯᠡᠬᠦ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠶ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠠᠮᠤ ᠪᠤᠳᠠᠭ᠎ᠠ᠂ ᠡᠨᠧᠷᠭᠢ ᠵᠢᠨ ᠠᠮᠤᠷ ᠲᠦᠪᠰᠢᠨ ᠪᠣᠯ ᠪᠦᠭᠦ ᠪᠥᠮᠪᠥᠷᠴᠡᠭ᠎ᠤᠨ ᠬᠥᠭᠵᠢᠯᠲᠡ ᠵᠢᠨ ᠬᠦᠷᠢᠶᠡᠨ᠎ᠳᠠᠬᠢ ᠬᠠᠮᠤᠭ᠎ᠤᠨ ᠲᠤᠯᠭ᠋ᠠᠮ ᠥᠷᠢᠰᠦᠯᠳᠦᠭᠡᠨ ᠪᠣᠯᠣᠨ᠎ᠠ᠃ ᠣᠳᠣᠬᠠᠨ᠎ᠤ ᠬᠢᠮᠤᠷᠠᠯ᠎ᠤᠨ ᠦᠨᠳᠦᠰᠦ ᠰᠤᠷᠪᠤᠯᠵᠢ ᠪᠣᠯ ᠦᠢ᠍ᠯᠡᠳᠪᠦᠷᠢᠯᠡᠯ ᠪᠠ ᠬᠡᠷᠡᠭᠴᠡᠭᠡᠨ᠎ᠤ ᠠᠰᠠᠭᠤᠳᠠᠯ ᠪᠢᠰᠢ᠂ ᠬᠠᠷᠢᠨ ᠬᠠᠩᠭ᠋ᠠᠯᠭ᠎ᠠ ᠵᠢᠨ ᠬᠡᠯᠬᠢᠶ᠎ᠡ᠎ᠳᠤ ᠠᠰᠠᠭᠤᠳᠠᠯ ᠭᠠᠷᠴᠤ᠂ ᠤᠯᠠᠨ ᠤᠯᠤᠰ᠎ᠤᠨ ᠬᠠᠮᠲᠤᠷᠠᠯᠴᠠᠭ᠎ᠠ ᠬᠠᠷᠰᠢᠯᠠᠯ᠎ᠳᠤ ᠤᠴᠠᠷᠠᠭᠰᠠᠨ ᠶᠠᠪᠤᠳᠠᠯ ᠪᠣᠯᠣᠨ᠎ᠠ᠃ ᠰᠢᠢ᠍ᠳᠪᠦᠷᠢᠯᠡᠬᠦ ᠠᠷᠭ᠎ᠠ ᠵᠠᠮ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠪᠥᠭᠡᠮ ᠲᠠᠸᠠᠷ᠎ᠤᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠪᠠᠢ᠌ᠭᠤᠯᠵᠤ᠂ ᠨᠡᠭᠡᠭᠡᠯᠲᠡᠲᠡᠢ᠂ ᠲᠣᠭᠲᠠᠭᠤᠨ᠂ ᠦᠷᠭᠦᠯᠵᠢᠯᠡᠬᠦ ᠪᠥᠭᠡᠮ ᠲᠠᠸᠠᠷ᠎ᠤᠨ ᠵᠠᠬ᠎ᠠ ᠳᠡᠯᠭᠡᠭᠦᠷ᠎ᠢ ᠪᠠᠢ᠌ᠭᠤᠯᠵᠤ᠂ ᠬᠠᠩᠭ᠋ᠠᠯᠭ᠎ᠠ ᠵᠢᠨ ᠬᠡᠯᠬᠢᠶ᠎ᠡ ᠵᠢ ᠬᠠᠮᠲᠤ᠎ᠪᠠᠷ ᠰᠢᠯᠤᠭᠤᠳᠬᠠᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢ ᠲᠣᠭᠲᠠᠪᠤᠷᠢᠵᠢᠭᠤᠯᠬᠤ᠎ᠳᠤ ᠪᠤᠢ᠃ ᠠᠮᠤ ᠪᠤᠳᠠᠭ᠎ᠠ᠂ ᠡᠨᠧᠷᠭᠢ ᠵᠢᠨ ᠠᠰᠠᠭᠤᠳᠠᠯ᠎ᠢ ᠤᠯᠤᠰ ᠲᠥᠷᠥᠴᠢᠯᠡᠬᠦ᠂ ᠪᠠᠭ᠋ᠠᠵᠢ ᠬᠡᠷᠡᠭᠯᠡᠭᠦᠷ ᠪᠤᠯᠭ᠋ᠠᠬᠤ᠂ ᠵᠡᠪᠰᠡᠭᠵᠢᠭᠦᠯᠬᠦ ᠵᠢ ᠡᠷᠡᠰ ᠡᠰᠡᠷᠭᠦᠴᠡᠵᠦ᠂ ᠭᠠᠭᠴᠠ ᠲᠠᠯᠠᠲᠤ ᠵᠠᠯᠬᠠᠭ᠋ᠠᠯ᠎ᠤᠨ ᠠᠷᠭ᠎ᠠ ᠬᠡᠮᠵᠢᠶ᠎ᠡ ᠵᠢ ᠬᠦᠴᠦᠨ ᠦᠭᠡᠢ ᠪᠤᠯᠭ᠋ᠠᠵᠤ᠂ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢᠨ ᠬᠢᠵᠠᠭ᠋ᠠᠷᠯᠠᠯ᠎ᠢ ᠬᠦᠴᠦᠨ ᠦᠭᠡᠢ ᠪᠣᠯᠭ᠋ᠠᠶ᠎ᠠ᠃ ᠬᠣᠷᠢᠨ ᠤᠯᠤᠰ᠎ᠤᠨ ᠪᠦᠯᠦᠭᠯᠡᠯ ᠦᠢ᠍ᠯᠡᠳᠪᠦᠷᠢᠯᠡᠯ᠂ ᠬᠤᠷᠢᠶᠠᠵᠤ ᠨᠥᠭᠡᠴᠡᠯᠡᠬᠦ᠂ ᠪᠡᠯᠡ ᠮᠥᠩᠭᠥ᠂ ᠮᠡᠷᠭᠡᠵᠢᠯ ᠵᠡᠷᠭᠡ ᠲᠠᠯ᠎ᠠ᠎ᠪᠠᠷ ᠬᠥᠭᠵᠢᠵᠦ ᠪᠠᠢ᠌ᠭ᠎ᠠ ᠤᠯᠤᠰ᠎ᠲᠤ ᠴᠢᠬᠤᠯᠠ ᠪᠦᠬᠦᠢ ᠳᠡᠮᠵᠢᠯᠭᠡ ᠦᠵᠡᠭᠦᠯᠪᠡᠯ ᠵᠣᠬᠢᠨ᠎ᠠ᠃ ᠳᠤᠮᠳᠠᠳᠤ ᠤᠯᠤᠰ ᠬᠣᠷᠢᠨ ᠤᠯᠤᠰ᠎ᠤᠨ ᠪᠦᠯᠦᠭᠯᠡᠯ᠎ᠳᠤ ᠤᠯᠠᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠠᠮᠲᠤᠷᠠᠯᠴᠠᠭ᠋ᠠᠨ᠎ᠤ ᠰᠠᠨᠠᠭ᠋ᠠᠴᠢᠯᠠᠭ᠎ᠠ ᠳᠤᠷᠠᠳᠴᠤ᠂ ᠡᠯ᠎ᠡ ᠲᠠᠯ᠎ᠠ ᠵᠢᠨ᠎ᠬᠢᠨ᠎ᠲᠠᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ ᠵᠢ ᠬᠦᠰᠡᠵᠦ ᠪᠠᠢ᠌ᠨ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ ᠬᠠᠮᠤᠭ᠎ᠤᠨ ᠰᠡᠭᠦᠯ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠣᠢ᠌ᠷ᠎ᠠ ᠵᠢᠨ ᠬᠤᠭᠤᠴᠠᠭ᠋ᠠᠨ᠎ᠳᠤ ᠬᠣᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠳᠤᠮᠳᠠᠳᠤ ᠤᠯᠤᠰ᠎ᠤᠨ ᠢᠷᠡᠭᠡᠳᠦᠢ ᠵᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭ᠋ᠠᠨ᠎ᠤ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ ᠴᠢᠭᠯᠡᠯᠲᠡ ᠵᠢ ᠲᠥᠯᠥᠪᠵᠢᠭᠦᠯᠪᠡ᠃ ᠳᠤᠮᠳᠠᠳᠤ ᠤᠯᠤᠰ ᠡᠩᠬᠡ ᠲᠠᠢ᠌ᠪᠤᠩ ᠬᠥᠭᠵᠢᠯᠲᠡ ᠵᠢᠨ ᠵᠠᠮ ᠵᠶ᠋ᠠᠷ ᠭᠤᠢ᠌ᠪᠢᠰᠢ ᠦᠭᠡᠢ ᠵᠠᠮᠨᠠᠵᠤ᠂ ᠭᠤᠢ᠌ᠪᠢᠰᠢ ᠦᠭᠡᠢ᠎ᠪᠠᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠨᠡᠭᠡᠭᠡᠯᠲᠡ ᠵᠢ ᠥᠷᠭᠡᠳᠬᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠭᠤᠢ᠌ᠪᠢᠰᠢ ᠦᠭᠡᠢ ᠠᠬᠢᠭᠤᠯᠤᠨ᠎ᠠ᠃ ᠲᠠᠰᠤᠷᠠᠯᠳᠠ ᠦᠭᠡᠢ ᠣᠳᠣᠬᠢᠴᠢᠯᠠᠭᠰᠠᠨ ᠳᠤᠮᠳᠠᠳᠤ ᠤᠯᠤᠰ ᠯᠠᠪᠲᠠᠢ ᠳᠡᠯᠡᠬᠡᠢ ᠳ᠋ᠠᠬᠢᠨ᠎ᠳᠤ ᠨᠡᠩ ᠤᠯᠠᠨ ᠠᠵᠠ ᠲᠣᠭᠢᠶᠠᠯ ᠬᠠᠩᠭ᠋ᠠᠵᠤ᠂ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠨᠡᠩ ᠬᠦᠴᠦᠷᠬᠡᠭ ᠶᠡᠬᠡ ᠬᠥᠳᠡᠯᠭᠡᠭᠦ ᠬᠦᠴᠦᠨ ᠨᠡᠮᠡᠷᠢᠯᠡᠵᠦ᠂ ᠪᠦᠭᠦ ᠬᠥᠮᠥᠨ ᠲᠥᠷᠥᠯᠬᠢᠲᠡᠨ᠎ᠤ ᠲᠠᠪᠰᠢᠯᠳᠠ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ ᠪᠣᠯᠣᠨ᠎ᠠ! ᠭᠡᠵᠦ ᠴᠢᠬᠤᠯᠠᠴᠢᠯᠠᠪᠠ᠃
      ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠬᠣᠷᠢ ᠶᠢᠰᠦᠳᠦᠭᠡᠷ ᠤᠳᠠᠭ᠎ᠠ ᠵᠢᠨ ᠤᠳᠤᠷᠢᠳᠬᠤ ᠬᠥᠮᠥᠰ᠎ᠤᠨ ᠠᠯᠪᠠᠨ ᠶᠣᠰᠣᠨ᠎ᠤ ᠪᠤᠰᠤ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠣᠢ᠌ᠷ᠎ᠠ ᠵᠢᠨ ᠬᠤᠭᠤᠴᠠᠭ᠋ᠠᠨ᠎ᠤ ᠬᠢᠵᠢᠭ᠎ᠤᠨ ᠪᠠᠢ᠌ᠳᠠᠯ᠎ᠤᠨ ᠲᠤᠬᠠᠢ᠂ ᠳᠣᠣᠷ᠎ᠠ ᠳᠡᠰ᠎ᠤᠨ ᠲᠦᠭᠰᠢᠭᠦᠷᠢᠲᠦ ᠣᠷᠣᠨ᠎ᠤ ᠲᠣᠮᠢᠶᠠᠯᠠᠯ᠎ᠤᠨ ᠲᠤᠬᠠᠢ ᠁ ᠡᠷᠬᠡ ᠰᠦᠷᠲᠦ ᠬᠠᠷᠢᠭᠤᠯᠲᠠ!
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠣᠳᠠᠲᠠᠢ᠎ᠪᠠᠷ ᠰᠠᠢ᠌ᠲᠤᠷ ᠠᠳᠬᠤᠬᠤ ᠲᠤᠬᠠᠢ ᠪᠠᠢ᠌ᠷᠢᠯᠠᠭᠤᠯᠪᠠ
ᠤᠷᠲᠤ ᠬᠤᠭᠤᠴᠠᠭ᠎ᠠ᠎ᠪᠠᠷ ᠪᠢᠲᠡᠭᠦᠮᠵᠢᠯᠡᠨ ᠡᠵᠡᠮᠳᠡᠬᠦ ᠪᠠᠢ᠌ᠳᠠᠯ᠎ᠢ ᠵᠠᠯᠠᠷᠠᠭᠤᠯᠵᠤ᠂ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠬᠠᠭᠤᠷᠮᠠᠭ ᠳ᠋ᠦᠩ ᠭᠠᠷᠭ᠋ᠠᠭᠰᠠᠨ᠎ᠢ ᠴᠢᠩᠭ᠎ᠠ ᠰᠢᠢ᠍ᠳᠪᠦᠷᠢᠯᠡᠵᠦ᠂ ᠨᠠᠰᠤᠲᠠᠢ᠌ᠴᠤᠳ᠎ᠤᠨ ᠸᠠᠺᠼᠢᠨ᠎ᠤ ᠲᠠᠷᠢᠯᠭ᠎ᠠ ᠵᠢ ᠲᠦᠷᠭᠡᠳᠬᠡᠨ᠎ᠡ ᠁ ᠡᠷᠬᠡ ᠰᠦᠷᠲᠦ ᠬᠠᠷᠢᠭᠤᠯᠲᠠ!
ᠨᠠᠮ᠎ᠤᠨ ᠲᠦᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ 2023 ᠣᠨ᠎ᠤ ᠠᠵᠤ ᠠᠬᠤᠢ ᠵᠢᠨ ᠠᠵᠢᠯ᠎ᠢ ᠵᠠᠳᠠᠯᠤᠨ ᠰᠣᠳᠣᠯᠵᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠪᠣᠯᠣᠨ ᠢᠯᠵᠡᠷᠡᠯ᠎ᠢ ᠡᠰᠡᠷᠭᠦᠴᠡᠬᠦ ᠠᠵᠢᠯ᠎ᠢ ᠰᠣᠳᠣᠯᠣᠨ ᠪᠠᠢ᠌ᠷᠢᠯᠠᠭᠤᠯᠪᠠ ᠨᠠᠮ᠎ᠤᠨ ᠲᠦᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
 
            