
ᠲᠤᠬᠠᠢ ᠵᠢᠨ ᠭᠠᠵᠠᠷ᠎ᠤᠨ ᠴᠠᠭ ᠵᠶ᠋ᠠᠷ 11 ᠰᠠᠷ᠎ᠠ ᠵᠢᠨ 18᠎ᠤ ᠦᠳᠡ ᠵᠢᠨ ᠡᠮᠦᠨ᠎ᠡ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠬᠣᠷᠢ ᠶᠢᠰᠦᠳᠦᠭᠡᠷ ᠤᠳᠠᠭ᠎ᠠ ᠵᠢᠨ ᠤᠳᠤᠷᠢᠳᠬᠤ ᠬᠥᠮᠥᠰ᠎ᠤᠨ ᠠᠯᠪᠠᠨ ᠶᠣᠰᠣᠨ᠎ᠤ ᠪᠤᠰᠤ ᠬᠤᠷᠠᠯ᠎ᠲᠠᠢ ᠤᠯᠤᠰ᠎ᠤᠨ ᠪᠠᠩᠺᠤᠺ᠎ᠤᠨ ᠤᠯᠤᠰ᠎ᠤᠨ ᠬᠤᠷᠠᠯ᠎ᠤᠨ ᠲᠥᠪ᠎ᠲᠤ ᠬᠤᠷᠠᠯᠳᠤᠪᠠ᠃ ᠤᠯᠤᠰ᠎ᠤᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠰᠠᠨ ᠪᠥᠭᠡᠳ 《ᠪᠦᠯᠬᠦᠮᠳᠡᠨ ᠬᠠᠮᠲᠤᠷᠠᠯᠴᠠᠵᠤ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠤᠶ᠎ᠠ》 ᠭᠡᠬᠦ ᠰᠡᠳᠦᠪ ᠵᠶ᠋ᠡᠷ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠣᠷᠢᠶᠠᠨ᠎ᠤ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ
ᠰᠢ ᠵᠢᠨ ᠫᠢᠩ ᠬᠤᠷᠠᠯ᠎ᠤᠨ ᠲᠠᠯᠠᠪᠠᠢ᠎ᠳᠤ ᠬᠦᠷᠬᠦ᠎ᠳᠤ᠂ᠲᠠᠢ ᠤᠯᠤᠰ᠎ᠤᠨ ᠶᠡᠷᠦᠩᠬᠡᠢ ᠰᠠᠢ᠌ᠳ ᠪᠠ ᠢᠦᠢ ᠬᠠᠯᠠᠭᠤᠨ ᠵᠶ᠋ᠠᠷ ᠤᠭᠲᠤᠪᠠ᠃
ᠰᠢ ᠵᠢᠨ ᠫᠢᠩ ᠶᠠᠷᠢᠶᠠᠨ᠎ᠳᠠᠭᠠᠨ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ ᠪᠣᠯ ᠪᠢᠳᠡᠨ᠎ᠤ ᠣᠷᠣᠰᠢᠨ ᠲᠣᠭᠲᠠᠨᠢᠬᠤ ᠭᠠᠵᠠᠷ ᠮᠥᠨ᠂ ᠮᠥᠨ ᠴᠤ᠌ ᠪᠦᠭᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ᠎ᠤᠨ ᠬᠥᠳᠡᠯᠭᠡᠬᠦ ᠬᠦᠴᠦᠨ᠎ᠤ ᠡᠬᠢ ᠰᠤᠷᠪᠤᠯᠵᠢ ᠮᠥᠨ᠃ ᠥᠩᠭᠡᠷᠡᠭᠰᠡᠨ ᠬᠡᠳᠦᠨ ᠠᠷᠪᠠᠨ ᠵᠢᠯ᠎ᠳᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠣᠷᠣᠨ ᠪᠦᠰᠡ ᠵᠢᠨ ᠠᠵᠤ ᠠᠬᠤᠢ ᠵᠢᠨ ᠬᠠᠮᠲᠤᠷᠠᠯᠴᠠᠭ᠎ᠠ ᠥᠷᠨᠢᠨ ᠬᠥᠭᠵᠢᠵᠦ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ 《ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠭᠠᠢ᠌ᠬᠠᠮᠰᠢᠭ》᠎ᠢ ᠡᠭᠦᠳᠴᠦ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠠᠮᠲᠤᠷᠠᠯᠴᠠᠭ᠎ᠠ ᠠᠯᠢ ᠡᠷᠲᠡ ᠬᠥᠮᠥᠰ᠎ᠤᠨ ᠰᠡᠳᠬᠢᠯ᠎ᠳᠤ ᠬᠠᠳᠠᠩᠰᠢᠪᠠ᠃ ᠤᠳᠤ ᠳᠡᠯᠡᠬᠡᠢ ᠳ᠋ᠠᠬᠢᠨ ᠳᠠᠬᠢᠨᠲᠠ ᠲᠡᠦᠬᠡ ᠵᠢᠨ ᠲᠣᠨᠣᠯᠵᠢᠨ ᠵᠠᠮ᠎ᠳᠤ ᠵᠣᠭᠰᠣᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠪᠠᠢ᠌ᠷᠢ ᠰᠠᠭᠤᠷᠢ ᠨᠡᠩ ᠴᠢᠬᠤᠯᠠ᠂ ᠦᠢ᠍ᠯᠡᠳᠦᠯ ᠨᠡᠩ ᠲᠣᠪᠣᠢ᠌ᠮ᠎ᠠ ᠪᠣᠯᠪᠠ᠃ ᠰᠢᠨ᠎ᠡ ᠪᠠᠢ᠌ᠳᠠᠯ ᠳᠣᠣᠷ᠎ᠠ᠂ ᠪᠢᠳᠠ ᠭᠠᠷ ᠬᠣᠯᠪᠣᠨ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠠᠮᠲᠤᠷᠠᠯᠴᠠᠭ᠋ᠠᠨ᠎ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠵᠢ ᠲᠠᠭᠢᠨ ᠡᠭᠦᠳᠦᠶ᠎ᠡ ᠭᠡᠵᠦ ᠵᠢᠭ᠋ᠠᠵᠤ ᠭᠠᠷᠭ᠋ᠠᠪᠠ᠃
ᠡᠭᠦᠨ᠎ᠳᠤ ᠰᠢ ᠵᠢᠨ ᠫᠢᠩ ᠬᠡᠳᠦᠨ ᠰᠠᠨᠠᠭᠤᠯᠭ᠎ᠠ ᠳᠤᠷᠠᠳᠴᠠᠢ᠃
ᠨᠢᠭᠡᠳᠦᠭᠡᠷ᠎ᠲᠤ᠂ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠡᠩᠬᠡ ᠲᠠᠢ᠌ᠪᠤᠩ ᠲᠣᠭᠲᠠᠭᠤᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠢ ᠪᠦᠲᠦᠭᠡᠨ ᠪᠠᠢ᠌ᠭᠤᠯᠤᠶ᠎ᠠ᠃ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠥᠩᠭᠡᠷᠡᠭᠰᠡᠨ ᠬᠡᠳᠦᠨ ᠠᠷᠪᠠᠨ ᠵᠢᠯ᠎ᠤᠨ ᠠᠵᠤ ᠠᠬᠤᠢ ᠵᠢᠨ ᠲᠦᠷᠭᠡᠨ ᠨᠡᠮᠡᠭᠳᠡᠯ᠎ᠤᠨ ᠴᠢᠬᠤᠯᠠ ᠰᠡᠩᠬᠡᠷᠡᠭᠦᠯᠦᠯ ᠪᠣᠯ ᠳᠠᠷᠤᠢ ᠬᠠᠷᠢᠯᠴᠠᠨ ᠭᠦᠨᠳᠦᠳᠭᠡᠵᠦ᠂ ᠪᠦᠯᠬᠦᠮᠳᠡᠨ ᠬᠠᠮᠲᠤᠷᠠᠯᠴᠠᠵᠤ᠂ ᠤᠴᠢᠷ ᠶᠠᠪᠤᠳᠠᠯ ᠲᠤᠯᠭ᠋ᠠᠷᠠᠪᠠᠯ ᠤᠯᠠᠨ ᠵᠶ᠋ᠠᠷ ᠵᠶ᠋ᠠᠨ ᠵᠥᠪᠳᠡᠯᠴᠡᠨ ᠰᠢᠢ᠍ᠳᠪᠦᠷᠢᠯᠡᠵᠦ᠂ ᠬᠠᠮᠤᠭ᠎ᠤᠨ ᠶᠡᠬᠡ ᠶᠡᠷᠦᠩᠬᠡᠢ ᠬᠤᠷᠢᠶᠠᠭᠴᠢ ᠲᠣᠭ᠎ᠠ ᠵᠢ ᠡᠷᠢᠯᠬᠢᠯᠡᠭᠰᠡᠨ ᠶᠠᠪᠤᠳᠠᠯ ᠪᠣᠯᠣᠨ᠎ᠠ᠃ ᠪᠢᠳᠡ ᠬᠠᠮᠲᠤ ᠵᠢᠨ᠂ ᠶᠡᠷᠦᠩᠬᠡᠢ᠌ᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠵᠤ᠂ ᠡᠯ᠎ᠡ ᠤᠯᠤᠰ᠎ᠤᠨ ᠡᠷᠬᠡ ᠮᠡᠳᠡᠯ᠂ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠢ᠌ᠬᠤ ᠵᠢ ᠭᠦᠨᠳᠦᠳᠭᠡᠵᠦ᠂ ᠪᠤᠰᠤᠳ ᠤᠯᠤᠰ᠎ᠤᠨ ᠳᠣᠲᠣᠭ᠋ᠠᠳᠤ ᠵᠠᠰᠠᠭ᠎ᠲᠤ ᠭᠠᠷ ᠲᠦᠷᠦᠭᠦ ᠦᠭᠡᠢ᠂ ᠡᠯ᠎ᠡ ᠤᠯᠤᠰ᠎ᠤᠨ ᠠᠷᠠᠳ ᠲᠦᠮᠡᠨ᠎ᠤ ᠪᠡᠶ᠎ᠡ᠎ᠪᠠᠨ ᠳᠠᠭ᠋ᠠᠭ᠋ᠠᠵᠤ ᠰᠣᠩᠭᠣᠭᠰᠠᠨ ᠬᠥᠭᠵᠢᠯᠲᠡ ᠵᠢᠨ ᠵᠠᠮ ᠪᠠ ᠨᠡᠢ᠌ᠭᠡᠮ᠎ᠤᠨ ᠪᠠᠢ᠌ᠭᠤᠯᠤᠯ᠎ᠢ ᠭᠦᠨᠳᠦᠳᠭᠡᠵᠦ᠂ ᠡᠯ᠎ᠡ ᠤᠯᠤᠰ᠎ᠤᠨ ᠠᠮᠤᠷ ᠲᠦᠪᠰᠢᠨ᠎ᠤ ᠲᠤᠬᠠᠢ ᠵᠦᠢ ᠶᠣᠰᠣᠨ᠎ᠤ ᠠᠩᠬᠠᠷᠤᠯ᠎ᠢ ᠴᠢᠬᠤᠯᠠᠴᠢᠯᠠᠵᠤ᠂ ᠶᠠᠷᠢᠯᠴᠠᠭ᠎ᠠ ᠵᠥᠪᠳᠡᠯᠴᠡᠭᠡ᠎ᠪᠠᠷ ᠳᠠᠮᠵᠢᠭᠤᠯᠤᠨ ᠨᠠᠢ᠌ᠷᠠᠮᠳᠠᠯ᠎ᠤᠨ ᠠᠷᠭ᠎ᠠ ᠭᠡᠯᠪᠡᠷᠢ᠎ᠪᠠᠷ ᠤᠯᠤᠰ᠎ᠤᠨ ᠬᠣᠭᠣᠷᠣᠨᠳᠣᠭᠢ ᠵᠥᠷᠢᠯᠳᠦᠭᠡᠨ ᠪᠠ ᠮᠠᠷᠭᠤᠯᠳᠤᠭ᠋ᠠᠨ᠎ᠢ ᠰᠢᠢ᠍ᠳᠪᠦᠷᠢᠯᠡᠪᠡᠯ ᠵᠣᠬᠢᠨ᠎ᠠ᠃ ᠪᠦᠭᠦ ᠪᠥᠮᠪᠥᠷᠴᠡᠭ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠤᠯᠠᠨ ᠤᠯᠤᠰ᠎ᠤᠨ ᠡᠮᠬᠢ ᠵᠢᠷᠤᠮ᠎ᠤᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠵᠶ᠋ᠡᠷ ᠭᠦᠭᠵᠢᠭᠦ ᠵᠢ ᠠᠬᠢᠭᠤᠯᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ ᠪᠠ ᠳᠡᠯᠡᠬᠡᠢ ᠵᠢᠨ ᠡᠩᠬᠡ ᠲᠠᠢ᠌ᠪᠤᠩ ᠲᠣᠭᠲᠠᠭᠤᠨ ᠪᠠᠢ᠌ᠳᠠᠯ᠎ᠳᠤ ᠪᠠᠲᠤᠯᠠᠭ᠎ᠠ ᠬᠠᠩᠭ᠋ᠠᠶ᠎ᠠ᠃
ᠬᠣᠶᠠᠳᠤᠭ᠋ᠠᠷ᠎ᠲᠤ᠂ ᠨᠡᠭᠡᠭᠡᠯᠲᠡᠲᠡᠢ ᠪᠠᠭᠲᠠᠭ᠋ᠠᠮᠵᠢᠲᠠᠢ ᠪᠠᠢ᠌ᠬᠤ ᠵᠢ ᠪᠠᠷᠢᠮᠲᠠᠯᠠᠵᠤ᠂ ᠬᠠᠮᠲᠤ᠎ᠪᠠᠷ ᠪᠠᠶᠠᠵᠢᠭᠰᠠᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠢ ᠪᠦᠲᠦᠭᠡᠨ ᠪᠠᠢ᠌ᠭᠤᠯᠤᠶ᠎ᠠ᠃ ᠪᠢᠳᠡ ᠨᠡᠭᠡᠭᠡᠯᠲᠡᠲᠤ ᠣᠷᠣᠨ ᠪᠦᠰᠡ ᠵᠢᠨ ᠦᠵᠡᠯ᠎ᠢ ᠪᠠᠷᠢᠮᠲᠠᠯᠠᠵᠤ᠂ ᠬᠣᠷᠸ᠎ᠠ ᠠᠵᠤ ᠠᠬᠤᠢ ᠵᠢᠨ ᠲᠦᠷᠦ ᠵᠢᠨ ᠪᠣᠳᠣᠯᠭ᠎ᠠ ᠵᠢᠨ ᠵᠣᠬᠢᠴᠠᠭᠤᠯᠭ᠎ᠠ ᠵᠢ ᠴᠢᠩᠭ᠋ᠠᠳᠬᠠᠵᠤ᠂ ᠨᠡᠩ ᠨᠢᠭᠲᠠ ᠣᠷᠣᠨ ᠪᠦᠰᠡ ᠵᠢᠨ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠪᠠᠢ᠌ᠭᠤᠯᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠥᠮᠴᠢᠯᠡᠯᠲᠡ ᠵᠢ ᠠᠬᠢᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠨᠢᠭᠡ ᠴᠣᠭᠴᠠᠵᠢᠯᠲᠠ ᠵᠢᠨ ᠠᠬᠢᠴᠠ ᠵᠢ ᠯᠠᠪᠳᠠᠭᠤᠨ ᠵᠶ᠋ᠠᠷ ᠠᠬᠢᠭᠤᠯᠵᠤ᠂ ᠥᠨᠳᠥᠷ ᠲᠦᠪᠰᠢᠨ ᠪᠦᠬᠦᠢ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠴᠢᠯᠦᠭᠡᠲᠦ ᠠᠷᠠᠯᠵᠢᠶᠠᠨ᠎ᠤ ᠣᠷᠣᠨ᠎ᠢ ᠡᠷᠲᠡᠬᠡᠨ ᠪᠠᠢ᠌ᠭᠤᠯᠤᠶ᠎ᠠ᠃ ᠠᠷᠠᠳ ᠲᠦᠮᠡᠨ᠎ᠤ ᠲᠥᠯᠥᠭᠡ ᠬᠥᠭᠵᠢᠭᠦᠯᠬᠦ᠂ ᠬᠥᠭᠵᠢᠭᠦᠯᠬᠦ᠎ᠳᠤ ᠠᠷᠠᠳ ᠲᠦᠮᠡᠨ᠎ᠢ ᠲᠦᠰᠢᠭᠯᠡᠬᠦ᠂ ᠬᠥᠭᠵᠢᠯᠲᠡ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠬᠠᠮᠲᠤ᠎ᠪᠠᠷ ᠡᠳ᠋ᠯᠡᠭᠦᠯᠭᠦ ᠵᠢ ᠪᠠᠷᠢᠮᠲᠠᠯᠠᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠬᠣᠯᠪᠣᠭᠳᠠᠯ ᠪᠦᠬᠦᠢ ᠡᠯ᠎ᠡ ᠲᠠᠯ᠎ᠠ ᠵᠢᠨ᠎ᠬᠢᠨ᠎ᠲᠠᠢ 《ᠣᠷᠣᠨ ᠪᠦᠰᠡ ᠵᠢᠨ ᠪᠦᠭᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》᠎ᠢ ᠪᠦᠭᠦ ᠲᠠᠯ᠎ᠠ᠎ᠪᠠᠷ ᠴᠢᠨᠠᠷ ᠰᠠᠢ᠌ᠲᠠᠢ ᠬᠡᠷᠡᠭᠵᠢᠭᠦᠯᠵᠦ᠂ 《ᠪᠦᠭᠦ ᠲᠠᠯ᠎ᠠ ᠬᠢᠭᠡᠳ ᠳᠠᠪᠰᠢᠯᠲᠠ᠎ᠲᠠᠢ ᠨᠣᠮᠣᠬᠠᠨ ᠲᠡᠯᠡᠶ ᠵᠢ ᠠᠯᠤᠰᠯᠠᠭᠰᠠᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》 ᠪᠣᠯᠣᠨ 《ᠲᠣᠭ᠋ᠠᠴᠢᠯᠠᠭᠰᠠᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》᠎ᠲᠤ ᠣᠷᠤᠯᠴᠠᠬᠤ ᠵᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠵᠢᠨ ᠠᠭᠤᠰᠤᠯᠴᠠᠨ ᠭᠦᠭᠵᠢᠭᠦ ᠵᠢ ᠠᠬᠢᠭᠤᠯᠤᠨ᠎ᠠ᠃ ᠢᠷᠡᠬᠦ ᠵᠢᠯ᠎ᠳᠤ᠂ ᠳᠤᠮᠳᠠᠳᠤ ᠤᠯᠤᠰ ᠭᠤᠷᠪᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠢ ᠡᠷᠭᠢᠯᠡᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ ᠪᠣᠯᠣᠨ ᠪᠦᠭᠦ ᠪᠥᠮᠪᠥᠷᠴᠡᠭ᠎ᠤᠨ ᠬᠥᠭᠵᠢᠯ ᠴᠡᠴᠡᠭᠯᠡᠯ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ᠎ᠪᠠᠷ ᠪᠣᠳᠣᠯᠬᠢᠯᠠᠵᠤ ᠪᠤᠢ᠃
ᠭᠤᠷᠪᠠᠳᠤᠭ᠋ᠠᠷ᠎ᠲᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠪᠠᠷᠢᠮᠲᠠᠯᠠᠵᠤ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠢ ᠪᠦᠲᠦᠭᠡᠨ ᠪᠠᠢ᠌ᠭᠤᠯᠤᠶ᠎ᠠ᠃ ᠪᠢᠳᠡ ᠠᠵᠤ ᠠᠬᠤᠢ ᠮᠡᠷᠭᠡᠵᠢᠯ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠲᠣᠭ᠋ᠠᠴᠢᠯᠠᠭᠰᠠᠨ ᠪᠣᠬᠢᠷᠳᠤᠯ ᠦᠭᠡᠢ ᠵᠣᠬᠢᠴᠠᠩᠭᠤᠢ ᠬᠥᠭᠵᠢᠯᠲᠡ ᠵᠢ ᠲᠦᠷᠭᠡᠳᠬᠡᠵᠦ᠂ ᠡᠨᠧᠷᠭᠢ ᠡᠬᠢ ᠪᠠᠶᠠᠯᠢᠭ᠂ ᠠᠵᠤ ᠦᠢ᠍ᠯᠡᠰ᠎ᠤᠨ ᠪᠦᠲᠦᠴᠡ᠂ ᠬᠡᠷᠡᠭᠯᠡᠭᠡ ᠵᠢᠨ ᠪᠦᠲᠦᠴᠡ ᠵᠢᠨ ᠭᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠭᠦ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠤᠶ᠎ᠠ᠃ ᠳᠤᠮᠳᠠᠳᠤ ᠤᠯᠤᠰ᠎ᠤᠨ᠎ᠬᠢᠨ ᠠᠮᠢᠳᠤ ᠪᠣᠳᠠᠰ᠎ᠤᠨ ᠣᠷᠴᠢᠯᠲᠤ ᠪᠣᠬᠢᠷᠳᠤᠯ ᠦᠭᠡᠢ ᠠᠵᠤ ᠠᠬᠤᠢ ᠵᠢᠨ ᠪᠠᠩᠺᠤᠺ᠎ᠤᠨ ᠬᠠᠷᠠᠯᠲᠠ ᠵᠢ ᠨᠠᠢ᠌ᠳᠠᠪᠤᠷᠢᠵᠢᠭᠤᠯᠬᠤ᠎ᠳᠤ ᠳᠡᠮᠵᠢᠯᠭᠡ ᠬᠠᠩᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠠᠵᠤ ᠠᠬᠤᠢ ᠵᠢᠨ ᠬᠥᠭᠵᠢᠯᠲᠡ ᠵᠢ ᠬᠠᠮᠵᠢᠯᠴᠠᠨ ᠠᠬᠢᠭᠤᠯᠤᠨ᠎ᠠ᠃ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠤᠯᠤᠰ᠎ᠤᠳ᠎ᠤᠨ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠎ᠳᠤ ᠢᠳᠡᠪᠬᠢᠲᠡᠢ ᠣᠷᠣᠯᠴᠠᠵᠤ᠂ ᠶᠠᠳᠠᠭᠤ ᠵᠢ ᠪᠠᠭ᠋ᠠᠰᠬᠠᠬᠤ᠂ ᠠᠮᠤ ᠪᠤᠳᠠᠭ᠎ᠠ᠂ ᠡᠨᠧᠷᠭᠢ᠂ ᠡᠷᠡᠭᠦᠯ ᠬᠠᠮᠠᠭ᠋ᠠᠯᠠᠯ ᠵᠡᠷᠭᠡ ᠬᠦᠷᠢᠶᠡᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢ ᠪᠠᠶᠠᠷᠯᠠᠨ ᠤᠭᠲᠤᠵᠤ ᠪᠠᠢ᠌ᠨ᠎ᠠ᠃
ᠳᠥᠷᠪᠡᠳᠦᠭᠡᠷ᠎ᠲᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠵᠢ ᠪᠠᠷᠢᠮᠲᠠᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠢ ᠪᠦᠲᠦᠭᠡᠨ ᠪᠠᠢ᠌ᠭᠤᠯᠤᠶ᠎ᠠ᠃ ᠪᠢᠳᠡ ᠪᠠᠢ᠌ᠯᠳᠤᠬᠤ ᠪᠣᠳᠣᠯᠭ᠎ᠠ ᠪᠠ ᠠᠯᠤᠰ ᠭᠡᠳᠤ ᠵᠢᠨ ᠬᠠᠷᠠᠴᠠ᠎ᠪᠠᠷ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠠᠮᠲᠤᠷᠠᠯᠴᠠᠭ᠎ᠠ᠎ᠳᠤ ᠬᠠᠨᠳᠤᠵᠤ᠂ ᠣᠷᠣᠨ ᠪᠦᠰᠡ ᠵᠢᠨ ᠬᠠᠮᠲᠤᠷᠠᠯᠴᠠᠭ᠎ᠠ᠎ᠳᠠᠬᠢ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠭᠣᠣᠯ ᠠᠷᠭ᠎ᠠ ᠵᠠᠮ᠎ᠤᠨ ᠪᠠᠢ᠌ᠷᠢ ᠰᠠᠭᠤᠷᠢ ᠵᠢ ᠬᠠᠮᠠᠭ᠋ᠠᠯᠠᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠠᠮᠲᠤᠷᠠᠯᠴᠠᠭ᠋ᠠᠨ᠎ᠤ ᠵᠥᠪ ᠴᠢᠭᠯᠡᠯ᠎ᠢ ᠬᠠᠮᠠᠭ᠋ᠠᠯᠠᠶ᠎ᠠ᠃ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠵᠣᠷᠢᠯᠲᠠ ᠵᠠᠷᠴᠢᠮ᠎ᠢ ᠪᠠᠷᠢᠮᠲᠠᠯᠠᠵᠤ᠂ ᠬᠠᠷᠢᠯᠴᠠᠨ ᠢᠲᠡᠭᠡᠯᠴᠡᠬᠦ᠂ ᠪᠠᠭᠲᠠᠭ᠋ᠠᠮᠵᠢᠲᠠᠢ᠂ ᠬᠠᠮᠲᠤᠷᠠᠯᠴᠠᠬᠤ᠂ ᠬᠠᠮᠲᠤ᠎ᠪᠠᠷ ᠠᠰᠢᠭ ᠭᠦᠷᠲᠡᠭᠦ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠬᠠᠨᠢᠲᠠᠨ᠎ᠤ ᠬᠠᠷᠢᠯᠴᠠᠭ᠎ᠠ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠶᠡᠬᠡ ᠭᠡᠷ ᠪᠦᠯᠢ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠽᠢᠶ᠎ᠠ ᠲᠢᠪ ᠨᠣᠮᠣᠬᠠᠨ ᠳᠠᠯᠠᠢ ᠵᠢᠨ ᠣᠷᠣᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠲᠡᠢ᠌ᠰᠢ ᠲᠠᠰᠤᠷᠠᠯᠲᠠ ᠦᠭᠡᠢ ᠤᠷᠤᠭᠰᠢᠯᠠᠶ᠎ᠠ ᠭᠡᠵᠦ ᠳᠤᠷᠠᠳᠪᠠ!
ᠰᠢ ᠵᠢᠨ ᠫᠢᠩ᠂ ᠳᠡᠭᠡᠷ᠎ᠡ ᠰᠠᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠠᠮᠵᠢᠯᠲᠠ᠎ᠲᠠᠢ ᠬᠤᠷᠠᠯᠳᠤᠵᠤ᠂ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠳᠤᠮᠳᠠᠳᠤ ᠤᠯᠤᠰ᠎ᠤᠨ ᠬᠥᠭᠵᠢᠯᠲᠡ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠵᠢᠷᠤᠭ ᠲᠥᠰᠥᠪ᠎ᠢ ᠲᠥᠯᠥᠪᠵᠢᠭᠦᠯᠵᠡᠢ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ᠎ᠲᠠᠢ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠢ᠌ᠬᠤ ᠰᠠᠭᠤᠷᠢᠨ ᠳᠡᠭᠡᠷ᠎ᠡ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠵᠤ᠂ ᠬᠠᠮᠲᠤ᠎ᠪᠠᠷ ᠬᠥᠭᠵᠢᠨ᠎ᠡ᠃ ᠳᠤᠮᠳᠠᠳᠤ ᠤᠯᠤᠰ ᠨᠡᠩ ᠶᠡᠬᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠵᠢᠨ ᠭᠠᠳᠠᠭ᠋ᠠᠳᠤ ᠨᠡᠭᠡᠭᠡᠯᠲᠡ ᠵᠢ ᠬᠡᠷᠡᠭᠵᠢᠭᠦᠯᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶᠢᠭ᠎ᠤᠨ ᠠᠵᠤ ᠠᠬᠤᠢ ᠵᠢᠨ ᠰᠢᠨ᠎ᠡ ᠪᠠᠢ᠌ᠭᠤᠯᠤᠮᠵᠢ ᠵᠢ ᠪᠠᠢ᠌ᠭᠤᠯᠵᠤ᠂ ᠦᠷᠭᠦᠯᠵᠢᠯᠡᠨ ᠳᠡᠯᠡᠬᠡᠢ ᠳ᠋ᠠᠬᠢᠨ ᠢᠯᠠᠩᠭᠤᠶ᠎ᠠ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠲᠠᠢ ᠳᠤᠮᠳᠠᠳᠤ ᠤᠯᠤᠰ᠎ᠤᠨ ᠬᠥᠭᠵᠢᠯᠲᠡ ᠵᠢᠨ ᠠᠵᠠ ᠲᠣᠭᠢᠶᠠᠯ᠎ᠢ ᠬᠤᠪᠢᠶᠠᠯᠴᠠᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ ᠶᠠᠷᠢᠶᠠᠨ᠎ᠤ᠎ᠪᠠᠨ ᠡᠴᠦᠰ᠎ᠲᠤ᠂ᠲᠠᠢ ᠤᠯᠤᠰ᠎ᠲᠤ᠄ 《ᠶᠠᠮᠠᠷ ᠦᠷ᠎ᠡ ᠰᠠᠴᠤᠪᠠᠯ ᠶᠠᠮᠠᠷ ᠵᠢᠮᠢᠰ ᠬᠤᠷᠢᠶᠠᠬᠤ ᠶᠤᠮ》 ᠭᠡᠬᠦ ᠬᠡᠯᠡᠯᠭᠡ ᠪᠤᠢ᠃ ᠪᠢᠳᠡ ᠨᠢᠭᠡᠨᠲᠡ ᠪᠦᠲᠸᠯᠠᠵᠢᠶᠠ ᠵᠢᠨ ᠠᠯᠤᠰ᠎ᠤᠨ ᠲᠥᠯᠥᠪ᠎ᠤᠨ ᠦᠷ᠎ᠡ ᠵᠢ ᠬᠠᠮᠲᠤ᠎ᠪᠠᠷ ᠰᠠᠴᠤᠪᠠ᠂ ᠨᠠᠷᠢᠨ ᠨᠢᠮᠪᠠᠢ ᠪᠣᠢ᠌ᠵᠢᠭᠤᠯᠵᠤ᠂ ᠬᠠᠮᠲᠤ᠎ᠪᠠᠷ ᠬᠠᠮᠠᠭ᠋ᠠᠯᠠᠵᠤ᠂ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠬᠠᠮᠲᠤ ᠵᠢᠨ ᠬᠥᠭᠵᠢᠯ ᠴᠡᠴᠡᠭᠯᠡᠯ᠎ᠤᠨ ᠴᠡᠴᠡᠭ᠎ᠢ ᠪᠣᠢ᠌ᠵᠢᠭᠤᠯᠤᠶᠠ ᠭᠡᠵᠦ ᠵᠢᠭ᠋ᠠᠵᠤ ᠭᠠᠷᠭ᠋ᠠᠪᠠ!
ᠬᠤᠷᠠᠯ᠎ᠢ ᠪᠠ ᠢᠦᠢ ᠡᠷᠭᠢᠯᠡᠵᠥ᠂ 《ᠨᠡᠭᠡᠭᠡᠯᠲᠡᠲᠡᠢ᠂ ᠬᠣᠯᠪᠣᠯᠳᠤᠨ ᠨᠡᠪᠲᠡᠷᠡᠯᠴᠡᠬᠦ᠂ ᠲᠡᠩᠴᠡᠭᠦᠷᠢᠲᠡᠢ》 ᠭᠡᠬᠦ᠎ᠪᠠᠷ ᠭᠣᠣᠯ ᠰᠡᠳᠦᠪ ᠪᠣᠯᠭ᠋ᠠᠪᠠ᠃
17᠎ᠤ ᠣᠷᠣᠢ᠂ ᠰᠢ ᠵᠢᠨ ᠫᠢᠩ ᠬᠠᠳᠤᠨ ᠫᠧᠩ ᠯᠢ ᠶᠤᠸᠠᠨ᠎ᠲᠠᠢ᠎ᠪᠠᠨ ᠬᠠᠮᠲᠤ ᠠᠽᠢᠶ᠎ᠠ ᠲᠢᠪ ᠨᠣᠮᠣᠬᠠᠨ ᠲᠠᠯᠠᠢ ᠵᠢᠨ ᠣᠷᠣᠨ᠎ᠤ ᠠᠵᠤ ᠠᠬᠤᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠬᠤ ᠬᠥᠮᠥᠰ᠎ᠤᠨ ᠠᠯᠪᠠᠨ ᠶᠣᠰᠣᠨ᠎ᠤ ᠪᠤᠰᠤ ᠬᠤᠷᠠᠯ᠎ᠤᠨ ᠤᠭᠲᠤᠯᠭ᠎ᠠ ᠵᠢᠨ ᠣᠷᠣᠢ ᠵᠢᠨ ᠳᠠᠢ᠌ᠯᠠᠯᠭ᠎ᠠ᠎ᠳᠤ ᠣᠷᠣᠯᠴᠠᠪᠠ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃