ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ 11 ᠳ᠋ᠦ᠍ᠭᠡᠷ ᠰᠠᠷ᠎ᠠ ᠵᠢᠨ 22᠎ᠤᠨ ᠡᠳᠦᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠲᠡᠷᠡ ᠬᠡᠪ ᠵᠶ᠋ᠡᠷ᠎ᠨᠢ ᠨᠠᠢ᠌ᠳᠠᠪᠤᠷᠢᠵᠢᠭᠤᠯᠵᠤ᠂ ᠣᠳᠣᠬᠠᠨ᠎ᠤ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠲᠤᠬᠠᠢ ᠲᠠᠨᠢᠯᠴᠠᠭᠤᠯᠪᠠ᠃ ᠬᠠᠮᠲᠤ᠎ᠪᠠᠷ ᠣᠢ᠌ᠯᠠᠭ᠋ᠠᠵᠠᠭ᠋ᠠᠶ᠎ᠠ —
ᠶᠢᠰᠦᠳᠦᠭᠡᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ ᠪᠠ ᠬᠣᠷᠢᠨ ᠵᠦᠢ᠍ᠯ᠎ᠤᠨ ᠠᠷᠭ᠎ᠠ ᠬᠡᠮᠵᠢᠶ᠎ᠡ ᠵᠢ ᠭᠤᠢ᠌ᠪᠢᠰᠢ ᠦᠭᠡᠢ ᠪᠥᠭᠡᠳ ᠥᠭᠡᠷᠡᠲᠦᠭᠦᠯᠬᠦ ᠦᠭᠡᠢ᠎ᠪᠠᠷ ᠬᠡᠷᠡᠭᠵᠢᠭᠦᠯᠬᠦ ᠵᠢ ᠪᠠᠷᠢᠮᠲᠠᠯᠠᠨ᠎ᠠ
ᠣᠢ᠌ᠷ᠎ᠠ ᠵᠢᠨ ᠬᠤᠭᠤᠴᠠᠭ᠋ᠠᠨ᠎ᠳᠤ᠂ ᠪᠥᠬᠥ ᠤᠯᠤᠰ᠎ᠤᠨ ᠲᠤᠬᠠᠢ ᠵᠢᠨ ᠭᠠᠵᠠᠷ᠎ᠤᠨ ᠬᠢᠵᠢᠭ᠎ᠤᠨ ᠪᠠᠢ᠌ᠳᠠᠯ᠎ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ ᠣᠯᠠᠰᠢᠷᠠᠵᠤ᠂ ᠬᠢᠵᠢᠭ᠎ᠤᠨ ᠪᠠᠢ᠌ᠳᠠᠯ᠎ᠤᠨ ᠨᠥᠯᠥᠭᠡᠯᠡᠬᠦ ᠬᠡᠪᠴᠢᠶ᠎ᠡ᠎ᠨᠢ ᠥᠷᠭᠡᠳᠦᠭᠰᠡᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠢ᠌ᠳᠠᠯ ᠢᠯᠡᠷᠡᠵᠡᠢ᠃
ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠡᠷᠡᠰ ᠭᠤᠢ᠌ᠪᠢᠰᠢ ᠦᠭᠡᠢ ᠪᠠᠷᠢᠮᠲᠠᠯᠠᠵᠤ᠂ 《ᠭᠠᠳᠠᠨ᠎ᠠ᠎ᠠᠴᠠ ᠣᠷᠣᠭᠤᠯᠬᠤ ᠵᠢ ᠰᠡᠷᠭᠡᠢ᠌ᠯᠡᠬᠦ᠂ ᠳᠣᠲᠣᠭ᠋ᠠᠳᠤ᠎ᠳᠤ᠎ᠪᠠᠨ ᠲᠠᠬᠢᠨ ᠡᠭᠦᠰᠬᠦ ᠵᠢ ᠰᠡᠷᠭᠡᠢ᠌ᠯᠡᠬᠦ》 ᠶᠡᠷᠦᠩᠬᠡᠢ ᠠᠷᠭ᠎ᠠ ᠪᠣᠳᠣᠯᠭ᠎ᠠ ᠵᠢ ᠡᠷᠡᠰ ᠭᠤᠢ᠌ᠪᠢᠰᠢ ᠦᠭᠡᠢ ᠪᠠᠷᠢᠮᠲᠠᠯᠠᠵᠤ᠂ 《ᠬᠥᠳᠡᠯᠦᠩᠭᠦᠢ᠎ᠪᠠᠷ ᠠᠷᠢᠯᠭ᠋ᠠᠨ ᠴᠡᠪᠡᠷᠯᠡᠬᠦ》 ᠶᠡᠷᠦᠩᠬᠡᠢ ᠴᠢᠭᠯᠡᠯᠲᠡ ᠵᠢ ᠡᠷᠡᠰ ᠭᠤᠢ᠌ᠪᠢᠰᠢ ᠦᠭᠡᠢ ᠪᠠᠷᠢᠮᠲᠠᠯᠠᠵᠤ᠂ ᠮᠢᠨᠴᠦᠭᠦᠷᠡᠨ ᠰᠤᠯᠠᠷᠠᠬᠤ ᠰᠡᠳᠬᠢᠴᠡ᠂ ᠪᠠᠢ᠌ᠳᠠᠯ᠎ᠢ ᠠᠵᠢᠭᠯᠠᠬᠤ ᠰᠡᠳᠬᠢᠴᠡ ᠵᠢ ᠡᠷᠡᠰ ᠲᠡᠪᠴᠢᠵᠦ᠂ ᠶᠢᠰᠦᠳᠦᠭᠡᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ ᠪᠣᠯᠣᠨ ᠬᠣᠷᠢᠨ ᠵᠦᠢ᠍ᠯ᠎ᠤᠨ ᠠᠷᠭ᠎ᠠ ᠬᠡᠮᠵᠢᠶ᠎ᠡ ᠵᠢ ᠭᠤᠢ᠌ᠪᠢᠰᠢ ᠦᠭᠡᠢ ᠪᠥᠭᠡᠳ ᠥᠭᠡᠷᠡᠲᠦᠭᠦᠯᠬᠦ ᠦᠭᠡᠢ᠎ᠪᠠᠷ ᠬᠡᠷᠡᠭᠵᠢᠭᠦᠯᠬᠦ ᠵᠢ ᠪᠠᠷᠢᠮᠲᠠᠯᠠᠵᠤ᠂ ᠰᠡᠷᠭᠡᠢ᠌ᠯᠡᠬᠦ᠎ᠳᠤ ᠰᠠᠭᠤᠷᠢᠯᠠᠬᠤ᠂ ᠡᠷᠲᠡ ᠢᠯᠡᠷᠡᠭᠦᠯᠬᠦ᠎ᠳᠤ ᠰᠠᠭᠤᠷᠢᠯᠠᠬᠤ ᠪᠠ ᠲᠦᠷᠭᠡᠨ ᠰᠢᠢ᠍ᠳᠪᠦᠷᠢᠯᠡᠬᠦ᠎ᠳᠤ ᠰᠠᠭᠤᠷᠢᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠯ᠎ᠡ ᠵᠦᠢ᠍ᠯ᠎ᠤᠨ ᠠᠵᠢᠯ᠎ᠢ ᠰᠢᠨᠵᠢᠯᠡᠬᠦ ᠤᠬᠠᠭ᠋ᠠᠨᠴᠢ ᠪᠥᠭᠡᠳ ᠣᠨᠣᠴᠠᠲᠠᠢ᠎ᠪᠠᠷ ᠰᠠᠢ᠌ᠲᠤᠷ ᠬᠢᠬᠦ ᠬᠡᠷᠡᠭᠲᠡᠢ᠃
ᠬᠢᠵᠢᠭ᠎ᠤᠨ ᠪᠠᠢ᠌ᠳᠠᠯ ᠡᠭᠦᠰᠦᠭᠰᠡᠨ ᠭᠠᠵᠠᠷ ᠣᠷᠣᠨ᠎ᠤ᠎ᠬᠢᠨ ᠲᠦᠷᠭᠡ᠎ᠨᠢ ᠲᠦᠷᠭᠡᠨ ᠵᠶ᠋ᠡᠷ ᠠᠷᠭ᠋ᠠᠴᠠᠭ᠋ᠠᠬᠤ ᠠᠷᠭ᠎ᠠ ᠬᠡᠮᠵᠢᠶ᠎ᠡ᠎ᠪᠠᠷ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠲᠦᠭᠰᠢᠭᠦᠷᠢ᠎ᠲᠠᠢ ᠣᠷᠣᠨ᠎ᠢ ᠣᠨᠣᠪᠴᠢᠲᠠᠶ ᠬᠤᠪᠢᠶᠠᠷᠢᠯᠠᠨ᠂ ᠪᠥᠭᠡᠮ ᠬᠦᠴᠢᠯ᠎ᠤᠨ ᠪᠠᠢ᠌ᠴᠠᠭ᠋ᠠᠯᠲᠠ ᠵᠢ ᠡᠮᠬᠢ ᠵᠢᠷᠤᠮ᠎ᠲᠠᠢ ᠵᠣᠬᠢᠶᠠᠨ ᠪᠠᠢ᠌ᠭᠤᠯᠵᠤ᠂ ᠲᠦᠭᠰᠢᠭᠦᠷᠢ᠎ᠲᠠᠢ ᠬᠥᠮᠥᠰ᠎ᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠲᠤᠰᠠᠭ᠋ᠠᠷᠯᠠᠬᠤ ᠠᠵᠢᠯ᠎ᠢ ᠴᠢᠩᠭ᠎ᠠ ᠵᠢᠷᠤᠮᠵᠢᠭᠤᠯᠤᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠪᠠᠢ᠌ᠭᠤᠯᠭ᠎ᠠ ᠨᠢᠭᠡᠴᠢ᠂ ᠬᠤᠪᠢ ᠬᠥᠮᠥᠨ 《ᠳᠥᠷᠪᠡᠨ ᠲᠠᠯ᠎ᠠ ᠵᠢᠨ ᠬᠠᠷᠢᠭᠤᠴᠠᠯᠭ᠎ᠠ》 ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠵᠤ᠂ ᠬᠢᠵᠢᠭ᠎ᠤᠨ ᠪᠠᠢ᠌ᠳᠠᠯ᠎ᠤᠨ ᠥᠷᠭᠡᠵᠢᠨ ᠳᠡᠯᠭᠡᠷᠡᠬᠦ ᠵᠢ ᠠᠯᠢ ᠲᠦᠷᠭᠡᠨ ᠵᠶ᠋ᠡᠷ ᠬᠣᠷᠢᠭᠯᠠᠬᠤ ᠬᠡᠷᠡᠭᠲᠡᠢ᠃
ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ ᠵᠢ ᠦᠷᠭᠦᠯᠵᠢᠯᠡᠨ ᠴᠡᠭᠴᠡᠯᠡᠨ ᠵᠠᠰᠠᠵᠤ᠂ ᠬᠠᠮᠢᠶᠠᠷᠬᠤ ᠶᠣᠰᠣᠲᠠᠢ ᠵᠢ᠎ᠨᠢ ᠡᠷᠡᠰ ᠬᠠᠮᠢᠶᠠᠷᠴᠤ᠂ ᠬᠦᠴᠦᠨ ᠦᠭᠡᠢ ᠪᠣᠯᠭ᠋ᠠᠬᠤ ᠶᠣᠰᠣᠲᠠᠢ ᠵᠢ᠎ᠨᠢ ᠡᠷᠡᠰ ᠬᠦᠴᠦᠨ ᠦᠭᠡᠢ ᠪᠣᠯᠭ᠋ᠠᠵᠤ᠂ ᠨᠠᠢ᠌ᠳᠠᠪᠤᠷᠢᠵᠢᠭᠤᠯᠬᠤ ᠶᠣᠰᠣᠲᠠᠢ ᠵᠢ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ ᠬᠤᠭᠤᠴᠠᠭ᠋ᠠᠨ᠎ᠳᠠᠬᠢ ᠤᠯᠠᠨ ᠲᠦᠮᠡᠨ᠎ᠤ ᠦᠨᠳᠦᠰᠦᠨ ᠠᠮᠢᠳᠤᠷᠠᠯ ᠪᠣᠯᠣᠨ ᠡᠪᠡᠳᠴᠢᠨ ᠦᠵᠡᠭᠦᠯᠬᠦ ᠬᠡᠷᠡᠭᠴᠡᠭᠡ ᠵᠢ ᠰᠠᠢ᠌ᠲᠤᠷ ᠪᠠᠲᠤᠯᠠᠬᠤ ᠬᠡᠷᠡᠭᠲᠡᠢ᠃
ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ ᠠᠰᠠᠭᠤᠳᠠᠯ᠎ᠢ ᠴᠡᠭᠴᠡᠯᠡᠨ ᠵᠠᠰᠠᠬᠤ ᠡᠷᠴᠢᠮ᠎ᠢ ᠴᠢᠩᠭ᠋ᠠᠷᠠᠭᠤᠯᠤᠨ᠎ᠠ
ᠡᠯ᠎ᠡ ᠭᠠᠵᠠᠷ᠎ᠤᠨ᠎ᠬᠢᠨ ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ ᠠᠰᠠᠭᠤᠳᠠᠯ᠎ᠢ ᠴᠡᠭᠴᠡᠯᠡᠨ ᠵᠠᠰᠠᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠤᠷᠭ᠋ᠠᠭᠤᠯᠢ ᠵᠢ ᠳᠤᠷ᠎ᠠ᠎ᠪᠠᠷ ᠵᠶ᠋ᠠᠨ ᠪᠢᠲᠡᠭᠦᠮᠵᠢᠯᠡᠨ ᠬᠢᠴᠢᠶᠡᠯ ᠵᠣᠭᠰᠤᠭ᠋ᠠᠬᠤ᠂ ᠠᠵᠢᠯ᠎ᠢ ᠵᠣᠭᠰᠣᠭ᠋ᠠᠵᠤ ᠦᠢ᠍ᠯᠡᠳᠪᠦᠷᠢᠯᠡᠯ᠎ᠢ ᠵᠣᠭᠰᠤᠭ᠋ᠠᠬᠤ᠂ ᠵᠥᠪᠰᠢᠶᠡᠷᠡᠯ ᠦᠭᠡᠢ᠎ᠪᠠᠷ ᠵᠠᠮ ᠬᠠᠷᠢᠯᠴᠠᠭ᠎ᠠ ᠵᠢ ᠲᠠᠰᠤᠯᠬᠤ᠂ ᠳᠤᠷ᠎ᠠ᠎ᠪᠠᠷ 《ᠪᠢᠲᠡᠭᠦᠮᠵᠢᠲᠦ》 ᠬᠠᠮᠢᠶᠠᠷᠤᠯᠲᠠ ᠶᠠᠪᠤᠭᠤᠯᠬᠤ᠂ ᠳᠤᠷ᠎ᠠ᠎ᠪᠠᠷ ᠪᠢᠲᠡᠭᠦᠮᠵᠢᠯᠡᠨ ᠡᠵᠡᠮᠳᠡᠬᠦ᠂ ᠤᠷᠳᠤ ᠬᠤᠭᠤᠴᠠᠭ᠎ᠠ᠎ᠪᠠᠷ ᠪᠢᠲᠡᠭᠦᠮᠵᠢᠯᠡᠯ᠎ᠢ ᠲᠠᠢ᠌ᠯᠬᠤ ᠦᠭᠡᠢ᠂ ᠡᠮᠨᠡᠭᠦᠯᠬᠦ ᠵᠢ ᠳᠤᠷ᠎ᠠ᠎ᠪᠠᠷ ᠵᠣᠭᠰᠤᠭ᠋ᠠᠬᠤ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠢ ᠴᠡᠭᠴᠡᠯᠡᠨ ᠵᠠᠰᠠᠵᠤ᠂ ᠤᠯᠠᠨ ᠲᠦᠮᠡᠨ᠎ᠤ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠤᠯᠠᠨ ᠲᠦᠮᠡᠨ᠎ᠤ ᠵᠠᠭ᠋ᠠᠯᠳᠤᠭᠰᠠᠨ ᠪᠠᠴᠢᠮᠳᠠᠵᠤ ᠪᠡᠷᠬᠡᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠵᠦ᠂ ᠬᠣᠷᠢᠨ ᠵᠦᠢ᠍ᠯ᠎ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠵᠤ᠂ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠣᠳᠣᠬᠠᠨ᠎ᠳᠤ ᠮᠠᠨ᠎ᠤ ᠤᠯᠤᠰ᠎ᠤᠨ ᠲᠤᠬᠠᠢ ᠵᠢᠨ ᠭᠠᠵᠠᠷ᠎ᠤᠨ ᠬᠢᠵᠢᠭ᠎ᠤᠨ ᠪᠠᠢ᠌ᠳᠠᠯ ᠮᠥᠨ ᠯᠡ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢ᠌ᠵᠤ᠂ ᠵᠠᠷᠢᠮ ᠮᠤᠵᠢ ᠣᠷᠣᠨ ᠭᠤᠷᠪᠠᠨ ᠵᠢᠯ᠎ᠤᠨ ᠲᠤᠷᠰᠢᠬᠢ ᠬᠠᠮᠤᠭ᠎ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢ᠌ᠳᠠᠯ᠎ᠳᠤ ᠲᠤᠯᠭ᠋ᠠᠷᠠᠵᠤ ᠪᠤᠢ
ᠣᠳᠣᠬᠠᠨ᠎ᠳᠤ ᠮᠠᠨ᠎ᠤ ᠤᠯᠤᠰ᠎ᠤᠨ ᠲᠤᠬᠠᠢ ᠵᠢᠨ ᠭᠠᠵᠠᠷ᠎ᠤᠨ ᠬᠢᠵᠢᠭ᠎ᠤᠨ ᠪᠠᠢ᠌ᠳᠠᠯ ᠮᠥᠨ ᠬᠦ᠌ ᠬᠦᠨᠳᠦ ᠨᠣᠴᠢᠲᠠᠢ ᠪᠥᠭᠡᠳ ᠨᠠᠷᠢᠨ ᠪᠤᠳᠤᠯᠢᠶᠠᠨᠲᠠᠢ ᠪᠠᠢ᠌ᠵᠤ᠂ ᠬᠡᠰᠡᠭ ᠭᠠᠵᠠᠷ ᠣᠷᠣᠨ᠎ᠤ ᠬᠢᠵᠢᠭ᠎ᠤᠨ ᠪᠠᠢ᠌ᠳᠠᠯ᠎ᠤᠨ ᠲᠠᠷᠬᠠᠬᠤ ᠬᠤᠷᠳᠤᠴᠠ ᠲᠦᠷᠭᠡᠳᠴᠦ᠂ ᠰᠡᠷᠭᠡᠢ᠌ᠯᠡᠨ ᠡᠵᠡᠮᠳᠡᠬᠦ ᠬᠦᠴᠢᠷᠳᠡᠯ ᠲᠠᠰᠤᠷᠠᠯᠲᠠ ᠦᠭᠡᠢ ᠨᠡᠮᠡᠭᠳᠡᠵᠦ ᠪᠠᠢ᠌ᠨ᠎ᠠ᠃ ᠣᠢ᠌ᠷ᠎ᠠ ᠵᠢᠨ ᠬᠤᠭᠤᠴᠠᠭ᠋ᠠᠨ᠎ᠳᠤ ᠡᠭᠦᠰᠦᠭᠰᠡᠨ ᠬᠢᠵᠢᠭ᠎ᠤᠨ ᠪᠠᠢ᠌ᠳᠠᠯ᠎ᠳᠤ ᠳᠣᠣᠷᠠᠬᠢ ᠮᠡᠲᠦ ᠣᠨᠴᠠᠯᠢᠭ᠎ᠲᠠᠢ᠄ ᠨᠢᠭᠡ᠎ᠳᠤ᠂ ᠰᠢᠨ᠎ᠡ᠎ᠪᠠᠷ ᠨᠡᠮᠡᠭᠳᠡᠭᠰᠡᠨ ᠬᠠᠯᠳᠠᠪᠤᠷᠢᠯᠠᠭᠰᠠᠳ᠎ᠤᠨ ᠲᠣᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠵᠦ ᠪᠠᠢ᠌ᠨ᠎ᠠ᠃ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠨᠠᠭ᠋ᠠᠰᠢ᠂ ᠪᠥᠬᠥ ᠤᠯᠤᠰ᠎ᠲᠤ ᠨᠡᠶ᠋ᠢᠲᠡ 25.3 ᠲᠦᠮᠡᠨ ᠬᠠᠯᠳᠠᠪᠤᠷᠢᠯᠠᠭᠰᠠᠳ ᠰᠢᠨ᠎ᠡ᠎ᠪᠠᠷ ᠨᠡᠮᠡᠭᠳᠡᠵᠦ᠂ ᠣᠢ᠌ᠷ᠎ᠠ ᠵᠢᠨ ᠨᠢᠭᠡ ᠭᠠᠷᠠᠭ᠎ᠲᠤ ᠳᠤᠮᠳᠠᠴᠢ᠎ᠪᠠᠷ ᠡᠳᠦᠷ ᠪᠦᠷᠢ 2.22 ᠲᠦᠮᠡᠨ ᠬᠠᠯᠳᠠᠪᠤᠷᠢᠯᠠᠭᠰᠠᠳ ᠰᠢᠨ᠎ᠡ᠎ᠪᠠᠷ ᠨᠡᠮᠡᠭᠳᠡᠵᠦ᠂ ᠲᠦᠷᠦᠭᠦᠸ᠋ ᠨᠢᠭᠡ ᠭᠠᠷᠠᠭᠤᠨᠬᠢᠠᠴᠠ ᠨᠢᠭᠡ ᠳᠠᠬᠢᠨ ᠨᠡᠮᠡᠭᠳᠡᠵᠡᠢ᠃ ᠬᠣᠶᠠᠷ᠎ᠲᠤ᠂ ᠬᠢᠵᠢᠭ᠎ᠤᠨ ᠪᠠᠢ᠌ᠳᠠᠯ᠎ᠤᠨ ᠬᠠᠮᠤᠷᠬᠤ ᠬᠡᠪᠴᠢᠶ᠎ᠡ᠎ᠨᠢ ᠥᠷᠭᠡᠨ᠂ ᠬᠠᠯᠳᠠᠪᠤᠷᠢᠯᠠᠬᠤ ᠬᠡᠯᠬᠢᠶ᠎ᠡ᠎ᠨᠢ ᠪᠤᠳᠤᠯᠢᠶᠠᠨᠲᠠᠢ ᠪᠣᠯᠵᠤ ᠪᠠᠢ᠌ᠨ᠎ᠠ᠃ ᠣᠯᠠᠩᠬᠢ ᠮᠤᠵᠢ ᠣᠷᠣᠨ᠎ᠳᠤ ᠬᠢᠵᠢᠭ᠎ᠤᠨ ᠪᠠᠢ᠌ᠳᠠᠯ ᠦᠷᠭᠦᠯᠵᠢᠯᠡᠨ ᠦᠷᠪᠢᠰᠴᠦ᠂ ᠣᠯᠠᠨ ᠮᠤᠵᠢ ᠣᠷᠣᠨ᠎ᠤ ᠬᠢᠵᠢᠭ᠎ᠤᠨ ᠪᠠᠢ᠌ᠳᠠᠯ᠎ᠤᠨ ᠬᠠᠯᠳᠠᠪᠤᠷᠢᠯᠠᠬᠤ ᠬᠡᠪᠴᠢᠶ᠎ᠡ ᠥᠷᠭᠡᠳᠴᠦ᠂ ᠬᠠᠯᠳᠠᠪᠤᠷᠢᠯᠠᠬᠤ ᠬᠡᠯᠬᠢᠶ᠎ᠡ᠎ᠨᠢ ᠣᠯᠠᠰᠢᠷᠠᠵᠤ᠂ ᠵᠠᠷᠢᠮ ᠮᠤᠵᠢ ᠣᠷᠣᠨ ᠭᠤᠷᠪᠠᠨ ᠵᠢᠯ᠎ᠤᠨ ᠲᠤᠷᠰᠢᠬᠢ ᠬᠠᠮᠤᠭ᠎ᠤᠨ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠢ᠌ᠳᠠᠯ᠎ᠳᠤ ᠲᠤᠯᠭ᠋ᠠᠷᠠᠵᠤ ᠪᠤᠢ᠃ ᠭᠤᠷᠪᠠ᠎ᠳᠤ᠂ ᠬᠥᠮᠥᠨ ᠠᠮᠠ ᠨᠢᠭᠲᠠᠷᠠᠭᠰᠠᠨ ᠬᠣᠲᠠ᠎ᠨᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠭᠣᠣᠯᠳᠠᠯᠭ᠎ᠠ᠎ᠲᠠᠢ ᠭᠠᠵᠠᠷ ᠣᠷᠣᠨ ᠪᠣᠯᠪᠠ᠃ ᠭᠤᠸᠠᠩᠵᠧᠦ᠂ ᠴᠦᠩᠴᠢᠩ ᠵᠶ᠋ᠠᠷ ᠠᠪᠴᠤ ᠬᠡᠯᠡᠪᠡᠯ᠂ ᠬᠥᠮᠥᠨ ᠠᠮᠠ ᠵᠢᠨ ᠬᠡᠪᠴᠢᠶ᠎ᠡ ᠶᠡᠬᠡ᠂ ᠬᠥᠮᠥᠨ ᠠᠮᠠ ᠵᠢᠨ ᠨᠡᠭᠦᠳᠡᠯ ᠴᠢᠨᠠᠷ ᠴᠢᠩᠭ᠎ᠠ᠂ ᠶᠡᠬᠡ ᠳᠡᠭᠡᠳᠦ ᠰᠤᠷᠭ᠋ᠠᠭᠤᠯᠢ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ ᠲᠥᠪᠯᠡᠷᠡᠵᠦ᠂ ᠬᠥᠮᠥᠰ᠎ᠤᠨ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠣᠯᠠᠨ᠎ᠠᠴᠠ ᠪᠣᠯᠵᠤ᠂ ᠬᠢᠵᠢᠭ᠎ᠤᠨ ᠲᠠᠷᠬᠠᠯᠲᠠ ᠵᠢᠨ ᠲᠦᠭᠰᠢᠭᠦᠷᠢ ᠪᠠ ᠰᠡᠷᠭᠡᠢ᠌ᠯᠡᠨ ᠡᠵᠡᠮᠳᠡᠬᠦ ᠬᠦᠴᠢᠷᠳᠡᠯ᠎ᠢ ᠬᠦᠨᠳᠦᠷᠡᠭᠦᠯᠦᠭᠰᠡᠨ ᠪᠠᠢ᠌ᠨ᠎ᠠ᠃
ᠣᠨᠴᠠᠭ᠋ᠠᠢ᠌ᠯᠠᠨ ᠣᠯᠠᠨ᠎ᠳᠤ ᠰᠠᠨᠠᠭᠤᠯᠬᠤ ᠴᠢᠬᠤᠯᠠᠲᠠᠢ ᠵᠦᠢ᠍ᠯ ᠭᠡᠪᠡᠯ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ᠠᠮᠢᠰᠬᠤᠯ᠎ᠤᠨ ᠰᠢᠰᠲ᠋ᠧᠮ᠎ᠤᠨ ᠡᠪᠡᠳᠴᠢᠨ ᠮᠥᠨ᠂ ᠰᠢᠨ᠎ᠡ ᠲᠢᠲᠢᠮᠯᠢᠭ ᠸᠢᠷᠦ᠋ᠰ᠎ᠨᠢ ᠭᠣᠣᠯᠳᠠᠭᠤ ᠠᠮᠢᠰᠬᠤᠯ᠎ᠤᠨ ᠵᠠᠮ᠎ᠤᠨ ᠰᠢᠯᠦᠰᠦ ᠪᠠ ᠨᠢᠭᠲᠠ ᠬᠦᠷᠦᠯᠴᠡᠬᠦ ᠵᠡᠷᠭᠡ ᠠᠷᠭ᠎ᠠ ᠵᠠᠮ ᠵᠶ᠋ᠠᠷ ᠲᠠᠷᠬᠠᠳᠠᠭ᠃ ᠡᠢ᠌ᠮᠦ᠎ᠠᠴᠠ ᠪᠢᠳᠡ ᠡᠳᠦᠷ ᠲᠤᠲᠤᠮ᠎ᠤᠨ ᠠᠮᠢᠳᠤᠷᠠᠯ ᠪᠠ ᠠᠵᠢᠯ᠎ᠤᠨ ᠳᠤᠮᠳᠠ᠎ᠪᠠᠨ ᠣᠯᠠᠨ ᠵᠶ᠋ᠠᠷ ᠵᠶ᠋ᠠᠨ ᠴᠥᠮ ᠬᠢᠵᠢᠭ᠎ᠢ ᠰᠡᠷᠭᠡᠢ᠌ᠯᠡᠬᠦ ᠦᠨᠳᠦᠰᠦᠨ ᠪᠠᠷᠢᠮᠵᠢᠶ᠎ᠠ ᠵᠢ ᠵᠢᠷᠤᠮᠯᠠᠵᠤ᠂ ᠭᠠᠷ ᠵᠶ᠋ᠠᠨ ᠰᠠᠢ᠌ᠲᠤᠷ ᠤᠬᠢᠶᠠᠬᠤ᠂ ᠠᠮᠠᠪᠴᠢ ᠵᠡᠭᠦᠬᠦ᠂ ᠨᠡᠢ᠌ᠭᠡᠮ᠎ᠤᠨ ᠬᠠᠷᠢᠯᠴᠠᠭ᠋ᠠᠨ᠎ᠤ ᠵᠠᠢ ᠵᠢ ᠪᠠᠲᠤᠯᠠᠬᠤ ᠪᠠ ᠠᠷᠢᠭᠤᠳᠬᠠᠨ ᠴᠡᠪᠡᠷᠯᠡᠵᠦ᠂ ᠥᠪᠡᠷ᠎ᠤᠨ ᠡᠷᠡᠭᠦᠯ ᠮᠡᠨᠳᠦ ᠵᠢᠨ ᠵᠶ᠋ᠡᠨ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠬᠡᠷᠡᠭᠲᠡᠢ᠃
ᠠᠪᠤᠷᠠᠨ ᠵᠠᠰᠠᠬᠤ ᠴᠢᠬᠤᠯᠠ ᠰᠠᠯᠠᠭ᠎ᠠ ᠲᠠᠰᠤᠭ᠎ᠢ 《ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ》 ᠪᠠᠢ᠌ᠬᠤ ᠵᠢ ᠪᠡᠶᠡᠯᠡᠭᠦᠯᠬᠦ ᠬᠡᠷᠡᠭᠲᠡᠢ
ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠪᠠᠷ ᠰᠢᠯᠲᠠᠭ ᠪᠣᠯᠭ᠋ᠠᠵᠤ ᠬᠢᠵᠢᠭ᠎ᠤᠨ ᠪᠠᠢ᠌ᠳᠠᠯ᠎ᠤᠨ ᠠᠶᠤᠯ ᠲᠦᠭᠰᠢᠭᠦᠷᠢ ᠡᠭᠦᠰᠦᠭᠰᠡᠨ ᠡᠮᠴᠢᠯᠡᠭᠡᠨ᠎ᠤ ᠪᠠᠢ᠌ᠭᠤᠯᠤᠮᠵᠢ ᠵᠢ ᠬᠠᠭ᠋ᠠᠵᠤ ᠪᠢᠲᠡᠭᠦᠮᠵᠢᠯᠡᠵᠦ ᠪᠣᠯᠬᠤ ᠦᠭᠡᠢ᠂ ᠢᠯᠠᠩᠭᠤᠶ᠎ᠠ ᠡᠮᠴᠢᠯᠡᠭᠡᠨ᠎ᠤ ᠪᠠᠢ᠌ᠭᠤᠯᠤᠮᠵᠢ ᠵᠢᠨ ᠲᠦᠷᠭᠡᠨ ᠡᠮᠨᠡᠬᠦ᠂ ᠨᠡᠪᠴᠢᠭᠦᠯᠦᠨ ᠢᠯᠭ᠋ᠠᠷᠠᠭᠤᠯᠬᠤ ᠲᠠᠰᠤᠭ᠂ ᠮᠡᠰᠡ ᠵᠠᠰᠠᠯ᠎ᠤᠨ ᠲᠠᠰᠤᠭ᠂ ᠬᠥᠩᠭᠡᠵᠢᠯᠲᠡ ᠵᠢᠨ ᠲᠠᠰᠤᠭ᠂ ᠬᠦᠨᠳᠦ ᠡᠪᠡᠳᠴᠢᠲᠡᠨ᠎ᠢ ᠬᠠᠷᠠᠭ᠋ᠠᠯᠵᠠᠨ ᠬᠠᠮᠠᠭ᠋ᠠᠯᠠᠬᠤ ᠲᠠᠰᠤᠭ ᠵᠡᠷᠭᠡ ᠴᠢᠬᠤᠯᠠ ᠪᠦᠬᠦᠢ ᠠᠪᠤᠷᠠᠨ ᠵᠠᠰᠠᠬᠤ ᠰᠠᠯᠠᠭ᠎ᠠ ᠲᠠᠰᠤᠭ᠎ᠢ 《ᠴᠢᠬᠤᠯᠠ ᠦᠭᠡᠢ ᠪᠣᠯ ᠪᠢᠲᠡᠭᠦᠮᠵᠢᠯᠡᠨ ᠡᠵᠡᠮᠳᠡᠬᠦ ᠦᠭᠡᠢ》 ᠪᠠᠢ᠌ᠬᠤ ᠵᠢ ᠪᠡᠶᠡᠯᠡᠭᠦᠯᠵᠦ᠂ ᠡᠪᠡᠳᠴᠢᠲᠡᠨ᠎ᠢ ᠠᠪᠤᠷᠠᠨ ᠵᠠᠰᠠᠬᠤ ᠵᠢ ᠪᠠᠲᠤᠯᠠᠬᠤ ᠬᠡᠷᠡᠭᠲᠡᠢ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ᠎ᠠᠴᠠ ᠪᠣᠯᠵᠤ ᠡᠮᠴᠢᠯᠡᠭᠡ ᠵᠢ ᠲᠦᠷ ᠵᠣᠭᠰᠤᠭ᠋ᠠᠬᠤ ᠴᠢᠬᠤᠯᠠᠲᠠᠢ ᠡᠮᠴᠢᠯᠡᠭᠡᠨ᠎ᠤ ᠪᠠᠢ᠌ᠭᠤᠯᠤᠮᠵᠢ ᠵᠢᠨ ᠵᠠᠷᠢᠮ ᠰᠠᠯᠠᠭ᠎ᠠ ᠲᠠᠰᠤᠭ᠎ᠢ ᠲᠤᠬᠠᠢ ᠵᠢᠨ ᠭᠠᠵᠠᠷ᠎ᠤᠨ ᠵᠠᠭᠤᠴᠢᠯᠠᠭᠤᠷ ᠵᠢᠴᠢ ᠡᠮᠨᠡᠯᠭᠡ ᠵᠢᠨ ᠬᠣᠷᠢᠶᠠᠨ᠎ᠤ ᠸᠢᠴᠠᠲ᠎ᠤᠨ ᠨᠡᠶ᠋ᠢᠲᠡ ᠵᠢᠨ ᠳ᠋ᠤᠭ᠋ᠠᠷ ᠵᠡᠷᠭᠡ ᠲᠠᠪᠴᠠᠩ ᠵᠶ᠋ᠠᠷ ᠳᠠᠮᠵᠢᠭᠤᠯᠤᠨ ᠨᠡᠢ᠌ᠭᠡᠮ᠎ᠳᠤ ᠨᠡᠢ᠌ᠲᠡᠯᠡᠵᠦ᠂ ᠡᠮᠴᠢᠯᠡᠭᠡ ᠵᠢ ᠵᠣᠭᠰᠣᠭ᠋ᠠᠭᠰᠠᠨ ᠬᠣᠯᠪᠣᠭᠳᠠᠯ ᠪᠦᠬᠦᠢ ᠮᠡᠳᠡᠭᠡ ᠵᠠᠩᠭᠢ ᠵᠢ ᠠᠷᠠᠳ ᠣᠯᠠᠨ᠎ᠳᠤ ᠮᠡᠳᠡᠭᠦᠯᠬᠦ ᠬᠡᠷᠡᠭᠲᠡᠢ᠃ ᠡᠭᠦᠨ᠎ᠳᠤ ᠴᠠᠭ ᠲᠤᠬᠠᠢᠳᠤᠨᠢ ᠪᠣᠳᠠᠲᠠᠢ᠎ᠪᠠᠷ ᠮᠡᠳᠡᠭᠦᠯᠦᠨ ᠣᠢ᠌ᠯᠠᠭ᠋ᠠᠭᠤᠯᠬᠤ ᠵᠢ ᠴᠢᠷᠮᠠᠢ᠌ᠨ ᠭᠦᠢ᠍ᠴᠡᠳᠬᠡᠬᠦ ᠬᠡᠷᠡᠭᠲᠡᠢ᠃ ᠦᠨᠡᠨ ᠬᠦ᠌ ᠲᠦᠭᠰᠢᠭᠦᠷᠢ᠎ᠲᠠᠢ ᠪᠠᠢ᠌ᠵᠤ ᠪᠢᠲᠡᠭᠦᠮᠵᠢᠯᠡᠨ ᠡᠵᠡᠮᠳᠡᠬᠦ ᠴᠢᠬᠤᠯᠠᠲᠠᠢ ᠡᠮᠴᠢᠯᠡᠭᠡᠨ᠎ᠤ ᠪᠠᠢ᠌ᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ᠎ᠲᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠴᠢᠩᠭ᠋ᠠᠷᠠᠭᠤᠯᠵᠤ᠂ ᠣᠷᠴᠢᠨ ᠲᠣᠭᠣᠷᠢᠨ᠎ᠢ ᠠᠷᠢᠭᠤᠳᠬᠠᠬᠤ᠂ ᠲᠦᠭᠰᠢᠭᠦᠷᠢ ᠵᠢ ᠵᠢᠭᠰᠠᠭ᠋ᠠᠨ ᠪᠠᠢ᠌ᠴᠠᠭ᠋ᠠᠬᠤ ᠵᠡᠷᠭᠡ ᠠᠵᠢᠯ᠎ᠢ ᠴᠠᠭ ᠲᠤᠬᠠᠢᠳᠤᠨᠢ ᠥᠷᠨᠢᠭᠦᠯᠵᠦ᠂ ᠬᠠᠯᠳᠠᠪᠤᠷᠢᠯᠠᠬᠤ ᠲᠦᠭᠰᠢᠭᠦᠷᠢ ᠵᠢ ᠬᠠᠮᠤᠭ᠎ᠤᠨ ᠲᠦᠷᠭᠡᠨ ᠵᠶ᠋ᠠᠷ ᠦᠭᠡᠢ᠌ᠰᠬᠡᠵᠦ᠂ ᠲᠦᠷᠭᠡᠨ ᠪᠢᠲᠡᠭᠦᠮᠵᠢᠯᠡᠵᠦ ᠲᠦᠷᠭᠡᠨ ᠲᠠᠢ᠌ᠯᠬᠤ ᠵᠢ ᠪᠡᠶᠡᠯᠡᠭᠦᠯᠵᠦ᠂ ᠪᠢᠲᠡᠭᠦᠮᠵᠢᠯᠡᠯ᠎ᠢ ᠲᠠᠢ᠌ᠯᠬᠤ ᠨᠥᠬᠥᠴᠡᠯ᠎ᠳᠤ ᠭᠦᠷᠦᠭᠰᠡᠨ᠎ᠤ ᠳᠠᠷᠠᠭ᠎ᠠ ᠲᠡᠷᠡ ᠳᠠᠷᠤᠢ᠎ᠳᠤ᠎ᠨᠢ ᠨᠡᠢ᠌ᠭᠡᠮ᠎ᠳᠤ ᠨᠡᠢ᠌ᠲᠡᠯᠡᠵᠦ᠂ ᠵᠣᠬᠢᠬᠤ ᠣᠨᠣᠰᠢᠯᠠᠨ ᠡᠮᠨᠡᠬᠦ ᠦᠢ᠍ᠯᠡᠴᠢᠯᠡᠭᠡ ᠵᠢ ᠰᠡᠷᠭᠦᠭᠡᠬᠦ ᠬᠡᠷᠡᠭᠲᠡᠢ᠃
ᠰᠢᠨ᠎ᠡ᠎ᠪᠠᠷ ᠨᠡᠮᠡᠭᠳᠡᠭᠰᠡᠨ ᠬᠠᠯᠳᠠᠪᠤᠷᠢᠯᠠᠭᠰᠠᠳ᠎ᠤᠨ ᠳᠣᠲᠣᠷ᠎ᠠ᠂ ᠶᠠᠭᠤᠨ᠎ᠤ ᠤᠴᠢᠷ᠎ᠠᠴᠠ ᠨᠡᠢ᠌ᠭᠡᠮ᠎ᠤᠨ ᠲᠠᠯ᠎ᠠ ᠵᠢᠨ᠎ᠬᠢᠨ᠎ᠤ ᠰᠢᠭᠰᠢᠨ ᠪᠠᠢ᠌ᠴᠠᠭ᠋ᠠᠯᠲᠠ ᠵᠢᠨ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠢ᠌ᠭ᠎ᠠ ᠪᠤᠶ?
ᠨᠡᠢ᠌ᠭᠡᠮ᠎ᠤᠨ ᠲᠠᠯ᠎ᠠ ᠵᠢᠨ ᠡᠪᠡᠳᠴᠢᠲᠡᠨ᠎ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠢ᠌ᠳᠠᠭ᠎ᠨᠢ ᠭᠣᠣᠯᠳᠠᠭᠤ ᠬᠣᠶᠠᠷ ᠲᠠᠯ᠎ᠠ ᠵᠢᠨ ᠰᠢᠯᠲᠠᠭ᠋ᠠᠨ᠎ᠲᠠᠢ ᠬᠣᠯᠪᠣᠭ᠎ᠠ᠎ᠲᠠᠢ᠄
ᠨᠢᠭᠡ᠎ᠳᠤ᠂ ᠸᠢᠷᠦ᠋ᠰ᠎ᠤᠨ ᠣᠨᠴᠠᠯᠢᠭ ᠰᠢᠨᠵᠢ᠎ᠲᠠᠢ ᠬᠣᠯᠪᠣᠭ᠎ᠠ᠎ᠲᠠᠢ᠃ ᠰᠢᠨ᠎ᠡ ᠲᠢᠲᠢᠮᠯᠢᠭ ᠸᠢᠷᠦ᠋ᠰ᠎ᠨᠢ ᠦᠷᠭᠦᠯᠵᠢᠯᠡᠨ ᠤᠯᠠᠷᠢᠨ ᠬᠤᠪᠢᠰᠴᠤ᠂ ᠣᠮᠢᠺᠷᠦᠨ ᠣᠨᠳᠣᠣᠰᠢᠭᠰᠠᠨ ᠸᠢᠷᠦ᠋ᠰ᠎ᠨᠢ ᠲᠠᠷᠬᠠᠭ᠋ᠠᠳ ᠨᠢᠭᠡᠨᠲᠡ ᠵᠢᠯ ᠭᠠᠷᠤᠢ ᠪᠣᠯᠤᠭᠰᠠᠨ ᠪᠥᠭᠡᠳ ᠪᠠᠰᠠ ᠮᠠᠰᠢ ᠦᠷᠭᠦᠯᠵᠢᠯᠡᠨ ᠰᠠᠯᠪᠤᠷᠢᠯᠠᠨ ᠬᠤᠪᠢᠰᠴᠤ᠂ ᠨᠢᠭᠤᠭᠳᠠᠮᠠᠯ ᠴᠢᠨᠠᠷ᠎ᠨᠢ ᠨᠡᠩ ᠴᠢᠩᠭ᠎ᠠ᠂ ᠲᠠᠷᠬᠠᠬᠤ ᠬᠤᠷᠳᠤᠴᠠ᠎ᠨᠢ ᠴᠦ᠍ ᠨᠡᠩ ᠲᠦᠷᠭᠡᠨ ᠪᠣᠯᠤᠭᠰᠠᠨ ᠪᠠᠢ᠌ᠨ᠎ᠠ᠃ ᠬᠡᠷᠪᠡ ᠪᠢᠳ᠋ᠨ ᠪᠠᠢ᠌ᠩᠭᠤ ᠵᠢᠨ ᠰᠢᠯᠭ᠋ᠠᠨ ᠪᠠᠢ᠌ᠴᠠᠭ᠋ᠠᠬᠤ ᠪᠠ ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ ᠪᠣᠯ ᠬᠢᠵᠢᠭ᠎ᠤᠨ ᠪᠠᠢ᠌ᠳᠠᠯ᠎ᠢ ᠡᠷᠲᠡ ᠢᠯᠡᠷᠡᠭᠦᠯᠵᠦ ᠳᠡᠶ᠋ᠢᠯᠬᠦ ᠦᠭᠡᠢ ᠪᠠᠢ᠌ᠵᠤ᠂ ᠰᠡᠷᠡᠵᠦ ᠮᠡᠳᠡᠬᠦ ᠦᠶ᠎ᠡ᠎ᠳᠤ ᠨᠢᠭᠡᠨᠲᠡ ᠨᠡᠢ᠌ᠭᠡᠮ ᠲᠣᠭᠣᠷᠢᠭ᠎ᠲᠤ ᠥᠷᠭᠡᠨ ᠵᠶ᠋ᠡᠷ ᠲᠠᠷᠬᠠᠵᠤ᠂ ᠨᠡᠢ᠌ᠭᠡᠮ᠎ᠤᠨ ᠲᠠᠯ᠎ᠠ ᠵᠢᠨ ᠬᠠᠯᠳᠠᠪᠤᠷᠢᠯᠠᠭᠰᠠᠳ ᠴᠤ᠌ ᠤᠯᠠᠨ ᠪᠣᠯᠳᠠᠭ᠃
ᠬᠣᠶᠠᠷ᠎ᠲᠤ᠂ ᠬᠢᠵᠢᠭ᠎ᠤᠨ ᠪᠠᠢ᠌ᠳᠠᠯ᠎ᠳᠤ ᠬᠠᠨᠳᠤᠬᠤ ᠬᠤᠷᠳᠤᠴᠠ᠎ᠲᠠᠢ ᠬᠣᠯᠪᠣᠭ᠎ᠠ᠎ᠲᠠᠢ᠃ ᠬᠢᠵᠢᠭ᠎ᠤᠨ ᠪᠠᠢ᠌ᠳᠠᠯ᠎ᠢ ᠢᠯᠡᠷᠡᠭᠦᠯᠦᠭᠰᠡᠨ ᠡᠬᠢᠨ᠎ᠤ ᠬᠤᠭᠤᠴᠠᠭ᠋ᠠᠨ᠎ᠳᠤ᠂ ᠨᠡᠢ᠌ᠭᠡᠮ᠎ᠤᠨ ᠬᠠᠯᠳᠠᠪᠤᠷᠢᠯᠠᠭᠳᠠᠭᠰᠠᠳᠢ ᠴᠠᠭ ᠲᠤᠬᠠᠢᠳᠤᠨᠢ ᠢᠯᠡᠷᠡᠭᠦᠯᠬᠦ ᠪᠠ ᠬᠠᠮᠢᠶᠠᠷᠤᠨ ᠡᠵᠡᠮᠳᠡᠵᠦ᠂ ᠨᠢᠭᠲᠠ ᠣᠢ᠌ᠷᠠᠲᠤᠭᠰᠠᠳᠢᠨᠢ ᠣᠨᠣᠪᠴᠢᠲᠠᠶ ᠮᠠᠭ᠋ᠠᠳᠯᠠᠨ ᠲᠣᠭᠲᠠᠭ᠋ᠠᠬᠤ ᠪᠠ ᠬᠠᠮᠢᠶᠠᠷᠤᠨ ᠡᠵᠡᠮᠳᠡᠵᠦ᠂ ᠲᠦᠭᠰᠢᠭᠦᠷᠢᠲᠦ ᠣᠷᠣᠨ᠎ᠢ ᠴᠠᠭ ᠲᠤᠬᠠᠢᠳᠤᠨᠢ ᠣᠨᠣᠪᠴᠢᠲᠠᠶ ᠵᠠᠭ᠋ᠠᠭᠯᠠᠨ ᠲᠣᠭᠲᠠᠭ᠋ᠠᠬᠤ ᠵᠢᠨ ᠬᠠᠮᠲᠤ ᠨᠡᠢ᠌ᠲᠡᠯᠡᠬᠦ ᠵᠡᠷᠭᠡ ᠪᠣᠯ ᠴᠥᠮ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠩᠬᠠᠨ᠎ᠤ ᠲᠣᠬᠢᠶᠠᠯ᠎ᠢ ᠡᠵᠡᠮᠳᠡᠬᠦ ᠵᠠᠩᠭᠢᠯᠠᠭ᠎ᠠ ᠮᠥᠨ᠃ ᠬᠡᠷᠪᠡ ᠡᠷᠡᠭᠡᠯᠵᠡᠨ ᠲᠠᠲᠠᠭ᠋ᠠᠯᠵᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠠᠩᠭᠢᠯᠠᠭ᠎ᠠ ᠵᠢᠨ ᠬᠤᠭᠤᠴᠠᠭ᠎ᠠ ᠵᠢ ᠠᠯᠳᠠᠬᠤ᠎ᠳᠤ ᠬᠦᠷᠪᠡᠯ᠂ ᠰᠡᠭᠦᠯᠴᠢ ᠵᠢᠨ ᠬᠤᠭᠤᠴᠠᠭ᠋ᠠᠨ᠎ᠳᠤ ᠨᠡᠢ᠌ᠭᠡᠮ᠎ᠤᠨ ᠲᠠᠯ᠎ᠠ ᠵᠢᠨ ᠬᠠᠯᠳᠠᠪᠤᠷᠢᠯᠠᠭᠰᠠᠳ ᠣᠬᠣᠷᠬᠠᠨ ᠬᠤᠭᠤᠴᠠᠭ᠋ᠠᠨ᠎ᠳᠤ ᠲᠦᠷᠭᠡᠨ ᠵᠶ᠋ᠡᠷ ᠨᠡᠮᠡᠭᠳᠡᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠦᠴᠢᠷᠳᠡᠯ᠎ᠤᠨ ᠬᠡᠮᠵᠢᠶ᠎ᠡ ᠴᠦ᠍ ᠶᠡᠬᠡ᠎ᠪᠠᠷ ᠨᠡᠮᠡᠭᠳᠡᠬᠦ ᠪᠣᠯᠣᠨ᠎ᠠ᠃
ᠥᠨᠳᠥᠷ ᠳᠡᠰ᠎ᠤᠨ ᠲᠦᠭᠰᠢᠭᠦᠷᠢᠲᠦ ᠣᠷᠣᠨ᠎ᠢ ᠬᠦᠴᠦᠨ ᠦᠭᠡᠢ ᠪᠣᠯᠭ᠋ᠠᠬᠤ ᠦᠨᠳᠦᠰᠦᠯᠡᠯ᠎ᠨᠢ ᠶᠠᠭᠤ ᠪᠣᠶ?
ᠥᠨᠳᠥᠷ ᠳᠡᠰ᠎ᠤᠨ ᠲᠦᠭᠰᠢᠭᠦᠷᠢᠲᠦ ᠣᠷᠣᠨ᠎ᠳᠤ ᠵᠠᠯᠭ᠋ᠠᠭ᠎ᠠ᠎ᠪᠠᠷ 5 ᠡᠳᠦᠷ ᠰᠢᠨ᠎ᠡ᠎ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠳᠣᠣᠷ᠎ᠠ ᠳᠡᠰ᠎ᠤᠨ ᠲᠦᠭᠰᠢᠭᠦᠷᠢᠲᠦ ᠣᠷᠣᠨ ᠪᠣᠯᠭ᠋ᠠᠨ ᠪᠠᠭᠤᠷᠠᠭᠤᠯᠵᠤ ᠪᠣᠯᠣᠨ᠎ᠠ᠂ ᠡᠢ᠌ᠮᠦᠷᠬᠦᠦ ᠲᠣᠬᠢᠷᠠᠭᠤᠯᠤᠯᠲᠠ᠎ᠨᠢ ᠭᠣᠣᠯᠳᠠᠭᠤ ᠶᠢᠰᠦᠳᠦᠭᠡᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ᠎ᠤᠨ ᠦᠢ᠍ᠯᠡᠳᠦᠯᠭᠡ ᠵᠢᠨ ᠦᠨᠡᠯᠡᠨ ᠵᠢᠱ᠌ᠢᠯᠲᠡ ᠵᠢᠨ ᠲᠣᠭ᠎ᠠ ᠪᠠᠷᠢᠮᠲᠠ ᠵᠢᠴᠢ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠭᠡᠷᠡᠴᠢ ᠪᠠᠷᠢᠮᠲᠠ᠎ᠳᠤ ᠰᠠᠭᠤᠷᠢᠯᠠᠭᠰᠠᠨ ᠶᠤᠮ᠃ ᠥᠭᠡᠷ᠎ᠡ᠎ᠪᠠᠷ ᠬᠡᠯᠡᠪᠡᠯ᠂ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠠᠷᠭ᠎ᠠ ᠴᠢᠨᠠᠷᠲᠠᠢ ᠬᠥᠮᠥᠰ ᠵᠢᠴᠢ ᠲᠡᠭᠦᠨ᠎ᠲᠠᠢ ᠨᠢᠭᠲᠠ ᠣᠢ᠌ᠷᠠᠲᠤᠭᠰᠠᠳᠢ ᠴᠥᠮ ᠪᠤᠰᠢᠭᠤ ᠲᠦᠷᠭᠡᠨ ᠵᠶ᠋ᠡᠷ ᠲᠤᠰᠠᠭ᠋ᠠᠷᠯᠠᠨ ᠬᠠᠮᠢᠶᠠᠷᠬᠤ ᠪᠠ ᠡᠵᠡᠮᠳᠡᠬᠦ ᠵᠢᠨ ᠬᠠᠮᠲᠤ ᠴᠠᠭ ᠲᠤᠬᠠᠢᠳᠤᠨᠢ ᠰᠢᠯᠵᠢᠭᠦᠯᠦᠨ ᠵᠥᠭᠡᠭᠡᠪᠦᠷᠢᠯᠡᠵᠦ ᠴᠢᠳᠠᠭᠰᠠᠨ ᠪᠠᠢ᠌ᠳᠠᠯ ᠳᠣᠣᠷ᠎ᠠ᠂ ᠥᠨᠳᠥᠷ ᠳᠡᠰ᠎ᠤᠨ ᠲᠦᠭᠰᠢᠭᠦᠷᠢᠲᠦ ᠣᠷᠣᠨ᠎ᠤ ᠬᠠᠮᠢᠶᠠᠷᠤᠨ ᠡᠵᠡᠮᠳᠡᠬᠦ ᠬᠥᠮᠥᠰ᠎ᠤᠨ ᠳᠣᠲᠣᠷ᠎ᠠ 5 ᠡᠳᠦᠷ ᠳᠠᠷᠠᠭ᠋ᠠᠯᠠᠨ ᠰᠢᠨ᠎ᠡ᠎ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠢᠯᠡᠷᠡᠬᠦ ᠦᠭᠡᠢ ᠪᠣᠯ ᠥᠨᠳᠥᠷ ᠳᠡᠰ᠎ᠤᠨ ᠲᠦᠭᠰᠢᠭᠦᠷᠢᠲᠦ ᠣᠷᠣᠨ᠎ᠤ ᠨᠡᠢ᠌ᠭᠡᠮ ᠲᠣᠭᠣᠷᠢᠭ᠎ᠲᠠᠬᠢ ᠲᠠᠷᠬᠠᠭ᠋ᠠᠯᠲᠠ ᠦᠨᠳᠦᠰᠦᠨ᠎ᠳᠤ᠎ᠪᠠᠨ ᠲᠠᠰᠤᠯᠤᠭᠳᠠᠭᠰᠠᠨᠢ ᠬᠠᠷᠠᠭᠤᠯᠵᠤ ᠪᠠᠢ᠌ᠨ᠎ᠠ᠃ ᠣᠷᠣᠨ ᠬᠡᠪᠴᠢᠶᠡᠨ᠎ᠤ ᠬᠥᠮᠥᠰ᠎ᠤᠨ ᠴᠢᠬᠤᠯᠠ ᠪᠤᠰᠤ ᠬᠠᠮᠢᠶᠠᠷᠤᠯᠲᠠ ᠡᠵᠡᠮᠳᠡᠯ᠎ᠢ ᠠᠯᠢ ᠴᠢᠳᠠᠬᠤ᠎ᠪᠠᠷ ᠪᠠᠭ᠋ᠠᠰᠬᠠᠬᠤ ᠵᠢᠨ ᠲᠥᠯᠥᠭᠡ᠂ ᠬᠣᠷᠢᠨ ᠵᠦᠢ᠍ᠯ᠎ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠳᠤ ᠤᠤᠯ᠎ᠤᠨ 7 ᠡᠳᠦᠷ ᠲᠤᠰᠠᠭ᠋ᠠᠷᠯᠠᠬᠤ᠎ᠠᠴᠠ 5 ᠡᠳᠦᠷ ᠲᠤᠰᠠᠭ᠋ᠠᠷᠯᠠᠬᠤ ᠪᠣᠯᠭ᠋ᠠᠨ ᠲᠣᠬᠢᠷᠠᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠠᠩ ᠰᠠᠢ᠌ᠲᠤᠷ ᠨᠢᠭᠡᠳᠦᠯᠲᠡᠢ ᠲᠥᠯᠥᠪᠯᠡᠬᠦ᠎ᠳᠤ ᠠᠰᠢᠭᠲᠠᠢ ᠪᠣᠯᠭ᠋ᠠᠪᠠ᠃
ᠳᠣᠣᠷ᠎ᠠ ᠳᠡᠰ᠎ᠤᠨ ᠲᠦᠭᠰᠢᠭᠦᠷᠢᠲᠦ ᠣᠷᠣᠨ ᠭᠡᠳᠡᠭ᠎ᠨᠢ ᠶᠠᠮᠠᠷ ᠤᠬᠠᠭᠳᠠᠬᠤᠨ ᠪᠣᠶ?
ᠳᠣᠣᠷ᠎ᠠ ᠳᠡᠰ᠎ᠤᠨ ᠲᠦᠭᠰᠢᠭᠦᠷᠢᠲᠦ ᠣᠷᠣᠨ᠎ᠤ ᠤᠬᠠᠭᠳᠠᠬᠤᠨ᠎ᠨᠢ ᠳᠠᠷᠤᠢ ᠥᠨᠳᠥᠷ ᠳᠡᠰ᠎ᠤᠨ ᠲᠦᠭᠰᠢᠭᠦᠷᠢᠲᠦ ᠣᠷᠣᠨ᠎ᠤ ᠪᠠᠢ᠌ᠭ᠎ᠠ ᠰᠢᠶᠠᠨ (ᠬᠣᠲᠠ᠂ ᠲᠣᠭᠣᠷᠢᠭ᠂ ᠬᠣᠰᠢᠭᠤ)᠎ᠤ ᠳᠣᠲᠣᠷᠠᠬᠢ ᠥᠨᠳᠥᠷ ᠳᠡᠰ᠎ᠤᠨ ᠲᠦᠭᠰᠢᠭᠦᠷᠢᠲᠦ ᠣᠷᠣᠨ᠎ᠠᠴᠠ ᠪᠤᠰᠤᠳ ᠭᠠᠵᠠᠷ ᠣᠷᠣᠨ᠎ᠢ ᠳᠣᠣᠷ᠎ᠠ ᠳᠡᠰ᠎ᠤᠨ ᠲᠦᠭᠰᠢᠭᠦᠷᠢᠲᠦ ᠣᠷᠣᠨ ᠪᠣᠯᠭ᠋ᠠᠨ ᠵᠠᠭ᠋ᠠᠭᠯᠠᠨ ᠲᠣᠭᠲᠠᠭ᠋ᠠᠭᠰᠠᠨ᠎ᠢ ᠵᠢᠭ᠋ᠠᠵᠤ ᠪᠤᠢ᠃ ᠳᠣᠣᠷ᠎ᠠ ᠳᠡᠰ᠎ᠤᠨ ᠲᠦᠭᠰᠢᠭᠦᠷᠢᠲᠦ ᠣᠷᠣᠨ᠎ᠳᠤ ᠪᠢᠳᠡ 《ᠬᠤᠪᠢ ᠬᠥᠮᠥᠨ ᠰᠡᠷᠭᠡᠢ᠌ᠯᠡᠨ ᠬᠠᠮᠠᠭ᠋ᠠᠯᠠᠬᠤ᠂ ᠴᠤᠭᠯᠠᠷᠠᠬᠤ᠎ᠠᠴᠠ ᠵᠠᠢ᠌ᠯᠠᠰᠬᠢᠬᠦ》 ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃ ᠳᠣᠣᠷ᠎ᠠ ᠳᠡᠰ᠎ᠤᠨ ᠲᠦᠭᠰᠢᠭᠦᠷᠢᠲᠦ ᠣᠷᠣᠨ᠎ᠤ ᠤᠯᠠᠨ ᠲᠦᠮᠡᠨ ᠭᠠᠳᠠᠭᠰᠢ ᠭᠠᠷᠬᠤ᠎ᠪᠠᠨ ᠴᠥᠭᠡᠳᠬᠡᠵᠦ᠂ ᠪᠥᠭᠡᠮᠨᠡᠷᠡᠨ ᠴᠤᠭᠯᠠᠷᠠᠬᠤ ᠦᠭᠡᠢ ᠪᠠᠢ᠌ᠵᠤ᠂ ᠭᠠᠳᠠᠭᠰᠢ ᠭᠠᠷᠬᠤ᠎ᠳᠤ᠎ᠪᠠᠨ ᠰᠠᠢ᠌ᠲᠤᠷ ᠰᠡᠷᠭᠡᠢ᠌ᠯᠡᠨ ᠬᠠᠮᠠᠭ᠋ᠠᠯᠠᠬᠤ ᠬᠡᠷᠡᠭᠲᠡᠢ; ᠣᠷᠣᠨ ᠬᠡᠪᠴᠢᠶᠡᠨ᠎ᠤ ᠳᠣᠲᠣᠷᠠᠬᠢ ᠲᠦᠭᠰᠢᠭᠦᠷᠢᠲᠦ ᠬᠥᠮᠥᠰ᠎ᠢ ᠵᠢᠭᠰᠠᠭ᠋ᠠᠨ ᠪᠠᠢ᠌ᠴᠠᠭ᠋ᠠᠬᠤ᠂ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠬᠦ ᠵᠡᠷᠭᠡ ᠬᠢᠵᠢᠭ᠎ᠢ ᠰᠡᠷᠭᠡᠢ᠌ᠯᠡᠬᠦ ᠠᠵᠢᠯ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠬᠤ ᠬᠡᠷᠡᠭᠲᠡᠢ; ᠬᠠᠯᠠᠭᠤᠷᠠᠬᠤ᠂ ᠬᠠᠭᠤᠷᠠᠢ᠎ᠪᠠᠷ ᠬᠠᠨᠢᠶᠠᠬᠤ᠂ ᠲᠠᠮᠢᠷᠳᠠᠬᠤ᠂ ᠬᠣᠭᠣᠯᠠᠢ ᠡᠪᠡᠳᠬᠦ᠂ ᠠᠮᠲᠠᠯᠠᠬᠤ ᠰᠡᠷᠡᠯ ᠪᠠ ᠦᠨᠦᠷᠯᠡᠬᠦ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠣᠭᠣᠵᠢᠬᠤ᠂ ᠨᠡᠢ᠌ᠯᠡᠮᠡᠯ ᠪᠦᠷᠬᠦᠪᠴᠢ ᠵᠢᠨ ᠦᠷᠪᠢᠰᠦᠯ᠂ ᠪᠤᠯᠴᠢᠩ ᠡᠪᠡᠳᠬᠦ᠂ ᠰᠠᠭᠤᠯᠭ᠋ᠠᠬᠤ ᠵᠡᠷᠭᠡ ᠪᠠᠢ᠌ᠳᠠᠯ ᠢᠯᠡᠷᠡᠪᠡᠯ᠂ ᠳᠠᠷᠤᠢ ᠤᠯᠠᠨ ᠲᠦᠮᠡᠨ᠎ᠤ ᠦᠷᠭᠦᠯᠵᠢ ᠬᠡᠯᠡᠯᠴᠡᠳᠡᠭ 《ᠠᠷᠪᠠᠨ ᠶᠡᠬᠡ ᠡᠪᠡᠳᠴᠢᠨ᠎ᠤ ᠢᠯᠡᠷᠡᠯ》 ᠭᠠᠷᠤᠭᠰᠠᠨ᠎ᠤ ᠳᠠᠷᠠᠭ᠎ᠠ᠂ ᠴᠠᠭ ᠲᠤᠬᠠᠢᠳᠤᠨᠢ ᠰᠠᠨᠠᠭ᠋ᠠᠴᠢᠯᠠᠭ᠎ᠠ᠎ᠠᠴᠠ᠎ᠪᠠᠨ ᠡᠮᠴᠢᠯᠡᠭᠡᠨ᠎ᠤ ᠪᠠᠢ᠌ᠭᠤᠯᠤᠮᠵᠢ᠎ᠳᠤ ᠬᠦᠷᠴᠦ ᠡᠮᠨᠡᠭᠦᠯᠦᠨ᠂ ᠸᠢᠷᠦ᠋ᠰ᠎ᠤᠨ ᠬᠠᠯᠳᠠᠪᠤᠷᠢᠯᠠᠯ᠎ᠢ ᠴᠠᠭ ᠲᠤᠬᠠᠢᠳᠤᠨᠢ ᠪᠠᠢ᠌ᠴᠠᠭ᠋ᠠᠬᠤ ᠬᠡᠷᠡᠭᠲᠡᠢ᠃ ᠡᠭᠦᠨ᠎ᠤ ᠵᠡᠷᠭᠡ᠎ᠳᠤ᠂ ᠳᠣᠣᠷ᠎ᠠ ᠳᠡᠰ᠎ᠤᠨ ᠲᠦᠭᠰᠢᠭᠦᠷᠢᠲᠦ ᠣᠷᠣᠨ᠎ᠤ ᠣᠯᠠᠨ ᠲᠦᠮᠡᠨ᠎ᠢ ᠡᠷᠬᠡᠪᠰᠢ ᠲᠣᠰ ᠣᠷᠣᠨ ᠪᠦᠰᠡ᠎ᠠᠴᠠ᠎ᠪᠠᠨ ᠰᠠᠯᠬᠤ ᠦᠭᠡᠢ ᠪᠠᠢ᠌ᠬᠤ ᠵᠢ ᠰᠠᠨᠠᠭ᠋ᠠᠴᠢᠯᠠᠨ᠎ᠠ᠂ ᠬᠡᠷᠪᠡ ᠦᠨᠡᠨ ᠬᠦ᠌ ᠪᠠᠢ᠌ᠭ᠎ᠠ ᠬᠣᠲᠠ᠎ᠠᠴᠠ᠎ᠪᠠᠨ ᠰᠠᠯᠬᠤ ᠴᠢᠬᠤᠯᠠᠲᠠᠢ ᠪᠣᠯ ᠡᠷᠬᠡᠪᠰᠢ 48 ᠴᠠᠭ᠎ᠤᠨ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠪᠠᠢ᠌ᠬᠤ ᠬᠡᠷᠡᠭᠲᠡᠢ᠃
ᠭᠡᠷ᠎ᠲᠤ᠎ᠪᠠᠨ ᠲᠤᠰᠠᠭ᠋ᠠᠷᠯᠠᠬᠤ ᠪᠠ ᠭᠡᠷ᠎ᠲᠤ᠎ᠪᠠᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠬᠢᠬᠦ᠎ᠨᠢ ᠶᠠᠮᠠᠷ ᠢᠯᠭ᠋ᠠᠭ᠎ᠠ᠎ᠲᠠᠢ ᠪᠣᠶ?
ᠭᠡᠷ᠎ᠲᠤ᠎ᠪᠠᠨ ᠲᠤᠰᠠᠭ᠋ᠠᠷᠯᠠᠬᠤ ᠪᠠ ᠭᠡᠷ᠎ᠲᠤ᠎ᠪᠠᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠬᠢᠬᠦ ᠬᠥᠮᠥᠰ᠎ᠲᠤ ᠶᠠᠮᠠᠷ ᠭᠣᠣᠯ ᠢᠯᠭ᠋ᠠᠭ᠎ᠠ᠎ᠲᠠᠢ ᠪᠣᠶ? ᠡᠨᠡ ᠬᠣᠶᠠᠷ ᠲᠥᠷᠥᠯ᠎ᠤᠨ ᠬᠥᠮᠥᠰ᠎ᠤᠨ ᠬᠠᠯᠳᠠᠪᠤᠷᠢᠯᠠᠬᠤ ᠲᠦᠭᠰᠢᠭᠦᠷᠢ ᠵᠢᠨ ᠶᠡᠬᠡ ᠪᠠᠭ᠎ᠠ᠎ᠨᠢ ᠠᠳᠠᠯᠢ ᠦᠭᠡᠢ ᠪᠠᠢ᠌ᠳᠠᠭ᠂ ᠡᠢ᠌ᠮᠦ᠎ᠠᠴᠠ ᠪᠦᠬᠦᠢ᠌ᠯᠡ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢᠨ ᠲᠠᠯ᠎ᠠ᠎ᠪᠠᠷ ᠴᠤ᠌ ᠠᠳᠠᠯᠢ ᠦᠭᠡᠢ ᠪᠠᠢ᠌ᠳᠠᠭ᠃
ᠡᠩ ᠲᠡᠷᠢᠭᠦᠨ᠎ᠳᠤ ᠭᠡᠷ᠎ᠲᠤ᠎ᠪᠠᠨ ᠲᠤᠰᠠᠭ᠋ᠠᠷᠯᠠᠬᠤ ᠬᠥᠮᠥᠰ᠎ᠨᠢ ᠲᠤᠰᠠᠭ᠋ᠠᠷᠯᠠᠵᠤ ᠪᠠᠢ᠌ᠭ᠎ᠠ ᠬᠤᠭᠤᠴᠠᠭ᠋ᠠᠨ᠎ᠳᠤ ᠲᠡᠳᠡᠨᠦᠰ᠎ᠲᠤ ᠺᠣᠳ᠋ ᠣᠯᠭᠣᠵᠤ᠂ ᠲᠣᠰ ᠬᠥᠮᠥᠨ ᠪᠠ ᠬᠠᠮᠲᠤ ᠰᠠᠭᠤᠵᠤ ᠪᠠᠢ᠌ᠭ᠎ᠠ ᠬᠥᠮᠥᠰ᠎ᠤᠨ ᠭᠠᠳᠠᠭᠰᠢ ᠭᠠᠷᠬᠤ ᠵᠢ ᠴᠢᠩᠭ᠎ᠠ ᠬᠢᠵᠠᠭ᠋ᠠᠷᠯᠠᠵᠤ᠂ ᠠᠯᠢᠪᠠ ᠡᠷᠭᠢᠨ ᠦᠵᠡᠬᠦ ᠦᠢ᠍ᠯᠡ ᠠᠵᠢᠯᠯᠠᠭ᠎ᠠ ᠵᠢ ᠵᠥᠪᠰᠢᠶᠡᠷᠡᠬᠦ ᠦᠭᠡᠢ ᠪᠠᠢ᠌ᠵᠤ᠂ ᠡᠨᠡ ᠬᠤᠭᠤᠴᠠᠭ᠋ᠠᠨ᠎ᠳᠤ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠬᠦ᠎ᠳᠤ ᠨᠡᠢ᠌ᠭᠡᠮ ᠲᠣᠭᠣᠷᠢᠭ᠎ᠤᠨ ᠵᠣᠬᠢᠶᠠᠨ ᠪᠠᠢ᠌ᠭᠤᠯᠵᠤ ᠥᠯᠢᠭᠡᠷ ᠠᠪᠬᠤ ᠬᠥᠮᠥᠰ ᠭᠡᠷ᠎ᠲᠤ᠎ᠨᠢ ᠬᠦᠷᠴᠦ ᠥᠯᠢᠭᠡᠷ ᠠᠪᠤᠨ᠎ᠠ᠃ ᠬᠡᠯᠡᠯᠭᠡᠨ ᠦᠭᠡᠢ᠂ ᠲᠤᠰᠠᠭ᠋ᠠᠷᠯᠠᠬᠤ ᠬᠤᠭᠤᠴᠠᠭ᠋ᠠᠨ᠎ᠳᠤ ᠡᠪᠡᠳᠴᠢᠨ ᠦᠵᠡᠭᠦᠯᠬᠦ ᠵᠡᠷᠭᠡ ᠰᠢᠯᠲᠠᠭ᠋ᠠᠨ᠎ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠦᠶ᠎ᠡ᠎ᠳᠤ᠂ ᠨᠡᠢ᠌ᠭᠡᠮ ᠲᠣᠭᠣᠷᠢᠭ᠎ᠠᠴᠠ ᠲᠤᠰᠬᠠᠢ ᠬᠥᠮᠥᠨ ᠪᠠ ᠲᠤᠰᠬᠠᠢ ᠲᠡᠷᠭᠡ ᠲᠣᠬᠢᠷᠠᠭᠤᠯᠵᠤ᠂ ᠪᠥᠬᠥ ᠶᠠᠪᠤᠴᠠ᠎ᠳᠤ ᠬᠤᠪᠢ ᠬᠥᠮᠥᠨ᠎ᠤ ᠬᠠᠮᠠᠭ᠋ᠠᠯᠠᠯᠲᠠ ᠵᠢ ᠰᠠᠢ᠌ᠲᠤᠷ ᠬᠢᠵᠦ᠂ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃
ᠭᠡᠷ᠎ᠲᠤ᠎ᠪᠠᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠬᠢᠬᠦ ᠬᠥᠮᠥᠰ᠎ᠨᠢ ᠬᠠᠮᠢᠶᠠᠷᠤᠯᠲᠠ ᠵᠢᠨ ᠬᠤᠭᠤᠴᠠᠭ᠋ᠠᠨ᠎ᠳᠤ ᠴᠢᠳᠠᠬᠤ ᠵᠢᠨ ᠳᠣᠲᠣᠷ᠎ᠠ ᠭᠠᠳᠠᠭᠰᠢ ᠭᠠᠷᠬᠤ ᠦᠭᠡᠢ ᠪᠠᠢ᠌ᠬᠤ ᠬᠡᠷᠡᠭᠲᠡᠢ᠃ ᠬᠡᠷᠪᠡ ᠦᠨᠡᠨ ᠬᠦ᠌ ᠡᠪᠡᠳᠴᠢᠨ ᠦᠵᠡᠭᠦᠯᠬᠦ ᠬᠡᠷᠡᠭᠴᠡᠭᠡ᠎ᠠᠴᠠ ᠪᠣᠯᠵᠤ ᠭᠠᠳᠠᠭᠰᠢ ᠭᠠᠷᠬᠤ ᠴᠢᠬᠤᠯᠠᠲᠠᠢ ᠪᠣᠯ᠂ ᠡᠨᠡ ᠦᠶ᠎ᠡ᠎ᠳᠤ ᠬᠤᠪᠢ ᠬᠥᠮᠥᠨ᠎ᠤ ᠬᠠᠮᠠᠭ᠋ᠠᠯᠠᠯᠲᠠ᠎ᠪᠠᠨ ᠰᠠᠢ᠌ᠲᠤᠷ ᠬᠢᠵᠦ᠂ ᠱᠠᠭ᠋ᠠᠷᠳᠠᠯᠭ᠎ᠠ ᠶᠣᠰᠣᠭ᠋ᠠᠷ N95/KN95 ᠮᠥᠬᠥᠯᠢᠭᠲᠦ ᠪᠣᠳᠠᠰ᠎ᠤᠨ ᠬᠠᠮᠠᠭ᠋ᠠᠯᠠᠯᠲᠠ ᠵᠢᠨ ᠠᠮᠠᠪᠴᠢ ᠵᠡᠭᠦᠵᠦ᠂ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ᠎ᠠᠴᠠ ᠵᠠᠢ᠌ᠯᠠᠰᠬᠢᠬᠦ ᠵᠢᠨ ᠬᠠᠮᠲᠤ ᠬᠥᠮᠥᠨ ᠣᠯᠠᠨ ᠴᠤᠭᠯᠠᠷᠠᠬᠤ ᠨᠡᠶ᠋ᠢᠲᠡ ᠵᠢᠨ ᠲᠠᠯᠠᠪᠤᠷ᠎ᠲᠤ ᠣᠴᠢᠵᠤ ᠪᠣᠯᠬᠤ ᠦᠭᠡᠢ᠃ ᠭᠡᠪᠡᠴᠦ ᠨᠢᠭᠡᠨ ᠮᠠᠰᠢ ᠣᠨᠳᠣᠣ ᠲᠠᠯ᠎ᠠ ᠭᠡᠪᠡᠯ ᠳᠠᠷᠤᠢ ᠲᠡᠳᠡᠨ᠎ᠤ ᠬᠠᠮᠲᠤ ᠰᠠᠭᠤᠵᠤ ᠪᠠᠢ᠌ᠭ᠎ᠠ ᠬᠥᠮᠥᠰ᠎ᠤᠨ ᠠᠵᠢᠯᠯᠠᠭ᠎ᠠ ᠵᠢ ᠬᠢᠵᠠᠭ᠋ᠠᠷᠯᠠᠬᠤ ᠦᠭᠡᠢ ᠪᠠᠢ᠌ᠬᠤ ᠶᠠᠪᠤᠳᠠᠯ ᠪᠣᠯᠣᠨ᠎ᠠ᠃
10 ᠲᠦᠮᠡᠨ ᠬᠥᠮᠥᠨ ᠪᠦᠷᠢ᠎ᠳᠤ ᠨᠣᠭᠳᠠᠬᠤ ᠬᠦᠨᠳᠦ ᠡᠪᠡᠳᠴᠢᠲᠡᠨ᠎ᠤ ᠡᠮᠴᠢᠯᠡᠭᠡᠨ᠎ᠤ ᠣᠷᠣ 4 ᠬᠦᠷᠬᠦ ᠦᠭᠡᠢ ᠪᠠᠢ᠌ᠵᠤ᠂ ᠬᠦᠨᠳᠦ ᠡᠪᠡᠳᠴᠢᠲᠡᠨ᠎ᠢ ᠡᠮᠨᠡᠨ ᠵᠠᠰᠠᠬᠤ ᠬᠦᠴᠦᠨ᠎ᠤ ᠨᠥᠭᠡᠴᠡᠯᠡᠯᠲᠡ ᠵᠢ ᠴᠢᠩᠭ᠋ᠠᠳᠬᠠᠬᠤ᠎ᠨᠢ ᠲᠤᠢ᠌ᠯ᠎ᠤᠨ ᠴᠢᠬᠤᠯᠠ ᠪᠠᠢ᠌ᠳᠠᠭ
ᠮᠠᠨ᠎ᠤ ᠤᠯᠤᠰ᠎ᠤᠨ ᠡᠮᠴᠢᠯᠡᠭᠡᠨ᠎ᠤ ᠡᠬᠢ ᠪᠠᠶᠠᠯᠢᠭ᠎ᠤᠨ ᠬᠥᠭᠵᠢᠯᠲᠡ ᠲᠡᠩᠴᠡᠭᠦᠷᠢ ᠦᠭᠡᠢ ᠪᠥᠭᠡᠳ ᠭᠦᠢ᠍ᠴᠡᠳ ᠦᠭᠡᠢ ᠪᠠᠢ᠌ᠵᠤ᠂ ᠢᠯᠠᠩᠭᠤᠶ᠎ᠠ ᠭᠠᠵᠠᠷ ᠣᠷᠣᠨ᠎ᠤ ᠬᠣᠭᠣᠷᠣᠨᠳᠣᠬᠢ᠂ ᠬᠤᠲᠠ ᠬᠥᠳᠡᠭᠡ ᠵᠢᠨ ᠬᠣᠭᠣᠷᠣᠨᠳᠣᠬᠢ ᠵᠥᠷᠢᠶ᠎ᠡ ᠨᠡᠯᠢᠶᠡᠳ ᠶᠡᠬᠡ ᠪᠠᠢ᠌ᠳᠠᠭ; ᠮᠠᠨ᠎ᠤ ᠡᠮᠴᠢᠯᠡᠭᠡᠨ᠎ᠤ ᠡᠬᠢ ᠪᠠᠶᠠᠯᠢᠭ ᠶᠡᠷᠦᠩᠬᠡᠢ᠎ᠳᠤ᠎ᠪᠠᠨ ᠬᠠᠷᠢᠴᠠᠩᠭᠤᠢ ᠳᠤᠲᠠᠮᠠᠭ ᠪᠠᠢ᠌ᠵᠤ᠂ ᠮᠢᠩᠭ᠋ᠠᠨ ᠬᠥᠮᠥᠨ ᠪᠦᠷᠢ᠎ᠳᠤ ᠨᠣᠭᠳᠠᠬᠤ ᠡᠮᠴᠢᠯᠡᠭᠡᠨ᠎ᠤ ᠣᠷᠣ ᠣᠲᠣ 6.7 ᠪᠠᠢ᠌ᠵᠤ᠂ 10 ᠲᠦᠮᠡᠨ ᠬᠥᠮᠥᠨ ᠪᠦᠷᠢ᠎ᠳᠤ ᠨᠣᠭᠳᠠᠬᠤ ᠬᠦᠨᠳᠦ ᠡᠪᠡᠳᠴᠢᠲᠡᠨ᠎ᠤ ᠡᠮᠴᠢᠯᠡᠭᠡᠨ᠎ᠤ ᠣᠷᠣ 4 ᠬᠦᠷᠬᠦ ᠦᠭᠡᠢ ᠪᠠᠢ᠌ᠨ᠎ᠠ᠃ ᠣᠳᠣᠬᠠᠨ᠎ᠤ ᠣᠮᠢᠺᠷᠦᠨ ᠣᠨᠳᠣᠣᠰᠢᠭᠰᠠᠨ ᠸᠢᠷᠦ᠋ᠰ᠎ᠤᠨ ᠬᠠᠯᠳᠠᠪᠤᠷᠢᠯᠠᠬᠤ ᠴᠢᠨᠠᠷ ᠴᠢᠩᠭ᠎ᠠ᠂ ᠲᠠᠷᠬᠠᠬᠤ ᠬᠤᠷᠳᠤᠴᠠ᠎ᠨᠢ ᠲᠦᠷᠭᠡᠨ᠂ ᠣᠨᠴᠠᠭ᠋ᠠᠢ᠌ᠯᠠᠨ ᠮᠠᠰᠢ ᠣᠬᠣᠷᠬᠠᠨ ᠬᠤᠭᠤᠴᠠᠭ᠋ᠠᠨ᠎ᠳᠤ ᠴᠤᠭᠯᠠᠷᠠᠯ᠎ᠤᠨ ᠴᠢᠨᠠᠷᠲᠠᠢ ᠬᠢᠵᠢᠭ᠎ᠤᠨ ᠪᠠᠢ᠌ᠳᠠᠯ ᠴᠢᠨᠠᠭᠰᠢᠯᠠᠪᠠᠯ ᠨᠡᠯᠢᠶᠡᠳ ᠶᠡᠬᠡ ᠬᠡᠪᠴᠢᠶᠡᠨ᠎ᠤ ᠬᠢᠵᠢᠭ᠎ᠤᠨ ᠪᠠᠢ᠌ᠳᠠᠯ᠎ᠢ ᠡᠭᠦᠰᠬᠡᠵᠦ ᠮᠡᠳᠡᠨ᠎ᠡ᠃ ᠤᠳᠤ ᠪᠢᠳᠡ ᠡᠯ᠎ᠡ ᠮᠤᠵᠢ᠎ᠳᠤ ᠴᠤᠭᠯᠠᠷᠠᠯ᠎ᠤᠨ ᠴᠢᠨᠠᠷᠲᠠᠢ ᠬᠢᠵᠢᠭ᠎ᠤᠨ ᠪᠠᠢ᠌ᠳᠠᠯ᠎ᠤᠨ ᠡᠭᠦᠰᠴᠦ ᠪᠠᠢ᠌ᠬᠤ ᠪᠠ ᠬᠡᠪᠴᠢᠶ᠎ᠡ᠎ᠨᠢ ᠲᠠᠰᠤᠷᠠᠯᠳᠠ ᠦᠭᠡᠢ ᠥᠷᠭᠡᠳᠴᠦ ᠪᠠᠢ᠌ᠬᠤ ᠵᠢ ᠣᠯᠵᠤ ᠦᠵᠡᠯ᠎ᠡ᠃ ᠮᠠᠨ᠎ᠤ ᠤᠯᠤᠰ ᠪᠣᠯ 14 ᠳ᠋ᠦᠩᠰᠢᠭᠤᠷ ᠬᠥᠮᠥᠨ ᠠᠮᠠ᠎ᠲᠠᠢ ᠲᠣᠮᠣ ᠤᠯᠤᠰ ᠮᠥᠨ᠂ ᠨᠠᠰᠤᠵᠢᠭᠰᠠᠨ ᠬᠥᠮᠥᠨ ᠠᠮᠠ ᠤᠯᠠᠨ᠂ ᠰᠠᠭᠤᠷᠢ ᠴᠢᠨᠠᠷᠲᠠᠢ ᠡᠪᠡᠳᠴᠢᠨ᠎ᠲᠠᠢ ᠬᠥᠮᠥᠨ ᠴᠦ᠍ ᠤᠯᠠᠨ ᠪᠠᠢ᠌ᠵᠤ᠂ ᠨᠠᠰᠤᠲᠠᠢ᠌ᠴᠤᠳ ᠵᠢᠴᠢ ᠰᠠᠭᠤᠷᠢ ᠴᠢᠨᠠᠷᠲᠠᠢ ᠡᠪᠡᠳᠴᠢᠨ᠎ᠲᠠᠢ ᠬᠥᠮᠥᠨ ᠪᠣᠯ ᠴᠥᠮ ᠬᠦᠨᠳᠦ ᠡᠪᠡᠳᠴᠢᠨ᠎ᠳᠤ ᠠᠮᠠᠷᠬᠠᠨ ᠨᠡᠷᠪᠡᠭᠳᠡᠳᠡᠭ ᠪᠠᠭᠤᠷᠠᠢ ᠬᠥᠮᠥᠰ ᠮᠥᠨ᠃ ᠬᠦᠨᠳᠦ ᠡᠪᠡᠳᠴᠢᠲᠡᠨ᠎ᠤ ᠳᠣᠲᠣᠷ᠎ᠠ᠂ ᠨᠢᠭᠡ ᠲᠠᠯ᠎ᠠ᠎ᠪᠠᠷ ᠰᠢᠨ᠎ᠡ ᠲᠢᠲᠢᠮᠯᠢᠭ ᠸᠢᠷᠦ᠋ᠰ᠎ᠠᠴᠠ ᠪᠣᠯᠤᠭᠰᠠᠨ ᠬᠦᠨᠳᠦ ᠡᠪᠡᠳᠴᠢᠲᠡᠨ ᠪᠠᠢ᠌ᠵᠤ᠂ ᠨᠥᠭᠥᠭᠡ ᠲᠠᠯ᠎ᠠ᠎ᠪᠠᠷ ᠶᠡᠬᠡᠩᠬᠢ ᠬᠡᠰᠡᠭ᠎ᠨᠢ ᠰᠠᠭᠤᠷᠢ ᠴᠢᠨᠠᠷᠲᠠᠢ ᠡᠪᠡᠳᠴᠢᠨ᠎ᠤ ᠳᠡᠭᠡᠷ᠎ᠡ ᠰᠢᠨ᠎ᠡ ᠲᠢᠲᠢᠮᠯᠢᠭ ᠡᠪᠡᠳᠴᠢᠨ᠎ᠤ ᠬᠠᠯᠳᠠᠪᠤᠷᠢᠯᠠᠯ ᠳᠠᠪᠬᠤᠴᠠᠭᠰᠠᠨ᠎ᠠᠴᠠ ᠪᠣᠯᠵᠤ᠂ ᠡᠨᠡ ᠬᠡᠰᠡᠭ ᠡᠪᠡᠳᠴᠢᠲᠡᠨ᠎ᠳᠤ ᠮᠥᠨ ᠴᠦ᠍ ᠣᠯᠠᠨ ᠰᠢᠨᠵᠢᠯᠡᠭᠡᠨ᠎ᠤ ᠰᠠᠯᠠᠭ᠎ᠠ ᠵᠢᠨ ᠡᠮᠨᠡᠨ ᠵᠠᠰᠠᠯᠲᠠ ᠬᠢᠬᠦ ᠵᠢ ᠱᠠᠭ᠋ᠠᠷᠳᠠᠨ᠎ᠠ᠃ ᠡᠢ᠌ᠮᠦ᠎ᠠᠴᠠ ᠬᠦᠨᠳᠦ ᠡᠪᠡᠳᠴᠢᠲᠡᠨ᠎ᠢ ᠡᠮᠨᠡᠨ ᠵᠠᠰᠠᠬᠤ ᠬᠦᠴᠦᠨ᠎ᠤ ᠨᠥᠭᠡᠴᠡ ᠵᠢ ᠴᠢᠩᠭ᠋ᠠᠳᠬᠠᠬᠤ᠂ ᠢᠯᠠᠩᠭᠤᠶ᠎ᠠ ᠣᠯᠠᠨ ᠰᠢᠨᠵᠢᠯᠡᠭᠡᠨ᠎ᠤ ᠶᠡᠷᠦᠩᠬᠡᠢ᠌ᠯᠡᠭᠰᠡᠨ ᠴᠢᠳᠠᠪᠤᠷᠢ ᠵᠢ ᠳᠡᠭᠡᠭᠰᠢᠯᠡᠭᠦᠯᠬᠦ ᠪᠣᠯ ᠮᠠᠰᠢ ᠴᠢᠬᠤᠯᠠ ᠶᠤᠮ᠃
ᠣᠳᠣᠬᠠᠨ᠎ᠳᠤ ᠪᠥᠬᠥ ᠤᠯᠤᠰ᠎ᠲᠤ ᠨᠢᠭᠡᠨᠲᠡ 100 ᠭᠠᠷᠤᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠦᠨᠳᠦ ᠡᠪᠡᠳᠴᠢᠲᠡᠨ ᠪᠠᠢ᠌ᠵᠤ᠂ ᠡᠨᠡ᠎ᠨᠢ ᠶᠠᠭ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠨᠠᠰᠤᠲᠠᠢ᠌ᠴᠤᠳ ᠪᠠ ᠰᠠᠭᠤᠷᠢ ᠴᠢᠨᠠᠷᠲᠠᠢ ᠡᠪᠡᠳᠴᠢᠨ᠎ᠲᠠᠢ ᠬᠥᠮᠥᠰ᠎ᠲᠤ ᠦᠵᠡᠭᠦᠯᠬᠦ ᠡᠷᠡᠭᠦᠯ ᠮᠡᠨᠳᠦ ᠵᠢᠨ ᠰᠦᠷᠳᠡᠭᠦᠯᠦᠯ ᠨᠡᠯᠢᠶᠡᠳ ᠶᠡᠬᠡ ᠪᠠᠢ᠌ᠬᠤ ᠵᠢ ᠬᠠᠷᠠᠭᠤᠯᠵᠤ ᠪᠠᠢ᠌ᠨ᠎ᠠ᠃ ᠪᠢᠳᠡᠨ᠎ᠤ ᠣᠲᠣ ᠵᠢᠨ ᠠᠪᠴᠤ ᠪᠠᠢ᠌ᠭ᠎ᠠ ᠢᠳᠡᠪᠬᠢᠲᠡᠢ ᠰᠡᠷᠭᠡᠢ᠌ᠯᠡᠬᠦ ᠠᠷᠭ᠎ᠠ ᠪᠣᠳᠣᠯᠭ᠎ᠠ ᠪᠣᠯ ᠬᠠᠯᠳᠠᠪᠤᠷᠢᠯᠠᠭᠰᠠᠳ᠎ᠢ ᠴᠢᠷᠮᠠᠢ᠌ᠨ ᠪᠠᠭ᠋ᠠᠰᠬᠠᠪᠠᠯ ᠰᠠᠶᠢ ᠬᠦᠨᠳᠦ ᠡᠪᠡᠳᠴᠢᠨ᠎ᠤ ᠨᠣᠷᠮ᠎ᠠ ᠪᠠ ᠡᠪᠡᠳᠴᠢᠨ ᠵᠶ᠋ᠡᠷ ᠦᠬᠦᠬᠦ ᠨᠣᠷᠮ᠎ᠠ ᠵᠢ ᠤᠯᠠᠮ ᠨᠢᠭᠡ ᠠᠯᠬᠤᠮ ᠪᠠᠭᠤᠷᠠᠭᠤᠯᠵᠤ ᠴᠢᠳᠠᠨ᠎ᠠ᠃ ᠡᠢ᠌ᠮᠦ᠎ᠠᠴᠠ 《ᠰᠡᠷᠭᠡᠢ᠌ᠯᠡᠬᠦ》 ᠪᠣᠯ ᠬᠠᠮᠤᠭ᠎ᠤᠨ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠭᠡᠪᠡᠴᠦ ᠡᠭᠦᠨ᠎ᠢ ᠦᠨᠳᠦᠰᠦᠯᠡᠨ ᠬᠦᠨᠳᠦ ᠡᠪᠡᠳᠴᠢᠲᠡᠨ᠎ᠤ ᠡᠮᠴᠢᠯᠡᠭᠡᠨ᠎ᠤ ᠣᠷᠣ ᠵᠢ ᠨᠡᠮᠡᠭᠳᠡᠭᠦᠯᠬᠦ ᠴᠢᠬᠤᠯᠠ ᠦᠭᠡᠢ ᠭᠡᠵᠦ ᠦᠵᠡᠵᠦ ᠪᠣᠯᠬᠤ ᠦᠭᠡᠢ᠃