ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠣᠳᠠᠲᠠᠢ᠎ᠪᠠᠷ ᠰᠠᠢ᠌ᠲᠤᠷ ᠠᠳᠬᠤᠬᠤ ᠲᠤᠬᠠᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2022-11-28

    ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠣᠳᠠᠲᠠᠢ᠎ᠪᠠᠷ ᠰᠠᠢ᠌ᠲᠤᠷ ᠠᠳᠬᠤᠵᠤ᠂ ᠠᠵᠤ ᠠᠬᠤᠢ ᠵᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠵᠢ ᠪᠡᠬᠢᠵᠢᠭᠦᠯᠬᠦ ᠲᠤᠬᠠᠢ ᠪᠠᠢ᠌ᠷᠢᠯᠠᠭᠤᠯᠵᠤ᠂ ᠡᠮᠦᠨᠡᠬᠢ ᠬᠤᠭᠤᠴᠠᠭ᠋ᠠᠨ᠎ᠳᠤ ᠨᠢᠭᠡᠨᠲᠡ ᠨᠡᠢ᠌ᠲᠡᠯᠡᠭᠰᠡᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠦᠨᠡᠨ ᠬᠦ᠌ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠤᠰᠠᠳᠠ᠂ ᠣᠷᠣᠨ ᠨᠤᠲᠤᠭ᠎ᠲᠤ ᠰᠢᠮᠳᠠᠭᠤᠯᠤᠨ ᠵᠢᠯᠤᠭᠣᠳᠬᠤ ᠠᠵᠢᠯ᠎ᠤᠨ ᠳᠤᠭᠤᠢ᠌ᠯᠠᠩ ᠲᠣᠮᠢᠯᠠᠬᠤ᠎ᠪᠠᠷ ᠲᠣᠭᠲᠠᠪᠠ


      ᠰᠢᠨᠬᠤᠸᠠ ᠬᠣᠷᠢᠶᠠᠨ᠎ᠤ ᠪᠡᠭᠡᠵᠢᠩ᠎ᠤᠨ 11 ᠳ᠋ᠦ᠍ᠭᠡᠷ ᠰᠠᠷ᠎ᠠ ᠵᠢᠨ 23᠎ᠤ ᠡᠳᠦᠷ᠎ᠤᠨ ᠴᠠᠬᠢᠯᠭ᠋ᠠᠨ ᠮᠡᠳᠡᠭᠡ       ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠧ ᠴᠢᠶᠠᠩ 11 ᠳ᠋ᠦ᠍ᠭᠡᠷ ᠰᠠᠷ᠎ᠠ ᠵᠢᠨ 22᠎ᠤᠨ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠦᠷᠦ ᠵᠢᠨ ᠪᠣᠳᠣᠯᠭ᠎ᠠ ᠪᠠ ᠦᠷᠭᠦᠯᠵᠢᠯᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠣᠳᠠᠲᠠᠢ᠎ᠪᠠᠷ ᠰᠠᠢ᠌ᠲᠤᠷ ᠠᠳᠬᠤᠵᠤ᠂ ᠠᠵᠤ ᠠᠬᠤᠢ ᠵᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠵᠢ ᠪᠡᠬᠢᠵᠢᠭᠦᠯᠬᠦ ᠲᠤᠬᠠᠢ ᠪᠠᠢ᠌ᠷᠢᠯᠠᠭᠤᠯᠪᠠ; ᠡᠮᠦᠨᠡᠬᠢ ᠬᠤᠭᠤᠴᠠᠭ᠋ᠠᠨ᠎ᠳᠤ ᠨᠢᠭᠡᠨᠲᠡ ᠨᠡᠢ᠌ᠲᠡᠯᠡᠭᠰᠡᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠦᠨᠡᠨ ᠬᠦ᠌ ᠨᠠᠢ᠌ᠳᠠᠪᠤᠷᠢᠵᠢᠭᠤᠯᠬᠤ ᠵᠢ ᠠᠬᠢᠭᠤᠯᠬᠤ ᠵᠢᠨ ᠲᠤᠰᠠᠳᠠ᠂ ᠣᠷᠣᠨ ᠨᠤᠲᠤᠭ᠎ᠲᠤ ᠰᠢᠮᠳᠠᠭᠤᠯᠤᠨ ᠵᠢᠯᠤᠭᠣᠳᠬᠤ ᠠᠵᠢᠯ᠎ᠤᠨ ᠳᠤᠭᠤᠢ᠌ᠯᠠᠩ ᠲᠣᠮᠢᠯᠠᠬᠤ᠎ᠪᠠᠷ ᠲᠣᠭᠲᠠᠪᠠ᠃
      ᠬᠤᠷᠠᠯ᠎ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠵᠢ ᠲᠤᠭᠤᠰᠢᠯᠠᠭᠤᠯᠵᠤ᠂ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠦᠷᠤ ᠵᠢᠨ ᠪᠣᠳᠣᠯᠭ᠎ᠠ ᠪᠣᠯᠣᠨ ᠦᠷᠭᠦᠯᠵᠢᠯᠡᠬᠦ ᠠᠷᠭ᠎ᠠ ᠬᠡᠮᠵᠢᠶ᠎ᠡ ᠵᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠬᠣᠶᠠᠳᠤᠭ᠋ᠠᠷ ᠤᠯᠠᠷᠢᠯ᠎ᠤᠨ ᠡᠮᠦᠨᠡᠬᠢ ᠬᠤᠭᠤᠴᠠᠭ᠋ᠠᠨ᠎ᠤ ᠠᠵᠤ ᠠᠬᠤᠢ ᠵᠢᠨ ᠪᠠᠭᠤᠷᠠᠯᠲᠠ ᠵᠢᠨ ᠪᠠᠢ᠌ᠳᠠᠯ᠎ᠢ ᠬᠤᠪᠢᠷᠠᠭᠤᠯᠬᠤ᠂ ᠠᠵᠤ ᠠᠬᠤᠢ ᠵᠢᠨ ᠶᠡᠬᠡ ᠪᠠᠢ᠌ᠳᠠᠯ᠎ᠢ ᠲᠣᠭᠲᠠᠪᠤᠷᠢᠵᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠵᠠᠢ᠃ ᠳᠥᠷᠪᠡᠳᠦᠭᠡᠷ ᠤᠯᠠᠷᠢᠯ᠎ᠤᠨ ᠠᠵᠤ ᠠᠬᠤᠢ ᠵᠢᠨ ᠠᠵᠢᠯᠯᠠᠭ᠋ᠠᠨ᠎ᠨᠢ ᠪᠦᠬᠦ ᠵᠢᠯ᠎ᠤᠨ ᠠᠵᠤ ᠠᠬᠤᠢ᠎ᠳᠤ ᠲᠤᠢ᠌ᠯ᠎ᠤᠨ ᠴᠢᠬᠤᠯᠠ ᠶᠤᠮ᠂ ᠣᠳᠣᠬᠠᠨ᠎ᠳᠤ ᠶᠠᠭ ᠠᠵᠤ ᠠᠬᠤᠢ ᠵᠢᠨ ᠲᠣᠭᠲᠠᠪᠤᠷᠢᠵᠢᠨ ᠳᠡᠭᠡᠭᠰᠢᠯᠡᠬᠦ ᠰᠠᠭᠤᠷᠢ ᠵᠢ ᠪᠡᠬᠢᠵᠢᠭᠦᠯᠬᠦ ᠵᠠᠩᠭᠢᠯᠠᠭ᠎ᠠ ᠵᠢᠨ ᠴᠠᠭ ᠬᠤᠭᠤᠴᠠᠭ᠎ᠠ ᠪᠠᠢ᠌ᠵᠤ᠂ ᠡᠷᠬᠡᠪᠰᠢ ᠠᠵᠤ ᠠᠬᠤᠢ ᠵᠢᠨ ᠦᠷᠭᠦᠯᠵᠢᠯᠡᠨ ᠰᠡᠷᠭᠦᠬᠦ ᠬᠠᠨᠳᠤᠰᠢ ᠵᠢ ᠪᠠᠲᠤᠯᠠᠬᠤ ᠵᠢ ᠴᠢᠩᠭ᠎ᠠ ᠠᠳᠬᠤᠬᠤ ᠬᠡᠷᠡᠭᠲᠡᠢ᠃ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠪᠠᠷᠠᠭ᠋ᠠᠨ᠎ᠤ ᠦᠨ᠎ᠡ ᠵᠢ ᠲᠣᠭᠲᠠᠪᠤᠷᠢᠵᠢᠭᠤᠯᠵᠤ᠂ ᠠᠵᠤ ᠠᠬᠤᠢ ᠵᠢᠨ ᠠᠵᠢᠯᠯᠠᠭ᠋ᠠᠨ᠎ᠢ ᠢᠮᠠᠭᠲᠠ ᠵᠦᠢ ᠵᠣᠬᠢᠰᠲᠠᠢ ᠣᠷᠣᠨ ᠵᠠᠢ᠎ᠳᠤ ᠪᠠᠢ᠌ᠯᠭ᠋ᠠᠵᠤ᠂ ᠨᠡᠯᠢᠶᠡᠳ ᠰᠠᠢ᠌ᠨ ᠦᠷ᠎ᠡ ᠳ᠋ᠦᠩ᠎ᠢ ᠴᠢᠷᠮᠠᠢ᠌ᠨ ᠪᠡᠶᠡᠯᠡᠭᠦᠯᠬᠦ ᠬᠡᠷᠡᠭᠲᠡᠢ᠃ ᠲᠦᠷᠦᠭᠦᠴᠢ ᠵᠢᠨ ᠬᠤᠭᠤᠴᠠᠭ᠋ᠠᠨ᠎ᠳᠤ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠲᠤᠨᠤᠭ ᠲᠥᠬᠦᠭᠡᠷᠦᠮᠵᠢ ᠵᠢᠨ ᠰᠢᠨᠡᠴᠢᠯᠡᠯᠲᠡ ᠥᠭᠡᠷᠡᠴᠢᠯᠡᠯᠲᠡ ᠵᠢ ᠳᠡᠮᠵᠢᠪᠡ᠂ ᠡᠨᠡ᠎ᠨᠢ ᠪᠡᠯᠡ ᠣᠷᠣᠭᠤᠯᠤᠯᠲᠠ ᠵᠢ ᠠᠬᠢᠭᠤᠯᠤᠨ ᠬᠡᠷᠡᠭᠯᠡᠭᠡ ᠵᠢ ᠳᠠᠢ᠌ᠴᠢᠯᠠᠬᠤ᠂ ᠠᠵᠤ ᠠᠬᠤᠢ ᠵᠢ ᠲᠣᠭᠲᠠᠪᠤᠷᠢᠵᠢᠭᠤᠯᠤᠨ ᠪᠦᠲᠦᠴᠡ ᠵᠢ ᠲᠣᠬᠢᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠲᠦᠷᠦ ᠵᠢᠨ ᠪᠣᠳᠣᠯᠭ᠎ᠠ ᠵᠢᠨ ᠦᠢ᠍ᠯᠡᠳᠦᠯ ᠶᠠᠭ ᠢᠯᠡᠷᠡᠵᠦ ᠪᠠᠢ᠌ᠬᠤ ᠪᠥᠭᠡᠳ ᠮᠠᠰᠢ ᠶᠡᠬᠡ ᠳᠠᠯᠳᠠ ᠬᠦᠴᠦᠨ᠎ᠲᠠᠢ ᠪᠠᠢ᠌ᠨ᠎ᠠ᠂ ᠡᠭᠦᠨ᠎ᠤ ᠬᠠᠮᠲᠤ ᠡᠯ᠎ᠡ ᠭᠠᠵᠠᠷ᠎ᠤᠨ ᠪᠠᠢ᠌ᠳᠠᠯ ᠵᠥᠷᠢᠶ᠎ᠡ᠎ᠲᠠᠢ ᠪᠠᠢ᠌ᠵᠤ᠂ ᠤᠯᠠᠨ ᠵᠦᠢ᠍ᠯ᠎ᠤᠨ ᠰᠢᠯᠲᠠᠭ᠋ᠠᠨ᠎ᠠᠴᠠ ᠪᠣᠯᠵᠤ ᠬᠡᠰᠡᠭ ᠲᠠᠯ᠎ᠠ᠎ᠪᠠᠷ ᠨᠠᠢ᠌ᠳᠠᠪᠤᠷᠢᠵᠢᠭᠤᠯᠤᠭᠰᠠᠨ ᠦᠭᠡᠢ ᠪᠣᠯᠬᠣᠷ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠴᠢᠩᠭ᠎ᠠ ᠠᠳᠬᠤᠬᠤ ᠬᠡᠷᠡᠭᠲᠡᠢ᠃

      ᠨᠢᠭᠡ᠎ᠳᠤ᠂ ᠴᠢᠬᠤᠯᠠ ᠶᠡᠬᠡ ᠲᠦᠷᠦᠯ ᠵᠦᠢ᠍ᠯ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃ ᠣᠳᠣᠬᠠᠨ᠎ᠳᠤ ᠬᠣᠶᠠᠷ ᠪᠦᠯᠦᠭ ᠮᠥᠩᠭᠥᠨ ᠭᠦᠢ᠍ᠯᠭᠡᠭᠡᠨ᠎ᠤ ᠪᠠᠭ᠋ᠠᠵᠢ᠎ᠪᠠᠷ ᠨᠡᠢ᠍ᠢ᠍ᠳᠡ 2700 ᠭᠠᠷᠤᠢ ᠴᠢᠬᠤᠯᠠ ᠶᠡᠬᠡ ᠲᠦᠷᠦᠯ ᠵᠦᠢ᠍ᠯ᠎ᠢ ᠳᠡᠮᠵᠢᠵᠦ᠂ ᠠᠵᠢᠯ ᠡᠬᠢᠯᠡᠭᠦᠯᠦᠭᠰᠡᠨ ᠨᠤᠷᠮ᠎ᠠ᠎ᠨᠢ 90% ᠵᠢ ᠳᠠᠪᠠᠵᠠᠢ᠃ ᠴᠢᠬᠤᠯᠠ ᠲᠦᠷᠦᠯ ᠵᠦᠢ᠍ᠯ᠎ᠤᠨ ᠵᠣᠬᠢᠴᠠᠭᠤᠯᠬᠤ ᠲᠣᠭᠲᠠᠴᠠ ᠵᠢ ᠦᠷᠭᠦᠯᠵᠢᠯᠡᠨ ᠥᠨᠳᠥᠷ ᠪᠦᠲᠦᠮᠵᠢᠲᠡᠶ᠎ᠪᠠᠷ ᠠᠵᠢᠯᠯᠠᠭᠤᠯᠵᠤ᠂ ᠲᠦᠷᠦᠯ ᠵᠦᠢ᠍ᠯ᠎ᠤᠨ ᠪᠡᠯᠡ ᠮᠥᠩᠭᠥ ᠥᠭᠬᠦ ᠪᠠ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠢ ᠪᠠᠭᠲᠠᠭ᠋ᠠᠭᠰᠠᠨ ᠨᠡᠢ᠌ᠭᠡᠮ᠎ᠤᠨ ᠬᠥᠷᠥᠩᠭᠡ ᠵᠢᠨ ᠪᠡᠯᠡ ᠣᠷᠣᠭᠤᠯᠤᠯᠲᠠ ᠵᠢ ᠲᠠᠢ᠍ᠢ᠍ᠴᠢᠯᠠᠵᠤ᠂ ᠵᠢᠯ᠎ᠤᠨ ᠳᠣᠲᠣᠷ᠎ᠠ ᠨᠡᠩ ᠤᠯᠠᠨ ᠪᠣᠳᠠᠲᠤ ᠪᠣᠳᠠᠰ᠎ᠤᠨ ᠠᠵᠢᠯ᠎ᠤᠨ ᠬᠡᠮᠵᠢᠶ᠎ᠡ ᠵᠢ ᠪᠤᠢ ᠪᠣᠯᠭ᠋ᠠᠬᠤ ᠬᠡᠷᠡᠭᠲᠡᠢ᠃ ᠬᠤᠭᠤᠴᠠᠭ᠎ᠠ᠎ᠨᠢ ᠬᠡᠲᠦᠷᠡᠭᠰᠡᠨ ᠪᠠᠢ᠌ᠲᠠᠯ᠎ᠠ ᠠᠮᠠᠯᠠᠯᠲᠠ᠎ᠪᠠᠨ ᠪᠡᠶᠡᠯᠡᠭᠦᠯᠦᠭᠰᠡᠨ ᠦᠭᠡᠢ ᠭᠠᠵᠠᠷ ᠣᠷᠣᠨ᠎ᠢ ᠵᠠᠷᠯᠠᠨ ᠮᠡᠳᠡᠭᠡᠯᠡᠵᠦ᠂ ᠦᠨᠡᠨ ᠬᠦ᠌ ᠲᠣᠭᠲᠠᠭᠰᠠᠨ ᠬᠤᠭᠤᠴᠠᠭ᠋ᠠᠨ᠎ᠳᠤ ᠠᠵᠢᠯ ᠵᠶ᠋ᠠᠨ ᠡᠬᠢᠯᠡᠭᠦᠯᠬᠦ ᠠᠷᠭ᠎ᠠ ᠦᠭᠡᠢ ᠲᠥᠷᠥᠯ ᠵᠦᠢ᠍ᠯ᠎ᠳᠤ ᠲᠣᠬᠢᠷᠠᠭᠤᠯᠤᠯᠲᠠ ᠬᠢᠬᠦ ᠬᠡᠷᠡᠭᠲᠡᠢ᠃ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠠᠷᠢᠭᠤᠨ ᠴᠢᠬᠡᠴᠢ ᠢᠨᠵᠧᠨᠧᠷᠢᠩ᠂ ᠶᠠᠰᠤ ᠴᠢᠨᠠᠷ᠎ᠤᠨ ᠠᠶᠤᠯ ᠦᠭᠡᠢ ᠢᠨᠵᠧᠨᠧᠷᠢᠩ᠎ᠢ ᠪᠤᠢ ᠪᠣᠯᠭ᠋ᠠᠬᠤ ᠬᠡᠷᠡᠭᠲᠡᠢ᠃
      ᠬᠣᠶᠠᠷ᠎ᠲᠤ᠂ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠠᠵᠢᠯ᠎ᠢ ᠲᠦᠷᠭᠡᠪᠴᠢᠯᠡᠨ ᠨᠠᠢ᠌ᠳᠠᠪᠤᠷᠢᠵᠢᠭᠤᠯᠬᠤ ᠬᠡᠷᠡᠭᠲᠡᠢ᠃ ᠲᠥᠷᠥᠯ ᠵᠦᠢ᠍ᠯ᠎ᠤᠨ ᠵᠢᠭᠡᠯᠡᠯᠭᠡ ᠵᠢᠨ ᠭᠡᠷ᠎ᠡ ᠲᠣᠭᠲᠠᠬᠤ ᠵᠢ ᠨᠢᠭᠡᠨᠲᠡ ᠦᠨᠳᠦᠰᠦᠨ᠎ᠳᠤ᠎ᠪᠠᠨ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠢᠯ᠎ᠤᠨ ᠭᠣᠣᠯᠳᠠᠯᠭ᠎ᠠ᠎ᠪᠠᠨ ᠲᠤᠰᠬᠠᠢ ᠵᠦᠢ᠍ᠯ᠎ᠤᠨ ᠳᠠᠬᠢᠨ ᠵᠢᠭᠡᠯᠡᠯᠭᠡ ᠲᠠᠯᠪᠢᠬᠤ ᠪᠠ ᠡᠳ᠋᠎ᠤᠨ ᠵᠠᠰᠠᠭ᠎ᠤᠨ ᠳᠠᠮ ᠬᠦᠦ ᠵᠢ ᠰᠢᠯᠵᠢᠭᠦᠯᠦᠨ ᠥᠭᠬᠦ ᠲᠡᠢ᠌ᠰᠢ ᠰᠢᠯᠵᠢᠭᠦᠯᠵᠦ᠂ ᠵᠣᠭᠣᠰ ᠬᠡᠷᠡᠭᠯᠡᠬᠦ ᠨᠢᠭᠡᠴᠢ ᠵᠢ ᠰᠢᠮᠳᠠᠭᠤᠯᠵᠤ ᠪᠠᠢ᠌ᠭ᠋ᠠᠳ ᠲᠥᠬᠦᠭᠡᠷᠦᠮᠵᠢ ᠬᠤᠳᠠᠯᠳᠤᠨ ᠠᠪᠬᠤ ᠪᠠ ᠥᠭᠡᠷᠡᠴᠢᠯᠡᠬᠦ ᠵᠢ ᠲᠦᠷᠭᠡᠳᠬᠡᠬᠦ ᠬᠡᠷᠡᠭᠲᠡᠢ᠃ ᠡᠭᠦᠨ᠎ᠤ ᠬᠠᠮᠲᠤ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭ᠋ᠠᠷ ᠦᠢ᠍ᠯᠡᠳᠬᠡᠯ᠎ᠤᠨ ᠦᠢ᠍ᠯᠡᠰ᠎ᠤᠨ ᠳᠤᠮᠳᠠ ᠤᠷᠳᠤ ᠬᠤᠭᠤᠴᠠᠭ᠋ᠠᠨ᠎ᠤ ᠵᠢᠭᠡᠯᠡᠯᠭᠡ ᠵᠢ ᠨᠡᠮᠡᠭᠳᠡᠭᠦᠯᠵᠦ᠂ ᠦᠢ᠍ᠯᠡᠳᠬᠡᠯ᠎ᠤᠨ ᠦᠢ᠍ᠯᠡᠰ᠎ᠤᠨ ᠳᠡᠰ ᠳᠠᠪᠰᠢᠨ ᠬᠥᠭᠵᠢᠬᠦ ᠵᠢ ᠠᠬᠢᠭᠤᠯᠬᠤ ᠬᠡᠷᠡᠭᠲᠡᠢ᠃
      ᠭᠤᠷᠪᠠ᠎ᠳᠤ᠂ ᠬᠡᠷᠡᠭᠯᠡᠭᠡ ᠵᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠦᠴᠢᠷᠳᠡᠯ᠎ᠢ ᠰᠢᠢ᠍ᠳᠪᠦᠷᠢᠯᠡᠬᠦ ᠲᠦᠷᠦ ᠵᠢᠨ ᠪᠣᠳᠣᠯᠭ᠎ᠠ ᠵᠢ ᠰᠠᠢ᠌ᠲᠤᠷ ᠬᠡᠷᠡᠭᠵᠢᠭᠦᠯᠬᠦ ᠬᠡᠷᠡᠭᠲᠡᠢ᠃ ᠲᠠᠪᠴᠠᠩ᠎ᠤᠨ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠳᠡᠮᠵᠢᠵᠦ᠂ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠵᠢᠨ ᠲᠣᠣᠷ ᠰᠦᠯᠵᠢᠶ᠎ᠡ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ᠃ ᠬᠤᠳᠠ ᠵᠢᠨ ᠪᠠᠢ᠌ᠳᠠᠯ᠎ᠳᠤ᠎ᠨᠢ ᠲᠣᠬᠢᠷᠠᠭᠤᠯᠤᠨ ᠲᠦᠷᠦ ᠵᠢᠨ ᠪᠣᠳᠣᠯᠭ᠎ᠠ ᠵᠢ ᠬᠡᠷᠡᠭᠵᠢᠭᠦᠯᠦᠨ᠂ ᠵᠠᠢ᠌ᠯᠠᠰᠢ ᠦᠭᠡᠢ ᠴᠢᠨᠠᠷᠲᠠᠢ ᠪᠠ ᠰᠠᠢ᠌ᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠵᠢ ᠳᠡᠮᠵᠢᠬᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠣᠷᠣᠨ ᠨᠤᠲᠤᠭ᠎ᠤᠨ᠎ᠬᠢᠨ᠎ᠢ ᠵᠢᠯᠣᠭᠣᠳᠤᠨ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠤᠮᠵᠢ ᠵᠢ ᠴᠢᠩᠭ᠋ᠠᠳᠬᠠᠬᠤ ᠬᠡᠷᠡᠭᠲᠡᠢ᠃ ᠪᠠᠲᠤᠯᠠᠭ᠎ᠠ᠎ᠲᠠᠢ ᠲᠤᠰᠢᠶᠠᠬᠤ ᠠᠰᠠᠷ᠎ᠤᠨ ᠲᠤᠰᠬᠠᠢ ᠵᠦᠢ᠍ᠯ᠎ᠤᠨ ᠵᠢᠭᠡᠯᠡᠯᠭᠡ ᠵᠢ ᠠᠯᠢ ᠲᠦᠷᠭᠡᠨ ᠵᠶ᠋ᠡᠷ ᠲᠥᠷᠥᠯ ᠵᠦᠢ᠍ᠯ᠎ᠳᠤ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠤᠳᠠᠯᠳᠤᠭ᠋ᠠᠨ᠎ᠤ ᠪᠠᠩᠬᠢ ᠵᠢᠨ ᠪᠠᠲᠤᠯᠠᠭ᠎ᠠ᠎ᠲᠠᠢ ᠲᠤᠰᠢᠶᠠᠬᠤ ᠠᠰᠠᠷ᠎ᠤᠨ ᠵᠢᠭᠡᠯᠡᠯᠭᠡ ᠵᠢ ᠰᠢᠨ᠎ᠡ᠎ᠪᠠᠷ ᠲᠠᠯᠪᠢᠬᠤ ᠵᠢ ᠵᠣᠷᠢᠭᠵᠢᠭᠤᠯᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠪᠠ ᠲᠤᠰᠢᠶᠠᠨ ᠥᠭᠬᠦ ᠵᠢ ᠲᠦᠷᠭᠡᠳᠬᠡᠬᠦ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠢᠯ ᠲᠦᠷᠦᠯ᠎ᠤᠨ ᠡᠳ᠋ ᠬᠥᠷᠥᠩᠭᠡ ᠵᠢᠨ ᠥᠷᠢᠲᠦᠯ᠎ᠤᠨ ᠪᠠᠢ᠌ᠳᠠᠯ᠎ᠢ ᠴᠢᠷᠮᠠᠢ᠌ᠨ ᠰᠠᠢ᠌ᠵᠢᠷᠠᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ᠃
      ᠳᠥᠷᠪᠡ᠎ᠳᠤ᠂ ᠵᠠᠮ ᠬᠠᠷᠢᠯᠴᠠᠭ᠎ᠠ ᠡᠳ᠋ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠦᠷᠭᠦᠯᠵᠢᠯᠡᠨ ᠪᠠᠲᠤᠯᠠᠬᠤ ᠬᠡᠷᠡᠭᠲᠡᠢ᠃ ᠪᠠᠷᠠᠭ᠋ᠠᠨ᠎ᠤ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠤᠨ ᠲᠣᠭᠲᠠᠴᠠ ᠵᠢ ᠲᠠᠰᠤᠷᠠᠯᠲᠠ ᠦᠭᠡᠢ ᠵᠣᠬᠢᠴᠠᠭᠤᠯᠵᠤ᠂ ᠭᠣᠣᠯ ᠵᠠᠮ ᠱᠤᠭᠤᠮ ᠪᠠ ᠪᠢᠴᠢᠯ ᠡᠷᠭᠢᠯᠲᠡ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠨ᠂ ᠭᠠᠷᠠᠮ᠂ ᠥᠷᠲᠡᠭᠡ ᠲᠠᠯᠠᠪᠤᠷ ᠵᠡᠷᠭᠡ ᠵᠢᠨ ᠲᠥᠪᠯᠡᠷᠡᠭᠦᠯᠬᠦ ᠲᠠᠷᠬᠠᠭ᠋ᠠᠬᠤ ᠵᠥᠭᠡᠭᠡᠪᠦᠷᠢᠯᠡᠬᠦ ᠬᠡᠪ᠎ᠤᠨ ᠠᠵᠢᠯᠯᠠᠭ᠋ᠠᠨ᠎ᠢ ᠪᠠᠲᠤᠯᠠᠵᠤ᠂ ᠲᠦᠭᠵᠢᠷᠡᠯ᠎ᠢ ᠴᠠᠭ ᠲᠤᠬᠠᠢ᠎ᠳᠤ᠎ᠨᠢ ᠨᠠᠪᠲᠠᠷᠡᠭᠦᠯᠵᠦ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢ ᠲᠣᠭᠲᠠᠭᠤᠨ ᠪᠠᠢ᠌ᠯᠭ᠋ᠠᠬᠤ ᠪᠠ ᠭᠠᠳᠠᠭ᠋ᠠᠳᠤ᠎ᠠᠴᠠ ᠣᠷᠣᠭᠤᠯᠵᠤ ᠭᠠᠷᠭ᠋ᠠᠬᠤ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ᠃
      ᠲᠠᠪᠤ᠎ᠳᠤ᠂ ᠮᠥᠩᠭᠥᠨ ᠭᠦᠢ᠍ᠯᠭᠡᠭᠡᠨ᠎ᠤ ᠪᠣᠳᠠᠲᠤ ᠴᠣᠭᠴᠠ ᠵᠢᠨ ᠠᠵᠤ ᠠᠬᠤᠢ ᠵᠢ ᠳᠡᠮᠵᠢᠬᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠪᠠᠩᠬᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠬᠡᠮᠵᠢᠶᠡᠨ᠎ᠤ ᠦᠯᠡᠳᠡᠭᠡᠯ ᠵᠢᠭᠡᠯᠡᠯᠭᠡ᠎ᠳᠤ ᠵᠣᠬᠢᠰᠲᠠᠢ ᠠᠰᠢᠭ ᠣᠯᠭᠣᠵᠤ᠂ ᠵᠠᠮ ᠬᠠᠷᠢᠯᠴᠠᠭ᠎ᠠ ᠡᠳ᠋ ᠪᠠᠷᠠᠭ᠋ᠠᠨ᠎ᠤ ᠭᠦᠢ᠍ᠯᠭᠡᠭᠡ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠵᠢ ᠦᠷᠭᠦᠯᠵᠢᠯᠡᠨ ᠰᠠᠢ᠌ᠲᠤᠷ ᠬᠢᠵᠦ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠠᠳᠠᠭ᠋ᠠᠯᠠᠮᠵᠢ ᠵᠢᠨ ᠪᠡᠯᠡᠳᠬᠡᠯ   ᠨᠣᠷᠮ᠎ᠠ ᠵᠢ ᠪᠠᠭᠤᠷᠠᠭᠤᠯᠬᠤ ᠵᠡᠷᠭᠡ ᠵᠣᠭᠣᠰᠤᠨ᠎ᠤ ᠲᠦᠷᠦ ᠵᠢᠨ ᠪᠣᠳᠣᠯᠭ᠎ᠠ ᠵᠢᠨ ᠪᠠᠭ᠋ᠠᠵᠢ ᠵᠢ ᠴᠠᠭ ᠲᠤᠬᠠᠢ᠎ᠳᠤ᠎ᠨᠢ ᠲᠣᠬᠢᠷᠠᠭᠤᠯᠤᠨ ᠵᠣᠬᠢᠰᠲᠠᠢ ᠬᠡᠷᠡᠭᠯᠡᠵᠦ᠂ ᠭᠦᠢ᠍ᠯᠭᠡᠭᠡᠨ᠎ᠤ ᠴᠢᠨᠠᠷ᠎ᠢ ᠵᠦᠢ ᠵᠣᠬᠢᠰᠲᠠᠢ ᠪᠥᠭᠡᠳ ᠭᠦᠢ᠍ᠴᠡᠳ ᠪᠠᠢ᠌ᠯᠭ᠋ᠠᠬᠤ ᠵᠢ ᠪᠠᠲᠤᠯᠠᠬᠤ ᠬᠡᠷᠡᠭᠲᠡᠢ᠃
      ᠵᠢᠷᠭᠤᠭ᠎ᠠ᠎ᠳᠤ᠂ ᠦᠨᠳᠦᠰᠦᠨ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ᠂ ᠠᠵᠢᠯ ᠠᠯᠳᠠᠭᠰᠠᠳ᠎ᠢ ᠬᠥᠳᠡᠯᠦᠩᠭᠦᠢ᠎ᠪᠠᠷ ᠬᠢᠨᠠᠨ ᠰᠢᠨᠵᠢᠯᠡᠬᠦ ᠪᠠ ᠠᠪᠤᠷᠠᠨ ᠲᠡᠩᠬᠡᠷᠡᠭᠦᠯᠵᠦ ᠬᠠᠪᠰᠤᠷᠤᠨ ᠲᠡᠳᠬᠦᠬᠦ ᠠᠵᠢᠯ᠎ᠢ ᠰᠠᠢ᠌ᠲᠤᠷ ᠬᠢᠵᠦ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠬᠥᠯᠥᠰᠦᠨ ᠠᠵᠢᠯᠴᠢᠨ᠎ᠤ ᠴᠠᠯᠢᠩ᠎ᠢ ᠥᠷᠢᠲᠦᠵᠦ ᠤᠳᠠᠭ᠋ᠠᠰᠢᠷᠠᠭᠤᠯᠬᠤ ᠵᠢ ᠵᠠᠰᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠴᠠᠯᠢᠩ ᠥᠷᠢᠲᠦᠬᠦ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠵᠠᠯᠬᠠᠭ᠋ᠠᠨ ᠰᠢᠢ᠍ᠳᠬᠡᠵᠦ᠂ ᠬᠥᠯᠥᠰᠦᠨ ᠠᠵᠢᠯᠴᠢᠨ᠎ᠤ ᠴᠠᠯᠢᠩ ᠵᠶ᠋ᠠᠨ ᠴᠠᠭ ᠲᠤᠬᠠᠢ᠎ᠳᠤ᠎ᠨᠢ ᠭᠦᠢ᠍ᠴᠡᠳ ᠲᠣᠭ᠎ᠠ᠎ᠪᠠᠷ ᠣᠯᠬᠤ ᠵᠢ ᠪᠠᠲᠤᠯᠠᠬᠤ ᠬᠡᠷᠡᠭᠲᠡᠢ ᠭᠡᠵᠡᠢ᠃
      ᠬᠤᠷᠠᠯ᠎ᠠᠴᠠ᠂ ᠰᠢᠮᠳᠠᠭᠤᠯᠤᠨ ᠵᠢᠯᠤᠭᠣᠳᠬᠤ ᠪᠠ ᠦᠢ᠍ᠯᠡᠴᠢᠯᠡᠬᠦ ᠵᠢ ᠴᠢᠩᠭ᠋ᠠᠳᠬᠠᠬᠤ ᠬᠡᠷᠡᠭᠲᠡᠢ᠃ 11 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠰᠢᠮᠳᠠᠭᠤᠯᠤᠨ ᠵᠢᠯᠤᠭᠣᠳᠬᠤ ᠠᠵᠢᠯ᠎ᠤᠨ ᠳᠤᠭᠤᠢ᠌ᠯᠠᠩ᠎ᠤᠨ᠎ᠬᠢᠨ ᠬᠣᠯᠪᠣᠭᠳᠠᠯ ᠪᠦᠬᠦᠢ ᠭᠠᠵᠠᠷ ᠣᠷᠣᠨ᠎ᠳᠤ ᠬᠦᠷᠴᠦ᠂ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠰᠢᠮᠳᠠᠭᠤᠯᠤᠨ ᠵᠢᠯᠤᠭᠣᠳᠬᠤ ᠪᠠ ᠴᠢᠬᠤᠯᠠᠲᠠᠢ ᠦᠢ᠍ᠯᠡᠴᠢᠯᠡᠭᠡ ᠬᠠᠪᠰᠤᠷᠤᠯᠭ᠎ᠠ ᠦᠵᠡᠭᠦᠯᠵᠦ᠂ ᠣᠷᠣᠨ ᠨᠤᠲᠤᠭ᠎ᠤᠨ ᠲᠤᠰᠬᠠᠭᠰᠠᠨ ᠪᠠᠢ᠌ᠳᠠᠯ᠎ᠢ ᠬᠢᠨᠠᠮᠠᠭ᠋ᠠᠢ ᠰᠣᠨᠣᠰᠴᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠳᠤᠮᠳᠠᠬᠢ ᠬᠦᠴᠢᠷᠳᠡᠯ ᠪᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ᠃ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠂ ᠲᠤᠨᠤᠭ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠠᠬᠢᠴᠠ ᠤᠳᠠᠭ᠋ᠠᠨ ᠪᠠᠢ᠌ᠭ᠎ᠠ ᠭᠠᠵᠠᠷ ᠣᠷᠣᠨ ᠪᠠ ᠬᠦᠷᠢᠶᠡᠨ᠎ᠳᠤ᠂ ᠠᠰᠠᠭᠤᠳᠠᠯ ᠪᠠ ᠰᠢᠯᠲᠠᠭ᠋ᠠᠨ᠎ᠢ᠎ᠨᠢ ᠣᠨᠣᠪᠴᠢᠲᠠᠶ ᠡᠷᠢᠨ ᠣᠯᠵᠤ᠂ ᠪᠠᠢ᠌ᠳᠠᠯ᠎ᠳᠤ᠎ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ ᠪᠤᠰᠤᠳ ᠵᠦᠢ᠍ᠯ᠎ᠢ ᠰᠤᠳᠤᠯᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠤᠷᠲᠤ ᠬᠤᠭᠤᠴᠠᠭ᠎ᠠ᠎ᠪᠠᠷ ᠪᠢᠲᠡᠭᠦᠮᠵᠢᠯᠡᠨ ᠡᠵᠡᠮᠳᠡᠬᠦ ᠪᠠᠢ᠌ᠳᠠᠯ᠎ᠢ ᠵᠠᠯᠠᠷᠠᠭᠤᠯᠵᠤ᠂ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠬᠠᠭᠤᠷᠮᠠᠭ ᠳ᠋ᠦᠩ ᠭᠠᠷᠭ᠋ᠠᠭᠰᠠᠨ᠎ᠢ ᠴᠢᠩᠭ᠎ᠠ ᠰᠢᠢ᠍ᠳᠪᠦᠷᠢᠯᠡᠵᠦ᠂ ᠨᠠᠰᠤᠲᠠᠢ᠌ᠴᠤᠳ᠎ᠤᠨ ᠸᠠᠺᠼᠢᠨ᠎ᠤ ᠲᠠᠷᠢᠯᠭ᠎ᠠ ᠵᠢ ᠲᠦᠷᠭᠡᠳᠬᠡᠨ᠎ᠡ ᠁ ᠡᠷᠬᠡ ᠰᠦᠷᠲᠦ ᠬᠠᠷᠢᠭᠤᠯᠲᠠ!
ᠨᠠᠮ᠎ᠤᠨ ᠲᠦᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ 2023 ᠣᠨ᠎ᠤ ᠠᠵᠤ ᠠᠬᠤᠢ ᠵᠢᠨ ᠠᠵᠢᠯ᠎ᠢ ᠵᠠᠳᠠᠯᠤᠨ ᠰᠣᠳᠣᠯᠵᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠪᠣᠯᠣᠨ ᠢᠯᠵᠡᠷᠡᠯ᠎ᠢ ᠡᠰᠡᠷᠭᠦᠴᠡᠬᠦ ᠠᠵᠢᠯ᠎ᠢ ᠰᠣᠳᠣᠯᠣᠨ ᠪᠠᠢ᠌ᠷᠢᠯᠠᠭᠤᠯᠪᠠ ᠨᠠᠮ᠎ᠤᠨ ᠲᠦᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
ᠪᠦᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠪᠠᠶ᠋ᠢᠬᠤ ᠦᠭᠡᠢ ᠪᠣᠯ ᠡᠪᠡᠳᠴᠢᠨ ᠦᠵᠡᠭᠦᠯᠵᠦ ᠳᠡᠶ᠋ᠢᠯᠦᠨ᠎ᠡ ᠦᠦ? ᠤᠳᠠᠭ᠋ᠠᠨ ᠴᠢᠨᠠᠷᠲᠠᠢ ᠡᠪᠡᠳᠴᠢᠨ᠎ᠲᠠᠢ ᠨᠠᠰᠤᠲᠠᠶ᠋ᠢᠴᠤᠳ᠎ᠲᠤ ᠸᠠᠺᠼᠢᠨ᠎ᠤ ᠲᠠᠷᠢᠯᠭ᠎ᠠ ᠬᠢᠵᠦ ᠪᠣᠯᠣᠨ᠎ᠠ ᠦᠦ? ᠡᠷᠬᠡ ᠰᠦᠷᠲᠦ ᠬᠠᠷᠢᠭᠤᠯᠲᠠ
ᠵᠢᠷᠮᠦᠰᠦᠨ ᠬᠥᠩᠭᠡᠵᠢᠭᠰᠡᠨ ᠡᠬᠡᠴᠦᠳ᠂ ᠬᠡᠦᠬᠡᠳ᠎ᠤᠨ ᠭᠡᠷ᠎ᠤᠨ ᠠᠬᠠᠮᠠᠳ᠂ ᠨᠠᠰᠤᠲᠠᠢ᠌ᠴᠤᠳ᠂ ᠵᠢᠷᠦᠬᠡ ᠴᠢᠰᠤᠨ ᠰᠤᠳᠠᠯ᠎ᠤᠨ ᠡᠪᠡᠳᠴᠢᠲᠡᠨ ᠁ ᠳᠠᠷᠠᠭ᠋ᠠᠬᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠭᠤᠯᠭ᠎ᠠ ᠵᠢ ᠦᠵᠡᠨ᠎ᠡ ᠤᠤ
ᠥᠨᠥᠳᠥᠷ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠡᠷᠬᠡ ᠰᠦᠷᠲᠦ ᠬᠠᠷᠢᠭᠤᠯᠲᠠ
 
            