ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠤᠷᠲᠤ ᠬᠤᠭᠤᠴᠠᠭ᠎ᠠ᠎ᠪᠠᠷ ᠪᠢᠲᠡᠭᠦᠮᠵᠢᠯᠡᠨ ᠡᠵᠡᠮᠳᠡᠬᠦ ᠪᠠᠢ᠌ᠳᠠᠯ᠎ᠢ ᠵᠠᠯᠠᠷᠠᠭᠤᠯᠵᠤ᠂ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠬᠠᠭᠤᠷᠮᠠᠭ ᠳ᠋ᠦᠩ ᠭᠠᠷᠭ᠋ᠠᠭᠰᠠᠨ᠎ᠢ ᠴᠢᠩᠭ᠎ᠠ ᠰᠢᠢ᠍ᠳᠪᠦᠷᠢᠯᠡᠵᠦ᠂ ᠨᠠᠰᠤᠲᠠᠢ᠌ᠴᠤᠳ᠎ᠤᠨ ᠸᠠᠺᠼᠢᠨ᠎ᠤ ᠲᠠᠷᠢᠯᠭ᠎ᠠ ᠵᠢ ᠲᠦᠷᠭᠡᠳᠬᠡᠨ᠎ᠡ ᠁ ᠡᠷᠬᠡ ᠰᠦᠷᠲᠦ ᠬᠠᠷᠢᠭᠤᠯᠲᠠ!
ᠨᠡᠶ᠋ᠢᠲᠡᠯᠡᠭᠰᠡᠨ ᠴᠠᠭ᠄ 2022-12-01

    ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ᠎ᠠᠴᠠ 11 ᠳ᠋ᠦ᠍ᠭᠡᠷ ᠰᠠᠷ᠎ᠠ ᠵᠢᠨ 29᠎ᠤ ᠡᠳᠦᠷ᠎ᠤᠨ ᠦᠳᠡ ᠵᠢᠨ ᠬᠣᠢ᠌ᠨ᠎ᠠ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠷᠢᠯᠢᠭ ᠪᠣᠳᠠᠲᠠᠢ ᠨᠠᠢ᠌ᠳᠠᠪᠤᠷᠢᠵᠢᠭᠤᠯᠵᠤ᠂ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ ᠠᠵᠢᠯ᠎ᠢ ᠪᠦᠲᠦᠮᠵᠢᠲᠡᠶ ᠰᠠᠢ᠌ᠲᠤᠷ ᠠᠳᠬᠤᠵᠤ ᠪᠠᠢ᠌ᠭ᠎ᠠ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠂ ᠬᠠᠮᠲᠤ᠎ᠪᠠᠷ ᠠᠩᠬᠠᠷᠴᠠᠭ᠋ᠠᠶ᠎ᠠ!

    ᠤᠷᠲᠤ ᠬᠤᠭᠤᠴᠠᠭ᠎ᠠ᠎ᠪᠠᠷ ᠪᠢᠲᠡᠭᠦᠮᠵᠢᠯᠡᠨ ᠡᠵᠡᠮᠳᠡᠬᠦ ᠪᠠᠢ᠌ᠳᠠᠯ᠎ᠢ ᠡᠷᠬᠡᠪᠰᠢ ᠵᠠᠯᠠᠷᠠᠭᠤᠯᠬᠤ ᠪᠠ ᠵᠠᠢ᠌ᠯᠠᠰᠬᠢᠬᠦ ᠬᠡᠷᠡᠭᠲᠡᠢ
    ᠤᠷᠳᠤ ᠬᠤᠭᠤᠴᠠᠭ᠎ᠠ᠎ᠪᠠᠷ ᠪᠢᠲᠡᠭᠦᠮᠵᠢᠯᠡᠨ ᠡᠵᠡᠮᠳᠡᠬᠦ᠎ᠨᠢ ᠠᠷᠠᠳ ᠤᠯᠠᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠲᠤᠢ᠌ᠯ᠎ᠤᠨ ᠶᠡᠬᠡ᠎ᠪᠠᠷ ᠨᠥᠯᠥᠭᠡᠯᠡᠬᠦ᠎ᠪᠠᠷ ᠪᠠᠷᠠᠬᠤ ᠦᠭᠡᠢ ᠠᠮᠠᠷᠬᠠᠨ ᠪᠤᠬᠢᠨᠢᠳᠤᠬᠤ ᠰᠡᠳᠬᠢᠯᠭᠡ ᠵᠢ ᠡᠭᠦᠰᠬᠡᠵᠦ᠂ ᠠᠮᠢᠳᠤᠷᠠᠯ᠎ᠤᠨ ᠬᠦᠴᠢᠷᠳᠡᠯ᠎ᠢ ᠪᠤᠢ ᠪᠣᠯᠭ᠋ᠠᠳᠠᠭ᠃ ᠡᠢ᠌ᠮᠦᠷᠬᠦᠦ ᠪᠠᠢ᠌ᠳᠠᠯ᠎ᠢ ᠡᠷᠬᠡᠪᠰᠢ ᠵᠠᠯᠠᠷᠠᠭᠤᠯᠬᠤ ᠪᠠ ᠵᠠᠢ᠌ᠯᠠᠰᠬᠢᠬᠦ ᠬᠡᠷᠡᠭᠲᠡᠢ᠃ ᠡᠢ᠌ᠮᠦ᠎ᠠᠴᠠ᠂ ᠡᠯ᠎ᠡ ᠭᠠᠵᠠᠷ᠎ᠤᠨ᠎ᠬᠢᠨ ᠥᠨᠳᠥᠷ ᠳᠣᠣᠷ᠎ᠠ ᠳᠡᠰ᠎ᠤᠨ ᠲᠦᠭᠰᠢᠭᠦᠷᠢᠲᠦ ᠣᠷᠣᠨ᠎ᠢ ᠬᠤᠪᠢᠶᠠᠷᠢᠯᠠᠬᠤ ᠪᠠᠷᠢᠮᠵᠢᠶ᠎ᠠ ᠵᠢᠨ ᠪᠣᠯᠪᠠᠰᠤᠷᠠᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠲᠦᠭᠰᠢᠭᠦᠷᠢᠲᠦ ᠣᠷᠣᠨ᠎ᠢ ᠬᠤᠪᠢᠶᠠᠷᠢᠯᠠᠨ ᠲᠣᠭᠲᠠᠭ᠋ᠠᠬᠤ ᠪᠠ ᠬᠠᠮᠢᠶᠠᠷᠬᠤ ᠵᠢ ᠵᠣᠬᠢᠶᠠᠨ ᠪᠠᠢ᠌ᠭᠤᠯᠤᠨ ᠰᠠᠢ᠌ᠲᠤᠷ ᠬᠢᠵᠦ᠂ ᠵᠠᠷᠴᠢᠮ ᠳᠡᠭᠡᠷ᠎ᠡ᠎ᠪᠠᠨ ᠥᠨᠳᠥᠷ ᠳᠡᠰ᠎ᠤᠨ ᠲᠦᠭᠰᠢᠭᠦᠷᠢᠲᠦ ᠣᠷᠣᠨ᠎ᠢ ᠡᠩ᠎ᠤᠨ ᠪᠠᠢ᠌ᠳᠠᠯ᠎ᠳᠤ ᠣᠷᠣᠴᠠ᠂ ᠠᠰᠠᠷ ᠵᠶ᠋ᠠᠷ ᠨᠢᠭᠡᠴᠢ ᠪᠣᠯᠭ᠋ᠠᠨ ᠬᠤᠪᠢᠶᠠᠷᠢᠯᠠᠨ ᠲᠣᠭᠲᠠᠭ᠋ᠠᠬᠤ ᠬᠡᠷᠡᠭᠲᠡᠢ᠂ ᠳᠤᠷ᠎ᠠ᠎ᠪᠠᠷ ᠵᠶ᠋ᠠᠨ ᠥᠷᠭᠡᠳᠬᠡᠵᠦ ᠪᠣᠯᠬᠤ ᠦᠭᠡᠢ᠃ ᠬᠢᠵᠢᠭ᠎ᠤᠨ ᠪᠠᠢ᠌ᠳᠠᠯ᠎ᠤᠨ ᠬᠠᠯᠳᠠᠪᠤᠷᠢᠯᠠᠬᠤ ᠲᠦᠭᠰᠢᠭᠦᠷᠢ᠎ᠨᠢ ᠲᠣᠳᠣᠷᠬᠠᠢ ᠦᠭᠡᠢ ᠪᠤᠶᠤ ᠨᠡᠢ᠌ᠭᠡᠮ ᠲᠣᠭᠣᠷᠢᠭ᠎ᠲᠤ ᠥᠷᠭᠡᠨ ᠵᠶ᠋ᠡᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠢ᠌ᠭ᠎ᠠ ᠪᠠᠢ᠌ᠳᠠᠯ ᠳᠣᠣᠷ᠎ᠠ᠂ ᠥᠨᠳᠥᠷ ᠳᠡᠰ᠎ᠤᠨ ᠲᠦᠭᠰᠢᠭᠦᠷᠢᠲᠦ ᠣᠷᠣᠨ᠎ᠤ ᠬᠤᠪᠢᠶᠠᠷᠢᠯᠠᠨ ᠲᠣᠭᠲᠠᠭ᠋ᠠᠬᠤ ᠬᠡᠪᠴᠢᠶ᠎ᠡ ᠵᠢ ᠵᠣᠬᠢᠬᠤ ᠬᠡᠮᠵᠢᠶ᠎ᠡ᠎ᠪᠠᠷ ᠥᠷᠭᠡᠳᠬᠡᠵᠦ ᠪᠣᠯᠣᠨ᠎ᠠ᠂ ᠭᠡᠬᠦ᠎ᠳᠤ᠎ᠪᠠᠨ ᠴᠠᠭ ᠲᠤᠬᠠᠢ᠎ᠳᠤ᠎ᠨᠢ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ ᠪᠠ ᠬᠢᠵᠢᠭ᠎ᠤᠨ ᠪᠠᠢ᠌ᠳᠠᠯ᠎ᠢ ᠰᠤᠳᠤᠯᠤᠨ ᠮᠠᠭ᠋ᠠᠳᠯᠠᠬᠤ᠎ᠪᠠᠷ ᠳᠠᠮᠵᠢᠭᠤᠯᠤᠨ᠂ ᠲᠦᠷᠭᠡᠨ ᠪᠢᠲᠡᠭᠦᠮᠵᠢᠯᠡᠵᠦ ᠲᠦᠷᠭᠡᠨ ᠲᠠᠢ᠌ᠯᠬᠤ ᠬᠡᠷᠡᠭᠲᠡᠢ᠃ ᠲᠦᠭᠰᠢᠭᠦᠷᠢᠲᠦ ᠬᠥᠮᠥᠰ᠎ᠢ ᠮᠠᠭ᠋ᠠᠳᠯᠠᠨ ᠲᠣᠭᠲᠠᠭ᠋ᠠᠬᠤ᠎ᠳᠤ᠎ᠪᠠᠨ ᠲᠤᠬᠠᠢ ᠵᠢᠨ ᠲᠠᠯᠠᠪᠤᠷ᠎ᠤᠨ ᠬᠠᠯᠳᠠᠪᠤᠷᠢᠲᠦ ᠡᠪᠡᠳᠴᠢᠨ᠎ᠤ ᠪᠠᠢ᠌ᠴᠠᠭ᠋ᠠᠯᠲᠠ᠎ᠪᠠᠷ ᠦᠨᠳᠦᠰᠦᠯᠡᠯ ᠪᠣᠯᠭ᠋ᠠᠬᠤ ᠬᠡᠷᠡᠭᠲᠡᠢ᠂ ᠴᠠᠭ ᠬᠤᠭᠤᠴᠠᠭ᠎ᠠ ᠪᠠ ᠣᠷᠣᠨ ᠵᠠᠢ ᠵᠢᠨ ᠳᠠᠭ᠋ᠠᠯᠲᠠ᠎ᠪᠠᠷ ᠳᠠᠮᠵᠢᠭᠤᠯᠤᠨ ᠬᠡᠪᠴᠢᠶ᠎ᠡ ᠵᠢ᠎ᠨᠢ ᠥᠷᠭᠡᠳᠬᠡᠵᠦ᠂ ᠶᠡᠬᠡ ᠬᠡᠪᠴᠢᠶ᠎ᠡ᠎ᠪᠠᠷ 《ᠡᠨᠳᠡᠭᠦᠷᠡᠨ ᠪᠢᠲᠡᠭᠦᠮᠵᠢᠯᠡᠵᠦ》 ᠪᠣᠯᠬᠤ ᠦᠭᠡᠢ᠃ ᠬᠢᠵᠢᠭ᠎ᠤᠨ ᠪᠠᠢ᠌ᠳᠠᠯ᠎ᠠᠴᠠ ᠪᠣᠯᠵᠤ ᠣᠯᠠᠨ ᠲᠦᠮᠡᠨ᠎ᠳᠤ ᠶᠠᠷᠰᠢᠭ ᠲᠦᠪᠡᠭ ᠤᠴᠠᠷᠠᠭᠤᠯᠬᠤ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠢ᠃ ᠥᠨᠳᠥᠷ ᠳᠡᠰ᠎ᠤᠨ ᠲᠦᠭᠰᠢᠭᠦᠷᠢᠲᠦ ᠣᠷᠣᠨ᠎ᠢ ᠴᠢᠩᠭ᠎ᠠ ᠬᠠᠮᠢᠶᠠᠷᠤᠨ ᠡᠵᠡᠮᠳᠡᠵᠦ᠂ 《ᠭᠡᠷ᠎ᠠᠴᠠ᠎ᠪᠠᠨ ᠭᠠᠷᠬᠤ ᠦᠭᠡᠢ》 ᠪᠠᠢ᠌ᠬᠤ ᠵᠢ ᠪᠡᠶᠡᠯᠡᠭᠦᠯᠬᠦ᠎ᠪᠠᠷ ᠪᠠᠷᠠᠬᠤ ᠦᠭᠡᠢ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠣᠯᠠᠨ ᠲᠦᠮᠡᠨ᠎ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃ ᠡᠭᠦᠨ᠎ᠤ ᠵᠡᠷᠭᠡ᠎ᠳᠤ᠂ ᠪᠢᠲᠡᠭᠦᠮᠵᠢᠯᠡᠨ ᠡᠵᠡᠮᠳᠡᠬᠦ ᠪᠠ ᠲᠤᠰᠠᠭ᠋ᠠᠷᠯᠠᠬᠤ ᠬᠥᠮᠥᠰ᠎ᠢ ᠬᠥᠲᠥᠯᠥᠨ ᠵᠢᠯᠤᠭᠣᠳᠬᠤ ᠠᠵᠢᠯ᠎ᠢ ᠰᠠᠢ᠌ᠲᠤᠷ ᠬᠢᠵᠦ᠂ ᠬᠥᠭᠰᠢᠨ ᠪᠠᠭᠤᠷᠠᠢ ᠡᠪᠡᠳᠴᠢᠨ᠎ᠲᠠᠢ ᠵᠡᠮᠳᠡᠭ ᠵᠢᠷᠮᠦᠰᠦᠨ ᠵᠡᠷᠭᠡ ᠣᠨᠴᠠᠭ᠋ᠠᠶ ᠬᠥᠮᠥᠰ᠎ᠢ ᠬᠠᠯᠠᠮᠵᠢᠯᠠᠨ ᠬᠠᠪᠰᠤᠷᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠷᠠᠳ ᠣᠯᠠᠨ᠎ᠤ ᠪᠣᠳᠠᠲᠠᠢ ᠬᠦᠴᠢᠷᠳᠡᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃

    ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ ᠡᠯ᠎ᠡ ᠲᠥᠷᠥᠯ᠎ᠤᠨ ᠦᠢᠯᠡ ᠠᠵᠢᠯᠯᠠᠭ᠎ᠠ ᠵᠢ ᠵᠠᠷᠯᠠᠨ ᠨᠡᠢ᠌ᠲᠡᠯᠡᠬᠦ᠂ ᠢᠯᠡ᠎ᠪᠠᠷ ᠢᠯᠡᠴᠢᠯᠡᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ
    ᠣᠳᠣᠬᠠᠨ᠎ᠳᠤ ᠪᠥᠬᠥ ᠤᠯᠤᠰ᠎ᠤᠨ ᠬᠢᠵᠢᠭ᠎ᠤᠨ ᠪᠠᠢ᠌ᠳᠠᠯ ᠶᠡᠷᠦᠩᠬᠡᠢ᠎ᠳᠤ᠎ᠪᠠᠨ ᠨᠡᠯᠢᠶᠡᠳ ᠲᠦᠷᠭᠡᠨ ᠥᠷᠪᠢᠰᠬᠦ ᠬᠠᠨᠳᠤᠰᠢ᠎ᠲᠠᠢ ᠪᠣᠯᠵᠤ᠂ ᠬᠢᠵᠢᠭ᠎ᠤᠨ ᠪᠠᠢ᠌ᠳᠠᠯ᠎ᠤᠨ ᠬᠠᠮᠤᠷᠬᠤ ᠬᠡᠪᠴᠢᠶ᠎ᠡ ᠥᠷᠭᠡᠳᠴᠦ᠂ ᠬᠡᠰᠡᠭ ᠭᠠᠵᠠᠷ ᠣᠷᠣᠨ᠎ᠳᠤ ᠬᠢᠵᠢᠭ᠎ᠤᠨ ᠪᠠᠢ᠌ᠳᠠᠯ᠎ᠤᠨ ᠬᠡᠪᠴᠢᠶᠡᠵᠢᠯ᠎ᠤᠨ ᠴᠢᠨᠠᠷᠲᠠᠢ ᠳᠠᠬᠢᠨ ᠨᠡᠮᠡᠭᠳᠡᠬᠦ ᠠᠶᠤᠯ ᠲᠦᠭᠰᠢᠭᠦᠷᠢ ᠢᠯᠡᠷᠡᠵᠦ᠂ ᠵᠠᠷᠢᠮ ᠭᠠᠵᠠᠷ ᠣᠷᠣᠨ᠎ᠳᠤ ᠭᠤᠷᠪᠠᠨ ᠵᠢᠯ᠎ᠤᠨ ᠲᠤᠷᠰᠢᠬᠢ ᠬᠠᠮᠤᠭ᠎ᠤᠨ ᠪᠤᠳᠤᠯᠢᠶᠠᠨᠲᠠᠢ᠂ ᠬᠠᠮᠤᠭ᠎ᠤᠨ ᠬᠦᠨᠳᠦ ᠨᠣᠴᠢᠲᠠᠢ ᠪᠠᠢ᠌ᠳᠠᠯ᠎ᠳᠤ ᠲᠤᠯᠭ᠋ᠠᠷᠠᠵᠤ ᠪᠠᠢ᠌ᠨ᠎ᠠ᠃
    ᠤᠯᠤᠰ᠎ᠤᠨ 《ᠶᠢᠰᠦ ᠵᠢ ᠥᠯᠥ ᠵᠥᠪᠰᠢᠶᠡᠷᠡᠬᠦ》 ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ᠎ᠤ ᠪᠠᠢ᠌ᠳᠠᠯ ᠵᠶ᠋ᠠᠷ ᠳᠡᠮᠵᠢᠨ ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ ᠣᠯᠠᠨ ᠲᠦᠮᠡᠨ᠎ᠤ ᠲᠤᠰᠬᠠᠭᠰᠠᠨ ᠭᠣᠣᠯ ᠠᠰᠠᠭᠤᠳᠠᠯ᠎ᠳᠤ ᠡᠨᠡ ᠬᠡᠳᠦᠨ ᠲᠠᠯ᠎ᠠ ᠪᠠᠭᠲᠠᠨ᠎ᠠ᠄ ᠨᠢᠭᠡ᠎ᠳᠤ᠂ ᠵᠠᠷᠢᠮ ᠭᠠᠵᠠᠷ ᠣᠷᠣᠨ᠎ᠤ ᠠᠪᠤᠭᠰᠠᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠎ᠨᠢ ᠣᠨᠣᠪᠴᠢᠲᠠᠶ ᠪᠢᠰᠢ ᠪᠠᠢ᠌ᠵᠤ᠂ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠨᠡᠯᠢᠶᠡᠳ ᠶᠡᠬᠡ ᠨᠥᠯᠥᠭᠡ ᠦᠵᠡᠭᠦᠯᠵᠦ ᠪᠠᠢ᠌ᠬᠤ ᠮᠥᠷᠲᠡᠭᠡᠨ ᠤᠯᠤᠰ᠎ᠤᠨ ᠲᠥᠷᠥ ᠵᠢᠨ ᠪᠣᠳᠣᠯᠭ᠎ᠠ᠎ᠲᠠᠢ ᠨᠡᠶ᠋ᠢᠴᠡᠬᠦ ᠦᠭᠡᠢ ᠪᠠᠢ᠌ᠨ᠎ᠠ; ᠬᠣᠶᠠᠷ᠎ᠲᠤ᠂ ᠣᠨᠴᠠ ᠵᠠᠷᠢᠮ ᠦᠨᠳᠦᠰᠦᠨ ᠱᠠᠲᠤᠨ᠎ᠤ ᠠᠵᠢᠯᠲᠠᠨ᠎ᠤ ᠠᠵᠢᠯᠯᠠᠬᠤ ᠠᠷᠭ᠎ᠠ᠎ᠨᠢ ᠲᠠᠩ ᠴᠤᠯᠭᠤᠢ᠂ ᠣᠪᠣᠷ᠎ᠨᠢ ᠮᠠᠭᠤ᠂ ᠬᠦᠯᠢᠴᠡᠩᠭᠦᠢ ᠪᠤᠰᠤ᠂ ᠤᠯᠠᠨ ᠲᠦᠮᠡᠨ᠎ᠲᠠᠢ ᠨᠡᠪᠲᠡᠷᠡᠯᠴᠡᠬᠦ᠎ᠨᠢ ᠰᠢᠯᠤᠭᠤᠨ ᠪᠢᠰᠢ᠂ ᠵᠥᠷᠢᠴᠡᠯ᠎ᠢ ᠠᠮᠠᠷᠬᠠᠨ ᠬᠤᠷᠴᠠᠳᠬᠠᠵᠤ ᠪᠠᠢ᠌ᠨ᠎ᠠ; ᠭᠤᠷᠪᠠ᠎ᠳᠤ᠂ ᠴᠥᠭᠡᠨ ᠲᠣᠭ᠋ᠠᠨ᠎ᠤ ᠭᠠᠵᠠᠷ ᠣᠷᠣᠨ᠎ᠤ ᠬᠢᠵᠢᠭ᠎ᠲᠤ ᠬᠣᠯᠪᠣᠭᠳᠠᠭᠰᠠᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠪᠦᠷᠢᠨ ᠭᠦᠢ᠍ᠴᠡᠳ ᠨᠡᠢ᠌ᠲᠡᠯᠡᠭᠰᠡᠨ ᠦᠭᠡᠢ᠎ᠠᠴᠠ ᠪᠣᠯᠵᠤ ᠤᠯᠠᠨ ᠲᠦᠮᠡᠨ᠎ᠳᠤ ᠠᠮᠠᠷᠬᠠᠨ ᠡ᠊ᠨᠳᠡᠭᠦᠦ ᠣᠢ᠌ᠯᠠᠭ᠋ᠠᠯᠲᠠ ᠥᠭᠴᠦ ᠪᠠᠢ᠌ᠨ᠎ᠠ᠃
    ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ ᠵᠢ ᠴᠡᠭᠴᠡᠯᠡᠨ ᠵᠠᠰᠠᠵᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠡᠷᠬᠡᠪᠰᠢ ᠬᠠᠷᠢᠶ᠎ᠠ ᠣᠷᠣᠨ᠎ᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠤᠯᠤᠰ᠎ᠤᠨ ᠰᠡᠷᠭᠡᠢ᠌ᠯᠡᠨ ᠡᠵᠡᠮᠳᠡᠬᠦ ᠨᠢᠭᠡᠳᠦᠯᠲᠡᠢ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠳᠤᠷ᠎ᠠ᠎ᠪᠠᠷ ᠰᠤᠷᠭ᠋ᠠᠭᠤᠯᠢ ᠵᠢ ᠪᠢᠲᠡᠭᠦᠮᠵᠢᠯᠡᠨ ᠬᠢᠴᠢᠶᠡᠯ᠎ᠢ ᠵᠣᠭᠰᠤᠭ᠋ᠠᠬᠤ᠂ ᠠᠵᠢᠯ᠎ᠢ ᠵᠣᠭᠰᠣᠭ᠋ᠠᠵᠤ ᠦᠢ᠍ᠯᠡᠳᠪᠦᠷᠢᠯᠡᠯ᠎ᠢ ᠵᠣᠭᠰᠤᠭ᠋ᠠᠬᠤ᠂ ᠪᠠᠰᠠ ᠵᠥᠪᠰᠢᠶᠡᠷᠡᠯ ᠦᠭᠡᠢ᠎ᠪᠠᠷ ᠵᠠᠮ ᠬᠠᠷᠢᠯᠴᠠᠭ᠎ᠠ ᠵᠢ ᠲᠠᠰᠤᠯᠬᠤ᠂ ᠳᠤᠷ᠎ᠠ᠎ᠪᠠᠷ 《ᠲᠣᠭᠲᠠᠩᠭᠤᠢ》 ᠬᠠᠮᠢᠶᠠᠷᠤᠯᠲᠠ ᠶᠠᠪᠤᠭᠤᠯᠬᠤ᠂ ᠳᠤᠷ᠎ᠠ᠎ᠪᠠᠷ ᠪᠢᠲᠡᠭᠦᠮᠵᠢᠯᠡᠨ ᠡᠵᠡᠮᠳᠡᠬᠦ᠂ ᠣᠷᠳᠣ ᠬᠤᠭᠤᠴᠠᠭ᠎ᠠ᠎ᠪᠠᠷ ᠪᠢᠲᠡᠭᠦᠮᠵᠢᠯᠡᠯ᠎ᠢ ᠲᠠᠢ᠌ᠯᠬᠤ ᠦᠭᠡᠢ᠂ ᠳᠤᠷ᠎ᠠ᠎ᠪᠠᠷ ᠡᠮᠴᠢᠯᠡᠭᠡ ᠵᠢ ᠵᠣᠭᠰᠤᠭ᠋ᠠᠬᠤ ᠵᠡᠷᠭᠡ ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ ᠡᠯ᠎ᠡ ᠲᠥᠷᠥᠯ᠎ᠤᠨ ᠦᠢᠯᠡ ᠠᠵᠢᠯᠯᠠᠭ᠎ᠠ ᠵᠢ ᠵᠠᠷᠯᠠᠨ ᠮᠡᠳᠡᠭᠳᠡᠬᠦ᠂ ᠢᠯᠡ᠎ᠪᠠᠷ ᠢᠯᠡᠴᠢᠯᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭ᠋ᠠᠭᠰᠠᠨ ᠪᠠᠢ᠌ᠪᠠᠯ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃

    ᠪᠥᠭᠡᠮ ᠬᠦᠴᠢᠯ᠎ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ᠎ᠢ ᠣᠨᠴᠠᠭ᠋ᠠᠢ᠌ᠯᠠᠨ ᠠᠩᠬᠠᠷᠬᠤ ᠬᠡᠷᠡᠭᠲᠡᠢ
    ᠵᠠᠷᠢᠮ ᠭᠠᠵᠠᠷ᠎ᠤᠨ᠎ᠬᠢᠨ ᠠᠳᠠᠯᠢ ᠪᠤᠰᠤ ᠬᠡᠯᠪᠡᠷᠢ᠎ᠪᠠᠷ ᠪᠥᠭᠡᠮ ᠬᠦᠴᠢᠯ᠎ᠢ ᠥᠪᠡᠰᠦᠪᠡᠨ ᠴᠤᠭᠯᠠᠭᠤᠯᠬᠤ ᠠᠵᠢᠯ᠎ᠢ ᠥᠷᠨᠢᠭᠦᠯᠬᠦ᠎ᠪᠠᠷ ᠲᠤᠷᠰᠢᠵᠤ ᠪᠠᠢ᠌ᠨ᠎ᠠ᠂ ᠭᠡᠪᠡᠴᠦ ᠪᠥᠭᠡᠮ ᠬᠦᠴᠢᠯ᠎ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ᠎ᠢ ᠣᠨᠴᠠᠭ᠋ᠠᠢ᠌ᠯᠠᠨ ᠠᠩᠬᠠᠷᠴᠤ᠂ ᠪᠦᠷᠢᠨ ᠲᠡᠭᠦᠯᠳᠡᠷ ᠬᠡᠷᠡᠭᠵᠢᠭᠦᠯᠬᠦ ᠲᠥᠰᠥᠯ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠵᠦ᠂ ᠮᠡᠷᠭᠡᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠤᠴᠢᠷ᠎ᠨᠢ ᠦᠯᠢᠭᠡᠷ ᠠᠪᠬᠤ ᠵᠢᠨ ᠶᠠᠰᠤ ᠴᠢᠨᠠᠷ᠎ᠤᠨ ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ ᠲᠤᠢ᠌ᠯ᠎ᠤᠨ ᠴᠢᠬᠤᠯᠠ ᠶᠤᠮ᠂ ᠡᠢ᠌ᠮᠦ᠎ᠠᠴᠠ ᠪᠥᠭᠡᠮ ᠬᠦᠴᠢᠯ᠎ᠢ ᠥᠪᠡᠰᠦᠪᠡᠨ ᠴᠤᠭᠯᠠᠭᠤᠯᠬᠤ᠎ᠳᠤ ᠴᠤ᠌ ᠦᠯᠢᠭᠡᠷ ᠠᠪᠬᠤ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ᠃

    ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ᠎ᠤ ᠬᠤᠪᠢᠰᠤᠭᠰᠠᠨ ᠰᠠᠯᠪᠤᠷᠢ ᠵᠢᠨ ᠡᠪᠡᠳᠴᠢᠯᠡᠭᠦᠯᠬᠦ ᠬᠦᠴᠦᠨ ᠪᠠ ᠬᠣᠣᠷᠲᠤ ᠴᠢᠨᠠᠷ᠎ᠨᠢ ᠠᠩᠬᠠᠨ᠎ᠤ ᠸᠢᠷᠦ᠋ᠰ ᠪᠠ ᠳ᠋ᠸᠯᠲ᠋ᠠ ᠵᠡᠷᠭᠡ ᠣᠨᠳᠣᠣᠰᠢᠭᠰᠠᠨ ᠸᠢᠷᠦ᠋ᠰ᠎ᠲᠠᠢ ᠬᠠᠷᠢᠴᠠᠭᠤᠯᠪᠠᠯ ᠢᠯᠡᠳᠲᠡ ᠪᠠᠭᠤᠷᠠᠵᠠᠢ
    ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠬᠢᠨᠠᠨ ᠰᠢᠨᠵᠢᠯᠡᠭᠰᠡᠨ ᠲᠣᠭ᠎ᠠ ᠪᠠᠷᠢᠮᠲᠠ ᠵᠢᠨ ᠭᠡᠷᠡᠴᠢᠯᠡᠭᠰᠡᠨ ᠵᠶ᠋ᠡᠷ᠂ ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ᠎ᠤ ᠰᠠᠯᠪᠤᠷᠢᠯᠠᠨ ᠬᠤᠪᠢᠰᠤᠭᠰᠠᠨ BA.1᠂ BA.2᠂ BA.5᠂ BF.7᠂ BQ.1 ᠪᠠ ᠳᠠᠬᠢᠨ ᠨᠡᠢ᠌ᠯᠡᠭᠰᠡᠨ ᠴᠣᠭᠴᠠ XBB ᠵᠢᠨ ᠡᠪᠡᠳᠴᠢᠯᠡᠭᠦᠯᠬᠦ         ᠬᠦᠴᠦᠨ ᠪᠠ ᠬᠣᠣᠷᠲᠤ ᠴᠢᠨᠠᠷ᠎ᠨᠢ ᠠᠩᠬᠠᠨ᠎ᠤ ᠸᠢᠷᠦ᠋ᠰ ᠪᠠ ᠳ᠋ᠸᠯᠲ᠋ᠠ ᠵᠡᠷᠭᠡ ᠣᠨᠳᠣᠣᠰᠢᠭᠰᠠᠨ ᠸᠢᠷᠦ᠋ᠰ᠎ᠲᠠᠢ ᠬᠠᠷᠢᠴᠠᠭᠤᠯᠪᠠᠯ ᠢᠯᠡᠳᠲᠡ ᠪᠠᠭᠤᠷᠠᠭᠰᠠᠨ ᠪᠠᠢ᠌ᠨ᠎ᠠ᠃ ᠤᠯᠤᠰ᠎ᠤᠨ ᠭᠠᠳᠠᠭ᠋ᠠᠳᠤ ᠵᠢᠨ ᠰᠤᠳᠤᠯᠭ᠋ᠠᠨ᠎ᠠᠴᠠ ᠦᠵᠡᠪᠡᠯ᠂ ᠣᠮᠢᠺᠷᠦᠨ ᠣᠨᠳᠣᠣᠰᠢᠭᠰᠠᠨ ᠸᠢᠷᠦ᠋ᠰ᠎ᠠᠴᠠ ᠪᠣᠯᠤᠭᠰᠠᠨ ᠬᠦᠨᠳᠦ ᠡᠪᠡᠳᠴᠢᠨ᠎ᠳᠤ ᠨᠡᠷᠪᠡᠭᠳᠡᠬᠦ ᠪᠠ ᠦᠬᠦᠬᠦ ᠬᠠᠷᠢᠴᠠᠯ᠎ᠨᠢ ᠠᠩᠬᠠᠨ᠎ᠤ ᠸᠢᠷᠦ᠋ᠰ ᠪᠠ ᠠᠩᠬᠠᠷᠤᠯ ᠲᠠᠯᠪᠢᠵᠤ ᠪᠠᠢ᠌ᠭᠰᠠᠨ ᠣᠨᠳᠣᠣᠰᠢᠭᠰᠠᠨ ᠸᠢᠷᠦ᠋ᠰ᠎ᠠᠴᠠ ᠢᠯᠡᠳᠲᠡ ᠳᠣᠣᠷ᠎ᠠ ᠪᠠᠢ᠌ᠵᠤ᠂ ᠡᠨᠡ᠎ᠨᠢ ᠣᠮᠢᠺᠷᠦᠨ ᠣᠨᠳᠣᠣᠰᠢᠭᠰᠠᠨ ᠸᠢᠷᠦ᠋ᠰ᠎ᠤᠨ ᠣᠨᠴᠠᠯᠢᠭ ᠪᠣᠯᠬᠤ᠎ᠪᠠᠷ ᠪᠠᠷᠠᠬᠤ ᠦᠭᠡᠢ ᠸᠠᠺᠼᠢᠨ᠎ᠤ ᠲᠠᠷᠢᠯᠭ᠎ᠠ ᠵᠢᠨ ᠬᠥᠮᠥᠰ᠎ᠤᠨ ᠡᠭᠡᠯᠢᠯᠡᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠭᠰᠡᠨ ᠪᠠ ᠴᠠᠭ ᠲᠤᠬᠠᠢ᠎ᠳᠤ᠎ᠨᠢ ᠡᠮᠴᠢᠯᠡᠭᠰᠡᠨ ᠵᠡᠷᠭᠡ ᠬᠦᠴᠦᠨ ᠵᠦᠢ᠍ᠯ᠎ᠲᠠᠢ ᠬᠣᠯᠪᠣᠭ᠎ᠠ᠎ᠲᠠᠢ ᠪᠠᠢ᠌ᠵᠤ ᠮᠡᠳᠡᠨ᠎ᠡ᠃ ᠮᠠᠨ᠎ᠤ ᠤᠯᠤᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠠᠴᠠ ᠪᠣᠯᠤᠭᠰᠠᠨ ᠬᠦᠨᠳᠦ ᠡᠪᠡᠳᠴᠢᠨ᠎ᠳᠤ ᠨᠡᠷᠪᠡᠭᠳᠡᠭᠰᠡᠳ ᠵᠢᠴᠢ ᠲᠡᠭᠦᠨ᠎ᠲᠠᠢ ᠬᠣᠯᠪᠣᠭᠳᠠᠬᠤ ᠦᠬᠦᠯ᠎ᠤᠨ ᠨᠣᠷᠮ᠎ᠠ᠎ᠨᠢ ᠨᠡᠯᠢᠶᠡᠳ ᠳᠣᠣᠷ᠎ᠠ ᠲᠦᠪᠰᠢᠨ᠎ᠳᠤ ᠣᠷᠣᠰᠢᠵᠤ ᠪᠠᠢ᠌ᠨ᠎ᠠ᠂ ᠡᠨᠡ᠎ᠨᠢ ᠮᠠᠨ᠎ᠤ ᠢᠳᠡᠪᠬᠢᠲᠡᠢ ᠤᠷᠢᠳᠴᠢᠯᠠᠨ ᠰᠡᠷᠭᠡᠢ᠌ᠯᠡᠬᠦ ᠠᠷᠭ᠎ᠠ ᠪᠣᠳᠣᠯᠭ᠎ᠠ ᠪᠠ ᠴᠢᠨᠠᠷ ᠰᠠᠢ᠌ᠲᠠᠢ ᠠᠪᠤᠷᠠᠨ ᠵᠠᠰᠠᠬᠤ ᠬᠦᠴᠦᠨ᠎ᠢ ᠨᠢᠭᠡᠳᠦᠯᠲᠡᠢ ᠲᠥᠯᠥᠪᠵᠢᠭᠦᠯᠦᠭᠰᠡᠨ᠎ᠲᠠᠢ ᠬᠣᠯᠪᠣᠭ᠎ᠠ᠎ᠲᠠᠢ ᠶᠤᠮ᠃ ᠬᠢᠲᠠᠳ ᠡᠮ ᠡᠮᠨᠡᠯᠭᠡ᠎ᠨᠢ ᠪᠠᠰᠠ ᠢᠳᠡᠪᠬᠢᠲᠡᠢ ᠦᠢ᠍ᠯᠡᠳᠦᠯ ᠭᠠᠷᠭ᠋ᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ᠎ᠲᠠᠢ᠂ ᠥᠨᠳᠥᠷ ᠨᠠᠰᠤᠲᠠᠢ ᠡᠪᠡᠳᠴᠢᠲᠡᠨ ᠪᠠ ᠸᠠᠺᠼᠢᠨ᠎ᠤ ᠲᠠᠷᠢᠯᠭ᠎ᠠ ᠬᠢᠭᠰᠡᠨ ᠦᠭᠡᠢ ᠬᠥᠮᠥᠰ ᠬᠡᠷᠪᠡ ᠣᠮᠢᠺᠷᠦᠨ ᠣᠨᠳᠣᠣᠰᠢᠭᠰᠠᠨ ᠸᠢᠷᠦ᠋ᠰ᠎ᠲᠤ ᠨᠡᠷᠪᠡᠭᠳᠡᠭᠰᠡᠨ᠎ᠤ ᠳᠠᠷᠠᠭ᠎ᠠ ᠮᠥᠨ ᠬᠦ᠌ ᠵᠣᠬᠢᠬᠤ ᠬᠠᠷᠢᠴᠠᠯ ᠵᠶ᠋ᠠᠷ ᠬᠦᠨᠳᠦ ᠡᠪᠡᠳᠴᠢᠨ᠎ᠳᠤ ᠨᠡᠷᠪᠡᠭᠳᠡᠵᠦ ᠮᠡᠳᠡᠨ᠎ᠡ᠃ ᠭᠡᠪᠡᠴᠦ ᠣᠲᠣ ᠵᠢᠨ ᠪᠠᠢ᠌ᠭ᠎ᠠ ᠸᠠᠺᠼᠢᠨ᠎ᠨᠢ ᠣᠮᠢᠺᠷᠦᠨ ᠣᠨᠳᠣᠣᠰᠢᠭᠰᠠᠨ ᠸᠢᠷᠦ᠋ᠰ᠎ᠤᠨ ᠬᠠᠯᠳᠠᠪᠤᠷᠢᠯᠠᠯ᠎ᠠᠴᠠ ᠪᠣᠯᠤᠭᠰᠠᠨ ᠬᠦᠨᠳᠦ ᠡᠪᠡᠳᠴᠢᠨ᠎ᠳᠤ ᠨᠡᠷᠪᠡᠭᠳᠡᠭᠰᠡᠳ ᠪᠠ ᠦᠬᠦᠬᠦ ᠨᠤᠷᠮ᠎ᠠ ᠵᠢ ᠪᠠᠭ᠋ᠠᠰᠬᠠᠬᠤ᠎ᠳᠤ ᠮᠥᠨ ᠨᠡᠯᠢᠶᠡᠳ ᠰᠠᠢ᠌ᠨ ᠦᠢ᠍ᠯᠡᠳᠦᠯ᠎ᠲᠠᠢ ᠶᠤᠮ᠃

    ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠮᠴᠢᠯᠡᠭᠡᠨ᠎ᠤ ᠠᠪᠤᠷᠠᠨ ᠵᠠᠰᠠᠯᠲᠠ ᠵᠢᠨ ᠦᠢ᠍ᠯᠡᠳᠦᠯᠭᠡ᠎ᠠᠴᠠ ᠦᠵᠡᠪᠡᠯ᠂ ᠭᠤᠷᠪᠠᠨ ᠲᠥᠷᠥᠯ᠎ᠤᠨ ᠬᠥᠮᠥᠰ ᠬᠦᠨᠳᠦ ᠡᠪᠡᠳᠴᠢᠨ᠎ᠳᠤ ᠨᠡᠷᠪᠡᠭᠳᠡᠬᠦ ᠬᠠᠨᠳᠤᠰᠢ᠎ᠲᠠᠢ
    ᠨᠢᠭᠡ᠎ᠳᠤ᠂ ᠨᠠᠰᠤᠲᠠᠢ᠌ᠴᠤᠳ᠃ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ ᠪᠣᠯ ᠰᠢᠨ᠎ᠡ ᠲᠢᠲᠢᠮᠯᠢᠭ ᠸᠢᠷᠦ᠋ᠰ᠎ᠲᠤ ᠨᠡᠷᠪᠡᠭᠳᠡᠭᠰᠡᠨ᠎ᠤ ᠳᠠᠷᠠᠭ᠎ᠠ ᠡᠪᠡᠳᠴᠢᠨ᠎ᠨᠢ ᠬᠦᠨᠳᠦᠷᠡᠬᠦ ᠠᠶᠤᠯᠲᠠᠢ ᠬᠥᠮᠥᠰ ᠪᠣᠯᠣᠨ᠎ᠠ᠃ 80 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ ᠪᠣᠯ ᠨᠡᠩ ᠴᠤ᠌ ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠥᠰ ᠪᠣᠯᠣᠨ᠎ᠠ᠃ ᠡᠢ᠌ᠮᠦ᠎ᠠᠴᠠ ᠨᠠᠰᠤᠲᠠᠢ᠌ᠴᠤᠳ᠎ᠲᠠᠢ ᠭᠡᠷ ᠪᠦᠯᠢ ᠪᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠬᠠᠯᠳᠠᠪᠤᠷᠢᠯᠠᠯ᠎ᠤᠨ ᠲᠦᠭᠰᠢᠭᠦᠷᠢ ᠵᠢ ᠨᠠᠩ ᠢᠯᠡᠭᠦᠦ ᠰᠡᠷᠭᠡᠢ᠌ᠯᠡᠬᠦ ᠬᠡᠷᠡᠭᠲᠡᠢ᠃ ᠬᠢᠵᠢᠭ᠎ᠤᠨ ᠪᠠᠢ᠌ᠳᠠᠯ ᠡᠭᠦᠰᠬᠦ ᠦᠶ᠎ᠡ᠎ᠳᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠢ᠌ᠭ᠋ᠠᠳ ᠨᠠᠰᠤᠲᠠᠢ᠌ᠴᠤᠳ᠎ᠤᠨ ᠬᠠᠯᠳᠠᠪᠤᠷᠢᠯᠠᠭᠳᠠᠬᠤ᠎ᠠᠴᠠ ᠰᠡᠷᠭᠡᠢ᠌ᠯᠡᠬᠦ ᠬᠡᠷᠡᠭᠲᠡᠢ᠃ ᠡᠭᠦᠨ᠎ᠤ ᠬᠠᠮᠲᠤ ᠨᠠᠰᠤᠲᠠᠢ᠌ᠴᠤᠳ ᠪᠠᠰᠠ ᠠᠮᠠᠪᠴᠢ ᠵᠡᠭᠦᠬᠦ᠂ ᠭᠠᠷ ᠵᠶ᠋ᠠᠨ ᠰᠠᠢ᠌ᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ ᠵᠡᠷᠭᠡ ᠬᠤᠪᠢ ᠬᠥᠮᠥᠨ᠎ᠤ ᠪᠦᠲᠦᠮᠵᠢᠲᠡᠶ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ᠃
    ᠬᠣᠶᠠᠷ᠎ᠲᠤ᠂ ᠰᠠᠭᠤᠷᠢ ᠴᠢᠨᠠᠷᠲᠠᠢ ᠡᠪᠡᠳᠴᠢᠨ᠎ᠳᠤ ᠨᠡᠷᠪᠡᠭᠳᠡᠭᠰᠡᠳ᠃ ᠡᠮᠴᠢᠯᠡᠭᠡᠨ᠎ᠤ ᠳᠤᠮᠳᠠ᠂ ᠰᠠᠭᠤᠷᠢ ᠴᠢᠨᠠᠷᠲᠠᠢ ᠡᠪᠡᠳᠴᠢᠨ᠎ᠲᠠᠢ᠂ ᠢᠯᠠᠩᠭᠤᠶ᠎ᠠ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠪᠡᠳᠴᠢᠨ᠂ ᠠᠮᠢᠰᠬᠤᠯ᠎ᠤᠨ ᠰᠢᠰᠲ᠋ᠧᠮ᠎ᠤᠨ ᠡᠪᠡᠳᠴᠢᠨ᠂ ᠬᠠᠪᠤᠳᠠᠷ᠂ ᠤᠳᠠᠭ᠋ᠠᠨ ᠴᠢᠨᠠᠷᠲᠠᠢ ᠪᠥᠭᠡᠷᠡᠨ᠎ᠤ ᠠᠵᠢᠯᠯᠠᠭ᠎ᠠ ᠪᠦᠷᠢᠨ ᠪᠤᠰᠤ ᠵᠡᠷᠭᠡ ᠰᠠᠭᠤᠷᠢ ᠴᠢᠨᠠᠷᠲᠠᠢ ᠡᠪᠡᠳᠴᠢᠨ᠎ᠲᠠᠢ ᠬᠥᠮᠥᠰ ᠰᠢᠨ᠎ᠡ ᠲᠢᠲᠢᠮᠯᠢᠭ ᠸᠢᠷᠦ᠋ᠰ᠎ᠲᠤ ᠨᠡᠷᠪᠡᠭᠳᠡᠭᠰᠡᠨ᠎ᠤ ᠳᠠᠷᠠᠭ᠎ᠠ ᠡᠪᠡᠳᠴᠢᠨ᠎ᠨᠢ ᠬᠦᠨᠳᠦᠷᠡᠬᠦ ᠲᠦᠭᠰᠢᠭᠦᠷᠢ᠎ᠨᠢ ᠨᠠᠩ ᠶᠡᠬᠡ ᠪᠠᠢ᠌ᠳᠠᠭ᠃
ᠭᠤᠷᠪᠠ᠎ᠳᠤ᠂ ᠸᠠᠺᠼᠢᠨ᠎ᠤ ᠲᠠᠷᠢᠯᠭ᠎ᠠ ᠬᠢᠭᠰᠡᠨ ᠦᠭᠡᠢ ᠬᠥᠮᠥᠰ᠃ ᠸᠠᠺᠼᠢᠨ᠎ᠤ ᠲᠠᠷᠢᠯᠭ᠎ᠠ᠎ᠨᠢ ᠡᠪᠡᠳᠴᠢᠨ ᠬᠦᠨᠳᠦᠷᠡᠬᠦ ᠪᠠ ᠦᠬᠦᠯ᠎ᠤᠨ ᠲᠦᠭᠰᠢᠭᠦᠷᠢ ᠵᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠃ ᠴᠡᠭᠡᠷᠯᠡᠬᠦ ᠡᠪᠡᠳᠴᠢᠨ ᠦᠭᠡᠢ᠂ ᠲᠠᠷᠢᠯᠭ᠎ᠠ ᠬᠢᠬᠦ ᠨᠥᠬᠥᠴᠡᠯ᠎ᠳᠤ ᠨᠡᠶ᠋ᠢᠴᠡᠬᠦ ᠬᠥᠮᠥᠰ᠂ ᠢᠯᠠᠩᠭᠤᠶ᠎ᠠ ᠨᠠᠰᠤᠲᠠᠢ᠌ᠴᠤᠳ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠲᠦᠷᠭᠡᠬᠡᠨ ᠳᠠᠷᠢᠵᠤ᠂ ᠪᠠᠲᠤᠳᠬᠠᠨ ᠲᠠᠷᠢᠬᠤ ᠨᠥᠬᠥᠴᠡᠯ᠎ᠳᠤ ᠨᠡᠢ᠌ᠴᠡᠪᠡᠯ ᠳᠠᠷᠤᠢ ᠲᠦᠷᠭᠡᠨ ᠪᠠᠲᠤᠳᠬᠠᠬᠤ ᠲᠠᠷᠢᠯᠭ᠎ᠠ ᠵᠢ ᠲᠠᠷᠢᠬᠤ ᠵᠢ ᠰᠠᠨᠠᠭᠤᠯᠬᠤ ᠬᠡᠷᠡᠭᠲᠡᠢ᠃

    ᠬᠤᠪᠢ ᠬᠥᠮᠥᠨ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠬᠦ ᠦᠶ᠎ᠡ ᠵᠢᠨ ᠬᠠᠯᠳᠠᠪᠤᠷᠢᠯᠠᠯ᠎ᠤᠨ ᠲᠦᠭᠰᠢᠭᠦᠷᠢ᠎ᠠᠴᠠ ᠬᠡᠷᠬᠢᠨ ᠵᠠᠢ᠌ᠯᠠᠰᠬᠢᠬᠦ ᠪᠣᠶ?
    ᠬᠤᠪᠢ ᠬᠥᠮᠥᠨ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠬᠦ ᠶᠠᠪᠤᠴᠠ᠎ᠳᠤ ᠠᠮᠠᠪᠴᠢ᠎ᠪᠠᠨ ᠰᠠᠢ᠌ᠲᠤᠷ ᠵᠡᠭᠦᠬᠦ ᠵᠢ ᠵᠢᠷᠤᠮᠵᠢᠭᠤᠯᠵᠤ᠂ ᠴᠤᠭᠯᠠᠷᠠᠬᠤ ᠦᠭᠡᠢ ᠪᠠᠢ᠌ᠬᠤ ᠵᠢᠨ ᠬᠠᠮᠲᠤ ᠡᠮᠦᠨ᠎ᠡ ᠬᠣᠢ᠌ᠨᠠᠬᠢ ᠬᠥᠮᠥᠰ᠎ᠲᠠᠢ᠎ᠪᠠᠨ ᠨᠢᠭᠡ ᠮᠧᠲᠷ᠎ᠠᠴᠠ ᠳᠡᠭᠡᠭᠰᠢ ᠵᠠᠢ ᠵᠢ ᠪᠠᠲᠤᠯᠠᠵᠤ᠂ ᠲᠤᠬᠠᠢ ᠵᠢᠨ ᠲᠠᠯᠠᠪᠤᠷ᠎ᠤᠨ ᠠᠵᠢᠯᠲᠠᠨ᠎ᠤ ᠵᠢᠯᠣᠭᠣᠳᠤᠯᠭ᠎ᠠ ᠵᠢ ᠤᠬᠠᠮᠰᠠᠷ᠎ᠠᠴᠠ᠎ᠪᠠᠨ ᠳᠠᠭ᠋ᠠᠬᠤ ᠬᠡᠷᠡᠭᠲᠡᠢ᠃ ᠦᠯᠢᠭᠡᠷ ᠠᠪᠬᠤ ᠶᠠᠪᠤᠴᠠ᠎ᠳᠤ ᠡᠮᠦᠨᠡᠬᠢ ᠬᠥᠮᠥᠨ ᠶᠠᠪᠤᠭᠰᠠᠨ᠎ᠤ ᠳᠠᠷᠠᠭ᠎ᠠ ᠦᠯᠢᠭᠡᠷ ᠠᠪᠤᠭᠴᠢ ᠭᠠᠷ ᠵᠶ᠋ᠡᠨ ᠰᠠᠢ᠌ᠲᠤᠷ ᠠᠷᠢᠭᠤᠳᠬᠠᠭᠰᠠᠨ᠎ᠤ ᠳᠠᠷᠠᠭ᠎ᠠ ᠰᠠᠶᠢ ᠤᠷᠤᠭᠰᠢ᠎ᠪᠠᠨ ᠣᠴᠢᠵᠤ ᠥᠯᠢᠭᠡᠷ ᠠᠪᠤᠭᠤᠯᠬᠤ ᠬᠡᠷᠡᠭᠲᠡᠢ᠃ ᠡᠭᠦᠨ᠎ᠤ ᠬᠠᠮᠲᠤ᠂ ᠦᠯᠢᠭᠡᠷ ᠠᠪᠬᠤ ᠦᠶ᠎ᠡ᠎ᠳᠤ᠂ ᠦᠯᠢᠭᠡᠷ ᠠᠪᠤᠭᠤᠯᠤᠭᠴᠢ ᠦᠯᠢᠭᠡᠷ ᠠᠪᠬᠤ ᠲᠠᠪᠴᠠᠩ ᠳᠡᠭᠡᠷᠡᠬᠢ ᠶᠠᠮᠠᠷ ᠴᠤ᠌ ᠶᠠᠭᠤᠮ᠎ᠠ ᠵᠢ ᠬᠥᠨᠳᠡᠵᠦ ᠪᠣᠯᠬᠤ ᠦᠭᠡᠢ᠂ ᠦᠯᠢᠭᠡᠷ ᠠᠪᠤᠭᠤᠯᠤᠭᠰᠠᠨ᠎ᠤ ᠳᠠᠷᠠᠭ᠎ᠠ ᠪᠠᠰᠠ ᠠᠮᠠᠪᠴᠢ᠎ᠪᠠᠨ ᠲᠦᠷᠭᠡᠨ ᠵᠡᠭᠦᠵᠦ᠂ ᠦᠯᠢᠭᠡᠷ ᠠᠪᠬᠤ ᠲᠠᠯᠠᠪᠤᠷ᠎ᠠᠴᠠ ᠲᠦᠷᠭᠡᠨ ᠵᠠᠢ᠌ᠯᠠᠬᠤ ᠬᠡᠷᠡᠭᠲᠡᠢ᠃

    ᠬᠤᠳᠠᠯ ᠬᠠᠭᠤᠷᠮᠠᠭ ᠪᠥᠭᠡᠮ ᠬᠦᠴᠢᠯ᠎ᠤᠨ ᠪᠠᠢ᠌ᠴᠠᠭ᠋ᠯᠲᠡ ᠵᠢᠨ ᠮᠡᠳᠡᠭᠦᠯᠦᠯᠲᠡ ᠭᠠᠷᠭ᠋ᠠᠭᠰᠠᠨ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠡᠷᠡᠰ ᠴᠢᠩᠭ᠎ᠠ ᠰᠢᠢ᠍ᠳᠪᠦᠷᠢᠯᠡᠨ᠎ᠡ
    ᠪᠥᠭᠡᠮ ᠬᠦᠴᠢᠯ᠎ᠤᠨ ᠪᠠᠢ᠌ᠴᠠᠭ᠋ᠠᠨ ᠰᠢᠯᠭ᠋ᠠᠬᠤ ᠠᠵᠢᠯ᠎ᠤᠨ ᠲᠠᠯ᠎ᠠ᠎ᠪᠠᠷ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠶᠡᠷᠦ᠎ᠠᠴᠠ ᠪᠠᠢ᠌ᠴᠠᠭ᠋ᠠᠨ ᠰᠢᠯᠭ᠋ᠠᠬᠤ ᠬᠢᠷᠢ ᠬᠡᠮ᠎ᠤᠨ ᠵᠥᠪᠰᠢᠶᠡᠷᠡᠨ ᠣᠷᠣᠭᠤᠯᠬᠤ ᠪᠠ ᠶᠠᠰᠤ ᠴᠢᠨᠠᠷ᠎ᠤᠨ ᠡᠵᠡᠮᠳᠡᠯ᠎ᠢ ᠴᠢᠩᠳᠠᠯᠠᠵᠤ᠂ ᠮᠡᠷᠭᠡᠵᠢᠯ᠎ᠤᠨ ᠵᠢᠷᠤᠮᠵᠢᠯ᠎ᠢ ᠲᠠᠰᠤᠷᠠᠯᠲᠠ ᠦᠭᠡᠢ ᠰᠢᠯᠢᠳᠡᠭᠵᠢᠭᠦᠯᠬᠦ ᠵᠢᠨ ᠬᠠᠮᠲᠤ᠂ ᠭᠤᠷᠪᠠᠳᠠᠭᠴᠢ ᠡᠲᠡᠭᠡᠳ᠎ᠤᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢ ᠪᠠᠭᠲᠠᠭ᠋ᠠᠭᠰᠠᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠭᠣᠣᠯᠳᠠᠯᠭ᠎ᠠ᠎ᠲᠠᠢ ᠴᠢᠩᠭ᠋ᠠᠳᠬᠠᠭᠰᠠᠭ᠋ᠠᠷ ᠢᠷᠡᠵᠡᠶ᠃ ᠡᠨᠡ ᠵᠢᠯ᠎ᠠᠴᠠ ᠨᠠᠭ᠋ᠠᠰᠢ᠂ ᠪᠡᠭᠡᠵᠢᠩ᠂ ᠠᠨᠾᠦ᠋ᠢ ᠵᠢᠨ ᠾᠧᠹᠧᠢ᠂ ᠾᠧᠪᠧᠢ ᠵᠢᠨ ᠱ᠌ᠢ ᠵᠢᠶᠠ ᠵᠤᠸᠠᠩ᠂ ᠾᠧᠨᠠᠨ᠎ᠤ ᠰᠢᠦᠢ ᠴᠠᠩ᠂ ᠥᠪᠥᠷ ᠮᠣᠩᠭᠣᠯ ᠵᠡᠷᠭᠡ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠴᠥᠮ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢ ᠬᠢᠨᠠᠨ ᠬᠠᠮᠢᠶᠠᠷᠬᠤ ᠳᠤᠮᠳᠠ᠎ᠪᠠᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ᠎ᠳᠤ ᠬᠠᠤᠯᠢ ᠲᠣᠭᠲᠠᠭ᠋ᠠᠯ᠎ᠢ ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ ᠪᠠᠢ᠌ᠬᠤ ᠵᠢ ᠣᠯᠵᠤ ᠮᠡᠳᠡᠭᠰᠡᠨ ᠪᠥᠭᠡᠳ ᠴᠥᠮ ᠴᠢᠩᠭ᠎ᠠ ᠰᠢᠢ᠍ᠳᠬᠡᠯ ᠥᠭᠴᠦ᠂ ᠬᠠᠤᠯᠢ ᠵᠢ ᠵᠥᠷᠢᠴᠡᠭᠰᠡᠨ ᠵᠠᠷᠢᠮ ᠪᠠᠢ᠌ᠭᠤᠯᠤᠮᠵᠢ ᠪᠠ ᠬᠤᠪᠢ ᠬᠥᠮᠥᠨ᠎ᠠᠴᠠ ᠪᠠᠰᠠ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠢ᠌ᠨ᠎ᠠ᠃ ᠲᠠᠷᠠᠭ᠋ᠠᠴᠢ ᠵᠢᠨ ᠠᠯᠬᠤᠮ᠎ᠳᠤ᠂ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠬᠤᠳᠠᠯ ᠬᠠᠭᠤᠷᠮᠠᠭ ᠪᠠᠢ᠌ᠴᠠᠭ᠋ᠠᠯᠲᠠ ᠵᠢᠨ ᠮᠡᠳᠡᠭᠦᠯᠦᠯᠲᠡ ᠭᠠᠷᠭ᠋ᠠᠭᠰᠠᠨ ᠬᠠᠤᠯᠢ ᠵᠢ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠡᠷᠡᠰ ᠴᠢᠩᠭ᠎ᠠ ᠰᠢᠢ᠍ᠳᠪᠦᠷᠢᠯᠡᠨ᠎ᠡ᠃

    ᠭᠡᠷ᠎ᠲᠤ᠎ᠪᠠᠨ ᠲᠤᠰᠠᠭ᠋ᠠᠷᠯᠠᠵᠤ ᠪᠠᠢ᠌ᠭ᠎ᠠ ᠬᠥᠮᠥᠰ᠎ᠤᠨ ᠬᠠᠮᠲᠤ ᠰᠠᠭᠤᠭᠰᠠᠳ᠎ᠢ ᠬᠡᠷᠬᠢᠨ ᠬᠠᠮᠢᠶᠠᠷᠬᠤ ᠪᠣᠶ?
    ᠭᠡᠷ᠎ᠲᠤ᠎ᠪᠠᠨ ᠲᠤᠰᠠᠭ᠋ᠠᠷᠯᠠᠵᠤ ᠪᠠᠢ᠌ᠭ᠎ᠠ ᠬᠥᠮᠥᠰ᠎ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ ᠭᠡᠷ᠎ᠲᠤ᠎ᠪᠠᠨ ᠲᠤᠰᠠᠭ᠋ᠠᠷᠯᠠᠬᠤ ᠠᠨᠠᠭ᠋ᠠᠬᠤ ᠤᠬᠠᠭ᠋ᠠᠨ᠎ᠤ ᠠᠵᠢᠭᠯᠠᠯᠲᠠ ᠬᠢᠬᠦ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠬᠠᠮᠲᠤ᠎ᠳᠤ᠎ᠨᠢ ᠵᠢᠷᠤᠮᠯᠠᠬᠤ ᠬᠡᠷᠡᠭᠲᠡᠢ᠃
    ᠨᠢᠭᠡ᠎ᠳᠤ᠂ ᠭᠡᠷ᠎ᠲᠤ᠎ᠪᠠᠨ ᠲᠤᠰᠠᠭ᠋ᠠᠷᠯᠠᠬᠤ ᠬᠤᠭᠤᠴᠠᠭ᠋ᠠᠨ᠎ᠳᠤ ᠭᠠᠳᠠᠭᠰᠢ ᠭᠠᠷᠬᠤ ᠦᠭᠡᠢ ᠪᠠᠢ᠌ᠬᠤ ᠵᠢ ᠴᠢᠩᠭ᠎ᠠ ᠪᠠᠷᠢᠮᠲᠠᠯᠠᠨ᠂ ᠠᠯᠢᠪᠠ ᠪᠣᠯᠭᠣᠭ᠋ᠠᠨ ᠦᠵᠡᠬᠦ ᠵᠢ ᠲᠡᠪᠴᠢᠬᠦ ᠬᠡᠷᠡᠭᠲᠡᠢ; ᠡᠪᠡᠳᠴᠢᠨ ᠦᠵᠡᠭᠦᠯᠬᠦ ᠵᠡᠷᠭᠡ᠎ᠠᠴᠠ ᠪᠣᠯᠣᠭ᠋ᠠᠳ ᠦᠨᠡᠨ ᠬᠦ᠌ ᠭᠠᠳᠠᠭᠰᠢ ᠭᠠᠷᠬᠤ ᠬᠡᠷᠡᠭᠴᠡᠭᠡ᠎ᠲᠠᠢ ᠬᠥᠮᠥᠰ᠎ᠲᠤ᠂ ᠨᠡᠢ᠌ᠭᠡᠮ ᠲᠣᠭᠣᠷᠢᠭ᠎ᠲᠤ ᠭᠤᠶᠤᠴᠢᠯᠠᠯ ᠳᠡᠪᠰᠢᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠬᠤᠪᠢ ᠬᠥᠮᠥᠨ᠎ᠤ ᠬᠠᠮᠠᠭ᠋ᠠᠯᠠᠯᠲᠠ ᠵᠢ ᠪᠥᠬᠥ ᠶᠠᠪᠤᠴᠠ᠎ᠳᠤ ᠰᠠᠢ᠌ᠲᠤᠷ ᠬᠢᠵᠦ᠂ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃
    ᠬᠣᠶᠠᠷ᠎ᠲᠤ᠂ ᠭᠡᠷ᠎ᠲᠤ᠎ᠪᠠᠨ ᠲᠤᠰᠠᠭ᠋ᠠᠷᠯᠠᠵᠤ ᠪᠠᠢ᠌ᠭ᠎ᠠ ᠬᠥᠮᠥᠰ᠎ᠤᠨ ᠥᠷᠥᠭᠡᠨ᠎ᠳᠤ ᠠᠯᠢ ᠴᠢᠳᠠᠬᠤ᠎ᠪᠠᠷ ᠣᠷᠣᠵᠤ ᠪᠣᠯᠬᠤ ᠦᠭᠡᠢ᠂ ᠵᠣᠷᠯᠣᠩ ᠪᠤᠶᠤ ᠠᠮᠢᠳᠤᠷᠠᠯ᠎ᠤᠨ ᠬᠡᠷᠡᠭᠰᠡᠯ᠎ᠢ ᠬᠠᠮᠲᠤ᠎ᠪᠠᠷ ᠬᠡᠷᠡᠭᠯᠡᠬᠦ᠎ᠠᠴᠠ ᠵᠠᠢ᠌ᠯᠠᠰᠬᠢᠨ᠎ᠡ᠃ ᠬᠡᠷᠪᠡ ᠶᠠᠮᠠᠷ ᠨᠢᠭᠡᠨ ᠰᠢᠭᠤᠳ ᠬᠦᠷᠦᠯᠴᠡᠬᠦ ᠪᠣᠯᠣᠮᠵᠢ ᠪᠤᠶᠤ ᠪᠣᠬᠢᠷᠳᠤᠯ ᠪᠣᠳᠠᠰ᠎ᠢ ᠰᠢᠢ᠍ᠳᠪᠦᠷᠢᠯᠡᠬᠦ ᠦᠶ᠎ᠡ᠎ᠳᠤ ᠡᠷᠬᠡᠪᠰᠢ ᠥᠪᠡᠷ᠎ᠤᠨ ᠪᠡᠶ᠎ᠡ ᠵᠢᠨ ᠬᠠᠮᠠᠭ᠋ᠠᠯᠠᠯᠲᠠ ᠵᠢ ᠰᠠᠢ᠌ᠲᠤᠷ ᠬᠢᠵᠦ᠂ ᠴᠠᠭ ᠲᠤᠬᠠᠢ᠎ᠳᠤ᠎ᠨᠢ ᠭᠠᠷ ᠵᠶ᠋ᠠᠨ ᠴᠡᠪᠡᠷᠯᠡᠵᠦ ᠠᠷᠢᠭᠤᠳᠬᠠᠬᠤ ᠬᠡᠷᠡᠭᠲᠡᠢ᠃
    ᠭᠤᠷᠪᠠ᠎ᠳᠤ᠂ ᠰᠠᠭᠤᠷᠢ ᠴᠢᠨᠠᠷᠲᠠᠢ ᠡᠪᠡᠳᠴᠢᠨ᠎ᠲᠠᠢ ᠬᠥᠮᠥᠰ ᠪᠠ ᠨᠠᠰᠤᠲᠠᠢ᠌ᠴᠤᠳ ᠮᠡᠲᠦ ᠵᠢᠨ ᠬᠦᠨᠳᠦ ᠡᠪᠡᠳᠴᠢᠨ᠎ᠳᠤ ᠨᠡᠷᠪᠡᠭᠳᠡᠬᠦ ᠠᠶᠤᠯ ᠲᠦᠭᠰᠢᠭᠦᠷᠢ᠎ᠲᠠᠢ ᠬᠥᠮᠥᠰ ᠵᠶ᠋ᠠᠷ ᠭᠡᠷ᠎ᠲᠤ᠎ᠪᠠᠨ ᠲᠤᠰᠠᠭ᠋ᠠᠷᠯᠠᠬᠤ ᠬᠥᠮᠥᠰ᠎ᠤᠨ ᠠᠰᠠᠷᠠᠭᠴᠢ ᠪᠣᠯᠭ᠋ᠠᠵᠤ ᠪᠣᠯᠬᠤ ᠦᠭᠡᠢ᠃

    ᠥᠨᠳᠥᠷ ᠳᠡᠰ᠎ᠤᠨ ᠲᠦᠭᠰᠢᠭᠦᠷᠢᠲᠦ ᠣᠷᠣᠨ᠎ᠠᠴᠠ ᠭᠠᠷᠴᠤ ᠢᠷᠡᠭᠰᠡᠨ ᠬᠥᠮᠥᠰ ᠭᠡᠷ᠎ᠲᠤ᠎ᠪᠠᠨ ᠲᠤᠰᠠᠭ᠋ᠠᠷᠯᠠᠬᠤ ᠬᠤᠭᠤᠴᠠᠭ᠋ᠠᠨ᠎ᠳᠤ ᠠᠷᠭ᠎ᠠ ᠴᠢᠨᠠᠷ᠎ᠢ ᠪᠠᠢ᠌ᠴᠠᠭ᠋ᠠᠵᠤ ᠭᠠᠷᠭ᠋ᠠᠪᠠᠯ ᠴᠠᠭ ᠲᠤᠬᠠᠢ᠎ᠳᠤ᠎ᠨᠢ ᠮᠡᠳᠡᠭᠦᠯᠬᠦ ᠵᠢᠨ ᠬᠠᠮᠲᠤ 2 ᠴᠠᠭ᠎ᠤᠨ ᠳᠣᠲᠣᠷ᠎ᠠ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ ᠪᠤᠶᠤ ᠴᠢᠩᠭᠡᠯᠢᠭᠲᠦ ᠡᠮᠨᠡᠯᠭᠡ ᠵᠢᠨ ᠬᠣᠷᠢᠶ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠢ
    ᠬᠣᠷᠢᠨ ᠵᠦᠢ᠍ᠯ᠎ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢᠨ ᠲᠣᠭᠲᠠᠭ᠋ᠠᠯ᠎ᠢ ᠦᠨᠳᠦᠰᠦᠯᠡᠪᠡᠯ᠂ ᠥᠨᠳᠥᠷ ᠳᠡᠰ᠎ᠤᠨ ᠲᠦᠭᠰᠢᠭᠦᠷᠢᠲᠦ ᠣᠷᠣᠨ᠎ᠠᠴᠠ ᠭᠠᠷᠴᠤ ᠢᠷᠡᠭᠰᠡᠨ ᠬᠥᠮᠥᠰ᠎ᠲᠤ 7 ᠡᠳᠦᠷ᠎ᠤᠨ ᠭᠡᠷ᠎ᠲᠤ᠎ᠪᠠᠨ ᠲᠤᠰᠠᠭ᠋ᠠᠷᠯᠠᠬᠤ ᠵᠠᠢ ᠬᠡᠷᠡᠭᠵᠢᠭᠦᠯᠵᠦ᠂ ᠡᠨᠡ ᠬᠤᠭᠤᠴᠠᠭ᠋ᠠᠨ᠎ᠳᠤ ᠺᠣᠳ᠋ ᠣᠯᠭᠣᠬᠤ ᠬᠠᠮᠢᠶᠠᠷᠤᠯᠲᠠ ᠵᠢ ᠬᠡᠷᠡᠭᠵᠢᠭᠦᠯᠦᠨ᠂ ᠭᠠᠳᠠᠭᠰᠢ ᠭᠠᠷᠴᠤ ᠪᠣᠯᠬᠤ ᠦᠭᠡᠢ᠃ ᠭᠡᠷ᠎ᠲᠤ᠎ᠪᠠᠨ ᠲᠤᠰᠠᠭ᠋ᠠᠷᠯᠠᠭᠰᠠᠨ᠎ᠤ 1᠂ 3᠂ 5᠂ 7 ᠳ᠋ᠤᠭ᠋ᠠᠷ ᠡᠳᠦᠷ᠎ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠨ᠎ᠡ᠃ ᠬᠠᠮᠢᠶ᠎ᠠ ᠪᠦᠬᠦᠢ ᠬᠥᠮᠥᠰ᠎ᠨᠢ ᠭᠡᠷ᠎ᠲᠤ᠎ᠪᠠᠨ ᠲᠤᠰᠠᠭ᠋ᠠᠷᠯᠠᠬᠤ ᠬᠤᠭᠤᠴᠠᠭ᠋ᠠᠨ᠎ᠳᠤ ᠭᠡᠷ᠎ᠲᠤ᠎ᠪᠠᠨ ᠲᠤᠰᠠᠭ᠋ᠠᠷᠯᠠᠬᠤ ᠬᠠᠮᠢᠶᠠᠷᠤᠯᠲᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠥᠭᠡᠮ ᠬᠦᠴᠢᠯ᠎ᠤᠨ ᠠᠷᠭ᠎ᠠ ᠴᠢᠨᠠᠷ᠎ᠢ ᠪᠠᠢ᠌ᠴᠠᠭ᠋ᠠᠵᠤ ᠢᠯᠡᠷᠡᠭᠦᠯᠬᠦ᠎ᠳᠤ ᠭᠦᠷᠪᠡᠯ ᠴᠠᠭ ᠲᠤᠬᠠᠢ᠎ᠳᠤ᠎ᠨᠢ ᠮᠡᠳᠡᠭᠦᠯᠬᠦ ᠵᠢᠨ ᠬᠠᠮᠲᠤ 2 ᠴᠠᠭ᠎ᠤᠨ ᠳᠣᠲᠣᠷ᠎ᠠ ᠲᠣᠭᠲᠠᠭᠰᠠᠨ ᠡᠮᠴᠢᠯᠡᠭᠡᠨ᠎ᠤ ᠪᠠᠢ᠌ᠭᠤᠯᠤᠮᠵᠢ ᠪᠤᠶᠤ ᠴᠢᠩᠭᠡᠯᠢᠭᠲᠦ ᠡᠮᠨᠡᠯᠭᠡ ᠵᠢᠨ ᠬᠣᠷᠢᠶ᠎ᠠ᠎ᠳᠤ ᠰᠢᠯᠵᠢᠭᠦᠯᠦᠨ ᠬᠦᠷᠭᠡᠵᠦ ᠲᠤᠰᠠᠭ᠋ᠠᠷᠯᠠᠨ ᠠᠵᠢᠭᠯᠠᠬᠤ ᠪᠠ ᠡᠮᠨᠡᠨ ᠵᠠᠰᠠᠭᠤᠯᠵᠤ᠂ ᠬᠠᠮᠲᠤ ᠰᠠᠭᠤᠭ᠎ᠠ ᠬᠥᠮᠥᠰ᠎ᠲᠤ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠬᠦ ᠵᠢ ᠱᠠᠭ᠋ᠠᠷᠳᠠᠬᠤ ᠵᠢᠨ ᠬᠠᠮᠲᠤ ᠲᠦᠭᠰᠢᠭᠦᠷᠢ ᠵᠢ ᠰᠤᠳᠤᠯᠤᠨ ᠮᠠᠭ᠋ᠠᠳᠯᠠᠵᠤ᠂ ᠬᠠᠮᠢᠶ᠎ᠠ ᠪᠦᠬᠦᠢ ᠲᠦᠭᠰᠢᠭᠦᠷᠢᠲᠦ ᠬᠥᠮᠥᠰ᠎ᠢ ᠮᠥᠷᠳᠡᠨ ᠬᠠᠮᠢᠶᠠᠷᠬᠤ ᠬᠡᠷᠡᠭᠲᠡᠢ᠃

    ᠨᠠᠰᠤᠲᠠᠢ᠌ᠴᠤᠳ ᠵᠡᠷᠭᠡ ᠪᠠᠭᠤᠷᠠᠢ ᠬᠥᠮᠥᠰ ᠰᠢᠨ᠎ᠡ ᠲᠢᠲᠢᠮᠯᠢᠭ ᠸᠢᠷᠦ᠋ᠰ᠎ᠲᠤ ᠨᠡᠷᠪᠡᠭᠳᠡᠭᠰᠡᠨ᠎ᠤ ᠳᠠᠷᠠᠭ᠎ᠠ ᠠᠮᠠᠷᠬᠠᠨ ᠡᠪᠡᠳᠴᠢᠨ᠎ᠨᠢ ᠬᠦᠨᠳᠦᠷᠡᠵᠦ᠂ ᠬᠦᠨᠳᠦ ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ᠂ ᠡᠢ᠌ᠮᠦ᠎ᠠᠴᠠ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠪᠡᠯ ᠬᠠᠮᠤᠭ᠎ᠤᠨ ᠶᠡᠬᠡ ᠠᠰᠢᠭ ᠬᠦᠷᠲᠡᠵᠦ ᠪᠣᠯᠣᠨ᠎ᠠ
    60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ 2.394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ᠂ 2.28165 ᠳ᠋ᠦᠩᠰᠢᠭᠤᠷ ᠬᠥᠮᠥᠨ ᠪᠥᠬᠥ ᠶᠠᠪᠤᠴᠠ ᠵᠢᠨ ᠲᠠᠷᠢᠯᠭ᠎ᠠ ᠬᠢᠬᠦ ᠵᠢ ᠪᠡᠶᠡᠯᠡᠭᠦᠯᠵᠦ᠂ ᠬᠠᠮᠤᠷᠤᠭᠰᠠᠨ ᠬᠥᠮᠥᠨ᠎ᠤ ᠲᠣᠭ᠎ᠠ ᠪᠠ ᠪᠥᠬᠥ ᠶᠠᠪᠤᠴᠠ ᠵᠢᠨ ᠲᠠᠷᠢᠯᠭ᠎ᠠ ᠬᠢᠭᠰᠡᠨ ᠬᠥᠮᠥᠨ᠎ᠤ ᠲᠣᠭ᠎ᠠ ᠲᠣᠰ ᠲᠣᠰ ᠨᠠᠰᠤᠲᠠᠢ᠌ᠴᠤᠳ᠎ᠤᠨ 90.68% ᠪᠠ 86.42%᠎ᠢ ᠡᠵᠡᠯᠡᠨ᠂ 1.81511 ᠳ᠋ᠦᠩᠰᠢᠭᠤᠷ ᠬᠥᠮᠥᠨ ᠡᠭᠡᠯᠢᠯᠡᠭᠡ ᠵᠢᠨ ᠪᠠᠲᠤᠳᠬᠠᠬᠤ ᠲᠠᠷᠢᠯᠭ᠎ᠠ ᠬᠢᠪᠡ᠃ ᠡᠭᠦᠨ᠎ᠳᠤ 80 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠎ᠲᠤ ᠲᠠᠷᠢᠯᠭ᠎ᠠ ᠬᠢᠭᠰᠡᠨ ᠬᠥᠮᠥᠨ᠎ᠤ ᠲᠣᠭ᠎ᠠ 2742.6 ᠲᠦᠮᠡ ᠪᠠᠢ᠌ᠵᠤ᠂ 2356.3 ᠲᠦᠮᠡᠨ ᠬᠥᠮᠥᠨ ᠪᠥᠬᠥ ᠶᠠᠪᠤᠴᠠ ᠵᠢᠨ ᠲᠠᠷᠢᠯᠭ᠎ᠠ ᠬᠢᠬᠦ ᠵᠢ ᠪᠡᠶᠡᠯᠡᠭᠦᠯᠵᠦ᠂ ᠬᠠᠮᠤᠷᠤᠭᠰᠠᠨ ᠬᠥᠮᠥᠨ᠎ᠤ ᠲᠣᠭ᠎ᠠ ᠪᠠ ᠪᠥᠬᠥ ᠶᠠᠪᠤᠴᠠ ᠵᠢᠨ ᠲᠠᠷᠢᠯᠭ᠎ᠠ ᠬᠢᠭᠰᠡᠨ ᠬᠥᠮᠥᠨ᠎ᠤ ᠲᠣᠭ᠎ᠠ ᠲᠣᠰ ᠲᠣᠰ 80 ᠨᠠᠰᠤᠨ᠎ᠠᠴᠠ ᠳᠡᠭᠡᠭᠰᠢᠬᠢ ᠬᠥᠮᠥᠨ ᠠᠮᠠ ᠵᠢᠨ 76.6%᠂ 65.8% ᠵᠢ ᠡᠵᠡᠯᠡᠨ᠂ 1445.6 ᠲᠦᠮᠡᠨ ᠬᠥᠮᠥᠨ ᠡᠭᠡᠯᠢᠯᠡᠭᠡ ᠵᠢᠨ ᠪᠠᠲᠤᠳᠬᠠᠬᠤ ᠲᠠᠷᠢᠯᠭ᠎ᠠ ᠬᠢᠪᠡ᠃
    ᠨᠠᠰᠤᠲᠠᠢ᠌ᠴᠤᠳ᠎ᠤᠨ ᠲᠠᠷᠢᠯᠭ᠎ᠠ ᠬᠢᠬᠦ ᠵᠢ ᠤᠯᠠᠮ ᠨᠢᠭᠡ ᠠᠯᠬᠤᠮ ᠲᠦᠷᠭᠡᠳᠬᠡᠬᠦ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠵᠢᠨ ᠶᠡᠷᠦᠩᠬᠡᠢ᠌ᠯᠡᠭᠰᠡᠨ ᠳᠤᠭᠤᠢ᠌ᠯᠠᠩ᠎ᠠᠴᠠ ᠨᠠᠰᠤᠲᠠᠢ᠌ᠴᠤᠳ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢ ᠴᠢᠩᠭ᠋ᠠᠳᠬᠠᠬᠤ ᠠᠵᠢᠯ᠎ᠤᠨ ᠲᠥᠰᠥᠯ᠎ᠢ ᠳᠠᠷᠤᠮᠠᠯᠯᠠᠨ ᠲᠠᠷᠬᠠᠭ᠋ᠠᠵᠤ᠂ ᠲᠣᠭᠲᠠᠴᠠ ᠵᠢ ᠪᠦᠷᠢᠨᠰᠢᠭᠦᠯᠬᠦ᠂ ᠪᠠᠢ᠌ᠳᠠᠯ᠎ᠢ ᠣᠢ᠌ᠯᠠᠭ᠋ᠠᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ᠎ᠪᠠᠷ ᠪᠠᠢ᠌ᠷᠢᠯᠠᠭᠤᠯᠤᠨ ᠠᠬᠢᠭᠤᠯᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠲᠥᠰᠥᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠨᠠᠷᠢᠨ ᠨᠢᠮᠪᠠᠢ ᠵᠣᠬᠢᠶᠠᠨ ᠪᠠᠢ᠌ᠭᠤᠯᠤᠨ ᠪᠠᠢ᠌ᠷᠢᠯᠠᠭᠤᠯᠵᠤ᠂ ᠲᠠᠷᠢᠯᠭ᠎ᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢᠨ ᠡᠭᠡᠯᠢᠯᠡᠭᠡ ᠵᠢ ᠴᠢᠩᠭ᠋ᠠᠳᠬᠠᠬᠤ ᠪᠠ ᠨᠠᠰᠤᠲᠠᠢ᠌ᠴᠤᠳ᠎ᠤᠨ ᠲᠠᠷᠢᠯᠭ᠎ᠠ ᠵᠢᠨ ᠠᠵᠢᠯ᠎ᠢ ᠰᠠᠢ᠌ᠲᠤᠷ ᠬᠢᠨ᠎ᠡ᠃ ᠪᠠᠰᠠ ᠨᠠᠰᠤᠲᠠᠢ᠌ᠴᠤᠳ᠂ ᠢᠯᠠᠩᠭᠤᠶ᠎ᠠ 80 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ ᠢᠳᠡᠪᠬᠢᠲᠡᠢ᠎ᠪᠠᠷ ᠰᠠᠨᠠᠭ᠋ᠠᠴᠢᠯᠠᠭ᠎ᠠ᠎ᠠᠴᠠ᠎ᠪᠠᠨ ᠸᠠᠺᠼᠢᠨ᠎ᠤ ᠲᠠᠷᠢᠯᠭ᠎ᠠ ᠬᠢᠵᠦ᠂ ᠬᠤᠪᠢ ᠬᠥᠮᠥᠨ᠎ᠤ ᠡᠷᠡᠭᠦᠯ ᠮᠡᠨᠳᠦ᠎ᠪᠠᠨ ᠬᠠᠮᠠᠭ᠋ᠠᠯᠠᠬᠤ ᠵᠢ ᠬᠦᠰᠡᠵᠦ ᠪᠠᠢ᠌ᠨ᠎ᠠ᠃

    ᠥᠨᠳᠥᠷ ᠨᠠᠰᠤᠲᠠᠢ ᠨᠠᠰᠤᠲᠠᠢ᠌ᠴᠤᠳ ᠪᠠ ᠬᠠᠪᠤᠳᠠᠷ ᠡᠪᠡᠳᠴᠢᠨ᠎ᠳᠤ ᠨᠡᠷᠪᠡᠭᠳᠡᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠢ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ
    ᠥᠨᠳᠥᠷ ᠨᠠᠰᠤᠲᠠᠢ ᠨᠠᠰᠤᠲᠠᠢ᠌ᠴᠤᠳ ᠪᠠ ᠬᠠᠪᠤᠳᠠᠷ ᠡᠪᠡᠳᠴᠢᠨ᠎ᠳᠤ ᠨᠡᠷᠪᠡᠭᠳᠡᠭᠰᠡᠳ᠂ ᠣᠨᠴᠠᠭ᠋ᠠᠢ᠌ᠯᠠᠨ ᠬᠠᠪᠤᠳᠠᠷ ᠡᠪᠡᠳᠴᠢᠨ᠎ᠢ ᠡᠮᠨᠡᠨ ᠵᠠᠰᠠᠬᠤ ᠬᠤᠭᠤᠴᠠᠭ᠋ᠠᠨ᠎ᠳᠤ ᠪᠠᠢ᠌ᠭ᠎ᠠ ᠡᠪᠡᠳᠴᠢᠲᠡᠨ ᠪᠣᠯ ᠬᠦᠨᠳᠦ ᠡᠪᠡᠳᠴᠢᠨ᠎ᠳᠤ ᠠᠮᠠᠷᠬᠠᠨ ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠥᠰ᠎ᠲᠤ ᠲᠣᠭ᠋ᠠᠴᠠᠭᠳᠠᠨ᠎ᠠ᠂ ᠡᠢ᠌ᠮᠦ᠎ᠠᠴᠠ ᠡᠮᠨᠡᠨ ᠵᠠᠰᠠᠬᠤ ᠶᠠᠪᠤᠴᠠ᠎ᠳᠤ ᠣᠨᠴᠠᠭ᠋ᠠᠢ᠌ᠯᠠᠨ ᠠᠩᠬᠠᠷᠬᠤ ᠬᠡᠷᠡᠭᠲᠡᠢ᠃ ᠡᠩ ᠲᠡᠷᠢᠭᠦᠨ᠎ᠳᠤ ᠥᠨᠳᠥᠷ ᠨᠠᠰᠤᠲᠠᠢ ᠨᠠᠰᠤᠲᠠᠢ᠌ᠴᠤᠳ᠎ᠲᠤ ᠠᠪᠴᠤ ᠬᠡᠯᠡᠪᠡᠯ᠂ ᠪᠢᠳᠡᠨ᠎ᠤ ᠮᠡᠳᠡᠬᠦ᠎ᠪᠠᠷ ᠥᠨᠳᠥᠷ ᠨᠠᠰᠤᠲᠠᠢ ᠨᠠᠰᠤᠲᠠᠢ᠌ᠴᠤᠳ ᠶᠡᠷᠦ᠎ᠨᠢ ᠰᠠᠭᠤᠷᠢ ᠴᠢᠨᠠᠷᠲᠠᠢ ᠡᠪᠡᠳᠴᠢᠨ᠎ᠳᠤ ᠨᠡᠷᠪᠡᠭᠳᠡᠵᠦ᠂ ᠵᠠᠷᠢᠮ ᠰᠠᠭᠤᠷᠢ ᠴᠢᠨᠠᠷᠲᠠᠢ ᠡᠪᠡᠳᠴᠢᠨ᠎ᠨᠢ ᠪᠠᠰᠠ ᠨᠡᠯᠢᠶᠡᠳ ᠬᠦᠨᠳᠦ ᠪᠠᠢ᠌ᠵᠤ᠂ ᠵᠠᠷᠢᠮ ᠨᠠᠰᠤᠲᠠᠨ ᠣᠯᠠᠨ ᠵᠦᠢ᠍ᠯ᠎ᠤᠨ ᠰᠠᠭᠤᠷᠢ ᠴᠢᠨᠠᠷᠲᠠᠢ ᠡᠪᠡᠳᠴᠢᠨ᠎ᠳᠤ ᠨᠡᠷᠪᠡᠭᠳᠡᠭᠰᠡᠨ ᠪᠣᠯᠬᠣᠷ᠂ ᠰᠢᠨ᠎ᠡ ᠲᠢᠲᠢᠮᠯᠢᠭ ᠸᠢᠷᠦ᠋ᠰ᠎ᠲᠤ ᠨᠡᠷᠪᠡᠭᠳᠡᠪᠡᠯ᠂ ᠨᠢᠭᠡ ᠲᠠᠯ᠎ᠠ᠎ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ᠎ᠢ᠎ᠨᠢ ᠬᠦᠨᠳᠦᠷᠡᠭᠦᠯᠵᠦ ᠮᠡᠳᠡᠨ᠎ᠡ᠃ ᠬᠠᠪᠤᠳᠠᠷ ᠡᠪᠡᠳᠴᠢᠨ᠎ᠢ ᠡᠮᠨᠡᠨ ᠵᠠᠰᠠᠬᠤ ᠬᠤᠭᠤᠴᠠᠭ᠋ᠠᠨ᠎ᠳᠤ ᠪᠠᠢ᠌ᠭ᠎ᠠ ᠡᠪᠡᠳᠴᠢᠲᠡᠨ᠎ᠳᠤ ᠠᠪᠴᠤ ᠬᠡᠯᠡᠪᠡᠯ᠂ ᠮᠡᠰᠡ ᠵᠠᠰᠠᠯ ᠪᠤᠶᠤ ᠰᠠᠴᠤᠷᠠᠭ ᠬᠢᠮᠢ ᠵᠢᠨ ᠵᠠᠰᠠᠯ᠎ᠠᠴᠠ ᠪᠣᠯᠵᠤ ᠡᠭᠡᠯᠢᠯᠡᠭᠡ ᠵᠢᠨ ᠴᠢᠳᠠᠪᠤᠷᠢ᠎ᠨᠢ ᠪᠠᠭᠤᠷᠠᠳᠠᠭ᠂ ᠡᠢ᠌ᠮᠦ᠎ᠠᠴᠠ ᠮᠥᠨ ᠴᠦ᠍ ᠡᠪᠡᠳᠴᠢᠨ᠎ᠨᠢ ᠬᠦᠨᠳᠦᠷᠡᠬᠦ ᠠᠶᠤᠯ᠎ᠲᠠᠢ ᠲᠦᠭᠰᠢᠭᠦᠷᠢᠲᠦ ᠬᠥᠮᠥᠰ ᠪᠣᠯᠣᠨ᠎ᠠ᠃ ᠪᠢᠳᠡᠨ᠎ᠤ ᠮᠡᠳᠡᠭᠡᠵᠢ᠎ᠪᠠᠷ᠂ ᠬᠠᠪᠤᠳᠠᠷ ᠡᠪᠡᠳᠴᠢᠨ᠎ᠤ ᠵᠠᠰᠠᠯᠭ᠎ᠠ ᠵᠢᠨ ᠬᠤᠭᠤᠴᠠᠭ᠋ᠠᠨ᠎ᠳᠠᠬᠢ ᠡᠪᠡᠳᠴᠢᠲᠡᠨ᠎ᠤ ᠬᠠᠪᠤᠳᠠᠷ᠎ᠤᠨ ᠵᠠᠰᠠᠯᠭ᠎ᠠ ᠵᠢ ᠲᠠᠰᠤᠯᠳᠠᠭᠤᠯᠵᠤ ᠪᠣᠯᠬᠤ ᠦᠭᠡᠢ᠂ ᠡᠨᠡ᠎ᠨᠢ ᠮᠥᠨ ᠴᠦ᠍ ᠪᠢᠳᠡᠨ᠎ᠤ ᠪᠠᠷᠢᠮᠲᠠᠯᠠᠭᠰᠠᠭ᠋ᠠᠷ ᠢᠷᠡᠭᠰᠡᠨ ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠵᠠᠪᠠᠯ ᠬᠠᠮᠲᠤ᠎ᠳᠤ᠎ᠨᠢ ᠵᠠᠰᠠᠬᠤ ᠵᠠᠷᠴᠢᠮ ᠪᠣᠯᠣᠨ᠎ᠠ᠃ ᠡᠢ᠌ᠮᠦ᠎ᠠᠴᠠ ᠡᠢ᠌ᠮᠦᠷᠬᠦᠦ ᠪᠠᠢ᠌ᠳᠠᠯ ᠳᠣᠣᠷ᠎ᠠ᠂ ᠡᠷᠬᠡᠪᠰᠢ ᠡᠢ᠌ᠮᠦᠷᠬᠦᠦ ᠬᠠᠯᠳᠠᠪᠤᠷᠢᠯᠠᠭᠰᠠᠳ᠎ᠢ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠨ ᠡᠮᠨᠡᠨ ᠵᠠᠰᠠᠵᠤ᠂ ᠠᠪᠤᠷᠠᠨ ᠵᠠᠰᠠᠬᠤ ᠠᠵᠢᠯ᠎ᠢ ᠲᠣᠬᠢᠲᠠᠢ ᠰᠠᠢ᠌ᠲᠤᠷ ᠬᠢᠵᠦ᠂ ᠰᠠᠭᠤᠷᠢ ᠴᠢᠨᠠᠷᠲᠠᠢ ᠡᠪᠡᠳᠴᠢᠨ᠎ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ᠎ᠤ ᠡᠷᠡᠭᠦᠯ ᠮᠡᠨᠳᠦ ᠪᠠ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃
    《ᠬᠥᠮᠥᠨ᠎ᠤ ᠠᠮᠢ ᠨᠠᠰᠤ ᠮᠢᠩᠭ᠋ᠠᠨ ᠯᠠᠩ ᠠᠯᠲᠠ ᠮᠥᠩᠭᠥᠨ᠎ᠠᠴᠠ ᠴᠤ᠌ ᠴᠤᠬᠠᠭ》 ᠭᠡᠳᠡᠭᠴᠢᠯᠡᠨ᠂ ᠡᠮᠴᠢᠯᠡᠭᠡᠨ᠎ᠤ ᠠᠪᠤᠷᠠᠨ ᠵᠠᠰᠠᠬᠤ ᠠᠵᠢᠯ᠎ᠤᠨ ᠳᠤᠮᠳᠠ᠎ᠪᠠᠨ ᠪᠢᠳᠡ 《ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ》 ᠣᠨᠣᠯᠵᠢᠬᠤᠨ᠎ᠢ ᠢᠮᠠᠭᠲᠠ ᠪᠠᠷᠢᠮᠲᠠᠯᠠᠵᠤ᠂ ᠬᠥᠮᠥᠨ ᠵᠶ᠋ᠡᠷ ᠦᠨᠳᠦᠰᠦ ᠪᠣᠯᠭ᠋ᠠᠬᠤ ᠵᠣᠷᠢᠯᠲᠠ ᠵᠢ ᠪᠠᠷᠢᠮᠲᠠᠯᠠᠵᠤ᠂ ᠥᠨᠳᠥᠷ ᠨᠠᠰᠤᠲᠠᠢ ᠨᠠᠰᠤᠲᠠᠢ᠌ᠴᠤᠳ᠂ ᠡᠪᠡᠳᠴᠢᠨ᠎ᠳᠤ ᠨᠡᠷᠪᠡᠭᠳᠡᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠡᠮᠴᠢᠯᠡᠭᠡᠨ᠎ᠤ ᠠᠵᠢᠯ᠎ᠢ ᠵᠣᠬᠢᠰᠲᠠᠢ ᠰᠠᠢ᠌ᠲᠤᠷ ᠵᠣᠬᠢᠶᠠᠨ ᠪᠠᠢ᠌ᠭᠤᠯᠵᠤ᠂ ᠡᠪᠡᠳᠴᠢᠲᠡᠨ᠎ᠢ ᠬᠠᠮᠤᠭ᠎ᠤᠨ ᠰᠠᠢ᠌ᠨ ᠠᠪᠤᠷᠠᠨ ᠵᠠᠰᠠᠬᠤ ᠪᠠ ᠬᠠᠷᠠᠭ᠋ᠠᠯᠵᠠᠨ ᠰᠤᠪᠢᠯᠠᠬᠤ ᠵᠢ ᠪᠠᠲᠤᠯᠠᠵᠤ᠂ ᠡᠪᠡᠳᠴᠢᠲᠡᠨ᠎ᠤ ᠡᠷᠲᠡᠬᠡᠨ ᠡᠷᠡᠭᠦᠯᠵᠢᠬᠦ ᠵᠢ ᠠᠬᠢᠭᠤᠯᠬᠤ ᠬᠡᠷᠡᠭᠲᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠨᠠᠮ᠎ᠤᠨ ᠲᠦᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ 2023 ᠣᠨ᠎ᠤ ᠠᠵᠤ ᠠᠬᠤᠢ ᠵᠢᠨ ᠠᠵᠢᠯ᠎ᠢ ᠵᠠᠳᠠᠯᠤᠨ ᠰᠣᠳᠣᠯᠵᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠪᠣᠯᠣᠨ ᠢᠯᠵᠡᠷᠡᠯ᠎ᠢ ᠡᠰᠡᠷᠭᠦᠴᠡᠬᠦ ᠠᠵᠢᠯ᠎ᠢ ᠰᠣᠳᠣᠯᠣᠨ ᠪᠠᠢ᠌ᠷᠢᠯᠠᠭᠤᠯᠪᠠ ᠨᠠᠮ᠎ᠤᠨ ᠲᠦᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠬᠢᠯᠡᠪᠡ
ᠪᠦᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠪᠠᠶ᠋ᠢᠬᠤ ᠦᠭᠡᠢ ᠪᠣᠯ ᠡᠪᠡᠳᠴᠢᠨ ᠦᠵᠡᠭᠦᠯᠵᠦ ᠳᠡᠶ᠋ᠢᠯᠦᠨ᠎ᠡ ᠦᠦ? ᠤᠳᠠᠭ᠋ᠠᠨ ᠴᠢᠨᠠᠷᠲᠠᠢ ᠡᠪᠡᠳᠴᠢᠨ᠎ᠲᠠᠢ ᠨᠠᠰᠤᠲᠠᠶ᠋ᠢᠴᠤᠳ᠎ᠲᠤ ᠸᠠᠺᠼᠢᠨ᠎ᠤ ᠲᠠᠷᠢᠯᠭ᠎ᠠ ᠬᠢᠵᠦ ᠪᠣᠯᠣᠨ᠎ᠠ ᠦᠦ? ᠡᠷᠬᠡ ᠰᠦᠷᠲᠦ ᠬᠠᠷᠢᠭᠤᠯᠲᠠ
ᠵᠢᠷᠮᠦᠰᠦᠨ ᠬᠥᠩᠭᠡᠵᠢᠭᠰᠡᠨ ᠡᠬᠡᠴᠦᠳ᠂ ᠬᠡᠦᠬᠡᠳ᠎ᠤᠨ ᠭᠡᠷ᠎ᠤᠨ ᠠᠬᠠᠮᠠᠳ᠂ ᠨᠠᠰᠤᠲᠠᠢ᠌ᠴᠤᠳ᠂ ᠵᠢᠷᠦᠬᠡ ᠴᠢᠰᠤᠨ ᠰᠤᠳᠠᠯ᠎ᠤᠨ ᠡᠪᠡᠳᠴᠢᠲᠡᠨ ᠁ ᠳᠠᠷᠠᠭ᠋ᠠᠬᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠭᠤᠯᠭ᠎ᠠ ᠵᠢ ᠦᠵᠡᠨ᠎ᠡ ᠤᠤ
ᠥᠨᠥᠳᠥᠷ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠡᠷᠬᠡ ᠰᠦᠷᠲᠦ ᠬᠠᠷᠢᠭᠤᠯᠲᠠ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
 
            