ᠲᠥᠷᠥ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠭᠡᠶ᠋ᠢᠯᠡᠵᠦ ᠬᠤᠯᠪᠤᠭ᠋ᠠᠯᠠᠨ ᠡᠵᠡᠮᠳᠡᠬᠦ ᠲᠣᠭᠲᠠᠴᠠ᠎ᠠᠴᠠ 12 ᠳ᠋ᠤᠭ᠋ᠠᠷ ᠰᠠᠷ᠎ᠠ ᠵᠢᠨ 7᠎ᠤ ᠡᠳᠦᠷ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶ᠋ᠢᠳᠠᠪᠤᠷᠢᠵᠢᠭᠤᠯᠬᠤ ᠬᠤᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠪᠠᠶ᠋ᠢᠬᠤ ᠦᠭᠡᠢ ᠪᠣᠯ ᠡᠪᠡᠳᠴᠢᠨ ᠦᠵᠡᠭᠦᠯᠵᠦ ᠳᠡᠶ᠋ᠢᠯᠦᠨ᠎ᠡ ᠦᠦ? ᠤᠳᠠᠭ᠋ᠠᠨ ᠴᠢᠨᠠᠷᠲᠠᠢ ᠡᠪᠡᠳᠴᠢᠨ᠎ᠲᠠᠢ ᠨᠠᠰᠤᠲᠠᠶ᠋ᠢᠴᠤᠳ᠎ᠲᠤ ᠸᠠᠺᠼᠢᠨ᠎ᠤ ᠲᠠᠷᠢᠯᠭ᠎ᠠ ᠬᠢᠵᠦ ᠪᠣᠯᠣᠨ᠎ᠠ ᠦᠦ? ᠬᠠᠮᠲᠤ᠎ᠪᠠᠷ ᠠᠩᠬᠠᠷᠴᠠᠭ᠋ᠠᠶᠠ!
ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠵᠢᠨ ᠠᠬᠤᠢ ᠪᠠᠶ᠋ᠢᠳᠠᠯ᠎ᠨᠢ ᠶᠠᠭᠤ ᠪᠣᠶ?
ᠶᠡᠭᠡ ᠬᠡᠪᠴᠢᠶᠡᠨ᠎ᠤ ᠸᠠᠺᠼᠢᠨ᠎ᠤ ᠲᠠᠷᠢᠯᠭ᠎ᠠ ᠪᠠ ᠰᠢᠨ᠎ᠡ ᠲᠢᠲᠢᠮᠯᠢᠭ ᠠᠭᠤᠰᠬᠢᠨ᠎ᠤ ᠦᠷᠪᠢᠰᠦᠯ᠎ᠤᠨ ᠸᠢᠷᠦ᠋ᠰ᠎ᠤᠨ ᠣᠨᠳᠣᠣᠰᠢᠯᠢ ᠳᠠᠭ᠋ᠠᠯᠳᠤᠨ᠂ ᠸᠢᠷᠦ᠋ᠰ᠎ᠤᠨ ᠬᠠᠯᠳᠠᠪᠤᠷᠢᠯᠠᠬᠤ ᠴᠢᠳᠠᠪᠤᠷᠢ ᠴᠢᠩᠭ᠋ᠠᠷᠠᠭᠰᠠᠨ ᠪᠣᠯᠪᠠᠴᠤ ᠡᠪᠡᠳᠴᠢᠯᠡᠭᠦᠯᠬᠦ ᠴᠢᠳᠠᠪᠤᠷᠢ᠎ᠨᠢ ᠪᠠᠭᠤᠷᠠᠵᠤ᠂ ᠬᠥᠮᠥᠰ᠎ᠲᠤ ᠤᠴᠠᠷᠠᠭᠤᠯᠬᠤ ᠪᠦᠬᠦᠶ᠋ᠢᠯᠡ ᠴᠣᠭᠴᠠ ᠵᠢᠨ ᠡᠷᠡᠭᠦᠯ ᠮᠡᠨᠳᠦ ᠵᠢᠨ ᠠᠶᠤᠯ ᠲᠦᠭᠰᠢᠭᠦᠷᠢ ᠨᠠᠮᠳᠠᠬᠤ ᠬᠠᠨᠳᠤᠰᠢ᠎ᠲᠠᠢ ᠪᠣᠯᠵᠤ᠂ ᠮᠠᠨ᠎ᠤ ᠤᠯᠤᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠰᠢᠨ᠎ᠡ ᠪᠠᠶ᠋ᠢᠳᠠᠯ ᠰᠢᠨ᠎ᠡ ᠡᠭᠦᠷᠭᠡ ᠲᠤᠯᠭ᠋ᠠᠷᠠᠵᠤ ᠪᠠᠶ᠋ᠢᠨ᠎ᠠ᠃
ᠡᠭᠦᠨ᠎ᠠᠴᠠ ᠡᠮᠦᠨ᠎ᠡ ᠨᠡᠶ᠋ᠢᠲᠡᠯᠡᠭᠰᠡᠨ ᠬᠤᠷᠢᠨ ᠵᠦᠢ᠍ᠯ᠎ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠶᠢᠰᠦᠳᠦᠭᠡᠷ ᠬᠡᠪᠯᠡᠯ᠎ᠤᠨ ᠰᠡᠷᠭᠡᠶ᠋ᠢᠯᠡᠨ ᠡᠵᠡᠮᠳᠡᠬᠦ ᠲᠥᠰᠥᠯ ᠪᠠ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭ᠋ᠠᠨ᠎ᠤ ᠲᠥᠰᠥᠯ ᠵᠡᠷᠭᠡ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠶᠤᠮ᠃ ᠬᠡᠷᠡᠭᠵᠢᠭᠦᠯᠦᠭᠰᠡᠨ᠎ᠤ ᠳᠠᠷᠠᠭ᠎ᠠ᠂ ᠪᠢᠳᠡ ᠡᠯ᠎ᠡ ᠭᠠᠵᠠᠷ᠎ᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠨᠢᠭᠲᠠ ᠮᠥᠷᠳᠡᠵᠦ᠂ ᠣᠶ᠋ᠢᠷ᠎ᠠ ᠵᠢᠨ ᠬᠤᠭᠤᠴᠠᠭ᠋ᠠᠨ᠎ᠳᠠᠬᠢ ᠡᠯ᠎ᠡ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠶᠠᠪᠤᠴᠠ᠎ᠳᠤ ᠬᠤᠷᠠᠮᠳᠤᠭᠤᠯᠤᠭᠰᠠᠨ ᠲᠤᠷᠰᠢᠯᠭ᠎ᠠ ᠪᠠ ᠲᠤᠯᠭ᠋ᠠᠷᠠᠵᠤ ᠪᠠᠶ᠋ᠢᠭ᠎ᠠ ᠲᠣᠪᠣᠶ᠋ᠢᠮ᠎ᠠ ᠠᠰᠠᠭᠤᠳᠠᠯ᠎ᠲᠠᠢ ᠤᠶᠠᠯᠳᠤᠭᠤᠯᠤᠨ᠂ ᠴᠢᠭᠯᠡᠯᠲᠦ ᠴᠢᠨᠠᠷᠲᠠᠢ᠎ᠪᠠᠷ ᠠᠷᠪᠠᠨ ᠵᠦᠢ᠍ᠯ᠎ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠤᠯᠠᠮ ᠨᠢᠭᠡ ᠠᠯᠬᠤᠮ ᠰᠢᠯᠢᠳᠡᠭᠵᠢᠭᠦᠯᠬᠦ ᠠᠷᠪᠠᠨ ᠵᠦᠢ᠍ᠯ᠎ᠤᠨ ᠠᠷᠭ᠎ᠠ ᠬᠡᠮᠵᠢᠶ᠎ᠡ᠎ᠳᠤ ᠶᠠᠮᠠᠷ ᠶᠠᠮᠠᠷ ᠲᠠᠯ᠎ᠠ᠎ᠪᠠᠷ ᠬᠤᠪᠢᠷᠠᠯᠲᠠ᠎ᠲᠠᠢ ᠪᠣᠶ?
ᠰᠢᠨ᠎ᠡ᠎ᠪᠠᠷ ᠲᠣᠭᠲᠠᠭ᠋ᠠᠭᠰᠠᠨ ᠠᠷᠪᠠᠨ ᠵᠤᠷᠪᠤᠰ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠨᠢ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠪᠥᠭᠡᠮ ᠬᠦᠴᠢᠯ᠎ᠤᠨ ᠪᠠᠶ᠋ᠢᠴᠠᠭ᠋ᠠᠯᠲᠠ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ᠂ ᠨᠢᠭᠲᠠ ᠣᠶ᠋ᠢᠷᠠᠲᠤᠭᠰᠠᠳ᠎ᠤᠨ ᠬᠠᠮᠢᠶᠠᠷᠤᠯᠲᠠ᠂ ᠥᠨᠳᠥᠷ ᠳᠡᠰ᠎ᠤᠨ ᠲᠦᠭᠰᠢᠭᠦᠷᠢᠲᠦ ᠣᠷᠣᠨ᠎ᠢ ᠵᠠᠭ᠋ᠠᠭᠯᠠᠨ ᠲᠣᠭᠲᠠᠭ᠋ᠠᠵᠤ ᠪᠢᠲᠡᠭᠦᠮᠵᠢᠯᠡᠨ ᠡᠵᠡᠮᠳᠡᠬᠦ᠂ ᠨᠠᠰᠤᠲᠠᠶ᠋ᠢᠴᠤᠳ᠎ᠲᠤ ᠸᠠᠺᠼᠢᠨ᠎ᠤ ᠲᠠᠷᠢᠯᠭ᠎ᠠ ᠬᠢᠬᠦ ᠪᠠ ᠣᠯᠠᠨ ᠲᠦᠮᠡᠨ᠎ᠤ ᠡᠪᠡᠳᠴᠢᠨ ᠦᠵᠡᠭᠦᠯᠵᠦ ᠡᠮ ᠬᠡᠷᠡᠭᠯᠡᠬᠦ ᠵᠢ ᠪᠠᠲᠤᠯᠠᠬᠤ ᠵᠢᠴᠢ ᠰᠤᠷᠭ᠋ᠠᠭᠤᠯᠢ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠬᠢᠵᠢᠭ᠎ᠲᠤ ᠬᠤᠯᠪᠣᠭᠳᠠᠭᠰᠠᠨ ᠠᠮᠤᠷ ᠲᠦᠪᠰᠢᠨ᠎ᠤ ᠪᠠᠲᠤᠯᠠᠭ᠎ᠠ ᠵᠡᠷᠭᠡ ᠰᠡᠷᠭᠡᠶ᠋ᠢᠯᠡᠨ ᠡᠵᠡᠮᠳᠡᠬᠦ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃
ᠡᠨᠡ ᠤᠳᠠᠭ᠋ᠠᠨ᠎ᠤ ᠰᠢᠯᠢᠳᠡᠭᠵᠢᠭᠦᠯᠦᠯᠲᠡ᠎ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶ᠋ᠢᠯᠡᠬᠦ ᠦᠭᠡᠢ ᠭᠡᠰᠡᠨ ᠶᠠᠪᠤᠳᠠᠯ ᠪᠢᠰᠢ
ᠡᠨᠡ ᠤᠳᠠᠭ᠎ᠠ ᠵᠢᠨ ᠰᠢᠯᠢᠳᠡᠭᠵᠢᠭᠦᠯᠦᠯᠲᠡ᠎ᠨᠢ ᠪᠦᠷᠢᠮᠦᠰᠦᠨ ᠴᠢᠯᠦᠭᠡᠲᠡᠢ ᠲᠠᠯᠪᠢᠵᠤ ᠰᠡᠷᠭᠡᠶ᠋ᠢᠯᠡᠬᠦ ᠦᠭᠡᠢ ᠭᠡᠰᠡᠨ ᠶᠠᠪᠤᠳᠠᠯ ᠪᠢᠰᠢ᠂ ᠰᠠᠨᠠᠭ᠋ᠠᠴᠢᠯᠠᠭ᠎ᠠ᠎ᠲᠠᠢ᠎ᠪᠠᠷ ᠰᠢᠯᠢᠳᠡᠭᠵᠢᠭᠦᠯᠦᠭᠰᠡᠨ᠎ᠠᠴᠠ ᠪᠢᠰᠢ ᠰᠠᠨᠠᠭ᠋ᠠᠴᠢᠯᠠᠭ᠎ᠠ ᠦᠭᠡᠢ ᠰᠢᠯᠢᠳᠡᠭᠵᠢᠭᠦᠯᠦᠭᠰᠡᠨ ᠪᠢᠰᠢ᠃ ᠣᠳᠣᠬᠠᠨ᠎ᠳᠤ ᠮᠠᠨ᠎ᠤ ᠤᠯᠤᠰ᠎ᠲᠤ ᠳᠡᠯᠭᠡᠷᠡᠵᠦ ᠪᠠᠶ᠋ᠢᠭ᠎ᠠ ᠣᠨᠳᠣᠣᠰᠢᠭᠰᠠᠨ ᠸᠢᠷᠦ᠋ᠰ᠎ᠤᠨ ᠣᠨᠴᠠᠯᠢᠭ᠂ ᠬᠢᠵᠢᠭ᠎ᠤᠨ ᠪᠠᠶ᠋ᠢᠳᠠᠯ᠎ᠤᠨ ᠳᠡᠯᠭᠡᠷᠡᠯᠲᠡ ᠵᠢᠨ ᠣᠨᠴᠠᠯᠢᠭᠲᠤ ᠴᠢᠭᠯᠡᠭᠦᠯᠦᠨ᠂ ᠬᠢᠵᠢᠭ᠎ᠤᠨ ᠪᠠᠶ᠋ᠢᠳᠠᠯ᠎ᠢ ᠬᠥᠳᠡᠯᠦᠩᠭᠦᠢ᠎ᠪᠠᠷ ᠰᠤᠳᠤᠯᠤᠨ ᠮᠠᠭ᠋ᠠᠳᠯᠠᠬᠤ᠎ᠪᠠᠷ ᠳᠠᠮᠵᠢᠭᠤᠯᠤᠨ᠂ ᠤᠳᠤ ᠵᠢᠨ ᠬᠡᠷᠡᠭᠵᠢᠭᠦᠯᠵᠦ ᠪᠠᠶ᠋ᠢᠭ᠎ᠠ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠦᠷ᠎ᠡ ᠪᠦᠲᠦᠮᠵᠢ ᠵᠢ ᠦᠨᠡᠯᠡᠬᠦ᠂ ᠢᠯᠠᠩᠭᠤᠶ᠎ᠠ ᠬᠤᠷᠢᠨ ᠵᠤᠷᠪᠤᠰ᠎ᠢ ᠬᠡᠷᠡᠭᠵᠢᠭᠦᠯᠦᠭᠰᠡᠨ᠎ᠤ ᠲᠠᠷᠠᠭ᠎ᠠ᠂ ᠣᠷᠣᠨ ᠨᠤᠲᠤᠭ᠎ᠤᠨ ᠠᠰᠢᠭᠲᠠᠢ ᠲᠤᠷᠰᠢᠯᠭ᠎ᠠ ᠪᠠ ᠣᠷᠣᠰᠢᠵᠤ ᠪᠠᠶ᠋ᠢᠭ᠎ᠠ ᠠᠰᠠᠭᠤᠳᠠᠯ᠎ᠢ ᠡᠮᠬᠢᠯᠡᠨ ᠳ᠋ᠦᠩᠨᠡᠬᠦ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ ᠪᠠᠶ᠋ᠢᠭ᠋ᠠᠳ ᠲᠣᠭᠲᠠᠭ᠋ᠠᠭᠰᠠᠨ ᠶᠤᠮ᠃
ᠰᠢᠨ᠎ᠡ ᠲᠢᠲᠢᠮᠯᠢᠭ ᠡᠪᠡᠳᠴᠢᠲᠡᠨ᠎ᠳᠤ ᠶᠠᠮᠠᠷ ᠶᠠᠮᠠᠷ ᠡᠮᠴᠢᠯᠡᠭᠡᠨ᠎ᠤ ᠠᠷᠭ᠎ᠠ ᠪᠠᠷᠢᠯ ᠪᠠᠶ᠋ᠢᠬᠤ ᠪᠣᠢ?
ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠳᠢ ᠡᠩ ᠲᠡᠷᠢᠭᠦᠨ᠎ᠳᠤ ᠡᠪᠡᠳᠴᠢᠨ᠎ᠳᠤ᠎ᠨᠢ ᠲᠠᠭ᠋ᠠᠷᠠᠭᠤᠯᠵᠤ ᠡᠮᠨᠡᠨ ᠵᠠᠰᠠᠬᠤ ᠬᠡᠷᠡᠭᠲᠡᠢ᠃
ᠨᠢᠭᠡᠳᠦᠭᠡᠷ᠎ᠲᠤ᠂ ᠵᠠᠷᠢᠮ ᠡᠪᠡᠳᠴᠢᠲᠡᠨ ᠬᠠᠯᠠᠭᠤᠷᠠᠬᠤ᠂ ᠬᠤᠭᠤᠯᠠᠢ ᠡᠪᠡᠳᠬᠦ᠂ ᠬᠠᠨᠢᠶᠠᠯᠭ᠋ᠠᠬᠤ ᠵᠡᠷᠭᠡ ᠡᠪᠡᠳᠴᠢᠨ᠎ᠤ ᠢᠯᠡᠷᠡᠯ ᠭᠠᠷᠪᠠᠯ᠂ ᠭᠤᠣᠯᠳᠠᠭᠤ ᠡᠪᠡᠳᠴᠢᠨ᠎ᠳᠤ᠎ᠨᠢ ᠲᠠᠭ᠋ᠠᠷᠠᠭᠤᠯᠵᠤ ᠡᠮᠨᠡᠨ ᠵᠠᠰᠠᠨ᠎ᠠ᠂ ᠵᠢᠱ᠌ᠢᠶᠡᠯᠡᠪᠡᠯ ᠵᠠᠷᠢᠮ ᠬᠠᠯᠠᠭᠤᠨ᠎ᠢ ᠪᠠᠭᠤᠷᠠᠭᠤᠯᠬᠤ ᠡᠮ᠂ ᠪᠠᠰᠠ ᠵᠠᠷᠢᠮ ᠬᠠᠨᠢᠶᠠᠳᠤ ᠵᠢ ᠵᠣᠭᠰᠣᠭ᠋ᠠᠵᠤ ᠴᠡᠷᠢ ᠠᠷᠢᠯᠭ᠋ᠠᠬᠤ ᠡᠮ ᠥᠭᠭᠦᠨ᠎ᠡ᠃
ᠬᠤᠶᠠᠳᠤᠭ᠋ᠠᠷ᠎ᠲᠤ᠂ ᠸᠢᠷᠦ᠋ᠰ᠎ᠢ ᠡᠰᠡᠷᠭᠦᠴᠡᠬᠦ ᠡᠮ᠂ ᠡᠩ᠎ᠤᠨ ᠬᠡᠯᠪᠡᠷᠢ ᠵᠢᠨ ᠪᠤᠶᠤ ᠬᠦᠨᠳᠦᠷᠡᠬᠦ ᠪᠣᠯᠣᠮᠵᠢ᠎ᠲᠠᠢ ᠲᠦᠭᠰᠢᠭᠦᠷᠢ ᠵᠢᠨ ᠬᠦᠴᠦᠨ ᠵᠦᠢ᠍ᠯ ᠪᠠᠶ᠋ᠢᠬᠤ ᠡᠪᠡᠳᠴᠢᠲᠡᠨ᠎ᠳᠤ ᠸᠢᠷᠦ᠋ᠰ᠎ᠢ ᠡᠰᠡᠷᠭᠦᠴᠡᠬᠦ ᠡᠮᠴᠢᠯᠡᠭᠡ ᠵᠢ ᠡᠷᠲᠡᠬᠡᠨ ᠬᠢᠵᠦ᠂ ᠡᠪᠡᠳᠴᠢᠨ᠎ᠨᠢ ᠬᠦᠨᠳᠦᠷᠡᠬᠦ ᠬᠤᠪᠢᠷᠠᠯᠲᠠ ᠵᠢ ᠪᠠᠭ᠋ᠠᠰᠬᠠᠨ᠎ᠠ᠃ ᠭᠡᠪᠡᠴᠦ ᠸᠢᠷᠦ᠋ᠰ᠎ᠢ ᠡᠰᠡᠷᠭᠦᠴᠡᠬᠦ ᠡᠮ᠎ᠢ ᠵᠠᠪᠠᠯ ᠡᠮᠴᠢ ᠵᠢᠨ ᠵᠢᠯᠣᠭᠤᠳᠤᠯᠭ᠎ᠠ ᠳᠣᠣᠷ᠎ᠠ ᠤᠤᠭᠤᠬᠤ ᠬᠡᠷᠡᠭᠲᠡᠢ᠃
ᠭᠤᠷᠪᠠᠳᠤᠭ᠋ᠠᠷ᠎ᠲᠤ᠂ ᠬᠢᠲᠠᠳ ᠡᠸᠦ᠋ᠷᠦᠫᠡ ᠡᠮᠨᠡᠯᠭᠡ ᠵᠢ ᠤᠶᠠᠯᠳᠤᠭᠤᠯᠵᠤ᠂ ᠬᠢᠲᠠᠳ ᠡᠸᠦ᠋ᠷᠦᠫᠡ ᠡᠮᠨᠡᠯᠭᠡ ᠵᠢ ᠵᠡᠷᠭᠡ᠎ᠪᠠᠷ ᠴᠢᠬᠤᠯᠠᠴᠢᠯᠠᠬᠤ᠎ᠨᠢ ᠮᠠᠰᠢ ᠴᠢᠬᠤᠯᠠ ᠶᠤᠮ᠃ ᠬᠢᠲᠠᠳ ᠡᠮ᠎ᠨᠢ ᠸᠢᠷᠦ᠋ᠰ᠎ᠤᠨ ᠴᠢᠨᠠᠷᠲᠠᠢ ᠬᠠᠯᠳᠠᠪᠤᠷᠢᠯᠠᠯ᠎ᠢ ᠡᠮᠨᠡᠨ ᠵᠠᠰᠠᠬᠤ ᠶᠠᠪᠤᠴᠠ᠎ᠳᠤ ᠣᠨᠴᠠᠭ᠋ᠠᠶ ᠳᠠᠪᠠᠭᠤᠯᠢᠭ ᠲᠠᠯ᠎ᠠ᠎ᠲᠠᠢ ᠪᠠᠶ᠋ᠢᠵᠤ᠂ ᠣᠳᠣᠬᠠᠨ᠎ᠳᠤ ᠵᠠᠷᠢᠮ ᠬᠢᠲᠠᠳ ᠡᠮᠨᠡᠯᠭᠡ ᠬᠢᠲᠠᠳ ᠡᠮ ᠵᠶ᠋ᠠᠷ ᠡᠮᠨᠡᠨ ᠵᠠᠰᠠᠬᠤ᠎ᠨᠢ ᠨᠢᠭᠡᠨ ᠮᠠᠰᠢ ᠰᠠᠶ᠋ᠢᠨ ᠰᠣᠩᠭᠤᠯᠲᠠ ᠪᠣᠯᠣᠨ᠎ᠠ᠃
ᠳᠥᠷᠪᠡᠳᠦᠭᠡᠷ᠎ᠲᠤ᠂ ᠡᠮᠴᠢᠯᠡᠭᠡᠨ᠎ᠤ ᠶᠠᠪᠤᠴᠠ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ ᠪᠠ ᠰᠠᠭᠤᠷᠢ ᠴᠢᠨᠠᠷᠲᠠᠢ ᠡᠪᠡᠳᠴᠢᠨ᠎ᠢ ᠡᠮᠨᠡᠨ ᠵᠠᠰᠠᠬᠤ ᠵᠢ ᠬᠠᠮᠲᠤᠲᠤᠨᠢ ᠬᠠᠷᠠᠭ᠋ᠠᠯᠵᠠᠬᠤ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠳᠤ ᠬᠠᠯᠳᠠᠪᠤᠷᠢᠯᠠᠭᠳᠠᠭᠰᠠᠨ᠎ᠠᠴᠠ ᠪᠣᠯᠵᠤ ᠰᠠᠭᠤᠷᠢ ᠴᠢᠨᠠᠷᠲᠠᠢ ᠡᠪᠡᠳᠴᠢᠨ᠎ᠤ ᠡᠮ ᠬᠡᠷᠡᠭᠯᠡᠬᠦ ᠵᠢ ᠵᠣᠭᠰᠣᠭ᠋ᠠᠵᠤ ᠪᠣᠯᠬᠤ ᠦᠭᠡᠢ᠂ ᠵᠢᠱ᠌ᠢᠶᠡᠯᠡᠪᠡᠯ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠡᠪᠡᠳᠴᠢᠲᠡᠨ᠎ᠤ ᠡᠳᠦᠷ ᠲᠤᠲᠤᠮ᠎ᠤᠨ ᠡᠮᠴᠢᠯᠡᠭᠡ ᠵᠢ ᠲᠠᠰᠤᠯᠳᠠᠭᠤᠯᠵᠤ ᠪᠣᠯᠬᠤ ᠦᠭᠡᠢ᠃ ᠡᠶ᠋ᠢᠮᠦ᠎ᠠᠴᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠢ ᠡᠮᠨᠡᠨ ᠵᠠᠰᠠᠬᠤ ᠵᠢᠨ ᠬᠠᠮᠲᠤ ᠪᠠᠰᠠ ᠰᠠᠭᠤᠷᠢ ᠴᠢᠨᠠᠷᠲᠠᠢ ᠡᠪᠡᠳᠴᠢᠨ᠎ᠢ ᠦᠷᠭᠦᠯᠵᠢᠯᠡᠨ ᠡᠮᠨᠡᠨ ᠵᠠᠰᠠᠬᠤ ᠵᠢ ᠣᠨᠴᠠᠭ᠋ᠠᠶ᠋ᠢᠯᠠᠨ ᠠᠩᠬᠠᠷᠬᠤ ᠬᠡᠷᠡᠭᠲᠡᠢ᠃
ᠡᠮ᠎ᠤᠨ ᠵᠦᠢ᠍ᠯ᠎ᠢ ᠬᠠᠳᠠᠭ᠋ᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ
ᠪᠢᠳᠡ ᠨᠢᠭᠡᠨᠲᠡ ᠰᠢᠶᠠᠨ᠎ᠤ ᠱᠠᠲᠤᠨ᠎ᠠᠴᠠ ᠳᠡᠭᠡᠭᠰᠢᠬᠢ ᠡᠮᠴᠢᠯᠡᠭᠡᠨ᠎ᠤ ᠪᠠᠶ᠋ᠢᠭᠤᠯᠤᠮᠵᠢ ᠵᠢ ᠬᠢᠲᠠᠳ ᠡᠮ᠂ ᠡᠸᠦ᠋ᠷᠦᠫᠡ ᠡᠮ ᠵᠡᠷᠭᠡ ᠡᠮ᠎ᠤᠨ ᠵᠦᠢ᠍ᠯ᠂ ᠠᠨᠲ᠋ᠢᠭ᠌ᠸᠡᠤ ᠤᠷᠪᠠᠯᠵᠢ ᠵᠢ ᠪᠠᠭᠲᠠᠭ᠋ᠠᠭᠰᠠᠨ ᠡᠳᠡᠭᠡᠷ ᠡᠪᠡᠳᠴᠢᠨ᠎ᠳᠤ᠎ᠨᠢ ᠲᠠᠭ᠋ᠠᠷᠠᠭᠤᠯᠵᠤ ᠡᠮᠨᠡᠨ ᠵᠠᠰᠠᠬᠤ ᠡᠮ ᠵᠢᠴᠢ ᠸᠢᠷᠦ᠋ᠰ᠎ᠢ ᠡᠰᠡᠷᠭᠦᠴᠡᠬᠦ ᠡᠮ ᠵᠡᠷᠭᠡ ᠵᠢ ᠪᠡᠯᠡᠳᠬᠡᠬᠦ ᠵᠢ ᠴᠢᠩᠭ᠋ᠠᠳᠬᠠᠵᠤ᠂ ᠵᠣᠬᠢᠬᠤ ᠬᠡᠮᠵᠢᠶᠡᠨ᠎ᠤ ᠪᠡᠯᠡᠳᠬᠡᠯ ᠬᠢᠬᠦ ᠬᠡᠷᠡᠭᠲᠡᠢ ᠭᠡᠵᠦ ᠱᠠᠭ᠋ᠠᠷᠳᠠᠭᠰᠠᠨ ᠪᠠᠶ᠋ᠢᠨ᠎ᠠ᠃ ᠡᠭᠦᠨ᠎ᠤ ᠬᠠᠮᠲᠤ᠂ ᠱᠠᠲᠤ ᠲᠥᠷᠥᠯ ᠬᠤᠪᠢᠶᠠᠵᠤ ᠡᠮᠨᠡᠨ ᠵᠠᠰᠠᠬᠤ᠎ᠪᠠᠷ ᠳᠡᠮᠵᠢᠨ᠂ ᠮᠠᠰᠢ ᠣᠯᠠᠨ ᠬᠠᠯᠳᠠᠪᠤᠷᠢᠯᠠᠭᠰᠠᠳ ᠭᠡᠷ᠎ᠲᠤ᠎ᠪᠠᠨ ᠰᠠᠭᠤᠵᠤ ᠡᠮᠨᠡᠨ ᠵᠠᠰᠠᠬᠤ ᠠᠷᠭ᠎ᠠ ᠮᠠᠶᠢᠭ᠎ᠢ ᠰᠣᠩᠭᠤᠬᠤ ᠪᠣᠯᠣᠨ᠎ᠠ᠃ ᠡᠶ᠋ᠢᠮᠦ᠎ᠠᠴᠠ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ᠂ ᠡᠮ᠎ᠤᠨ ᠵᠢᠵᠢᠭᠯᠡᠨ ᠬᠤᠳᠠᠯᠳᠤᠬᠤ ᠲᠣᠣᠷ ᠴᠡᠭ ᠵᠡᠷᠭᠡ ᠴᠦ᠍ ᠵᠣᠬᠢᠬᠤ ᠪᠡᠯᠡᠳᠬᠡᠯ ᠬᠢᠵᠦ᠂ ᠡᠮ᠎ᠤᠨ ᠵᠦᠢ᠍ᠯ᠎ᠤᠨ ᠪᠣᠯᠣᠮᠵᠢᠲᠤ ᠴᠢᠨᠠᠷ᠎ᠢ ᠪᠠᠲᠤᠯᠠᠬᠤ ᠬᠡᠷᠡᠭᠲᠡᠢ᠃ ᠪᠢᠳᠡ ᠪᠠᠰᠠ ᠣᠯᠠᠨ ᠵᠦᠢ᠍ᠯ᠎ᠤᠨ ᠠᠷᠭ᠎ᠠ᠎ᠪᠠᠷ ᠡᠳᠡᠭᠡᠷ ᠡᠮ᠎ᠢ ᠬᠡᠷᠬᠢᠨ ᠬᠡᠷᠡᠭᠯᠡᠬᠦ᠂ ᠵᠢᠴᠢ ᠠᠨᠲ᠋ᠢᠭ᠌ᠸᠡᠤ ᠤᠷᠪᠠᠯᠵᠢ ᠵᠢ ᠬᠡᠷᠬᠢᠨ ᠬᠡᠷᠡᠭᠯᠡᠬᠦ ᠵᠢ ᠣᠯᠠᠨ᠎ᠳᠤ ᠮᠡᠳᠡᠭᠦᠯᠵᠦ᠂ ᠡᠮ ᠬᠡᠷᠡᠭᠯᠡᠬᠦ ᠠᠶᠤᠯ ᠦᠭᠡᠢ ᠪᠠᠶ᠋ᠢᠬᠤ ᠵᠢ ᠪᠠᠲᠤᠯᠠᠨ᠎ᠠ᠃ ᠡᠮ᠎ᠤᠨ ᠵᠦᠢ᠍ᠯ᠎ᠢ ᠬᠤᠷᠠᠮᠳᠤᠭᠤᠯᠤᠨ ᠬᠠᠳᠠᠭ᠋ᠠᠯᠠᠬᠤ ᠪᠠ ᠪᠤᠯᠢᠶᠠᠯᠳᠤᠨ ᠬᠤᠳᠠᠯᠳᠤᠵᠤ ᠠᠪᠬᠤ ᠴᠢᠬᠤᠯᠠ ᠦᠭᠡᠢ᠃ ᠪᠦᠬᠦᠶ᠋ᠢᠯᠡ ᠠᠵᠢᠯ᠎ᠤᠨ ᠪᠠᠶ᠋ᠢᠷᠢᠯᠠᠭᠤᠯᠤᠯᠲᠠ ᠵᠢ ᠳᠠᠭ᠋ᠠᠯᠳᠤᠨ᠂ ᠡᠮ᠎ᠤᠨ ᠵᠦᠢ᠍ᠯ᠎ᠤᠨ ᠪᠣᠷᠤᠯᠠᠭᠤᠯᠭ᠎ᠠ ᠵᠢᠨ ᠲᠣᠣᠷ ᠴᠡᠭ᠎ᠲᠤ ᠭᠡᠰᠡᠨ ᠦᠭᠡᠢ᠂ ᠡᠮᠴᠢᠯᠡᠭᠡᠨ᠎ᠤ ᠪᠠᠶ᠋ᠢᠭᠤᠯᠤᠮᠵᠢ᠎ᠳᠤ ᠭᠡᠰᠡᠨ ᠦᠭᠡᠢ᠂ ᠡᠲᠡᠭᠡᠷ ᠡᠮ᠎ᠤᠨ ᠵᠦᠢ᠍ᠯ ᠭᠦᠢ᠍ᠴᠡᠳ ᠪᠠᠶ᠋ᠢᠨ᠎ᠠ᠃
ᠬᠠᠯᠠᠭᠤᠷᠠᠯ᠎ᠤᠨ ᠡᠭᠦᠳᠡᠨ ᠡᠮᠨᠡᠯᠭᠡ ᠵᠢᠨ ᠡᠮᠴᠢᠯᠡᠭᠡ ᠵᠢ ᠭᠥᠯᠢᠶᠡᠨ ᠠᠪᠬᠤ ᠠᠯᠬᠤᠮ ᠳᠠᠷᠠᠭ᠎ᠠ᠎ᠨᠢ ᠶᠠᠮᠠᠷ ᠪᠣᠢ?
ᠡᠪᠡᠳᠴᠢᠲᠡᠨ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠣᠴᠢᠵᠤ ᠡᠮᠨᠡᠭᠦᠯᠬᠦ᠎ᠳᠤ ᠬᠦᠷᠪᠡᠯ᠂ ᠡᠮᠴᠢ᠎ᠠᠴᠠ ᠡᠪᠡᠳᠴᠢᠨ᠎ᠤ ᠲᠡᠦᠬᠡ᠂ ᠣᠨᠴᠠᠭ᠋ᠠᠶ᠋ᠢᠯᠠᠨ ᠡᠪᠡᠳᠴᠢᠨ᠎ᠤ ᠪᠠᠶ᠋ᠢᠳᠠᠯ᠂ ᠡᠪᠡᠳᠴᠢᠨ᠎ᠤ ᠶᠠᠪᠤᠴᠠ ᠵᠢ ᠠᠰᠠᠭᠤᠬᠤ ᠵᠢᠨ ᠬᠠᠮᠲᠤ ᠴᠢᠰᠤᠨ᠎ᠤ ᠪᠠᠶ᠋ᠢᠴᠠᠭ᠋ᠠᠯᠲᠠ᠂ ᠡᠪᠡᠳᠴᠢᠨ ᠡᠭᠦᠰᠬᠡᠭᠴᠢ ᠵᠢᠨ ᠤᠬᠠᠭ᠋ᠠᠨ᠎ᠤ ᠪᠠᠶ᠋ᠢᠴᠠᠭ᠋ᠠᠯᠲᠠ ᠵᠡᠷᠭᠡ ᠵᠢ ᠪᠠᠭᠲᠠᠭ᠋ᠠᠭᠰᠠᠨ ᠠᠨᠠᠭ᠋ᠠᠬᠤ ᠤᠬᠠᠭ᠋ᠠᠨ᠎ᠤ ᠪᠠᠶ᠋ᠢᠴᠠᠭ᠋ᠠᠯᠲᠠ ᠬᠢᠨ᠎ᠡ᠃ ᠡᠳᠡᠭᠡᠷ ᠪᠠᠶ᠋ᠢᠴᠠᠭ᠋ᠠᠯᠲᠠ᠎ᠪᠠᠷ ᠳᠠᠮᠵᠢᠨ ᠡᠮᠴᠢ᠎ᠠᠴᠠ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠳ ᠶᠤᠮ ᠦᠦ ᠡᠰᠡᠬᠦᠯ᠎ᠡ ᠪᠤᠰᠤᠳ ᠡᠪᠡᠳᠴᠢᠨ ᠶᠤᠮ ᠦᠦ ᠭᠡᠳᠡᠭ᠎ᠢ ᠮᠠᠭ᠋ᠠᠳᠯᠠᠨ ᠣᠨᠣᠰᠢᠯᠠᠨ᠎ᠠ᠃
ᠡᠭᠦᠨ᠎ᠤ ᠬᠠᠮᠲᠤ᠂ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠠᠩᠬᠠᠨ᠎ᠤ ᠡᠮᠴᠢᠯᠡᠭᠡᠨ᠎ᠤ ᠡᠮᠴᠢ ᠵᠢᠨ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠬᠦ ᠵᠢ ᠱᠠᠭ᠋ᠠᠷᠳᠠᠨ᠎ᠠ᠃ ᠡᠶ᠋ᠢᠮᠦ᠎ᠠᠴᠠ ᠡᠪᠡᠳᠴᠢᠲᠡᠨ᠎ᠢ ᠰᠢᠯᠵᠢᠭᠦᠯᠦᠨ ᠡᠮᠨᠡᠭᠦᠯᠬᠦ᠂ ᠠᠯᠢ ᠠᠯᠢ ᠰᠠᠯᠠᠭ᠎ᠠ ᠲᠠᠰᠤᠭ᠎ᠲᠤ ᠰᠢᠯᠵᠢᠭᠦᠯᠬᠦ᠂ ᠠᠯᠢ ᠠᠯᠢ ᠭᠠᠵᠠᠷ᠎ᠲᠤ ᠤᠯᠠᠮ ᠨᠢᠭᠡ ᠠᠯᠬᠤᠮ ᠡᠮᠨᠡᠭᠦᠯᠬᠦ᠎ᠳᠤ ᠪᠦᠷ ᠠᠯᠢ ᠣᠯᠠᠨ ᠲᠣᠬᠢᠷᠠᠭᠤᠯᠤᠯᠲᠠ᠎ᠲᠠᠢ ᠪᠠᠶ᠋ᠢᠳᠠᠭ᠃
ᠡᠭᠦᠨ᠎ᠤ ᠬᠠᠮᠲᠤ᠂ ᠡᠪᠡᠳᠴᠢᠲᠡᠨ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠣᠴᠢᠵᠤ ᠡᠮᠨᠡᠭᠦᠯᠬᠦ ᠶᠠᠪᠤᠴᠠ᠎ᠳᠤ᠎ᠪᠠᠨ ᠠᠮᠠᠪᠴᠢ᠎ᠪᠠᠨ ᠰᠠᠶ᠋ᠢᠲᠤᠷ ᠵᠡᠭᠦᠵᠦ᠂ ᠡᠮᠨᠡᠯᠭᠡ ᠵᠢᠨ ᠬᠤᠷᠢᠶᠠᠨ᠎ᠤ ᠠᠵᠢᠯ᠎ᠤᠨ ᠠᠯᠬᠤᠮ ᠳᠠᠷᠠᠭ᠎ᠠ᠎ᠪᠠᠷ ᠡᠪᠡᠳᠴᠢᠨ ᠵᠶ᠋ᠠᠨ ᠦᠵᠡᠭᠦᠯᠵᠦ ᠡᠮᠨᠡᠭᠦᠯᠬᠦ ᠬᠡᠷᠡᠭᠲᠡᠢ᠃ ᠪᠠᠰᠠ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠪᠤᠰᠤᠳ ᠬᠥᠮᠥᠨ᠎ᠲᠠᠢ ᠴᠤᠭᠯᠠᠷᠠᠬᠤ ᠪᠠ ᠣᠶ᠋ᠢᠷᠠᠳᠬᠤ᠎ᠠᠴᠠ ᠵᠠᠶ᠋ᠢᠯᠠᠰᠬᠢᠵᠦ᠂ ᠰᠣᠯᠪᠢᠴᠠᠨ ᠬᠠᠯᠳᠠᠪᠤᠷᠢᠯᠠᠬᠤ ᠲᠦᠭᠰᠢᠭᠦᠷᠢ ᠵᠢ ᠪᠠᠭ᠋ᠠᠰᠬᠠᠬᠤ ᠬᠡᠷᠡᠭᠲᠡᠢ᠃
ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ ᠲᠤᠶ᠋ᠢᠯ᠎ᠤᠨ ᠠᠮᠤᠷ ᠲᠦᠪᠰᠢᠨ ᠪᠠᠶ᠋ᠢᠵᠤ᠂ ᠲᠠᠷᠢᠯᠭ᠎ᠠ ᠬᠢᠭᠰᠡᠨ᠎ᠤ ᠳᠠᠷᠠᠭ᠎ᠠ ᠣᠯᠬᠤ ᠠᠰᠢᠭ ᠲᠤᠰᠠ᠎ᠨᠢ ᠠᠶᠤᠯ ᠲᠦᠭᠰᠢᠭᠦᠷᠢ᠎ᠠᠴᠠ ᠬᠤᠯᠠ ᠶᠡᠭᠡ ᠪᠠᠶ᠋ᠢᠳᠠᠭ
ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠠᠴᠠ ᠮᠠᠨ᠎ᠤ ᠤᠯᠤᠰ᠎ᠤᠨ ᠨᠢᠭᠡᠨᠲᠡ ᠳᠠᠷᠢᠭᠰᠠᠨ 34 ᠳ᠋ᠦᠩᠰᠢᠭᠤᠷ ᠭᠠᠷᠤᠢ ᠲᠠᠷᠢᠯᠭ᠎ᠠ᠂ 13 ᠳ᠋ᠦᠩᠰᠢᠭᠤᠷ ᠭᠠᠷᠤᠢ ᠬᠥᠮᠥᠨ᠎ᠤ ᠡᠷᠡᠭᠦᠯ ᠪᠤᠰᠤ ᠲᠤᠰᠬᠠᠯ᠎ᠤᠨ ᠬᠢᠨᠠᠨ ᠰᠢᠨᠵᠢᠯᠡᠯᠲᠡ ᠬᠢᠭᠡᠳ ᠢᠯᠡᠷᠡᠭᠦᠯᠦᠭᠰᠡᠨ ᠵᠶ᠋ᠠᠷ᠂ ᠮᠠᠨ᠎ᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠡᠷᠡᠭᠦᠯ ᠪᠤᠰᠤ ᠲᠤᠰᠬᠠᠯ᠎ᠤᠨ ᠡᠭᠦᠰᠬᠦ ᠨᠣᠷᠮ᠎ᠠ᠎ᠨᠢ ᠮᠠᠨ᠎ᠤ ᠵᠢᠯ ᠲᠤᠷᠰᠢ ᠳᠠᠷᠢᠳᠠᠭ ᠪᠤᠰᠤᠳ ᠵᠠᠷᠢᠮ ᠸᠠᠺᠼᠢᠨᠤᠬᠢᠲᠠᠢ ᠠᠳᠠᠯᠢ ᠪᠥᠭᠡᠳ ᠨᠠᠰᠤᠲᠠᠶ᠋ᠢᠴᠤᠳ᠎ᠤᠨ ᠡᠷᠡᠭᠦᠯ ᠪᠤᠰᠤ ᠲᠤᠰᠬᠠᠯ᠎ᠤᠨ ᠡᠭᠦᠰᠬᠦ ᠨᠣᠷᠮ᠎ᠠ᠎ᠨᠢ ᠵᠠᠯᠠᠭᠤ ᠬᠥᠮᠥᠰᠤᠨᠬᠢᠠᠴᠠ ᠵᠢᠭ᠋ᠠᠬᠠᠨ ᠳᠣᠣᠷ᠎ᠠ ᠪᠠᠶ᠋ᠢᠳᠠᠭ᠃ ᠣᠳᠣᠬᠠᠨ᠎ᠳᠤ᠂ ᠮᠠᠨ᠎ᠤ ᠤᠯᠤᠰ ᠨᠢᠭᠡᠨᠲᠡ ᠪᠥᠬᠦ ᠳᠡᠯᠡᠬᠡᠢ ᠵᠢᠨ 120 ᠭᠠᠷᠤᠢ ᠤᠯᠤᠰ ᠪᠠ ᠣᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠳᠤ ᠨᠡᠶ᠋ᠢᠲᠡ 22 ᠳ᠋ᠦᠩᠰᠢᠭᠤᠷ ᠭᠠᠷᠤᠢ ᠲᠠᠷᠢᠯᠭ᠎ᠠ ᠵᠢᠨ ᠸᠠᠺᠼᠢᠨ᠎ᠢ ᠬᠠᠩᠭ᠋ᠠᠭᠰᠠᠨ ᠪᠠᠶ᠋ᠢᠨ᠎ᠠ᠃ ᠮᠡᠳᠡᠭᠡᠯᠡᠯ᠎ᠠᠴᠠ ᠦᠵᠡᠪᠡᠯ᠂ 30 ᠭᠠᠷᠤᠢ ᠤᠯᠤᠰ᠎ᠤᠨ ᠲᠡᠷᠢᠭᠦᠨ᠂ ᠵᠠᠰᠠᠭ᠎ᠤᠨ ᠣᠷᠳᠣᠨ᠎ᠤ ᠲᠡᠷᠢᠭᠦᠨ᠂ ᠵᠠᠰᠠᠭ᠎ᠤᠨ ᠣᠷᠳᠣᠨ᠎ᠤ ᠲᠤᠰᠢᠶᠠᠯᠲᠠᠨ ᠲᠦᠷᠦᠭᠦᠯᠡᠨ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠵᠢ ᠬᠢᠪᠡ᠃ ᠮᠠᠨ᠎ᠤ ᠪᠦᠷᠢᠨ ᠪᠤᠰᠤ ᠪᠦᠷᠢᠳᠬᠡᠯ᠎ᠠᠴᠠ ᠦᠵᠡᠪᠡᠯ᠂ ᠪᠥᠬᠦ ᠳᠡᠯᠡᠬᠡᠢ᠎ᠳᠤ ᠣᠲᠣ ᠪᠣᠯᠲᠠᠯ᠎ᠠ᠂ 60 ᠨᠠᠰᠤᠨ᠎ᠠᠴᠠ ᠳᠡᠭᠡᠭᠰᠢᠬᠢ ᠨᠠᠰᠤᠲᠠᠶ᠋ᠢᠴᠤᠳ ᠳᠤᠮᠳᠠᠳᠤ ᠤᠯᠤᠰ᠎ᠤᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠳᠠᠷᠢᠭᠰᠠᠨ᠎ᠨᠢ ᠨᠢᠭᠡᠨᠲᠡ 10 ᠳ᠋ᠦᠩᠰᠢᠭᠤᠷ᠎ᠢ ᠳᠠᠪᠠᠵᠤ᠂ ᠴᠥᠮ ᠲᠤᠶ᠋ᠢᠯ᠎ᠤᠨ ᠠᠮᠤᠷ ᠲᠦᠪᠰᠢᠨ ᠪᠠᠶ᠋ᠢᠳᠠᠭ᠃ ᠨᠠᠮ ᠪᠣᠯᠣᠨ ᠲᠥᠷᠥ ᠵᠢᠨ ᠣᠳᠣ ᠵᠢᠨ ᠲᠤᠰᠢᠶᠠᠯ᠎ᠳᠤ ᠪᠠᠶ᠋ᠢᠭ᠎ᠠ ᠤᠳᠤᠷᠢᠳᠬᠤ ᠬᠥᠮᠥᠰ ᠴᠥᠮ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠭᠰᠠᠨ ᠪᠥᠭᠡᠳ ᠡᠩ᠎ᠤᠨ ᠠᠷᠠᠳ ᠢᠷᠭᠡᠳ᠎ᠲᠠᠢ ᠠᠳᠠᠯᠢᠬᠠᠨ ᠤᠯᠤᠰ᠎ᠲᠤ᠎ᠪᠠᠨ ᠦᠢ᠍ᠯᠡᠳᠪᠦᠷᠢᠯᠡᠭᠰᠡᠨ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠭᠰᠠᠨ ᠪᠠᠶ᠋ᠢᠨ᠎ᠠ᠃
ᠤᠳᠠᠭ᠋ᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢᠨ ᠲᠠᠰᠤ ᠴᠡᠭᠡᠷᠯᠡᠯ ᠪᠢᠰᠢ
ᠵᠠᠷᠢᠮ ᠨᠠᠰᠤᠲᠠᠶ᠋ᠢᠴᠤᠳ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠵᠡᠷᠭᠡ ᠤᠳᠠᠭ᠋ᠠᠨ ᠴᠢᠨᠠᠷᠲᠠᠢ ᠡᠪᠡᠳᠴᠢᠨ᠎ᠳᠤ ᠨᠡᠷᠪᠡᠭᠳᠡᠵᠦ᠂ ᠵᠠᠷᠢᠮ ᠲᠠᠯ᠎ᠠ᠎ᠪᠠᠷ ᠰᠠᠨᠠᠭ᠋ᠠᠰᠢᠷᠠᠵᠤ ᠪᠠᠶ᠋ᠢᠨ᠎ᠠ᠃ ᠡᠲᠡᠭᠡᠷ ᠤᠳᠠᠭ᠋ᠠᠨ ᠴᠢᠨᠠᠷᠲᠠᠢ ᠡᠪᠡᠳᠴᠢᠨ ᠪᠣᠯ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢᠨ ᠲᠠᠰᠤ ᠴᠡᠭᠡᠷᠯᠡᠯ ᠪᠢᠰᠢ᠂ ᠡᠲᠡᠭᠡᠷ ᠤᠳᠠᠭ᠋ᠠᠨ ᠴᠢᠨᠠᠷᠲᠠᠢ ᠡᠪᠡᠳᠴᠢᠨ᠎ᠢ ᠰᠠᠶ᠋ᠢᠲᠤᠷ ᠡᠵᠡᠮᠳᠡᠵᠦ᠂ ᠲᠣᠭᠲᠠᠭᠤᠨ ᠪᠠᠶ᠋ᠢᠳᠠᠯ᠎ᠳᠤ ᠪᠠᠶ᠋ᠢᠯᠭ᠋ᠠᠳᠠᠭ ᠯᠠ ᠶᠤᠮ ᠪᠣᠯ ᠴᠥᠮ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠵᠦ ᠪᠣᠯᠣᠨ᠎ᠠ ᠭᠡᠳᠡᠭ᠎ᠢ ᠣᠯᠠᠨ᠎ᠳᠤ ᠲᠣᠳᠣᠷᠬᠠᠢ ᠬᠡᠯᠡᠵᠦ ᠪᠣᠯᠣᠨ᠎ᠠ᠃
ᠣᠳᠣᠬᠠᠨ᠎ᠳᠤ ᠲᠠᠷᠢᠯᠭ᠎ᠠ ᠲᠠᠷᠢᠵᠤ ᠪᠣᠯᠬᠤ ᠦᠭᠡᠢ ᠪᠤᠶᠤ ᠲᠦᠷ ᠬᠤᠶ᠋ᠢᠰᠢᠯᠠᠭᠤᠯᠬᠤ 4 ᠵᠦᠢ᠍ᠯ᠎ᠤᠨ ᠪᠠᠶ᠋ᠢᠳᠠᠯ᠎ᠢ ᠲᠣᠭᠲᠠᠭ᠋ᠠᠪᠠ᠃
ᠨᠢᠭᠡᠳᠦᠭᠡᠷ᠎ᠲᠤ᠂ ᠨᠠᠰᠤᠲᠠᠶ᠋ᠢᠴᠤᠳ ᠥᠩᠭᠡᠷᠡᠭᠰᠡᠨ᠎ᠳᠤ ᠸᠠᠺᠼᠢᠨ᠎ᠤ ᠲᠠᠷᠢᠯᠭ᠎ᠠ᠎ᠳᠤ ᠬᠦᠨᠳᠦ ᠨᠣᠴᠢᠲᠠᠢ ᠬᠠᠷᠰᠢᠮᠠᠲᠠᠭ᠋ᠠᠢ ᠤᠷᠪᠠᠯ ᠭᠠᠷᠴᠤ ᠥᠩᠭᠡᠷᠡᠭᠰᠡᠨ ᠦᠶ᠎ᠡ᠎ᠳᠤ᠂ ᠵᠢᠱ᠌ᠢᠶᠡᠯᠡᠪᠡᠯ ᠬᠠᠷᠰᠢᠮᠠᠲᠠᠭ᠋ᠠᠢ ᠴᠢᠨᠠᠷᠲᠠᠢ ᠱᠣᠺ᠂ ᠲᠥᠪᠥᠩᠬᠡᠢ ᠵᠢᠨ ᠤᠰᠤᠨ ᠬᠠᠪᠤᠩ ᠵᠡᠷᠭᠡ ᠪᠠᠶ᠋ᠢᠳᠠᠯ ᠭᠠᠷᠴᠤ ᠥᠩᠭᠡᠷᠡᠭᠰᠡᠨ ᠪᠠᠶ᠋ᠢᠪᠠᠯ᠂ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠢ ᠳᠠᠷᠢᠵᠤ ᠪᠣᠯᠬᠤ ᠦᠭᠡᠢ᠃
ᠬᠤᠶᠠᠳᠤᠭ᠋ᠠᠷ᠎ᠲᠤ᠂ ᠬᠠᠯᠳᠠᠪᠤᠷᠢᠯᠠᠯ᠎ᠤᠨ ᠴᠢᠨᠠᠷᠲᠠᠢ ᠡᠪᠡᠳᠴᠢᠨ᠎ᠠᠴᠠ ᠪᠣᠯᠵᠤ ᠲᠦᠷᠭᠡᠨ ᠴᠢᠨᠠᠷᠲᠠᠢ ᠬᠠᠯᠠᠭᠤᠷᠠᠯ᠎ᠤᠨ ᠬᠤᠭᠤᠴᠠᠭ᠋ᠠᠨ᠎ᠳᠤ᠎ᠪᠠᠨ ᠪᠠᠶ᠋ᠢᠬᠤ ᠦᠶ᠎ᠡ᠎ᠳᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢ ᠲᠦᠷ ᠬᠤᠶ᠋ᠢᠰᠢᠯᠠᠭᠤᠯᠵᠤ᠂ ᠡᠵᠡᠮᠳᠡᠭᠰᠡᠨ᠎ᠤ ᠳᠠᠷᠠᠭ᠎ᠠ ᠳᠠᠭᠢᠵᠤ ᠲᠠᠷᠢᠯᠭ᠎ᠠ ᠬᠢᠬᠦ ᠵᠢ ᠰᠠᠨᠠᠭᠤᠯᠵᠤ ᠪᠠᠶ᠋ᠢᠨ᠎ᠠ᠃
ᠭᠤᠷᠪᠠᠳᠤᠭ᠋ᠠᠷ᠎ᠲᠤ᠂ ᠤᠳᠠᠭ᠋ᠠᠨ ᠴᠢᠨᠠᠷᠲᠠᠢ ᠡᠪᠡᠳᠴᠢᠨ᠎ᠤ ᠲᠦᠷᠭᠡᠨ ᠴᠢᠨᠠᠷᠲᠠᠢ ᠬᠥᠳᠡᠯᠬᠦ ᠬᠤᠭᠤᠴᠠᠭ᠋ᠠᠨ᠎ᠳᠤ ᠪᠠᠶ᠋ᠢᠪᠠᠯ᠂ ᠵᠢᠱ᠌ᠢᠶᠡᠯᠡᠪᠡᠯ ᠬᠠᠪᠤᠳᠠᠷ᠎ᠤᠨ ᠡᠪᠡᠳᠴᠢᠲᠡᠨ ᠬᠢᠮᠢ ᠵᠢᠨ ᠵᠠᠰᠠᠯᠭ᠎ᠠ ᠵᠢᠨ ᠬᠤᠭᠤᠴᠠᠭ᠋ᠠᠨ᠎ᠳᠤ ᠪᠠᠶ᠋ᠢᠬᠤ ᠪᠤᠶᠤ ᠴᠢᠰᠤᠨ ᠳᠠᠷᠤᠯᠲᠠ ᠥᠨᠳᠥᠷ ᠡᠪᠡᠳᠴᠢᠲᠡᠨ ᠴᠢᠰᠤᠨ ᠳᠠᠷᠤᠯᠲᠠ ᠥᠨᠳᠥᠷ ᠡᠪᠡᠳᠴᠢᠨ᠎ᠤ ᠲᠦᠭᠰᠢᠭᠦᠷᠢᠲᠦ ᠪᠠᠶ᠋ᠢᠳᠠᠯ᠎ᠳᠤ ᠪᠠᠶ᠋ᠢᠬᠤ᠂ ᠵᠢᠷᠦᠬᠡᠨ ᠲᠢᠲᠢᠮ᠎ᠤᠨ ᠡᠪᠡᠳᠴᠢᠲᠡᠨ ᠵᠢᠷᠦᠬᠡᠨ ᠪᠤᠯᠴᠢᠩ᠎ᠤᠨ ᠲᠦᠭᠵᠢᠷᠡᠯ ᠬᠥᠳᠡᠯᠬᠦ ᠬᠤᠭᠤᠴᠠᠭ᠋ᠠᠨ᠎ᠳᠤ ᠪᠠᠶ᠋ᠢᠬᠤ᠂ ᠵᠠᠷᠢᠮ ᠮᠡᠳᠡᠷᠡᠯ᠎ᠤᠨ ᠴᠢᠨᠠᠷᠲᠠᠢ ᠡᠪᠡᠳᠴᠢᠨ᠎ᠲᠠᠢ ᠡᠪᠡᠳᠴᠢᠲᠡᠨ ᠡᠪᠡᠳᠴᠢᠨ᠎ᠤ ᠬᠥᠭᠵᠢᠯᠲᠡ ᠵᠢᠨ ᠬᠤᠭᠤᠴᠠᠭ᠋ᠠᠨ᠎ᠳᠤ ᠪᠠᠶ᠋ᠢᠬᠤ᠂ ᠪᠠᠰᠠ ᠤᠨᠠᠳᠠᠭ ᠡᠪᠡᠳᠴᠢᠨ᠎ᠨᠢ ᠲᠦᠷᠭᠡᠨ ᠴᠢᠨᠠᠷᠲᠠᠢ ᠬᠥᠳᠡᠯᠬᠦ ᠬᠤᠭᠤᠴᠠᠭ᠋ᠠᠨ᠎ᠳᠤ᠎ᠪᠠᠨ ᠪᠠᠶ᠋ᠢᠬᠤ ᠮᠡᠲᠦ ᠵᠢᠨ ᠡᠪᠡᠳᠴᠢᠲᠡᠨ᠎ᠳᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢ ᠲᠦᠷ ᠬᠤᠶ᠋ᠢᠰᠢᠯᠠᠭᠤᠯᠬᠤ ᠵᠢ ᠰᠠᠨᠠᠭᠤᠯᠤᠶ᠎ᠠ᠂ ᠡᠪᠡᠳᠴᠢᠨ᠎ᠤ ᠪᠠᠶ᠋ᠢᠳᠠᠯ᠎ᠨᠢ ᠲᠣᠭᠲᠠᠭᠤᠨ ᠪᠣᠯᠤᠭᠰᠠᠨ᠎ᠤ ᠳᠠᠷᠠᠭ᠎ᠠ ᠳᠠᠬᠢᠨ ᠲᠠᠷᠢᠯᠭ᠎ᠠ ᠬᠢᠵᠦ ᠪᠣᠯᠣᠨ᠎ᠠ᠃
ᠳᠥᠷᠪᠡᠳᠦᠭᠡᠷ᠎ᠲᠤ᠂ ᠬᠦᠨᠳᠦ ᠡᠪᠡᠳᠴᠢᠨ ᠪᠤᠶᠤ ᠤᠳᠠᠭ᠋ᠠᠨ ᠴᠢᠨᠠᠷᠲᠠᠢ ᠡᠪᠡᠳᠴᠢᠨ᠎ᠨᠢ ᠨᠢᠭᠡᠨᠲᠡ ᠠᠮᠢ ᠨᠠᠰᠤᠨ᠎ᠤ ᠡᠴᠦᠰ᠎ᠤᠨ ᠬᠤᠭᠤᠴᠠᠭ᠋ᠠᠨ᠎ᠳᠤ ᠣᠷᠣᠭᠰᠠᠨ ᠪᠣᠯ ᠸᠠᠺᠼᠢᠨ᠎ᠤ ᠲᠠᠷᠢᠯᠭ᠎ᠠ ᠬᠢᠬᠦ ᠵᠢ ᠪᠢᠳᠡ ᠰᠠᠨᠠᠭ᠋ᠠᠴᠢᠯᠠᠬᠤ ᠦᠭᠡᠢ᠃
ᠳᠠᠬᠢᠨᠲᠠ ᠴᠢᠬᠤᠯᠠᠴᠢᠯᠠᠬᠤ᠎ᠨᠢ᠂ ᠨᠠᠰᠤᠲᠠᠶ᠋ᠢᠴᠤᠳ᠎ᠲᠤ ᠠᠪᠴᠤ ᠬᠡᠯᠡᠪᠡᠯ᠂ ᠨᠥᠬᠦᠴᠡᠯ᠎ᠳᠤ ᠨᠡᠶ᠋ᠢᠴᠡᠳᠡᠭ ᠯᠡ ᠶᠤᠮ ᠪᠣᠯ ᠵᠠᠪᠠᠯ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢ ᠲᠦᠷᠭᠡᠳᠬᠡᠵᠦ᠂ ᠲᠠᠷᠢᠬᠤ ᠶᠣᠰᠣᠲᠠᠢ ᠪᠣᠯ ᠴᠥᠮ ᠲᠠᠷᠢᠬᠤ ᠬᠡᠷᠡᠭᠲᠡᠢ᠂ ᠢᠩᠭᠢᠪᠡᠯ ᠰᠠᠶᠢ ᠥᠪᠡᠷ᠎ᠤᠨ ᠪᠡᠶ᠎ᠡ ᠵᠢᠨ ᠡᠷᠡᠭᠦᠯ ᠮᠡᠨᠳᠦ ᠪᠠ ᠠᠮᠢ ᠨᠠᠰᠤᠨ᠎ᠤ ᠠᠮᠤᠷ ᠲᠦᠪᠰᠢᠨ ᠵᠶ᠋ᠠᠨ ᠨᠠᠩ ᠰᠠᠶ᠋ᠢᠲᠤᠷ ᠬᠠᠮᠠᠭ᠋ᠠᠯᠠᠵᠤ ᠴᠢᠳᠠᠨ᠎ᠠ᠃
ᠲᠥᠷᠥ ᠵᠢᠨ ᠪᠣᠳᠣᠯᠭ᠎ᠠ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ ᠵᠣᠯᠭ᠋ᠠᠭᠤᠯᠬᠤ ᠵᠢ ᠰᠠᠶ᠋ᠢᠲᠤᠷ ᠬᠢᠬᠦ ᠬᠡᠷᠡᠭᠲᠡᠢ
ᠲᠥᠷᠥ ᠵᠢᠨ ᠪᠣᠳᠣᠯᠭ᠎ᠠ ᠵᠢ ᠲᠣᠭᠲᠠᠭᠤᠨ ᠪᠥᠭᠡᠳ ᠡᠮᠬᠢ ᠵᠢᠷᠤᠮ᠎ᠲᠠᠢ ᠵᠣᠯᠭ᠋ᠠᠭᠤᠯᠬᠤ ᠵᠢ ᠰᠠᠶ᠋ᠢᠲᠤᠷ ᠬᠢᠬᠦ ᠬᠡᠷᠡᠭᠲᠡᠢ᠃ ᠵᠢᠱ᠌ᠢᠶᠡᠯᠡᠪᠡᠯ᠂ ᠵᠠᠰᠠᠭ ᠵᠠᠬᠢᠷᠭ᠋ᠠᠨ᠎ᠤ ᠣᠷᠣᠨ᠎ᠤ ᠬᠡᠪᠴᠢᠶ᠎ᠡ᠎ᠪᠠᠷ ᠪᠥᠬᠦ ᠬᠥᠮᠥᠰ᠎ᠤᠨ ᠪᠥᠭᠡᠮ ᠬᠦᠴᠢᠯ᠎ᠤᠨ ᠪᠠᠶ᠋ᠢᠴᠠᠭ᠋ᠯᠲᠡ ᠵᠢ ᠥᠷᠨᠢᠭᠦᠯᠬᠦ ᠦᠭᠡᠢ ᠪᠠᠶ᠋ᠢᠬᠤ ᠵᠢ ᠱᠠᠭ᠋ᠠᠷᠳᠠᠨ᠎ᠠ᠂ ᠭᠡᠪᠡᠴᠦ ᠪᠢᠳᠡ ᠪᠠᠶ᠋ᠢᠴᠠᠭ᠋ᠠᠨ ᠰᠢᠯᠭ᠋ᠠᠬᠤ ᠱᠠᠭ᠋ᠠᠷᠳᠠᠯᠭ᠎ᠠ᠎ᠲᠠᠢ ᠬᠥᠮᠥᠰ᠎ᠢ ᠰᠠᠶ᠋ᠢᠲᠤᠷ ᠪᠠᠲᠤᠯᠠᠬᠤ ᠬᠡᠷᠡᠭᠲᠡᠢ; ᠪᠠᠰᠠ ᠵᠢᠱ᠌ᠢᠶᠡᠯᠡᠪᠡᠯ ᠠᠷᠭ᠎ᠠ ᠴᠢᠨᠠᠷᠲᠠᠢ ᠬᠠᠯᠳᠠᠪᠤᠷᠢᠯᠠᠭᠰᠠᠳ᠎ᠢ ᠭᠡᠷ᠎ᠲᠤ᠎ᠨᠢ ᠲᠤᠰᠠᠭ᠋ᠠᠷᠯᠠᠬᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠲᠠᠯ᠎ᠠ ᠵᠢᠨ ᠰᠢᠨ᠎ᠡ ᠬᠠᠯᠳᠠᠪᠤᠷᠢᠯᠠᠯ ᠡᠭᠦᠰᠬᠦ᠎ᠠᠴᠠ ᠵᠠᠶ᠋ᠢᠯᠠᠰᠬᠢᠬᠦ ᠬᠡᠷᠡᠭᠲᠡᠢ᠃ ᠡᠮ ᠡᠮᠨᠡᠯᠭᠡ ᠵᠢᠨ ᠡᠬᠢ ᠪᠠᠶᠠᠯᠢᠭ᠎ᠢ ᠪᠡᠯᠡᠳᠬᠡᠬᠦ ᠪᠠ ᠨᠥᠭᠡᠴᠡᠯᠡᠬᠦ ᠠᠵᠢᠯ᠎ᠢ ᠰᠠᠶ᠋ᠢᠲᠤᠷ ᠬᠢᠵᠦ᠂ ᠰᠡᠷᠭᠡᠶ᠋ᠢᠯᠡᠨ ᠡᠵᠡᠮᠳᠡᠬᠦ ᠡᠬᠢ ᠪᠠᠶᠠᠯᠢᠭ᠎ᠢ ᠭᠤᠣᠯᠳᠠᠯᠭ᠎ᠠ᠎ᠲᠠᠢ ᠬᠥᠮᠥᠰ᠎ᠲᠤ ᠨᠡᠩ ᠢᠯᠡᠭᠦᠦ ᠬᠦᠷᠲᠡᠭᠡᠵᠦ᠂ ᠲᠡᠳᠡᠨ᠎ᠤ ᠡᠷᠡᠭᠦᠯ ᠴᠢᠭᠢᠷᠠᠭ᠎ᠤᠨ ᠪᠠᠶ᠋ᠢᠳᠠᠯ᠎ᠢ ᠣᠶ᠋ᠢᠯᠠᠭ᠋ᠠᠵᠤ᠂ ᠪᠠᠶ᠋ᠢᠳᠠᠯ᠎ᠢ ᠣᠶ᠋ᠢᠯᠠᠭ᠋ᠠᠨ ᠳᠠᠩᠰᠠ ᠡᠪᠬᠡᠮᠡᠯ ᠪᠠᠶ᠋ᠢᠭᠤᠯᠬᠤ ᠪᠠ ᠱᠠᠲᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ ᠠᠵᠢᠯ᠎ᠢ ᠰᠠᠶ᠋ᠢᠲᠤᠷ ᠬᠢᠵᠦ᠂ ᠠᠵᠢᠯ ᠵᠶ᠋ᠠᠨ ᠨᠡᠩ ᠪᠣᠳᠠᠲᠠᠢ᠂ ᠨᠡᠩ ᠨᠠᠷᠢᠯᠢᠭ ᠪᠥᠭᠡᠳ ᠨᠡᠩ ᠬᠠᠯᠠᠭᠤᠮᠰᠤᠭ ᠬᠢᠬᠦ ᠬᠡᠷᠡᠭᠲᠡᠢ᠃
ᠱᠠᠲᠤ ᠱᠠᠲᠤ᠎ᠪᠠᠷ ᠱᠠᠭ᠋ᠠᠷᠳᠠᠯᠭ᠎ᠠ ᠨᠡᠮᠡᠬᠦ᠎ᠠᠴᠠ ᠡᠷᠡᠰ ᠵᠠᠶ᠋ᠢᠯᠠᠰᠬᠢᠬᠦ ᠬᠡᠷᠡᠭᠲᠡᠢ
ᠠᠰᠠᠷ᠂ ᠣᠷᠣᠴᠠ᠂ ᠳᠠᠪᠬᠤᠷᠭ᠎ᠠ᠂ ᠰᠠᠭᠤᠭ᠋ᠠᠯᠢ ᠡᠷᠤᠭᠡ᠎ᠪᠠᠷ ᠲᠦᠭᠰᠢᠭᠦᠷᠢᠲᠦ ᠣᠷᠣᠨ᠎ᠢ ᠵᠠᠭ᠋ᠠᠭᠯᠠᠨ ᠲᠣᠭᠲᠠᠭ᠋ᠠᠬᠤ ᠬᠡᠷᠡᠭᠲᠡᠢ᠂ ᠳᠤᠷ᠎ᠠ᠎ᠪᠠᠷ ᠥᠷᠭᠡᠳᠬᠡᠵᠦ ᠪᠣᠯᠬᠤ ᠦᠭᠡᠢ᠃ ᠵᠠᠰᠠᠭ ᠵᠠᠬᠢᠷᠭ᠋ᠠᠨ᠎ᠤ ᠣᠷᠣᠨ ᠬᠡᠪᠴᠢᠶ᠎ᠡ ᠶᠣᠰᠣᠭ᠋ᠠᠷ ᠪᠥᠬᠦ ᠬᠥᠮᠥᠰ᠎ᠤᠨ ᠪᠥᠭᠡᠮ ᠬᠦᠴᠢᠯ᠎ᠤᠨ ᠪᠠᠶ᠋ᠢᠴᠠᠭ᠋ᠯᠲᠡ ᠵᠢ ᠥᠷᠨᠢᠭᠦᠯᠵᠦ ᠪᠣᠯᠬᠤ ᠦᠭᠡᠢ᠃ ᠣᠨᠴᠠᠭ᠋ᠠᠶ ᠲᠠᠯᠠᠪᠤᠷ ᠭᠠᠵᠠᠷ᠎ᠠᠴᠠ ᠭᠠᠳᠠᠨ᠎ᠠ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠭᠡᠷᠡᠴᠢ ᠬᠠᠩᠭ᠋ᠠᠬᠤ ᠵᠢ ᠳᠠᠭᠢᠵᠤ ᠱᠠᠭ᠋ᠠᠷᠳᠠᠬᠤ ᠦᠭᠡᠢ᠂ ᠡᠷᠡᠭᠦᠯ ᠮᠡᠨᠳᠦ ᠵᠢᠨ ᠺᠣᠳ᠋ ᠪᠠ ᠠᠶᠠᠯᠠᠯ᠎ᠤᠨ ᠺᠣᠳ᠋᠎ᠢ ᠪᠠᠶ᠋ᠢᠴᠠᠭ᠋ᠠᠨ ᠰᠢᠯᠭ᠋ᠠᠬᠤ ᠦᠭᠡᠢ᠃ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ᠎ᠤᠨ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠪᠢᠯᠢᠭ ᠴᠢᠨᠠᠷ᠎ᠤᠨ ᠭᠡᠷᠡᠴᠢ ᠵᠢ ᠳᠠᠭᠢᠵᠤ ᠪᠠᠶ᠋ᠢᠴᠠᠭ᠋ᠠᠨ ᠰᠢᠯᠭ᠋ᠠᠬᠤ ᠦᠭᠡᠢ᠂ ᠡᠷᠡᠭᠦᠯ ᠮᠡᠨᠳᠦ ᠵᠢᠨ ᠺᠣᠳ᠋ ᠪᠠ ᠠᠶᠠᠯᠠᠯ᠎ᠤᠨ ᠺᠣᠳ᠋᠎ᠢ ᠳᠠᠭᠢᠵᠤ ᠪᠠᠶ᠋ᠢᠴᠠᠭ᠋ᠠᠨ ᠰᠢᠯᠭ᠋ᠠᠬᠤ ᠦᠭᠡᠢ᠂ ᠪᠠᠰᠠ ᠳᠠᠭᠢᠵᠤ ᠬᠦᠷᠬᠦ ᠭᠠᠵᠠᠷ᠎ᠲᠤᠨᠢ ᠪᠥᠭᠡᠮ ᠬᠦᠴᠢᠯ᠎ᠤᠨ ᠪᠠᠶ᠋ᠢᠴᠠᠭ᠋ᠠᠯᠲᠠ ᠬᠢᠬᠦ ᠦᠭᠡᠢ ᠪᠠᠶ᠋ᠢᠵᠤ᠂ ᠬᠢᠵᠢᠭ᠎ᠤᠨ ᠪᠠᠶ᠋ᠢᠳᠠᠯ᠎ᠠᠴᠠ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠨ᠎ᠠ᠃
ᠡᠮᠴᠢᠯᠡᠭᠡᠨ᠎ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠦᠵᠡᠭᠳᠡᠯ ᠭᠠᠷᠬᠤ᠎ᠠᠴᠠ ᠴᠢᠩᠭ᠎ᠠ ᠰᠡᠷᠭᠡᠶ᠋ᠢᠯᠡᠨ᠎ᠡ
ᠣᠳᠣᠬᠠᠨ᠎ᠳᠤ᠂ ᠰᠢᠨ᠎ᠡ ᠲᠢᠲᠢᠮᠯᠢᠭ ᠸᠢᠷᠦ᠋ᠰ᠎ᠤᠨ ᠣᠨᠳᠣᠣᠰᠢᠯ᠎ᠤᠨ ᠪᠠᠶ᠋ᠢᠳᠠᠯ᠎ᠢ ᠨᠢᠭᠲᠠ ᠠᠩᠬᠠᠷᠴᠤ᠂ ᠡᠯ᠎ᠡ ᠭᠠᠵᠠᠷ᠎ᠤᠨ᠎ᠬᠢᠨ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠰᠠᠨᠤ ᠳᠠᠷᠠᠭ᠋ᠠᠬᠢ ᠬᠦᠨᠳᠦ ᠡᠪᠡᠳᠴᠢᠨ᠂ ᠦᠬᠦᠯ᠎ᠤᠨ ᠪᠠᠶ᠋ᠢᠳᠠᠯ ᠵᠢᠴᠢ ᠡᠮᠴᠢᠯᠡᠭᠡᠨ᠎ᠤ ᠡᠬᠢ ᠪᠠᠶᠠᠯᠢᠭ᠎ᠢ ᠡᠵᠡᠯᠡᠨ ᠬᠡᠷᠡᠭᠯᠡᠭᠰᠡᠨ ᠪᠠᠶ᠋ᠢᠳᠠᠯ᠎ᠢ ᠮᠡᠳᠡᠭᠦᠯᠵᠦ᠂ ᠡᠮᠴᠢᠯᠡᠭᠡᠨ᠎ᠤ ᠡᠬᠢ ᠪᠠᠶᠠᠯᠢᠭ ᠬᠤᠭᠤᠰᠤᠷᠠᠨ ᠲᠠᠰᠤᠯᠳᠠᠬᠤ ᠪᠠᠶ᠋ᠢᠳᠠᠯ ᠭᠠᠷᠬᠤ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ᠃
ᠨᠢᠭᠡ᠎ᠳᠤ᠂ ᠸᠠᠺᠼᠢᠨ᠂ ᠡᠮ᠎ᠤᠨ ᠵᠦᠢ᠍ᠯ᠎ᠢ ᠰᠤᠳᠤᠯᠤᠨ ᠨᠡᠭᠡᠭᠡᠵᠦ᠂ ᠸᠠᠺᠼᠢᠨ᠎ᠤ ᠲᠠᠷᠢᠯᠭ᠎ᠠ ᠪᠠ ᠡᠮ᠎ᠤᠨ ᠵᠦᠢ᠍ᠯ᠎ᠢ ᠨᠥᠭᠡᠴᠡᠯᠡᠨ᠎ᠡ᠃ ᠸᠠᠺᠼᠢᠨ᠎ᠤ ᠲᠠᠷᠢᠯᠭ᠎ᠠ ᠵᠢᠨ ᠲᠠᠯ᠎ᠠ᠎ᠪᠠᠷ ᠨᠢᠭᠡᠨᠲᠡ ᠢᠳᠡᠪᠬᠢᠲᠡᠢ ᠠᠬᠢᠴᠠ᠎ᠲᠠᠢ ᠪᠣᠯᠵᠤ᠂ ᠪᠥᠬᠦ ᠬᠥᠮᠥᠰ᠎ᠤᠨ ᠸᠠᠺᠼᠢᠨ᠎ᠤ ᠲᠠᠷᠢᠯᠭ᠎ᠠ ᠵᠢ ᠪᠦᠷᠢᠨ ᠳᠠᠷᠢᠭᠰᠠᠨ ᠨᠣᠷᠮ᠎ᠠ᠎ᠨᠢ 90% ᠵᠢ ᠳᠠᠪᠠᠵᠠᠢ᠃ ᠣᠶ᠋ᠢᠷ᠎ᠠ᠎ᠳᠤ᠂ ᠨᠠᠰᠤᠲᠠᠶ᠋ᠢᠴᠤᠳ᠎ᠤᠨ ᠸᠠᠺᠼᠢᠨ᠎ᠤ ᠲᠠᠷᠢᠯᠭ᠎ᠠ ᠵᠢ ᠠᠬᠢᠭᠤᠯᠬᠤ ᠠᠵᠢᠯ᠎ᠳᠤ ᠴᠢᠭᠯᠡᠭᠦᠯᠦᠨ ᠭᠤᠣᠯᠳᠠᠯᠭ᠎ᠠ᠎ᠲᠠᠢ ᠪᠠᠶ᠋ᠢᠷᠢᠯᠠᠭᠤᠯᠤᠯᠲᠠ ᠬᠢᠵᠦ᠂ ᠡᠮ᠎ᠤᠨ ᠵᠦᠢ᠍ᠯ᠎ᠢ ᠰᠤᠳᠤᠯᠤᠨ ᠨᠡᠭᠡᠭᠡᠬᠦ᠂ ᠦᠢ᠍ᠯᠡᠳᠪᠦᠷᠢᠯᠡᠬᠦ ᠪᠠ ᠨᠥᠭᠡᠴᠡᠯᠡᠬᠦ ᠵᠢ ᠴᠢᠩᠭ᠋ᠠᠳᠬᠠᠵᠤ᠂ ᠰᠢᠨ᠎ᠡ ᠲᠢᠲᠢᠮᠯᠢᠭ ᠸᠢᠷᠦ᠋ᠰ᠎ᠢ ᠡᠰᠡᠷᠭᠦᠴᠡᠬᠦ ᠡᠮ᠂ ᠬᠢᠲᠠᠳ ᠡᠮ ᠵᠢᠴᠢ ᠬᠡᠦᠬᠡᠳ ᠨᠠᠰᠤᠲᠠᠶ᠋ᠢᠴᠤᠳ᠎ᠢ ᠡᠮᠨᠡᠨ ᠵᠠᠰᠠᠬᠤ ᠡᠮ ᠪᠠ ᠡᠩ᠎ᠤᠨ ᠡᠮ᠎ᠢ ᠭᠤᠣᠯᠳᠠᠯᠭ᠎ᠠ᠎ᠲᠠᠢ ᠨᠥᠭᠡᠴᠡᠯᠡᠨ᠎ᠡ᠃
ᠬᠤᠶᠠᠷ᠎ᠲᠤ᠂ ᠡᠮᠴᠢᠯᠡᠭᠡᠨ᠎ᠤ ᠠᠪᠤᠷᠠᠨ ᠵᠠᠰᠠᠬᠤ ᠡᠬᠢ ᠪᠠᠶᠠᠯᠢᠭ᠎ᠤᠨ ᠪᠡᠯᠡᠳᠬᠡᠯ᠎ᠢ ᠴᠢᠩᠭ᠋ᠠᠳᠬᠠᠨ᠎ᠠ᠃ ᠱᠠᠲᠤ ᠬᠤᠪᠢᠶᠠᠨ ᠣᠨᠣᠰᠢᠯᠠᠨ ᠡᠮᠨᠡᠵᠦ ᠠᠪᠤᠷᠠᠨ ᠵᠠᠰᠠᠬᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ ᠵᠢᠨ ᠬᠦᠨᠳᠦ ᠡᠪᠡᠳᠴᠢᠲᠡᠨ᠎ᠤ ᠣᠷᠣ᠂ ICU ᠵᠢᠴᠢ ᠬᠠᠮᠢᠶ᠎ᠠ ᠪᠦᠬᠦᠢ ᠠᠪᠤᠷᠠᠨ ᠵᠠᠰᠠᠬᠤ ᠲᠥᠬᠦᠭᠡᠷᠦᠮᠵᠢ ᠬᠢᠭᠡᠳ ᠡᠳ᠋ ᠪᠣᠳᠠᠰ᠎ᠢ ᠨᠡᠮᠡᠭᠳᠡᠭᠦᠯᠦᠨ᠎ᠡ᠃ ᠰᠢᠨ᠎ᠡ᠎ᠪᠠᠷ ᠬᠠᠯᠳᠠᠪᠤᠷᠢᠯᠠᠭᠰᠠᠳ᠎ᠢ ᠠᠪᠤᠷᠠᠨ ᠵᠠᠰᠠᠬᠤ ᠪᠠ ᠡᠳᠦᠷ ᠲᠤᠲᠤᠮ᠎ᠤᠨ ᠡᠮᠴᠢᠯᠡᠭᠡᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠨᠢᠭᠡᠳᠦᠯᠲᠡᠢ ᠲᠥᠯᠥᠪᠯᠡᠵᠦ᠂ ᠠᠯᠢ ᠴᠢᠳᠠᠬᠤ᠎ᠪᠠᠷ ᠬᠡᠪ᠎ᠤᠨ ᠡᠮᠴᠢᠯᠡᠭᠡᠨ᠎ᠤ ᠦᠢ᠍ᠯᠡᠴᠢᠯᠡᠭᠡ ᠵᠢ ᠨᠥᠯᠥᠭᠡᠯᠡᠬᠦ ᠦᠭᠡᠢ ᠪᠠᠶ᠋ᠢᠵᠤ᠂ ᠪᠤᠰᠤᠳ ᠡᠮᠴᠢᠯᠡᠭᠡᠨ᠎ᠤ ᠪᠠᠶ᠋ᠢᠭᠤᠯᠤᠮᠵᠢ ᠵᠢᠨ ᠠᠷᠠᠳ ᠣᠯᠠᠨ᠎ᠤ ᠡᠪᠡᠳᠴᠢᠨ ᠦᠵᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢ ᠪᠠᠲᠤᠯᠠᠨ᠎ᠠ᠃ ᠦᠨᠳᠦᠰᠦᠨ ᠱᠠᠲᠤᠨ᠎ᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠰᠡᠷᠭᠡᠶ᠋ᠢᠯᠡᠨ ᠡᠵᠡᠮᠳᠡᠬᠦ ᠴᠢᠳᠠᠪᠤᠷᠢ ᠪᠠ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ 《ᠡᠭᠦᠳᠡ ᠰᠠᠬᠢᠭᠴᠢ》 ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠤᠨ᠎ᠠ᠃
ᠭᠤᠷᠪᠠ᠎ᠳᠤ᠂ ᠸᠢᠷᠦ᠋ᠰ᠎ᠤᠨ ᠣᠨᠳᠣᠣᠰᠢᠯ᠂ ᠡᠪᠡᠳᠴᠢᠨ ᠡᠮᠭᠡᠭ᠎ᠤᠨ ᠬᠦᠨᠳᠦ ᠨᠣᠴᠢᠲᠠᠢ ᠴᠢᠨᠠᠷ᠂ ᠡᠮᠴᠢᠯᠡᠭᠡᠨ᠎ᠤ ᠡᠬᠢ ᠪᠠᠶᠠᠯᠢᠭ᠎ᠤᠨ ᠬᠡᠷᠡᠭᠯᠡᠯᠲᠡ ᠵᠢᠨ ᠪᠠᠶ᠋ᠢᠳᠠᠯ᠎ᠤᠨ ᠬᠢᠨᠠᠨ ᠰᠢᠨᠵᠢᠯᠡᠯᠲᠡ ᠵᠢ ᠴᠢᠩᠭ᠋ᠠᠳᠬᠠᠨ᠎ᠠ᠃ ᠨᠠᠰᠤᠲᠠᠨ᠎ᠢ ᠠᠰᠠᠷᠠᠬᠤ ᠬᠦᠷᠢᠶᠡᠯᠡᠩ᠂ ᠠᠰᠠᠷᠠᠮᠵᠢ ᠵᠢᠨ ᠬᠦᠷᠢᠶᠡᠯᠡᠩ᠂ ᠡᠮᠴᠢᠯᠡᠭᠡᠨ᠎ᠤ ᠪᠠᠶ᠋ᠢᠭᠤᠯᠤᠮᠵᠢ᠂ ᠬᠡᠦᠬᠡᠳ ᠠᠰᠠᠷᠠᠬᠤ ᠪᠠᠶ᠋ᠢᠭᠤᠯᠤᠮᠵᠢ᠂ ᠳᠤᠮᠳᠠᠳᠤ ᠪᠠᠭ᠎ᠠ ᠰᠤᠷᠭ᠋ᠠᠭᠤᠯᠢ ᠵᠡᠷᠭᠡ ᠣᠨᠴᠠᠭ᠋ᠠᠢ ᠲᠠᠯᠠᠪᠤᠷ ᠭᠠᠵᠠᠷ᠎ᠤᠨ ᠬᠢᠵᠢᠭ᠎ᠤᠨ ᠪᠠᠶ᠋ᠢᠳᠠᠯ᠎ᠤᠨ ᠰᠡᠷᠭᠡᠶ᠋ᠢᠯᠡᠯᠲᠡ ᠡᠵᠡᠮᠳᠡᠯ᠎ᠢ ᠴᠢᠩᠭ᠋ᠠᠷᠠᠭᠤᠯᠵᠤ᠂ ᠨᠡᠶ᠋ᠢᠭᠡᠮ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠨ᠂ ᠬᠡᠪ᠎ᠤᠨ ᠦᠢ᠍ᠯᠡᠳᠪᠦᠷᠢᠯᠡᠯ ᠠᠵᠢᠯ᠎ᠤᠨ ᠡᠮᠬᠢ ᠳᠢᠭᠯᠢᠮ᠎ᠢ ᠴᠢᠳᠠᠬᠤ ᠵᠢᠨ ᠬᠢᠷᠢ᠎ᠪᠠᠷ ᠬᠠᠮᠠᠭ᠋ᠠᠯᠠᠵᠤ᠂ ᠣᠯᠠᠨ ᠲᠦᠮᠡᠨ᠎ᠤ ᠲᠤᠰᠬᠠᠭᠰᠠᠨ ᠪᠠᠴᠢᠮᠳᠠᠬᠤ ᠬᠦᠴᠢᠷᠳᠡᠬᠦ ᠵᠣᠪᠠᠨᠢᠬᠤ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠨ᠎ᠡ᠃
ᠳᠥᠷᠪᠡ᠎ᠳᠤ᠂ ᠨᠡᠶ᠋ᠢᠭᠡᠮ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠎ᠠ᠃ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠰᠢᠯᠢᠳᠡᠭᠵᠢᠭᠦᠯᠬᠦ ᠲᠤᠬᠠᠢ ᠣᠯᠠᠨ ᠲᠦᠮᠡᠨ ᠳᠡᠮᠵᠢᠬᠦ ᠪᠠ ᠪᠠᠶᠠᠷᠯᠠᠨ ᠤᠭᠲᠤᠵᠤ ᠪᠠᠶ᠋ᠢᠨ᠎ᠠ; ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠣᠯᠠᠨ ᠲᠦᠮᠡᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠤᠬᠠᠢ ᠲᠠᠨᠢᠯᠲᠠ ᠵᠢ ᠨᠠᠩ ᠣᠶᠤᠨᠴᠢ ᠪᠣᠯᠭ᠋ᠠᠵᠤ᠂ ᠬᠤᠪᠢ ᠬᠥᠮᠥᠨ᠎ᠤ ᠡᠷᠡᠭᠦᠯ ᠮᠡᠨᠳᠦ ᠵᠢᠨ ᠤᠬᠠᠮᠰᠠᠷ᠎ᠢ ᠢᠯᠡᠳᠲᠡ ᠳᠡᠭᠡᠭᠰᠢᠯᠡᠭᠦᠯᠦᠨ᠎ᠡ᠃
ᠶᠠᠭᠤᠨ᠎ᠤ ᠤᠴᠢᠷ᠎ᠠᠴᠠ ᠨᠠᠰᠤᠲᠠᠶ᠋ᠢᠴᠤᠳ᠎ᠤᠨ ᠦᠨᠳᠦᠰᠦᠨ ᠡᠭᠡᠯᠢᠯᠡᠭᠡ ᠵᠢ ᠪᠡᠶᠡᠯᠡᠭᠦᠯᠦᠭᠰᠡᠨ᠎ᠤ ᠳᠠᠷᠠᠭ᠎ᠠ ᠨᠢᠭᠡᠳᠦᠭᠡᠷ ᠤᠳᠠᠭ᠎ᠠ ᠵᠢᠨ ᠴᠢᠩᠭ᠋ᠠᠳᠬᠠᠬᠤ ᠲᠠᠶ᠋ᠢᠯᠭᠠ ᠬᠢᠬᠦ ᠴᠠᠭ᠎ᠢ 6 ᠰᠠᠷ᠎ᠠ᠎ᠠᠴᠠ 3 ᠰᠠᠷ᠎ᠠ ᠪᠣᠯᠭ᠋ᠠᠨ ᠬᠤᠪᠢᠷᠠᠭᠤᠯᠤᠭᠰᠠᠨ ᠪᠤᠶ?
ᠡᠩ ᠲᠡᠷᠢᠭᠦᠨ᠎ᠳᠤ᠂ ᠪᠦᠬᠦ ᠳᠡᠯᠡᠬᠡᠢ ᠵᠢᠨ ᠣᠳᠣᠬᠠᠨ᠎ᠤ ᠪᠤᠢ ᠪᠦᠬᠦᠢ ᠤᠯᠤᠰ᠎ᠤᠳ ᠬᠠᠮᠤᠭ᠎ᠤᠨ ᠠᠩᠬᠠᠨ᠎ᠤ ᠴᠢᠩᠭ᠋ᠠᠳᠬᠠᠬᠤ ᠲᠠᠷᠢᠯᠭ᠎ᠠ ᠬᠢᠬᠦ ᠴᠠᠭ᠎ᠢ 6 ᠰᠠᠷ᠎ᠠ ᠵᠢᠨ ᠰᠠᠭᠤᠷᠢᠨ ᠳᠡᠭᠡᠷ᠎ᠡ ᠴᠥᠮ ᠲᠣᠬᠢᠷᠠᠭᠤᠯᠤᠯᠲᠠ ᠬᠢᠭᠰᠡᠨ ᠪᠠᠶ᠋ᠢᠨ᠎ᠠ᠃ ᠣᠳᠣᠬᠠᠨ᠎ᠳᠤ ᠪᠥᠬᠦ ᠳᠡᠯᠡᠬᠡᠢ ᠵᠢᠨ ᠪᠣᠶ ᠪᠦᠬᠦᠢ ᠬᠠᠮᠤᠭ᠎ᠤᠨ ᠠᠩᠬᠠᠨ᠎ᠤ ᠴᠢᠩᠭ᠋ᠠᠳᠬᠠᠬᠤ ᠲᠠᠷᠢᠯᠭ᠎ᠠ ᠵᠢᠨ ᠴᠠᠭ᠎ᠢ ᠣᠯᠠᠩᠬᠢ ᠤᠯᠤᠰ ᠴᠥᠮ 3 — 6 ᠰᠠᠷ᠎ᠠ ᠪᠣᠯᠭ᠋ᠠᠨ ᠲᠣᠬᠢᠷᠠᠭᠤᠯᠵᠠᠢ᠃
ᠬᠤᠶᠠᠷ᠎ᠲᠤ᠂ ᠦᠨᠳᠦᠰᠦᠨ ᠡᠭᠡᠯᠢᠯᠡᠭᠡ ᠵᠢᠨ ᠳᠠᠷᠠᠭ᠋ᠠᠬᠢ 3 ᠰᠠᠷ᠎ᠠ ᠵᠢᠨ ᠳᠣᠲᠣᠷ᠎ᠠ ᠨᠢᠭᠡᠳᠦᠭᠡᠷ ᠤᠳᠠᠭ᠋ᠠᠨ᠎ᠤ ᠴᠢᠩᠭ᠋ᠠᠳᠬᠠᠬᠤ ᠲᠠᠷᠢᠯᠭ᠎ᠠ ᠬᠢᠬᠦ ᠪᠠ 6 ᠰᠠᠷ᠎ᠠ ᠵᠢᠨ ᠳᠣᠲᠣᠷ᠎ᠠ ᠨᠢᠭᠡᠳᠦᠭᠡᠷ ᠤᠳᠠᠭ᠋ᠠᠨ᠎ᠤ ᠴᠢᠩᠭ᠋ᠠᠳᠭ᠋ᠠᠬᠤ ᠲᠠᠷᠢᠯᠭ᠎ᠠ ᠬᠢᠪᠡᠯ᠂ ᠡᠭᠡᠯᠢᠯᠡᠭᠡ ᠵᠢᠨ ᠦᠷ᠎ᠡ ᠪᠦᠲᠦᠮᠵᠢ᠎ᠨᠢ ᠪᠠᠲᠤᠯᠠᠭ᠎ᠠ᠎ᠲᠠᠢ ᠪᠠᠶ᠋ᠢᠳᠠᠭ᠃ ᠮᠠᠨ᠎ᠤ ᠰᠤᠳᠤᠯᠤᠨ ᠨᠡᠭᠡᠭᠡᠬᠦ ᠨᠢᠭᠡᠴᠢ᠎ᠨᠦᠭᠦᠳ 18 ᠨᠠᠰᠤᠨ᠎ᠠᠴᠠ ᠳᠡᠭᠡᠭᠰᠢᠬᠢ ᠬᠥᠮᠥᠰ ᠪᠠ ᠨᠠᠰᠤᠲᠠᠶ᠋ᠢᠴᠤᠳ᠎ᠢ ᠪᠠᠭᠲᠠᠭ᠋ᠠᠭᠰᠠᠨ ᠬᠥᠮᠥᠰ᠎ᠲᠤ ᠡᠮᠴᠢᠯᠡᠭᠡᠨ᠎ᠤ ᠰᠤᠳᠤᠯᠭ᠋ᠠᠨ ᠪᠠ ᠦᠨᠡᠨ ᠪᠣᠳᠠᠲᠤ ᠴᠢᠨᠠᠷ᠎ᠤᠨ ᠰᠤᠳᠤᠯᠭ᠋ᠠᠨ ᠬᠢᠭᠡᠳ ᠢᠯᠡᠷᠡᠭᠦᠯᠦᠭᠰᠡᠨ ᠵᠶ᠋ᠠᠷ᠂ ᠦᠨᠳᠦᠰᠦᠨ ᠡᠭᠡᠯᠢᠯᠡᠭᠡ ᠵᠢ ᠪᠡᠶᠡᠯᠡᠭᠦᠯᠦᠭᠰᠡᠨ᠎ᠤ ᠳᠠᠷᠠᠭ᠋ᠠᠬᠢ 3 ᠰᠠᠷ᠎ᠠ ᠵᠢᠨ ᠳᠣᠲᠣᠷ᠎ᠠ ᠨᠢᠭᠡᠳᠦᠭᠡᠷ ᠤᠳᠠᠭ᠎ᠠ ᠵᠢᠨ ᠴᠢᠩᠭ᠋ᠠᠳᠬᠠᠬᠤ ᠲᠠᠷᠢᠯᠭ᠎ᠠ ᠬᠢᠵᠦ᠂ ᠡᠭᠦᠰᠬᠦ ᠰᠠᠭ᠋ᠠᠷᠮᠠᠭᠵᠢᠭᠤᠯᠬᠤ ᠴᠠᠷᠤᠭᠴᠢ᠎ᠨᠢ 3 ᠰᠠᠷ᠎ᠠ ᠵᠢᠨ ᠳᠠᠷᠠᠭ᠋ᠠᠬᠢ᠎ᠠᠴᠠ ᠥᠨᠳᠥᠷ ᠪᠢᠰᠢ᠂ ᠭᠡᠪᠡᠴᠦ ᠦᠨᠳᠦᠰᠦᠨ ᠡᠭᠡᠯᠢᠯᠡᠭᠡ ᠵᠢ ᠪᠡᠶᠡᠯᠡᠭᠦᠯᠦᠭᠰᠡᠨ᠎ᠤ ᠳᠠᠷᠠᠭ᠋ᠠᠬᠢ 3 ᠰᠠᠷ᠎ᠠ ᠵᠢᠨ ᠳᠣᠲᠣᠷ᠎ᠠ ᠡᠭᠡᠯᠢᠯᠡᠭᠡ ᠵᠢ ᠴᠢᠩᠭ᠋ᠠᠳᠬᠠᠬᠤ ᠪᠠ ᠰᠠᠭᠤᠷᠢ ᠡᠭᠡᠯᠢᠯᠡᠭᠡ ᠵᠢ ᠪᠡᠶᠡᠯᠡᠭᠦᠯᠦᠭᠰᠡᠨ᠎ᠤ ᠳᠠᠷᠠᠭ᠋ᠠᠬᠢ 6 ᠰᠠᠷ᠎ᠠ ᠵᠢᠨ ᠳᠣᠲᠣᠷ᠎ᠠ ᠡᠭᠡᠯᠢᠯᠡᠭᠡ ᠵᠢ ᠴᠢᠩᠭ᠋ᠠᠳᠬᠠᠬᠤ᠎ᠨᠢ ᠰᠠᠭ᠋ᠠᠷᠮᠠᠭᠵᠢᠭᠤᠯᠬᠤ ᠴᠠᠷᠤᠭᠴᠢ ᠵᠢᠨ ᠬᠢᠷᠢ ᠬᠡᠮᠵᠢᠶ᠎ᠡ᠎ᠨᠢ ᠦᠨᠳᠦᠰᠦᠨ᠎ᠳᠤ᠎ᠪᠠᠨ ᠠᠳᠠᠯᠢ ᠪᠠᠶ᠋ᠢᠳᠠᠭ᠃ ᠡᠶ᠋ᠢᠮᠦ᠎ᠠᠴᠠ ᠦᠨᠳᠦᠰᠦᠨ ᠡᠭᠡᠯᠢᠯᠡᠭᠡ ᠵᠢ ᠪᠡᠶᠡᠯᠡᠭᠦᠯᠦᠭᠰᠡᠨ᠎ᠤ ᠳᠠᠷᠠᠭ᠋ᠠᠬᠢ 3 ᠰᠠᠷ᠎ᠠ ᠪᠠ 6 ᠰᠠᠷ᠎ᠠ᠎ᠳᠤ ᠡᠭᠡᠯᠢᠯᠡᠭᠡ ᠵᠢᠨ ᠬᠠᠮᠠᠭ᠋ᠠᠯᠠᠯᠲᠠ ᠵᠢᠨ ᠦᠷ᠎ᠡ ᠳ᠋ᠦᠩ᠎ᠨᠢ ᠠᠳᠠᠯᠢᠪᠲᠤᠷ ᠪᠠᠶ᠋ᠢᠳᠠᠭ᠃
ᠭᠤᠷᠪᠠ᠎ᠳᠤ᠂ ᠰᠤᠳᠤᠯᠭ᠋ᠠᠨ ᠵᠶ᠋ᠠᠷ ᠢᠯᠡᠷᠡᠭᠦᠯᠦᠭᠰᠡᠨ᠎ᠨᠢ᠂ ᠦᠨᠳᠦᠰᠦᠨ ᠡᠭᠡᠯᠢᠯᠡᠭᠡ ᠵᠢᠨ ᠳᠠᠷᠠᠭ᠋ᠠᠬᠢ 3 ᠰᠠᠷ᠎ᠠ ᠵᠢᠨ ᠳᠣᠲᠣᠷ᠎ᠠ ᠴᠢᠩᠭ᠋ᠠᠳᠬᠠᠬᠤ ᠲᠠᠷᠢᠯᠭ᠎ᠠ ᠬᠢᠭᠰᠡᠨ ᠴᠤ᠌ ᠲᠡᠷᠡ᠂ 6 ᠰᠠᠷ᠎ᠠ ᠵᠢᠨ ᠳᠣᠲᠣᠷ᠎ᠠ ᠴᠢᠩᠭ᠋ᠠᠳᠬᠠᠬᠤ ᠲᠠᠷᠢᠯᠭ᠎ᠠ ᠬᠢᠭᠰᠡᠨ ᠴᠤ᠌ ᠲᠡᠷᠡ᠂ ᠴᠥᠮ ᠲᠤᠶ᠋ᠢᠯ᠎ᠤᠨ ᠠᠮᠤᠷ ᠲᠦᠪᠰᠢᠨ ᠪᠠᠶ᠋ᠢᠳᠠᠭ᠃
ᠳᠥᠷᠪᠡ᠎ᠳᠤ᠂ ᠡᠶ᠋ᠢᠮᠦᠷᠬᠦ ᠲᠣᠬᠢᠷᠠᠭᠤᠯᠤᠯᠲᠠ᠎ᠨᠢ ᠪᠠᠰᠠ ᠮᠠᠨ᠎ᠤ ᠤᠯᠤᠰ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠨ ᠬᠡᠷᠡᠭᠴᠡᠭᠡ ᠮᠥᠨ᠃ ᠡᠶ᠋ᠢᠮᠦᠷᠬᠦ ᠲᠣᠬᠢᠷᠠᠭᠤᠯᠤᠯᠲᠠ᠎ᠨᠢ ᠪᠢᠳᠡᠨ᠎ᠤ ᠨᠠᠰᠤᠲᠠᠶ᠋ᠢᠴᠤᠳ᠎ᠲᠤ ᠢᠯᠠᠩᠭᠤᠶ᠎ᠠ ᠨᠠᠰᠤᠲᠠᠶ᠋ᠢᠴᠤᠳ᠎ᠤᠨ ᠲᠠᠷᠢᠯᠭ᠎ᠠ ᠵᠢᠨ ᠪᠦᠷᠬᠦᠴᠡ ᠵᠢ ᠴᠢᠩᠭ᠋ᠠᠳᠬᠠᠬᠤ ᠲᠠᠯ᠎ᠠ᠎ᠪᠠᠷ ᠣᠳᠣᠬᠠᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠡᠷᠡᠭᠴᠡᠭᠡ ᠵᠢ ᠬᠠᠩᠭ᠋ᠠᠬᠤ᠎ᠳᠤ ᠠᠰᠢᠭᠲᠠᠢ ᠶᠤᠮ᠃
ᠡᠪᠡᠳᠴᠢᠲᠡᠨ᠎ᠢ ᠠᠪᠤᠷᠠᠨ ᠵᠠᠰᠠᠬᠤ᠎ᠳᠤ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠪᠠᠶ᠋ᠢᠬᠤ ᠡᠰᠡᠬᠦ᠎ᠪᠠᠷ ᠤᠷᠢᠲᠠᠯ ᠨᠥᠬᠦᠴᠡᠯ ᠪᠣᠯᠭ᠋ᠠᠵᠤ ᠶᠠᠭ᠋ᠠᠬᠢᠭᠰᠠᠨ ᠴᠤ᠌ ᠪᠣᠯᠬᠤ ᠦᠭᠡᠢ
ᠨᠢᠭᠡ᠎ᠳᠤ᠂ ᠦᠬᠦᠯ᠎ᠠᠴᠠ ᠠᠪᠤᠷᠠᠨ ᠰᠢᠷᠬᠠᠲᠤᠭᠰᠠᠳ᠎ᠢ ᠲᠡᠩᠬᠡᠷᠡᠭᠦᠯᠬᠦ ᠪᠣᠯ ᠮᠠᠨ᠎ᠤ ᠡᠮᠴᠢᠯᠡᠭᠡᠨ᠎ᠤ ᠪᠠᠶ᠋ᠢᠭᠤᠯᠤᠮᠵᠢ ᠪᠣᠯᠣᠨ ᠡᠮᠨᠡᠯᠭᠡ ᠵᠢᠨ ᠠᠵᠢᠯᠲᠠᠳ᠎ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠮᠥᠨ᠂ ᠪᠤᠶ ᠪᠦᠬᠦᠢ ᠡᠮᠴᠢᠯᠡᠭᠡᠨ᠎ᠤ ᠪᠠᠶ᠋ᠢᠭᠤᠯᠤᠮᠵᠢ ᠴᠥᠮ ᠶᠠᠮᠠᠷ ᠴᠤ᠌ ᠰᠢᠯᠲᠠᠭ ᠵᠶ᠋ᠠᠷ ᠡᠪᠡᠳᠴᠢᠲᠡᠨ᠎ᠢ ᠡᠮᠨᠡᠭᠦᠯᠬᠦ᠎ᠠᠴᠠ ᠲᠠᠲᠠᠭ᠋ᠠᠯᠵᠠᠵᠤ ᠪᠣᠯᠬᠤ ᠦᠭᠡᠢ᠂ ᠢᠯᠠᠩᠭᠤᠶ᠎ᠠ ᠪᠥᠭᠡᠮ ᠬᠦᠴᠢᠯ᠎ᠤᠨ ᠦᠷ᠎ᠡ ᠳ᠋ᠦᠩ ᠦᠭᠡᠢ ᠪᠠᠴᠢᠮ ᠡᠮᠴᠢᠯᠡᠭᠦᠯᠦᠭᠴᠢ᠎ᠳᠤ ᠠᠪᠴᠤ ᠬᠡᠯᠡᠪᠡᠯ᠂ ᠣᠯᠠᠩᠬᠢ᠎ᠨᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠᠶ᠋ᠢᠵᠤ᠂ ᠡᠮᠴᠢᠯᠡᠭᠡ ᠵᠢ ᠠᠮᠠᠷᠬᠠᠨ ᠰᠠᠭ᠋ᠠᠲᠠᠭ᠋ᠠᠬᠤ ᠪᠠᠶ᠋ᠢᠳᠠᠯ ᠭᠠᠷᠴᠤ ᠮᠡᠳᠡᠨ᠎ᠡ᠃ ᠡᠶ᠋ᠢᠮᠦ᠎ᠠᠴᠠ ᠴᠠᠭ ᠲᠤᠬᠠᠢᠳᠤᠨᠢ ᠡᠳᠡᠭᠡᠷ ᠡᠪᠡᠳᠴᠢᠲᠡᠨ᠎ᠳᠤ ᠪᠠᠴᠢᠮ ᠲᠦᠷᠭᠡᠨ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠵᠤ᠂ ᠪᠣᠢ ᠪᠦᠬᠦᠢ ᠡᠮᠴᠢᠯᠡᠭᠡᠨ᠎ᠤ ᠪᠠᠶ᠋ᠢᠭᠤᠯᠤᠮᠵᠢ᠎ᠠᠴᠠ ᠠᠩᠬ᠎ᠠ ᠣᠨᠣᠰᠢᠯᠠᠬᠤ ᠬᠠᠷᠢᠭᠤᠴᠠᠯᠭ᠎ᠠ ᠵᠢᠨ ᠳᠦᠷᠢᠮ ᠪᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ᠎ᠢ ᠲᠦᠷᠭᠡᠨ ᠠᠪᠤᠷᠠᠨ ᠵᠠᠰᠠᠬᠤ ᠳᠦᠷᠢᠮ᠎ᠢ ᠨᠠᠶ᠋ᠢᠳᠠᠪᠤᠷᠢᠵᠢᠭᠤᠯᠬᠤ ᠵᠢ ᠱᠠᠭ᠋ᠠᠷᠳᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠬᠢᠷᠠᠯᠴᠠᠭᠰᠠᠨ ᠲᠥᠰᠥᠯ᠎ᠢ ᠲᠣᠭᠲᠠᠭ᠋ᠠᠨ ᠲᠡᠭᠦᠯᠳᠡᠷᠵᠢᠭᠦᠯᠬᠦ ᠵᠢᠨ ᠬᠠᠮᠲᠤ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠪᠡᠳᠴᠢᠲᠡᠨ᠎ᠢ ᠠᠪᠤᠷᠠᠨ ᠵᠠᠰᠠᠬᠤ᠎ᠳᠤ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠪᠠᠶ᠋ᠢᠬᠤ ᠡᠰᠡᠬᠦ᠎ᠪᠠᠷ ᠤᠷᠢᠲᠠᠯ ᠨᠥᠬᠦᠴᠡᠯ ᠪᠣᠯᠭ᠋ᠠᠵᠤ ᠶᠠᠭ᠋ᠠᠬᠢᠭᠰᠠᠨ ᠴᠤ᠌ ᠪᠣᠯᠬᠤ ᠦᠭᠡᠢ᠃
ᠬᠤᠶᠠᠷ᠎ᠲᠤ᠂ ᠲᠦᠷᠭᠡᠨ ᠡᠮᠨᠡᠯᠭᠡ᠎ᠳᠤ ᠡᠮᠨᠡᠭᠦᠯᠬᠦ ᠡᠪᠡᠳᠴᠢᠲᠡᠨ ᠬᠡᠷᠪᠡ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢᠨ ᠦᠷ᠎ᠡ ᠳ᠋ᠦᠩ ᠦᠭᠡᠢ ᠪᠣᠯ᠂ ᠪᠢᠳᠡ ᠡᠮᠴᠢᠯᠡᠭᠡᠨ᠎ᠤ ᠪᠠᠶ᠋ᠢᠭᠤᠯᠤᠮᠵᠢ ᠵᠢ ᠲᠦᠷᠭᠡᠨ ᠡᠮᠨᠡᠯᠭᠡ ᠵᠢᠨ ᠣᠷᠣᠨ᠎ᠳᠤ ᠬᠠᠷᠢᠴᠠᠩᠭᠤᠢ ᠪᠡᠶ᠎ᠡ᠎ᠪᠠᠨ ᠳᠠᠭ᠋ᠠᠭ᠋ᠠᠭᠰᠠᠨ ᠨᠠᠮᠳᠠᠭ᠋ᠠᠬᠤ ᠲᠣᠭᠤᠷᠢᠭ ᠪᠠᠶ᠋ᠢᠭᠤᠯᠵᠤ᠂ ᠡᠮᠨᠡᠯᠭᠡ ᠵᠢᠨ ᠠᠵᠢᠯᠲᠠᠨ ᠴᠤ᠌ ᠬᠤᠪᠢ ᠬᠥᠮᠥᠨ᠎ᠤ ᠬᠠᠮᠠᠭ᠋ᠠᠯᠠᠯᠲᠠ᠎ᠪᠠᠨ ᠰᠠᠶ᠋ᠢᠲᠤᠷ ᠬᠢᠬᠦ ᠵᠢ ᠱᠠᠭ᠋ᠠᠷᠳᠠᠨ᠎ᠠ᠃ ᠪᠥᠭᠡᠮ ᠬᠦᠴᠢᠯ᠎ᠤᠨ ᠦᠷ᠎ᠡ ᠳ᠋ᠦᠩ ᠦᠭᠡᠢ ᠵᠠᠷᠢᠮ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ᠎ᠢ ᠰᠢᠭᠤᠳ ᠨᠠᠮᠳᠠᠭ᠋ᠠᠬᠤ ᠲᠣᠭᠤᠷᠢᠭ᠎ᠲᠤ ᠣᠷᠣᠭᠤᠯᠵᠤ ᠪᠠᠴᠢᠮ ᠠᠪᠤᠷᠠᠯᠲᠠ ᠬᠢᠯᠭᠡᠨ᠎ᠡ᠃ ᠡᠭᠦᠨ᠎ᠤ ᠬᠠᠮᠲᠤ ᠡᠮᠨᠡᠯᠭᠡ ᠵᠢᠨ ᠬᠤᠷᠢᠶ᠎ᠠ᠎ᠠᠴᠠ ᠪᠠᠰᠠ ᠠᠨᠲ᠋ᠢᠭ᠌ᠸᠡ ᠪᠤᠶᠤ ᠪᠥᠭᠡᠮ ᠬᠦᠴᠢᠯ᠎ᠤᠨ ᠪᠠᠶ᠋ᠢᠴᠠᠭ᠋ᠠᠯᠲᠠ ᠵᠢ ᠲᠡᠭᠦᠯᠳᠡᠷᠵᠢᠭᠦᠯᠵᠦ᠂ ᠡᠪᠡᠳᠴᠢᠲᠡᠨ᠎ᠤ ᠪᠠᠴᠢᠮ ᠡᠮᠴᠢᠯᠡᠭᠡᠨ᠎ᠤ ᠱᠠᠭ᠋ᠠᠷᠳᠠᠯᠭ᠎ᠠ ᠵᠢ ᠡᠩ ᠲᠡᠷᠢᠭᠦᠨ᠎ᠳᠤ ᠬᠠᠩᠭ᠋ᠠᠬᠤ ᠵᠢ ᠪᠠᠲᠤᠯᠠᠨ᠎ᠠ᠃
ᠡᠭᠦᠨ᠎ᠠᠴᠠ ᠭᠠᠳᠠᠨ᠎ᠠ᠂ ᠪᠢᠳᠡ ᠪᠠᠰᠠ ᠪᠤᠶ ᠪᠦᠬᠦᠢ ᠡᠮᠴᠢᠯᠡᠭᠡᠨ᠎ᠤ ᠪᠠᠶ᠋ᠢᠭᠤᠯᠤᠮᠵᠢ ᠵᠢᠨ ᠲᠦᠷᠭᠡᠨ ᠡᠮᠨᠡᠬᠦ ᠲᠠᠰᠤᠭ᠂ ᠮᠡᠰᠡ ᠵᠠᠰᠠᠯ᠎ᠤᠨ ᠲᠠᠰᠤᠭ᠂ ᠴᠢᠰᠤ ᠨᠡᠪᠲᠡᠷᠡᠭᠦᠯᠦᠨ ᠵᠠᠳᠠᠷᠠᠭᠤᠯᠬᠤ ᠣᠷᠣᠨ᠂ ᠡᠪᠡᠳᠴᠢᠲᠡᠨ᠎ᠤ ᠦᠷᠦᠭᠡ᠂ ᠡᠪᠡᠳᠴᠢᠲᠡᠨ᠎ᠤ ᠣᠷᠣᠨ᠎ᠳᠤ ᠴᠥᠮ ᠨᠠᠮᠳᠠᠭ᠋ᠠᠬᠤ ᠲᠣᠭᠤᠷᠢᠭ ᠪᠠᠶ᠋ᠢᠭᠤᠯᠵᠤ᠂ ᠪᠤᠰᠤᠳ ᠣᠨᠣᠰᠢᠯᠠᠨ ᠡᠮᠨᠡᠬᠦ ᠣᠷᠣᠨ᠎ᠠᠴᠠ ᠬᠠᠷᠢᠴᠠᠩᠭᠤᠢ᠎ᠪᠠᠷ ᠰᠠᠯᠭ᠋ᠠᠨ᠂ ᠰᠠᠶ᠋ᠢᠲᠤᠷ ᠪᠡᠯᠡᠳᠬᠡᠯ ᠬᠢᠵᠦ᠂ ᠡᠪᠡᠳᠴᠢᠲᠡᠨ᠎ᠤ ᠵᠠᠷᠢᠮ ᠰᠠᠭᠤᠷᠢ ᠴᠢᠨᠠᠷᠲᠠᠢ ᠡᠪᠡᠳᠴᠢᠨ᠎ᠲᠠᠢ ᠪᠠᠶ᠋ᠢᠬᠤ ᠵᠢ ᠣᠯᠵᠤ ᠮᠡᠳᠡᠬᠦ ᠵᠢᠨ ᠬᠠᠮᠲᠤ ᠰᠢᠨ᠎ᠡ ᠲᠢᠲᠢᠮᠯᠢᠭ ᠸᠢᠷᠦ᠋ᠰ᠎ᠢ ᠪᠠᠶ᠋ᠢᠴᠠᠭ᠋ᠠᠨ ᠰᠢᠯᠭ᠋ᠠᠭᠰᠠᠨ᠎ᠨᠢ ᠠᠷᠭ᠎ᠠ ᠴᠢᠨᠠᠷᠲᠠᠢ ᠪᠠᠶ᠋ᠢᠪᠠᠯ᠂ ᠡᠨᠡ ᠬᠡᠰᠡᠭ ᠡᠪᠡᠳᠴᠢᠲᠡᠨ᠎ᠢ ᠪᠢᠳᠡ ᠴᠠᠭ ᠲᠤᠬᠠᠢᠳᠤᠨᠢ ᠨᠠᠮᠳᠠᠭ᠋ᠠᠬᠤ ᠣᠷᠣᠨ᠎ᠳᠤ ᠡᠮᠨᠡᠨ ᠵᠠᠰᠠᠨ᠎ᠠ᠃
ᠰ᠊ ᠵᠨᠡ ᠲᠢᠲᠢᠮᠯᠢᠭ ᠠᠭᠤᠰᠬᠢᠨ ᠦᠷᠪᠢᠰᠦᠯ᠎ᠲᠠᠢ ᠡᠪᠡᠳᠴᠢᠲᠡᠨ᠎ᠢ ᠬᠡᠷᠬᠢᠨ ᠱᠠᠲᠤ ᠬᠤᠪᠢᠶᠠᠨ ᠲᠥᠷᠥᠯ ᠬᠤᠪᠢᠶᠠᠨ ᠡᠮᠨᠡᠨ ᠵᠠᠰᠠᠬᠤ ᠪᠣᠶ?
ᠡᠩ ᠲᠡᠷᠢᠭᠦᠨ᠎ᠳᠤ᠂ ᠡᠪᠡᠳᠴᠢᠨ᠎ᠤ ᠪᠠᠶ᠋ᠢᠳᠠᠯ᠎ᠨᠢ ᠬᠥᠩᠭᠡᠨ ᠡᠪᠡᠳᠴᠢᠲᠡᠨ ᠪᠤᠶᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠰᠠᠳ ᠭᠡᠷ᠎ᠲᠤ᠎ᠪᠠᠨ ᠰᠠᠭᠤᠵᠤ ᠥᠪᠡᠷ᠎ᠢ᠎ᠪᠠᠨ ᠬᠠᠷᠠᠭ᠋ᠠᠯᠵᠠᠵᠤ ᠪᠣᠯᠣᠨ᠎ᠠ᠃ ᠰᠠᠭᠤᠷᠢ ᠴᠢᠨᠠᠷᠲᠠᠢ ᠡᠪᠡᠳᠴᠢᠨ᠎ᠨᠢ ᠨᠡᠯᠢᠶᠡᠳ ᠲᠣᠭᠲᠠᠪᠤᠷᠢᠲᠠᠢ ᠪᠠᠶ᠋ᠢᠪᠠᠯ᠂ ᠪᠠᠰᠠ ᠭᠡᠷ᠎ᠲᠤ᠎ᠪᠠᠨ ᠰᠠᠭᠤᠵᠤ ᠡᠮᠨᠡᠭᠦᠯᠵᠦ ᠪᠣᠯᠣᠨ᠎ᠠ᠃ ᠥᠨᠳᠥᠷ ᠨᠠᠰᠤᠲᠠᠢ᠂ ᠬᠥᠳᠡᠯᠵᠦ ᠪᠠᠷᠢᠬᠤ᠎ᠳᠤ ᠳᠥᠭᠦᠮ ᠦᠭᠡᠢ ᠬᠠᠯᠳᠠᠪᠤᠷᠢᠯᠠᠭᠰᠠᠳ᠎ᠢ ᠪᠢᠳᠡ ᠪᠠᠰᠠ ᠭᠡᠷ᠎ᠲᠤ᠎ᠨᠢ ᠰᠠᠭᠤᠯᠭ᠋ᠠᠬᠤ ᠵᠢ ᠰᠠᠨᠠᠭᠤᠯᠵᠤ ᠪᠠᠶ᠋ᠢᠨ᠎ᠠ᠃ ᠡᠮᠨᠡᠯᠭᠡ ᠵᠢᠨ ᠬᠤᠷᠢᠶ᠎ᠠ᠎ᠠᠴᠠ ᠢᠨᠲ᠋ᠧᠷ ᠰᠦᠯᠵᠢᠶᠡᠨ᠎ᠤ ᠡᠮᠴᠢᠯᠡᠭᠡᠨ᠎ᠤ ᠠᠷᠭ᠎ᠠ ᠮᠠᠶᠢᠭ ᠵᠶ᠋ᠠᠷ ᠳᠠᠮᠵᠢᠭᠤᠯᠤᠨ ᠰᠦᠯᠵᠢᠶᠡᠨ ᠳᠡᠭᠡᠷᠡᠬᠢ ᠦᠢ᠍ᠯᠡᠴᠢᠯᠡᠭᠡ ᠬᠢᠵᠦ ᠪᠣᠯᠣᠨ᠎ᠠ᠃ ᠡᠭᠦᠨ᠎ᠤ ᠵᠡᠷᠭᠡ᠎ᠳᠤ ᠡᠮᠨᠡᠯᠭᠡ ᠵᠢᠨ ᠠᠵᠢᠯᠲᠠᠨ ᠢᠯᠠᠩᠭᠤᠶ᠎ᠠ ᠮᠠᠨ᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠶ᠋ᠢᠭᠤᠯᠤᠮᠵᠢ ᠴᠤ᠌ ᠭᠡᠷ᠎ᠲᠤ᠎ᠨᠢ ᠬᠦᠷᠴᠦ ᠦᠢ᠍ᠯᠡᠴᠢᠯᠡᠭᠡ ᠬᠠᠩᠭ᠋ᠠᠵᠤ ᠪᠣᠯᠣᠨ᠎ᠠ᠂ ᠳᠠᠭᠢᠵᠤ ᠰᠢᠯᠵᠢᠭᠦᠯᠦᠨ ᠭᠠᠷᠭ᠋ᠠᠵᠤ ᠲᠥᠪᠯᠡᠷᠡᠭᠦᠯᠦᠨ ᠲᠤᠰᠠᠭ᠋ᠠᠷᠯᠠᠵᠤ ᠪᠠᠶ᠋ᠢᠭ᠋ᠠᠳ ᠠᠪᠤᠷᠠᠨ ᠵᠠᠰᠠᠬᠤ ᠦᠭᠡᠢ ᠪᠠᠶ᠋ᠢᠬᠤ ᠵᠢ ᠱᠠᠭ᠋ᠠᠷᠳᠠᠨ᠎ᠠ᠃
ᠬᠤᠶᠠᠷ᠎ᠲᠤ᠂ ᠬᠦᠨᠳᠦ ᠡᠪᠡᠳᠴᠢᠨ᠎ᠤ ᠲᠦᠭᠰᠢᠭᠦᠷᠢ ᠶᠡᠬᠡᠲᠡᠢ ᠡᠪᠡᠳᠴᠢᠲᠡᠨ᠎ᠢ ᠮᠥᠨ ᠯᠡ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ᠎ᠠᠴᠠ ᠭᠥᠯᠢᠶᠡᠨ ᠠᠪᠴᠤ ᠡᠮᠨᠡᠨ ᠵᠠᠰᠠᠵᠤ᠂ ᠬᠦᠨᠳᠦ ᠡᠪᠡᠳᠴᠢᠨ ᠪᠠ ᠬᠦᠨᠳᠦ ᠡᠪᠡᠳᠴᠢᠨ᠎ᠤ ᠲᠦᠭᠰᠢᠭᠦᠷᠢ ᠶᠡᠬᠡᠲᠡᠢ ᠡᠪᠡᠳᠴᠢᠲᠡᠨ᠎ᠢ ᠴᠠᠭ ᠲᠤᠬᠠᠢᠳᠤᠨᠢ ᠡᠮᠨᠡᠨ ᠵᠠᠰᠠᠬᠤ ᠵᠢ ᠪᠠᠲᠤᠯᠠᠨ᠎ᠠ᠃ ᠪᠢᠳᠡ ᠶᠡᠷᠦᠩᠬᠡᠶ᠋ᠢᠯᠡᠭᠰᠡᠨ ᠴᠢᠳᠠᠪᠤᠷᠢ᠎ᠪᠠᠷ ᠴᠢᠩᠭ᠎ᠠ᠂ ᠠᠪᠤᠷᠠᠨ ᠵᠠᠰᠠᠬᠤ ᠬᠢᠷᠢ ᠲᠦᠪᠰᠢᠨ᠎ᠪᠠᠷ ᠥᠨᠳᠥᠷ ᠡᠮᠨᠡᠯᠭᠡ ᠵᠢᠨ ᠬᠤᠷᠢᠶ᠎ᠠ ᠵᠢ ᠰᠣᠩᠭᠤᠨ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ ᠪᠣᠯᠭ᠋ᠠᠬᠤ ᠵᠢᠨ ᠬᠠᠮᠲᠤ ᠴᠡᠭ ᠲᠣᠭᠲᠠᠭ᠋ᠠᠭᠰᠠᠨ ᠡᠮᠨᠡᠯᠭᠡ ᠵᠢᠨ ᠬᠤᠷᠢᠶ᠎ᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠠᠪᠤᠷᠠᠨ ᠵᠠᠰᠠᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
ᠭᠤᠷᠪᠠ᠎ᠳᠤ᠂ ᠪᠠᠰᠠ ᠵᠠᠷᠢᠮ ᠡᠪᠡᠳᠴᠢᠲᠡᠨ ᠰᠠᠭᠤᠷᠢ ᠴᠢᠨᠠᠷᠲᠠᠢ ᠡᠪᠡᠳᠴᠢᠨ ᠪᠤᠶᠤ ᠪᠤᠰᠤᠳ ᠡᠪᠡᠳᠴᠢᠨ᠎ᠲᠠᠢ ᠪᠣᠯ᠂ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ ᠪᠤᠶᠤ ᠲᠤᠰᠬᠠᠢ ᠡᠮᠨᠡᠯᠭᠡ ᠵᠢᠨ ᠬᠤᠷᠢᠶ᠎ᠠ᠎ᠳᠤ ᠣᠴᠢᠵᠤ ᠡᠮᠨᠡᠭᠦᠯᠬᠦ ᠵᠢᠨ ᠬᠠᠮᠲᠤ ᠡᠮᠨᠡᠭᠦᠯᠬᠦ ᠶᠠᠪᠤᠴᠠ᠎ᠳᠤ ᠲᠡᠭᠦᠨ᠎ᠤ ᠰᠢᠨ᠎ᠡ ᠲᠢᠲᠢᠮᠯᠢᠭ ᠸᠢᠷᠦ᠋ᠰ᠎ᠤᠨ ᠠᠷᠭ᠎ᠠ ᠴᠢᠨᠠᠷᠲᠠᠢ ᠬᠠᠯᠳᠠᠪᠤᠷᠢᠯᠠᠭᠴᠢ ᠪᠣᠯᠬᠤ ᠵᠢ ᠣᠯᠵᠤ ᠮᠡᠳᠡᠬᠦ ᠪᠣᠯᠣᠯᠴᠠᠭ᠎ᠠ᠎ᠲᠠᠢ᠃ ᠡᠳᠡᠭᠡᠷ ᠡᠪᠡᠳᠴᠢᠲᠡᠨ᠎ᠳᠤ ᠠᠪᠴᠤ ᠬᠡᠯᠡᠪᠡᠯ᠂ ᠵᠠᠷᠢᠮ ᠰᠠᠭᠤᠷᠢ ᠴᠢᠨᠠᠷᠲᠠᠢ ᠡᠪᠡᠳᠴᠢᠨ᠎ᠨᠢ ᠪᠠᠰᠠ ᠨᠡᠯᠢᠶᠡᠳ ᠬᠦᠨᠳᠦ ᠨᠣᠴᠢᠲᠠᠢ ᠪᠠᠶ᠋ᠢᠪᠠᠯ ᠪᠢᠳᠡ ᠪᠣᠢ ᠪᠦᠬᠦᠢ ᠡᠮᠴᠢᠯᠡᠭᠡᠨ᠎ᠤ ᠪᠠᠶ᠋ᠢᠭᠤᠯᠤᠮᠵᠢ ᠵᠢ ᠴᠥᠮ ᠰᠠᠶ᠋ᠢᠲᠤᠷ ᠪᠡᠯᠡᠳᠬᠡᠯ ᠬᠢᠬᠦ ᠵᠢ ᠱᠠᠭ᠋ᠠᠷᠳᠠᠬᠤ ᠬᠡᠷᠡᠭᠲᠡᠢ᠃ ᠤᠴᠢᠷ ᠨᠢ ᠡᠨᠡ ᠲᠥᠷᠥᠯ᠎ᠤᠨ ᠡᠪᠡᠳᠴᠢᠲᠡᠨ᠎ᠤ ᠡᠪᠡᠳᠴᠢᠨ᠎ᠢ ᠲᠤᠰᠬᠠᠢ ᠰᠠᠯᠠᠭ᠋ᠠᠨ᠎ᠤ ᠡᠪᠡᠳᠴᠢᠨ ᠵᠶ᠋ᠠᠷ ᠡᠮᠨᠡᠨ ᠵᠠᠰᠠᠪᠠᠯ ᠰᠠᠶᠢ ᠡᠪᠡᠳᠴᠢᠲᠡᠨ᠎ᠤ ᠡᠷᠡᠭᠦᠯ ᠮᠡᠨᠳᠦ᠎ᠳᠤ ᠬᠠᠮᠤᠭ᠎ᠤᠨ ᠶᠡᠭᠡ᠎ᠪᠠᠷ ᠠᠰᠢᠭ ᠬᠦᠷᠲᠡᠭᠡᠵᠦ ᠴᠢᠳᠠᠨ᠎ᠠ᠃ ᠡᠶ᠋ᠢᠮᠦ᠎ᠠᠴᠠ ᠪᠢᠳᠡ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ ᠪᠠ ᠲᠤᠰᠬᠠᠢ ᠡᠮᠨᠡᠯᠭᠡ ᠵᠢᠨ ᠬᠤᠷᠢᠶ᠎ᠠ ᠵᠢ ᠴᠥᠮ ᠣᠨᠣᠰᠢᠯᠠᠨ ᠡᠮᠨᠡᠬᠦ ᠶᠠᠪᠤᠴᠠ᠎ᠪᠠᠨ ᠰᠢᠯᠢᠳᠡᠭᠵᠢᠭᠦᠯᠬᠦ ᠵᠢᠨ ᠬᠠᠮᠲᠤ ᠨᠠᠮᠳᠠᠭ᠋ᠠᠬᠤ ᠲᠣᠭᠤᠷᠢᠭ ᠭᠠᠷᠭ᠋ᠠᠵᠤ᠂ ᠡᠨᠡ ᠬᠡᠰᠡᠭ ᠡᠪᠡᠳᠴᠢᠲᠡᠨ᠎ᠢ ᠴᠠᠭ ᠲᠤᠬᠠᠢᠳᠤᠨᠢ ᠡᠮᠨᠡᠨ ᠵᠠᠰᠠᠬᠤ ᠵᠢ ᠪᠠᠲᠤᠯᠠᠵᠤ᠂ ᠲᠡᠳᠡᠨ᠎ᠤ ᠡᠮᠨᠡᠨ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠱᠠᠭ᠋ᠠᠷᠳᠠᠵᠤ ᠪᠠᠶ᠋ᠢᠨ᠎ᠠ᠃
ᠸᠠᠺᠼᠢᠨ᠎ᠤ ᠲᠠᠷᠢᠯᠭ᠎ᠠ ᠬᠢᠬᠦ ᠲᠤᠬᠠᠢ ᠵᠠᠷᠯᠢᠭ ᠭᠠᠷᠭ᠋ᠠᠬᠤ ᠦᠦ?
ᠵᠠᠷᠢᠮ ᠤᠯᠤᠰ ᠸᠠᠺᠼᠢᠨ᠎ᠤ ᠲᠠᠷᠢᠯᠭ᠎ᠠ ᠵᠢᠨ ᠵᠠᠷᠯᠢᠭ ᠭᠠᠷᠭ᠋ᠠᠭᠰᠠᠨ ᠪᠠᠶ᠋ᠢᠨ᠎ᠠ᠂ ᠡᠨᠡ᠎ᠨᠢ ᠡᠲᠡᠭᠡᠷ ᠤᠯᠤᠰ᠎ᠤᠨ ᠸᠠᠺᠼᠢᠨ᠎ᠤ ᠲᠠᠷᠢᠯᠭ᠎ᠠ ᠵᠢᠨ ᠨᠣᠷᠮ᠎ᠠ ᠵᠢ ᠳᠡᠭᠡᠭᠰᠢᠯᠡᠭᠦᠯᠬᠦ᠎ᠳᠤ ᠦᠨᠡᠨ ᠬᠦ᠌ ᠲᠤᠰᠠᠲᠠᠢ ᠶᠤᠮ᠃ ᠣᠳᠣᠬᠠᠨ᠎ᠳᠤ ᠮᠠᠨ᠎ᠤ ᠤᠯᠤᠰ᠎ᠤᠨ 3 -17 ᠨᠠᠰᠤᠨ᠎ᠤ ᠬᠥᠮᠥᠰ᠎ᠤᠨ ᠸᠠᠺᠼᠢᠨ᠎ᠤ ᠲᠠᠷᠢᠯᠭ᠎ᠠ ᠵᠢᠨ ᠨᠣᠷᠮ᠎ᠠ᠎ᠨᠢ ᠨᠢᠭᠡᠨᠲᠡ 97.5%᠎ᠳᠤ ᠬᠦᠷᠴᠦ᠂ 18 - 59 ᠨᠠᠰᠤᠨ᠎ᠤ ᠬᠥᠮᠥᠰ᠎ᠤᠨ ᠸᠠᠺᠼᠢᠨ᠎ᠤ ᠲᠠᠷᠢᠯᠭ᠎ᠠ ᠵᠢᠨ ᠨᠣᠷᠮ᠎ᠠ᠎ᠨᠢ ᠨᠢᠭᠡᠨᠲᠡ 95%᠎ᠳᠤ ᠬᠦᠷᠴᠦ᠂ ᠪᠥᠬᠦ ᠬᠥᠮᠥᠰ᠎ᠤᠨ ᠸᠠᠺᠼᠢᠨ᠎ᠤ ᠲᠠᠷᠢᠯᠭ᠎ᠠ ᠵᠢᠨ ᠨᠣᠷᠮ᠎ᠠ᠎ᠨᠢ ᠨᠢᠭᠡᠨᠲᠡ ᠮᠠᠰᠢ ᠥᠨᠳᠥᠷ ᠪᠣᠯᠵᠤ᠂ ᠪᠥᠬᠦ ᠳᠡᠯᠡᠬᠡᠢ᠎ᠳᠤ ᠠᠪᠴᠤ ᠬᠡᠯᠡᠭᠰᠡᠨ ᠴᠦ᠍ ᠨᠡᠯᠢᠶᠡᠳ ᠥᠨᠳᠥᠷ ᠲᠦᠪᠰᠢᠨ᠎ᠳᠤ ᠭᠦᠷᠦᠭᠰᠡᠨ ᠪᠠᠶ᠋ᠢᠨ᠎ᠠ᠃ ᠣᠳᠣᠬᠠᠨ᠎ᠳᠤ ᠪᠢᠳᠡ ᠶᠠᠭᠤᠨ᠎ᠳᠤ ᠨᠠᠰᠤᠲᠠᠶ᠋ᠢᠴᠤᠳ᠎ᠤᠨ ᠸᠠᠺᠼᠢᠨ᠎ᠤ ᠲᠠᠷᠢᠯᠭ᠎ᠠ ᠵᠢᠨ ᠲᠥᠰᠥᠯ᠎ᠢ ᠲᠣᠭᠲᠠᠭ᠋ᠠᠭᠰᠠᠨ ᠪᠣᠶ? ᠭᠡᠪᠡᠯ ᠮᠠᠨ᠎ᠤ ᠥᠨᠳᠥᠷ ᠨᠠᠰᠤᠲᠠᠢ ᠨᠠᠰᠤᠲᠠᠶ᠋ᠢᠴᠤᠳ᠎ᠤᠨ ᠸᠠᠺᠼᠢᠨ᠎ᠤ ᠲᠠᠷᠢᠯᠭ᠎ᠠ ᠵᠢᠨ ᠨᠣᠷᠮ᠎ᠠ ᠬᠠᠷᠢᠴᠠᠩᠭᠤᠢ ᠳᠣᠣᠷ᠎ᠠ ᠰᠢᠭ᠋ ᠪᠠᠶ᠋ᠢᠨ᠎ᠠ᠃ ᠭᠡᠪᠡᠴᠦ ᠡᠨᠡ ᠤᠳᠠᠭ᠋ᠠᠨ᠎ᠤ ᠲᠥᠰᠥᠯ ᠵᠶ᠋ᠠᠷ ᠳᠠᠮᠵᠢᠭ᠋ᠠᠳ ᠣᠶ᠋ᠢᠷ᠎ᠠ ᠵᠢᠨ ᠬᠤᠭᠤᠴᠠᠭ᠋ᠠᠨ᠎ᠳᠤ ᠡᠨᠡ ᠠᠵᠢᠯ᠎ᠢ ᠪᠠᠰᠠ ᠮᠠᠰᠢ ᠰᠠᠶ᠋ᠢᠨ ᠠᠬᠢᠭᠤᠯᠤᠭᠰᠠᠨ᠎ᠢ ᠪᠢᠳᠠ ᠣᠯᠵᠤ ᠮᠡᠳᠡᠯ᠎ᠡ᠃
ᠡᠨᠡ ᠬᠦ᠌ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠳᠤ ᠡᠷᠬᠡᠪᠰᠢ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠬᠤ ᠬᠡᠷᠡᠭᠲᠡᠢ᠂ ᠸᠠᠺᠼᠢᠨ᠎ᠤ ᠲᠠᠷᠢᠯᠭ᠎ᠠ ᠵᠢᠨ ᠵᠠᠷᠯᠢᠭ᠎ᠢ ᠠᠯᠪᠠᠳᠠᠯᠭ᠎ᠠ᠎ᠪᠠᠷ ᠨᠡᠶ᠋ᠢᠲᠡᠯᠡᠵᠦ ᠪᠣᠯᠬᠤ ᠦᠭᠡᠢ᠃ ᠡᠨᠡ ᠲᠠᠯ᠎ᠠ᠎ᠪᠠᠷ ᠪᠢᠳᠡ ᠪᠠᠰᠠ ᠡᠷᠬᠡᠪᠰᠢ ᠮᠠᠨ᠎ᠤ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠰᠣᠩᠭᠤᠯᠲᠠ ᠬᠢᠬᠦ ᠬᠡᠷᠡᠭᠲᠡᠢ᠃