ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠥᠨᠥᠳᠥᠷ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠡᠷᠬᠡ ᠰᠦᠷᠲᠦ ᠬᠠᠷᠢᠭᠤᠯᠲᠠ
ᠨᠡᠶ᠋ᠢᠲᠡᠯᠡᠭᠰᠡᠨ ᠴᠠᠭ᠄ 2022-12-19

      ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ 12 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠦᠳᠡ ᠵᠢᠨ ᠬᠣᠢ᠌ᠨ᠎ᠠ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠦᠨᠳᠦᠰᠦᠨ ᠱᠠᠲᠤᠨ᠎ᠤ ᠡᠮᠴᠢᠯᠡᠭᠡᠨ᠎ᠤ ᠦᠢ᠍ᠯᠡᠴᠢᠯᠡᠭᠡ ᠪᠠᠲᠤᠯᠠᠭ᠎ᠠ ᠵᠢᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠵᠠᠢ᠂ ᠬᠠᠮᠲᠤ᠎ᠪᠠᠷ ᠦᠵᠡᠵᠡᠭᠡᠶ᠎ᠡ!

    ᠬᠢᠵᠢᠭ᠎ᠢ ᠰᠡᠷᠭᠡᠢ᠌ᠯᠡᠬᠦ ᠭᠣᠣᠯᠳᠠᠯᠭ᠎ᠠ᠎ᠨᠢ ᠬᠠᠯᠳᠠᠪᠤᠷᠢᠯᠠᠯ᠎ᠢ ᠰᠡᠷᠭᠡᠢ᠌ᠯᠡᠨ ᠡᠵᠡᠮᠳᠡᠵᠦ ᠪᠠᠢ᠌ᠭᠰᠠᠨ᠎ᠠᠴᠠ ᠠᠪᠤᠷᠠᠨ ᠵᠠᠰᠠᠬᠤ ᠠᠵᠢᠯ ᠲᠡᠢ᠌ᠰᠢ ᠰᠢᠯᠵᠢᠪᠡ
    ᠣᠳᠣᠬᠠᠨ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠭᠣᠣᠯᠳᠠᠯᠭ᠎ᠠ᠎ᠨᠢ ᠬᠠᠯᠳᠠᠪᠤᠷᠢᠯᠠᠯ᠎ᠢ ᠰᠡᠷᠭᠡᠢ᠌ᠯᠡᠨ ᠡᠵᠡᠮᠳᠡᠬᠦ᠎ᠠᠴᠠ ᠡᠮᠨᠡᠯᠭᠡ ᠵᠢᠨ ᠠᠪᠤᠷᠠᠨ ᠵᠠᠰᠠᠯᠲᠠ ᠲᠡᠢ᠌ᠰᠢ ᠰᠢᠯᠵᠢᠵᠦ ᠪᠠᠢ᠌ᠨ᠎ᠠ᠃ ᠨᠡᠢ᠌ᠭᠡᠮ ᠲᠣᠭᠣᠷᠢᠭ᠂ ᠬᠥᠳᠡᠭᠡ ᠲᠣᠰᠬᠣᠨ ᠪᠣᠯ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠠᠮᠤᠭ᠎ᠤᠨ ᠡᠴᠦᠰ᠎ᠤᠨ ᠨᠢᠭᠡ ᠺᠢᠯᠣᠮᠧᠲᠷ ᠪᠣᠯᠣᠨ᠎ᠠ᠂ ᠭᠡᠷ ᠪᠦᠯᠢ ᠵᠢᠨ ᠡᠮᠴᠢ᠂ ᠬᠥᠳᠡᠭᠡ ᠲᠣᠰᠬᠣᠨ᠎ᠤ ᠡᠮᠴᠢ ᠪᠣᠯ ᠤᠯᠠᠨ ᠲᠦᠮᠡᠨ᠎ᠤ ᠡᠷᠡᠭᠦᠯ ᠮᠡᠨᠳᠤ ᠵᠢᠨ ᠮᠠᠨᠠᠭ᠋ᠠᠴᠢ ᠮᠥᠨ᠃ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠤᠭᠤᠳ ᠬᠠᠯᠳᠠᠪᠤᠷᠢᠯᠠᠭᠰᠠᠳ᠎ᠢ ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠨ ᠵᠠᠰᠠᠬᠤ᠂ ᠲᠦᠭᠰᠢᠭᠦᠷᠢᠲᠦ ᠬᠥᠮᠥᠰ᠎ᠤᠨ ᠡᠷᠡᠭᠦᠯ ᠮᠡᠨᠳᠦ ᠵᠢ ᠬᠢᠨᠠᠨ ᠰᠢᠨᠵᠢᠯᠡᠵᠦ ᠬᠠᠮᠢᠶᠠᠷᠬᠤ᠂ ᠨᠠᠰᠤᠲᠠᠢ᠌ᠴᠤᠳ ᠪᠠ ᠬᠡᠦᠬᠡᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠡᠮ ᠡᠮᠨᠡᠯᠭᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠬᠤ ᠪᠣᠯᠣᠨ᠎ᠠ᠃ ᠬᠢᠵᠢᠭ᠎ᠤᠨ ᠪᠠᠢ᠌ᠳᠠᠯ᠂ ᠡᠪᠡᠳᠴᠢᠨ᠎ᠤ ᠪᠠᠢ᠌ᠳᠠᠯ᠎ᠤᠨ ᠬᠦᠨᠳᠦ ᠬᠥᠩᠭᠡᠨ ᠠᠯᠭᠤᠷ ᠪᠠᠴᠢᠮ᠎ᠤᠨ ᠬᠡᠮᠵᠢᠶ᠎ᠡ ᠵᠡᠷᠭᠡ ᠵᠢ ᠦᠨᠳᠦᠰᠦᠯᠡᠨ ᠡᠮ ᠡᠮᠨᠡᠯᠭᠡ ᠵᠢᠨ ᠡᠬᠢ ᠪᠠᠶᠠᠯᠢᠭ᠎ᠢ ᠵᠦᠢ ᠵᠣᠬᠢᠰᠲᠠᠢ᠎ᠪᠠᠷ ᠬᠤᠪᠢᠶᠠᠷᠢᠯᠠᠵᠤ᠂ ᠦᠢ᠍ᠯᠡᠴᠢᠯᠡᠭᠡᠨ᠎ᠤ ᠦᠷ᠎ᠡ ᠪᠦᠲᠦᠮᠵᠢ ᠪᠠ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ; ᠭᠣᠣᠯᠳᠠᠯᠭ᠎ᠠ᠎ᠲᠠᠢ ᠬᠥᠮᠥᠰ᠎ᠤᠨ ᠡᠷᠡᠭᠦᠯ ᠮᠡᠨᠳᠦ ᠵᠢᠨ ᠬᠢᠨᠠᠨ ᠰᠢᠨᠵᠢᠯᠡᠯᠲᠡ ᠪᠠ ᠦᠢ᠍ᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠵᠤ᠂ ᠴᠠᠭ ᠲᠤᠬᠠᠢ᠎ᠳᠤ᠎ᠨᠢ ᠯᠠᠪᠯᠠᠭ᠎ᠠ ᠵᠢᠯᠣᠭᠣᠳᠤᠯᠭ᠎ᠠ ᠬᠠᠩᠭ᠋ᠠᠬᠤ ᠬᠡᠷᠡᠭᠲᠡᠢ; ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠠᠯᠠᠭᠤᠷᠠᠯ᠎ᠤᠨ ᠡᠭᠦᠳᠡᠨ ᠡᠮᠨᠡᠯᠭᠡ ᠵᠢᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠠᠩᠬᠠᠨ᠎ᠤ ᠣᠨᠣᠰᠢᠯᠠᠯᠲᠠ ᠵᠢᠨ ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠬᠦ ᠬᠡᠷᠡᠭᠲᠡᠢ᠃

      ᠦᠨᠳᠦᠰᠦᠨ ᠱᠠᠲᠤᠨ᠎ᠤ ᠬᠢᠵᠢᠭ᠎ᠢ ᠰᠡᠷᠭᠡᠢ᠌ᠯᠡᠬᠦ ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠬᠤᠪᠢᠷᠠᠯᠲᠠ
      ᠡᠭᠦᠨ᠎ᠳᠤ ᠭᠣᠣᠯᠳᠠᠭᠤ ᠥᠩᠭᠡᠷᠡᠭᠰᠡᠨ᠎ᠤ ᠡᠷᠲᠡ ᠢᠯᠡᠷᠡᠭᠦᠯᠬᠦ᠂ ᠡᠷᠲᠡ ᠲᠤᠰᠠᠭ᠋ᠠᠷᠯᠠᠬᠤ ᠪᠠ ᠬᠠᠯᠳᠠᠪᠤᠷᠢᠯᠠᠯ᠎ᠢ ᠭᠣᠣᠯᠳᠠᠯᠭ᠎ᠠ᠎ᠲᠠᠢ ᠰᠡᠷᠭᠡᠢ᠌ᠯᠡᠵᠦ ᠪᠠᠢ᠌ᠭᠰᠠᠨ᠎ᠠᠴᠠ ᠲᠦᠷᠦᠯ ᠳᠡᠰ ᠬᠤᠪᠢᠶᠠᠨ ᠡᠷᠡᠭᠦᠯ ᠮᠡᠨᠳᠦ ᠵᠢᠨ ᠦᠢ᠍ᠯᠡᠴᠢᠯᠡᠭᠡ ᠪᠣᠯᠣᠨ ᠡᠮ ᠡᠮᠨᠡᠯᠭᠡ ᠵᠢᠨ ᠠᠪᠤᠷᠠᠨ ᠵᠠᠰᠠᠯᠲᠠ ᠵᠢ ᠬᠡᠷᠡᠭᠵᠢᠭᠦᠯᠬᠦ ᠲᠡᠢ᠌ᠰᠢ ᠬᠤᠪᠢᠷᠠᠭᠤᠯᠤᠨ᠎ᠠ᠃
    ᠨᠢᠭᠡ᠎ᠳᠤ᠂ ᠰᠠᠭᠤᠷᠢ ᠲᠣᠭ᠎ᠠ ᠵᠢ ᠲᠣᠳᠣᠷᠬᠠᠢ ᠣᠢ᠌ᠯᠠᠭ᠋ᠠᠬᠤ ᠬᠡᠷᠡᠭᠲᠡᠢ᠃ ᠭᠣᠣᠯᠳᠠᠯᠭ᠎ᠠ᠎ᠲᠠᠢ ᠬᠥᠮᠥᠰ᠎ᠤᠨ ᠰᠠᠭᠤᠷᠢ ᠲᠣᠭ᠎ᠠ ᠵᠢ ᠲᠣᠳᠣᠷᠬᠠᠢ ᠣᠢ᠌ᠯᠠᠭ᠋ᠠᠵᠤ᠂ ᠨᠡᠢ᠌ᠭᠡᠮ ᠲᠣᠭᠣᠷᠢᠭ (ᠲᠣᠰᠬᠣᠨ) ᠪᠣᠯᠣᠨ ᠦᠨᠳᠦᠰᠦᠨ ᠱᠠᠲᠤᠨ᠎ᠤ ᠡᠮᠨᠡᠯᠭᠡ ᠵᠢᠨ ᠠᠵᠢᠯᠲᠠᠳ ᠣᠯᠠᠨ ᠵᠦᠢ᠍ᠯ᠎ᠤᠨ ᠠᠷᠭ᠎ᠠ ᠵᠠᠮ ᠵᠶ᠋ᠠᠷ ᠳᠡᠮᠵᠢᠨ᠂ ᠰᠠᠭᠤᠷᠢ ᠡᠪᠡᠳᠴᠢᠨ ᠳᠠᠪᠬᠤᠴᠠᠭᠰᠠᠨ ᠨᠠᠰᠤᠲᠠᠢ᠌ᠴᠤᠳ᠎ᠤᠨ ᠰᠠᠭᠤᠷᠢ ᠲᠣᠭ᠎ᠠ ᠵᠢ ᠲᠣᠳᠣᠷᠬᠠᠢ ᠣᠢ᠌ᠯᠠᠭ᠋ᠠᠬᠤ ᠬᠡᠷᠡᠭᠲᠡᠢ᠃ ᠡᠭᠦᠨ᠎ᠤ ᠬᠠᠮᠲᠤ᠂ ᠵᠢᠷᠮᠦᠰᠦᠨ ᠬᠥᠩᠭᠡᠵᠢᠭᠰᠡᠨ ᠡᠬᠡᠴᠦᠳ᠂ ᠬᠡᠦᠬᠡᠳ ᠵᠡᠷᠭᠡ ᠬᠥᠮᠥᠰ᠎ᠤᠨ ᠬᠠᠮᠢᠶᠠᠷᠤᠯᠲᠠ ᠦᠢ᠍ᠯᠡᠴᠢᠯᠡᠭᠡ ᠵᠢ ᠥᠩᠭᠡᠷᠡᠭᠰᠡᠨ᠎ᠳᠤ ᠨᠢᠭᠡᠨᠲᠡ ᠨᠠᠢ᠌ᠳᠠᠪᠤᠷᠢᠵᠢᠭᠤᠯᠤᠭᠰᠠᠨ ᠤᠴᠢᠷ᠎ᠠᠴᠠ ᠣᠲᠣ ᠵᠢᠨ ᠭᠣᠣᠯᠳᠠᠯᠭ᠎ᠠ᠎ᠲᠠᠢ ᠦᠢ᠍ᠯᠡᠴᠢᠯᠡᠬᠦ ᠡᠲᠡᠭᠡᠳ ᠪᠣᠯ ᠨᠠᠰᠤᠲᠠᠢ᠌ᠴᠤᠳ ᠪᠣᠯᠣᠨ᠎ᠠ᠂ ᠣᠨᠴᠠᠭ᠋ᠠᠢ᠌ᠯᠠᠨ ᠤᠷᠢᠳ ᠵᠶ᠋ᠠᠷ   ᠰᠠᠭᠤᠷᠢ   ᠡᠪᠡᠳᠴᠢᠨ   ᠳᠠᠪᠬᠤᠴᠠᠭᠰᠠᠨ   ᠬᠥᠮᠥᠰ ᠎ᠤᠨ   ᠰᠠᠭᠤᠷᠢ   ᠲᠣᠭ᠎ᠠ ᠵᠢ   ᠲᠣᠳᠣᠷᠬᠠᠢ ᠣᠢ᠌ᠯᠠᠭ᠋ᠠᠬᠤ ᠬᠡᠷᠡᠭᠲᠡᠢ᠃  
    ᠬᠣᠶᠠᠷ᠎ᠲᠤ᠂ ᠲᠦᠷᠦᠯ ᠬᠤᠪᠢᠶᠠᠬᠤ ᠬᠡᠷᠡᠭᠲᠡᠢ᠃ ᠪᠠᠢ᠌ᠳᠠᠯ᠎ᠢ ᠣᠢ᠌ᠯᠠᠭ᠋ᠠᠨ ᠳᠠᠩᠰᠠᠯᠠᠭᠰᠠᠨ ᠭᠣᠣᠯᠳᠠᠯᠭ᠎ᠠ᠎ᠲᠠᠢ ᠬᠥᠮᠥᠰ᠎ᠲᠤ ᠲᠥᠷᠥᠯ ᠪᠠ ᠲᠠᠰ ᠬᠤᠪᠢᠶᠠᠨ ᠡᠷᠡᠭᠦᠯ ᠮᠡᠨᠳᠦ ᠵᠢᠨ ᠦᠢ᠍ᠯᠡᠴᠢᠯᠡᠭᠡ ᠬᠠᠩᠭ᠋ᠠᠨ᠎ᠠ (ᠭᠣᠣᠯᠳᠠᠯᠭ᠎ᠠ᠎ᠲᠠᠢ ᠬᠥᠮᠥᠰ᠂ ᠳᠡᠳ᠋ ᠭᠣᠣᠯᠳᠠᠯᠭ᠎ᠠ᠎ᠲᠠᠢ ᠬᠥᠮᠥᠰ ᠪᠠ ᠡᠩ᠎ᠤᠨ ᠬᠥᠮᠥᠰ)᠃ ᠲᠥᠷᠥᠯ ᠠᠩᠭᠢᠯᠠᠯ᠎ᠤᠨ ᠠᠳᠠᠯᠢ ᠪᠤᠰᠤ ᠵᠢ ᠦᠨᠳᠦᠰᠦᠯᠡᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠎ᠪᠠᠷ ᠳᠠᠮᠵᠢᠭᠤᠯᠤᠨ᠂ ᠣᠯᠠᠨ ᠵᠦᠢ᠍ᠯ᠎ᠤᠨ ᠠᠷᠭ᠎ᠠ ᠮᠠᠶᠢᠭ᠎ᠤᠨ ᠡᠷᠡᠭᠦᠯ ᠮᠡᠨᠳᠦ ᠵᠢᠨ ᠵᠢᠯᠣᠭᠣᠳᠤᠯᠭ᠎ᠠ᠂ ᠡᠷᠡᠭᠦᠯ ᠮᠡᠨᠳᠦ ᠵᠢᠨ ᠬᠢᠨᠠᠨ ᠰᠢᠨᠵᠢᠯᠡᠯᠲᠡ᠂ ᠮᠥᠷᠳᠡᠨ ᠰᠤᠷᠪᠤᠯᠵᠢᠯᠠᠬᠤ ᠵᠢ ᠬᠠᠩᠭ᠋ᠠᠵᠤ᠂ ᠥᠳᠥᠭᠡᠭᠴᠢ ᠵᠢᠨ ᠪᠠᠢ᠌ᠴᠠᠭ᠋ᠠᠯᠲᠠ ᠬᠢᠬᠦ ᠵᠢ ᠵᠢᠯᠤᠭᠣᠳᠴᠤ᠂ ᠡᠪᠡᠳᠴᠢᠨ᠎ᠳᠤ᠎ᠨᠢ ᠲᠠᠭ᠋ᠠᠷᠠᠭᠤᠯᠵᠤ ᠡᠮ ᠬᠡᠷᠡᠭᠯᠡᠬᠦ ᠲᠠᠯ᠎ᠠ᠎ᠪᠠᠷ ᠵᠢᠯᠣᠭᠣᠳᠤᠯᠭ᠎ᠠ ᠬᠢᠬᠦ ᠳᠤᠩ ᠭᠣᠣᠯᠳᠠᠯᠭ᠎ᠠ᠎ᠨᠢ ᠳᠠᠷᠤᠢ ᠲᠡᠳᠡᠨ᠎ᠳᠤ ᠡᠮᠴᠢᠯᠡᠭᠡᠨ᠎ᠤ ᠲᠠᠯ᠎ᠠ ᠵᠢᠨ ᠦᠢ᠍ᠯᠡᠴᠢᠯᠡᠭᠡ ᠬᠠᠩᠭ᠋ᠠᠨ᠎ᠠ᠃
    ᠭᠤᠷᠪᠠ᠎ᠳᠤ᠂ ᠱᠠᠲᠤ ᠬᠤᠪᠢᠶᠠᠨ ᠠᠪᠤᠷᠠᠨ ᠵᠠᠰᠠᠬᠤ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠨᠥᠬᠥᠴᠡᠯ ᠡᠭᠦᠳᠴᠦ ᠪᠠᠢ᠌ᠭ᠋ᠠᠳ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠣᠯᠣᠨ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠲᠤ ᠬᠠᠯᠠᠭᠤᠷᠠᠯ᠎ᠤᠨ ᠡᠮᠴᠢᠯᠡᠭᠡᠨ᠎ᠤ ᠲᠠᠰᠤᠭ ᠭᠠᠷᠭ᠋ᠠᠵᠤ᠂ ᠨᠡᠭᠡᠭᠡᠬᠦ ᠶᠣᠰᠣᠲᠠᠢ᠎ᠨᠢ ᠠᠯᠢ ᠴᠢᠳᠠᠬᠤ᠎ᠪᠠᠷ ᠨᠡᠭᠡᠭᠡᠬᠦ ᠬᠡᠷᠡᠭᠲᠡᠢ᠃ ᠠᠩᠬᠠᠨ᠎ᠤ ᠣᠨᠣᠰᠢᠯᠠᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ᠎ᠤ ᠢᠯᠡᠷᠡᠯ᠎ᠲᠠᠢ ᠡᠪᠡᠳᠴᠢᠲᠡᠨ᠎ᠳᠤ ᠣᠨᠣᠰᠢᠯᠠᠨ ᠡᠮᠨᠡᠬᠦ ᠪᠠ ᠡᠮ ᠬᠡᠷᠡᠭᠯᠡᠬᠦ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠨᠡᠢ᠌ᠭᠡᠮ ᠲᠣᠭᠣᠷᠢᠭ (ᠲᠣᠰᠬᠣᠨ) ᠵᠢᠴᠢ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ᠎ᠨᠤᠭᠤᠳ ᠳᠠᠢ᠌ᠴᠢᠯᠠᠯᠲᠠ ᠤᠬᠠᠭᠤᠯᠭ᠎ᠠ ᠵᠢ ᠥᠷᠭᠡᠨ ᠵᠶ᠋ᠡᠷ ᠥᠷᠨᠢᠭᠦᠯᠵᠦ᠂ ᠡᠷᠡᠭᠦᠯ ᠮᠡᠨᠳᠦ ᠵᠢᠨ ᠬᠥᠮᠦᠵᠢᠯ᠂ ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠴᠤ ᠡᠮ ᠬᠦᠷᠭᠡᠬᠦ ᠵᠡᠷᠭᠡ ᠦᠢ᠍ᠯᠡᠴᠢᠯᠡᠭᠡᠨ᠎ᠤ ᠪᠠᠲᠤᠯᠠᠭ᠎ᠠ᠎ᠳᠤ ᠬᠠᠮᠵᠢᠯᠴᠠᠬᠤ ᠬᠡᠷᠡᠭᠲᠡᠢ᠃ ᠡᠭᠦᠨ᠎ᠤ ᠵᠣᠷᠢᠯᠭ᠎ᠠ᠎ᠨᠢ ᠭᠡᠷ᠎ᠲᠤ᠎ᠪᠠᠨ ᠰᠠᠭᠤᠵᠤ ᠡᠮᠨᠡᠭᠦᠯᠬᠦ᠎ᠳᠤ ᠲᠣᠬᠢᠷᠠᠬᠤ ᠡᠪᠡᠳᠴᠢᠨ᠎ᠤ ᠢᠯᠡᠷᠡᠯ ᠦᠭᠡᠢ ᠬᠠᠯᠳᠠᠪᠤᠷᠢᠯᠠᠭᠰᠠᠳ ᠪᠤᠶᠤ ᠬᠥᠩᠭᠡᠨ ᠬᠡᠯᠪᠡᠷᠢ ᠵᠢᠨ ᠡᠪᠡᠳᠴᠢᠲᠡᠨ᠎ᠳᠤ ᠵᠣᠬᠢᠬᠤ ᠡᠳᠡᠭᠡᠷᠡᠯᠲᠡ ᠪᠠ ᠡᠮ ᠬᠡᠷᠡᠭᠯᠡᠬᠦ ᠵᠢᠯᠣᠭᠣᠳᠤᠯᠭ᠎ᠠ ᠬᠠᠩᠭ᠋ᠠᠬᠤ ᠵᠢᠨ ᠲᠥᠯᠥᠭᠡ ᠶᠤᠮ᠃

    ᠨᠠᠰᠤᠲᠠᠢ᠌ᠴᠤᠳ᠂ ᠰᠠᠭᠤᠷᠢ ᠡᠪᠡᠳᠴᠢᠨ᠎ᠲᠠᠢ ᠡᠪᠡᠳᠴᠢᠲᠡᠨ᠂ ᠴᠢᠰᠤ ᠨᠡᠪᠴᠢᠭᠦᠯᠬᠦ ᠡᠪᠡᠳᠴᠢᠲᠡᠨ ᠵᠡᠷᠭᠡ ᠬᠥᠮᠥᠰ᠎ᠤᠨ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠬᠢᠨ᠎ᠡ
    ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ 12 ᠳ᠋ᠤᠭ᠋ᠠᠷ ᠰᠠᠷ᠎ᠠ ᠵᠢᠨ 1᠎ᠤ ᠡᠳᠦᠷ ᠮᠡᠳᠡᠭᠳᠡᠯ ᠪᠠᠭᠤᠯᠭ᠋ᠠᠭᠰᠠᠨ᠎ᠤ ᠬᠠᠮᠲᠤ ᠪᠦᠬᠦ ᠲᠠᠯ᠎ᠠ ᠵᠢᠨ ᠪᠠᠢ᠌ᠷᠢᠯᠠᠭᠤᠯᠤᠯᠲᠠ ᠬᠢᠵᠦ᠂ ᠡᠯ᠎ᠡ ᠭᠠᠵᠠᠷ᠎ᠤᠨ᠎ᠬᠢᠨ 65 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠂ ᠢᠯᠠᠩᠭᠤᠶ᠎ᠠ ᠵᠢᠷᠦᠬᠡᠨ᠎ᠤ ᠲᠢᠲᠢᠮ ᠡᠪᠡᠳᠴᠢᠨ᠂ ᠲᠠᠷᠢᠬᠢᠨ᠎ᠤ ᠰᠠ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ᠂ ᠠᠭᠤᠰᠬᠢᠨ᠎ᠤ ᠠᠷᠬᠠᠭ ᠪᠥᠭᠯᠡᠷᠡᠯᠲᠡ ᠡᠪᠡᠳᠴᠢᠨ᠂ ᠰᠢᠬᠢᠷ ᠰᠢᠵᠢᠩ ᠡᠪᠡᠳᠴᠢᠨ᠂ ᠤᠳᠠᠭ᠋ᠠᠨ ᠴᠢᠨᠠᠷᠲᠠᠢ ᠪᠥᠭᠡᠷᠡᠨ᠎ᠤ ᠡᠪᠡᠳᠴᠢᠨ᠂ ᠬᠣᠣᠷᠲᠤ ᠬᠠᠪᠤᠳᠠᠷ᠎ᠤᠨ ᠰᠠᠴᠤᠷᠠᠭ ᠵᠢᠴᠢ ᠬᠢᠮᠢ ᠵᠢᠨ ᠵᠠᠰᠠᠯ ᠬᠢᠯᠭᠡᠵᠦ ᠪᠠᠢ᠌ᠭ᠎ᠠ ᠡᠪᠡᠳᠴᠢᠲᠡᠨ᠂ ᠪᠠᠰᠠ ᠡᠭᠡᠯᠢᠯᠡᠭᠡ ᠵᠢᠨ ᠴᠢᠳᠠᠪᠤᠷᠢ ᠬᠣᠮᠰᠠᠳᠠᠯ᠎ᠲᠠᠢ ᠡᠪᠡᠳᠴᠢᠲᠡᠨ᠎ᠤ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠬᠢᠬᠦ ᠵᠢᠨ ᠬᠠᠮᠲᠤ ᠲᠡᠳᠡᠨ᠎ᠤ ᠸᠠᠺᠼᠢᠨ᠎ᠤ ᠲᠠᠷᠢᠯᠭ᠎ᠠ ᠵᠢᠨ ᠪᠠᠢ᠌ᠳᠠᠯ᠎ᠢ ᠣᠢ᠌ᠯᠠᠭ᠋ᠠᠬᠤ ᠬᠡᠷᠡᠭᠲᠡᠢ ᠭᠡᠵᠦ ᠱᠠᠭ᠋ᠠᠷᠳᠠᠭᠰᠠᠨ ᠪᠠᠢ᠌ᠨ᠎ᠠ᠃ ᠣᠷᠣᠨ ᠨᠤᠲᠤᠭ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠣᠲᠣ ᠵᠢᠨ ᠪᠠᠢ᠌ᠭ᠎ᠠ ᠬᠤᠪᠢ ᠬᠥᠮᠥᠨ᠎ᠤ ᠡᠷᠡᠭᠦᠯ ᠮᠡᠨᠳᠦ ᠵᠢᠨ ᠲᠠᠩᠰᠠ ᠡᠪᠬᠡᠮᠡᠯ᠂ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ᠂ ᠠᠷᠠᠳ᠎ᠤᠨ ᠶᠠᠪᠤᠳᠠᠯ᠎ᠤᠨ ᠨᠠᠰᠤᠲᠠᠢ᠌ᠴᠤᠳ᠎ᠤᠨ ᠳᠠᠩᠰᠠᠯᠠᠯᠲᠠ ᠵᠢᠨ ᠰᠢᠰᠲ᠋ᠧᠮ ᠵᠢᠴᠢ ᠸᠠᠺᠼᠢᠨ᠎ᠤ ᠲᠠᠷᠢᠯᠭ᠎ᠠ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠵᠠᠳᠠᠯᠤᠨ ᠬᠠᠷᠢᠴᠠᠭᠤᠯᠵᠤ ᠪᠣᠯᠣᠨ᠎ᠠ᠂ ᠴᠢᠬᠤᠯᠠᠲᠠᠢ ᠦᠶ᠎ᠡ᠎ᠳᠤ ᠪᠠᠰᠠ ᠡᠷᠦᠬᠡ᠎ᠳᠤ ᠬᠦᠷᠴᠦ ᠪᠠᠢ᠌ᠴᠠᠭ᠋ᠠᠯᠲᠠ ᠬᠢᠵᠦ᠂ ᠡᠲᠡᠭᠡᠷ ᠬᠥᠮᠥᠰ᠎ᠤᠨ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ ᠬᠡᠷᠡᠭᠲᠡᠢ᠃ ᠪᠠᠢ᠌ᠴᠠᠭ᠋ᠠᠵᠤ ᠳᠠᠭᠤᠰᠤᠭᠰᠠᠨ᠎ᠤ ᠳᠠᠷᠠᠭ᠎ᠠ᠂ ᠲᠡᠳᠡᠨ᠎ᠤ ᠰᠠᠭᠤᠷᠢ ᠡᠪᠡᠳᠴᠢᠨ᠎ᠤ ᠪᠠᠢ᠌ᠳᠠᠯ᠂ ᠨᠠᠰᠤᠨ᠎ᠤ ᠪᠠᠢ᠌ᠳᠠᠯ᠂ ᠸᠠᠺᠼᠢᠨ᠎ᠤ ᠲᠠᠷᠢᠯᠭ᠎ᠠ ᠵᠢᠨ ᠪᠠᠢ᠌ᠳᠠᠯ ᠵᠡᠷᠭᠡ ᠵᠢ ᠦᠨᠳᠦᠰᠦᠯᠡᠨ ᠲᠥᠷᠥᠯ ᠬᠤᠪᠢᠶᠠᠵᠤ᠂ ᠠᠳᠠᠯᠢ ᠪᠤᠰᠤ ᠬᠥᠮᠥᠰ᠎ᠲᠤ ᠭᠤᠷᠪᠠᠨ ᠳᠡᠰ ᠬᠤᠪᠢᠶᠠᠨ ᠦᠢ᠍ᠯᠡᠴᠢᠯᠡᠭᠡ ᠬᠠᠩᠭ᠋ᠠᠨ᠎ᠠ᠃ ᠵᠠᠷᠢᠮ ᠭᠠᠵᠠᠷ᠎ᠤᠨ᠎ᠬᠢᠨ ᠮᠠᠰᠢ ᠰᠠᠢ᠌ᠨ ᠲᠤᠷᠰᠢᠯᠭ᠎ᠠ ᠬᠤᠷᠠᠮᠳᠤᠭᠤᠯᠵᠤ᠂ ᠲᠡᠳᠡ ᠲᠣᠮᠣ ᠳ᠋ᠠᠢ᠌ᠲ᠋ᠠ ᠵᠢᠨ ᠬᠠᠷᠢᠴᠠᠭᠤᠯᠤᠯ ᠵᠶ᠋ᠠᠷ ᠲᠠᠮᠵᠢᠨ ᠭᠣᠣᠯᠳᠠᠯᠭ᠎ᠠ᠎ᠲᠠᠢ ᠬᠥᠮᠥᠰ᠎ᠢ ᠰᠢᠭᠤᠳ ᠵᠠᠭ᠋ᠠᠭᠯᠠᠨ ᠲᠣᠭᠲᠠᠭ᠋ᠠᠵᠤ᠂ ᠡᠳᠡᠭᠡᠷ ᠭᠣᠣᠯᠳᠠᠯᠭ᠎ᠠ᠎ᠲᠠᠢ ᠬᠥᠮᠥᠰ᠎ᠤᠨ ᠪᠠᠢ᠌ᠳᠠᠯ᠎ᠢ ᠨᠡᠢ᠌ᠭᠡᠮ ᠲᠣᠭᠣᠷᠢᠭ᠎ᠲᠤ ᠳᠠᠮᠵᠢᠭᠤᠯᠵᠤ᠂ ᠲᠠᠬᠢᠨ ᠨᠡᠢ᠌ᠭᠡᠮ ᠲᠣᠭᠣᠷᠢᠭ ᠵᠶ᠋ᠠᠷ ᠪᠠᠢ᠌ᠳᠠᠯ᠎ᠢ ᠣᠢ᠌ᠯᠠᠭ᠋ᠠᠬᠤ ᠪᠠᠢ᠌ᠴᠠᠭ᠋ᠠᠯᠲᠠ ᠬᠢᠯᠭᠡᠬᠦ᠎ᠨᠢ ᠬᠥᠮᠥᠨ᠎ᠤ ᠬᠦᠴᠦᠨ᠎ᠢ ᠠᠷᠪᠢᠯᠠᠭᠰᠠᠨ ᠵᠶ᠋ᠠᠷ ᠪᠠᠷᠠᠬᠤ ᠦᠭᠡᠢ ᠠᠵᠢᠯ᠎ᠤᠨ ᠶᠠᠰᠤ ᠴᠢᠨᠠᠷ᠎ᠢ ᠴᠤ᠌ ᠳᠡᠭᠡᠭᠰᠢᠯᠡᠭᠦᠯᠦᠭᠰᠡᠨ ᠪᠣᠯᠬᠣᠷ ᠡᠯ᠎ᠡ ᠭᠠᠵᠠᠷ᠎ᠤᠨ᠎ᠬᠢᠨ ᠲᠣᠯᠢ ᠪᠣᠯᠭ᠋ᠠᠭᠤᠰᠢᠲᠠᠢ ᠪᠠᠢ᠌ᠨ᠎ᠠ᠃
    ᠨᠠᠰᠤᠲᠠᠢ᠌ᠴᠤᠳ᠎ᠢ ᠬᠠᠷᠢᠶ᠎ᠠ ᠲᠣᠭᠣᠷᠢᠭ᠎ᠤᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠠ ᠭᠡᠷ ᠪᠦᠯᠢ ᠵᠢᠨ ᠡᠮᠴᠢ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠵᠤ ᠪᠠᠢ᠌ᠭ᠋ᠠᠳ ᠡᠷᠡᠭᠦᠯ ᠮᠡᠨᠳᠦ ᠵᠢᠨ ᠮᠡᠳᠡᠭᠡ ᠵᠠᠩᠭᠢ᠎ᠪᠠᠨ ᠳᠠᠩᠰᠠᠯᠠᠭᠤᠯᠵᠤ᠂ ᠢᠯᠠᠩᠭᠤᠶ᠎ᠠ ᠭᠣᠣᠯᠳᠠᠯᠭ᠎ᠠ᠎ᠲᠠᠢ ᠬᠥᠮᠥᠰ᠎ᠤᠨ ᠭᠡᠷ ᠪᠦᠯᠢ ᠵᠢᠨ ᠡᠮᠴᠢ ᠵᠢᠨ ᠦᠢ᠍ᠯᠡᠴᠢᠯᠡᠭᠡ ᠵᠢᠨ ᠭᠡᠷ᠎ᠡ ᠲᠣᠭᠲᠠᠵᠤ ᠴᠢᠳᠠᠬᠤ᠎ᠨᠢ ᠠᠯᠢ ᠴᠢᠳᠠᠬᠤ᠎ᠪᠠᠷ ᠭᠡᠷ᠎ᠡ ᠲᠣᠭᠲᠠᠬᠤ ᠵᠢ ᠤᠷᠢᠶᠠᠯᠠᠵᠤ ᠪᠠᠢ᠌ᠨ᠎ᠠ᠃

    ᠥᠨᠳᠥᠷ ᠨᠠᠰᠤᠲᠠᠢ ᠰᠠᠭᠤᠷᠢ ᠡᠪᠡᠳᠴᠢᠨ᠎ᠲᠠᠢ ᠨᠠᠰᠤᠲᠠᠢ᠌ᠴᠤᠳ᠎ᠲᠤ ᠲᠥᠷᠥᠯ ᠲᠠᠰ ᠬᠤᠪᠢᠶᠠᠬᠤ ᠦᠢ᠍ᠯᠡᠴᠢᠯᠡᠭᠡ ᠬᠠᠩᠭ᠋ᠠᠨ᠎ᠠ
    ᠨᠠᠰᠤᠲᠠᠢ᠌ᠴᠤᠳ᠎ᠢ ᠭᠤᠷᠪᠠᠨ ᠲᠥᠷᠥᠯ᠎ᠳᠤ ᠬᠤᠪᠢᠶᠠᠨ᠎ᠠ᠂ ᠨᠢᠭᠡᠳᠦᠭᠡᠷ ᠲᠥᠷᠥᠯ᠎ᠨᠢ ᠡᠩ᠎ᠤᠨ ᠬᠥᠮᠥᠰ᠂ ᠳᠠᠷᠤᠢ ᠲᠦᠭᠰᠢᠭᠦᠷᠢ᠎ᠪᠠᠷ ᠳᠣᠣᠷ᠎ᠠ ᠬᠥᠮᠥᠰ ᠪᠣᠯᠣᠨ᠎ᠠ᠂ ᠡᠢ᠌ᠮᠦ ᠬᠥᠮᠥᠰ᠎ᠲᠤ ᠭᠣᠣᠯᠳᠠᠭᠤ ᠡᠷᠡᠭᠦᠯ ᠮᠡᠨᠳᠦ ᠵᠢᠨ ᠬᠥᠮᠦᠵᠢᠯ᠎ᠢ ᠴᠢᠩᠭ᠋ᠠᠳᠬᠠᠵᠤ᠂ ᠸᠠᠺᠼᠢᠨ᠎ᠤ ᠲᠠᠷᠢᠯᠭ᠎ᠠ ᠬᠢᠭᠰᠡᠨ ᠦᠭᠡᠢ ᠬᠥᠮᠥᠰ᠎ᠢ ᠴᠠᠭ ᠲᠤᠬᠠᠢ᠎ᠳᠤ᠎ᠨᠢ ᠸᠠᠺᠼᠢᠨ᠎ᠤ ᠲᠠᠷᠢᠯᠭ᠎ᠠ ᠬᠢᠯᠭᠡᠬᠦ᠎ᠪᠠᠷ ᠳᠠᠢ᠌ᠴᠢᠯᠠᠬᠤ ᠬᠡᠷᠡᠭᠲᠡᠢ᠃ ᠬᠣᠶᠠᠳᠤᠭ᠋ᠠᠷ ᠲᠥᠷᠥᠯ᠎ᠨᠢ ᠳᠡᠳ᠋ ᠭᠣᠣᠯᠳᠠᠯᠭ᠎ᠠ᠎ᠲᠠᠢ ᠬᠥᠮᠥᠰ ᠪᠣᠯᠣᠨ᠎ᠠ᠂ ᠥᠭᠡᠷ᠎ᠡ᠎ᠪᠠᠷ ᠬᠡᠯᠡᠪᠡᠯ ᠵᠣᠬᠢᠬᠤ ᠲᠦᠭᠰᠢᠭᠦᠷᠢ᠎ᠲᠠᠢ ᠬᠥᠮᠥᠰ ᠪᠣᠯᠣᠨ᠎ᠠ᠂ ᠡᠨᠡ ᠲᠥᠷᠥᠯ᠎ᠤᠨ ᠬᠥᠮᠥᠰ᠎ᠲᠤ ᠨᠢᠭᠡᠳᠦᠭᠡᠷ ᠳᠡᠰ᠎ᠤᠨ ᠦᠢ᠍ᠯᠡᠴᠢᠯᠡᠭᠡᠨ᠎ᠤ ᠰᠠᠭᠤᠷᠢᠨ ᠳᠡᠭᠡᠷ᠎ᠡ ᠭᠡᠷ ᠪᠦᠯᠢ ᠵᠢᠨ ᠠᠵᠢᠭᠯᠠᠯᠲᠠ ᠬᠢᠬᠦ ᠵᠢ ᠴᠢᠩᠭ᠋ᠠᠳᠬᠠᠵᠤ᠂ ᠴᠠᠭ ᠲᠤᠬᠠᠢ᠎ᠳᠤ᠎ᠨᠢ ᠡᠮ ᠬᠡᠷᠡᠭᠯᠡᠬᠦ ᠵᠢᠯᠣᠭᠣᠳᠤᠯᠭ᠎ᠠ ᠬᠠᠩᠭ᠋ᠠᠵᠤ᠂ ᠦᠨᠳᠦᠰᠦᠨ ᠱᠠᠲᠤᠨ᠎ᠳᠤ ᠰᠢᠢ᠍ᠳᠪᠦᠷᠢᠯᠡᠵᠦ ᠳᠡᠶ᠋ᠢᠯᠬᠦ ᠦᠭᠡᠢ ᠠᠰᠠᠭᠤᠳᠠᠯ ᠪᠠᠢ᠌ᠬᠤ ᠵᠢ ᠣᠯᠵᠤ ᠮᠡᠳᠡᠪᠡᠯ ᠴᠠᠭ ᠲᠤᠬᠠᠢ᠎ᠳᠤ᠎ᠨᠢ ᠰᠢᠯᠵᠢᠭᠦᠯᠦᠨ ᠡᠮᠨᠡᠭᠦᠯᠬᠦ ᠬᠡᠷᠡᠭᠲᠡᠢ᠃ ᠭᠤᠷᠪᠠᠳᠤᠭ᠋ᠠᠷ ᠲᠥᠷᠥᠯ᠎ᠤᠨ ᠬᠥᠮᠥᠰ ᠪᠣᠯ ᠭᠣᠣᠯᠳᠠᠭᠤ ᠲᠦᠭᠰᠢᠭᠦᠷᠢ᠎ᠪᠠᠷ ᠨᠡᠯᠢᠶᠡᠳ ᠥᠨᠳᠥᠷ ᠬᠥᠮᠥᠰ ᠪᠣᠯᠣᠨ᠎ᠠ᠂ ᠨᠠᠰᠤ᠎ᠨᠢ ᠨᠡᠯᠢᠶᠡᠳ ᠥᠨᠳᠥᠷ᠂    80᠎ᠠᠴᠠ ᠳᠡᠭᠡᠭᠰᠢᠬᠢ᠂ ᠰᠠᠭᠤᠷᠢ ᠡᠪᠡᠳᠴᠢᠨ᠎ᠲᠠᠢ ᠪᠥᠭᠡᠳ ᠲᠣᠭᠲᠠᠭᠤᠨ ᠪᠤᠰᠤ᠂ ᠥᠩᠭᠡᠷᠡᠭᠰᠡᠨ᠎ᠳᠤ ᠪᠠᠰᠠ ᠡᠭᠡᠯᠢᠯᠡᠭᠡ ᠵᠢᠨ ᠲᠠᠷᠢᠯᠭ᠎ᠠ ᠬᠢᠯᠭᠡᠭᠰᠡᠨ ᠦᠭᠡᠢ ᠪᠠᠢ᠌ᠵᠤ ᠮᠡᠳᠡᠨ᠎ᠡ᠂ ᠡᠢ᠌ᠮᠦ ᠬᠥᠮᠥᠰ᠎ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠳᠤ ᠨᠡᠷᠪᠡᠭᠳᠡᠭᠰᠡᠨ᠎ᠢ ᠣᠯᠵᠤ ᠮᠡᠳᠡᠪᠡᠯ ᠳᠠᠷᠤᠢ ᠦᠨᠡᠯᠡᠨ ᠵᠢᠱ᠌ᠢᠯᠲᠡ ᠬᠢᠵᠦ᠂ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠴᠠᠭ ᠲᠤᠬᠠᠢ᠎ᠳᠤ᠎ᠨᠢ ᠳᠡᠭᠡᠳᠦ ᠱᠠᠲᠤᠨ᠎ᠤ ᠡᠮᠨᠡᠯᠭᠡ ᠵᠢᠨ ᠬᠣᠷᠢᠶ᠎ᠠ᠎ᠳᠤ ᠰᠢᠯᠵᠢᠭᠦᠯᠬᠦ ᠬᠡᠷᠡᠭᠲᠡᠢ᠃ ᠡᠭᠦᠨ᠎ᠤ ᠭᠣᠣᠯᠳᠠᠯᠭ᠎ᠠ᠎ᠨᠢ ᠡᠷᠡᠭᠦᠯ ᠮᠡᠨᠳᠦ ᠵᠢ ᠪᠠᠲᠤᠯᠠᠨ᠂ ᠬᠦᠨᠳᠦ ᠡᠪᠡᠳᠴᠢᠨ᠎ᠢ ᠰᠡᠷᠭᠡᠢ᠌ᠯᠡᠵᠦ᠂ ᠠᠳᠠᠯᠢ ᠪᠤᠰᠤ ᠬᠥᠮᠥᠰ᠎ᠲᠤ ᠲᠥᠷᠥᠯ ᠳᠡᠰ ᠬᠤᠪᠢᠶᠠᠨ ᠦᠢ᠍ᠯᠡᠴᠢᠯᠡᠭᠡ ᠬᠠᠩᠭ᠋ᠠᠨ᠎ᠠ᠃ ᠬᠢᠵᠠᠭ᠋ᠠᠷᠲᠠᠢ ᠡᠮ ᠡᠮᠨᠡᠯᠭᠡ ᠵᠢᠨ ᠡᠬᠢ ᠪᠠᠶᠠᠯᠢᠭ᠎ᠢ ᠬᠠᠮᠤᠭ᠎ᠤᠨ ᠬᠡᠷᠡᠭᠴᠡᠭᠡ᠎ᠲᠠᠢ ᠬᠥᠮᠥᠰ᠎ᠲᠤ ᠬᠦᠷᠭᠡᠵᠦ᠂ ᠡᠮ ᠡᠮᠨᠡᠯᠭᠡ ᠵᠢᠨ ᠡᠬᠢ ᠪᠠᠶᠠᠯᠢᠭ᠎ᠢ ᠪᠦᠷᠢᠯᠭᠡᠬᠦ᠎ᠠᠴᠠ ᠵᠠᠢ᠌ᠯᠠᠰᠬᠢᠵᠦ᠂ ᠡᠮ ᠡᠮᠨᠡᠯᠭᠡ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

    ᠣᠳᠣᠬᠠᠨ᠎ᠳᠤ ᠮᠠᠨ᠎ᠤ ᠤᠯᠤᠰ᠎ᠤᠨ ᠦᠨᠳᠦᠰᠦᠨ ᠱᠠᠲᠤᠨ᠎ᠤ ᠬᠠᠯᠠᠭᠤᠷᠠᠯ᠎ᠤᠨ ᠡᠮᠴᠢᠯᠡᠭᠡᠨ᠎ᠤ ᠲᠠᠰᠤᠭ᠎ᠤᠨ ᠪᠠᠢ᠌ᠭᠤᠯᠤᠯᠲᠠ ᠶᠠᠮᠠᠷ ᠪᠠᠢ᠌ᠳᠠᠯ᠎ᠲᠠᠢ ᠪᠣᠢ?
    2022 ᠣᠨ᠎ᠤ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠤᠯᠤᠰ᠎ᠤᠨ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠠ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠤᠨ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ)᠎ᠢ ᠨᠡᠶ᠋ᠢᠲᠡ 1.94 ᠲᠦᠮᠡ ᠪᠠᠢ᠌ᠭᠤᠯᠵᠤ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ 45% ᠵᠢ ᠡᠵᠡᠯᠡᠪᠡ᠃ ᠡᠭᠦᠨ᠎ᠠᠴᠠ ᠭᠠᠳᠠᠨ᠎ᠠ᠂ ᠤᠷᠢᠳᠴᠢᠯᠠᠨ ᠪᠠᠢ᠌ᠴᠠᠭ᠋ᠠᠵᠤ ᠬᠤᠪᠢᠶᠠᠨ ᠣᠨᠣᠰᠢᠯᠠᠬᠤ ᠴᠢᠳᠠᠮᠵᠢ᠎ᠲᠠᠢ ᠬᠠᠯᠠᠭᠤᠷᠠᠯ᠎ᠤᠨ ᠴᠡᠭ᠎ᠢ 2.2 ᠲᠦᠮᠡ ᠪᠠᠢ᠌ᠭᠤᠯᠵᠤ᠂ 52%᠎ᠢ ᠡᠵᠡᠯᠡᠵᠦ ᠪᠠᠢ᠌ᠨ᠎ᠠ᠃ ᠣᠳᠣᠬᠠᠨ᠎ᠳᠤ ᠵᠧᠵᠢᠶᠠᠩ᠂ ᠱᠠᠨᠳᠦ᠋ᠩ᠂ ᠾᠧᠨᠠᠨ᠂ ᠬᠤᠪᠧᠢ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ ᠵᠡᠷᠭᠡ 5 ᠮᠤᠵᠢ ᠣᠷᠣᠨ᠎ᠤ ᠪᠦᠲᠦᠭᠡᠨ ᠪᠠᠢ᠌ᠭᠤᠯᠵᠤ ᠪᠠᠢ᠌ᠭ᠎ᠠ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ) 90%᠎ᠠᠴᠠ ᠳᠡᠭᠡᠭᠰᠢ ᠪᠣᠯᠵᠤ᠂ ᠪᠤᠰᠤᠳ ᠮᠤᠵᠢ ᠬᠣᠲᠠ᠎ᠠᠴᠠ ᠮᠥᠨ ᠴᠦ᠍ ᠪᠦᠲᠦᠭᠡᠨ ᠪᠠᠢ᠌ᠭᠤᠯᠤᠯᠲᠠ᠎ᠪᠠᠨ ᠲᠦᠷᠭᠡᠳᠬᠡᠵᠦ ᠪᠠᠢ᠌ᠨ᠎ᠠ᠃ ᠵᠠᠷᠢᠮ ᠭᠠᠵᠠᠷ᠎ᠤᠨ ᠦᠨᠳᠦᠰᠦᠨ ᠱᠠᠲᠤᠨ᠎ᠤ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ) ᠴᠤ᠌ ᠨᠢᠭᠡᠨᠲᠡ ᠮᠠᠰᠢ ᠰᠠᠢ᠌ᠨ ᠦᠢ᠍ᠯᠡᠳᠦᠯ ᠵᠶ᠋ᠡᠨ ᠪᠠᠳᠠᠷᠠᠭᠤᠯᠬᠤ ᠪᠣᠯᠵᠠᠢ᠃
    ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠲᠠᠰᠤᠷᠠᠯᠲᠠ ᠦᠭᠡᠢ ᠰᠢᠯᠢᠳᠡᠭᠵᠢᠨ ᠲᠡᠭᠦᠯᠳᠡᠷᠵᠢᠬᠦ ᠵᠢ ᠳᠠᠭ᠋ᠠᠯᠳᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠤᠭᠣᠳᠴᠤ ᠪᠠᠢ᠌ᠭ᠋ᠠᠳ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ)᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠬᠠᠯᠠᠭᠤᠷᠠᠯ᠎ᠤᠨ ᠴᠡᠭ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ᠂ ᠤᠭᠰᠠᠷᠠᠮᠠᠯ ᠪᠠᠢ᠌ᠰᠢᠩ ᠬᠤᠳᠠᠯᠳᠤᠨ ᠠᠪᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ)᠎ᠤᠨ ᠲᠣᠬᠢᠷᠠᠭᠤᠯᠤᠨ ᠪᠠᠶ᠋ᠢᠭᠤᠯᠬᠤ ᠨᠣᠷᠮ᠎ᠠ ᠵᠢ ᠲᠦᠷᠭᠡᠳᠬᠡᠨ ᠳᠡᠭᠡᠭᠰᠢᠯᠡᠭᠦᠯᠵᠦ ᠪᠠᠢ᠌ᠨ᠎ᠠ᠃ ᠦᠨᠡᠨ᠎ᠳᠤ᠎ᠪᠠᠨ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ) ᠣᠨᠴᠠᠭ᠋ᠠᠢ᠌ᠯᠠᠨ ᠦᠨᠳᠦᠰᠦᠨ ᠱᠠᠲᠤᠨ᠎ᠤ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ)᠎ᠨᠢ ᠲᠡᠶ᠋ᠢᠮᠦ ᠪᠤᠳᠤᠯᠢᠶᠠᠨᠲᠠᠢ ᠪᠢᠰᠢ᠂ ᠵᠠᠷᠢᠮ ᠭᠠᠵᠠᠷ᠎ᠤᠨ᠎ᠬᠢᠨ ᠨᠢᠭᠡ ᠬᠣᠶᠠᠷ ᠲᠠᠰᠤᠯᠭ᠎ᠠ ᠤᠭᠰᠠᠷᠠᠮᠠᠯ ᠪᠠᠢ᠌ᠰᠢᠩ᠎ᠢ ᠬᠠᠷᠢᠴᠠᠩᠭᠤᠢ᠎ᠪᠠᠷ ᠲᠤᠰᠠᠭ᠋ᠠᠷ ᠣᠷᠣᠨ ᠵᠠᠢ᠎ᠳᠤ ᠲᠣᠬᠢᠷᠠᠭᠤᠯᠤᠭᠰᠠᠨ ᠪᠠᠢ᠌ᠳᠠᠭ᠃ ᠭᠡᠪᠡᠴᠦ ᠨᠥᠬᠥᠴᠡᠯ᠎ᠲᠠᠢ ᠭᠠᠵᠠᠷ ᠣᠷᠣᠨ᠎ᠤ᠎ᠬᠢᠨ ᠬᠠᠰᠢ ᠯᠡ ᠪᠠᠷᠢᠮᠵᠢᠶ᠎ᠠ ᠶᠣᠰᠣᠭ᠋ᠠᠷ ᠪᠠᠢ᠌ᠭᠤᠯᠪᠠᠯ ᠬᠠᠮᠤᠭ᠎ᠤᠨ ᠰᠠᠢ᠌ᠨ ᠶᠤᠮ᠃ ᠡᠢ᠌ᠮᠦ᠎ᠠᠴᠠ ᠪᠢᠳᠡ 2023 ᠣᠨ᠎ᠤ 3 ᠳ᠋ᠤᠭ᠋ᠠᠷ ᠰᠠᠷ᠎ᠠ ᠵᠢᠨ ᠰᠡᠭᠦᠯᠴᠢ᠎ᠪᠠᠷ᠂ ᠡᠯ᠎ᠡ ᠭᠠᠵᠠᠷ᠎ᠤᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠠᠯᠠᠭᠤᠷᠠᠯ᠎ᠤᠨ ᠡᠮᠴᠢᠯᠡᠭᠡᠨ᠎ᠤ ᠲᠠᠰᠤᠭ (ᠡᠭᠦᠳᠡᠨ ᠡᠮᠨᠡᠯᠭᠡ)᠎ᠤᠨ ᠪᠠᠢ᠌ᠭᠤᠯᠤᠯᠲᠠ ᠵᠢ 90%᠎ᠳᠤ ᠬᠦᠷᠭᠡᠬᠦ ᠬᠡᠷᠡᠭᠲᠡᠢ ᠭᠡᠵᠦ ᠳᠤᠷᠠᠳᠪᠠ᠃ ᠦᠨᠡᠨ᠎ᠳᠤ᠎ᠪᠠᠨ ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠴᠢᠬᠤᠯᠠᠴᠢᠯᠠᠨ ᠦᠵᠡᠳᠡᠭ ᠯᠡ ᠶᠤᠮ ᠪᠣᠯ ᠡᠨᠡ ᠬᠦ᠌ ᠬᠠᠷᠠᠯᠲᠠ ᠵᠢ ᠪᠡᠶᠡᠯᠡᠭᠦᠯᠵᠦ ᠪᠣᠯᠬᠤ ᠶᠤᠮ᠂ ᠡᠨᠡ᠎ᠨᠢ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠠᠯᠠᠭᠤᠷᠠᠵᠤ ᠪᠠᠢ᠌ᠭ᠎ᠠ ᠡᠪᠡᠳᠴᠢᠲᠡᠨ᠎ᠢ ᠭᠥᠯᠢᠶᠡᠨ ᠠᠪᠴᠤ ᠡᠮᠨᠡᠨ ᠵᠠᠰᠠᠬᠤ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃

    ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠥᠮᠥᠨ᠎ᠤ ᠬᠦᠴᠦᠨ ᠬᠦᠷᠦᠯᠴᠡᠬᠦ ᠦᠭᠡᠢ ᠪᠠᠢ᠌ᠪᠠᠯ ᠶᠠᠭ᠋ᠠᠬᠢᠬᠤ ᠪᠤᠢ?
    ᠬᠥᠮᠥᠨ᠎ᠤ ᠬᠦᠴᠦᠨ᠎ᠢ ᠣᠬᠣᠷᠬᠠᠨ ᠬᠤᠭᠤᠴᠠᠭ᠋ᠠᠨ᠎ᠤ ᠳᠣᠲᠣᠷ᠎ᠠ ᠬᠥᠮᠥᠵᠢᠭᠦᠯᠬᠦ᠎ᠳᠤ ᠨᠡᠯᠢᠶᠡᠳ ᠬᠦᠴᠢᠷᠲᠡᠢ ᠶᠤᠮ᠂ ᠣᠬᠣᠷᠬᠠᠨ ᠬᠤᠭᠤᠴᠠᠭ᠋ᠠᠨ᠎ᠤ ᠳᠣᠲᠣᠷ᠎ᠠ ᠬᠣᠶᠠᠳᠤᠭ᠋ᠠᠷ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ᠎ᠠᠴᠠ ᠬᠥᠮᠥᠨ ᠲᠣᠮᠢᠯᠠᠨ ᠳᠣᠷᠣᠭᠰᠢ ᠪᠠᠭᠤᠯᠭ᠋ᠠᠬᠤ᠎ᠪᠠᠷ ᠳᠠᠮᠵᠢᠭᠤᠯᠤᠨ᠂ ᠦᠨᠳᠦᠰᠦᠨ ᠱᠠᠲᠤ ᠵᠢ ᠳᠡᠮᠵᠢᠵᠦ ᠪᠣᠯᠣᠨ᠎ᠠ᠂ ᠪᠠᠰᠠ ᠣᠢ᠌ᠷ᠎ᠠ ᠵᠢᠨ ᠲᠠᠪᠤᠨ ᠵᠢᠯ᠎ᠤᠨ ᠲᠤᠷᠰᠢ ᠨᠢᠭᠡᠨᠲᠡ ᠠᠵᠢᠯ᠎ᠠᠴᠠ᠎ᠪᠠᠨ ᠪᠠᠭᠤᠵᠤ ᠠᠮᠠᠷᠠᠭᠰᠠᠨ ᠡᠮᠨᠡᠯᠭᠡ ᠵᠢᠨ ᠠᠵᠢᠯᠲᠠᠳ᠎ᠢ ᠤᠷᠢᠵᠤ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠠᠵᠢᠯᠯᠠᠭᠤᠯᠵᠤ ᠪᠣᠯᠣᠨ᠎ᠠ᠃ ᠪᠠᠰᠠ ᠵᠠᠷᠢᠮ ᠪᠤᠰᠤᠳ ᠠᠵᠢᠯ᠎ᠤᠨ ᠪᠠᠢ᠌ᠷᠢᠨ᠎ᠳᠤ ᠪᠠᠢ᠌ᠭ᠎ᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠵᠢᠯᠲᠠᠨ᠎ᠢ ᠴᠥᠮ ᠦᠨᠳᠦᠰᠦᠨ ᠱᠠᠲᠤᠨ᠎ᠤ ᠪᠠᠢ᠌ᠭᠤᠯᠤᠮᠵᠢ᠎ᠳᠤ ᠡᠯᠰᠡᠨ ᠠᠪᠴᠢᠷᠠᠵᠤ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠳᠠᠷᠤᠭ᠋ᠠᠰᠤ ᠵᠢ᠎ᠨᠢ ᠬᠥᠩᠭᠡᠯᠡᠵᠦ ᠪᠣᠯᠣᠨ᠎ᠠ᠃ ᠡᠭᠦᠨ᠎ᠤ ᠬᠠᠮᠲᠤ᠂ ᠭᠡᠷ ᠪᠦᠯᠢ ᠵᠢᠨ ᠡᠮᠴᠢ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠭᠣᠣᠯᠳᠠᠯᠭ᠎ᠠ᠎ᠲᠠᠢ ᠬᠥᠮᠥᠰ᠎ᠤᠨ ᠭᠡᠷᠡᠲᠦ ᠦᠢ᠍ᠯᠡᠴᠢᠯᠡᠭᠡ ᠲᠣᠭᠲᠠᠬᠤ ᠵᠢ ᠠᠬᠢᠭᠤᠯᠤᠨ᠂ ᠪᠦᠬᠦᠨ᠎ᠢ ᠬᠠᠮᠤᠷᠤᠭᠤᠯᠬᠤ᠎ᠪᠠᠷ ᠴᠢᠷᠮᠠᠢ᠌ᠵᠤ᠂ ᠬᠡᠷᠡᠭᠴᠡᠭᠡ᠎ᠲᠠᠢ ᠦᠶ᠎ᠡ᠎ᠳᠤ ᠭᠡᠷ ᠪᠦᠯᠢ ᠵᠢᠨ ᠡᠮᠴᠢ᠎ᠲᠠᠢ ᠬᠠᠷᠢᠯᠴᠠᠵᠤ ᠪᠣᠯᠬᠤ ᠵᠢ ᠪᠠᠲᠤᠯᠠᠬᠤ ᠬᠡᠷᠡᠭᠲᠡᠢ᠃
    ᠡᠭᠦᠨ᠎ᠠᠴᠠ ᠭᠠᠳᠠᠨ᠎ᠠ᠂ ᠡᠮ ᠡᠮᠨᠡᠯᠭᠡ ᠵᠢᠨ ᠬᠣᠯᠪᠣᠭ᠋ᠠᠲᠤ ᠴᠣᠭᠴᠠ᠂ ᠡᠮ ᠡᠮᠨᠡᠯᠭᠡ ᠵᠢᠨ ᠬᠠᠮᠲᠤ ᠵᠢᠨ ᠴᠣᠭᠴᠠ ᠵᠢᠨ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ ᠢᠯᠠᠩᠭᠤᠶ᠎ᠠ ᠳᠠᠭ᠋ᠠᠭᠤᠯᠤᠭᠴᠢ ᠡᠮᠨᠡᠯᠭᠡ ᠵᠢᠨ ᠬᠣᠷᠢᠶ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠪᠦᠷᠢᠯᠳᠦᠭᠦᠨ ᠨᠢᠭᠡᠴᠢ ᠵᠢᠨ ᠬᠠᠯᠠᠭᠤᠷᠠᠯ᠎ᠤᠨ ᠡᠭᠦᠳᠡᠨ ᠡᠮᠨᠡᠯᠭᠡ ᠵᠢᠨ ᠪᠦᠲᠦᠭᠡᠨ ᠪᠠᠢ᠌ᠭᠤᠯᠤᠯᠲᠠ ᠵᠢᠴᠢ ᠠᠵᠢᠯᠯᠠᠭ᠋ᠠᠨ᠎ᠤ ᠪᠠᠢ᠌ᠳᠠᠯ᠎ᠳᠤ ᠵᠢᠯᠣᠭᠣᠳᠤᠯᠭ᠎ᠠ ᠦᠵᠡᠭᠦᠯᠬᠦ ᠵᠢ ᠴᠢᠩᠭ᠋ᠠᠳᠬᠠᠬᠤ ᠬᠡᠷᠡᠭᠲᠡᠢ᠃ ᠡᠮ ᠡᠮᠨᠡᠯᠭᠡ ᠵᠢᠨ ᠬᠣᠯᠪᠣᠭ᠋ᠠᠲᠤ ᠴᠣᠭᠴᠠ ᠵᠢᠨ ᠳᠣᠲᠣᠭ᠋ᠠᠳᠤ ᠎ᠳᠠᠬᠢ ᠠᠵᠢᠯᠲᠠᠨ᠎ᠤ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠵᠦ᠂ ᠬᠣᠣᠰ ᠴᠢᠭᠯᠡᠯ ᠵᠶ᠋ᠡᠷ ᠰᠢᠯᠵᠢᠭᠦᠯᠦᠨ ᠡᠮᠨᠡᠭᠦᠯᠬᠦ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠦᠨᠳᠦᠰᠦᠨ ᠱᠠᠲᠤᠨ᠎ᠳᠤ ᠦᠵᠡᠭᠦᠯᠬᠦ ᠮᠡᠷᠭᠡᠵᠢᠯ᠎ᠤᠨ ᠳᠡᠮᠵᠢᠯᠭᠡ᠂ ᠪᠣᠯᠪᠠᠰᠤᠷᠠᠭᠤᠯᠤᠯ᠎ᠢ ᠴᠢᠩᠭ᠋ᠠᠳᠬᠠᠨ᠂ ᠵᠢᠯᠣᠭᠣᠳᠤᠯᠭ᠎ᠠ᠎ᠪᠠᠨ ᠴᠢᠩᠭ᠋ᠠᠳᠬᠠᠬᠤ ᠵᠢᠨ ᠬᠠᠮᠲᠤ ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠳᠬᠠᠬᠤ ᠬᠡᠷᠡᠭᠲᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠡᠷᠬᠡ ᠰᠦᠷᠲᠦ ᠬᠠᠷᠢᠭᠤᠯᠲᠠ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
 ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ ᠬᠥᠭᠵᠢᠯᠲᠡ ᠵᠢᠨ ᠠᠮᠤᠷ ᠲᠦᠪᠰᠢᠨ᠎ᠤ ᠴᠢᠨᠠᠷᠲᠠᠢ ᠰᠠᠨᠠᠭ᠋ᠠᠴᠢᠯᠠᠭ᠋ᠠᠲᠤ ᠡᠷᠬᠡ ᠵᠢ ᠴᠢᠩᠭ᠋ᠠᠳᠬᠠᠬᠤ ᠬᠡᠷᠡᠭᠲᠡᠢ
ᠰᠢ ᠵᠢᠨ ᠫᠢᠩ ᠢᠷᠠᠨ᠎ᠤ ᠶᠡᠷᠦᠩᠬᠡᠶ᠋ᠢᠯᠡᠭᠴᠢ ᠯᠠᠶ᠋ᠢᠰᠢ᠎ᠲᠠᠢ ᠬᠡᠯᠡᠯᠴᠡᠭᠡ ᠬᠢᠪᠡ
 
            