ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-01-06


    ᠯᠢ ᠺᠸ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ ᠪᠠ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠵᠡᠷᠭᠡ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠣᠯᠠᠨ ᠲᠦᠮᠡᠨ᠎ᠤ ᠠᠮᠢᠳᠤᠷᠠᠯ ᠪᠠ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠬᠡᠷᠡᠭᠴᠡᠭᠡ ᠵᠢ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠠᠵᠢᠯ᠎ᠢ ᠪᠣᠳᠠᠲᠠᠢ ᠪᠥᠭᠡᠳ ᠨᠠᠷᠢᠯᠢᠭ ᠠᠳᠬᠤᠵᠤ᠂ ᠣᠯᠠᠨ ᠲᠦᠮᠡᠨ᠎ᠤ ᠴᠠᠭ᠋ᠠᠨ ᠰᠠᠷ᠎ᠠ᠎ᠪᠠᠨ ᠰᠠᠢ᠌ᠲᠤᠷ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃


    ᠰᠢᠨᠬᠤᠸᠠ ᠬᠣᠷᠢᠶᠠᠨ᠎ᠤ ᠪᠡᠭᠡᠵᠢᠩ᠎ᠤᠨ 1 ᠳ᠋ᠦ᠍ᠭᠡᠷ ᠰᠠᠷ᠎ᠠ ᠵᠢᠨ 4᠎ᠤ ᠡᠳᠦᠷ᠎ᠤᠨ ᠴᠠᠬᠢᠯᠭ᠋ᠠᠨ ᠮᠡᠳᠡᠭᠡ   ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠸ ᠴᠢᠶᠠᠩ 1 ᠳ᠋ᠦ᠍ᠭᠡᠷ ᠰᠠᠷ᠎ᠠ ᠵᠢᠨ 3᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ ᠪᠣᠯᠣᠨ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠵᠡᠷᠭᠡ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠤᠯᠠᠨ ᠲᠦᠮᠡᠨ᠎ᠤ ᠠᠮᠢᠳᠤᠷᠠᠯ ᠪᠠ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠬᠡᠷᠡᠭᠴᠡᠭᠡ ᠵᠢ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠠᠵᠢᠯ᠎ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ᠎ᠤ ᠴᠠᠭ᠋ᠠᠨ ᠰᠠᠷ᠎ᠠ᠎ᠪᠠᠨ ᠰᠠᠢ᠌ᠲᠤᠷ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
 ᠬᠤᠷᠠᠯ᠎ᠠᠴᠠ ᠵᠢᠭ᠋ᠠᠬᠤ᠎ᠳᠤ᠎ᠪᠠᠨ᠂ ᠥᠩᠭᠡᠷᠡᠭᠰᠡᠨ ᠨᠢᠭᠡ ᠵᠢᠯ᠎ᠳᠤ ᠮᠠᠨ᠎ᠤ ᠤᠯᠤᠰ᠎ᠤᠨ ᠪᠠᠷᠠᠭ᠋ᠠᠨ᠎ᠤ ᠦᠨ᠎ᠡ ᠢᠮᠠᠭᠲᠠ ᠲᠣᠭᠲᠠᠭᠤᠨ ᠪᠠᠢ᠌ᠳᠠᠯ᠎ᠢ ᠪᠠᠲᠤᠯᠠᠵᠤ᠂ ᠠᠮᠤ ᠪᠤᠳᠠᠭ᠎ᠠ᠂ ᠡᠨᠧᠷᠭᠢ ᠵᠢᠨ ᠰᠤᠷᠪᠤᠯᠵᠢ ᠵᠡᠷᠭᠡ ᠵᠢᠨ ᠲᠣᠭᠲᠠᠭᠤᠨ ᠬᠠᠩᠭ᠋ᠠᠯᠭ᠎ᠠ ᠵᠢᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠡᠨᠡ ᠪᠣᠯ ᠲᠤᠢ᠌ᠯ᠎ᠤᠨ ᠬᠢᠯᠪᠠᠷ ᠪᠤᠰᠤ ᠶᠠᠪᠤᠳᠠᠯ ᠮᠥᠨ᠂ ᠡᠨᠡ᠎ᠨᠢ ᠠᠵᠤ ᠠᠬᠤᠢ ᠵᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠎ᠳᠤ ᠬᠦᠴᠦᠲᠡᠢ ᠲᠦᠰᠢᠭ ᠲᠤᠯᠭ᠋ᠠᠭᠤᠷᠢ ᠬᠠᠩᠭ᠋ᠠᠭᠰᠠᠨ ᠪᠠᠢ᠌ᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠵᠢ ᠲᠣᠭᠤᠰᠢᠯᠠᠭᠤᠯᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠠᠩ ᠰᠠᠢ᠌ᠲᠤᠷ ᠨᠢᠭᠡᠳᠦᠯᠲᠡᠢ ᠲᠥᠯᠥᠪᠯᠡᠨ᠂ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠂ ᠡᠮᠴᠢᠯᠡᠭᠡᠨ᠎ᠤ ᠡᠳ᠋ ᠪᠣᠳᠠᠰ᠂ ᠡᠨᠧᠷᠭᠢ ᠵᠡᠷᠭᠡ ᠵᠢᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠭᠤᠨ ᠪᠠᠢ᠌ᠯᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠭᠦᠢ᠍ᠴᠡᠳ ᠪᠠᠢ᠌ᠬᠤ ᠪᠠ ᠦᠨ᠎ᠡ ᠬᠠᠩᠰᠢ ᠵᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠵᠤ᠂ ᠣᠯᠠᠨ ᠲᠦᠮᠡᠨ᠎ᠤ ᠡᠮ ᠡᠮᠨᠡᠯᠭᠡ ᠵᠢᠨ ᠬᠡᠷᠡᠭᠴᠡᠭᠡ ᠱᠠᠭ᠋ᠠᠷᠳᠠᠯᠭ᠎ᠠ ᠪᠠ ᠬᠠᠯᠠᠭᠤᠨ ᠳᠤᠯᠠᠭ᠋ᠠᠨ ᠵᠶ᠋ᠠᠷ ᠡᠪᠦᠯᠵᠢᠬᠦ ᠵᠢ ᠪᠠᠲᠤᠯᠠᠬᠤ ᠬᠡᠷᠡᠭᠲᠡᠢ᠃ ᠨᠢᠭᠡ᠎ᠳᠤ᠂ 《ᠠᠮᠤ ᠬᠦᠨᠡᠰᠦᠨ᠎ᠤ ᠤᠭᠤᠲᠠ》 ᠵᠢᠨ ᠮᠤᠵᠢ ᠵᠢᠨ ᠳᠠᠷᠤᠭ᠎ᠠ ᠬᠠᠷᠢᠭᠤᠴᠠᠬᠤ ᠳᠦᠷᠢᠮ᠂ 《ᠨᠣᠭᠣᠭ᠎ᠠ ᠵᠢᠨ ᠰᠠᠭᠰᠤ》 ᠵᠢᠨ ᠬᠤᠳᠠ ᠵᠢᠨ ᠳᠠᠷᠤᠭ᠎ᠠ ᠬᠠᠷᠢᠭᠤᠴᠠᠬᠤ ᠳᠦᠷᠢᠮ᠎ᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢ ᠴᠠᠭ ᠲᠤᠬᠠᠢ᠎ᠳᠤ᠎ᠨᠢ ᠰᠠᠢ᠌ᠲᠤᠷ ᠬᠢᠵᠦ᠂ ᠵᠢᠵᠢᠭ ᠪᠣᠭᠣᠳᠠᠯ᠎ᠲᠠᠢ ᠠᠮᠤ ᠲᠤᠰᠤᠨ᠎ᠤ ᠲᠦᠷᠤᠯ ᠵᠦᠢ᠍ᠯ᠎ᠢ ᠪᠠᠶᠠᠯᠢᠭᠵᠢᠭᠤᠯᠤᠨ᠂ ᠡᠮᠦᠨᠡᠲᠦ ᠵᠢᠨ ᠨᠣᠭᠣᠭ᠎ᠠ ᠵᠢ ᠤᠮᠠᠷᠠᠰᠢ ᠵᠥᠭᠡᠭᠡᠪᠦᠷᠢᠯᠡᠬᠦ᠂ ᠪᠠᠷᠠᠭᠤᠨ᠎ᠳᠠᠬᠢ ᠵᠢᠮᠢᠰ᠎ᠢ ᠵᠡᠭᠦᠨᠰᠢ ᠳᠠᠮᠵᠢᠭᠤᠯᠬᠤ ᠵᠢ ᠴᠢᠩᠭ᠋ᠠᠳᠬᠠᠵᠤ᠂ ᠨᠥᠭᠡᠴᠡᠯᠡᠨ ᠲᠣᠬᠢᠷᠠᠭᠤᠯᠬᠤ ᠠᠵᠢᠯ᠎ᠢ ᠵᠦᠢ ᠵᠣᠬᠢᠰᠲᠠᠢ ᠬᠢᠬᠦ ᠵᠢᠨ ᠬᠠᠮᠲᠤ ᠠᠷᠠᠳ᠎ᠤᠨ ᠠᠮᠢᠳᠤᠷᠠᠯ᠎ᠤᠨ ᠪᠤᠰᠤᠳ ᠴᠢᠬᠤᠯᠠ ᠲᠠᠸᠠᠷ᠎ᠤᠨ ᠦᠢ᠍ᠯᠡᠳᠪᠦᠷᠢᠯᠡᠯ ᠪᠠ ᠬᠠᠩᠭ᠋ᠠᠨ ᠪᠣᠷᠣᠯᠠᠭᠤᠯᠭ᠎ᠠ ᠵᠢ ᠵᠣᠯᠭ᠋ᠠᠭᠤᠯᠬᠤ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠵᠦᠢ᠍ᠯ ᠪᠠ ᠬᠢᠮᠢ ᠵᠢᠨ ᠪᠣᠷᠳᠣᠭᠤᠷ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠵᠦ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠤᠯᠠᠮ ᠨᠢᠭᠡ ᠠᠯᠬᠤᠮ ᠪᠣᠳᠠᠲᠠᠢ ᠠᠳᠬᠤᠵᠤ᠂ ᠪᠠᠷᠠᠭ᠋ᠠᠨ᠎ᠤ ᠦᠨ᠎ᠡ ᠵᠢ ᠲᠣᠭᠲᠠᠪᠤᠷᠢᠵᠢᠭᠤᠯᠬᠤ ᠰᠠᠭᠤᠷᠢ ᠵᠢ ᠪᠠᠲᠤᠳᠬᠠᠬᠤ ᠬᠡᠷᠡᠭᠲᠡᠢ᠃ ᠬᠣᠶᠠᠷ᠎ᠲᠤ᠂ ᠠᠷᠭ᠎ᠠ ᠪᠦᠬᠦᠨ᠎ᠢ ᠰᠦᠪᠡᠭᠴᠢᠯᠡᠨ ᠡᠮᠴᠢᠯᠡᠭᠡ᠂ ᠬᠢᠵᠢᠭ᠎ᠢ ᠰᠡᠷᠭᠡᠢ᠌ᠯᠡᠬᠦ ᠡᠳ᠋ ᠪᠣᠳᠠᠰ᠎ᠤᠨ ᠬᠠᠩᠭ᠋ᠠᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠲᠣᠳᠣᠷᠬᠠᠢ ᠬᠠᠭᠤᠳᠠᠰᠤ ᠪᠠᠢ᠌ᠭᠤᠯᠤᠨ ᠭᠦᠢ᠍ᠴᠡᠳ ᠳᠠᠭ᠋ᠠᠭ᠋ᠠᠴᠠ᠎ᠲᠠᠢ ᠦᠢ᠍ᠯᠡᠳᠪᠦᠷᠢᠯᠡᠬᠦ ᠵᠢ ᠳᠡᠮᠵᠢᠵᠦ᠂ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ᠎ᠤᠨ ᠬᠠᠩᠭ᠋ᠠᠯᠭ᠎ᠠ᠂ ᠠᠵᠢᠯᠴᠢᠨ ᠬᠡᠷᠡᠭᠯᠡᠬᠦ᠂ ᠪᠡᠯᠡ ᠮᠥᠩᠭᠥ ᠵᠡᠷᠭᠡ ᠲᠠᠯ᠎ᠠ᠎ᠪᠠᠷ ᠲᠤᠯᠭ᠋ᠠᠷᠠᠭᠰᠠᠨ ᠬᠦᠴᠢᠷᠳᠡᠯ᠎ᠢ᠎ᠨᠢ ᠴᠠᠭ ᠲᠤᠬᠠᠢ᠎ᠳᠤ᠎ᠨᠢ ᠵᠣᠬᠢᠴᠠᠭᠤᠯᠤᠨ ᠰᠢᠢ᠍ᠳᠪᠦᠷᠢᠯᠡᠵᠦ᠂ ᠦᠢ᠍ᠯᠡᠳᠪᠦᠷᠢᠯᠡᠯ ᠪᠠ ᠬᠠᠩᠭ᠋ᠠᠯᠭ᠎ᠠ ᠵᠢ ᠲᠠᠰᠤᠯᠳᠠᠭᠤᠯᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠡᠮ᠎ᠤᠨ ᠵᠦᠢ᠍ᠯ ᠵᠡᠷᠭᠡ ᠡᠮᠴᠢᠯᠡᠭᠡᠨ᠎ᠤ ᠡᠳ᠋ ᠪᠣᠳᠠᠰ᠎ᠤᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡᠨ᠎ᠤ ᠪᠠᠢ᠌ᠭᠤᠯᠤᠮᠵᠢ᠂ ᠭᠡᠷ᠎ᠲᠤ᠎ᠪᠠᠨ ᠰᠠᠭᠤᠵᠤ ᠪᠠᠢ᠌ᠭ᠎ᠠ ᠡᠪᠡᠳᠴᠢᠲᠡᠨ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠥᠳᠡᠭᠡ ᠲᠣᠰᠬᠣᠨ᠎ᠤ ᠭᠠᠵᠠᠷ ᠣᠷᠣᠨ ᠵᠡᠷᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃ ᠡᠮᠴᠢᠯᠡᠭᠡᠨ᠎ᠤ ᠳᠠᠭ᠋ᠠᠳᠬᠠᠯ᠎ᠤᠨ ᠬᠡᠪᠴᠢᠶᠡᠨ᠎ᠳᠤ ᠣᠷᠣᠭᠤᠯᠤᠭᠰᠠᠨ ᠡᠪᠡᠳᠴᠢᠨ ᠦᠵᠡᠭᠦᠯᠬᠦ ᠪᠠ ᠡᠮ᠎ᠤᠨ ᠵᠦᠢ᠍ᠯ᠎ᠤᠨ ᠵᠠᠷᠤᠳᠠᠯ᠎ᠢ ᠪᠦᠬᠦᠨ᠎ᠢ ᠮᠡᠳᠡᠭᠦᠯᠬᠦ ᠬᠡᠷᠡᠭᠲᠡᠢ᠃ ᠭᠤᠷᠪᠠ᠎ᠳᠤ᠂ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠠᠳᠬᠤᠬᠤ ᠬᠡᠷᠡᠭᠲᠡᠢ᠃ ᠨᠡᠭᠦᠷᠡᠰᠦᠨ᠎ᠤ ᠲᠡᠷᠢᠭᠦᠨ᠎ᠤ ᠦᠢ᠍ᠯᠡᠳᠪᠦᠷᠢᠯᠡᠬᠦ ᠴᠢᠳᠠᠪᠤᠷᠢ ᠵᠢ ᠦᠷᠭᠦᠯᠵᠢᠯᠡᠨ ᠪᠠᠳᠠᠷᠠᠭᠤᠯᠵᠤ᠂ ᠨᠡᠭᠦᠷᠡᠰᠦ ᠴᠠᠬᠢᠯᠭ᠋ᠠᠨ᠎ᠤ ᠠᠵᠤ ᠠᠬᠤᠢ᠌ᠯᠠᠯ᠎ᠢ ᠬᠠᠪᠰᠤᠷᠤᠨ ᠲᠡᠳᠬᠦᠵᠦ ᠬᠦᠴᠢᠷᠳᠡᠯ᠎ᠢ᠎ᠨᠢ ᠲᠠᠢ᠌ᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠡᠨᠧᠷᠭᠢ ᠵᠢᠨ ᠠᠵᠤ ᠠᠬᠤᠢ᠌ᠯᠠᠯ᠎ᠤᠨ ᠪᠠᠶᠠᠷ᠎ᠤᠨ ᠡᠳᠦᠷ᠎ᠤᠨ ᠠᠮᠤᠷ ᠲᠦᠪᠰᠢᠨ ᠪᠥᠭᠡᠳ ᠬᠡᠪ᠎ᠤᠨ ᠦᠢ᠍ᠯᠡᠳᠪᠦᠷᠢᠯᠡᠯ᠎ᠢ ᠳᠡᠮᠵᠢᠵᠦ᠂ ᠡᠨᠧᠷᠭᠢ ᠵᠢᠨ ᠲᠣᠬᠢᠷᠠᠭᠤᠯᠤᠯᠲᠠ ᠵᠢ ᠴᠢᠩᠭ᠋ᠠᠳᠬᠠᠨ᠂ ᠴᠠᠬᠢᠯᠭ᠋ᠠᠨ ᠬᠦᠴᠦᠨ᠂ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠣᠷᠭᠢᠯ ᠦᠶ᠎ᠡ᠎ᠤᠨ ᠬᠠᠩᠭ᠋ᠠᠯᠭ᠎ᠠ ᠵᠢ ᠪᠠᠲᠤᠯᠠᠬᠤ ᠪᠡᠯᠡᠳᠬᠡᠯ ᠲᠥᠰᠥᠯ᠎ᠢ ᠰᠠᠢ᠌ᠲᠤᠷ ᠬᠢᠵᠦ᠂ ᠠᠷᠠᠳ᠎ᠤᠨ ᠠᠮᠢᠳᠤᠷᠠᠯ᠎ᠤᠨ ᠬᠡᠷᠡᠭᠯᠡᠬᠦ ᠡᠨᠧᠷᠭᠢ ᠵᠢ ᠦᠨᠡᠨ ᠬᠦ᠌ ᠪᠠᠲᠤᠯᠠᠵᠤ᠂ ᠭᠣᠣᠯᠳᠠᠯᠭ᠎ᠠ᠎ᠲᠠᠢ ᠭᠠᠵᠠᠷ ᠣᠷᠣᠨ᠂ ᠠᠵᠢᠯ ᠲᠥᠷᠥᠯ ᠪᠠ ᠠᠵᠤ ᠠᠬᠤᠢ᠌ᠯᠠᠯ᠎ᠤᠨ ᠡᠨᠧᠷᠭᠢ ᠬᠡᠷᠡᠭᠯᠡᠬᠦ ᠵᠢ ᠪᠠᠲᠤᠯᠠᠬᠤ ᠬᠡᠷᠡᠭᠲᠡᠢ᠃ ᠳᠥᠷᠪᠡ᠎ᠳᠤ᠂ ᠵᠠᠮ ᠬᠠᠷᠢᠯᠴᠠᠭ᠎ᠠ ᠡᠳ᠋ ᠪᠠᠷᠠᠭ᠋ᠠᠨ᠎ᠤ ᠭᠦᠢ᠍ᠯᠭᠡᠭᠡᠨ᠎ᠤ ᠭᠣᠣᠯ ᠬᠦᠢ᠍ᠰᠦ᠂ ᠪᠢᠴᠢᠯ ᠡᠷᠭᠢᠯᠲᠡ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠢ᠃ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠤᠨ ᠲᠡᠭᠡᠭᠡᠪᠦᠷᠢ ᠵᠢᠨ ᠬᠦᠴᠦᠨ ᠵᠶ᠋ᠡᠨ ᠵᠦᠢ ᠵᠣᠬᠢᠰᠲᠠᠢ ᠲᠣᠬᠢᠷᠠᠭᠤᠯᠬᠤ ᠵᠢ ᠳᠡᠮᠵᠢᠵᠦ᠂ ᠨᠢᠭᠡᠳᠦᠭᠡᠷ ᠹᠷᠣᠨᠲ᠎ᠤᠨ ᠬᠦᠴᠦᠨ᠎ᠢ ᠨᠥᠬᠥᠪᠦᠷᠢᠯᠡᠵᠦ᠂ ᠲᠦᠷᠭᠡᠨ ᠬᠦᠷᠭᠡᠯᠲᠡ᠂ ᠵᠠᠬᠢᠶᠠᠯᠠᠭ᠎ᠠ ᠵᠢᠨ ᠬᠣᠭᠣᠯᠠ ᠵᠡᠷᠭᠡ ᠵᠢᠨ ᠦᠢ᠍ᠯᠡᠴᠢᠯᠡᠭᠡ ᠵᠢᠨ ᠬᠥᠮᠥᠰ᠎ᠢ ᠬᠠᠯᠠᠮᠵᠢᠯᠠᠨ ᠬᠠᠢ᠌ᠷᠠᠯᠠᠵᠤ᠂ ᠡᠴᠦᠰ᠎ᠤᠨ ᠦᠵᠦᠭᠦᠷ᠎ᠤᠨ ᠦᠢ᠍ᠯᠡᠴᠢᠯᠡᠭᠡᠨ᠎ᠳᠤ ᠲᠤᠯᠭ᠋ᠠᠷᠠᠵᠤ ᠮᠡᠳᠡᠬᠦ ᠲᠦᠭᠵᠢᠷᠡᠯ᠎ᠢ ᠴᠠᠭ ᠲᠤᠬᠠᠢ᠎ᠳᠤ᠎ᠨᠢ ᠨᠠᠪᠲᠠᠷᠡᠭᠦᠯᠵᠦ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠰᠢᠤᠳᠠᠨ᠎ᠤ ᠲᠦᠷᠭᠡᠨ ᠬᠦᠷᠭᠡᠯᠲᠡ ᠵᠢᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠬᠤ ᠬᠡᠷᠡᠭᠲᠡᠢ᠃ ᠲᠠᠪᠤ᠎ᠳᠤ᠂ ᠣᠷᠣᠨ ᠨᠤᠲᠤᠭ᠎ᠢ ᠵᠢᠯᠣᠭᠣᠳᠤᠨ ᠬᠦᠴᠢᠷᠳᠡᠯᠲᠡᠢ ᠣᠯᠠᠨ ᠲᠦᠮᠡᠨ᠎ᠳᠤ ᠲᠣᠭᠲᠠᠭ᠋ᠠᠯ ᠶᠣᠰᠣᠭ᠋ᠠᠷ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠦᠷᠢ ᠵᠢ ᠴᠠᠭ ᠲᠤᠬᠠᠢ᠎ᠳᠤ᠎ᠨᠢ ᠣᠯᠭᠣᠬᠤ ᠬᠡᠷᠡᠭᠲᠡᠢ᠃ ᠵᠢᠷᠭᠤᠭ᠎ᠠ᠎ᠳᠤ᠂ ᠵᠠᠬ᠎ᠠ ᠳᠡᠯᠭᠡᠭᠦᠷ ᠪᠠ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ᠂ ᠦᠨ᠎ᠡ ᠬᠠᠩᠰᠢ ᠵᠢ ᠳᠦᠷᠭᠢᠯᠳᠦᠨ ᠥᠰᠬᠡᠬᠦ ᠵᠡᠷᠭᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠭᠡᠵᠡᠢ᠃
    ᠬᠤᠷᠠᠯ᠎ᠠᠴᠠ ᠵᠢᠭ᠋ᠠᠬᠤ᠎ᠳᠤ᠎ᠪᠠᠨ᠂ ᠴᠠᠭ᠋ᠠᠨ ᠰᠠᠷ᠎ᠠ ᠣᠶ᠋ᠢᠷᠠᠳᠴᠤ ᠪᠠᠢ᠌ᠭ᠎ᠠ ᠦᠶ᠎ᠡ᠎ᠳᠤ᠂ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠠᠵᠢᠯ᠎ᠢ ᠯᠠᠪᠳᠠᠭᠤᠨ ᠪᠠᠲᠤᠲᠠᠢ ᠪᠥᠭᠡᠳ ᠨᠠᠷᠢᠨ ᠨᠢᠮᠪᠠᠢ ᠰᠠᠢ᠌ᠲᠤᠷ ᠬᠢᠬᠦ ᠬᠡᠷᠡᠭᠲᠡᠢ᠃ ᠨᠢᠭᠡ᠎ᠳᠤ᠂ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠶᠠᠪᠤᠳᠠᠯ᠎ᠢ ᠪᠣᠳᠠᠲᠠᠢ ᠪᠥᠭᠡᠳ ᠨᠠᠷᠢᠯᠢᠭ ᠠᠳᠬᠤᠵᠤ ᠪᠠᠲᠤᠯᠠᠬᠤ ᠬᠡᠷᠡᠭᠲᠡᠢ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ᠎ᠪᠠᠷ ᠭᠣᠣᠯᠳᠠᠯᠭ᠎ᠠ ᠪᠣᠯᠭ᠋ᠠᠵᠤ᠂ ᠵᠠᠰᠠᠭ᠎ᠤᠨ ᠣᠷᠳᠣᠨ᠎ᠤ ᠪᠠᠷᠢᠯᠭ᠎ᠠ ᠪᠣᠯᠣᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠲᠥᠷᠥᠯ ᠵᠦᠢ᠍ᠯ᠎ᠤᠨ ᠴᠠᠯᠢᠩ ᠥᠷᠢᠲᠦᠵᠦ ᠪᠠᠢ᠌ᠭ᠎ᠠ ᠪᠠᠢ᠌ᠳᠠᠯ᠎ᠢ ᠳᠠᠷᠤᠢ᠌ᠬᠠᠨ ᠴᠡᠭᠴᠡᠯᠡᠨ ᠥᠭᠡᠷᠡᠴᠢᠯᠡᠵᠦ᠂ ᠴᠠᠭ᠋ᠠᠨ ᠰᠠᠷ᠎ᠠ᠎ᠠᠴᠠ ᠡᠮᠦᠨ᠎ᠡ ᠪᠦᠬᠦᠨ᠎ᠢ ᠲᠥᠯᠥᠵᠦ ᠳᠠᠭᠤᠰᠬᠠᠬᠤ᠎ᠪᠠᠷ ᠴᠢᠷᠮᠠᠢ᠌ᠬᠤ ᠬᠡᠷᠡᠭᠲᠡᠢ᠃ ᠥᠷᠢ ᠰᠢᠷᠢ᠎ᠪᠠᠨ ᠢᠯᠭ᠋ᠠᠷᠠᠭᠤᠯᠤᠨ ᠬᠤᠷᠢᠶᠠᠵᠤ ᠠᠪᠤᠭᠰᠠᠨ ᠠᠵᠤ ᠠᠬᠤᠢ᠌ᠯᠠᠯ᠎ᠤᠨ ᠳᠠᠩᠰᠠᠨ ᠵᠣᠭᠣᠰ᠎ᠢ ᠤᠷᠢᠳ ᠵᠶ᠋ᠠᠷ ᠬᠥᠯᠥᠰᠦᠨ ᠠᠵᠢᠯᠴᠢᠨ᠎ᠤ ᠴᠠᠯᠢᠩ᠎ᠢ ᠥᠭᠬᠦ᠎ᠳᠤ ᠬᠡᠷᠡᠭᠯᠡᠬᠦ ᠬᠡᠷᠡᠭᠲᠡᠢ᠃ ᠲᠦᠷ ᠴᠠᠭ ᠰᠢᠢ᠍ᠳᠪᠦᠷᠢᠯᠡᠬᠦ᠎ᠳᠤ ᠪᠡᠷᠬᠡᠲᠡᠢ ᠴᠠᠯᠢᠩ ᠥᠷᠢᠲᠦᠵᠦ ᠪᠠᠢ᠌ᠭ᠎ᠠ ᠠᠰᠠᠭᠤᠳᠠᠯ᠎ᠢ ᠣᠷᠣᠨ ᠨᠤᠲᠤᠭ᠎ᠤᠨ ᠵᠠᠰᠠᠭ᠎ᠤᠨ ᠣᠷᠳᠣᠨ ᠴᠠᠯᠢᠩ᠎ᠤᠨ ᠪᠠᠲᠤᠯᠠᠭ᠎ᠠ ᠵᠢᠨ ᠮᠥᠩᠭᠥ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠷᠭᠢᠯᠲᠡ ᠵᠢᠨ ᠮᠥᠩᠭᠥ ᠵᠡᠷᠭᠡ ᠨᠥᠭᠡᠴᠡ ᠪᠡᠯᠡ ᠮᠥᠩᠭᠥ᠎ᠪᠠᠷ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠳᠡᠮᠵᠢᠯᠭᠡ ᠬᠠᠩᠭ᠋ᠠᠬᠤ ᠬᠡᠷᠡᠭᠲᠡᠢ᠃ ᠠᠷᠠᠯᠵᠢᠶ᠎ᠠ ᠬᠤᠳᠠᠯᠳᠤᠭ᠎ᠠ᠂ ᠡᠳ᠋ᠰᠢᠭᠦᠯᠦᠨ ᠦᠢᠯᠡᠳᠬᠦ ᠵᠡᠷᠭᠡ ᠠᠵᠢᠯ ᠲᠥᠷᠥᠯ᠎ᠤᠨ ᠬᠦᠴᠢᠷᠳᠡᠯᠲᠡᠢ ᠠᠵᠤ ᠠᠬᠤᠢ᠌ᠯᠠᠯ᠎ᠤᠨ ᠴᠠᠯᠢᠩ ᠥᠷᠢᠲᠦᠬᠦ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠡᠷᠬᠡ ᠠᠰᠢᠭ ᠵᠶ᠋ᠠᠨ ᠬᠠᠮᠠᠭ᠋ᠠᠯᠠᠬᠤ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠢ᠃ ᠬᠥᠯᠥᠰᠦᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ᠎ᠪᠠᠷ ᠳᠠᠮᠵᠢᠭᠤᠯᠤᠨ ᠲᠡᠳᠡᠨ᠎ᠤ ᠢᠲᠡᠭᠡᠯ ᠵᠣᠷᠢᠭ᠎ᠢ ᠨᠡᠮᠡᠭᠳᠡᠭᠦᠯᠵᠦ᠂ ᠴᠠᠭ᠋ᠠᠨ ᠰᠠᠷ᠎ᠠ ᠵᠢᠨ ᠲᠠᠷᠠᠭ᠎ᠠ ᠬᠥᠯᠥᠰᠦᠨ ᠠᠵᠢᠯᠴᠢᠨ᠎ᠤ ᠠᠵᠢᠯ ᠣᠯᠬᠤ᠂ ᠠᠵᠢᠯ᠎ᠤᠨ ᠪᠠᠢ᠌ᠷᠢ᠎ᠳᠤ᠎ᠪᠠᠨ ᠪᠤᠴᠠᠬᠤ ᠵᠢ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠳᠡᠭᠡᠭᠰᠢᠯᠡᠭᠦᠯᠬᠦ᠎ᠪᠠᠷ ᠴᠢᠷᠮᠠᠢ᠌ᠬᠤ ᠬᠡᠷᠡᠭᠲᠡᠢ᠃ ᠬᠣᠶᠠᠷ᠎ᠲᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠢ᠃ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠬᠦᠴᠢᠷᠳᠡᠯᠲᠡᠢ ᠬᠦᠮᠦᠰ᠎ᠢ ᠠᠪᠤᠷᠠᠨ ᠲᠤᠰᠠᠯᠠᠬᠤ᠂ ᠠᠵᠢᠯ ᠠᠯᠳᠠᠯᠲᠠ ᠵᠢᠨ ᠨᠥᠬᠥᠪᠦᠷᠢ ᠪᠠ ᠠᠪᠤᠷᠠᠨ ᠲᠤᠰᠠᠯᠠᠬᠤ ᠵᠡᠷᠭᠡ ᠪᠡᠯᠡ ᠮᠥᠩᠭᠥ ᠵᠢ ᠴᠠᠭ ᠲᠤᠬᠠᠢ᠎ᠳᠤ᠎ᠨᠢ ᠭᠦᠢ᠍ᠴᠡᠳ ᠲᠣᠭ᠎ᠠ᠎ᠪᠠᠷ ᠲᠠᠷᠬᠠᠭ᠋ᠠᠵᠤ᠂ ᠬᠢᠵᠢᠭ ᠪᠤᠶᠤ ᠭᠠᠮᠰᠢᠭ᠎ᠠᠴᠠ ᠪᠣᠯᠣᠭᠰᠠᠨ ᠬᠦᠴᠢᠷᠳᠡᠯ᠎ᠲᠠᠢ ᠤᠯᠠᠨ ᠲᠦᠮᠡᠨ᠎ᠢ ᠲᠦᠷ ᠴᠠᠭ ᠠᠪᠤᠷᠠᠨ ᠲᠤᠰᠠᠯᠠᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠭᠤᠷᠪᠠ᠎ᠳᠤ᠂ ᠠᠶᠤᠯᠭᠦᠢ ᠦᠢ᠍ᠯᠡᠳᠪᠦᠷᠢᠯᠡᠯ᠎ᠢ ᠥᠴᠥᠬᠡᠨ ᠴᠦ᠍ ᠣᠰᠣᠯᠳᠠᠬᠤ ᠦᠭᠡᠢ᠎ᠪᠠᠷ ᠰᠠᠢ᠌ᠲᠤᠷ ᠠᠳᠬᠤᠬᠤ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠣᠯᠠᠨ ᠬᠥᠮᠥᠨ ᠴᠤᠭᠯᠠᠷᠠᠬᠤ ᠲᠠᠯᠠᠪᠤᠷ ᠭᠠᠵᠠᠷ᠎ᠤᠨ ᠠᠮᠤᠷ ᠲᠦᠪᠰᠢᠨ᠎ᠤ ᠵᠢᠵᠢᠭᠦᠷᠯᠡᠯ᠎ᠢ ᠴᠢᠩᠭ᠋ᠠᠳᠬᠠᠵᠤ᠂ ᠬᠦᠨᠳᠦ ᠶᠡᠬᠡ ᠣᠨᠴᠠ ᠶᠡᠬᠡ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠲᠡᠢ᠃ ᠣᠨᠴᠠᠭ᠋ᠠᠶ ᠴᠠᠭ ᠠᠭᠤᠷ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠪᠦᠷᠢᠨᠰᠢᠭᠦᠯᠵᠦ᠂ ᠵᠠᠮ ᠬᠠᠷᠢᠯᠴᠠᠭ᠎ᠠ᠂ ᠡᠨᠧᠷᠭᠢ ᠵᠢᠨ ᠰᠤᠷᠪᠤᠯᠵᠢ᠂ ᠮᠡᠳᠡᠭᠡ ᠬᠣᠯᠪᠣᠭ᠎ᠠ ᠵᠡᠷᠭᠡ ᠰᠠᠭᠤᠷᠢ ᠪᠡᠯᠡᠳᠬᠡᠮᠵᠢ ᠵᠢᠨ ᠠᠶᠤᠯ ᠦᠭᠡᠢ ᠪᠥᠭᠡᠳ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠡᠢ᠃
    ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠡᠷᠬᠡ ᠰᠦᠷᠲᠦ ᠬᠠᠷᠢᠭᠤᠯᠲᠠ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
 ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ ᠬᠥᠭᠵᠢᠯᠲᠡ ᠵᠢᠨ ᠠᠮᠤᠷ ᠲᠦᠪᠰᠢᠨ᠎ᠤ ᠴᠢᠨᠠᠷᠲᠠᠢ ᠰᠠᠨᠠᠭ᠋ᠠᠴᠢᠯᠠᠭ᠋ᠠᠲᠤ ᠡᠷᠬᠡ ᠵᠢ ᠴᠢᠩᠭ᠋ᠠᠳᠬᠠᠬᠤ ᠬᠡᠷᠡᠭᠲᠡᠢ
ᠰᠢ ᠵᠢᠨ ᠫᠢᠩ ᠢᠷᠠᠨ᠎ᠤ ᠶᠡᠷᠦᠩᠬᠡᠶ᠋ᠢᠯᠡᠭᠴᠢ ᠯᠠᠶ᠋ᠢᠰᠢ᠎ᠲᠠᠢ ᠬᠡᠯᠡᠯᠴᠡᠭᠡ ᠬᠢᠪᠡ
ᠣᠳᠣᠬᠠᠨ᠎ᠤ ᠠᠵᠤ ᠠᠬᠤᠢ ᠵᠢᠨ ᠠᠵᠢᠯ᠎ᠤᠨ ᠬᠡᠳᠦᠨ ᠴᠢᠬᠤᠯᠠ ᠶᠡᠭᠡ ᠠᠰᠠᠭᠤᠳᠠᠯ 《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ
 
            