ᠰᠢᠨᠬᠤᠸᠠ ᠬᠣᠷᠢᠶᠠᠨ᠎ᠤ ᠪᠡᠭᠡᠵᠢᠩ᠎ᠤᠨ 10 ᠳ᠋ᠤᠭ᠋ᠠᠷ ᠰᠠᠷ᠎ᠠ ᠵᠢᠨ 10᠎ᠤ ᠡᠳᠦᠷ᠎ᠤᠨ ᠮᠡᠳᠡᠭᠡ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 10 ᠳ᠋ᠤᠭ᠋ᠠᠷ ᠰᠠᠷ᠎ᠠ ᠵᠢᠨ 10᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠰᠢᠨᠵᠢᠬᠦ ᠵᠢ ᠴᠢᠩᠭ᠋ᠠᠳᠬᠠᠨ ᠲᠠᠰ ᠲᠥᠷᠥᠯ ᠬᠤᠪᠢᠶᠠᠨ ᠨᠡᠢ᠌ᠭᠡᠮ᠎ᠤᠨ ᠲᠤᠰᠠᠯᠠᠯᠲᠠ ᠵᠢ ᠰᠠᠢ᠌ᠲᠤᠷ ᠬᠢᠬᠦ ᠲᠤᠬᠠᠢ ᠰᠠᠨᠠᠯ》᠂ 《ᠨᠠᠰᠤᠲᠠᠢ᠌ᠴᠤᠳ᠎ᠤᠨ ᠬᠣᠭᠣᠯᠠ ᠤᠮᠳᠠ ᠵᠢ ᠲᠤᠰᠠᠯᠠᠬᠤ ᠦᠢ᠍ᠯᠡᠴᠢᠯᠡᠭᠡ ᠵᠢ ᠢᠳᠡᠪᠬᠢᠲᠡᠢ ᠬᠥᠭᠵᠢᠭᠦᠯᠬᠦ ᠠᠵᠢᠯᠯᠠᠭ᠎ᠠ ᠵᠢᠨ ᠲᠥᠰᠥᠯ》 ᠪᠠ 《ᠲᠤᠰᠬᠠᠢ ᠠᠰᠢᠭ᠎ᠢ ᠬᠤᠪᠢᠷᠠᠭᠤᠯᠤᠨ ᠬᠡᠷᠡᠭᠯᠡᠬᠦ ᠲᠤᠰᠬᠠᠢ ᠠᠵᠢᠯᠯᠠᠭ᠎ᠠ ᠵᠢᠨ ᠲᠥᠰᠥᠯ (2023 – 2025 ᠣᠨ)》᠎ᠢ ᠶᠠᠷᠢᠯᠴᠠᠵᠤ ᠪᠠᠲᠤᠯᠠᠪᠠ᠃
ᠬᠤᠷᠠᠯ᠎ᠳᠤ᠂ ᠨᠡᠢ᠌ᠭᠡᠮ᠎ᠤᠨ ᠲᠤᠰᠠᠯᠠᠯᠲᠠ ᠪᠣᠯ ᠨᠡᠢ᠌ᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ᠎ᠳᠠᠬᠢ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠪᠣᠯᠣᠨ᠎ᠠ᠃ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠰᠢᠨᠵᠢᠬᠦ ᠵᠢ ᠴᠢᠩᠭ᠋ᠠᠳᠬᠠᠨ᠂ ᠨᠡᠢ᠌ᠭᠡᠮ᠎ᠤᠨ ᠲᠤᠰᠠᠯᠠᠯᠲᠠ ᠵᠢ ᠨᠠᠩ ᠣᠨᠣᠪᠴᠢᠲᠠᠢ᠂ ᠴᠠᠭ ᠲᠤᠬᠠᠢᠳᠤᠨᠢ᠂ ᠪᠦᠲᠦᠮᠵᠢᠲᠡᠶ ᠰᠠᠢ᠌ᠲᠤᠷ ᠬᠢᠵᠦ᠂ ᠪᠥᠬᠥ ᠲᠠᠯ᠎ᠠ ᠵᠢ ᠬᠠᠮᠤᠷᠤᠭᠰᠠᠨ᠂ ᠲᠠᠰ ᠲᠥᠷᠥᠯ ᠬᠤᠪᠢᠶᠠᠭᠰᠠᠨ᠂ ᠶᠡᠷᠦᠩᠬᠡᠢ᠌ᠯᠡᠭᠰᠡᠨ ᠥᠨᠳᠥᠷ ᠪᠦᠲᠦᠮᠵᠢᠲᠡᠶ ᠨᠡᠢ᠌ᠭᠡᠮ᠎ᠤᠨ ᠲᠤᠰᠠᠯᠠᠯᠲᠠ ᠵᠢᠨ ᠪᠠᠢ᠌ᠷᠢᠰᠢᠯ᠎ᠢ ᠲᠦᠷᠭᠡᠪᠴᠢᠯᠡᠨ ᠪᠦᠲᠦᠭᠡᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢ᠍ᠯ᠎ᠢ ᠪᠠᠲᠤᠯᠠᠬᠤ ᠠᠮᠤᠷ ᠲᠦᠪᠰᠢᠨ᠎ᠤ ᠲᠣᠣᠷ᠎ᠢ ᠨᠠᠩ ᠨᠢᠭᠲᠠ᠂ ᠨᠠᠩ ᠪᠠᠲᠤ ᠰᠦᠯᠵᠢᠬᠦ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠪᠣᠳᠠᠲᠠᠢ᠌ᠵᠢᠭᠤᠯᠵᠤ᠂ ᠭᠠᠮᠰᠢᠭᠳᠠᠭᠰᠠᠨ ᠵᠡᠷᠭᠡ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠵᠦᠢ᠍ᠯ᠎ᠤᠨ ᠪᠠᠲᠤᠯᠠᠭ᠎ᠠ ᠵᠢ ᠦᠨᠡᠨ ᠬᠦ᠌ ᠰᠠᠢ᠌ᠲᠤᠷ ᠬᠢᠵᠦ᠂ ᠡᠯ᠎ᠡ ᠲᠦᠷᠦᠯ᠎ᠤᠨ ᠲᠤᠰᠠᠯᠠᠯᠲᠠ ᠵᠢᠨ ᠮᠥᠩᠭᠥ᠂ ᠪᠠᠲᠤᠯᠠᠭ᠎ᠠ ᠵᠢᠨ ᠮᠥᠩᠭᠥ ᠵᠢ ᠴᠠᠭ ᠲᠤᠬᠠᠢᠳᠤᠨᠢ ᠭᠦᠢ᠍ᠴᠡᠳ ᠲᠠᠷᠬᠠᠭ᠋ᠠᠨ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠢ᠌ᠲᠤᠷ ᠪᠠᠲᠤᠯᠠᠵᠤ᠂ ᠲᠠᠪᠤᠲᠠᠢ ᠰᠠᠢ᠌ᠬᠠᠨ ᠡᠪᠦᠯᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ᠂ ᠨᠠᠰᠤᠲᠠᠢ᠌ᠴᠤᠳ᠎ᠤᠨ ᠬᠣᠭᠣᠯᠠ ᠤᠮᠳᠠ ᠵᠢ ᠲᠤᠰᠠᠯᠠᠬᠤ ᠦᠢ᠍ᠯᠡᠴᠢᠯᠡᠭᠡ ᠵᠢ ᠬᠥᠭᠵᠢᠭᠦᠯᠬᠦ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠢᠨᠵᠧᠨᠧᠷᠢᠩ ᠪᠠᠢ᠌ᠵᠤ᠂ ᠭᠡᠷ᠎ᠲᠤ᠎ᠪᠠᠨ ᠰᠠᠭᠤᠵᠤ ᠨᠡᠢ᠌ᠭᠡᠮ ᠲᠣᠭᠣᠷᠢᠭ ᠵᠶ᠋ᠠᠷ ᠠᠰᠠᠷᠠᠭᠤᠯᠬᠤ ᠵᠢ ᠳᠡᠮᠵᠢᠬᠦ᠂ ᠨᠠᠰᠤᠲᠠᠢ᠌ᠴᠤᠳ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ ᠴᠢᠬᠤᠯᠠ ᠠᠷᠭ᠎ᠠ ᠪᠣᠯᠣᠨ᠎ᠠ᠃ ᠨᠠᠰᠤᠲᠠᠢ᠌ᠴᠤᠳ᠎ᠤᠨ ᠬᠣᠭᠣᠯᠠ ᠤᠮᠳᠠ ᠵᠢ ᠲᠤᠰᠠᠯᠠᠬᠤ ᠦᠢ᠍ᠯᠡᠴᠢᠯᠡᠭᠡ ᠵᠢ ᠬᠥᠭᠵᠢᠭᠦᠯᠬᠦ ᠵᠢ ᠠᠷᠠᠳ᠎ᠲᠤ ᠪᠣᠳᠠᠲᠠᠢ ᠠᠵᠢᠯ ᠬᠢᠬᠦ ᠵᠢᠨ ᠴᠢᠬᠤᠯᠠ ᠠᠭᠤᠯᠭ᠎ᠠ ᠪᠣᠯᠭ᠋ᠠᠵᠤ᠂ ᠡᠯ᠎ᠡ ᠭᠠᠵᠠᠷ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠤᠨ᠂ ᠨᠠᠰᠤᠲᠠᠢ᠌ᠴᠤᠳ᠎ᠤᠨ ᠬᠣᠭᠣᠯᠠ ᠤᠮᠳᠠ ᠵᠢ ᠲᠤᠰᠠᠯᠠᠬᠤ ᠦᠢ᠍ᠯᠡᠴᠢᠯᠡᠭᠡ ᠵᠢ ᠢᠳᠡᠪᠬᠢᠲᠡᠢ ᠮᠥᠷᠲᠡᠭᠡᠨ ᠯᠠᠪᠳᠠᠭᠤᠨ᠂ ᠲᠤᠬᠠᠢ ᠭᠠᠵᠠᠷ᠎ᠲᠤᠨᠢ ᠵᠣᠬᠢᠴᠠᠭᠤᠯᠤᠨ ᠬᠥᠭᠵᠢᠭᠦᠯᠵᠦ᠂ ᠬᠡᠯᠪᠡᠢ᠌ᠯᠭᠡᠬᠦ ᠴᠢᠨᠠᠷᠲᠠᠢ ᠠᠷᠭ᠎ᠠ᠎ᠪᠠᠷ ᠬᠥᠳᠡᠭᠡ ᠲᠣᠰᠬᠣᠨ᠎ᠤ ᠦᠢ᠍ᠯᠡᠴᠢᠯᠡᠭᠡᠨ᠎ᠤ ᠬᠠᠩᠭ᠋ᠠᠯᠭ᠎ᠠ᠎ᠪᠠᠨ ᠥᠷᠭᠡᠳᠬᠡᠬᠦ ᠵᠢ᠎ᠨᠢ ᠳᠡᠮᠵᠢᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠰᠠᠢ᠌ᠲᠤᠷ ᠬᠠᠮᠵᠢᠯᠴᠠᠨ᠂ ᠬᠦᠴᠦᠨ ᠵᠶ᠋ᠡᠨ ᠨᠢᠭᠡᠳᠬᠡᠵᠦ᠂ ᠪᠣᠳᠠᠲᠤ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠳᠤ᠂ ᠲᠤᠰᠬᠠᠢ ᠠᠰᠢᠭ᠎ᠢ ᠬᠤᠪᠢᠷᠠᠭᠤᠯᠤᠨ ᠬᠡᠷᠡᠭᠯᠡᠬᠦ ᠵᠢ ᠠᠬᠢᠭᠤᠯᠤᠨ᠂ ᠲᠤᠰᠬᠠᠢ ᠠᠰᠢᠭ᠎ᠤᠨ ᠦᠷᠳᠡᠭ᠎ᠢ ᠭᠦᠢ᠍ᠴᠡᠳ ᠠᠭᠤᠳᠠᠯᠵᠤ᠂ ᠲᠤᠰᠬᠠᠢ ᠠᠰᠢᠭ ᠬᠤᠷᠠᠭᠰᠠᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠬᠦ ᠪᠣᠯ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠨᠢᠭᠡ ᠵᠦᠢ᠍ᠯ᠎ᠤᠨ ᠪᠠᠢ᠌ᠯᠳᠤᠬᠤ ᠪᠣᠳᠣᠯᠭ᠎ᠠ ᠵᠢᠨ ᠡᠭᠦᠷᠭᠡ ᠪᠣᠯᠣᠨ᠎ᠠ᠃ ᠲᠤᠰᠬᠠᠢ ᠠᠰᠢᠭ᠎ᠤᠨ ᠦᠷ᠎ᠡ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠲᠥᠷᠥ ᠵᠢᠨ ᠪᠣᠳᠣᠯᠭ᠎ᠠ ᠵᠢᠨ ᠤᠷᠮᠠᠰᠢᠭᠤᠯᠤᠯ᠎ᠢ ᠴᠢᠩᠭ᠋ᠠᠳᠬᠠᠬᠤ ᠬᠣᠶᠠᠷ ᠲᠠᠯ᠎ᠠ᠎ᠠᠴᠠ ᠬᠦᠴᠦᠯᠡᠵᠦ᠂ ᠪᠣᠳᠠᠲᠤ ᠬᠡᠷᠡᠭᠴᠡᠭᠡᠨ᠎ᠤ ᠳᠤᠮᠳᠠ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠰᠠᠭᠤᠳᠠᠯ᠎ᠢ ᠪᠣᠯᠪᠠᠰᠤᠷᠠᠭᠤᠯᠬᠤ ᠵᠢᠨ ᠬᠠᠮᠲᠤ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠨᠡᠩ ᠴᠢᠬᠤᠯᠠᠴᠢᠯᠠᠵᠤ᠂ ᠲᠤᠰᠬᠠᠢ ᠠᠰᠢᠭ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ᠎ᠳᠤ ᠠᠰᠢᠭᠲᠠᠢ ᠳᠦᠷᠢᠮ᠎ᠤᠨ ᠲᠣᠬᠢᠷᠠᠭᠤᠯᠤᠯᠲᠠ ᠪᠠ ᠤᠷᠮᠠᠰᠢᠭᠤᠯᠬᠤ ᠲᠦᠷᠦ ᠵᠢᠨ ᠪᠣᠳᠣᠯᠭ᠎ᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠤᠰᠬᠠᠢ ᠠᠰᠢᠭ᠎ᠢ ᠬᠤᠪᠢᠷᠠᠭᠤᠯᠤᠨ ᠬᠡᠷᠡᠭᠯᠡᠬᠦ ᠵᠢᠨ ᠵᠠᠩᠭᠢᠯᠠᠭ᠎ᠠ ᠵᠢᠨ ᠲᠦᠭᠵᠢᠷᠡᠯ᠎ᠢ ᠬᠦᠴᠦᠯᠡᠨ ᠨᠠᠪᠲᠠᠷᠡᠭᠦᠯᠵᠦ᠂ ᠵᠠᠬ᠎ᠠ ᠳᠡᠯᠭᠡᠭᠦᠷ᠎ᠤᠨ ᠦᠢ᠍ᠯᠡᠴᠢᠯᠡᠭᠡ ᠵᠢ ᠤᠯᠠᠮ ᠰᠢᠯᠢᠳᠡᠭᠵᠢᠭᠦᠯᠵᠦ᠂ ᠰᠠᠢ᠌ᠨ ᠰᠠᠢ᠌ᠬᠠᠨ ᠠᠮᠢ ᠠᠬᠤᠢ ᠵᠢ ᠪᠣᠢ ᠪᠣᠯᠭ᠋ᠠᠨ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠳᠤ ᠪᠠᠰᠠ ᠪᠤᠰᠤᠳ ᠵᠦᠢ᠍ᠯᠡᠰ᠎ᠢ ᠰᠤᠳᠤᠯᠵᠠᠢ᠃