ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-10-30

    《ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ᠎ᠲᠠᠢ ᠪᠤᠯᠬᠤ ᠵᠢ ᠤᠯᠠᠮ ᠴᠢᠨᠠᠭᠰᠢᠳᠠ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠰᠠᠨᠠᠯ》᠎ᠢ ᠬᠢᠨᠠᠨ ᠵᠥᠪᠯᠡᠵᠡᠢ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ       ᠰᠢ ᠵᠢᠨ ᠫᠢᠩ ᠬᠤᠷᠠᠯ᠎ᠢ ᠡᠷᠭᠢᠯᠡᠪᠡ


    ᠰᠢᠨᠬᠤᠸᠠ ᠬᠤᠷᠢᠶ᠎ᠠ ᠵᠢᠨ ᠪᠡᠭᠡᠵᠢᠩ᠎ᠤᠨ 10 ᠰᠠᠷ᠎ᠠ ᠵᠢᠨ 27᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 10 ᠰᠠᠷ᠎ᠠ ᠵᠢᠨ 27᠎ᠤ ᠡᠳᠦᠷ ᠬᠤᠷᠠᠯ ᠬᠤᠷᠠᠯᠳᠤᠭᠤᠯᠵᠤ᠂ 《ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ᠎ᠲᠠᠢ ᠪᠤᠯᠬᠤ ᠵᠢ ᠤᠯᠠᠮ ᠴᠢᠨᠠᠭᠰᠢᠳᠠ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠰᠠᠨᠠᠯ》᠎ᠢ ᠬᠢᠨᠠᠨ ᠵᠥᠪᠯᠡᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ᠃
    ᠬᠤᠷᠠᠯ᠎ᠠᠴᠠ᠂ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠣᠯ ᠨᠠᠮ᠎ᠤᠨ ᠲᠥᠪ ᠬᠤᠷᠢᠶ᠎ᠠ᠎ᠠᠴᠠ ᠲᠣᠭᠲᠠᠭ᠋ᠠᠭᠰᠠᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ ᠮᠥᠨ᠃ ᠵᠡᠭᠦᠨ ᠬᠤᠶ᠋ᠢᠲᠤ ᠣᠷᠣᠨ᠎ᠤ ᠡᠬᠢ ᠪᠠᠶᠠᠯᠢᠭ᠎ᠤᠨ ᠨᠥᠬᠦᠴᠡᠯ ᠨᠡᠯᠢᠶᠡᠳ ᠰᠠᠶ᠋ᠢᠨ᠂ ᠠᠵᠤ ᠦᠢ᠍ᠯᠡᠰ᠎ᠤᠨ ᠰᠠᠭᠤᠷᠢ ᠨᠡᠯᠢᠶᠡᠳ ᠵᠤᠵᠠᠭ᠋ᠠᠨ᠂ ᠣᠷᠣᠨ ᠪᠠᠶ᠋ᠢᠷᠢ ᠵᠢᠨ ᠳᠠᠪᠠᠭᠤᠯᠢᠭ ᠣᠨᠴᠠᠭ᠋ᠠᠢ᠂ ᠬᠥᠭᠵᠢᠯᠲᠡ ᠵᠢᠨ ᠲᠠᠯᠳᠠ ᠬᠦᠴᠦᠨ ᠯᠤᠲᠤ ᠶᠡᠭᠡ ᠪᠠᠶ᠋ᠢᠵᠤ᠂ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠰᠠᠭᠤᠷᠢ᠎ᠲᠠᠢ ᠪᠠᠶ᠋ᠢᠳᠠᠭ᠃ ᠡᠨᠡ ᠵᠢᠯ ᠪᠣᠯ ᠵᠡᠭᠦᠨ ᠬᠤᠶ᠋ᠢᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠦᠭᠰᠡᠨ 20 ᠵᠢᠯ᠎ᠤᠨ ᠤᠢ ᠪᠣᠯᠣᠨ᠎ᠠ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ᠂ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭ᠋ᠠᠷᠠᠵᠤ ᠪᠠᠶ᠋ᠢᠨ᠎ᠠ᠂ ᠠᠯᠢ ᠤᠯᠠᠨ ᠳᠡᠮᠵᠢᠬᠦ ᠲᠦᠷᠦ ᠵᠢᠨ ᠪᠣᠳᠣᠯᠭ᠎ᠠ ᠵᠢ ᠲᠣᠭᠲᠠᠭ᠋ᠠᠨ ᠨᠡᠶ᠋ᠢᠲᠡᠯᠡᠬᠦ᠎ᠨᠢ ᠢᠲᠡᠭᠡᠯ ᠵᠣᠷᠢᠭ ᠵᠶ᠋ᠠᠨ ᠤᠯᠠᠮ ᠪᠠᠲᠤᠳᠬᠠᠵᠤ᠂ ᠵᠡᠭᠦᠨ ᠬᠤᠶ᠋ᠢᠲᠤ ᠣᠷᠣᠨ᠎ᠤ ᠬᠠᠷᠢᠴᠠᠭᠤᠯᠤᠭᠰᠠᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠵᠡᠭᠦᠨ ᠬᠤᠶ᠋ᠢᠲᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ᠂ ᠦᠷᠭᠦᠯᠵᠢᠯᠡᠬᠦ ᠬᠥᠭᠵᠢᠯᠲᠡ ᠵᠢᠨ ᠰᠢᠨ᠎ᠡ ᠵᠠᠮ ᠵᠶ᠋ᠠᠷ ᠵᠠᠮᠨᠠᠬᠤ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠤᠯᠤᠰ᠎ᠤᠨ 《ᠲᠠᠪᠤᠨ ᠶᠡᠭᠡ ᠠᠮᠤᠷ ᠲᠦᠪᠰᠢᠨ》᠎ᠢ ᠬᠠᠮᠠᠭ᠋ᠠᠯᠠᠬᠤ ᠳᠤᠮᠳᠠᠬᠢ ᠵᠡᠭᠦᠨ ᠬᠤᠶ᠋ᠢᠲᠤ ᠣᠷᠣᠨ᠎ᠤ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠡᠨᠡ ᠬᠦ᠌ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢ ᠪᠠᠲᠤ ᠡᠵᠡᠮᠳᠡᠵᠦ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠪᠣᠯᠣᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠵᠡᠭᠦᠨ ᠬᠤᠶ᠋ᠢᠲᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠤᠯᠠᠮᠵᠢᠯᠠᠯᠲᠤ ᠦᠢ᠍ᠯᠡᠳᠬᠦ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠢ ᠢᠳᠡᠪᠬᠢᠲᠡᠢ ᠪᠣᠶ᠋ᠢᠵᠢᠭᠤᠯᠵᠤ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠴᠢᠩᠭ᠋ᠠᠳᠬᠠᠬᠤ ᠬᠡᠷᠡᠭᠲᠡᠢ᠃ ᠣᠳᠣᠬᠢᠴᠢᠯᠠᠭᠰᠠᠨ ᠲᠣᠮᠣ ᠲᠠᠷᠢᠶᠠᠯᠠᠩ᠎ᠢ ᠬᠥᠭᠵᠢᠭᠦᠯᠵᠦ᠂ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠵᠦ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ ᠵᠢ ᠴᠢᠩᠭ᠋ᠠᠳᠬᠠᠬᠤ ᠬᠡᠷᠡᠭᠲᠡᠢ᠃ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ ᠪᠣᠯ ᠳᠠᠷᠤᠢ ᠳᠠᠪᠠᠭᠤᠯᠢᠭ ᠵᠶ᠋ᠠᠨ ᠨᠡᠮᠡᠭᠳᠡᠭᠦᠯᠵᠦ ᠪᠠᠶ᠋ᠢᠨ᠎ᠠ᠂ ᠤᠢ ᠰᠢᠭᠤᠢ ᠵᠢ ᠬᠠᠮᠠᠭ᠋ᠠᠯᠠᠬᠤ ᠪᠣᠯ ᠳᠠᠷᠤᠢ ᠡᠳ᠋ ᠪᠠᠶᠠᠯᠢᠭ ᠵᠶ᠋ᠠᠨ ᠬᠠᠮᠠᠭ᠋ᠠᠯᠠᠵᠤ ᠪᠠᠶ᠋ᠢᠨ᠎ᠠ ᠭᠡᠬᠦ ᠣᠶ᠋ᠢᠯᠠᠭ᠋ᠠᠭᠳᠠᠬᠤᠨ᠎ᠢ ᠪᠤᠢ ᠪᠤᠯᠭ᠋ᠠᠵᠤ᠂ ᠤᠢ ᠳᠣᠲᠣᠷᠠᠬᠢ ᠠᠵᠤ ᠠᠬᠤᠢ᠂ ᠮᠥᠰᠥ ᠴᠠᠰᠤᠨ᠎ᠤ ᠠᠵᠤ ᠠᠬᠤᠢ ᠵᠢ ᠢᠳᠡᠪᠬᠢᠲᠡᠢ ᠬᠥᠭᠵᠢᠭᠦᠯᠵᠦ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠬᠡᠷᠡᠭᠲᠡᠢ᠃
    ᠰᠠᠯᠬᠢᠨ ᠬᠦᠴᠦ᠎ᠪᠠᠷ ᠴᠠᠭᠢᠯᠭ᠋ᠠᠨ ᠭᠠᠷᠭ᠋ᠠᠬᠤ᠂ ᠭᠡᠷᠡᠯ ᠴᠠᠭᠢᠯᠭ᠋ᠠᠨ᠂ ᠴᠥᠮ᠎ᠡ ᠵᠢᠨ ᠴᠠᠭᠢᠯᠭ᠋ᠠᠨ ᠵᠡᠷᠭᠡ ᠴᠡᠪᠡᠷ ᠡᠨᠧᠷᠭᠢ ᠵᠢ ᠲᠦᠷᠭᠡᠳᠬᠡᠨ ᠬᠥᠭᠵᠢᠭᠦᠯᠵᠦ᠂ ᠰᠠᠯᠬᠢ ᠭᠡᠷᠡᠯ ᠢᠯᠴᠢ ᠴᠥᠮ᠎ᠡ ᠵᠢᠨ ᠬᠠᠳᠠᠭ᠋ᠠᠯᠠᠯᠲᠠ ᠵᠢ ᠨᠢᠭᠡ ᠴᠣᠭᠴᠠᠵᠢᠭᠤᠯᠤᠭᠰᠠᠨ ᠡᠨᠧᠷᠭᠢ ᠵᠢᠨ ᠰᠠᠭᠤᠷᠢᠨ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠬᠢᠯᠢ ᠬᠢᠵᠠᠭ᠋ᠠᠷ ᠣᠷᠣᠨ᠎ᠤ ᠰᠠᠭᠤᠷᠢ ᠲᠥᠬᠦᠭᠡᠷᠦᠮᠵᠢ ᠵᠢᠨ ᠲᠥᠯᠦᠪᠵᠢᠭᠦᠯᠭᠡ ᠪᠠᠶ᠋ᠢᠷᠢᠰᠢᠭᠤᠯᠤᠯᠲᠠ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠨᠴᠠᠯᠢᠭᠲᠤ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠬᠢᠯᠢ ᠬᠢᠵᠠᠭ᠋ᠠᠷ ᠣᠷᠣᠨ᠎ᠢ ᠬᠥᠭᠵᠢᠭᠦᠯᠵᠦ ᠠᠷᠠᠳ᠎ᠢ ᠪᠠᠶᠠᠵᠢᠭᠤᠯᠬᠤ᠂ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠵᠤ ᠬᠢᠯᠢ ᠬᠢᠵᠠᠭ᠋ᠠᠷ᠎ᠢ ᠪᠠᠬᠢᠵᠢᠭᠦᠯᠬᠦ ᠵᠢ ᠠᠬᠢᠭᠤᠯᠬᠤ ᠬᠡᠷᠡᠭᠲᠡᠢ᠃ ᠰᠠᠭᠤᠷᠢ ᠰᠤᠷᠭ᠋ᠠᠨ ᠬᠥᠮᠦᠵᠢᠯ᠎ᠢ ᠶᠡᠭᠡ᠎ᠪᠠᠷ ᠬᠥᠭᠵᠢᠭᠦᠯᠵᠦ᠂ ᠵᠡᠭᠦᠨ ᠬᠤᠶ᠋ᠢᠲᠤ ᠵᠢᠨ ᠶᠡᠭᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠭᠦ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠥᠮᠥᠨ ᠠᠮᠠ ᠵᠢᠨ ᠪᠦᠬᠦᠯᠢ ᠴᠣᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠵᠦ᠂ ᠬᠥᠮᠥᠨ ᠠᠮᠠ ᠵᠢᠨ ᠴᠢᠨᠠᠷ ᠰᠠᠶ᠋ᠢᠲᠠᠢ ᠬᠥᠭᠵᠢᠯᠲᠡ᠎ᠪᠠᠷ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠨᠠᠮ᠎ᠤᠨ ᠤᠳᠤᠷᠢᠳᠤᠯᠭ᠎ᠠ ᠵᠢ ᠰᠢᠨ᠎ᠡ ᠴᠠᠭ ᠦᠶ᠎ᠡ᠎ᠳᠤ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠦᠭᠦ ᠶᠠᠪᠤᠴᠠ᠂ ᠡᠯ᠎ᠡ ᠬᠦᠷᠢᠶ᠎ᠡ᠂ ᠡᠯ᠎ᠡ ᠭᠤᠭᠴᠤᠭ᠎ᠠ᠎ᠳᠤ ᠲᠤᠭᠤᠰᠢᠯᠠᠭᠤᠯᠵᠤ᠂ ᠵᠡᠭᠦᠨ ᠬᠤᠶ᠋ᠢᠲᠤ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠣᠨ ᠤᠳᠤᠷᠢᠳᠬᠤ ᠪᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠯᠤᠰ ᠲᠦᠷᠦ ᠵᠢᠨ ᠠᠮᠢ ᠠᠬᠤᠢ ᠵᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠰᠢᠨ᠎ᠡ ᠰᠤᠷᠲᠠᠯ ᠲᠥᠪ ᠰᠤᠷᠲᠠᠯ ᠵᠶ᠋ᠠᠷ ᠬᠥᠭᠵᠢᠯᠲᠡ ᠵᠢᠨ ᠢᠲᠡᠭᠡᠯ᠎ᠢ ᠬᠥᠭᠵᠢᠭᠡᠬᠦ ᠬᠡᠷᠡᠭᠲᠡᠢ᠃ ᠵᠡᠭᠦᠨ ᠬᠤᠶ᠋ᠢᠲᠤ ᠵᠢᠨ ᠭᠤᠷᠪᠠᠨ ᠮᠤᠵᠢ ᠵᠢᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠭᠤᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠨᠡᠶ᠋ᠢᠲᠡᠯᠢᠭ ᠴᠢᠨᠠᠷᠲᠠᠢ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ᠎ᠪᠠᠷ ᠪᠠᠷᠠᠬᠤ ᠦᠭᠡᠢ ᠥᠪᠡᠷᠮᠢᠴᠡ ᠳᠠᠪᠠᠭᠤᠯᠢᠭ ᠵᠶ᠋ᠠᠨ ᠴᠤ᠌ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠵᠢᠨ᠎ᠬᠢᠨ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠳᠡᠮᠵᠢᠯᠭᠡ ᠵᠢᠨ ᠲᠦᠷᠦ ᠵᠢᠨ ᠪᠣᠳᠣᠯᠭ᠎ᠠ ᠲᠣᠭᠲᠠᠭ᠋ᠠᠵᠤ᠂ ᠵᠣᠬᠢᠴᠠᠭᠤᠯᠤᠨ ᠦᠢ᠍ᠯᠡᠴᠢᠯᠡᠬᠦ ᠪᠠ ᠱᠠᠯᠠᠪᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠠᠭ ᠲᠤᠬᠠᠢ᠎ᠳᠤᠨᠢ ᠮᠥᠷᠳᠡᠨ ᠰᠢᠨ᠎ᠡ ᠪᠠᠶ᠋ᠢᠳᠠᠯ᠎ᠢ ᠰᠤᠳᠤᠯᠵᠤ ᠰᠢᠨ᠎ᠡ ᠠᠰᠠᠭᠤᠳᠠᠯ᠎ᠢ ᠰᠢᠢ᠍ᠳᠪᠦᠷᠢᠯᠡᠵᠦ᠂ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠰᠢᠪᠲᠤᠯᠤᠯᠲᠠ᠎ᠲᠠᠢ ᠪᠤᠯᠬᠤ ᠵᠢ ᠬᠦᠴᠦ᠎ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
    ᠬᠤᠷᠠᠯ᠎ᠠᠴᠠ ᠪᠠᠰᠠ ᠪᠤᠰᠤᠳ ᠵᠦᠢ᠍ᠯᠡᠰ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠭᠤᠷᠪᠠᠳᠤᠭ᠋ᠠᠷ ᠤᠳᠠᠭ᠎ᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠠᠶᠠᠨᠳᠠᠭ᠋ᠠᠨ ᠭᠠᠭᠴᠠᠭ᠋ᠠᠷ ᠡᠵᠡᠮᠰᠢᠬᠦ ᠭᠣᠭᠴᠣᠭ᠎ᠠ ᠵᠢᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠮᠵᠢ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠪᠠ
 ᠰᠢ ᠵᠢᠨ ᠫᠢᠩ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠳᠤᠮᠳᠠᠳᠤ ᠠᠮᠧᠷᠢᠺᠠ ᠵᠢᠨ ᠲᠡᠷᠢᠭᠦᠨ᠎ᠤ ᠠᠭᠤᠯᠵᠠᠯᠲᠠ ᠬᠢᠪᠡ
 ᠰᠢ ᠵᠢᠨ ᠫᠢᠩ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠠᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠨ ᠠᠰᠢᠭᠲᠠᠢ ᠬᠠᠤᠯᠢᠵᠢᠯ᠎ᠤᠨ ᠨᠥᠬᠦᠴᠡᠯ ᠪᠠ ᠭᠠᠳᠠᠭ᠋ᠠᠳᠤ ᠣᠷᠴᠢᠨ ᠲᠣᠭᠤᠷᠢᠨ᠎ᠢ ᠪᠤᠢ ᠪᠤᠯᠭ᠋ᠠᠬᠤ ᠬᠡᠷᠡᠭᠲᠡᠢ
ᠰᠢ ᠵᠢᠨ ᠫᠢᠩ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢᠨ ᠴᠢᠬᠤᠯᠠ ᠶᠡᠭᠡ ᠰᠢᠨ᠎ᠡ ᠰᠢᠪᠲᠤᠯᠤᠯᠲᠠ᠎ᠲᠠᠢ ᠪᠤᠯᠬᠤ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠤᠮᠳᠠ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠭᠦ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠬᠡᠷᠡᠭᠲᠡᠢ ᠯᠢ ᠴᠢᠶᠠᠩ ᠼᠠᠢ ᠴᠢ ᠣᠷᠣᠯᠴᠠᠵᠠᠢ
ᠰᠢ ᠵᠢᠨ ᠫᠢᠩ ᠱᠠᠩᠬᠠᠢ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ — 《ᠲᠠᠪᠤᠨ ᠲᠥᠪ》᠎ᠢ ᠪᠦᠲᠦᠭᠡᠨ ᠪᠠᠶ᠋ᠢᠭᠤᠯᠬᠤ ᠴᠢᠬᠤᠯᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠣᠯᠠᠨ ᠤᠯᠤᠰ᠎ᠤᠨ ᠲᠣᠮᠣ ᠬᠤᠲᠠ ᠵᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ ᠪᠡᠭᠡᠵᠢᠩ᠎ᠳᠤ ᠪᠤᠴᠠᠬᠤ ᠵᠠᠮ᠎ᠳᠠᠭᠠᠨ ᠵᠢᠶᠠᠩᠰᠤ ᠵᠢᠨ ᠶᠠᠨᠴᠧᠩ᠎ᠳᠤ ᠰᠢᠨᠵᠢᠯᠡᠨ ᠪᠠᠶ᠋ᠢᠴᠠᠭ᠋ᠠᠪᠠ ᠼᠠᠢ ᠴᠢ ᠪᠠᠷ᠎ᠠ ᠪᠣᠯᠵᠤ ᠰᠢᠨᠵᠢᠯᠡᠨ ᠪᠠᠶ᠋ᠢᠴᠠᠭ᠋ᠠᠵᠠᠢ
 
            