ᠰᠢᠨᠬᠤᠸᠠ ᠬᠤᠷᠢᠶ᠎ᠠ ᠵᠢᠨ ᠰᠠᠨ ᠹᠷᠠᠨᠰᠢᠰᠺᠤ ᠵᠢᠨ 11 ᠰᠠᠷ᠎ᠠ ᠵᠢᠨ 15᠎ᠤ ᠴᠠᠭᠢᠯᠭ᠋ᠠᠨ ᠮᠡᠳᠡᠭᠡ ᠲᠤᠬᠠᠢ ᠵᠢᠨ ᠭᠠᠵᠠᠷ᠎ᠤᠨ ᠴᠠᠭ ᠵᠶ᠋ᠠᠷ 11 ᠰᠠᠷ᠎ᠠ ᠵᠢᠨ 15᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠮᠧᠷᠢᠺᠠ ᠵᠢᠨ ᠰᠠᠨ ᠹᠷᠠᠨᠰᠢᠰᠺᠤ ᠵᠢᠨ ᠹᠧᠶ᠋ᠢᠯᠤᠷᠢ ᠡᠳ᠋ᠯᠡᠩ᠎ᠳᠤ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠳᠤᠮᠳᠠᠳᠤ ᠠᠮᠧᠷᠢᠺᠠ ᠵᠢᠨ ᠲᠡᠷᠢᠭᠦᠨ᠎ᠤ ᠠᠭᠤᠯᠵᠠᠯᠲᠠ ᠬᠢᠪᠡ᠃ ᠬᠤᠶᠠᠷ ᠤᠯᠤᠰ᠎ᠤᠨ ᠲᠡᠷᠢᠭᠦᠨ ᠳᠤᠮᠳᠠᠳᠤ ᠠᠮᠧᠷᠢᠺᠠ ᠵᠢᠨ ᠬᠠᠷᠢᠯᠴᠠᠭ᠎ᠠ᠎ᠳᠤ ᠬᠤᠯᠪᠣᠭᠳᠠᠬᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ᠂ ᠪᠦᠭᠦ ᠲᠠᠯ᠎ᠠ ᠵᠢᠨ ᠴᠢᠨᠠᠷᠲᠠᠢ᠂ ᠴᠢᠭᠯᠡᠯ᠎ᠤᠨ ᠴᠢᠨᠠᠷᠲᠠᠢ ᠠᠰᠠᠭᠤᠳᠠᠯ ᠵᠢᠴᠢ ᠳᠡᠯᠡᠬᠡᠢ ᠵᠢᠨ ᠡᠩᠬᠡ ᠲᠠᠶ᠋ᠢᠪᠤᠩ ᠪᠠ ᠬᠥᠭᠵᠢᠯᠲᠡ᠎ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ᠎ᠤᠨ ᠲᠤᠬᠠᠢ ᠰᠠᠨᠠᠯ ᠵᠶ᠋ᠠᠨ ᠦᠨᠡᠨᠴᠢ᠎ᠪᠠᠷ ᠭᠦᠨᠵᠡᠭᠡᠢ ᠰᠣᠯᠢᠯᠴᠠᠪᠠ᠃
ᠲᠤᠬᠠᠢ ᠵᠢᠨ ᠭᠠᠵᠠᠷ᠎ᠤᠨ ᠴᠠᠭ ᠵᠶ᠋ᠠᠷ 11 ᠰᠠᠷ᠎ᠠ ᠵᠢᠨ 15᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠮᠧᠷᠢᠺᠠ ᠵᠢᠨ ᠰᠠᠨ ᠹᠷᠠᠨᠰᠢᠰᠺᠤ ᠵᠢᠨ ᠹᠧᠶ᠋ᠢᠯᠤᠷᠢ ᠡᠳ᠋ᠯᠡᠩ᠎ᠳᠤ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠳᠤᠮᠳᠠᠳᠤ ᠠᠮᠧᠷᠢᠺᠠ ᠵᠢᠨ ᠲᠡᠷᠢᠭᠦᠨ᠎ᠤ ᠠᠭᠤᠯᠵᠠᠯᠲᠠ ᠬᠢᠪᠡ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠷᠣᠣ ᠠᠢ ᠮᠢᠨ ᠰᠡᠭᠦᠳᠡᠷᠯᠡᠪᠡ
ᠰᠢ ᠵᠢᠨ ᠫᠢᠩ ᠹᠤᠶ᠋ᠢᠯᠦᠷᠢ ᠡᠳ᠋ᠯᠡᠩ᠎ᠳᠤ ᠬᠦᠷᠬᠦ᠎ᠳᠤ ᠪᠠᠶ᠋ᠢᠳᠧᠨ ᠬᠠᠯᠠᠭᠤᠨ ᠵᠶ᠋ᠠᠷ ᠤᠭᠲᠤᠪᠠ᠃
ᠲᠤᠬᠠᠢ ᠵᠢᠨ ᠭᠠᠵᠠᠷ᠎ᠤᠨ ᠴᠠᠭ ᠵᠶ᠋ᠠᠷ 11 ᠰᠠᠷ᠎ᠠ ᠵᠢᠨ 15᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠮᠧᠷᠢᠺᠠ ᠵᠢᠨ ᠰᠠᠨ ᠹᠷᠠᠨᠰᠢᠰᠺᠤ ᠵᠢᠨ ᠹᠧᠶ᠋ᠢᠯᠤᠷᠢ ᠡᠳ᠋ᠯᠡᠩ᠎ᠳᠤ ᠠᠮᠧᠷᠢᠺᠠ ᠵᠢᠨ ᠶᠡᠷᠦᠩᠬᠡᠶ᠋ᠢᠯᠡᠭᠴᠢ ᠪᠠᠶ᠋ᠢᠳᠧᠨ᠎ᠲᠠᠢ ᠳᠤᠮᠳᠠᠳᠤ ᠠᠮᠧᠷᠢᠺᠠ ᠵᠢᠨ ᠲᠡᠷᠢᠭᠦᠨ᠎ᠤ ᠠᠭᠤᠯᠵᠠᠯᠲᠠ ᠬᠢᠪᠡ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠷᠣᠣ ᠠᠢ ᠮᠢᠨ ᠰᠡᠭᠦᠳᠡᠷᠯᠡᠪᠡ
ᠰᠢ ᠵᠢᠨ ᠫᠢᠩ᠂ ᠣᠳᠣᠬᠠᠨ᠎ᠤ ᠳᠡᠯᠡᠬᠡᠢ ᠶᠢᠷᠲᠢᠨᠴᠦ ᠶᠠᠭ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢ ᠥᠩᠭᠡᠷᠡᠭᠡᠵᠦ ᠪᠠᠶ᠋ᠢᠨ᠎ᠠ᠂ ᠳᠤᠮᠳᠠᠳᠤ ᠠᠮᠧᠷᠢᠺᠠ ᠬᠤᠶᠠᠷ ᠵᠦᠢ᠍ᠯ᠎ᠤᠨ ᠰᠣᠩᠭᠤᠯᠲᠠ᠎ᠲᠠᠢ᠄ ᠨᠢᠭᠡ᠎ᠨᠢ ᠪᠦᠯᠬᠦᠮᠳᠡᠯ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠭᠠᠷ ᠬᠤᠯᠪᠣᠨ ᠠᠷᠭ᠋ᠠᠴᠠᠭ᠋ᠠᠵᠤ᠂ ᠳᠡᠯᠡᠬᠡᠢ ᠵᠢᠨ ᠠᠮᠤᠷ ᠲᠦᠪᠰᠢᠨ ᠪᠣᠯᠣᠨ ᠬᠥᠭᠵᠢᠯ ᠴᠡᠴᠡᠭᠯᠡᠯ᠎ᠢ ᠠᠬᠢᠭᠤᠯᠤᠨ᠎ᠠ᠃ ᠨᠦᠭᠦᠭᠡ᠎ᠨᠢ ᠦᠯᠦ ᠡᠪᠰᠡᠬᠦ ᠰᠡᠳᠬᠢᠬᠦᠢ ᠵᠢ ᠡᠪᠦᠷᠯᠡᠵᠦ᠂ ᠯᠡᠭᠧᠷ᠎ᠤᠨ ᠡᠰᠡᠷᠭᠦᠴᠡᠯᠳᠦᠯ᠎ᠢ ᠥᠳᠥᠭᠡᠵᠦ᠂ ᠳᠡᠯᠡᠬᠡᠢ ᠶᠢᠷᠲᠢᠨᠴᠦ ᠵᠢ ᠦᠢ᠍ᠮᠡᠭᠡᠨ ᠳᠡᠪᠵᠢᠶᠡᠨ ᠪᠠ ᠬᠠᠭ᠋ᠠᠴᠠᠯ᠎ᠲᠠᠢ ᠪᠣᠯᠭ᠋ᠠᠨ᠎ᠠ᠃ ᠬᠤᠶᠠᠷ ᠵᠦᠢ᠍ᠯ᠎ᠤᠨ ᠰᠣᠩᠭᠤᠯᠲᠠ᠎ᠨᠢ ᠬᠤᠶᠠᠷ ᠴᠢᠭᠯᠡᠯ᠎ᠢ ᠲᠥᠯᠥᠭᠡᠯᠡᠵᠦ᠂ ᠬᠥᠮᠥᠨ ᠲᠥᠷᠥᠯᠬᠢᠲᠡᠨ᠎ᠤ ᠢᠷᠡᠭᠡᠳᠦᠢ ᠪᠠ ᠳᠡᠯᠡᠬᠡᠢ ᠵᠢᠨ ᠪᠥᠮᠪᠥᠷᠴᠡᠭ᠎ᠤᠨ ᠢᠷᠡᠭᠡᠳᠦᠢ ᠵᠢ ᠲᠣᠭᠲᠠᠭ᠋ᠠᠨ᠎ᠠ᠃ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠬᠤᠶᠠᠷ ᠲᠠᠯ᠎ᠠ ᠵᠢᠨ ᠬᠠᠷᠢᠯᠴᠠᠭ᠎ᠠ ᠪᠣᠯᠤᠭᠰᠠᠨ᠎ᠤ ᠬᠤᠪᠢ᠎ᠳᠤ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢ ᠡᠨᠡ ᠬᠦ᠌ ᠶᠡᠭᠡ ᠠᠬᠤᠢ ᠪᠠᠶ᠋ᠢᠳᠠᠯ ᠳᠣᠣᠷ᠎ᠠ ᠪᠣᠳᠣᠯᠬᠢᠯᠠᠨ ᠲᠥᠯᠥᠪᠵᠢᠭᠦᠯᠬᠦ ᠬᠡᠷᠡᠭᠲᠡᠢ᠃ ᠳᠤᠮᠳᠠᠳᠤ ᠠᠮᠧᠷᠢᠺᠠ ᠬᠤᠶᠠᠷ ᠤᠯᠤᠰ ᠬᠠᠷᠢᠯᠴᠠᠬᠤ ᠦᠭᠡᠢ ᠪᠠᠶ᠋ᠢᠵᠤ ᠪᠤᠯᠬᠤ ᠦᠭᠡᠢ᠂ ᠨᠦᠭᠦᠭᠡ ᠡᠲᠡᠭᠡᠳ ᠵᠶ᠋ᠠᠨ ᠬᠤᠪᠢᠷᠠᠭᠤᠯᠬᠤ᠎ᠨᠢ ᠪᠣᠳᠠᠲᠤ ᠪᠠᠶ᠋ᠢᠳᠠᠯ᠎ᠲᠠᠢ ᠨᠡᠶ᠋ᠢᠴᠡᠬᠦ ᠦᠭᠡᠢ ᠶᠤᠮ᠂ ᠮᠥᠷᠭᠦᠯᠳᠦᠭᠡᠨ ᠡᠰᠡᠷᠭᠦᠴᠡᠯᠳᠦᠯ᠎ᠤᠨ ᠦᠷ᠎ᠡ ᠳ᠋ᠦᠩ᠎ᠢ ᠬᠡᠨ ᠴᠦ᠍ ᠳᠠᠭ᠋ᠠᠭ᠋ᠠᠵᠤ ᠴᠢᠳᠠᠬᠤ ᠦᠭᠡᠢ ᠶᠤᠮ᠃ ᠲᠣᠮᠣ ᠤᠯᠤᠰ᠎ᠤᠨ ᠥᠷᠢᠰᠦᠯᠳᠦᠭᠡᠨ᠎ᠨᠢ ᠳᠤᠮᠳᠠᠳᠤ ᠠᠮᠧᠷᠢᠺᠠ ᠬᠤᠶᠠᠷ ᠤᠯᠤᠰ ᠪᠠ ᠳᠡᠯᠡᠬᠡᠢ ᠳ᠋ᠠᠬᠢᠨ᠎ᠳᠤ ᠲᠤᠯᠭ᠋ᠠᠷᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠵᠦ ᠴᠢᠳᠠᠬᠤ ᠦᠭᠡᠢ ᠶᠤᠮ᠃ ᠡᠨᠡ ᠳᠡᠯᠡᠬᠡᠢ ᠵᠢᠨ ᠪᠥᠮᠪᠥᠷᠴᠡᠭ ᠳᠤᠮᠳᠠᠳᠤ ᠠᠮᠧᠷᠢᠺᠠ ᠬᠤᠶᠠᠷ ᠤᠯᠤᠰ᠎ᠢ ᠪᠠᠭᠲᠠᠭ᠋ᠠᠵᠤ ᠴᠢᠳᠠᠨ᠎ᠠ᠃ ᠳᠤᠮᠳᠠᠳᠤ ᠠᠮᠧᠷᠢᠺᠠ ᠵᠢᠨ ᠥᠪᠡᠷ ᠥᠪᠡᠷ᠎ᠤᠨ ᠬᠢᠨᠢ ᠠᠮᠵᠢᠯᠲᠠ᠎ᠨᠢ ᠬᠠᠷᠢᠯᠴᠠᠨ ᠠᠵᠠ ᠲᠣᠭᠢᠶᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠣᠨᠴᠠᠯᠢᠭ ᠪᠣᠯᠣᠨ ᠠᠭᠤᠯᠤᠭᠳᠠᠬᠤᠨ᠎ᠤ ᠠᠴᠢ ᠬᠤᠯᠪᠣᠭᠳᠠᠯ ᠵᠢᠴᠢ ᠳᠤᠮᠳᠠᠳᠤ ᠤᠯᠤᠰ᠎ᠤᠨ ᠬᠥᠭᠵᠢᠯᠲᠡ ᠵᠢᠨ ᠠᠯᠤᠰ ᠢᠷᠡᠭᠡᠳᠦᠢ ᠪᠣᠯᠣᠨ ᠪᠠᠶ᠋ᠢᠯᠳᠤᠬᠤ ᠪᠣᠳᠣᠯᠭ᠎ᠠ ᠵᠢᠨ ᠵᠣᠷᠢᠯᠲᠠ ᠵᠢ ᠭᠦᠨᠵᠡᠭᠡᠢ ᠲᠣᠳᠣᠷᠬᠠᠶ᠋ᠢᠯᠠᠨ ᠥᠭᠦᠯᠡᠪᠡ᠃ ᠰᠢ ᠵᠢᠨ ᠫᠢᠩ᠂ ᠳᠤᠮᠳᠠᠳᠤ ᠤᠯᠤᠰ᠎ᠤᠨ ᠬᠥᠭᠵᠢᠯᠲᠡ᠎ᠨᠢ ᠲᠤᠰ ᠪᠡᠶ᠎ᠡ ᠵᠢᠨ ᠯᠣᠭᠢᠭ ᠪᠠ ᠵᠢᠮ᠎ᠡ ᠶᠣᠰᠣᠲᠠᠢ ᠶᠤᠮ᠂ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠵᠤ ᠪᠠᠶ᠋ᠢᠨ᠎ᠠ᠂ ᠳᠤᠮᠳᠠᠳᠤ ᠤᠯᠤᠰ ᠺᠣᠯᠣᠨᠢᠴᠢᠯᠠᠨ ᠳᠡᠭᠡᠷᠡᠮᠳᠡᠬᠦ ᠬᠠᠭᠤᠴᠢᠨ ᠵᠠᠮ ᠵᠶ᠋ᠠᠷ ᠵᠠᠮᠨᠠᠬᠤ ᠦᠭᠡᠢ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠵᠶ᠋ᠠᠷ ᠵᠠᠮᠨᠠᠬᠤ ᠦᠭᠡᠢ᠂ ᠦᠵᠡᠯ ᠤᠬᠠᠮᠰᠠᠷ᠎ᠤᠨ ᠭᠡᠯᠪᠡᠷᠢ᠎ᠪᠠᠨ ᠴᠤ᠌ ᠭᠠᠳᠠᠭᠰᠢ ᠭᠠᠷᠭ᠋ᠠᠬᠤ ᠦᠭᠡᠢ᠃ ᠳᠤᠮᠳᠠᠳᠤ ᠤᠯᠤᠰ᠎ᠲᠤ ᠠᠮᠧᠷᠢᠺᠠ ᠵᠢ ᠳᠠᠪᠠᠭ᠍ᠤ ᠪᠤᠶᠤ ᠠᠮᠧᠷᠢᠺᠠ ᠵᠢ ᠣᠷᠣᠯᠠᠬᠤ ᠲᠥᠯᠦᠪᠵᠢᠭᠦᠯᠭᠡ ᠪᠠᠶ᠋ᠢᠬᠤ ᠦᠭᠡᠢ᠂ ᠠᠮᠧᠷᠢᠺᠠ ᠴᠤ᠌ ᠪᠢᠲᠡᠭᠡᠢ ᠳᠤᠮᠳᠠᠳᠤ ᠤᠯᠤᠰ᠎ᠢ ᠳᠠᠷᠤᠩᠭᠤᠶ᠋ᠢᠯᠠᠵᠤ ᠬᠤᠷᠢᠭᠯᠠᠬᠤ ᠲᠥᠯᠥᠪᠯᠡᠭᠡ᠎ᠲᠠᠢ ᠪᠠᠶ᠋ᠢᠭ᠋ᠠᠷᠠᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠠᠷᠢᠯᠴᠠᠨ ᠭᠦᠨᠳᠦᠳᠭᠡᠵᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠵᠤ᠂ ᠬᠠᠮᠲᠤᠷᠠᠯᠴᠠᠵᠤ ᠬᠠᠮᠲᠤ᠎ᠪᠠᠷ ᠠᠰᠢᠭ ᠭᠦᠷᠳᠡᠭᠦ᠎ᠨᠢ 50 ᠵᠢᠯ᠎ᠤᠨ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠲᠡᠦᠬᠡᠨ ᠶᠠᠪᠤᠴᠠ᠎ᠠᠴᠠ ᠳ᠋ᠦᠩᠨᠡᠭᠰᠡᠨ ᠲᠤᠷᠰᠢᠯᠭ᠎ᠠ ᠪᠤᠯᠬᠤ᠎ᠪᠠᠷ ᠪᠠᠷᠠᠬᠤ ᠦᠭᠡᠢ ᠪᠠᠰᠠ ᠴᠤ᠌ ᠲᠡᠦᠬᠡᠨ ᠳᠡᠭᠡᠷᠡᠬᠢ ᠲᠣᠮᠣ ᠤᠯᠤᠰ᠎ᠤᠨ ᠮᠥᠷᠭᠦᠯᠳᠦᠭᠡᠨᠤ ᠣᠯᠭᠤᠭᠰᠠᠨ ᠰᠡᠩᠬᠡᠷᠡᠭᠦᠯᠦᠯ ᠪᠠᠶ᠋ᠢᠵᠤ᠂ ᠳᠤᠮᠳᠠᠳᠤ ᠠᠮᠧᠷᠢᠺᠠ ᠵᠢᠨ ᠬᠠᠮᠲᠤ᠎ᠪᠠᠷ ᠴᠢᠷᠮᠠᠶ᠋ᠢᠬᠤ ᠴᠢᠭᠯᠡᠯ ᠪᠠᠶ᠋ᠢᠬᠤ ᠶᠣᠰᠣᠲᠠᠢ᠃ ᠡᠨᠡ ᠤᠳᠠᠭ᠎ᠠ ᠵᠢᠨ ᠰᠠᠨ ᠹᠷᠠᠨᠰᠢᠰᠺᠤ ᠵᠢᠨ ᠠᠭᠤᠯᠵᠠᠯᠲᠠ᠎ᠳᠤ᠂ ᠳᠤᠮᠳᠠᠳᠤ ᠠᠮᠧᠷᠢᠺᠠ ᠰᠢᠨ᠎ᠡ ᠬᠦᠰᠡᠯ ᠡᠷᠡᠮᠡᠯᠵᠡᠯ᠎ᠲᠠᠢ ᠪᠠᠶ᠋ᠢᠵᠤ᠂ ᠬᠠᠮᠲᠤ᠎ᠪᠠᠷ ᠴᠢᠷᠮᠠᠶ᠋ᠢᠵᠤ ᠪᠠᠶ᠋ᠢᠭ᠋ᠠᠳ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠲᠠᠪᠤᠨ ᠲᠤᠯᠭ᠋ᠠᠭᠤᠷᠢ ᠵᠢ ᠴᠣᠭᠴᠠᠯᠠᠨ ᠪᠣᠰᠬᠠᠪᠠᠯ ᠵᠣᠬᠢᠨ᠎ᠠ᠃
ᠨᠢᠭᠡ᠎ᠳᠤ᠂ ᠵᠥᠪ ᠲᠠᠨᠢᠯᠲᠠ ᠵᠢ ᠬᠠᠮᠲᠤ᠎ᠪᠠᠷ ᠪᠤᠢ ᠪᠣᠯᠭ᠋ᠠᠶ᠎ᠠ᠃ ᠳᠤᠮᠳᠠᠳᠤ ᠤᠯᠤᠰ ᠢᠮᠠᠭᠲᠠ ᠲᠣᠭᠲᠠᠭᠤᠨ᠂ ᠡᠷᠡᠭᠦᠯ᠂ ᠦᠷᠭᠦᠯᠵᠢᠯᠡᠬᠦ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢ ᠪᠠᠶ᠋ᠢᠭᠤᠯᠬᠤ᠎ᠪᠠᠷ ᠴᠢᠷᠮᠠᠶ᠋ᠢᠭᠰᠠᠭ᠋ᠠᠷ ᠢᠷᠡᠪᠡ᠃ ᠡᠭᠦᠨ᠎ᠤ ᠬᠠᠮᠲᠤ᠂ ᠳᠤᠮᠳᠠᠳᠤ ᠤᠯᠤᠰ᠎ᠲᠤ ᠪᠠᠰᠠ ᠡᠷᠬᠡᠪᠰᠢ ᠬᠠᠮᠠᠭ᠋ᠠᠯᠠᠬᠤ ᠴᠢᠬᠤᠯᠠᠲᠠᠢ ᠠᠰᠢᠭ ᠲᠤᠰᠠ᠂ ᠡᠷᠬᠡᠪᠰᠢ ᠬᠠᠮᠠᠭ᠋ᠠᠯᠠᠬᠤ ᠴᠢᠬᠤᠯᠠᠲᠠᠢ ᠵᠠᠷᠴᠢᠮ᠂ ᠡᠷᠬᠡᠪᠰᠢ ᠪᠠᠲᠤ ᠰᠠᠬᠢᠬᠤ ᠴᠢᠬᠤᠯᠠᠲᠠᠢ ᠬᠤᠷᠢᠭ᠎ᠠ ᠱᠤᠭᠤᠮ ᠪᠤᠢ᠃ ᠬᠤᠶᠠᠷ ᠤᠯᠤᠰ ᠬᠠᠨᠢᠲᠠᠨ ᠪᠣᠯᠵᠤ᠂ ᠬᠠᠷᠢᠯᠴᠠᠨ ᠭᠦᠨᠳᠦᠳᠭᠡᠵᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠬᠤ ᠵᠢ ᠬᠦᠰᠡᠵᠦ ᠪᠠᠶ᠋ᠢᠨ᠎ᠠ᠃
ᠬᠤᠶᠠᠷ᠎ᠲᠤ᠂ ᠵᠥᠷᠢᠯᠳᠦᠭᠡᠨ ᠵᠶ᠋ᠠᠨ ᠬᠠᠮᠲᠤ᠎ᠪᠠᠷ ᠪᠦᠲᠦᠮᠵᠢᠲᠡᠢ ᠬᠠᠮᠢᠶᠠᠷᠤᠨ ᠡᠵᠡᠮᠳᠡᠶ᠎ᠡ᠃ ᠵᠥᠷᠢᠯᠳᠦᠭᠡᠨ᠎ᠢ ᠬᠤᠶᠠᠷ ᠤᠯᠤᠰ᠎ᠤᠨ ᠬᠤᠭᠤᠷᠣᠨᠳᠤ ᠬᠥᠨᠳᠡᠯᠢᠰᠬᠦ ᠵᠠᠭ᠋ᠠᠭ ᠪᠤᠯᠭ᠋ᠠᠵᠤ ᠪᠤᠯᠬᠤ ᠦᠭᠡᠢ᠂ ᠬᠠᠷᠢᠨ ᠠᠷᠭ᠎ᠠ ᠰᠦᠪᠡᠭᠴᠢᠯᠡᠨ ᠠᠳᠠᠯᠢ ᠴᠢᠭᠯᠡᠯ ᠵᠶ᠋ᠠᠷ ᠤᠷᠤᠭᠰᠢᠯᠠᠬᠤ ᠬᠥᠭᠦᠷᠭᠡ ᠲᠠᠯᠪᠢᠶ᠎ᠠ᠃ ᠬᠤᠶᠠᠷ ᠲᠠᠯ᠎ᠠ᠎ᠪᠠᠷ ᠵᠶ᠋ᠠᠨ ᠲᠤᠰ ᠲᠤᠰ᠎ᠤᠨ ᠵᠶ᠋ᠠᠨ ᠵᠠᠷᠴᠢᠮ ᠬᠤᠷᠢᠭ᠎ᠠ ᠱᠤᠭᠤᠮ᠎ᠢ ᠣᠶ᠋ᠢᠯᠠᠭ᠋ᠠᠵᠤ᠂ ᠳᠡᠩᠰᠡᠯᠭᠡᠬᠦ ᠦᠭᠡᠢ᠂ ᠦ ᠰᠠᠪ ᠡᠷᠢᠬᠦ ᠦᠭᠡᠢ᠂ ᠬᠡᠮᠵᠢᠶ᠎ᠡ᠎ᠠᠴᠠ ᠬᠡᠲᠦᠷᠡᠭᠦᠯᠬᠦ ᠦᠭᠡᠢ ᠪᠠᠶ᠋ᠢᠵᠤ᠂ ᠢᠯᠡᠭᠦᠬᠡᠨ ᠣᠯᠣᠯᠴᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠵᠥᠪᠳᠡᠯᠴᠡᠵᠦ᠂ ᠵᠥᠷᠢᠯᠳᠦᠭᠡᠨ ᠪᠠ ᠰᠠᠨᠠᠭ᠋ᠠᠨ᠎ᠠᠴᠠ ᠭᠠᠳᠠᠭᠤᠷ ᠶᠠᠪᠤᠳᠠᠯ᠎ᠢ ᠯᠠᠪᠳᠠᠭᠤᠨ ᠰᠢᠢ᠍ᠳᠪᠦᠷᠢᠯᠡᠶᠡ᠃
ᠭᠤᠷᠪᠠ᠎ᠳᠤ᠂ ᠬᠠᠷᠢᠯᠴᠠᠨ ᠠᠰᠢᠭᠲᠠᠢ ᠬᠠᠮᠵᠢᠯᠴᠠᠭ᠎ᠠ ᠵᠢ ᠠᠬᠢᠭᠤᠯᠤᠶ᠎ᠠ᠃ ᠳᠤᠮᠳᠠᠳᠤ ᠠᠮᠧᠷᠢᠺᠠ ᠤᠯᠠᠨ ᠬᠦᠷᠢᠶᠡᠨ᠎ᠳᠤ ᠥᠷᠭᠡᠨ ᠳᠡᠯᠭᠡᠷ ᠬᠠᠮᠲᠤ ᠵᠢᠨ ᠠᠰᠢᠭ ᠲᠤᠰᠠᠲᠠᠢ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶ᠎ᠡ ᠵᠢ ᠪᠠᠭᠲᠠᠭ᠋ᠠᠬᠤ ᠪᠥᠭᠡᠳ ᠠᠭᠤᠷ ᠠᠮᠢᠰᠬᠤᠯ᠎ᠤᠨ ᠬᠤᠪᠢᠷᠠᠯᠲᠠ᠂ ᠵᠣᠬᠢᠶᠠᠮᠠᠯ ᠤᠶᠤᠨ ᠵᠡᠷᠭᠡ ᠰᠢᠨ᠎ᠡ᠎ᠪᠠᠷ ᠮᠠᠨᠳᠤᠭᠰᠠᠨ ᠬᠦᠷᠢᠶ᠎ᠡ ᠵᠢ ᠴᠦ᠍ ᠪᠠᠭᠲᠠᠭ᠋ᠠᠨ᠎ᠠ᠃ ᠣᠳᠣᠬᠠᠨ᠎ᠤ ᠪᠠᠶ᠋ᠢᠳᠠᠯ ᠳᠣᠣᠷ᠎ᠠ᠂ ᠬᠤᠶᠠᠷ ᠤᠯᠤᠰ᠎ᠤᠨ ᠬᠠᠮᠲᠤ ᠵᠢᠨ ᠠᠰᠢᠭ ᠲᠤᠰᠠ ᠪᠠᠭ᠋ᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠬᠤᠶᠠᠷ ᠲᠠᠯ᠎ᠠ᠎ᠪᠠᠷ ᠵᠶ᠋ᠠᠨ ᠭᠠᠳᠠᠭ᠋ᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢ᠍ᠯᠭᠡᠭᠡ᠂ ᠬᠤᠳᠠᠯᠳᠤᠭ᠋ᠠᠨ᠎ᠤ ᠶᠠᠪᠤᠳᠠᠯ᠂ ᠬᠥᠳᠡᠭᠡ ᠠᠵᠤ ᠠᠬᠤᠢ ᠵᠡᠷᠭᠡ ᠬᠦᠷᠢᠶᠡᠨ᠎ᠳᠠᠬᠢ ᠳᠠᠭᠢᠨ ᠰᠡᠷᠭᠦᠭᠡᠭᠰᠡᠨ ᠪᠤᠶᠤ ᠪᠠᠶ᠋ᠢᠭᠤᠯᠤᠭᠰᠠᠨ ᠲᠣᠭᠲᠠᠴᠠ ᠵᠢ ᠭᠦᠢ᠍ᠴᠡᠳ ᠰᠠᠶ᠋ᠢᠲᠤᠷ ᠠᠰᠢᠭᠯᠠᠵᠤ᠂ ᠬᠤᠣᠷ ᠴᠠᠭ᠋ᠠᠵᠠᠯᠠᠬᠤ᠂ ᠬᠠᠤᠯᠢ ᠬᠡᠷᠡᠭᠵᠢᠭᠦᠯᠬᠦ᠂ ᠵᠣᠬᠢᠶᠠᠮᠠᠯ ᠤᠶᠤᠨ ᠴᠢᠳᠠᠪᠤᠷᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠬᠦᠷᠢᠶᠡᠨ᠎ᠤ ᠬᠠᠮᠲᠤᠷᠠᠯᠴᠠᠭ᠎ᠠ ᠵᠢ ᠥᠷᠨᠢᠭᠦᠯᠦᠶ᠎ᠡ᠃
ᠳᠥᠷᠪᠡ᠎ᠳᠤ᠂ ᠲᠣᠮᠣ ᠤᠯᠤᠰ᠎ᠤᠨ ᠬᠠᠷᠢᠭᠤᠴᠠᠯᠭ᠎ᠠ ᠵᠢ ᠬᠠᠮᠲᠤ᠎ᠪᠠᠷ ᠡᠭᠦᠷᠭᠡᠯᠡᠶ᠎ᠡ᠃ ᠬᠥᠮᠥᠨ ᠲᠥᠷᠥᠯᠬᠢᠲᠡᠨ᠎ᠤ ᠨᠡᠶ᠋ᠢᠭᠡᠮ᠎ᠳᠤ ᠲᠤᠯᠭ᠋ᠠᠷᠠᠵᠤ ᠪᠠᠶ᠋ᠢᠭ᠎ᠠ ᠶᠠᠷᠰᠢᠭ ᠲᠦᠪᠡᠭᠲᠡᠢ ᠶᠠᠪᠤᠳᠠᠯ᠎ᠢ ᠰᠢᠢ᠍ᠳᠪᠦᠷᠢᠯᠡᠬᠦ᠎ᠳᠤ ᠲᠣᠮᠣ ᠤᠯᠤᠰ᠎ᠤᠨ ᠬᠠᠮᠲᠤᠷᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠠᠮᠧᠷᠢᠺᠠ ᠬᠡᠪ ᠳᠠᠭᠤᠷᠢᠶᠠᠯ ᠪᠣᠯᠵᠤ᠂ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ ᠳᠡᠭᠡᠷᠡᠬᠢ ᠵᠣᠬᠢᠴᠠᠭᠤᠯᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠪᠦᠭᠦ ᠪᠥᠮᠪᠥᠷᠴᠡᠭ᠎ᠲᠤ ᠨᠡᠩ ᠤᠯᠠᠨ ᠤᠯᠠᠨ ᠨᠡᠶ᠋ᠢᠲᠡ ᠵᠢᠨ ᠦᠢ᠍ᠯᠡᠳᠬᠦᠨ᠎ᠢ ᠬᠠᠩᠭ᠋ᠠᠪᠠᠯ ᠵᠣᠬᠢᠨ᠎ᠠ᠃ ᠬᠤᠶᠠᠷ ᠲᠠᠯ᠎ᠠ ᠵᠢᠨ ᠳᠤᠷᠠᠳᠤᠭᠰᠠᠨ ᠰᠠᠨᠠᠭ᠋ᠠᠴᠢᠯᠠᠭ᠎ᠠ᠎ᠨᠢ ᠬᠠᠷᠢᠯᠴᠠᠨ ᠨᠡᠭᠡᠭᠡᠯᠲᠡᠲᠡᠢ ᠪᠠᠶ᠋ᠢᠪᠠᠯ ᠵᠣᠬᠢᠨ᠎ᠠ᠂ ᠪᠠᠰᠠ ᠵᠣᠬᠢᠴᠠᠭᠤᠯᠤᠨ ᠵᠣᠯᠭ᠋ᠠᠭᠤᠯᠵᠤ᠂ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠳᠡᠯᠡᠬᠡᠢ ᠳ᠋ᠠᠬᠢᠨ᠎ᠳᠤ ᠪᠤᠶᠠᠨ ᠦᠢ᠍ᠯᠡᠳᠴᠦ ᠪᠣᠯᠣᠨ᠎ᠠ᠃
ᠲᠠᠪᠤ᠎ᠳᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠬᠠᠮᠲᠤ᠎ᠪᠠᠷ ᠠᠬᠢᠭᠤᠯᠤᠶ᠎ᠠ᠃ ᠬᠤᠶᠠᠷ ᠤᠯᠤᠰ᠎ᠤᠨ ᠵᠢᠰᠢᠶᠠᠨ᠎ᠤ ᠨᠢᠰᠬᠡᠯ᠎ᠢ ᠨᠡᠮᠡᠭᠳᠡᠭᠦᠯᠵᠦ᠂ ᠵᠢᠭᠤᠯᠴᠢᠯᠠᠯ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠣᠷᠣᠨ ᠨᠤᠲᠤᠭ᠎ᠤᠨ ᠶᠠᠪᠤᠯᠴᠠᠭ᠎ᠠ ᠵᠢ ᠥᠷᠭᠡᠳᠬᠡᠵᠦ᠂ ᠰᠤᠷᠭ᠋ᠠᠨ ᠬᠥᠮᠦᠵᠢᠯ᠂ ᠵᠡᠮᠳᠡᠭᠴᠦᠳ᠎ᠤᠨ ᠬᠡᠷᠡᠭ ᠶᠠᠪᠤᠳᠠᠯ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠬᠠᠷᠰᠢᠯᠠᠵᠤ ᠪᠠᠶ᠋ᠢᠭ᠎ᠠ ᠨᠠᠵᠠᠭ᠋ᠠᠢ ᠲᠠᠯ᠎ᠠ ᠵᠢᠨ ᠬᠦᠴᠦᠨ ᠵᠦᠢ᠍ᠯ᠎ᠢ ᠪᠠᠭ᠋ᠠᠰᠬᠠᠵᠤ᠂ ᠬᠤᠶᠠᠷ ᠤᠯᠤᠰ᠎ᠤᠨ ᠠᠷᠠᠳ ᠲᠦᠮᠡᠨ᠎ᠤ ᠢᠯᠡᠭᠦᠬᠡᠨ ᠶᠠᠪᠤᠯᠴᠠᠵᠤ᠂ ᠢᠯᠡᠭᠦᠬᠡᠨ ᠣᠯᠣᠯᠴᠠᠬᠤ ᠵᠢ ᠵᠣᠷᠢᠭᠵᠢᠭᠤᠯᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠡᠷᠡᠭᠦᠯ ᠵᠶ᠋ᠠᠷ ᠬᠥᠭᠵᠢᠬᠦ᠎ᠳᠤ ᠰᠠᠭᠤᠷᠢ ᠵᠢ ᠪᠠᠲᠤᠳᠬᠠᠶ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ ᠲᠠᠶ᠋ᠢᠸᠠᠨ᠎ᠤ ᠠᠰᠠᠭᠤᠳᠠᠯ᠎ᠤᠨ ᠲᠤᠬᠠᠢ ᠵᠠᠷᠴᠢᠮ ᠵᠣᠭᠰᠣᠯᠲᠠ᠎ᠪᠠᠨ ᠭᠦᠨᠵᠡᠭᠡᠢ ᠲᠣᠳᠣᠷᠬᠠᠶ᠋ᠢᠯᠠᠨ ᠥᠭᠦᠯᠡᠵᠦ᠂ ᠲᠠᠶ᠋ᠢᠸᠠᠨ᠎ᠤ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠳᠤᠮᠳᠠᠬᠢ ᠬᠠᠮᠤᠭ᠎ᠤᠨ ᠴᠢᠬᠤᠯᠠ᠂ ᠬᠠᠮᠤᠭ᠎ᠤᠨ ᠰᠡᠷᠭᠡᠭ ᠠᠰᠠᠭᠤᠳᠠᠯ ᠪᠣᠯᠣᠨ᠎ᠠ᠃ ᠪᠠᠯ᠎ᠢ ᠠᠷᠠᠯ᠎ᠤᠨ ᠠᠭᠤᠯᠵᠠᠯᠲᠠ ᠵᠢᠨ ᠦᠶ᠎ᠡ ᠵᠢᠨ ᠠᠮᠧᠷᠢᠺᠠ ᠵᠢᠨ ᠬᠤᠯᠪᠣᠭᠳᠠᠯ ᠪᠦᠬᠦᠢ ᠢᠳᠡᠪᠬᠢᠲᠡᠢ ᠣᠪᠣᠷ᠎ᠢ ᠳᠤᠮᠳᠠᠳᠤ ᠤᠯᠤᠰ ᠴᠢᠬᠤᠯᠠᠴᠢᠯᠠᠵᠤ ᠪᠠᠶ᠋ᠢᠨ᠎ᠠ᠃ ᠠᠮᠧᠷᠢᠺᠠ ᠵᠢᠨ ᠬᠢᠨ 《ᠲᠠᠶ᠋ᠢᠸᠠᠨ᠎ᠢ ᠲᠤᠰᠠᠭ᠋ᠠᠷ ᠲᠣᠭᠲᠠᠨᠢᠭᠤᠯᠬᠤ》 ᠵᠢ ᠦᠯᠦ ᠳᠡᠮᠵᠢᠬᠦ ᠣᠪᠣᠷ ᠵᠶ᠋ᠠᠨ ᠪᠣᠳᠠᠲᠠᠢ ᠠᠵᠢᠯᠯᠠᠭ᠎ᠠ ᠳᠡᠭᠡᠷ᠎ᠡ᠎ᠪᠠᠨ ᠢᠯᠡᠷᠡᠭᠦᠯᠵᠦ᠂ ᠲᠠᠶ᠋ᠢᠸᠠᠨ᠎ᠢ ᠵᠡᠪᠰᠡᠭᠯᠡᠬᠦ᠎ᠪᠠᠨ ᠵᠣᠭᠰᠣᠵᠤ᠂ ᠳᠤᠮᠳᠠᠳᠤ ᠤᠯᠤᠰ᠎ᠤᠨ ᠨᠠᠶ᠋ᠢᠷᠠᠮᠳᠠᠯ ᠵᠶ᠋ᠠᠷ ᠨᠢᠭᠡᠳᠬᠡᠬᠦ ᠵᠢ ᠳᠡᠮᠵᠢᠪᠡᠯ ᠵᠣᠬᠢᠨ᠎ᠠ᠃ ᠳᠤᠮᠳᠠᠳᠤ ᠤᠯᠤᠰ ᠡᠴᠦᠰ᠎ᠲᠡᠭᠡᠨ ᠨᠢᠭᠡᠳᠬᠦ ᠪᠥᠭᠡᠳ ᠵᠠᠶ᠋ᠢᠯᠠᠰᠢ ᠦᠭᠡᠢ ᠨᠢᠭᠡᠳᠬᠦ ᠶᠤᠮ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠠᠮᠧᠷᠢᠺᠠ ᠵᠢᠨ᠎ᠬᠢᠨ ᠭᠠᠳᠠᠭ᠋ᠠᠳᠤ ᠭᠠᠷᠭ᠋ᠠᠯᠲᠠ ᠵᠢᠨ ᠬᠠᠮᠢᠶᠠᠷᠤᠯᠲᠠ᠂ ᠪᠡᠯᠡ ᠣᠷᠣᠭᠤᠯᠤᠯᠲᠠ ᠵᠢᠨ ᠬᠢᠨᠠᠨ ᠪᠠᠶ᠋ᠢᠴᠠᠭ᠋ᠠᠯᠲᠠ᠂ ᠭᠠᠭᠴᠠ ᠲᠠᠯ᠎ᠠ ᠵᠢᠨ ᠵᠠᠯᠬᠠᠭ᠋ᠠᠯ᠎ᠤᠨ ᠲᠠᠯ᠎ᠠ᠎ᠪᠠᠷ ᠲᠠᠰᠤᠷᠠᠯᠲᠠ ᠦᠭᠡᠢ ᠳᠤᠮᠳᠠᠳᠤ ᠤᠯᠤᠰ᠎ᠲᠤ ᠴᠢᠭᠯᠡᠭᠦᠯᠦᠭᠰᠡᠨ ᠠᠷᠭ᠎ᠠ ᠬᠡᠮᠵᠢᠶ᠎ᠡ ᠠᠪᠴᠤ᠂ ᠳᠤᠮᠳᠠᠳᠤ ᠤᠯᠤᠰ᠎ᠤᠨ ᠵᠦᠢ ᠶᠣᠰᠣᠨ᠎ᠤ ᠠᠰᠢᠭ ᠲᠤᠰᠠ ᠵᠢ ᠬᠦᠨᠳᠦ ᠨᠣᠴᠢᠲᠠᠢ ᠬᠤᠬᠢᠷᠠᠭᠤᠯᠵᠤ ᠪᠠᠶ᠋ᠢᠨ᠎ᠠ᠃ ᠳᠤᠮᠳᠠᠳᠤ ᠤᠯᠤᠰ᠎ᠤᠨ ᠬᠥᠭᠵᠢᠯᠲᠡ ᠪᠣᠯ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠤᠯᠭ᠋ᠠᠬᠰᠠᠨ ᠶᠤᠮ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠠᠯᠪᠠᠳᠠᠨ ᠳᠠᠷᠤᠬᠤ ᠪᠣᠯ ᠳᠤᠮᠳᠠᠳᠤ ᠤᠯᠤᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠤᠷᠢᠭᠯᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠬᠥᠭᠵᠢᠯᠲᠡ ᠵᠢᠨ ᠡᠷᠬᠡ ᠵᠢ ᠪᠤᠯᠢᠶᠠᠭᠰᠠᠨ ᠶᠠᠪᠤᠳᠠᠯ ᠪᠣᠯᠣᠨ᠎ᠠ᠃ ᠳᠤᠮᠳᠠᠳᠤ ᠤᠯᠤᠰ᠎ᠤᠨ ᠬᠥᠭᠵᠢᠯ ᠪᠤᠵᠠᠭ᠋ᠠᠶ᠋ᠢᠷᠠᠯᠨᠢ ᠳᠣᠲᠣᠭ᠋ᠠᠳᠤ ᠯᠣᠭᠢᠭ᠎ᠲᠠᠢ ᠪᠠᠶ᠋ᠢᠵᠤ᠂ ᠭᠠᠳᠠᠭ᠋ᠠᠳᠤ ᠬᠦᠴᠦᠨ ᠬᠤᠷᠢᠭᠯᠠᠵᠤ ᠳᠡᠶ᠋ᠢᠯᠭᠦ ᠦᠭᠡᠢ ᠶᠤᠮ᠃ ᠠᠮᠧᠷᠢᠺᠠ ᠵᠢᠨ᠎ᠬᠢᠨ ᠳᠤᠮᠳᠠᠳᠤ ᠤᠯᠤᠰ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠲᠥᠪ ᠴᠢᠩᠭ᠎ᠠ᠎ᠪᠠᠷ ᠬᠠᠨᠳᠤᠵᠤ᠂ ᠠᠵᠢᠯᠯᠠᠭ᠎ᠠ ᠠᠪᠴᠤ᠂ ᠭᠠᠭᠴᠠ ᠲᠠᠯ᠎ᠠ ᠵᠢᠨ ᠵᠠᠯᠬᠠᠭ᠋ᠠᠯᠢ ᠬᠦᠴᠦᠨ ᠦᠭᠡᠢ ᠪᠤᠯᠭ᠋ᠠᠵᠤ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠳᠤ ᠡᠷᠬᠡ ᠲᠡᠭᠰᠢ᠂ ᠲᠥᠪ ᠭᠤᠣᠯᠴᠢ᠂ ᠦᠯᠦ ᠭᠠᠳᠠᠭᠤᠷᠴᠢᠯᠠᠬᠤ ᠣᠷᠴᠢᠨ ᠨᠥᠬᠦᠴᠡᠯ ᠬᠠᠩᠭ᠋ᠠᠬᠤ ᠵᠢ ᠬᠦᠰᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠪᠠᠶ᠋ᠢᠳᠧᠨ ᠰᠢ ᠵᠢᠨ ᠫᠢᠩ᠎ᠤᠨ ᠤᠷᠢᠯᠭ᠎ᠠ᠎ᠪᠠᠷ ᠠᠮᠧᠷᠢᠺᠠ᠎ᠳᠤ ᠬᠦᠷᠴᠦ ᠠᠮᠧᠷᠢᠺᠠ ᠳᠤᠮᠳᠠᠳᠤ ᠵᠢᠨ ᠲᠡᠷᠢᠭᠦᠨ᠎ᠤ ᠠᠭᠤᠯᠵᠠᠯᠲᠠ᠎ᠳᠤ ᠣᠷᠤᠯᠴᠠᠬᠤ ᠵᠢ ᠬᠠᠯᠠᠭᠤᠨ ᠵᠶ᠋ᠠᠷ ᠤᠭᠲᠤᠵᠤ ᠪᠠᠶ᠋ᠢᠬᠤ᠎ᠪᠠᠨ ᠢᠯᠡᠳᠬᠡᠪᠡ᠃ ᠪᠠᠶ᠋ᠢᠳᠧᠨ᠂ ᠨᠢᠳᠤᠨᠤᠨ ᠪᠢ ᠲᠡᠷᠢᠭᠦᠯᠡᠭᠴᠢ ᠰᠢ ᠵᠢᠨ ᠫᠢᠩ᠎ᠲᠠᠢ ᠪᠠᠯ᠎ᠢ ᠠᠷᠠᠯ᠎ᠳᠤ ᠴᠢᠬᠤᠯᠠ ᠠᠭᠤᠯᠵᠠᠯᠲᠠ ᠬᠢᠵᠡᠢ᠃ ᠰᠠᠨ ᠹᠷᠠᠨᠰᠢᠰᠺᠤ ᠪᠣᠯ ᠳᠤᠮᠳᠠᠳᠤᠴᠤᠳ᠎ᠤᠨ ᠬᠠᠮᠤᠭ᠎ᠤᠨ ᠲᠦᠷᠦᠭᠦᠨ᠎ᠳᠤ ᠠᠮᠧᠷᠢᠺᠠ᠎ᠳᠤ ᠬᠦᠷᠬᠦ ᠭᠠᠵᠠᠷ ᠮᠥᠨ᠂ ᠠᠮᠧᠷᠢᠺᠠ ᠳᠤᠮᠳᠠᠳᠤ ᠬᠠᠮᠲᠤ᠎ᠪᠠᠷ 《ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ》᠎ᠳᠤ ᠭᠠᠷᠤᠨ ᠦᠰᠦᠭ ᠵᠢᠷᠤᠬᠤ᠎ᠳᠤ ᠣᠷᠣᠯᠴᠠᠬᠰᠠᠨ ᠭᠠᠵᠠᠷ ᠮᠥᠨ᠂ ᠮᠥᠨ ᠴᠤ᠌ ᠠᠮᠧᠷᠢᠺᠠ ᠳᠤᠮᠳᠠᠳᠤ ᠬᠠᠮᠤᠭ᠎ᠤᠨ ᠡᠷᠲᠡ ᠨᠥᠭᠦᠷᠰᠡᠭ ᠬᠤᠳᠠ ᠪᠠᠶ᠋ᠢᠭᠤᠯᠤᠭᠰᠠᠨ ᠭᠠᠵᠠᠷ ᠮᠥᠨ᠃ ᠥᠨᠥᠳᠥᠷ ᠪᠢᠳᠡ ᠰᠠᠨ ᠹᠷᠠᠨᠰᠢᠰᠺᠤ᠎ᠳᠤ ᠳᠠᠬᠢᠨᠲᠠ ᠨᠢᠭᠤᠷᠲᠠᠨ ᠠᠭᠤᠯᠵᠠᠭᠰᠠᠨ᠎ᠨᠢ ᠣᠨᠴᠠᠭ᠋ᠠᠶ ᠴᠢᠬᠤᠯᠠ ᠠᠴᠢ ᠬᠤᠯᠪᠣᠭᠳᠠᠯ᠎ᠲᠠᠢ ᠶᠤᠮ᠂ ᠪᠢ ᠪᠠᠯ᠎ᠢ ᠠᠷᠠᠯ᠎ᠤᠨ ᠠᠭᠤᠯᠵᠠᠯᠲᠠ ᠵᠢᠨ ᠰᠠᠭᠤᠷᠢᠨ ᠳᠡᠭᠡᠷ᠎ᠡ ᠰᠢᠨ᠎ᠡ ᠬᠠᠮᠲᠤ ᠵᠢᠨ ᠲᠠᠨᠢᠯᠲᠠ ᠪᠠ ᠦᠷ᠎ᠡ ᠪᠦᠲᠦᠭᠡᠯ ᠣᠯᠬᠤ ᠵᠢ ᠬᠦᠰᠡᠵᠦ ᠪᠠᠶ᠋ᠢᠨ᠎ᠠ ᠭᠡᠵᠦ ᠢᠯᠡᠳᠬᠡᠪᠡ᠃
ᠪᠠᠶ᠋ᠢᠳᠧᠨ᠂ ᠠᠮᠧᠷᠢᠺᠠ ᠳᠤᠮᠳᠠᠳᠤ ᠵᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠬᠤᠶᠠᠷ ᠲᠠᠯ᠎ᠠ ᠵᠢᠨ ᠬᠠᠷᠢᠯᠴᠠᠭ᠎ᠠ ᠮᠥᠨ᠂ ᠠᠮᠧᠷᠢᠺᠠ ᠳᠤᠮᠳᠠᠳᠤ ᠵᠢᠨ ᠮᠥᠷᠭᠦᠯᠳᠦᠭᠡᠨ᠎ᠨᠢ ᠵᠠᠶ᠋ᠢᠯᠠᠰᠢ ᠦᠭᠡᠢ ᠪᠢᠰᠢ᠂ ᠨᠢᠭᠡᠨ ᠲᠣᠭᠲᠠᠭᠤᠨ ᠪᠠ ᠬᠥᠭᠵᠢᠭᠰᠡᠨ ᠳᠤᠮᠳᠠᠳᠤ ᠤᠯᠤᠰ᠎ᠨᠢ ᠠᠮᠧᠷᠢᠺᠠ ᠪᠣᠯᠣᠨ ᠳᠡᠯᠡᠬᠡᠢ ᠵᠢᠨ ᠠᠰᠢᠭ ᠲᠤᠰᠠ᠎ᠳᠤ ᠨᠡᠶ᠋ᠢᠴᠡᠨ᠎ᠡ᠂ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ᠎ᠨᠢ ᠠᠮᠧᠷᠢᠺᠠ᠎ᠳᠤ ᠠᠰᠢᠭᠲᠠᠢ ᠪᠥᠭᠡᠳ ᠳᠡᠯᠡᠬᠡᠢ ᠳ᠋ᠠᠬᠢᠨ᠎ᠳᠤ ᠴᠤ᠌ ᠠᠰᠢᠭᠲᠠᠢ ᠭᠡᠵᠦ ᠪᠢ ᠢᠮᠠᠭᠲᠠ ᠦᠵᠡᠭᠰᠡᠭᠡᠷ ᠢᠷᠡᠵᠠᠢ᠃ ᠠᠮᠧᠷᠢᠺᠠ ᠳᠤᠮᠳᠠᠳᠤ ᠵᠢᠨ ᠬᠠᠷᠢᠯᠴᠠᠭ᠎ᠠ ᠲᠣᠭᠲᠠᠭᠤᠨ ᠪᠠᠶ᠋ᠢᠳᠠᠯ ᠵᠶ᠋ᠠᠨ ᠪᠠᠲᠤᠯᠠᠵᠤ᠂ ᠮᠥᠷᠭᠦᠯᠳᠦᠭᠡᠨ᠎ᠢ ᠰᠡᠷᠭᠡᠶ᠋ᠢᠯᠡᠵᠦ᠂ ᠵᠥᠷᠢᠯᠳᠦᠭᠡᠨ ᠵᠶ᠋ᠠᠨ ᠬᠠᠮᠢᠶᠠᠷᠤᠨ ᠡᠵᠡᠮᠳᠡᠬᠦ ᠵᠢᠨ ᠬᠠᠮᠲᠤ ᠬᠤᠶᠠᠷ ᠲᠠᠯ᠎ᠠ ᠵᠢᠨ ᠠᠰᠢᠭ ᠲᠤᠰᠠ᠎ᠳᠤ ᠨᠡᠶ᠋ᠢᠴᠡᠬᠦ ᠬᠦᠷᠢᠶᠡᠨ᠎ᠳᠤ ᠬᠠᠮᠲᠤᠷᠠᠯᠴᠠᠭ᠎ᠠ ᠥᠷᠨᠢᠭᠦᠯᠬᠦ᠎ᠨᠢ ᠬᠤᠶᠠᠷ ᠤᠯᠤᠰ᠎ᠤᠨ ᠲᠤᠰ ᠲᠤᠰ᠎ᠤᠨ ᠪᠠ ᠬᠠᠮᠲᠤ᠎ᠪᠠᠷ ᠲᠤᠯᠭ᠋ᠠᠷᠠᠵᠤ ᠪᠠᠶ᠋ᠢᠭ᠎ᠠ ᠠᠰᠠᠭᠤᠳᠠᠯ᠎ᠢ ᠨᠡᠩ ᠰᠠᠶ᠋ᠢᠲᠤᠷ ᠠᠷᠭ᠋ᠠᠴᠠᠭ᠋ᠠᠬᠤ᠎ᠳᠤ ᠠᠰᠢᠭᠲᠠᠢ ᠶᠤᠮ᠃ ᠪᠢ ᠳᠤᠷᠠᠲᠠᠶ᠎ᠠ ᠪᠠᠯ᠎ᠢ ᠠᠷᠠᠯ᠎ᠤᠨ ᠠᠭᠤᠯᠵᠠᠯᠲᠠ᠎ᠳᠤ ᠬᠢᠭᠰᠡᠨ ᠲᠠᠪᠤᠨ ᠠᠮᠠᠯᠠᠯᠲᠠ ᠵᠢ ᠳᠠᠪᠲᠠᠨ ᠢᠯᠡᠷᠬᠡᠶ᠋ᠢᠯᠡᠶ᠎ᠡ᠂ ᠲᠤᠬᠠᠶ᠋ᠢᠯᠠᠪᠠᠯ᠄ ᠠᠮᠧᠷᠢᠺᠠ ᠰᠢᠨ᠎ᠡ ᠬᠦᠢ᠍ᠲᠡᠨ ᠲᠠᠶ᠋ᠢᠨ᠎ᠢ ᠡᠷᠢᠯᠬᠢᠯᠡᠬᠦ ᠦᠭᠡᠢ᠂ ᠳᠤᠮᠳᠠᠳᠤ ᠤᠯᠤᠰ᠎ᠤᠨ ᠪᠠᠶ᠋ᠢᠭᠤᠯᠤᠯ᠎ᠢ ᠥᠭᠡᠷᠡᠴᠢᠯᠡᠬᠦ ᠵᠢ ᠡᠷᠢᠯᠬᠢᠯᠡᠬᠦ ᠦᠭᠡᠢ᠂ ᠬᠤᠯᠪᠣᠭ᠋ᠠᠨ᠎ᠤ ᠬᠠᠷᠢᠯᠴᠠᠭ᠎ᠠ᠎ᠪᠠᠨ ᠴᠢᠩᠭ᠋ᠠᠳᠬᠠᠬᠤ᠎ᠪᠠᠷ ᠳᠠᠮᠵᠢᠭᠤᠯᠤᠨ ᠳᠤᠮᠳᠠᠳᠤ ᠤᠯᠤᠰ᠎ᠢ ᠡᠰᠡᠷᠭᠦᠴᠡᠬᠦ ᠦᠭᠡᠢ᠂ 《ᠲᠠᠶ᠋ᠢᠸᠠᠨ᠎ᠤ ᠲᠤᠰᠠᠭ᠋ᠠᠷ ᠲᠣᠭᠲᠠᠨᠢᠬᠤ》 ᠵᠢ ᠳᠡᠮᠵᠢᠬᠦ ᠦᠭᠡᠢ᠂ ᠳᠤᠮᠳᠠᠳᠤ ᠤᠯᠤᠰ᠎ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ᠃ ᠠᠮᠧᠷᠢᠺᠠ ᠳᠤᠮᠳᠠᠳᠤ ᠵᠢᠨ ᠠᠵᠤ ᠠᠬᠤᠢ ᠬᠠᠷᠢᠯᠴᠠᠨ ᠲᠦᠰᠢᠭᠯᠡᠯᠴᠡᠨᠡ᠂ ᠠᠮᠧᠷᠢᠺᠠ ᠳᠤᠮᠳᠠᠳᠤ ᠤᠯᠤᠰ᠎ᠤᠨ ᠬᠥᠭᠵᠢᠯᠲᠡ ᠴᠢᠨᠡᠭᠡᠯᠢᠭᠵᠢᠯ᠎ᠢ ᠣᠯᠵᠤ ᠬᠠᠷᠠᠬᠤ ᠳᠤᠷᠠᠲᠠᠢ᠂ ᠳᠤᠮᠳᠠᠳᠤ ᠤᠯᠤᠰ᠎ᠤᠨ ᠬᠥᠭᠵᠢᠯᠲᠡ ᠵᠢ ᠳᠠᠷᠤᠯᠲᠠ ᠦᠵᠡᠭᠦᠯᠵᠦ ᠬᠤᠷᠢᠭᠯᠠᠬᠤ ᠵᠢ ᠡᠷᠢᠯᠬᠢᠯᠡᠬᠦ ᠦᠭᠡᠢ᠂ ᠳᠤᠮᠳᠠᠳᠤ ᠤᠯᠤᠰ᠎ᠲᠠᠢ ᠬᠠᠷᠢᠯᠴᠠᠭ᠎ᠠ᠎ᠪᠠᠨ ᠲᠠᠰᠤᠯᠬᠤ ᠵᠢ ᠡᠷᠢᠯᠬᠢᠯᠡᠬᠦ ᠦᠭᠡᠢ᠃ ᠠᠮᠧᠷᠢᠺᠠ ᠵᠢᠨ ᠲᠠᠯ᠎ᠠ ᠵᠢᠨ᠎ᠬᠢᠨ ᠨᠢᠭᠡ ᠳᠤᠮᠳᠠᠳᠤ ᠤᠯᠤᠰ ᠪᠠᠶ᠋ᠢᠬᠤ ᠲᠦᠷᠦ ᠵᠢᠨ ᠪᠣᠳᠣᠯᠭ᠎ᠠ ᠵᠢ ᠬᠢᠴᠢᠶᠡᠩᠭᠦᠶ᠋ᠢᠯᠡᠨ ᠵᠢᠷᠤᠮᠯᠠᠵᠤ᠂ ᠬᠤᠶᠠᠷ ᠲᠠᠯ᠎ᠠ ᠵᠢᠨ ᠡᠯ᠎ᠡ ᠰᠠᠯᠠᠭ᠎ᠠ ᠮᠥᠴᠢᠷ ᠡᠯ᠎ᠡ ᠲᠡᠰ ᠳᠠᠪᠬᠤᠷᠭ᠎ᠠ ᠵᠢᠨ ᠶᠠᠷᠢᠯᠴᠠᠭ᠎ᠠ ᠥᠷᠨᠢᠭᠦᠯᠬᠦ ᠵᠢ ᠪᠠᠶᠠᠷᠯᠠᠨ ᠤᠭᠲᠤᠵᠤ᠂ ᠳᠤᠮᠳᠠᠳᠤ ᠤᠯᠤᠰ᠎ᠯᠤᠭ᠎ᠠ ᠨᠡᠭᠡᠭᠡᠯᠲᠡᠲᠤ ᠦᠨᠡᠨᠴᠢ ᠣᠯᠣᠯᠴᠠᠭ᠎ᠠ᠎ᠪᠠᠨ ᠳᠤᠷᠠᠲᠠᠶ᠎ᠠ ᠦᠷᠭᠦᠯᠵᠢᠯᠡᠨ ᠪᠠᠲᠤᠯᠠᠵᠤ᠂ ᠣᠶ᠋ᠢᠯᠠᠭ᠋ᠠᠯᠴᠠᠭ᠎ᠠ᠎ᠪᠠᠨ ᠨᠡᠮᠡᠭᠳᠡᠭᠦᠯᠵᠦ᠂ ᠠᠳᠡᠭᠦᠷᠡᠯ᠎ᠠᠴᠠ ᠵᠠᠶ᠋ᠢᠯᠠᠰᠬᠢᠵᠦ᠂ ᠵᠥᠷᠢᠯᠳᠦᠭᠡᠨ ᠵᠶ᠋ᠠᠨ ᠬᠠᠮᠢᠶᠠᠷᠤᠨ ᠡᠵᠡᠮᠳᠡᠨ᠎ᠡ᠃ ᠠᠮᠧᠷᠢᠺᠠ ᠵᠢᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠎ᠪᠠᠨ ᠦᠷᠭᠦᠯᠵᠢᠯᠡᠨ ᠬᠥᠭᠵᠢᠭᠦᠯᠵᠦ᠂ ᠠᠭᠤᠷ ᠠᠮᠢᠰᠬᠤᠯ᠎ᠤᠨ ᠬᠤᠪᠢᠷᠠᠯᠲᠠ᠂ ᠬᠤᠣᠷ ᠴᠠᠭ᠋ᠠᠵᠠᠯᠠᠬᠤ᠂ ᠵᠣᠬᠢᠶᠠᠮᠠᠯ ᠤᠶᠤᠨ ᠵᠡᠷᠭᠡ ᠴᠢᠬᠤᠯᠠ ᠬᠦᠷᠢᠶᠡᠨ᠎ᠳᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠤᠶᠠᠷ ᠤᠯᠤᠰ᠎ᠤᠨ ᠰᠢᠭᠤᠳ ᠬᠦᠷᠬᠦ ᠡᠭᠡᠯᠵᠢ ᠵᠢᠨ ᠨᠢᠰᠬᠡᠯ ᠵᠶ᠋ᠠᠨ ᠨᠡᠮᠡᠭᠳᠡᠭᠦᠯᠵᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠣᠯᠢᠯᠴᠠᠭ᠎ᠠ ᠪᠣᠯᠣᠨ ᠬᠥᠮᠥᠰ᠎ᠤᠨ ᠶᠠᠪᠤᠯᠴᠠᠭ᠎ᠠ᠎ᠪᠠᠨ ᠥᠷᠭᠡᠳᠬᠡᠬᠦ ᠵᠢ ᠣᠯᠵᠤ ᠬᠠᠷᠠᠬᠤ ᠳᠤᠷᠠᠲᠠᠢ ᠭᠡᠵᠦ ᠢᠯᠡᠳᠬᠡᠪᠡ᠃
ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ ᠵᠢᠨ ᠪᠦᠯᠭᠦᠮ᠎ᠤᠨ᠎ᠬᠢᠨ ᠪᠠᠯ᠎ᠢ ᠠᠷᠠᠯ᠎ᠤᠨ ᠠᠭᠤᠯᠵᠠᠯᠲᠠ ᠬᠢᠭᠰᠡᠨ᠎ᠠᠴᠠ ᠨᠠᠭ᠋ᠠᠰᠢ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢᠨ ᠵᠢᠯᠤᠭᠤᠳᠬᠤ ᠵᠠᠷᠴᠢᠮ᠎ᠢ ᠶᠠᠷᠢᠯᠴᠠᠨ ᠲᠣᠭᠲᠠᠭ᠋ᠠᠭᠰᠠᠨ ᠴᠢᠷᠮᠠᠶ᠋ᠢᠯᠭ᠎ᠠ ᠵᠢ ᠮᠡᠳᠡᠷᠡᠵᠦ᠂ ᠬᠠᠷᠢᠯᠴᠠᠨ ᠭᠦᠨᠳᠦᠳᠭᠡᠵᠦ᠂ ᠨᠠᠶ᠋ᠢᠷᠠᠮᠳᠠᠯ ᠵᠶ᠋ᠠᠷ ᠵᠡᠷᠭᠡᠴᠡᠨ ᠣᠷᠣᠰᠢᠵᠤ᠂ ᠣᠯᠣᠯᠴᠠᠭ᠎ᠠ᠎ᠪᠠᠨ ᠪᠠᠲᠤᠯᠠᠵᠤ᠂ ᠮᠥᠷᠭᠦᠯᠳᠦᠭᠡᠨ᠎ᠢ ᠰᠡᠷᠭᠡᠶ᠋ᠢᠯᠡᠵᠦ᠂ 《ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠳᠦᠷᠢᠮ》᠎ᠢ ᠬᠢᠴᠢᠶᠡᠩᠭᠦᠶ᠋ᠢᠯᠡᠨ ᠵᠢᠷᠤᠮᠯᠠᠵᠤ᠂ ᠬᠠᠮᠲᠤ ᠵᠢᠨ ᠠᠰᠢᠭ ᠲᠤᠰᠠ ᠪᠦᠬᠦᠢ ᠬᠦᠷᠢᠶᠡᠨ᠎ᠳᠤ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠲᠠᠯ᠎ᠠ ᠵᠢᠨ ᠬᠠᠷᠢᠯᠴᠠᠭ᠎ᠠ᠎ᠳᠠᠬᠢ ᠥᠷᠢᠰᠦᠯᠳᠦᠭᠡᠨ᠎ᠤ ᠡᠯᠧᠮᠧᠨ᠋ᠲ᠎ᠢ ᠬᠠᠷᠢᠭᠤᠴᠠᠯᠭ᠎ᠠ᠎ᠲᠠᠢ᠎ᠪᠠᠷ ᠬᠠᠮᠢᠶᠠᠷᠤᠨ ᠡᠵᠡᠮᠳᠡᠨ᠎ᠡ ᠭᠡᠵᠦ ᠴᠢᠬᠤᠯᠠᠴᠢᠯᠠᠪᠠ᠃ ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ ᠵᠢᠨ ᠪᠦᠯᠭᠦᠮ ᠦᠷᠭᠦᠯᠵᠢᠯᠡᠨ ᠡᠭᠦᠨ᠎ᠤ ᠲᠤᠬᠠᠢ ᠶᠠᠷᠢᠯᠴᠠᠬᠤ ᠵᠢ ᠪᠠᠶᠠᠷᠯᠠᠨ ᠤᠭᠲᠤᠪᠠ᠃
ᠬᠤᠶᠠᠷ ᠤᠯᠤᠰ᠎ᠤᠨ ᠲᠡᠷᠢᠭᠦᠨ ᠳᠤᠮᠳᠠᠳᠤ ᠠᠮᠧᠷᠢᠺᠠ ᠵᠢᠨ ᠡᠯ᠎ᠡ ᠬᠦᠷᠢᠶᠡᠨ᠎ᠳᠠᠬᠢ ᠶᠠᠷᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠬᠤ ᠪᠠ ᠴᠢᠩᠭ᠋ᠠᠳᠬᠠᠬᠤ ᠵᠢ ᠵᠥᠪᠰᠢᠶᠡᠷᠡᠪᠡ᠂ ᠡᠭᠦᠨ᠎ᠳᠤ᠄ ᠵᠣᠬᠢᠶᠠᠮᠠᠯ ᠤᠶᠤᠨ᠎ᠤ ᠵᠠᠰᠠᠭ᠎ᠤᠨ ᠣᠷᠳᠣᠨ᠎ᠤ ᠬᠤᠭᠤᠷᠣᠨᠳᠣᠭᠢ ᠶᠠᠷᠢᠯᠴᠠᠭ᠎ᠠ ᠵᠢ ᠪᠠᠶ᠋ᠢᠭᠤᠯᠤᠨ᠎ᠠ; ᠳᠤᠮᠳᠠᠳᠤ ᠠᠮᠧᠷᠢᠺᠠ ᠵᠢᠨ ᠬᠤᠣᠷ ᠴᠠᠭ᠋ᠠᠵᠠᠯᠠᠬᠤ ᠬᠠᠮᠲᠤᠷᠠᠯᠴᠠᠭ᠋ᠠᠨ᠎ᠤ ᠠᠵᠢᠯᠯᠠᠬᠤ ᠳᠤᠭᠤᠶ᠋ᠢᠯᠠᠩ᠎ᠢ ᠪᠠᠶ᠋ᠢᠭᠤᠯᠵᠤ᠂ ᠬᠤᠣᠷ ᠴᠠᠭ᠋ᠠᠵᠠᠯᠠᠬᠤ ᠬᠠᠮᠲᠤᠷᠠᠯᠴᠠᠭ᠎ᠠ ᠵᠢ ᠥᠷᠨᠢᠭᠦᠯᠦᠨ᠎ᠡ; ᠡᠷᠬᠡ ᠲᠡᠭᠰᠢ ᠪᠠ ᠬᠦᠨᠳᠦᠳᠬᠡᠯ᠎ᠤᠨ ᠰᠠᠭᠤᠷᠢᠨ ᠳᠡᠭᠡᠷ᠎ᠡ ᠬᠤᠶᠠᠷ ᠤᠯᠤᠰ᠎ᠤᠨ ᠴᠡᠷᠢᠭ᠎ᠤᠨ ᠳᠡᠭᠡᠳᠦ ᠳᠠᠪᠬᠤᠷᠭ᠎ᠠ ᠵᠢᠨ ᠨᠡᠪᠲᠡᠷᠡᠯᠴᠡᠭᠡ᠂ ᠳᠤᠮᠳᠠᠳᠤ ᠠᠮᠧᠷᠢᠺᠠ ᠵᠢᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠶᠠᠮᠤᠨ᠎ᠤ ᠠᠵᠢᠯ᠎ᠤᠨ ᠠᠭᠤᠯᠵᠠᠯᠲᠠ᠂ ᠳᠤᠮᠳᠠᠳᠤ ᠠᠮᠧᠷᠢᠺᠠ ᠵᠢᠨ ᠲᠠᠯᠠᠢ ᠳᠡᠭᠡᠷᠡᠬᠢ ᠴᠡᠷᠢᠭ᠎ᠤᠨ ᠶᠠᠪᠤᠳᠠᠯ᠎ᠤᠨ ᠠᠮᠤᠷ ᠲᠦᠪᠰᠢᠨ᠎ᠤ ᠵᠥᠪᠳᠡᠯᠴᠡᠭᠡ ᠵᠢᠨ ᠲᠣᠭᠲᠠᠴᠠ ᠵᠢᠨ ᠬᠤᠷᠠᠯ᠎ᠢ ᠰᠡᠷᠭᠦᠭᠡᠵᠦ᠂ ᠳᠤᠮᠳᠠᠳᠤ ᠠᠮᠧᠷᠢᠺᠠ ᠬᠤᠶᠠᠷ ᠤᠯᠤᠰ᠎ᠤᠨ ᠴᠡᠷᠢᠭ ᠠᠩᠭᠢ ᠵᠢᠨ ᠪᠠᠶ᠋ᠢᠯᠳᠤᠭ᠋ᠠᠨ᠎ᠤ ᠲᠣᠭᠤᠷᠢᠭ᠎ᠤᠨ ᠤᠳᠤᠷᠢᠳᠤᠯᠭ᠎ᠠ ᠵᠢᠨ ᠶᠠᠷᠢᠯᠴᠠᠭ᠎ᠠ ᠥᠷᠨᠢᠭᠦᠯᠦᠨ᠎ᠡ; ᠢᠷᠡᠬᠦ ᠵᠢᠯ᠎ᠤᠨ ᠡᠬᠢᠨ ᠵᠶ᠋ᠠᠷ ᠵᠢᠰᠢᠶᠠᠨ᠎ᠤ ᠨᠢᠰᠬᠡᠯ᠎ᠢ ᠴᠢᠨᠠᠭᠰᠢᠳᠠ ᠶᠡᠭᠡ ᠬᠡᠮᠵᠢᠶ᠎ᠡ᠎ᠪᠠᠷ ᠨᠡᠮᠡᠭᠳᠡᠭᠦᠯᠬᠦ ᠵᠢ ᠵᠥᠪᠰᠢᠶᠡᠷᠡᠨ᠎ᠡ; ᠰᠤᠷᠭ᠋ᠠᠨ ᠬᠥᠮᠦᠵᠢᠯ᠂ ᠭᠠᠳᠠᠭ᠋ᠠᠳᠤ᠎ᠳᠤ ᠰᠤᠷᠤᠯᠴᠠᠬᠤ ᠰᠤᠷᠤᠬ᠍ᠴᠢ᠂ ᠵᠠᠯᠠᠭᠤᠴᠤᠳ᠂ ᠰᠣᠶᠣᠯ ᠪᠣᠯᠪᠠᠰᠤᠷᠠᠯ᠂ ᠪᠡᠶ᠎ᠡ ᠵᠢᠨ ᠲᠠᠮᠢᠷ ᠪᠠ ᠦᠢ᠍ᠯᠡᠳᠪᠦᠷᠢ ᠬᠤᠳᠠᠯᠳᠤᠭ᠋ᠠᠨ᠎ᠤ ᠡᠲᠡᠭᠡᠳ᠎ᠤᠨ ᠰᠣᠯᠢᠯᠴᠠᠭ᠎ᠠ ᠵᠢ ᠥᠷᠭᠡᠳᠬᠡᠬᠦ ᠵᠡᠷᠭᠡ ᠵᠢ ᠪᠠᠭᠲᠠᠭ᠋ᠠᠪᠠ᠃
ᠬᠤᠶᠠᠷ ᠤᠯᠤᠰ᠎ᠤᠨ ᠲᠡᠷᠢᠭᠦᠨ ᠣᠳᠣᠬᠠᠨ᠎ᠤ ᠵᠠᠩᠭᠢᠯᠠᠭ᠎ᠠ ᠵᠢᠨ ᠠᠷᠪᠠᠨ ᠵᠢᠯ᠎ᠳᠤ ᠳᠤᠮᠳᠠᠳᠤ ᠠᠮᠧᠷᠢᠺᠠ ᠠᠭᠤᠷ ᠠᠮᠢᠰᠬᠤᠯ᠎ᠤᠨ ᠬᠢᠮᠤᠷᠠᠯ᠎ᠢ ᠠᠷᠭ᠋ᠠᠴᠠᠭ᠋ᠠᠬᠤ ᠵᠢ ᠲᠦᠷᠭᠡᠳᠬᠡᠬᠦ᠎ᠪᠠᠷ ᠴᠢᠷᠮᠠᠶ᠋ᠢᠬᠤ ᠵᠢᠨ ᠴᠢᠬᠤᠯᠠ ᠴᠢᠨᠠᠷ᠎ᠢ ᠴᠢᠬᠤᠯᠠᠴᠢᠯᠠᠵᠤ᠂ ᠬᠤᠶᠠᠷ ᠤᠯᠤᠰ᠎ᠤᠨ ᠠᠭᠤᠷ ᠠᠮᠢᠰᠬᠤᠯ᠎ᠤᠨ ᠣᠨᠴᠠ ᠡᠯᠴᠢ ᠵᠢᠨ ᠣᠶ᠋ᠢᠷ᠎ᠠ ᠵᠢᠨ ᠬᠤᠭᠤᠴᠠᠭ᠋ᠠᠨ᠎ᠳᠤ ᠥᠷᠨᠢᠭᠦᠯᠦᠭᠰᠡᠨ ᠢᠳᠡᠪᠬᠢᠲᠡᠢ ᠶᠠᠷᠢᠯᠴᠠᠭ᠎ᠠ ᠵᠢ ᠪᠠᠶᠠᠷᠯᠠᠨ ᠤᠭᠲᠤᠪᠠ᠂ ᠡᠭᠦᠨ᠎ᠳᠤ᠄ 2020 ᠣᠨ᠎ᠤ ᠦᠶ᠎ᠡ ᠵᠢᠨ ᠤᠯᠤᠰ᠎ᠤᠨ ᠳᠣᠲᠣᠭ᠋ᠠᠳᠤ ᠵᠢᠨ ᠪᠣᠬᠢᠷᠳᠤᠯ᠎ᠢ ᠪᠠᠭ᠋ᠠᠰᠬᠠᠬᠤ ᠠᠵᠢᠯᠯᠠᠭ᠎ᠠ᠂ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠳ᠋ᠦᠪᠠᠢ ᠵᠢᠨ ᠶᠡᠭᠡ ᠬᠤᠷᠠᠯ (COP 28)᠎ᠤᠨ ᠠᠮᠵᠢᠯᠲᠠ ᠣᠯᠬᠤ ᠵᠢ ᠬᠠᠮᠲᠤ᠎ᠪᠠᠷ ᠠᠬᠢᠭᠤᠯᠵᠤ᠂ ᠳᠤᠮᠳᠠᠳᠤ ᠠᠮᠧᠷᠢᠺᠠ ᠵᠢᠨ 《21 ᠳ᠋ᠦ᠍ᠭᠡᠷ ᠵᠠᠭᠤᠨ᠎ᠤ ᠬᠤᠷᠢᠭ᠋ᠠᠳ ᠣᠨ᠎ᠤ ᠠᠭᠤᠷ ᠠᠮᠢᠰᠬᠤᠯ᠎ᠤᠨ ᠠᠵᠢᠯᠯᠠᠭ᠎ᠠ ᠵᠢ ᠴᠢᠩᠭ᠋ᠠᠳᠬᠠᠬᠤ ᠠᠵᠢᠯ᠎ᠤᠨ ᠳᠤᠭᠤᠶ᠋ᠢᠯᠠᠩ》᠎ᠢ ᠡᠬᠢᠯᠡᠭᠦᠯᠬᠦ᠎ᠪᠠᠷ ᠠᠭᠤᠷ ᠠᠮᠢᠰᠬᠤᠯ᠎ᠤᠨ ᠪᠣᠳᠠᠲᠠᠢ ᠠᠵᠢᠯᠯᠠᠭ᠎ᠠ ᠵᠢ ᠲᠦᠷᠭᠡᠳᠬᠡᠬᠦ ᠵᠡᠷᠭᠡ ᠵᠢ ᠪᠠᠭᠲᠠᠭ᠋ᠠᠪᠠ᠃
ᠬᠡᠯᠡᠯᠴᠡᠭᠡ ᠵᠢᠨ ᠲᠠᠷᠠᠭ᠎ᠠ᠂ ᠪᠠᠶ᠋ᠢᠳᠧᠨ ᠰᠢ ᠵᠢᠨ ᠫᠢᠩ᠎ᠢ ᠤᠭᠲᠤᠬᠤ ᠦᠳᠡ ᠵᠢᠨ ᠳᠠᠶ᠋ᠢᠯᠠᠯᠭ᠎ᠠ ᠬᠢᠪᠡ᠃ ᠬᠤᠶᠠᠷ ᠤᠯᠤᠰ᠎ᠤᠨ ᠲᠡᠷᠢᠭᠦᠨ ᠬᠠᠮᠲᠤ᠎ᠪᠠᠷ ᠠᠩᠬᠠᠷᠴᠤ ᠪᠠᠶ᠋ᠢᠭ᠎ᠠ ᠫᠠᠯᠧᠰᠲ᠋ᠠᠶ᠋ᠢᠨ ᠢᠰᠷᠧᠯ᠎ᠤᠨ ᠮᠥᠷᠭᠦᠯᠳᠦᠭᠡᠨ ᠵᠡᠷᠭᠡ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃
ᠪᠠᠶ᠋ᠢᠳᠧᠨ ᠪᠠᠰᠠ ᠰᠢ ᠵᠢᠨ ᠫᠢᠩ᠎ᠢ ᠤᠷᠢᠵᠤ ᠹᠸᠢᠢ᠍ᠯᠤᠷᠢ ᠡᠳ᠋ᠯᠡᠩ᠎ᠳᠤ ᠰᠡᠯᠡᠭᠦᠴᠡᠨ ᠠᠯᠬᠤᠭᠰᠠᠨ ᠪᠥᠭᠡᠳ ᠲᠡᠷᠭᠡᠨ᠎ᠳᠤ ᠭᠠᠷᠬᠤ ᠭᠠᠵᠠᠷ᠎ᠲᠤ ᠰᠢ ᠵᠢᠨ ᠫᠢᠩ᠎ᠢ ᠪᠡᠶ᠎ᠡ᠎ᠪᠠᠷ ᠵᠶ᠋ᠠᠨ ᠬᠦᠷᠭᠡᠵᠦ ᠰᠠᠯᠬᠤ ᠶᠣᠰᠣ ᠭᠦᠢ᠍ᠴᠡᠳᠬᠡᠪᠡ᠃
ᠡᠨᠡ ᠤᠳᠠᠭ᠋ᠠᠨ᠎ᠤ ᠠᠭᠤᠯᠵᠠᠯᠲᠠ᠎ᠨᠢ ᠢᠳᠡᠪᠬᠢᠲᠡᠢ᠂ ᠪᠦᠭᠦ ᠲᠠᠯ᠎ᠠ ᠵᠢᠨ᠂ ᠪᠦᠲᠦᠭᠡᠯᠴᠢ ᠴᠢᠨᠠᠷᠲᠠᠢ ᠪᠠᠶ᠋ᠢᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢ ᠰᠠᠶ᠋ᠢᠵᠢᠷᠠᠭᠤᠯᠤᠨ ᠬᠥᠭᠵᠢᠭᠦᠯᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠭᠦᠭᠰᠡᠨ ᠪᠠᠶ᠋ᠢᠨ᠎ᠠ᠃ ᠰᠠᠨ ᠹᠷᠠᠨᠰᠢᠰᠺᠤ ᠳᠤᠮᠳᠠᠳᠤ ᠠᠮᠧᠷᠢᠺᠠ ᠵᠢᠨ ᠬᠠᠷᠢᠯᠴᠠᠭ᠎ᠠ ᠵᠢ ᠲᠣᠭᠲᠠᠭᠤᠨ ᠪᠠᠶ᠋ᠢᠯᠭ᠋ᠠᠬᠤ ᠰᠢᠨ᠎ᠡ ᠡᠭᠢᠯᠡᠯᠲᠡ ᠪᠤᠯᠬᠤ ᠶᠣᠰᠣᠲᠠᠢ᠃ ᠬᠤᠶᠠᠷ ᠤᠯᠤᠰ᠎ᠤᠨ ᠲᠡᠷᠢᠭᠦᠨ ᠬᠤᠶᠠᠷ ᠲᠠᠯ᠎ᠠ ᠵᠢᠨ ᠪᠦᠯᠭᠦᠮᠤᠨᠬᠢᠨᠢ ᠪᠠᠯ᠎ᠢ ᠠᠷᠠᠯ᠎ᠤᠨ ᠠᠭᠤᠯᠵᠠᠯᠲᠠ ᠵᠢᠨ ᠬᠠᠮᠲᠤ ᠵᠢᠨ ᠲᠠᠨᠢᠯᠲᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠲᠤᠰ ᠤᠳᠠᠭ᠎ᠠ ᠵᠢᠨ ᠠᠭᠤᠯᠵᠠᠯᠲᠠ᠎ᠳᠤ ᠲᠣᠬᠢᠷᠠᠯᠴᠠᠭᠰᠠᠨ ᠰᠢᠨ᠎ᠡ ᠠᠯᠤᠰ᠎ᠤᠨ ᠲᠥᠯᠥᠪ᠎ᠢ ᠴᠠᠭ ᠲᠤᠬᠠᠢᠳᠤᠨᠢ ᠳᠠᠭ᠋ᠠᠵᠤ ᠨᠠᠶ᠋ᠢᠳᠠᠪᠤᠷᠢᠵᠢᠭᠤᠯᠬᠤ ᠵᠢ ᠳᠠᠭ᠋ᠠᠭ᠋ᠠᠯᠭ᠋ᠠᠪᠠ᠃ ᠬᠤᠶᠠᠷ ᠤᠯᠤᠰ᠎ᠤᠨ ᠲᠡᠷᠢᠭᠦᠨ ᠦᠷᠭᠦᠯᠵᠢᠯᠡᠨ ᠪᠠᠶ᠋ᠢᠩᠭᠤ ᠵᠢᠨ ᠴᠢᠨᠠᠷᠲᠠᠢ ᠬᠠᠷᠢᠯᠴᠠᠭ᠎ᠠ᠎ᠪᠠᠨ ᠪᠠᠲᠤᠯᠠᠬᠤ ᠵᠢ ᠵᠥᠪᠰᠢᠶᠡᠷᠡᠪᠡ᠃
ᠼᠠᠢ ᠴᠢ᠂ ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃