ᠰᠢᠨᠬᠤᠸᠠ ᠬᠤᠷᠢᠶ᠎ᠠ ᠵᠢᠨ ᠪᠡᠭᠡᠵᠢᠩ᠎ᠤᠨ 11 ᠰᠠᠷ᠎ᠠ ᠵᠢᠨ 28᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 11 ᠰᠠᠷ᠎ᠠ ᠵᠢᠨ 27᠎ᠤ ᠦᠳᠡ ᠵᠢᠨ ᠬᠤᠶ᠋ᠢᠨ᠎ᠠ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠠᠷᠪᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠳᠦᠷᠢᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠠᠯᠤᠰ ᠭᠡᠳᠦ ᠵᠢᠨ ᠬᠡᠷᠡᠭᠴᠡᠭᠡ ᠪᠤᠯᠬᠤ᠎ᠪᠠᠷ ᠪᠠᠷᠠᠬᠤ ᠦᠭᠡᠢ᠂ ᠪᠠᠰᠠ ᠴᠤ᠌ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠭᠠᠳᠠᠭ᠋ᠠᠳᠤ ᠵᠢᠨ ᠠᠶᠤᠯ ᠲᠦᠭᠰᠢᠭᠦᠷᠢ ᠥᠷᠢᠰᠦᠯᠳᠦᠭᠡᠨ᠎ᠢ ᠠᠷᠭ᠋ᠠᠴᠠᠭ᠋ᠠᠬᠤ ᠲᠤᠯᠭ᠋ᠠᠮ ᠡᠭᠦᠷᠭᠡ ᠪᠣᠯᠣᠨ᠎ᠠ᠃ ᠤᠯᠤᠰ᠎ᠤᠨ ᠳᠣᠲᠣᠭ᠋ᠠᠳᠤ ᠪᠠ ᠤᠯᠠᠨ ᠤᠯᠤᠰ ᠭᠡᠬᠦ ᠬᠤᠶᠠᠷ ᠶᠡᠭᠡ ᠲᠠᠯ᠎ᠠ ᠵᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ᠎ᠠᠴᠠ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠳᠦᠷᠢᠮ᠎ᠤᠨ ᠠᠵᠢᠯ᠎ᠢ ᠰᠠᠶ᠋ᠢᠲᠤᠷ ᠬᠢᠬᠦ ᠵᠢᠨ ᠴᠢᠬᠤᠯᠠ ᠴᠢᠨᠠᠷ ᠪᠣᠯᠣᠨ ᠲᠤᠯᠭ᠋ᠠᠮ ᠴᠢᠨᠠᠷ᠎ᠢ ᠭᠦᠨᠵᠡᠭᠡᠢ ᠲᠠᠨᠢᠵᠤ᠂ ᠴᠢᠨᠠᠷ ᠰᠠᠶ᠋ᠢᠲᠠᠢ ᠬᠥᠭᠵᠢᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠰᠠᠨ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠰᠢᠰᠲ᠋ᠧᠮ ᠪᠣᠯᠣᠨ ᠴᠢᠳᠠᠪᠤᠷᠢ ᠵᠢ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠯᠠᠪᠳᠠᠭᠤᠨ ᠵᠶ᠋ᠠᠷ ᠬᠤᠯᠠ ᠠᠶᠠᠯᠠᠬᠤ᠎ᠳᠤ ᠠᠰᠢᠭᠲᠠᠢ ᠬᠠᠤᠯᠢᠵᠢᠯ᠎ᠤᠨ ᠨᠥᠬᠦᠴᠡᠯ ᠪᠣᠯᠣᠨ ᠭᠠᠳᠠᠭ᠋ᠠᠳᠤ ᠣᠷᠴᠢᠨ ᠲᠣᠭᠤᠷᠢᠨ᠎ᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠦᠬᠠᠨ ᠶᠡᠭᠡ ᠰᠤᠷᠭ᠋ᠠᠭᠤᠯᠢ ᠵᠢᠨ ᠣᠨᠴᠠ ᠤᠷᠢᠭᠰᠠᠨ ᠫᠷᠤᠹᠧᠰᠰᠤᠷ ᠬᠤᠸᠠᠩ ᠬᠤᠢ ᠺᠠᠩ ᠨᠥᠬᠦᠷ ᠡᠨᠡ ᠠᠰᠠᠭᠤᠳᠠᠯ᠎ᠤᠨ ᠲᠤᠬᠠᠢ ᠲᠠᠶ᠋ᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠴᠠᠢ᠃ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠨᠥᠬᠦᠳ ᠲᠠᠶ᠋ᠢᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
ᠰᠢ ᠵᠢᠨ ᠫᠢᠩ ᠲᠠᠶ᠋ᠢᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠠᠤᠯᠢ ᠴᠠᠭ᠋ᠠᠵᠠ ᠪᠣᠯ ᠨᠡᠶ᠋ᠢᠭᠡᠮ᠎ᠤᠨ ᠠᠮᠢᠳᠤᠷᠠᠯ᠂ ᠤᠯᠤᠰ᠎ᠤᠨ ᠵᠠᠰᠠᠯᠲᠠ ᠵᠢᠨ ᠪᠠᠷᠢᠮᠵᠢᠶ᠎ᠠ ᠮᠥᠨ᠃ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠳᠦᠷᠢᠮ ᠪᠣᠯ ᠤᠯᠤᠰ᠎ᠤᠨ ᠬᠠᠤᠯᠢ ᠳᠦᠷᠢᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠰᠠᠭᠤᠷᠢ ᠮᠥᠨ᠂ ᠲᠡᠷᠡ᠎ᠨᠢ ᠦᠨᠳᠦᠰᠦ ᠵᠢ ᠪᠠᠬᠢᠵᠢᠭᠦᠯᠵᠦ᠂ ᠵᠢᠱ᠌ᠢᠯᠲᠡ ᠵᠢ ᠲᠣᠭᠲᠠᠪᠤᠷᠢᠵᠢᠭᠤᠯᠤᠨ᠂ ᠠᠯᠤᠰ ᠭᠡᠳᠤ᠎ᠳᠤ ᠠᠰᠢᠭᠲᠠᠢ ᠪᠠᠶ᠋ᠢᠯᠭ᠋ᠠᠬᠤ ᠴᠢᠬᠤᠯᠠ ᠦᠢ᠍ᠯᠡᠳᠦᠯ᠎ᠢ ᠪᠠᠳᠠᠷᠠᠭᠤᠯᠵᠤ ᠪᠠᠶ᠋ᠢᠳᠠᠭ᠃ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ᠎ᠳᠤ᠂ ᠡᠷᠬᠡᠪᠰᠢ ᠵᠥᠪ ᠤᠯᠤᠰ ᠲᠦᠷᠦ ᠵᠢᠨ ᠴᠢᠭᠯᠡᠯ᠎ᠢ ᠪᠠᠷᠢᠮᠲᠠᠯᠠᠵᠤ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠪᠦᠲᠦᠭᠡᠯᠴᠢ ᠵᠣᠷᠢᠭ ᠰᠠᠨᠠᠭ᠎ᠠ᠎ᠪᠠᠷ ᠮᠠᠨ᠎ᠤ ᠤᠯᠤᠰ᠎ᠤᠨ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠰᠢᠰᠲ᠋ᠧᠮ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠰᠢᠰᠲ᠋ᠧᠮ᠎ᠤᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ᠎ᠳᠤ ᠬᠤᠯᠪᠣᠭᠳᠠᠵᠤ᠂ ᠮᠠᠨ᠎ᠤ ᠤᠯᠤᠰ᠎ᠤᠨ ᠭᠠᠳᠠᠭ᠋ᠠᠳᠤ ᠨᠡᠭᠡᠭᠡᠯᠲᠡ ᠪᠣᠯᠣᠨ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠤᠨ ᠶᠡᠭᠡ ᠲᠠᠯ᠎ᠠ᠎ᠳᠤ ᠬᠤᠯᠪᠣᠭᠳᠠᠨ᠎ᠠ᠃ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠠᠵᠢᠯ᠎ᠢ ᠠᠬᠢᠭᠤᠯᠬᠤ ᠵᠢᠨ ᠦᠨᠳᠦᠰᠦᠨ ᠵᠣᠷᠢᠯᠭ᠎ᠠ ᠪᠣᠯ ᠬᠠᠤᠯᠢᠵᠢᠯ᠎ᠤᠨ ᠠᠷᠭ᠎ᠠ ᠮᠠᠶᠢᠭ ᠵᠶ᠋ᠠᠷ ᠤᠯᠤᠰ ᠣᠷᠣᠨ ᠪᠠ ᠠᠷᠠᠳ ᠲᠦᠮᠡᠨ᠎ᠤ ᠠᠰᠢᠭ ᠲᠤᠰᠠ ᠵᠢ ᠨᠡᠩ ᠰᠠᠶ᠋ᠢᠲᠤᠷ ᠬᠠᠮᠠᠭ᠋ᠠᠯᠠᠵᠤ᠂ ᠤᠯᠠᠨ ᠤᠯᠤᠰ᠎ᠤᠨ ᠬᠠᠤᠯᠢᠵᠢᠯ᠎ᠤᠨ ᠲᠠᠪᠰᠢᠯᠳᠠ ᠵᠢ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠬᠤ ᠵᠢᠨ ᠲᠥᠯᠥᠭᠡ ᠶᠤᠮ᠃ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢᠵᠢᠯ᠎ᠤᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠠᠵᠢᠯ ᠪᠣᠯ ᠬᠤᠯᠪᠣᠭᠳᠠᠬᠤ ᠲᠠᠯ᠎ᠠ᠎ᠨᠢ ᠥᠷᠭᠡᠨ᠂ ᠬᠤᠯᠪᠣᠯᠳᠤᠨ ᠬᠥᠳᠡᠯᠦᠯᠴᠡᠬᠦ ᠴᠢᠨᠠᠷ ᠵᠶ᠋ᠠᠷ ᠴᠢᠩᠭ᠎ᠠ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ᠎ᠤᠨ ᠳᠣᠲᠣᠭ᠋ᠠᠳᠤ ᠪᠠ ᠤᠯᠠᠨ ᠤᠯᠤᠰ᠎ᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠪᠠᠷᠠᠯᠠᠯᠳᠤ ᠴᠢᠨᠠᠷᠲᠠᠢ ᠪᠣᠳᠣᠯᠬᠢᠯᠠᠬᠤ᠂ ᠪᠦᠭᠦ ᠲᠠᠯ᠎ᠠ ᠵᠢᠨ ᠴᠢᠨᠠᠷᠲᠠᠢ ᠲᠥᠯᠥᠪᠯᠡᠬᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠪᠠᠶ᠋ᠢᠷᠢᠰᠢᠭᠤᠯᠬᠤ᠂ ᠪᠦᠬᠦᠯᠢ ᠴᠣᠭᠴᠠ ᠵᠢᠨ ᠴᠢᠨᠠᠷᠲᠠᠢ ᠠᠬᠢᠭᠤᠯᠬᠤ ᠵᠢ ᠪᠠᠷᠢᠮᠲᠠᠯᠠᠵᠤ᠂ ᠦᠵᠦ ᠲᠥᠯᠥᠪᠯᠡᠭᠡ ᠵᠢ ᠴᠢᠩᠭ᠋ᠠᠳᠬᠠᠵᠤ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠵᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠵᠢᠷᠤᠮᠯᠠᠬᠤ ᠪᠠ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠨᠢᠭᠡ ᠴᠣᠭᠴᠠᠵᠢᠭᠤᠯᠤᠨ ᠠᠬᠢᠭᠤᠯᠵᠤ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠠᠵᠢᠯ᠎ᠤᠨ ᠶᠡᠭᠡ ᠬᠠᠮᠵᠢᠯᠴᠠᠭᠰᠠᠨ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠢ᠃ ᠬᠠᠤᠯᠢ ᠲᠣᠭᠲᠠᠭ᠋ᠠᠬᠤ ᠵᠢ ᠤᠷᠢᠳ ᠵᠶ᠋ᠠᠷ ᠬᠡᠷᠡᠭᠵᠢᠭᠦᠯᠵᠦ᠂ ᠲᠣᠭᠲᠠᠭ᠋ᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠤᠯᠭ᠋ᠠᠬᠤ ᠲᠠᠶ᠋ᠢᠯᠪᠤᠷᠢᠯᠠᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠰᠢᠰᠲ᠋ᠧᠮ᠎ᠲᠠᠢ ᠪᠦᠷᠢᠨ ᠲᠥᠬᠦᠷ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠪᠦᠷᠢᠯᠳᠦᠭᠦᠯᠬᠦ ᠬᠡᠷᠡᠭᠲᠡᠢ᠃ ᠬᠠᠷᠢᠯᠴᠠᠨ ᠬᠠᠮᠵᠢᠯᠴᠠᠭᠰᠠᠨ ᠥᠨᠳᠥᠷ ᠪᠦᠲᠦᠮᠵᠢᠲᠡᠢ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠬᠡᠷᠡᠭᠵᠢᠭᠦᠯᠬᠦ ᠰᠢᠰᠲ᠋ᠧᠮ᠎ᠢ ᠪᠠᠶ᠋ᠢᠭᠤᠯᠵᠤ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠦᠷ᠎ᠡ ᠠᠰᠢᠭ᠎ᠢ ᠳᠡᠭᠡᠭᠰᠢᠯᠡᠭᠦᠯᠵᠦ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠪᠠᠷᠢᠬᠤ ᠰᠢᠭᠦᠨ ᠲᠠᠰᠤᠯᠬᠤ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠠᠬᠢᠭᠤᠯᠵᠤ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠪᠠᠷᠢᠬᠤ ᠵᠢᠨ ᠤᠯᠠᠨ᠎ᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠢ ᠢᠳᠡᠪᠬᠢᠲᠡᠢ ᠬᠥᠭᠵᠢᠭᠦᠯᠵᠦ᠂ ᠤᠯᠠᠨ ᠤᠯᠤᠰ᠎ᠤᠨ ᠲᠡᠷᠢᠭᠦᠨ ᠵᠡᠷᠭᠡ ᠵᠢᠨ ᠬᠥᠨᠳᠡᠯᠡᠨ᠎ᠠᠴᠠ ᠲᠠᠰᠤᠯᠬᠤ ᠨᠢᠭᠡ ᠪᠦᠯᠦᠭ ᠪᠠᠶ᠋ᠢᠭᠤᠯᠤᠮᠵᠢ᠂ ᠬᠠᠤᠯᠢᠴᠢ ᠵᠢᠨ ᠬᠡᠷᠡᠭ ᠡᠷᠭᠢᠯᠡᠭᠦ ᠭᠠᠵᠠᠷ᠎ᠢ ᠪᠣᠶ᠋ᠢᠵᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠤᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠺᠤᠨᠰᠦ᠋ᠯ᠎ᠤᠨ ᠬᠠᠮᠠᠭ᠋ᠠᠯᠠᠯᠲᠠ ᠪᠠ ᠬᠠᠮᠵᠢᠯᠴᠠᠭ᠎ᠠ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠭᠠᠳᠠᠭ᠋ᠠᠳᠤ᠎ᠳᠠᠬᠢ ᠠᠰᠢᠭ ᠲᠤᠰᠠ ᠵᠢ ᠬᠠᠮᠠᠭ᠋ᠠᠯᠠᠬᠤ ᠬᠠᠤᠯᠢᠵᠢᠯ᠎ᠤᠨ ᠠᠮᠤᠷ ᠲᠦᠪᠰᠢᠨ᠎ᠤ ᠬᠡᠯᠬᠢᠶ᠎ᠡ ᠵᠢ ᠪᠠᠶ᠋ᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠲᠣᠭᠲᠠᠭ᠋ᠠᠯ᠎ᠳᠤ ᠨᠡᠶ᠋ᠢᠴᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠮᠠᠨ᠎ᠤ ᠤᠯᠤᠰ᠎ᠤᠨ ᠠᠷᠠᠳ ᠢᠷᠭᠡᠳ᠂ ᠠᠵᠤ ᠠᠬᠤᠶ᠋ᠢᠯᠠᠯ᠎ᠤᠨ 《ᠭᠠᠳᠠᠭᠰᠢ ᠭᠠᠷᠬᠤ》 ᠶᠠᠪᠤᠴᠠ᠎ᠳᠤ ᠲᠤᠬᠠᠢ ᠵᠢᠨ ᠭᠠᠵᠠᠷ᠎ᠤᠨ ᠬᠠᠤᠯᠢ ᠲᠣᠭᠲᠠᠭ᠋ᠠᠯ ᠪᠠ ᠵᠠᠩ ᠳᠠᠳᠬᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠬᠤ᠂ ᠬᠠᠤᠯᠢᠵᠢᠯ ᠪᠠ ᠳᠦᠷᠢᠮ᠎ᠢ ᠬᠡᠷᠡᠭᠯᠡᠨ ᠲᠣᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠤᠯᠭ᠋ᠠᠬᠰᠠᠨ ᠤᠯᠠᠨ ᠤᠯᠤᠰ᠎ᠤᠨ ᠡᠮᠬᠢ ᠳᠢᠭᠯᠢᠮ᠎ᠢ ᠡᠷᠡᠰ ᠬᠠᠮᠠᠭ᠋ᠠᠯᠠᠵᠤ᠂ ᠤᠯᠠᠨ ᠤᠯᠤᠰ᠎ᠤᠨ ᠳᠦᠷᠢᠮ᠎ᠢ ᠲᠣᠭᠲᠠᠭ᠋ᠠᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠤᠯᠠᠨ ᠤᠯᠤᠰ᠎ᠤᠨ ᠬᠠᠷᠢᠯᠴᠠᠭ᠎ᠠ ᠵᠢᠨ ᠬᠠᠤᠯᠢᠵᠢᠯᠲᠠ ᠵᠢ ᠠᠬᠢᠭᠤᠯᠬᠤ ᠬᠡᠷᠡᠭᠲᠡᠢ᠃ ᠪᠦᠭᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠪᠠ ᠪᠠᠶ᠋ᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠵᠶ᠋ᠠᠷ ᠬᠥᠭᠵᠢᠬᠦ ᠵᠢ ᠠᠬᠢᠭᠤᠯᠵᠤ᠂ ᠤᠯᠠᠨ ᠤᠯᠤᠰ᠎ᠤᠨ ᠰᠠᠶ᠋ᠢᠨ ᠬᠠᠤᠯᠢ᠎ᠪᠠᠷ ᠪᠦᠭᠦ ᠪᠥᠮᠪᠥᠷᠴᠡᠭ᠎ᠤᠨ ᠴᠢᠳᠠᠮᠠᠭ᠋ᠠᠢ ᠵᠠᠰᠠᠯᠲᠠ ᠵᠢ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠠᠤᠯᠢᠵᠢᠯ᠎ᠨᠢ ᠨᠡᠭᠡᠭᠡᠯᠲᠡ᠎ᠲᠠᠢ ᠬᠠᠮᠲᠤ ᠤᠷᠤᠭᠰᠢᠯᠠᠳᠠᠭ᠂ ᠭᠠᠳᠠᠭ᠋ᠠᠳᠤ ᠨᠡᠭᠡᠭᠡᠯᠲᠡ ᠴᠢᠨᠠᠭᠰᠢᠳᠠ ᠠᠬᠢᠪᠠᠯ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠪᠠᠶ᠋ᠢᠭᠤᠯᠤᠯᠲᠠ ᠵᠢ ᠪᠠᠰᠠ ᠴᠢᠨᠠᠭᠰᠢᠳᠠ ᠠᠬᠢᠭᠤᠯᠬᠤ ᠬᠡᠷᠡᠭᠲᠡᠢ᠃ ᠬᠠᠤᠯᠢᠵᠢᠯ᠎ᠤᠨ ᠰᠠᠭᠤᠷᠢᠨ ᠳᠡᠭᠡᠷ᠎ᠡ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠬᠤ ᠵᠢ ᠪᠠᠷᠢᠮᠲᠠᠯᠠᠵᠤ᠂ ᠨᠡᠭᠡᠭᠡᠯᠲᠡ ᠵᠢ ᠥᠷᠭᠡᠳᠬᠡᠬᠦ ᠳᠤᠮᠳᠠ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠪᠠᠶ᠋ᠢᠭᠤᠯᠤᠯᠲᠠ ᠵᠢ ᠠᠬᠢᠭᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠵᠢᠨ ᠬᠠᠤᠯᠢᠵᠢᠯ᠎ᠤᠨ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃
ᠬᠠᠤᠯᠢᠵᠢᠯ ᠪᠣᠯ ᠬᠠᠮᠤᠭ᠎ᠤᠨ ᠰᠠᠶ᠋ᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠂ ᠢᠯᠡ ᠲᠣᠳᠣ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠤᠯᠤᠰ᠎ᠤᠨ ᠳᠣᠲᠣᠭ᠋ᠠᠳᠤ ᠤᠯᠠᠨ ᠤᠯᠤᠰ᠎ᠤᠨ ᠬᠤᠶᠠᠷ ᠲᠦᠷᠦᠯ᠎ᠤᠨ ᠳᠦᠷᠢᠮ᠎ᠢ ᠰᠠᠶ᠋ᠢᠲᠤᠷ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠵᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠪᠦᠷᠢᠯᠳᠦᠭᠦᠯᠬᠦ ᠬᠡᠷᠡᠭᠲᠡᠢ᠃ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠥᠨᠳᠥᠷ ᠪᠠᠷᠢᠮᠵᠢᠶᠠᠲᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠢ ᠢᠳᠡᠪᠬᠢᠲᠡᠢ ᠰᠢᠩᠭᠡᠬᠡᠨ ᠠᠪᠴᠤ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠴᠢᠯᠦᠭᠡᠲᠡᠢ ᠪᠠᠶ᠋ᠢᠬᠤ ᠪᠠ ᠳᠥᠳᠠᠵᠢᠯᠳᠠ ᠵᠢᠨ ᠲᠦᠪᠰᠢᠨ᠎ᠢ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠵᠢᠨ ᠠᠵᠤ ᠠᠬᠤᠢ ᠵᠢᠨ ᠰᠢᠨ᠎ᠡ ᠪᠠᠶ᠋ᠢᠭᠤᠯᠤᠮᠵᠢ ᠵᠢ ᠪᠠᠶ᠋ᠢᠭᠤᠯᠬᠤ ᠬᠡᠷᠡᠭᠲᠡᠢ᠃ ᠳᠡᠯᠡᠬᠡᠢ ᠵᠢᠨ ᠲᠡᠷᠢᠭᠦᠨ᠎ᠤ ᠲᠦᠪᠰᠢᠨ ᠵᠶ᠋ᠠᠷ ᠪᠠᠷᠢᠮᠵᠢᠶᠠᠯᠠᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ ᠵᠡᠷᠭᠡ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠪᠦᠲᠦᠮᠵᠢᠲᠡᠢ ᠠᠷᠭ᠎ᠠ ᠬᠡᠮᠵᠢᠶ᠎ᠡ ᠪᠣᠯᠣᠨ ᠪᠣᠯᠪᠠᠰᠤᠷᠠᠩᠭᠤᠢ ᠲᠤᠷᠰᠢᠯᠭ᠎ᠠ ᠵᠢ ᠴᠠᠭ ᠲᠤᠬᠠᠢᠳᠤᠨᠢ ᠬᠠᠤᠯᠢ ᠴᠠᠭ᠋ᠠᠵᠠ ᠪᠣᠯᠭ᠋ᠠᠨ ᠳᠡᠭᠡᠭᠰᠢᠯᠡᠭᠦᠯᠵᠦ᠂ ᠨᠡᠭᠡᠭᠡᠯᠲᠡ ᠵᠢᠨ ᠲᠡᠰ ᠳᠠᠪᠬᠤᠷᠭ᠎ᠠ ᠨᠡᠩ ᠥᠨᠳᠥᠷ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠡᠩ ᠰᠢᠯᠢᠳᠡᠭ᠂ ᠨᠥᠯᠥᠭᠡᠯᠡᠬᠦ ᠦᠢ᠍ᠯᠡᠳᠦᠯ ᠨᠡᠩ ᠴᠢᠩᠭ᠎ᠠ ᠭᠠᠳᠠᠭ᠋ᠠᠳᠤ ᠨᠡᠭᠡᠭᠡᠯᠲᠡ ᠵᠢᠨ ᠰᠢᠨ᠎ᠡ ᠥᠨᠳᠦᠷᠯᠢᠭ᠎ᠢ ᠪᠠᠶ᠋ᠢᠭᠤᠯᠬᠤ ᠬᠡᠷᠡᠭᠲᠡᠢ᠃ ᠨᠡᠭᠡᠭᠡᠯᠲᠡ ᠵᠢᠨ ᠠᠮᠤᠷ ᠲᠦᠪᠰᠢᠨ᠎ᠢ ᠬᠠᠤᠯᠢ ᠶᠣᠰᠣᠭ᠋ᠠᠷ ᠬᠠᠮᠠᠭ᠋ᠠᠯᠠᠬᠤ ᠴᠢᠳᠠᠪᠤᠷᠢ᠎ᠪᠠᠨ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ᠃ ᠭᠠᠳᠠᠭ᠋ᠠᠳᠤ ᠵᠢᠨ ᠬᠥᠮᠥᠨ᠎ᠤ ᠳᠤᠮᠳᠠᠳᠤ ᠤᠯᠤᠰ᠎ᠲᠤ ᠠᠮᠢᠳᠤᠷᠠᠬᠤ᠎ᠳᠤ ᠲᠦᠭᠦᠮ ᠦᠵᠡᠭᠦᠯᠭᠦ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠪᠠ ᠬᠤᠯᠪᠣᠭᠳᠠᠯ ᠪᠦᠬᠦᠢ ᠬᠠᠤᠯᠢ ᠲᠣᠭᠲᠠᠭ᠋ᠠᠯ᠎ᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ᠂ ᠶᠣᠰᠣ ᠰᠤᠷᠲᠠᠬᠤᠨ ᠬᠠᠤᠯᠢ ᠴᠠᠭ᠋ᠠᠵᠠ ᠵᠢ ᠵᠡᠷᠭᠡ᠎ᠪᠠᠷ ᠰᠤᠷᠬᠤ ᠵᠢ ᠪᠠᠷᠢᠮᠲᠠᠯᠠᠵᠤ᠂ ᠰᠢᠨᠵᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠠᠤᠯᠢ ᠵᠢᠨ ᠤᠬᠠᠭ᠋ᠠᠨ᠎ᠤ ᠬᠥᠮᠦᠵᠢᠯ᠎ᠢ ᠰᠠᠶ᠋ᠢᠲᠤᠷ ᠡᠷᠭᠢᠯᠡᠵᠦ᠂ ᠦᠢ᠍ᠯᠡᠳᠦᠯᠭᠡ᠎ᠪᠠᠷ ᠤᠳᠤᠷᠢᠳᠤᠮᠵᠢ ᠪᠤᠯᠭ᠋ᠠᠬᠰᠠᠨ ᠬᠥᠮᠥᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠨᠢᠭᠡ ᠪᠦᠯᠦᠭ ᠤᠯᠤᠰ ᠲᠦᠷᠦ ᠵᠢᠨ ᠵᠣᠭᠰᠣᠯᠲᠠ᠎ᠨᠢ ᠡᠷᠡᠰ ᠪᠠᠲᠤ᠂ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠳᠤ ᠴᠠᠭ᠋ᠠᠷᠠᠭᠰᠠᠨ᠂ ᠤᠯᠠᠨ ᠤᠯᠤᠰ᠎ᠤᠨ ᠳᠦᠷᠢᠮ᠎ᠢ ᠨᠡᠪᠲᠡᠷᠬᠡᠢ ᠮᠡᠳᠡᠬᠦ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢ ᠴᠠᠭ᠋ᠠᠵᠠ ᠵᠢᠨ ᠪᠣᠳᠠᠲᠤ ᠶᠠᠪᠤᠳᠠᠯ᠎ᠳᠤ ᠨᠡᠪᠲᠡᠷᠡᠭᠰᠡᠨ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠴᠢᠳᠠᠪᠤᠷᠢᠲᠠᠨ᠎ᠢ ᠡᠷᠲᠡᠬᠡᠨ ᠬᠥᠮᠥᠵᠢᠭᠦᠯᠦᠨ ᠭᠠᠷᠭ᠋ᠠᠬᠤ ᠬᠡᠷᠡᠭᠲᠡᠢ᠃ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠰᠢᠯᠢᠨ ᠰᠣᠩᠭᠤᠬᠤ᠂ ᠬᠡᠷᠡᠭᠯᠡᠬᠦ᠂ ᠬᠠᠮᠢᠶᠠᠷᠬᠤ ᠲᠣᠭᠲᠠᠴᠠ ᠵᠢ ᠪᠦᠷᠢᠨᠰᠢᠭᠦᠯᠵᠦ᠂ ᠭᠠᠳᠠᠭ᠋ᠠᠳᠤ᠎ᠲᠠᠢ ᠬᠤᠯᠪᠣᠭᠳᠠᠬᠤ ᠳᠡᠭᠡᠳᠦ ᠲᠠᠰ᠎ᠤᠨ ᠬᠠᠤᠯᠢᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠨᠥᠭᠡᠴᠡᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠭᠠᠳᠠᠭ᠋ᠠᠳᠤ᠎ᠲᠠᠢ ᠬᠤᠯᠪᠣᠭᠳᠠᠬᠤ ᠺᠠᠳ᠋ᠷ᠎ᠤᠨ ᠡᠩᠨᠡᠭᠡ ᠵᠢᠨ ᠬᠠᠤᠯᠢᠵᠢᠯ᠎ᠤᠨ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠥᠨᠳᠥᠷ ᠬᠡᠪ ᠴᠢᠨᠠᠷ ᠪᠦᠬᠦᠢ ᠲᠤᠰᠬᠠᠶ᠋ᠢᠵᠢᠭᠰᠠᠨ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠠᠵᠢᠯ᠎ᠤᠨ ᠡᠩᠨᠡᠭᠡ ᠵᠢ ᠪᠠᠶ᠋ᠢᠭᠤᠯᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷ ᠲᠦᠷᠦᠭᠦᠯᠡᠨ ᠬᠠᠤᠯᠢ ᠵᠢ ᠭᠦᠨᠳᠦᠳᠭᠡᠵᠦ ᠬᠠᠤᠯᠢ ᠵᠢ ᠰᠤᠷᠤᠯᠴᠠᠵᠤ ᠬᠠᠤᠯᠢ ᠵᠢ ᠰᠠᠬᠢᠵᠤ ᠬᠠᠤᠯᠢ ᠵᠢ ᠬᠡᠷᠡᠭᠯᠡᠵᠦ᠂ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠰᠡᠳᠬᠢᠬᠦᠢ ᠪᠠ ᠬᠠᠤᠯᠢ ᠶᠣᠰᠣᠭ᠋ᠠᠷ ᠠᠵᠢᠯᠯᠠᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠠᠤᠯᠢᠵᠢᠯ᠎ᠤᠨ ᠢᠲᠡᠭᠡᠯ ᠵᠶ᠋ᠠᠨ ᠪᠠᠲᠤᠳᠬᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠣᠶ᠋ᠢᠯᠠᠭ᠋ᠠᠭᠳᠠᠬᠤᠨ᠂ ᠵᠣᠷᠢᠯᠲᠠ ᠪᠣᠯᠣᠨ ᠠᠮᠵᠢᠯᠲᠠ᠎ᠲᠠᠢ ᠦᠢ᠍ᠯᠡᠳᠦᠯᠭᠡ ᠵᠢ ᠢᠳᠡᠪᠬᠢᠲᠡᠢ ᠲᠠᠶ᠋ᠢᠯᠪᠤᠷᠢᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠬᠠᠤᠯᠢᠵᠢᠯ᠎ᠤᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠢ᠃ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠤᠨᠤᠯ ᠪᠠ ᠦᠢ᠍ᠯᠡᠳᠦᠯᠭᠡ ᠵᠢᠨ ᠬᠤᠰᠢᠭᠤᠷᠠᠯ ᠰᠡᠳᠦᠪ᠎ᠤᠨ ᠰᠤᠳᠤᠯᠭ᠋ᠠᠨ᠎ᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠂ ᠳᠤᠮᠳᠠᠳᠤ ᠭᠠᠳᠠᠭ᠋ᠠᠳᠤ ᠠᠭᠤᠰᠤᠯᠴᠠᠨ ᠨᠡᠪᠲᠡᠷᠡᠯᠴᠡᠭᠰᠡᠨ ᠭᠠᠳᠠᠭ᠋ᠠᠳᠤ᠎ᠲᠠᠢ ᠬᠤᠯᠪᠣᠭᠳᠠᠬᠤ ᠬᠠᠤᠯᠢᠵᠢᠯ᠎ᠤᠨ ᠤᠨᠤᠯ᠎ᠤᠨ ᠰᠢᠰᠲ᠋ᠧᠮ ᠪᠠ ᠦᠭᠡ ᠬᠡᠯᠡᠬᠦ ᠰᠢᠰᠲ᠋ᠧᠮ᠎ᠢ ᠪᠠᠶ᠋ᠢᠭᠤᠯᠵᠤ᠂ ᠮᠠᠨ᠎ᠤ ᠤᠯᠤᠰ᠎ᠤᠨ ᠬᠠᠤᠯᠢᠵᠢᠯ᠎ᠤᠨ ᠲᠣᠮᠣ ᠤᠯᠤᠰ᠂ ᠪᠣᠯᠪᠠᠰᠤᠨ᠎ᠤ ᠲᠣᠮᠣ ᠤᠯᠤᠰ᠎ᠤᠨ ᠳᠦᠷᠢ ᠲᠥᠷᠬᠦ ᠵᠢ ᠢᠯᠡᠷᠡᠭᠦᠯᠬᠦ ᠬᠡᠷᠡᠭᠲᠡᠢ᠃ ᠳᠤᠮᠳᠠᠳᠤ ᠵᠢᠨ ᠬᠠᠤᠯᠢ ᠵᠢᠨ ᠰᠢᠰᠲ᠋ᠧᠮ ᠪᠣᠯ ᠥᠨᠢ ᠤᠳᠠᠭ᠋ᠠᠨ ᠤᠯᠠᠮᠵᠢᠯᠠᠯ᠎ᠲᠠᠢ ᠶᠤᠮ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠬᠠᠤᠯᠢ ᠴᠠᠭ᠋ᠠᠵᠠ ᠵᠢᠨ ᠰᠣᠶᠣᠯ᠎ᠳᠤ ᠡᠯᠪᠡᠭ ᠪᠠᠶᠠᠯᠢᠭ ᠬᠠᠤᠯᠢᠵᠢᠯ᠎ᠤᠨ ᠦᠵᠡᠯ ᠰᠠᠨᠠᠭ᠎ᠠ ᠪᠠ ᠭᠦᠨ ᠭᠦᠨᠵᠡᠭᠡᠢ ᠤᠯᠤᠰ ᠲᠦᠷᠦ ᠵᠢᠨ ᠤᠶᠤᠨ ᠤᠬᠠᠭ᠋ᠠᠨ ᠠᠭᠤᠯᠤᠭᠳᠠᠵᠤ ᠪᠠᠶ᠋ᠢᠳᠠᠭ᠂ ᠲᠡᠷᠡ ᠪᠣᠯ ᠳᠤᠮᠳᠠᠳᠤ ᠵᠢᠨ ᠰᠣᠶᠣᠯ᠎ᠤᠨ ᠦᠨᠡᠲᠦ ᠡᠷᠳᠡᠨᠢ ᠮᠥᠨ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠬᠠᠤᠯᠢ ᠴᠠᠭ᠋ᠠᠵᠠ ᠵᠢᠨ ᠰᠣᠶᠣᠯ᠎ᠢ ᠪᠦᠲᠦᠭᠡᠯᠴᠢ᠎ᠪᠠᠷ ᠣᠨᠳᠣᠣᠰᠢᠭᠤᠯᠵᠤ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠢᠳᠡᠪᠬᠢᠲᠡᠢ ᠠᠬᠢᠭᠤᠯᠵᠤ᠂ ᠳᠤᠮᠳᠠᠳᠤ ᠵᠢᠨ ᠬᠠᠤᠯᠢᠵᠢᠯ᠎ᠤᠨ ᠪᠣᠯᠪᠠᠰᠤᠨ᠎ᠳᠤ ᠰᠢᠨ᠎ᠡ ᠴᠠᠭ ᠦᠶ᠎ᠡ ᠵᠢᠨ ᠠᠭᠤᠯᠤᠭᠳᠠᠬᠤᠨ ᠣᠯᠭᠤᠵᠤ᠂ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃