ᠰᠢᠨᠬᠤᠸᠠ ᠬᠤᠷᠢᠶ᠎ᠠ ᠵᠢᠨ ᠱᠠᠩᠬᠠᠢ ᠵᠢᠨ 11 ᠰᠠᠷ᠎ᠠ ᠵᠢᠨ 30᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 30᠎ᠤ ᠦᠳᠡ ᠵᠢᠨ ᠡᠮᠦᠨ᠎ᠡ ᠱᠠᠩᠬᠠᠢ᠎ᠳᠤ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠢ ᠠᠬᠢᠭᠤᠯᠵᠤ᠂ ᠰᠢᠨ᠎ᠡ ᠵᠢ ᠡᠭᠦᠳᠬᠦ ᠴᠢᠳᠠᠪᠤᠷᠢ᠂ ᠠᠵᠤ ᠦᠢ᠍ᠯᠡᠰ᠎ᠤᠨ ᠥᠷᠢᠰᠦᠯᠳᠦᠬᠦ ᠬᠦᠴᠦᠨ᠂ ᠬᠥᠭᠵᠢᠯᠲᠡ ᠵᠢᠨ ᠴᠢᠳᠠᠪᠤᠷᠢ ᠲᠡᠰᠢ ᠤᠯᠠᠮ ᠳᠡᠭᠡᠭᠰᠢᠯᠡᠭᠦᠯᠵᠦ᠂ ᠨᠡᠩ ᠥᠨᠳᠥᠷ ᠲᠡᠰ ᠳᠠᠪᠬᠤᠷᠭ᠎ᠠ ᠵᠢᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠪᠠᠶ᠋ᠢᠷᠢᠰᠢᠯ᠎ᠢ ᠤᠷᠢᠳ ᠵᠶ᠋ᠠᠷ ᠪᠦᠷᠢᠯᠳᠦᠭᠦᠯᠬᠦ᠎ᠨᠢ ᠮᠠᠨ᠎ᠤ ᠤᠯᠤᠰ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ ᠪᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠭᠡ ᠠᠴᠢ ᠬᠤᠯᠪᠣᠭᠳᠠᠯ᠎ᠲᠠᠢ ᠶᠤᠮ᠃ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠢᠭᠡ ᠴᠣᠭᠴᠠᠵᠢᠭᠤᠯᠬᠤ ᠪᠠ ᠴᠢᠨᠠᠷ ᠰᠠᠶ᠋ᠢᠲᠠᠢ ᠪᠠᠶ᠋ᠢᠯᠭ᠋ᠠᠬᠤ ᠡᠨᠡ ᠬᠤᠶᠠᠷ ᠵᠠᠩᠭᠢᠯᠠᠭ᠎ᠠ ᠵᠢᠨ ᠦᠭᠡ ᠵᠢ ᠴᠢᠩᠭ᠎ᠠ ᠡᠵᠡᠮᠳᠡᠵᠦ᠂ ᠪᠦᠭᠦ ᠪᠥᠮᠪᠥᠷᠴᠡᠭ᠎ᠤᠨ ᠬᠠᠷᠠᠭ᠋ᠠᠰᠤ ᠪᠠ ᠪᠠᠶ᠋ᠢᠯᠳᠤᠬᠤ ᠪᠣᠳᠣᠯᠭ᠎ᠠ ᠵᠢᠨ ᠰᠡᠳᠬᠢᠬᠦᠢ ᠵᠢ ᠪᠤᠢ ᠪᠤᠯᠭ᠋ᠠᠵᠤ᠂ ᠣᠭᠲᠣᠬᠠᠨ ᠴᠤ᠌ ᠭᠤᠶ᠋ᠢᠪᠢᠰᠢ ᠦᠭᠡᠢ᠎ᠪᠠᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ ᠪᠦᠬᠦᠢ ᠨᠡᠭᠡᠭᠡᠯᠲᠡ ᠵᠢ ᠥᠷᠭᠡᠳᠬᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠨᠢᠭᠡᠳᠦᠯᠲᠡᠢ ᠲᠥᠯᠥᠪᠵᠢᠭᠦᠯᠵᠦ᠂ ᠳᠠᠭ᠋ᠠᠭᠤᠯᠤᠭᠴᠢ ᠪᠣᠯᠵᠤ ᠳᠠᠶ᠋ᠢᠴᠢᠯᠠᠬᠤ ᠪᠠ ᠲᠤᠰ ᠲᠤᠰ᠎ᠤᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠨᠢᠭᠡᠳᠦᠯᠲᠡᠢ ᠲᠥᠯᠥᠪᠵᠢᠭᠦᠯᠵᠦ᠂ ᠬᠠᠲᠠᠭᠤ ᠲᠤᠨᠤᠭ᠎ᠤᠨ ᠬᠤᠯᠪᠣᠯᠳᠤᠨ ᠨᠡᠪᠲᠡᠷᠡᠯᠴᠡᠬᠦ ᠪᠠ ᠲᠣᠭᠲᠠᠴᠠ ᠵᠢᠨ ᠬᠠᠮᠵᠢᠯᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠪᠠ ᠠᠵᠤ ᠠᠬᠤᠢ ᠵᠢᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ ᠲᠠᠯ᠎ᠠ᠎ᠪᠠᠷ ᠤᠷᠢᠳ ᠵᠶ᠋ᠠᠷ ᠵᠢᠱ᠌ᠢᠶ᠎ᠡ ᠦᠵᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠤᠳᠤ ᠦᠶ᠎ᠡ ᠵᠢᠨ ᠪᠣᠯᠪᠠᠰᠤᠨ᠎ᠢ ᠪᠠᠶ᠋ᠢᠭᠤᠯᠬᠤ ᠲᠠᠯ᠎ᠠ᠎ᠪᠠᠷ ᠢᠳᠡᠪᠬᠢᠲᠡᠢ ᠰᠦᠪᠡᠭᠴᠢᠯᠡᠵᠦ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢᠨ ᠴᠢᠬᠤᠯᠠ ᠶᠡᠭᠡ ᠰᠢᠨ᠎ᠡ ᠰᠢᠪᠲᠤᠯᠤᠯᠲᠠ᠎ᠲᠠᠢ ᠪᠤᠯᠬᠤ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠤᠮᠳᠠ ᠡᠮᠦᠨ᠎ᠡ᠎ᠨᠢ ᠬᠤᠰᠢᠭᠤᠷᠠᠵᠤ᠂ ᠤᠷᠢᠳ ᠵᠶ᠋ᠠᠷ ᠵᠠᠮ ᠰᠦᠪᠡᠭᠴᠢᠯᠡᠬᠦ᠂ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠭᠦ᠂ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠨᠡᠩ ᠰᠠᠶ᠋ᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

11 ᠰᠠᠷ᠎ᠠ ᠵᠢᠨ 30᠎ᠤ ᠦᠳᠡ ᠵᠢᠨ ᠡᠮᠦᠨ᠎ᠡ᠂ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠱᠠᠩᠬᠠᠢ᠎ᠳᠤ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠵᠤ ᠴᠢᠬᠤᠯᠠ ᠶᠠᠷᠢᠶ᠎ᠠ ᠲᠠᠯᠪᠢᠪᠠ᠃
ᠰᠤᠷᠪᠤᠯᠵᠢᠯᠠᠬ᠍ᠴᠢ ᠰᠢᠶᠧ ᠬᠤᠸᠠᠨ ᡂᠢ ᠰᠡᠭᠦᠳᠡᠷᠯᠡᠪᠡ
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠶ᠋ᠢᠳ ᠯᠢ ᠴᠢᠶᠠᠩ᠂ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠶ᠋ᠢᠩᠭᠤ ᠵᠢᠨ ᠭᠡᠰᠢᠭᠦᠨ᠂ ᠨᠠᠮ᠎ᠤᠨ ᠲᠥᠪ ᠬᠤᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠶᠠᠷᠢᠯᠴᠠᠬᠤ ᠬᠤᠷᠠᠯ᠎ᠳᠤ ᠣᠷᠣᠯᠴᠠᠪᠠ᠃
ᠰᠢ ᠵᠢᠨ ᠫᠢᠩ ᠱᠠᠩᠬᠠᠢ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠬᠤᠭᠤᠴᠠᠭ᠋ᠠᠨ᠎ᠳᠠᠭᠠᠨ ᠡᠨᠡ ᠤᠳᠠᠭ᠎ᠠ ᠵᠢᠨ ᠶᠠᠷᠢᠯᠴᠠᠬᠤ ᠬᠤᠷᠠᠯ᠎ᠢ ᠲᠤᠰᠬᠠᠶ᠋ᠢᠯᠠᠨ ᠬᠤᠷᠠᠯᠳᠤᠭᠤᠯᠪᠠ᠃ ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠭᠢᠯᠡᠭᠴᠢ ᠵᠧᠩ ᠱᠠᠨ ᠵᠢᠶᠧ᠂ ᠱᠠᠩᠬᠠᠢ ᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠴᠧᠨ ᠵᠢᠢ ᠨᠢᠩ᠂ ᠵᠢᠶᠠᠩᠰᠤ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠰᠢᠨ ᠴᠠᠩ ᠰᠢᠩ᠂ ᠵᠧᠵᠢᠶᠠᠩ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠢ ᠯᠢᠶᠠᠨ ᠬᠤᠩ᠂ ᠠᠨᠾᠦ᠋ᠢ ᠮᠤᠵᠢ ᠵᠢᠨ ᠨᠠᠮ᠎ᠤᠨ ᠬᠤᠷᠢᠶ᠎ᠠ ᠵᠢᠨ ᠱᠦᠵᠢ ᠬᠠᠨ ᠵᠢᠶᠦ᠋ᠨ ᠤᠷᠢᠳ ᠬᠤᠵᠢᠳ ᠦᠭᠡ ᠬᠡᠯᠡᠵᠦ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠠᠬᠢᠭᠤᠯᠬᠤ ᠲᠤᠬᠠᠢ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠴᠠᠢ᠃
ᠤᠯᠠᠨ᠎ᠤ ᠬᠡᠯᠡᠬᠦ ᠵᠢ ᠰᠣᠨᠣᠰᠤᠭᠰᠠᠨ᠎ᠤ ᠲᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠳᠤᠷᠠᠳᠤᠨ ᠭᠠᠷᠭ᠋ᠠᠵᠤ ᠬᠡᠷᠡᠭᠵᠢᠭᠦᠯᠦᠭᠰᠡᠨ 5 ᠵᠢᠯ᠎ᠤᠨ ᠲᠤᠷᠰᠢ᠂ ᠲᠥᠯᠦᠪᠵᠢᠭᠦᠯᠭᠡ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠪᠦᠷᠢᠯᠳᠦᠭᠦᠯᠦᠭᠰᠡᠨ ᠪᠥᠭᠡᠳ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠷᠴᠢᠮᠲᠡᠢ ᠬᠥᠭᠵᠢᠶᠡᠨᠲᠡᠢ ᠨᠡᠮᠡᠭᠳᠡᠯ᠎ᠤᠨ ᠲᠤᠶ᠋ᠢᠯ᠎ᠤᠨ ᠴᠢᠳᠠᠮᠵᠢ ᠵᠢ ᠲᠠᠰᠤᠷᠠᠯᠳᠡ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠴᠢᠬᠤᠯᠠ ᠶᠡᠭᠡ ᠰᠢᠪᠲᠤᠯᠤᠯᠲᠠ᠎ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ᠂ ᠠᠮᠢ ᠠᠬᠤᠢ ᠣᠷᠴᠢᠨ ᠲᠣᠭᠤᠷᠢᠨ᠎ᠢ ᠬᠠᠮᠲᠤ᠎ᠪᠠᠷ ᠬᠠᠮᠠᠭ᠋ᠠᠯᠠᠵᠤ ᠬᠤᠯᠪᠤᠭ᠋ᠠᠯᠠᠨ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ ᠪᠦᠬᠦᠯᠢ ᠴᠣᠭᠴᠠ ᠵᠢᠨ ᠪᠣᠳᠠᠲᠤ ᠬᠦᠴᠦᠨ ᠪᠣᠯᠣᠨ ᠶᠡᠷᠦᠩᠬᠡᠶ᠋ᠢᠯᠡᠭᠰᠡᠨ ᠥᠷᠢᠰᠦᠯᠳᠦᠬᠦ ᠬᠦᠴᠦᠨ ᠦᠷᠭᠦᠯᠵᠢᠯᠡᠨ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠳᠠᠪᠠᠭᠤᠯᠢᠭ ᠴᠢᠨᠠᠷ᠎ᠢ ᠢᠯᠡᠷᠡᠭᠦᠯᠦᠭᠰᠡᠨ ᠴᠢᠬᠤᠯᠠ ᠴᠣᠩᠬᠤᠪᠴᠢ ᠪᠣᠯᠣᠨ ᠮᠠᠨ᠎ᠤ ᠤᠯᠤᠰ᠎ᠤᠨ ᠤᠯᠠᠨ ᠤᠯᠤᠰ᠎ᠤᠨ ᠥᠷᠢᠰᠦᠯᠳᠦᠭᠡᠨ ᠬᠠᠮᠲᠤᠷᠠᠯᠴᠠᠭ᠎ᠠ᠎ᠳᠤ ᠣᠷᠤᠯᠴᠠᠬᠤ ᠴᠢᠬᠤᠯᠠ ᠲᠠᠪᠴᠠᠩ᠎ᠤᠨ ᠦᠢ᠍ᠯᠡᠳᠦᠯ ᠡᠳᠦᠷ ᠢᠷᠡᠬᠦᠶ᠎ᠡ ᠢᠯᠡᠷᠡᠵᠦ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠬᠤ᠎ᠳᠤ ᠪᠠᠶ᠋ᠢᠯᠳᠤᠬᠤ ᠪᠣᠳᠣᠯᠭ᠎ᠠ ᠵᠢᠨ ᠰᠠᠨᠠᠭ᠋ᠠᠴᠢᠯᠠᠭ᠋ᠠᠲᠤ ᠡᠷᠬᠡ ᠵᠢ ᠲᠡᠮᠡᠴᠡᠨ ᠣᠯᠣᠭᠰᠠᠨ ᠪᠠᠶ᠋ᠢᠨ᠎ᠠ᠃ ᠡᠭᠦᠨ᠎ᠤ ᠬᠠᠮᠲᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ᠎ᠳᠤ ᠮᠠᠰᠢ ᠤᠯᠠᠨ ᠭᠦᠨ ᠳᠠᠪᠬᠤᠷᠭ᠎ᠠ ᠵᠢᠨ ᠠᠰᠠᠭᠤᠳᠠᠯ᠎ᠢ ᠤᠯᠠᠮ ᠴᠢᠨᠠᠭᠰᠢᠳᠠ ᠰᠢᠢ᠍ᠳᠪᠦᠷᠢᠯᠡᠬᠦ ᠴᠢᠬᠤᠯᠠᠲᠠᠢ᠂ ᠬᠥᠭᠵᠢᠯᠲᠡ ᠵᠢᠨ ᠶᠠᠰᠤ ᠴᠢᠨᠠᠷ ᠦᠷ᠎ᠡ ᠪᠦᠲᠦᠮᠵᠢ ᠪᠣᠯᠣᠨ ᠨᠥᠯᠥᠭᠡᠯᠡᠨ ᠳᠠᠶ᠋ᠢᠴᠢᠯᠠᠬᠤ ᠦᠢ᠍ᠯᠡᠳᠦᠯ᠎ᠢ ᠮᠥᠨ ᠬᠦ᠌ ᠳᠡᠭᠡᠭᠰᠢᠯᠡᠭᠦᠯᠭᠦ ᠴᠢᠬᠤᠯᠠᠲᠠᠢ᠂ ᠭᠤᠣᠯᠳᠠᠯᠭ᠎ᠠ᠎ᠲᠠᠢ ᠬᠦᠷᠢᠶ᠎ᠡ᠂ ᠭᠤᠣᠯᠳᠠᠯᠭ᠎ᠠ᠎ᠲᠠᠢ ᠣᠷᠣᠨ ᠪᠦᠰᠡ ᠵᠢᠨ ᠨᠢᠭᠡ ᠴᠣᠭᠴᠠᠵᠢᠯᠲᠠ᠎ᠳᠤ ᠪᠠᠰᠠ ᠴᠢᠷᠮᠠᠶ᠋ᠢᠯᠭ᠎ᠠ ᠭᠠᠷᠭ᠋ᠠᠬᠤ ᠴᠢᠬᠤᠯᠠᠲᠠᠢ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠵᠢᠯ᠎ᠤᠨ ᠬᠤᠪᠢᠶᠠᠷᠢᠯᠠᠨ ᠬᠠᠮᠵᠢᠯᠴᠠᠬᠤ ᠲᠦᠪᠰᠢᠨ᠎ᠢ ᠳᠡᠭᠡᠭᠰᠢᠯᠡᠭᠦᠯᠭᠦ ᠴᠢᠬᠤᠯᠠᠲᠠᠢ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ ᠳᠠᠭ᠋ᠠᠭᠤᠯᠤᠭᠴᠢ ᠵᠢᠨ ᠳᠠᠶ᠋ᠢᠴᠢᠯᠠᠬᠤ ᠦᠢ᠍ᠯᠡᠳᠦᠯ᠎ᠢ ᠴᠢᠨᠠᠭᠰᠢᠳᠠ ᠪᠠᠳᠠᠷᠠᠭᠤᠯᠬᠤ ᠴᠢᠬᠤᠯᠠᠲᠠᠢ᠂ ᠥᠭᠡᠷᠡᠴᠢᠯᠡᠯᠲᠡ ᠨᠡᠭᠡᠭᠡᠯᠲᠡ ᠵᠢ ᠪᠠᠰᠠ ᠴᠢᠨᠠᠭᠰᠢᠳᠠ ᠭᠦᠨᠵᠡᠭᠡᠶ᠋ᠢᠷᠡᠭᠦᠯᠦᠨ ᠥᠷᠭᠡᠳᠬᠡᠬᠦ ᠴᠢᠬᠤᠯᠠᠲᠠᠢ᠂ ᠭᠡᠳᠦ ᠶᠡᠭᠡ ᠣᠨᠴᠠ ᠶᠡᠭᠡ ᠬᠤᠳᠠ ᠵᠢᠨ ᠵᠠᠰᠠᠯᠲᠠ ᠪᠣᠯᠣᠨ ᠬᠥᠭᠵᠢᠯᠲᠡ᠎ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠢ᠃ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠠᠬᠢᠭᠤᠯᠬᠤ ᠪᠣᠯ ᠲᠣᠮᠣ ᠶᠠᠪᠤᠳᠠᠯ ᠮᠥᠨ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠷᠢᠮᠲᠠᠯᠠᠵᠤ᠂ ᠨᠢᠭᠡ ᠡᠭᠡᠯᠵᠢ᠎ᠨᠢ ᠨᠢᠭᠡ ᠡᠭᠡᠯᠵᠢ᠎ᠪᠠᠨ ᠵᠠᠯᠭ᠋ᠠᠨ ᠠᠪᠴᠤ ᠦᠷᠭᠦᠯᠵᠢᠯᠡᠨ ᠠᠵᠢᠯᠯᠠᠵᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢᠨ ᠰᠢᠨ᠎ᠡ ᠬᠠᠭᠤᠳᠠᠰᠤ ᠵᠢ ᠲᠠᠰᠤᠷᠠᠯᠳᠠ ᠦᠭᠡᠢ ᠪᠢᠴᠢᠭᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ᠎ᠳᠡᠭᠡᠨ ᠣᠷᠣᠨ ᠪᠦᠰᠡ ᠠᠯᠤᠰᠯᠠᠨ ᠬᠠᠮᠵᠢᠯᠴᠠᠬᠤ ᠵᠢ ᠴᠢᠩᠭ᠋ᠠᠳᠬᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠶᠡᠭᠡ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠭᠡᠯᠪᠡᠷᠢ ᠰᠢᠨ᠎ᠡ ᠵᠠᠭᠪᠤᠷ᠎ᠤᠨ ᠪᠤᠢ ᠪᠤᠯᠬᠤ ᠵᠢ ᠲᠦᠷᠭᠡᠳᠬᠡᠵᠦ᠂ ᠬᠥᠭᠵᠢᠯᠲᠡ ᠵᠢᠨ ᠰᠢᠨ᠎ᠡ ᠣᠷᠣᠨ ᠵᠠᠢ ᠵᠢ ᠥᠷᠭᠡᠳᠬᠡᠵᠦ᠂ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠵᠤ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡᠲᠠᠢ ᠨᠡᠩ ᠰᠠᠶ᠋ᠢᠲᠤᠷ ᠬᠤᠯᠪᠤᠭ᠋ᠠᠯᠠᠨ ᠬᠥᠳᠡᠯᠦᠯᠴᠡᠵᠦ᠂ ᠪᠦᠭᠦ ᠤᠯᠤᠰ᠎ᠢ ᠲᠠᠶ᠋ᠢᠴᠢᠯᠠᠨ ᠨᠥᠯᠥᠭᠡᠯᠡᠬᠦ ᠬᠡᠷᠡᠭᠲᠡᠢ᠃ ᠣᠷᠣᠨ ᠪᠦᠰᠡ ᠠᠯᠤᠰᠯᠠᠨ᠂ ᠰᠠᠯᠠᠭ᠎ᠠ ᠮᠥᠴᠢᠷ ᠠᠯᠤᠰᠯᠠᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠴᠦᠨ ᠪᠣᠯᠣᠨ ᠳᠠᠪᠠᠭᠤᠯᠢᠭ ᠡᠬᠢ ᠪᠠᠶᠠᠯᠢᠭ᠎ᠢ ᠨᠡᠶ᠋ᠢᠳᠬᠡᠵᠦ᠂ ᠬᠦᠴᠦᠷᠬᠡᠭ᠎ᠨᠢ ᠬᠦᠴᠦᠷᠬᠡᠭᠲᠠᠢᠪᠠᠨ ᠬᠤᠯᠪᠣᠭ᠋ᠠᠯᠠᠬᠤ ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠤᠯᠣᠮᠲᠠ ᠵᠢ ᠴᠣᠭᠴᠠᠯᠠᠬᠤ ᠬᠡᠷᠡᠭᠲᠡᠢ᠃ ᠨᠡᠩ ᠨᠡᠭᠡᠭᠡᠯᠲᠡᠲᠡᠢ ᠰᠡᠳᠬᠢᠬᠦᠢ ᠪᠣᠯᠣᠨ ᠠᠷᠭ᠎ᠠ ᠬᠡᠮᠵᠢᠶ᠎ᠡ᠎ᠪᠠᠷ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ᠎ᠳᠤ ᠣᠷᠣᠯᠴᠠᠵᠤ᠂ ᠪᠦᠭᠦ ᠪᠥᠮᠪᠥᠷᠴᠡᠭ᠎ᠤᠨ ᠥᠷᠢᠰᠦᠯᠳᠦᠬᠦ ᠬᠦᠴᠦᠨ ᠵᠶ᠋ᠠᠷ ᠨᠡᠩ ᠶᠡᠭᠡ ᠰᠢᠨ᠎ᠡ ᠵᠢ ᠡᠭᠦᠳᠬᠦ ᠠᠮᠢ ᠠᠬᠤᠢ ᠵᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ᠎ᠬᠢᠨ ᠨᠢᠭᠡ ᠴᠣᠭᠴᠠᠵᠢᠭᠰᠠᠨ ᠬᠥᠭᠵᠢᠯᠲᠡ ᠵᠢᠨ ᠪᠠᠶ᠋ᠢᠭᠤᠯᠤᠮᠵᠢ ᠲᠣᠭᠲᠠᠴᠠ ᠵᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠡᠷᠬᠡᠪᠰᠢ ᠪᠠᠶ᠋ᠢᠭᠤᠯᠤᠮᠵᠢ ᠲᠣᠭᠲᠠᠴᠠ ᠵᠢᠨ ᠲᠠᠯ᠎ᠠ᠎ᠪᠠᠷ ᠭᠠᠵᠠᠷ ᠣᠷᠣᠨ᠎ᠤ ᠬᠡᠰᠡᠭᠯᠡᠯ ᠪᠠ ᠵᠠᠰᠠᠭ ᠵᠠᠬᠢᠷᠭ᠋ᠠᠨ᠎ᠤ ᠪᠠᠬᠢᠯᠡᠯᠲᠡ ᠵᠢ ᠡᠪᠳᠡᠵᠦ᠂ ᠨᠢᠭᠡ ᠴᠣᠭᠴᠠᠵᠢᠭᠤᠯᠤᠨ ᠬᠥᠭᠵᠢᠭᠦᠯᠬᠦ᠎ᠳᠤ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠨᠢᠭᠡ ᠴᠣᠭᠴᠠᠵᠢᠭᠤᠯᠬᠤ ᠤᠬᠠᠮᠰᠠᠷ ᠵᠶ᠋ᠠᠨ ᠴᠢᠩᠭ᠋ᠠᠳᠬᠠᠵᠤ᠂ ᠬᠥᠯᠭᠡ ᠰᠢᠲᠠᠷ᠎ᠠ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠳᠦᠷᠢᠮ ᠪᠠ ᠪᠠᠶ᠋ᠢᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠬᠦᠷᠢᠶ᠎ᠡ ᠭᠤᠣᠯᠳᠠᠯᠭ᠎ᠠ᠎ᠲᠠᠢ ᠣᠷᠣᠨ ᠪᠦᠰᠡ᠎ᠳᠤ ᠨᠡᠩ ᠶᠡᠭᠡ ᠰᠢᠪᠲᠤᠯᠤᠯᠲᠠ ᠭᠠᠷᠭ᠋ᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠰᠢᠰᠲ᠋ᠧᠮ᠎ᠲᠠᠢ ᠬᠤᠷᠠᠮᠳᠤᠯ ᠪᠠ ᠬᠠᠮᠵᠢᠯᠴᠠᠭ᠎ᠠ ᠵᠢ ᠴᠢᠩᠭ᠋ᠠᠳᠬᠠᠵᠤ᠂ ᠨᠢᠭᠡ ᠴᠣᠭᠴᠠᠵᠢᠯᠲᠠ ᠵᠢ ᠨᠡᠩ ᠭᠦᠨ ᠳᠠᠪᠬᠤᠷᠭ᠎ᠠ ᠨᠡᠩ ᠥᠷᠭᠡᠨ ᠬᠦᠷᠢᠶ᠎ᠡ ᠲᠡᠶ᠋ᠢᠰᠢ ᠥᠷᠭᠡᠳᠬᠡᠬᠦ ᠵᠢ ᠠᠬᠢᠭᠤᠯᠬᠤ ᠬᠡᠷᠡᠭᠲᠡᠢ᠃ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠳᠦᠷᠢᠮ᠎ᠤᠨ ᠵᠣᠯᠭ᠋ᠠᠯᠴᠠᠭ᠎ᠠ᠂ ᠲᠦᠷᠦ ᠵᠢᠨ ᠪᠣᠳᠣᠯᠭ᠎ᠠ ᠵᠢᠨ ᠬᠠᠮᠵᠢᠯᠴᠠᠭ᠎ᠠ᠂ ᠪᠠᠷᠢᠮᠵᠢᠶ᠎ᠠ ᠠᠳᠠᠯᠢᠰᠢᠬᠤ ᠵᠢ ᠠᠯᠬᠤᠮ ᠲᠠᠷᠠᠭ᠎ᠠ᠎ᠲᠠᠢ᠎ᠪᠠᠷ ᠠᠬᠢᠭᠤᠯᠵᠤ᠂ ᠡᠯ᠎ᠡ ᠬᠦᠷᠢᠶᠡᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡ ᠵᠢᠨ ᠲᠦᠭᠦᠮ ᠦᠵᠡᠭᠦᠯᠵᠦ ᠬᠠᠮᠲᠤ᠎ᠪᠠᠷ ᠡᠳ᠋ᠯᠡᠬᠦ ᠵᠢ ᠲᠦᠷᠦᠯ ᠬᠤᠪᠢᠶᠠᠨ ᠠᠬᠢᠭᠤᠯᠬᠤ ᠬᠡᠷᠡᠭᠲᠡᠢ᠃ ᠡᠯ᠎ᠡ ᠲᠦᠷᠦᠯ᠎ᠤᠨ ᠵᠠᠮ ᠬᠠᠷᠢᠯᠴᠠᠭ᠋ᠠᠨ᠎ᠤ ᠲᠣᠣᠷ᠎ᠤᠨ ᠰᠠᠭᠤᠷᠢ ᠲᠥᠬᠦᠭᠡᠷᠦᠮᠵᠢ ᠵᠢᠨ ᠪᠠᠷᠢᠮᠵᠢᠶ᠎ᠠ ᠵᠢ ᠣᠷᠣᠨ ᠪᠦᠰᠡ ᠠᠯᠤᠰᠯᠠᠨ ᠵᠣᠯᠭ᠋ᠠᠭᠤᠯᠬᠤ ᠵᠢ ᠴᠢᠩᠭ᠋ᠠᠳᠬᠠᠵᠤ᠂ ᠰᠠᠭᠤᠷᠢ ᠲᠥᠬᠦᠭᠡᠷᠦᠮᠵᠢ ᠵᠢᠨ ᠬᠤᠯᠪᠣᠯᠳᠤᠨ ᠨᠡᠪᠲᠡᠷᠡᠯᠴᠡᠬᠦ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠠᠮᠢ ᠠᠬᠤᠢ ᠵᠢᠨ ᠪᠣᠬᠢᠷᠳᠤᠯ ᠦᠭᠡᠢ ᠨᠢᠭᠡ ᠴᠣᠭᠴᠠᠵᠢᠭᠰᠠᠨ ᠬᠥᠭᠵᠢᠯᠲᠡ ᠵᠢᠨ ᠵᠢᠱ᠌ᠢᠶ᠎ᠡ ᠦᠵᠡᠭᠦᠯᠭᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠵᠢᠱ᠌ᠢᠶ᠎ᠡ ᠦᠵᠡᠭᠦᠯᠭᠦ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠲᠥᠯᠦᠪᠵᠢᠭᠦᠯᠭᠡ᠂ ᠭᠠᠵᠠᠷ ᠰᠢᠷᠣᠢ᠂ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠣᠷᠣᠨ ᠪᠦᠰᠡ ᠠᠯᠤᠰᠯᠠᠨ ᠬᠠᠮᠵᠢᠯᠴᠠᠬᠤ ᠪᠠ ᠣᠷᠭ᠋ᠠᠨᠢᠭ ᠵᠶ᠋ᠠᠷ ᠵᠣᠯᠭ᠋ᠠᠯᠳᠤᠬᠤ ᠵᠢ ᠴᠢᠩᠭ᠋ᠠᠳᠬᠠᠵᠤ᠂ ᠣᠷᠣᠨ ᠪᠦᠰᠡ ᠵᠢᠨ ᠲᠦᠷᠦᠯ ᠵᠦᠢ᠍ᠯ᠎ᠤᠨ ᠬᠠᠮᠵᠢᠯᠴᠠᠭ᠎ᠠ᠎ᠠᠴᠠ ᠣᠷᠣᠨ ᠪᠦᠰᠡ ᠵᠢᠨ ᠨᠢᠭᠡ ᠴᠣᠭᠴᠠᠵᠢᠭᠰᠠᠨ ᠳᠦᠷᠢᠮ᠎ᠤᠨ ᠰᠢᠨ᠎ᠡ ᠵᠢ ᠡᠭᠦᠳᠬᠦ ᠵᠢ ᠲᠦᠷᠭᠡᠳᠬᠡᠬᠦ ᠬᠡᠷᠡᠭᠲᠡᠢ᠃ ᠣᠷᠣᠨ ᠪᠦᠰᠡ ᠠᠯᠤᠰᠯᠠᠨ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠠᠵᠤ ᠦᠢ᠍ᠯᠡᠰ᠎ᠤᠨ ᠣᠷᠣᠨ ᠪᠦᠰᠡ ᠠᠯᠤᠰᠯᠠᠨ ᠰᠢᠯᠵᠢᠭᠦ ᠪᠠ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠵᠦᠢ ᠵᠣᠬᠢᠰᠲᠠᠢ ᠲᠣᠬᠢᠷᠠᠭᠤᠯᠬᠤ ᠵᠢ ᠡᠮᠬᠢ ᠵᠢᠷᠤᠮ᠎ᠲᠠᠢ ᠠᠬᠢᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭᠢ ᠦᠨᠡᠨ ᠬᠦ᠌ ᠣᠷᠣᠨ ᠪᠦᠰᠡ ᠵᠢᠨ ᠬᠥᠭᠵᠢᠯᠲᠡ ᠵᠢᠨ ᠬᠠᠮᠲᠤ ᠵᠢᠨ ᠴᠣᠭᠴᠠ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ᠎ᠬᠢᠨ ᠳᠡᠭᠡᠳᠦ ᠲᠡᠰ ᠳᠠᠪᠬᠤᠷᠭ᠎ᠠ ᠵᠢᠨ ᠬᠠᠮᠵᠢᠯᠴᠠᠨ ᠨᠡᠭᠡᠭᠡᠯᠲᠡ ᠬᠢᠬᠦ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠳᠦᠷᠢᠮ᠎ᠤᠨ ᠭᠡᠯᠪᠡᠷᠢ ᠵᠢᠨ ᠨᠡᠭᠡᠭᠡᠯᠲᠡ᠎ᠪᠠᠷ ᠭᠤᠣᠯᠳᠠᠯᠭ᠎ᠠ ᠪᠤᠯᠭ᠋ᠠᠬᠰᠠᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠥᠭᠡᠷᠡᠴᠢᠯᠡᠯᠲᠡ ᠵᠢᠨ ᠲᠤᠷᠰᠢᠯᠭ᠎ᠠ᠎ᠪᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭ᠋ᠠᠬᠤ ᠪᠠ ᠲᠡᠷᠡ ᠬᠡᠪ ᠵᠶ᠋ᠠᠷ᠎ᠨᠢ ᠳᠡᠯᠭᠡᠷᠡᠭᠦᠯᠬᠦ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠠᠵᠤ ᠠᠬᠤᠢ ᠵᠢᠨ ᠶᠡᠭᠡ ᠣᠷᠴᠢᠯ᠎ᠢ ᠰᠢᠯᠤᠭᠤᠳᠬᠠᠬᠤ ᠬᠦᠴᠦᠷᠬᠡᠭ ᠶᠡᠭᠡ ᠬᠥᠳᠡᠯᠭᠡᠭᠦᠷ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠯᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠬᠦᠢ᠍ᠰᠦ ᠪᠤᠯᠬᠤ᠎ᠪᠠᠷ ᠴᠢᠷᠮᠠᠶ᠋ᠢᠬᠤ ᠬᠡᠷᠡᠭᠲᠡᠢ᠃ ᠱᠠᠩᠬᠠᠢ ᠵᠢᠨ 《ᠲᠠᠪᠤᠨ ᠲᠥᠪ》᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠵᠦ᠂ ᠫᠦᠳᠦ᠋ᠩ ᠰᠢᠨ᠎ᠡ ᠲᠣᠭᠤᠷᠢᠭ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠢ ᠲᠦᠷᠭᠡᠳᠬᠡᠨ ᠠᠬᠢᠭᠤᠯᠵᠤ᠂ ᠬᠤᠩ ᠴᠢᠶᠣᠤ ᠵᠢᠨ ᠤᠯᠠᠨ ᠤᠯᠤᠰ᠎ᠤᠨ ᠨᠡᠭᠡᠭᠡᠯᠲᠡ ᠵᠢᠨ ᠬᠦᠢ᠍ᠰᠦ ᠵᠢᠨ ᠲᠠᠶ᠋ᠢᠴᠢᠯᠠᠨ ᠨᠥᠯᠥᠭᠡᠯᠡᠬᠦ ᠴᠢᠳᠠᠪᠤᠷᠢ ᠵᠢᠨ ᠲᠡᠰᠢ ᠤᠯᠠᠮ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠳᠡᠭᠡᠭᠰᠢᠯᠡᠭᠦᠯᠭᠦ ᠪᠠᠶ᠋ᠢᠯᠳᠤᠬᠤ ᠪᠣᠳᠣᠯᠭ᠎ᠠ ᠵᠢ ᠶᠡᠭᠡ᠎ᠪᠠᠷ ᠬᠡᠷᠡᠭᠵᠢᠭᠦᠯᠵᠦ᠂ ᠱᠠᠩᠬᠠᠢ ᠵᠢᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠭᠠᠷᠠᠮ ᠳᠠᠭ᠋ᠠᠤ ᠰᠢᠨ᠎ᠡ ᠲᠣᠭᠤᠷᠢᠭ᠎ᠤᠨ ᠨᠡᠩ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠬᠤ ᠬᠡᠷᠡᠭᠲᠡᠢ᠃ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠪᠣᠯᠣᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠳᠠᠪᠠᠭᠤᠯᠢᠭ ᠦᠢ᠍ᠯᠡᠳᠪᠦᠷᠢᠯᠡᠯ᠎ᠤᠨ ᠴᠢᠳᠠᠪᠤᠷᠢ᠂ ᠰᠢᠯᠢᠳᠡᠭ ᠲᠣᠨᠣᠭᠯᠠᠯ᠂ ᠬᠡᠷᠡᠭᠯᠡᠭᠡᠨ᠎ᠤ ᠮᠡᠷᠭᠡᠵᠢᠯ ᠪᠣᠯᠣᠨ ᠪᠠᠷᠢᠮᠵᠢᠶ᠎ᠠ ᠵᠢᠨ 《ᠭᠠᠷᠴᠤ ᠶᠠᠪᠤᠬᠤ》 ᠵᠢ ᠠᠬᠢᠭᠤᠯᠬᠤ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ ᠵᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠦᠷᠦᠭᠦᠯᠡᠨ ᠨᠠᠶ᠋ᠢᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠣᠷᠴᠢᠨ ᠨᠥᠬᠦᠴᠡᠯ᠎ᠢ ᠤᠯᠠᠮ ᠰᠢᠯᠢᠳᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠠᠷ ᠬᠥᠭᠵᠢᠬᠦ᠂ ᠴᠢᠨᠠᠷ ᠰᠠᠶ᠋ᠢᠲᠠᠢ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ᠎ᠬᠢᠨ ᠠᠮᠢ ᠠᠬᠤᠢ ᠣᠷᠴᠢᠨ ᠲᠣᠭᠤᠷᠢᠨ᠎ᠢ ᠬᠠᠮᠲᠤ᠎ᠪᠠᠷ ᠬᠠᠮᠠᠭ᠋ᠠᠯᠠᠵᠤ ᠬᠤᠯᠪᠤᠭ᠋ᠠᠯᠠᠨ ᠵᠠᠰᠠᠬᠤ ᠵᠢ ᠴᠢᠩᠭ᠋ᠠᠳᠬᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠪᠰᠠᠷ ᠦᠭᠡᠢ ᠵᠣᠯᠭ᠋ᠠᠭᠤᠯᠬᠤ ᠵᠢ ᠴᠢᠩᠭ᠋ᠠᠳᠬᠠᠵᠤ᠂ ᠴᠢᠬᠤᠯᠠ ᠠᠮᠢ ᠠᠬᠤᠢ ᠵᠢᠨ ᠬᠠᠯᠬᠠᠪᠴᠢ ᠪᠠ ᠠᠮᠢ ᠠᠬᠤᠢ ᠵᠢᠨ ᠬᠤᠩᠭᠢᠯ᠎ᠢ ᠬᠠᠮᠲᠤ᠎ᠪᠠᠷ ᠬᠠᠮᠠᠭ᠋ᠠᠯᠠᠬᠤ ᠵᠢ ᠠᠬᠢᠭᠤᠯᠵᠤ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠪᠣᠬᠢᠷᠳᠤᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠵᠤ᠂ ᠬᠢᠯᠢ ᠠᠯᠤᠰᠯᠠᠭᠰᠠᠨ ᠤᠰᠤᠨ ᠴᠣᠭᠴᠠ ᠵᠢ ᠬᠠᠮᠲᠤ᠎ᠪᠠᠷ ᠬᠠᠮᠠᠭ᠋ᠠᠯᠠᠵᠤ ᠬᠠᠮᠲᠤᠷᠠᠨ ᠵᠠᠰᠠᠬᠤ ᠵᠢ ᠭᠦᠨᠵᠡᠭᠡᠢ ᠥᠷᠨᠢᠭᠦᠯᠵᠦ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠣᠷᠣᠨ ᠪᠦᠰᠡ ᠵᠢᠨ ᠲᠦᠷᠦ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠣᠷᠣᠨ ᠪᠦᠰᠡ ᠵᠢᠨ ᠪᠣᠬᠢᠷᠳᠤᠯ ᠦᠭᠡᠢ ᠦᠢ᠍ᠯᠡᠳᠬᠦ ᠰᠢᠰᠲ᠋ᠧᠮ᠎ᠢ ᠪᠠᠶ᠋ᠢᠭᠤᠯᠬᠤ ᠬᠡᠷᠡᠭᠲᠡᠢ᠃ ᠠᠷᠢᠭᠤᠨ ᠴᠡᠪᠡᠷ ᠦᠢ᠍ᠯᠡᠳᠪᠦᠷᠢᠯᠡᠯ᠎ᠢ ᠪᠦᠭᠦ ᠲᠠᠯ᠎ᠠ᠎ᠪᠠᠷ ᠠᠬᠢᠭᠤᠯᠵᠤ᠂ ᠭᠤᠣᠯᠳᠠᠯᠭ᠎ᠠ᠎ᠲᠠᠢ ᠬᠦᠷᠢᠶ᠎ᠡ ᠪᠣᠯᠣᠨ ᠭᠤᠣᠯᠳᠠᠯᠭ᠎ᠠ᠎ᠲᠠᠢ ᠠᠵᠢᠯ ᠲᠦᠷᠦᠯ᠎ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢ᠍ᠯᠡᠰ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠪᠣᠬᠢᠷᠳᠤᠯ ᠦᠭᠡᠢ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠤᠨ ᠪᠦᠷᠢᠨᠰᠢᠭᠦᠯᠵᠦ᠂ ᠦᠷᠭᠦᠯᠵᠢᠯᠡᠬᠦ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠭᠡᠯᠪᠡᠷᠢ ᠵᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠠᠯᠤᠰᠯᠠᠨ ᠪᠣᠬᠢᠷᠳᠤᠯ᠎ᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠳᠦᠷᠢᠮ᠎ᠢ ᠪᠠᠶ᠋ᠢᠭᠤᠯᠵᠤ᠂ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠯᠠᠪᠳᠠᠭᠤᠨ ᠠᠬᠢᠭᠤᠯᠬᠤ ᠬᠡᠷᠡᠭᠲᠡᠢ᠃ ᠰᠢᠨ᠎ᠡ ᠮᠠᠶᠢᠭ᠎ᠤᠨ ᠡᠨᠧᠷᠭᠢ ᠵᠢᠨ ᠰᠢᠰᠲ᠋ᠧᠮ᠎ᠢ ᠲᠥᠯᠥᠪᠵᠢᠭᠦᠯᠦᠨ ᠪᠠᠶ᠋ᠢᠭᠤᠯᠵᠤ᠂ ᠮᠤᠵᠢ ᠬᠤᠳᠠ ᠵᠢᠨ ᠬᠤᠭᠤᠷᠣᠨᠳᠣᠭᠢ ᠴᠠᠭᠢᠯᠭ᠋ᠠᠨ ᠬᠦᠴᠦᠨ᠎ᠤ ᠬᠠᠷᠢᠯᠴᠠᠨ ᠲᠤᠰᠠᠯᠠᠯᠴᠠᠬᠤ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠬᠥᠬᠡᠮᠥ᠋ᠷᠡᠨ᠎ᠤ 《ᠵᠢᠭ᠋ᠠᠰᠤ ᠠᠩᠨᠠᠬᠤ ᠵᠢ ᠠᠷᠪᠠᠨ ᠵᠢᠯ ᠴᠠᠭ᠋ᠠᠵᠠᠯᠠᠬᠤ》 ᠵᠢ ᠦᠷᠭᠦᠯᠵᠢᠯᠡᠨ ᠠᠬᠢᠭᠤᠯᠵᠤ᠂ ᠬᠤᠯᠪᠤᠭ᠋ᠠᠯᠠᠨ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠬᠡᠷᠡᠭᠲᠡᠢ᠃ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠪᠦᠷᠢᠨᠰᠢᠭᠦᠯᠵᠦ᠂ ᠠᠮᠢ ᠠᠬᠤᠢ ᠵᠢᠨ ᠳᠠᠪᠠᠭᠤᠯᠢᠭ᠎ᠢ ᠠᠵᠤ ᠠᠬᠤᠢ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ ᠠᠷᠭ᠎ᠠ ᠵᠠᠮ᠎ᠢ ᠥᠷᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠣᠷᠣᠨ ᠪᠦᠰᠡ ᠵᠢᠨ᠎ᠬᠢᠨ ᠠᠮᠤᠷ ᠲᠦᠪᠰᠢᠨ ᠵᠶ᠋ᠠᠷ ᠬᠥᠭᠵᠢᠭᠦᠯᠬᠦ ᠴᠢᠳᠠᠪᠤᠷᠢ᠎ᠪᠠᠨ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠵᠤ᠂ ᠬᠤᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠪᠠ ᠣᠷᠣᠨ ᠪᠦᠰᠡ ᠵᠢᠨ ᠠᠮᠤᠷ ᠲᠦᠪᠰᠢᠨ᠎ᠳᠤ ᠬᠤᠯᠪᠣᠭᠳᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠵᠤ ᠦᠢ᠍ᠯᠡᠰ᠂ ᠮᠥᠩᠭᠦᠨ ᠭᠦᠢ᠍ᠯᠭᠡᠭᠡᠨ ᠵᠡᠷᠭᠡ ᠬᠦᠷᠢᠶ᠎ᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ ᠵᠢ ᠨᠢᠭᠲᠠ ᠠᠩᠬᠠᠷᠴᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠰᠢᠰᠲ᠋ᠧᠮ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠬᠦ ᠬᠡᠷᠡᠭᠲᠡᠢ᠃ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠠᠵᠤ ᠦᠢ᠍ᠯᠡᠰ᠎ᠤᠨ ᠰᠢᠰᠲ᠋ᠧᠮ ᠪᠦᠷᠢᠨ ᠲᠡᠭᠦᠯᠳᠡᠷ ᠪᠠᠶ᠋ᠢᠬᠤ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠶ᠋ᠢᠬᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠤᠯᠤᠰ᠎ᠤᠨ ᠠᠵᠤ ᠠᠬᠤᠢ ᠠᠮᠢᠳᠤᠷᠠᠯ᠎ᠳᠤ ᠬᠤᠯᠪᠣᠭᠳᠠᠬᠤ ᠴᠢᠬᠤᠯᠠ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ᠎ᠳᠠᠬᠢ ᠬᠡᠯᠬᠢᠶ᠎ᠡ ᠵᠢ ᠴᠢᠩᠭ᠋ᠠᠳᠬᠠᠵᠤ ᠬᠡᠯᠬᠢᠶ᠎ᠡ ᠵᠢ ᠨᠥᠬᠦᠪᠦᠷᠢᠯᠡᠬᠦ ᠠᠵᠢᠯᠯᠠᠭ᠎ᠠ ᠵᠢ ᠬᠡᠷᠡᠭᠵᠢᠭᠦᠯᠬᠦ ᠵᠢᠨ ᠬᠠᠮᠲᠤ ᠳᠤᠮᠳᠠ ᠪᠠᠷᠠᠭᠤᠨ ᠣᠷᠣᠨ᠎ᠲᠠᠢ ᠠᠵᠤ ᠦᠢ᠍ᠯᠡᠰ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠬᠠᠷᠢᠮᠠᠬᠠᠢ ᠴᠢᠨᠠᠷ ᠪᠠ ᠠᠮᠤᠷ ᠲᠦᠪᠰᠢᠨ᠎ᠤ ᠲᠦᠪᠰᠢᠨ᠎ᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠮᠥᠩᠭᠦᠨ ᠭᠦᠢ᠍ᠯᠭᠡᠭᠡᠨ᠎ᠤ ᠬᠦᠷᠢᠶᠡᠨ᠎ᠤ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠵᠦ᠂ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠵᠢᠨ ᠳᠥᠳᠡᠴᠢᠯᠡᠯᠲᠡ ᠵᠢ ᠳᠡᠭᠡᠭᠰᠢᠯᠡᠭᠦᠯᠵᠦ᠂ ᠪᠦᠭᠦ ᠶᠠᠪᠤᠴᠠ ᠵᠢᠨ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠵᠤ᠂ ᠤᠯᠤᠰ᠎ᠤᠨ ᠮᠥᠩᠭᠦᠨ ᠭᠦᠢ᠍ᠯᠭᠡᠭᠡᠨ᠎ᠤ ᠠᠮᠤᠷ ᠲᠦᠪᠰᠢᠨ᠎ᠢ ᠨᠡᠩ ᠰᠠᠶ᠋ᠢᠲᠤᠷ ᠬᠠᠮᠠᠭ᠋ᠠᠯᠠᠬᠤ ᠬᠡᠷᠡᠭᠲᠡᠢ᠃ ᠭᠠᠳᠠᠭ᠋ᠠᠳᠤ᠎ᠯᠤᠭ᠎ᠠ ᠵᠢᠨ ᠬᠠᠮᠲᠤᠷᠠᠯᠴᠠᠭ᠋ᠠᠨ᠎ᠤ ᠠᠮᠤᠷ ᠲᠦᠪᠰᠢᠨ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠵᠦᠢ ᠵᠣᠬᠢᠰᠲᠠᠢ ᠡᠮᠬᠢ ᠳᠢᠭᠯᠢᠮ᠎ᠲᠠᠢ ᠬᠢᠯᠢ ᠠᠯᠤᠰᠯᠠᠭᠰᠠᠨ ᠪᠠᠶ᠋ᠢᠷᠢᠰᠢᠭᠤᠯᠤᠯᠲᠠ ᠵᠢ ᠬᠥᠲᠥᠯᠥᠨ ᠳᠠᠭ᠋ᠠᠭᠤᠯᠬᠤ ᠬᠡᠷᠡᠭᠲᠡᠢ᠃ ᠠᠷᠠᠳ ᠲᠦᠮᠡᠨ᠎ᠤ ᠬᠤᠳᠠ᠎ᠪᠠᠨ ᠠᠷᠠᠳ ᠲᠦᠮᠡᠨ ᠪᠠᠶ᠋ᠢᠭᠤᠯᠬᠤ ᠵᠢ ᠪᠠᠷᠢᠮᠲᠠᠯᠠᠵᠤ᠂ ᠬᠤᠳᠠ ᠵᠢᠨ ᠣᠳᠣᠬᠢᠴᠢᠯᠠᠭᠰᠠᠨ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠬᠠᠷᠢᠮᠠᠬᠠᠢ ᠬᠤᠳᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠬᠤᠳᠠ ᠵᠢᠨ ᠠᠮᠤᠷ ᠲᠦᠪᠰᠢᠨ᠎ᠤ ᠤᠷᠢᠳᠴᠢᠯᠠᠨ ᠰᠡᠷᠭᠡᠶ᠋ᠢᠯᠡᠬᠦ ᠰᠢᠰᠲ᠋ᠧᠮ᠎ᠢ ᠪᠦᠷᠢᠨᠰᠢᠭᠦᠯᠵᠦ᠂ ᠬᠤᠳᠠ ᠵᠢᠨ ᠦᠨᠳᠦᠰᠦᠨ ᠠᠵᠢᠯᠯᠠᠭ᠋ᠠᠨ᠎ᠤ ᠪᠠᠲᠤᠯᠠᠭ᠎ᠠ ᠵᠢᠨ ᠰᠢᠰᠲ᠋ᠧᠮ᠎ᠢ ᠴᠢᠩᠭ᠋ᠠᠳᠬᠠᠵᠤ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠭᠦᠨᠵᠡᠭᠡᠢ ᠠᠬᠢᠭᠤᠯᠬᠤ᠎ᠳᠤ ᠡᠷᠬᠡᠪᠰᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠬᠡᠷᠡᠭᠲᠡᠢ᠃ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠶ᠋ᠢᠯᠠᠩ᠎ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠵᠢ ᠭᠦᠢ᠍ᠴᠡᠳ ᠪᠠᠳᠠᠷᠠᠭᠤᠯᠵᠤ᠂ ᠲᠥᠯᠦᠪᠵᠢᠭᠦᠯᠭᠡ ᠵᠢᠨ ᠬᠥᠲᠥᠯᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠷᠢᠮᠲᠠᠯᠠᠬᠤ ᠬᠡᠷᠡᠭᠲᠡᠢ᠃ ᠭᠤᠷᠪᠠᠨ ᠮᠤᠵᠢ ᠨᠢᠭᠡ ᠬᠤᠳᠠ ᠵᠢᠨ᠎ᠬᠢᠨ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠵᠣᠬᠢᠶᠠᠨ ᠪᠠᠶ᠋ᠢᠭᠤᠯᠵᠤ ᠤᠳᠤᠷᠢᠳᠬᠤ ᠪᠠ ᠪᠠᠶ᠋ᠢᠴᠠᠭ᠋ᠠᠨ ᠰᠤᠳᠤᠯᠤᠯᠲᠠ ᠬᠢᠬᠦ᠎ᠪᠠᠨ ᠴᠢᠩᠭ᠋ᠠᠳᠬᠠᠵᠤ᠂ ᠵᠣᠬᠢᠴᠠᠭᠤᠯᠤᠨ ᠬᠠᠮᠲᠤ᠎ᠪᠠᠷ ᠵᠥᠪᠳᠡᠯᠴᠡᠬᠦ ᠪᠠ ᠱᠠᠯᠠᠪᠳᠠᠭᠤᠯᠤᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠴᠢᠬᠤᠯᠠ ᠶᠡᠭᠡ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠴᠢᠬᠤᠯᠠ ᠶᠡᠭᠡ ᠥᠭᠡᠷᠡᠴᠢᠯᠡᠯᠲᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠭᠤᠣᠯᠳᠠᠯᠭ᠎ᠠ᠎ᠲᠠᠢ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠶ᠋ᠢᠵᠢᠭᠰᠠᠨ ᠺᠠᠳ᠋ᠷ᠎ᠤᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠺᠠᠳ᠋ᠷ᠎ᠤᠨ ᠵᠣᠷᠢᠭᠲᠠᠢ᠎ᠪᠠᠷ ᠵᠠᠮ ᠨᠡᠭᠡᠭᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ᠃ ᠬᠤᠶᠠᠳᠤᠭ᠋ᠠᠷ ᠪᠦᠯᠦᠭ᠎ᠤᠨ ᠭᠤᠣᠯ ᠰᠡᠳᠦᠪᠲᠦ ᠬᠥᠮᠦᠵᠢᠯ᠎ᠢ ᠪᠣᠳᠠᠲᠠᠢ ᠠᠳᠬᠤᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠶ᠋ᠢᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠯᠤᠰ ᠲᠦᠷᠦ ᠵᠢᠨ ᠦᠢ᠍ᠯᠡᠳᠦᠯ ᠴᠢᠳᠠᠪᠤᠷᠢ ᠪᠣᠯᠣᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ ᠴᠢᠳᠠᠪᠤᠷᠢ ᠵᠢ ᠴᠢᠩᠭ᠋ᠠᠳᠬᠠᠵᠤ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠪᠠᠶ᠋ᠢᠬᠤ ᠬᠡᠪ ᠰᠤᠷᠲᠠᠯ᠂ ᠠᠷᠢᠭᠤᠨ ᠴᠢᠬᠡᠴᠢ ᠵᠢᠨ ᠪᠠᠷᠢᠮᠲᠠᠯᠠᠯ ᠵᠶ᠋ᠠᠷ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠶ᠋ᠢᠯᠠᠭ᠋ᠠᠵᠤ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠎ᠤᠨ ᠨᠢᠭᠡ ᠴᠣᠭᠴᠠᠵᠢᠭᠰᠠᠨ ᠬᠥᠭᠵᠢᠯᠲᠡ ᠵᠢ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠲᠠᠯᠪᠢᠵᠤ ᠪᠠᠶ᠋ᠢᠷᠢ ᠲᠣᠭᠲᠠᠭ᠋ᠠᠯᠲᠠ ᠬᠢᠵᠦ ᠪᠣᠳᠣᠯᠬᠢᠯᠠᠨ᠂ ᠪᠦᠭᠦ ᠤᠯᠤᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠶ᠋ᠢᠴᠢᠯᠠᠬᠤ ᠳᠡᠭᠡᠷ᠎ᠡ ᠲᠠᠯᠪᠢᠵᠤ ᠪᠠᠶ᠋ᠢᠷᠢᠯᠠᠭᠤᠯᠤᠨ ᠲᠥᠯᠥᠪᠵᠢᠭᠦᠯᠵᠦ᠂ ᠠᠵᠤ ᠠᠬᠤᠢ ᠵᠢᠨ ᠥᠰᠦᠯᠲᠡ ᠵᠢᠨ ᠲᠤᠶ᠋ᠢᠯ᠂ ᠬᠥᠳᠡᠯᠭᠡᠬᠦ ᠬᠦᠴᠦᠨ᠎ᠤ ᠡᠬᠢ᠂ ᠥᠭᠡᠷᠡᠴᠢᠯᠡᠯᠲᠡ ᠵᠢᠨ ᠲᠤᠷᠰᠢᠯᠲᠠ ᠵᠢᠨ ᠲᠠᠷᠢᠶ᠎ᠠ ᠵᠢᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠨᠡᠩ ᠰᠠᠶ᠋ᠢᠲᠤᠷ ᠲᠤᠯᠭ᠋ᠠᠭᠤᠷᠢᠯᠠᠬᠤ ᠪᠠ ᠦᠢ᠍ᠯᠡᠴᠢᠯᠡᠬᠦ ᠬᠡᠷᠡᠭᠲᠡᠢ᠃ ᠠᠵᠤ ᠠᠬᠤᠢ ᠵᠢᠨ ᠡᠷᠭᠢᠯᠲᠡ ᠵᠢ ᠤᠯᠠᠮ ᠰᠢᠯᠤᠭᠤᠳᠬᠠᠵᠤ᠂ ᠡᠬᠢ ᠪᠠᠶᠠᠯᠢᠭ᠎ᠤᠨ ᠡᠯᠧᠮᠧᠨ᠋ᠲ᠎ᠢ ᠵᠦᠢ ᠵᠣᠬᠢᠰᠲᠠᠢ ᠰᠢᠯᠵᠢᠭᠦᠯᠬᠦ ᠪᠠ ᠥᠨᠳᠥᠷ ᠪᠦᠲᠦᠮᠵᠢᠲᠡᠢ ᠵᠣᠬᠢᠴᠠᠭᠤᠯᠬᠤ ᠵᠢ ᠪᠡᠶᠡᠯᠡᠭᠦᠯᠵᠦ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠠᠬᠢᠭᠤᠯᠵᠤ᠂ ᠠᠵᠤ ᠦᠢ᠍ᠯᠡᠰ ᠪᠠ ᠠᠵᠤ ᠠᠬᠤᠢ ᠵᠢᠨ ᠵᠦᠢ ᠵᠣᠬᠢᠰᠲᠠᠢ ᠪᠠᠶ᠋ᠢᠷᠢᠯᠠᠭᠤᠯᠤᠯᠲᠠ ᠵᠢ ᠬᠥᠲᠥᠯᠥᠨ ᠵᠢᠯᠤᠭᠤᠳᠬᠤ ᠬᠡᠷᠡᠭᠲᠡᠢ᠃ ᠥᠨᠳᠥᠷ ᠪᠠᠷᠢᠮᠵᠢᠶᠠᠲᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠥᠷᠭᠡᠳᠬᠡᠨ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢᠨ ᠬᠠᠭ᠋ᠠᠯᠭ᠎ᠠ ᠵᠢ ᠴᠣᠭᠴᠠᠯᠠᠵᠤ᠂ ᠤᠯᠠᠨ ᠤᠯᠤᠰ᠎ᠤᠨ ᠲᠠᠸᠠᠷ ᠪᠣᠯᠣᠨ ᠡᠬᠢ ᠪᠠᠶᠠᠯᠢᠭ᠎ᠤᠨ ᠡᠯᠧᠮᠧᠨ᠋ᠲ ᠲᠠᠬᠢ ᠲᠠᠲᠠᠬᠤ ᠬᠦᠴᠦᠨ ᠵᠶ᠋ᠠᠨ ᠴᠢᠩᠭ᠋ᠠᠳᠬᠠᠬᠤ ᠬᠡᠷᠡᠭᠲᠡᠢ᠃ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ ᠣᠨᠴᠠᠯᠢᠭ ᠵᠶ᠋ᠠᠨ ᠢᠯᠡᠷᠡᠭᠦᠯᠵᠦ᠂ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠠᠷᠢᠯᠴᠠᠨ ᠬᠦᠴᠦᠨ ᠴᠢᠳᠠᠯ ᠣᠯᠭᠤᠵᠤ᠂ ᠡᠯ᠎ᠡ ᠭᠠᠵᠠᠷ᠎ᠤᠨ ᠲᠤᠰ ᠪᠡᠶ᠎ᠡ ᠵᠢᠨ ᠳᠠᠪᠠᠭᠤᠯᠢᠭ ᠵᠶ᠋ᠠᠨ ᠣᠷᠣᠨ ᠪᠦᠰᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠳᠠᠪᠠᠭᠤᠯᠢᠭ ᠲᠠᠯ᠎ᠠ᠎ᠪᠠᠨ ᠬᠠᠮᠲᠤ᠎ᠪᠠᠷ ᠪᠠᠳᠠᠷᠠᠭᠤᠯᠵᠤ ᠣᠷᠣᠨ ᠪᠦᠰᠡ ᠵᠢᠨ ᠬᠥᠭᠵᠢᠯᠲᠡ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃
ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ᠍ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠦᠳ ᠶᠠᠷᠢᠯᠴᠠᠬᠤ ᠬᠤᠷᠠᠯ᠎ᠳᠤ ᠣᠷᠣᠯᠴᠠᠪᠠ᠃