ᠰᠢᠨᠬᠤᠸᠠ ᠬᠤᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 12᠎ᠤᠨ ᠴᠠᠭᠢᠯᠭ᠋ᠠᠨ ᠮᠡᠳᠡᠭᠡ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ 12 ᠰᠠᠷ᠎ᠠ ᠵᠢᠨ 11᠎ᠠᠴᠠ 12᠎ᠤᠨ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ᠎ᠳᠤ ᠣᠷᠣᠯᠴᠠᠪᠠ᠃

ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ 12 ᠰᠠᠷ᠎ᠠ ᠵᠢᠨ 11᠎ᠠᠴᠠ 12᠎ᠤᠨ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠣᠣ ᠳ᠋ᠠ ᠸᠧᠢ ᠰᠡᠭᠦᠳᠡᠷᠯᠡᠪᠡ
ᠰᠢ ᠵᠢᠨ ᠫᠢᠩ ᠴᠢᠬᠤᠯᠠ ᠶᠠᠷᠢᠶᠠᠨ᠎ᠳᠠᠭᠠᠨ 2023 ᠣᠨ᠎ᠤ ᠠᠵᠤ ᠠᠬᠤᠢ ᠵᠢᠨ ᠠᠵᠢᠯ᠎ᠢ ᠪᠦᠭᠦ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠠᠵᠤ ᠠᠬᠤᠢ ᠵᠢᠨ ᠪᠠᠶ᠋ᠢᠳᠠᠯ᠎ᠢ ᠭᠦᠨᠵᠡᠭᠡᠢ ᠵᠠᠳᠠᠯᠵᠤ᠂ 2024 ᠣᠨ᠎ᠤ ᠠᠵᠤ ᠠᠬᠤᠢ ᠵᠢᠨ ᠠᠵᠢᠯ᠎ᠢ ᠰᠢᠰᠲ᠋ᠧᠮ᠎ᠲᠠᠢ ᠪᠠᠶ᠋ᠢᠷᠢᠯᠠᠭᠤᠯᠪᠠ᠃ ᠯᠢ ᠴᠢᠶᠠᠩ ᠳ᠋ᠦᠩᠨᠡᠯᠲᠡ ᠵᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠠᠢ᠃
ᠬᠤᠷᠠᠯ᠎ᠠᠴᠠ᠂ ᠡᠨᠡ ᠵᠢᠯ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠭᠢᠯᠡᠯᠲᠡ ᠵᠢᠨ ᠵᠢᠯ ᠮᠥᠨ᠂ ᠭᠤᠷᠪᠠᠨ ᠵᠢᠯ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨᠤ ᠳᠠᠷᠠᠭ᠋ᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠪᠣᠯᠣᠨ᠎ᠠ᠃ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ᠂ ᠭᠠᠳᠠᠭ᠋ᠠᠳᠤ ᠳᠠᠷᠤᠯᠲᠠ ᠵᠢ ᠲᠤᠯᠵᠤ᠂ ᠳᠣᠲᠣᠭ᠋ᠠᠳᠤ ᠵᠢᠨ ᠬᠦᠴᠢᠷᠳᠡᠯ᠎ᠢ ᠢᠯᠡᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠦᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠪᠦᠲᠦᠴᠡ᠎ᠪᠠᠨ ᠰᠢᠯᠢᠳᠡᠭᠵᠢᠭᠦᠯᠬᠦ᠂ ᠢᠲᠡᠭᠡᠯ ᠵᠣᠷᠢᠭ᠎ᠢ ᠬᠥᠪᠴᠢᠯᠡᠬᠦ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠎ᠪᠠᠷ ᠬᠦᠴᠦᠯᠡᠵᠦ᠂ ᠮᠠᠨ᠎ᠤ ᠤᠯᠤᠰ᠎ᠤᠨ ᠠᠵᠤ ᠠᠬᠤᠢ ᠰᠡᠷᠭᠦᠨ ᠰᠠᠶ᠋ᠢᠵᠢᠷᠠᠵᠤ᠂ ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠴᠢᠬᠤᠯᠠ ᠠᠬᠢᠴᠠ᠎ᠲᠠᠢ ᠪᠣᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠰᠢᠨ᠎ᠡ ᠰᠢᠪᠲᠤᠯᠤᠯᠲᠠ᠎ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠭᠦᠨᠵᠡᠭᠡᠶ᠋ᠢᠷᠡᠨ ᠠᠬᠢᠵᠤ᠂ ᠠᠮᠤᠷ ᠲᠦᠪᠰᠢᠨ ᠬᠥᠭᠵᠢᠯᠲᠡ ᠵᠢᠨ ᠰᠠᠭᠤᠷᠢ ᠪᠠᠬᠢᠵᠢᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ᠎ᠢ ᠠᠯᠬᠤᠵᠠᠢ ᠭᠡᠵᠦ ᠦᠵᠡᠪᠡ᠃
ᠬᠤᠷᠠᠯ᠎ᠠᠴᠠ᠂ ᠠᠵᠤ ᠠᠬᠤᠢ ᠵᠢᠨ ᠰᠡᠷᠭᠦᠯᠲᠡ ᠰᠠᠶ᠋ᠢᠵᠢᠷᠠᠯᠲᠠ ᠵᠢ ᠴᠢᠨᠠᠭᠰᠢᠳᠠ ᠠᠬᠢᠭᠤᠯᠬᠤ᠎ᠳᠤ ᠵᠠᠷᠢᠮ ᠬᠦᠴᠢᠷᠳᠡᠯ ᠪᠣᠯᠣᠨ ᠥᠷᠢᠰᠦᠯᠳᠦᠭᠡᠨ᠎ᠢ ᠢᠯᠠᠨ ᠳᠠᠪᠠᠭ᠍ᠤ ᠴᠢᠬᠤᠯᠠᠲᠠᠢ ᠪᠠᠶ᠋ᠢᠨ᠎ᠠ᠂ ᠭᠤᠣᠯᠳᠠᠭᠤ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠦᠷᠦᠯ᠎ᠤᠨ ᠦᠢ᠍ᠯᠡᠳᠪᠦᠷᠢᠯᠡᠯ᠎ᠤᠨ ᠴᠢᠳᠠᠪᠤᠷᠢ ᠦᠯᠡᠭᠦᠳᠡᠭᠰᠡᠨ᠂ ᠨᠡᠶ᠋ᠢᠭᠡᠮ᠎ᠤᠨ ᠵᠢᠱ᠌ᠢᠯᠲᠡ ᠪᠠᠭᠤᠷᠠᠢ᠂ ᠠᠶᠤᠯ ᠲᠦᠭᠰᠢᠭᠦᠷᠢ ᠭᠡᠮ ᠰᠣᠭᠤᠭ ᠮᠥᠨ ᠨᠡᠯᠢᠶᠡᠳ ᠤᠯᠠᠨ ᠪᠠᠶ᠋ᠢᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠳᠤ ᠲᠦᠭᠵᠢᠷᠡᠯ ᠣᠷᠣᠰᠢᠵᠤ᠂ ᠭᠠᠳᠠᠭ᠋ᠠᠳᠤ ᠣᠷᠴᠢᠨ ᠲᠣᠭᠤᠷᠢᠨ᠎ᠤ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠲᠣᠬᠲᠠᠭ᠋ᠠᠯᠲᠤ ᠪᠤᠰᠤ ᠴᠢᠨᠠᠷ ᠨᠡᠮᠡᠭᠳᠡᠵᠦ ᠪᠠᠶ᠋ᠢᠨ᠎ᠠ᠃ ᠰᠠᠨᠠᠭ᠋ᠠᠰᠢᠷᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠡᠳᠡᠭᠡᠷ ᠠᠰᠠᠭᠤᠳᠠᠯ᠎ᠢ ᠪᠦᠲᠦᠮᠵᠢᠲᠡᠢ ᠠᠷᠭ᠋ᠠᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠶᠡᠷᠦᠩᠬᠡᠶ᠋ᠢᠯᠡᠭᠡᠳ ᠦᠵᠡᠪᠡᠯ᠂ ᠮᠠᠨ᠎ᠤ ᠤᠯᠤᠰ᠎ᠤᠨ ᠬᠥᠭᠵᠢᠯᠲᠡ᠎ᠳᠤ ᠲᠤᠯᠭ᠋ᠠᠷᠠᠵᠤ ᠪᠠᠶ᠋ᠢᠭ᠎ᠠ ᠠᠰᠢᠭᠲᠠᠢ ᠨᠥᠬᠦᠴᠡᠯ᠎ᠨᠢ ᠠᠰᠢᠭ ᠦᠭᠡᠢ ᠬᠦᠴᠦᠨ ᠵᠦᠢ᠍ᠯ᠎ᠠᠴᠠ ᠴᠢᠩᠭ᠎ᠠ ᠪᠠᠶ᠋ᠢᠵᠤ᠂ ᠠᠵᠤ ᠠᠬᠤᠢ ᠰᠡᠷᠭᠦᠨ ᠰᠠᠶ᠋ᠢᠵᠢᠷᠠᠬᠤ᠂ ᠤᠷᠳᠤ ᠬᠤᠭᠤᠴᠠᠭ᠎ᠠ᠎ᠪᠠᠷ ᠰᠠᠶ᠋ᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ᠂ ᠢᠲᠡᠭᠡᠯ ᠵᠣᠷᠢᠭ ᠪᠠ ᠢᠲᠡᠭᠡᠯ ᠬᠦᠴᠦᠨ ᠵᠶ᠋ᠠᠨ ᠴᠢᠩᠭ᠋ᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠣᠶ᠋ᠢᠷ᠎ᠠ ᠵᠢᠨ ᠵᠢᠯ᠎ᠤᠨ ᠲᠤᠷᠰᠢ᠂ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠶᠡᠭᠡ ᠲᠠᠯ᠎ᠠ ᠵᠢ ᠪᠦᠲᠦᠮᠵᠢᠲᠡᠶ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ ᠦᠶ᠎ᠡ᠎ᠳᠤ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠵᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠭᠦᠨᠵᠡᠭᠡᠶ᠋ᠢᠷᠡᠭᠦᠯᠪᠡ᠃ ᠡᠷᠬᠡᠪᠰᠢ ᠴᠢᠨᠠᠷ ᠰᠠᠶ᠋ᠢᠲᠠᠢ ᠬᠥᠭᠵᠢᠯᠲᠡ ᠵᠢ ᠪᠠᠷᠢᠮᠲᠠᠯᠠᠬᠤ ᠵᠢ ᠰᠢᠨ᠎ᠡ ᠴᠠᠭ ᠦᠶ᠎ᠡ ᠵᠢᠨ ᠬᠠᠲᠠᠭᠤ ᠶᠣᠰᠣ ᠪᠤᠯᠭ᠋ᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠠᠵᠤ ᠠᠬᠤᠢ ᠵᠢᠨ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠡᠷᠬᠡᠪᠰᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠪᠠ ᠪᠦᠲᠦᠮᠵᠢᠲᠡᠶ ᠬᠡᠷᠡᠭᠴᠡᠭᠡ ᠵᠢ ᠬᠦᠴᠦᠯᠡᠨ ᠥᠷᠭᠡᠳᠬᠡᠬᠦ ᠲᠠᠯ᠎ᠠ᠎ᠪᠠᠷ ᠬᠠᠮᠵᠢᠯᠴᠠᠨ ᠬᠦᠴᠦᠯᠡᠬᠦ ᠵᠢ ᠪᠠᠷᠢᠮᠲᠠᠯᠠᠵᠤ᠂ ᠭᠡᠲᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠦᠢ᠍ᠯᠡᠳᠪᠦᠷᠢᠯᠡᠯ᠎ᠤᠨ ᠴᠢᠳᠠᠪᠤᠷᠢ ᠵᠢᠨ ᠳᠠᠪᠠᠭᠤᠯᠢᠭ᠎ᠢ ᠪᠠᠳᠠᠷᠠᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠳᠣᠲᠣᠭ᠋ᠠᠳᠤ ᠬᠡᠷᠡᠭᠴᠡᠭᠡ ᠵᠢᠨ ᠭᠤᠣᠯ ᠬᠥᠳᠡᠯᠭᠡᠬᠦ ᠬᠦᠴᠦᠨ᠎ᠤ ᠰᠠᠭᠤᠷᠢᠨ ᠳᠡᠭᠡᠷ᠎ᠡ ᠪᠠᠶ᠋ᠢᠭᠤᠯᠵᠤ᠂ ᠣᠯᠠᠨ ᠤᠯᠤᠰ᠎ᠤᠨ ᠣᠷᠴᠢᠯ᠎ᠤᠨ ᠶᠠᠰᠤ ᠴᠢᠨᠠᠷ ᠪᠠ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠥᠭᠡᠷᠡᠴᠢᠯᠡᠯᠲᠡ ᠨᠡᠭᠡᠭᠡᠯᠲᠡᠳᠤ ᠲᠦᠰᠢᠭᠯᠡᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠬᠤ ᠵᠢ ᠪᠠᠷᠢᠮᠲᠠᠯᠠᠵᠤ᠂ ᠭᠦᠨ ᠳᠠᠪᠬᠤᠷᠭ᠎ᠠ ᠵᠢᠨ ᠥᠭᠡᠷᠡᠴᠢᠯᠡᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶ᠋ᠢᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ ᠴᠢᠩᠭ᠋ᠠᠷᠠᠭᠤᠯᠬᠤ ᠬᠡᠷᠡᠭᠲᠡᠢ᠃ ᠡᠷᠬᠡᠪᠰᠢ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠰᠠᠶ᠋ᠢᠨ ᠬᠤᠷᠰᠢᠯᠴᠠᠯ᠎ᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ᠎ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠵᠶ᠋ᠠᠷ ᠴᠢᠨᠠᠷ ᠰᠠᠶ᠋ᠢᠲᠠᠢ ᠬᠥᠭᠵᠢᠯᠲᠡ ᠵᠢ ᠪᠠᠲᠤᠯᠠᠵᠤ᠂ ᠬᠥᠭᠵᠢᠯᠲᠡ ᠪᠠ ᠠᠮᠤᠷ ᠲᠦᠪᠰᠢᠨ᠎ᠢ ᠬᠥᠳᠡᠯᠦᠩᠭᠦᠢ ᠲᠡᠩᠴᠡᠭᠦᠷᠢᠲᠡᠢ ᠪᠠᠶ᠋ᠢᠯᠭ᠋ᠠᠵᠤ᠂ ᠬᠠᠮᠵᠢᠨ ᠬᠠᠪᠰᠤᠷᠤᠯᠴᠠᠵᠤ ᠬᠠᠷᠢᠯᠴᠠᠨ ᠲᠤᠪᠤᠶ᠋ᠢᠯᠭ᠋ᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢ ᠬᠠᠮᠤᠭ᠎ᠤᠨ ᠶᠡᠭᠡ ᠤᠯᠤᠰ ᠲᠦᠷᠦ ᠪᠤᠯᠭ᠋ᠠᠵᠤ᠂ ᠨᠠᠮ᠎ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠲᠠᠢ ᠪᠦᠯᠬᠦᠮᠳᠡᠵᠦ᠂ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ ᠭᠡᠬᠦ ᠡᠨᠡ ᠬᠦ᠌ ᠭᠤᠣᠯ ᠠᠵᠢᠯ ᠪᠠ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠲᠥᠰᠥᠪ᠎ᠢ ᠠᠯᠬᠤᠮ ᠠᠯᠬᠤᠮ ᠵᠶ᠋ᠠᠷ ᠰᠠᠶ᠋ᠢᠨ ᠰᠠᠶ᠋ᠢᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠦᠵᠡᠪᠡ᠃
ᠬᠤᠷᠠᠯ᠎ᠠᠴᠠ᠂ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠤᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠵᠤ᠂ ᠬᠤᠷᠸ᠎ᠠ ᠡᠵᠡᠮᠳᠡᠯ ᠲᠣᠬᠢᠷᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠨᠡᠮᠡᠭᠳᠡᠭᠦᠯᠵᠦ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠨᠡᠶ᠋ᠢᠭᠡᠮ᠎ᠤᠨ ᠵᠢᠱ᠌ᠢᠯᠲᠡ ᠵᠢ ᠰᠠᠶ᠋ᠢᠵᠢᠷᠠᠭᠤᠯᠵᠤ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠰᠠᠶ᠋ᠢᠨ ᠪᠠᠶ᠋ᠢᠳᠠᠯ᠎ᠢ ᠪᠠᠬᠢᠵᠢᠭᠦᠯᠦᠨ ᠴᠢᠩᠭ᠋ᠠᠳᠬᠠᠵᠤ᠂ ᠠᠵᠤ ᠠᠬᠤᠢ ᠵᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ᠎ᠤ ᠵᠣᠬᠢᠰᠲᠠᠢ ᠨᠡᠮᠡᠭᠳᠡᠯ᠎ᠢ ᠦᠷᠭᠦᠯᠵᠢᠯᠡᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠵᠦ᠂ ᠨᠡᠶ᠋ᠢᠭᠡᠮ᠎ᠤᠨ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠢᠷᠡᠬᠦ ᠵᠢᠯ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ᠎ᠪᠠᠷ ᠲᠣᠭᠲᠠᠭᠤᠨ᠎ᠢ ᠠᠬᠢᠭᠤᠯᠬᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠡᠪᠳᠡᠬᠦ ᠵᠢ ᠪᠠᠷᠢᠮᠲᠠᠯᠠᠨ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ᠎ᠳᠤ ᠠᠰᠢᠭᠲᠠᠢ ᠲᠥᠷᠥ ᠵᠢᠨ ᠪᠣᠳᠣᠯᠭ᠎ᠠ ᠵᠢ ᠢᠯᠡᠭᠦᠬᠡᠨ ᠭᠠᠷᠭ᠋ᠠᠵᠤ᠂ ᠭᠡᠯᠪᠡᠷᠢ ᠵᠢ ᠬᠤᠪᠢᠷᠠᠭᠤᠯᠬᠤ᠂ ᠪᠦᠲᠦᠴᠡ ᠵᠢ ᠲᠣᠬᠢᠷᠠᠭᠤᠯᠬᠤ᠂ ᠶᠠᠰᠤ ᠴᠢᠨᠠᠷ᠎ᠢ ᠳᠡᠭᠡᠭᠰᠢᠯᠡᠭᠦᠯᠭᠦ᠂ ᠦᠷ᠎ᠡ ᠠᠰᠢᠭ᠎ᠢ ᠨᠡᠮᠡᠭᠳᠡᠭᠦᠯᠬᠦ ᠲᠠᠯ᠎ᠠ᠎ᠪᠠᠷ ᠢᠳᠡᠪᠬᠢᠲᠡᠢ ᠤᠷᠤᠭᠰᠢᠯᠠᠨ ᠳᠡᠪᠰᠢᠵᠦ᠂ ᠲᠣᠭᠲᠠᠭᠤᠨ᠎ᠤ ᠳᠤᠮᠳᠠ ᠰᠠᠶ᠋ᠢᠵᠢᠷᠠᠬᠤ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠬᠤᠷᠸ᠎ᠠ ᠲᠦᠷᠦ ᠵᠢᠨ ᠪᠣᠳᠣᠯᠭ᠎ᠠ ᠵᠢᠨ ᠦᠶᠡᠯᠡᠯ ᠥᠭᠰᠥᠬᠦ ᠪᠠ ᠦᠶᠡᠯᠡᠯ ᠠᠯᠤᠰᠯᠠᠨ ᠲᠣᠬᠢᠷᠠᠭᠤᠯᠬᠤ ᠵᠢ ᠴᠢᠩᠭ᠋ᠠᠳᠬᠠᠵᠤ᠂ ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠣᠳᠣᠯᠭ᠎ᠠ ᠪᠠ ᠵᠣᠭᠤᠰᠤᠨ᠎ᠤ ᠲᠣᠭᠲᠠᠭᠤᠨ ᠲᠦᠷᠦ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠲᠦᠷᠦ ᠵᠢᠨ ᠪᠣᠳᠣᠯᠭ᠎ᠠ ᠵᠢᠨ ᠪᠠᠭ᠋ᠠᠵᠢ ᠵᠢᠨ ᠰᠢᠨ᠎ᠡ ᠵᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠵᠢ ᠴᠢᠩᠭ᠋ᠠᠳᠬᠠᠬᠤ ᠬᠡᠷᠡᠭᠲᠡᠢ᠃
ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠣᠳᠣᠯᠭ᠎ᠠ᠎ᠨᠢ ᠵᠣᠬᠢᠰᠲᠠᠢ ᠬᠦᠴᠦᠯᠡᠵᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠬᠡᠷᠡᠭᠲᠡᠢ᠃ ᠡᠳ᠋᠎ᠤᠨ ᠵᠠᠰᠠᠭ᠎ᠤᠨ ᠲᠦᠷᠦ ᠵᠢᠨ ᠪᠣᠳᠣᠯᠭ᠎ᠠ ᠵᠢᠨ ᠣᠷᠣᠨ ᠵᠠᠢ ᠵᠢ ᠰᠠᠶ᠋ᠢᠲᠤᠷ ᠬᠡᠷᠡᠭᠯᠡᠵᠦ᠂ ᠪᠡᠯᠡ ᠮᠥᠩᠭᠦ ᠵᠢᠨ ᠦᠷ᠎ᠡ ᠠᠰᠢᠭ ᠪᠠ ᠲᠦᠷᠦ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ᠃ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢᠨ ᠡᠭᠦᠷᠭᠡ᠎ᠳᠠᠬᠢ ᠡᠳ᠋᠎ᠤᠨ ᠬᠦᠴᠦᠨ᠎ᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ ᠵᠢᠨ ᠲᠡᠮᠳᠡᠭᠲᠦ ᠵᠢ ᠬᠥᠷᠥᠩᠭᠡ ᠮᠥᠩᠭᠦ ᠪᠣᠯᠭ᠋ᠠᠨ ᠬᠡᠷᠡᠭᠯᠡᠬᠦ ᠬᠡᠪᠴᠢᠶ᠎ᠡ ᠵᠢ ᠵᠦᠢ ᠵᠣᠬᠢᠰᠲᠠᠢ᠎ᠪᠠᠷ ᠥᠷᠭᠡᠳᠬᠡᠬᠦ ᠬᠡᠷᠡᠭᠲᠡᠢ᠃ ᠪᠦᠲᠦᠴᠡ ᠵᠢᠨ ᠴᠢᠨᠠᠷᠲᠠᠢ᠎ᠪᠠᠷ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠲᠦᠷᠦ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠢ᠍ᠯᠡᠳᠬᠦ ᠦᠢ᠍ᠯᠡᠰ᠎ᠤᠨ ᠬᠥᠭᠵᠢᠯᠲᠡ ᠵᠢ ᠭᠤᠣᠯᠳᠠᠯᠭ᠎ᠠ᠎ᠲᠠᠢ ᠳᠡᠮᠵᠢᠬᠦ ᠬᠡᠷᠡᠭᠲᠡᠢ᠃ ᠰᠢᠯᠵᠢᠭᠦᠯᠦᠨ ᠲᠣᠭ᠋ᠠᠴᠠᠭ᠎ᠠ ᠬᠢᠬᠦ ᠪᠡᠯᠡ ᠮᠥᠩᠭᠦ ᠵᠢᠨ ᠬᠢᠨᠠᠯᠲᠠ ᠬᠠᠮᠢᠶᠠᠷᠤᠯᠲᠠ ᠵᠢ ᠴᠢᠩᠳᠠᠯᠠᠵᠤ᠂ ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠬᠤ ᠬᠡᠷᠡᠭᠲᠡᠢ᠃ ᠡᠳ᠋᠎ᠤᠨ ᠵᠠᠰᠠᠭ᠎ᠤᠨ ᠦᠷᠭᠦᠯᠵᠢᠯᠡᠬᠦ ᠴᠢᠨᠠᠷ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ 《ᠭᠤᠷᠪᠠ ᠵᠢ ᠪᠠᠲᠤᠯᠠᠬᠤ》 ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠡᠩ᠎ᠤᠨ ᠴᠢᠨᠠᠷᠲᠠᠢ ᠵᠠᠷᠤᠯᠭ᠎ᠠ ᠵᠢ ᠴᠢᠩᠭ᠎ᠠ ᠬᠢᠵᠠᠭ᠋ᠠᠷᠯᠠᠬᠤ ᠬᠡᠷᠡᠭᠲᠡᠢ᠃ ᠨᠠᠮ ᠵᠠᠰᠠᠭ᠎ᠤᠨ ᠪᠠᠶ᠋ᠢᠭᠤᠯᠭ᠎ᠠ ᠠᠷᠪᠢᠯᠠᠵᠤ ᠠᠮᠢᠳᠤᠷᠠᠬᠤ ᠳᠠᠳᠬᠠᠯ᠎ᠲᠠᠢ ᠪᠠᠶ᠋ᠢᠬᠤ ᠬᠡᠷᠡᠭᠲᠡᠢ᠃
ᠵᠣᠭᠤᠰᠤᠨ᠎ᠤ ᠲᠣᠭᠲᠠᠭᠤᠨ ᠲᠦᠷᠦ ᠵᠢᠨ ᠪᠣᠳᠣᠯᠭ᠎ᠠ ᠵᠢ ᠠᠮᠢᠳᠤᠯᠢᠭ ᠪᠥᠭᠡᠳ ᠵᠣᠬᠢᠰᠲᠠᠢ᠂ ᠤᠨᠤᠪᠴᠢᠲᠠᠢ ᠪᠥᠭᠡᠳ ᠪᠦᠲᠦᠮᠵᠢᠲᠡᠢ ᠪᠠᠶ᠋ᠢᠯᠭ᠋ᠠᠬᠤ ᠬᠡᠷᠡᠭᠲᠡᠢ᠃ ᠭᠦᠢ᠍ᠯᠭᠡᠭᠡᠨ᠎ᠤ ᠴᠢᠨᠠᠷ᠎ᠤᠨ ᠵᠦᠢ ᠵᠣᠬᠢᠰᠲᠠᠢ ᠪᠥᠭᠡᠳ ᠭᠦᠢ᠍ᠴᠡᠳ ᠪᠠᠶ᠋ᠢᠬᠤ᠂ ᠨᠡᠶ᠋ᠢᠭᠡᠮ᠎ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ᠂ ᠵᠣᠭᠤᠰᠤᠨ᠎ᠤ ᠬᠠᠩᠭ᠋ᠠᠯᠭ᠎ᠠ ᠵᠢᠨ ᠬᠡᠮᠵᠢᠶ᠎ᠡ ᠵᠢ ᠠᠵᠤ ᠠᠬᠤᠢ ᠵᠢᠨ ᠨᠡᠮᠡᠭᠳᠡᠯ ᠪᠠ ᠦᠨ᠎ᠡ ᠬᠠᠩᠰᠢ ᠵᠢᠨ ᠲᠦᠪᠰᠢᠨ᠎ᠤ ᠵᠢᠱ᠌ᠢᠭᠰᠡᠨ ᠬᠠᠷᠠᠯᠲᠠ᠎ᠯᠤᠭ᠎ᠠ ᠬᠠᠷᠢᠯᠴᠠᠨ ᠵᠣᠬᠢᠴᠠᠯᠳᠤᠬᠤ ᠵᠢ ᠪᠠᠲᠤᠯᠠᠬᠤ ᠬᠡᠷᠡᠭᠲᠡᠢ᠃ ᠵᠣᠭᠤᠰᠤᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠶᠡᠷᠦᠩᠬᠡᠢ ᠬᠡᠮᠵᠢᠶ᠎ᠡ ᠪᠠ ᠪᠦᠲᠦᠴᠡ ᠵᠢᠨ ᠳᠠᠪᠬᠤᠷ ᠴᠢᠳᠠᠮᠵᠢ ᠵᠢ ᠰᠠᠶ᠋ᠢᠲᠤᠷ ᠪᠠᠳᠠᠷᠠᠭᠤᠯᠵᠤ᠂ ᠨᠥᠭᠡᠴᠡ ᠵᠢ ᠠᠮᠢᠳᠤᠯᠢᠭᠵᠢᠭᠤᠯᠵᠤ᠂ ᠦᠷ᠎ᠡ ᠠᠰᠢᠭ᠎ᠢ ᠳᠡᠭᠡᠭᠰᠢᠯᠡᠭᠦᠯᠦᠨ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠤᠭᠤᠳᠴᠤ ᠪᠠᠶ᠋ᠢᠭ᠋ᠠᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ᠂ ᠪᠠᠭ᠎ᠠ ᠵᠢᠵᠢᠭ ᠠᠵᠤ ᠠᠬᠤᠶ᠋ᠢᠯᠠᠯ᠎ᠳᠤ ᠨᠡᠶ᠋ᠢᠳᠡᠮ ᠠᠰᠢᠭ ᠬᠦᠷᠲᠡᠭᠡᠬᠦ᠂ ᠲᠣᠭ᠋ᠠᠴᠢᠯᠠᠭᠰᠠᠨ ᠠᠵᠤ ᠠᠬᠤᠢ ᠵᠡᠷᠭᠡ ᠲᠠᠯ᠎ᠠ᠎ᠪᠠᠷ᠎ᠬᠢ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠨᠡᠶ᠋ᠢᠭᠡᠮ᠎ᠤᠨ ᠶᠡᠷᠦᠩᠬᠡᠶ᠋ᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ᠎ᠤᠨ ᠥᠷᠲᠡᠭ᠎ᠢ ᠲᠣᠭᠲᠠᠭᠤᠨ᠎ᠤ ᠳᠤᠮᠳᠠ ᠪᠠᠭᠤᠷᠠᠭᠤᠯᠬᠤ ᠵᠢ ᠠᠬᠢᠭᠤᠯᠬᠤ ᠬᠡᠷᠡᠭᠲᠡᠢ᠃ ᠠᠷᠠᠳ᠎ᠤᠨ ᠵᠣᠭᠤᠰᠤᠨ᠎ᠤ ᠭᠤᠪᠢᠭᠤᠯᠭ᠎ᠠ ᠵᠢᠨ ᠨᠤᠷᠮ᠎ᠠ ᠵᠢᠨ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ᠎ᠳᠤ ᠦᠨᠳᠦᠰᠦᠨ᠎ᠳᠡᠭᠡᠨ ᠲᠣᠭᠲᠠᠪᠤᠷᠢᠲᠠᠢ ᠪᠠᠶ᠋ᠢᠬᠤ ᠵᠢ ᠪᠠᠲᠤᠯᠠᠬᠤ ᠬᠡᠷᠡᠭᠲᠡᠢ᠃
ᠬᠤᠷᠸ᠎ᠠ ᠲᠦᠷᠦ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠡᠢ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠡᠳ᠋᠎ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢ᠍ᠯᠡᠰ᠂ ᠣᠷᠣᠨ ᠪᠦᠰᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠡᠷᠭᠡ ᠲᠠᠯ᠎ᠠ ᠵᠢᠨ ᠲᠦᠷᠦ ᠵᠢᠨ ᠪᠣᠳᠣᠯᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠵᠤ᠂ ᠠᠵᠤ ᠠᠬᠤᠢ ᠵᠢᠨ ᠪᠤᠰᠤ ᠴᠢᠨᠠᠷᠲᠠᠢ ᠲᠦᠷᠦ ᠵᠢᠨ ᠪᠣᠳᠣᠯᠭ᠎ᠠ ᠵᠢ ᠬᠤᠷᠸ᠎ᠠ ᠲᠦᠷᠦ ᠵᠢᠨ ᠪᠣᠳᠣᠯᠭ᠎ᠠ ᠵᠢᠨ ᠬᠠᠨᠳᠤᠰᠢ ᠵᠢᠨ ᠨᠢᠭᠡᠳᠦᠯᠲᠦ ᠴᠢᠨᠠᠷᠲᠠᠢ ᠦᠨᠡᠯᠡᠨ ᠵᠢᠱ᠌ᠢᠯᠲᠡ᠎ᠳᠤ ᠣᠷᠣᠭᠤᠯᠵᠤ᠂ ᠲᠦᠷᠦ ᠵᠢᠨ ᠪᠣᠳᠣᠯᠭ᠎ᠠ ᠵᠢᠨ ᠨᠢᠭᠡᠳᠦᠯᠲᠡᠢ ᠲᠥᠯᠦᠪᠵᠢᠭᠦᠯᠭᠡ ᠵᠢ ᠴᠢᠩᠭ᠋ᠠᠳᠬᠠᠨ᠂ ᠠᠳᠠᠯᠢ ᠴᠢᠭᠯᠡᠯ ᠵᠶ᠋ᠠᠷ ᠬᠦᠴᠦᠯᠡᠵᠦ᠂ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠵᠤ ᠠᠬᠤᠢ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠠᠵᠤ ᠠᠬᠤᠢ ᠭᠡᠭᠡᠨ ᠰᠠᠷᠠᠭᠤᠯ ᠤᠨᠤᠯ᠎ᠢ ᠬᠠᠩᠭᠢᠨᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠢᠷᠡᠬᠦ ᠵᠢᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠣᠭᠤᠷᠢᠨ᠎ᠳᠤ᠂ ᠭᠤᠣᠯᠳᠠᠯᠭ᠎ᠠ ᠵᠢ ᠲᠣᠪᠤᠶ᠋ᠢᠯᠭ᠋ᠠᠨ ᠵᠠᠩᠭᠢᠯᠠᠭ᠎ᠠ ᠵᠢ ᠡᠵᠡᠮᠳᠡᠵᠦ᠂ ᠠᠵᠤ ᠠᠬᠤᠢ ᠵᠢᠨ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠬᠦ ᠬᠡᠷᠡᠭᠲᠡᠢ᠃
ᠨᠢᠭᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠢᠯᠠᠩᠭᠤᠶ᠎ᠠ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠵᠶ᠋ᠠᠷ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠵᠢ ᠪᠤᠢ ᠪᠤᠯᠭ᠋ᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠬᠡᠷᠡᠭᠲᠡᠢ᠃ ᠰᠢᠨ᠎ᠡ ᠭᠡᠯᠪᠡᠷᠢ ᠵᠢᠨ ᠤᠯᠤᠰ ᠳᠠᠶᠠᠭ᠋ᠠᠷᠴᠢᠯᠠᠬᠰᠠᠨ ᠪᠠᠶ᠋ᠢᠭᠤᠯᠤᠮᠵᠢ ᠵᠢ ᠲᠡᠭᠦᠯᠳᠡᠷᠵᠢᠭᠦᠯᠵᠦ᠂ ᠦᠢ᠍ᠯᠡᠳᠬᠦ ᠦᠢ᠍ᠯᠡᠰ᠎ᠤᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠶ᠋ᠢᠲᠠᠢ ᠬᠥᠭᠵᠢᠯᠲᠡ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠶᠠᠰᠤ ᠴᠢᠨᠠᠷ ᠵᠶ᠋ᠠᠷ ᠲᠤᠯᠭ᠋ᠠᠭᠤᠷᠢᠯᠠᠬᠤ ᠪᠠ ᠪᠠᠷᠢᠮᠵᠢᠶ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠶᠡᠭᠡ᠎ᠪᠠᠷ ᠠᠬᠢᠭᠤᠯᠵᠤ᠂ ᠲᠣᠭ᠋ᠠᠴᠢᠯᠠᠭᠰᠠᠨ ᠠᠵᠤ ᠠᠬᠤᠢ ᠵᠢ ᠬᠥᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠠᠮᠢᠳᠤ ᠪᠣᠳᠠᠰ᠎ᠤᠨ ᠦᠢ᠍ᠯᠡᠳᠬᠡᠯ᠂ ᠬᠤᠳᠠᠯᠳᠤᠭ᠋ᠠᠨ᠎ᠤ ᠰᠠᠨᠰᠠᠷ᠎ᠤᠨ ᠠᠶᠠᠯᠠᠯ᠂ ᠳᠣᠣᠷ᠎ᠠ ᠠᠭ᠋ᠠᠷ᠎ᠤᠨ ᠠᠵᠤ ᠠᠬᠤᠢ ᠵᠡᠷᠭᠡ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰᠨᠦᠭᠦᠳᠢ ᠪᠤᠶ ᠪᠤᠯᠭ᠋ᠠᠵᠤ᠂ ᠺᠸᠠᠨ᠋ᠲ᠂ ᠠᠮᠢ ᠨᠠᠰᠤᠨ᠎ᠤ ᠰᠢᠨᠵᠢᠯᠡᠬᠦ ᠤᠬᠠᠭ᠋ᠠᠨ ᠵᠡᠷᠭᠡ ᠢᠷᠡᠭᠡᠳᠦᠢ ᠵᠢᠨ ᠠᠵᠤ ᠦᠢ᠍ᠯᠡᠰ᠎ᠤᠨ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠲᠣᠭ᠋ᠠᠨ᠎ᠤ ᠤᠬᠠᠭ᠋ᠠᠨ ᠪᠠ ᠣᠶᠤᠨ᠎ᠤ ᠮᠡᠷᠭᠡᠵᠢᠯ᠂ ᠪᠣᠬᠢᠷᠳᠤᠯ ᠦᠭᠡᠢ ᠮᠡᠷᠭᠡᠵᠢᠯ᠎ᠢ ᠥᠷᠭᠡᠨ ᠵᠶ᠋ᠠᠷ ᠬᠡᠷᠡᠭᠯᠡᠵᠦ᠂ ᠤᠯᠠᠮᠵᠢᠯᠠᠯᠲᠤ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠬᠦ ᠬᠡᠷᠡᠭᠲᠡᠢ᠃ ᠬᠡᠷᠡᠭᠯᠡᠭᠡᠨ᠎ᠤ ᠰᠠᠭᠤᠷᠢ ᠰᠤᠳᠤᠯᠭ᠋ᠠᠨ ᠪᠠ ᠬᠤᠰᠢᠭᠤᠷᠠᠯ ᠰᠤᠳᠤᠯᠭ᠋ᠠᠨ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠬᠤ ᠬᠡᠷᠡᠭᠲᠡᠢ᠃ ᠦᠢ᠍ᠯᠡᠰ ᠪᠣᠰᠬᠠᠬᠤ ᠪᠡᠯᠡ ᠣᠷᠣᠭᠤᠯᠤᠯᠲᠠ᠂ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠵᠢ ᠬᠥᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ᠃
ᠬᠤᠶᠠᠷ᠎ᠲᠤ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠬᠦ ᠬᠡᠷᠡᠭᠲᠡᠢ᠃ ᠲᠠᠯᠳᠠ ᠴᠢᠳᠠᠪᠤᠷᠢ᠎ᠲᠠᠢ ᠬᠡᠷᠡᠭᠯᠡᠭᠡ ᠵᠢ ᠬᠥᠭᠵᠢᠭᠡᠵᠦ᠂ ᠦᠷ᠎ᠡ ᠠᠰᠢᠭᠲᠠᠢ ᠪᠡᠯᠡ ᠣᠷᠣᠭᠤᠯᠤᠯᠲᠠ ᠵᠢ ᠥᠷᠭᠡᠳᠬᠡᠨ᠂ ᠬᠡᠷᠡᠭᠯᠡᠭᠡ ᠪᠠ ᠪᠡᠯᠡ ᠣᠷᠣᠭᠤᠯᠤᠯᠲᠠ ᠵᠢᠨ ᠬᠠᠷᠢᠯᠴᠠᠨ ᠠᠬᠢᠭᠤᠯᠬᠤ ᠰᠠᠶ᠋ᠢᠨ ᠣᠷᠴᠢᠯ᠎ᠢ ᠪᠤᠢ ᠪᠤᠯᠭ᠋ᠠᠬᠤ ᠬᠡᠷᠡᠭᠲᠡᠢ᠃ ᠬᠡᠷᠡᠭᠯᠡᠭᠡ ᠵᠢᠨ ᠬᠢᠵᠢᠭ᠎ᠤᠨ ᠳᠠᠷᠠᠭ᠋ᠠᠬᠢ ᠰᠡᠷᠭᠦᠯᠲᠡ᠎ᠠᠴᠠ ᠦᠷᠭᠦᠯᠵᠢᠯᠡᠨ ᠥᠷᠭᠡᠳᠬᠦ ᠲᠡᠶ᠋ᠢᠰᠢ ᠰᠢᠯᠵᠢᠭᠦ ᠵᠢ ᠠᠬᠢᠭᠤᠯᠵᠤ᠂ ᠰᠢᠨ᠎ᠡ ᠭᠡᠯᠪᠡᠷᠢ ᠵᠢᠨ ᠬᠡᠷᠡᠭᠯᠡᠭᠡ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠲᠣᠭ᠋ᠠᠴᠢᠯᠠᠭᠰᠠᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ᠂ ᠡᠷᠡᠭᠦᠯ ᠮᠡᠨᠳᠦ ᠵᠢᠨ ᠬᠡᠷᠡᠭᠯᠡᠭᠡ ᠵᠢ ᠶᠡᠭᠡ᠎ᠪᠠᠷ ᠬᠥᠭᠵᠢᠭᠦᠯᠵᠦ᠂ ᠣᠶᠤᠨᠲᠤ ᠭᠡᠷ᠎ᠤᠨ ᠬᠡᠷᠡᠭᠰᠡᠯ᠂ ᠰᠣᠶᠣᠯ ᠵᠢᠭᠤᠯᠴᠢᠯᠠᠯ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠤᠯᠤᠰ᠎ᠤᠨ ᠪᠠᠷᠠᠭ᠋ᠠᠨ᠎ᠤ 《ᠴᠠᠭ᠎ᠤᠨ ᠤᠷᠤᠰᠬᠠᠯᠲᠤ ᠦᠢ᠍ᠯᠡᠳᠬᠦᠨ》 ᠵᠡᠷᠭᠡ ᠰᠢᠨ᠎ᠡ ᠬᠡᠷᠡᠭᠯᠡᠭᠡᠨ᠎ᠤ ᠨᠡᠮᠡᠭᠳᠡᠯ᠎ᠤᠨ ᠴᠡᠭ᠎ᠢ ᠢᠳᠡᠪᠬᠢᠲᠡᠢ ᠪᠣᠶ᠋ᠢᠵᠢᠭᠤᠯᠬᠤ ᠬᠡᠷᠡᠭᠲᠡᠢ᠃ ᠤᠯᠠᠮᠵᠢᠯᠠᠯᠲᠤ ᠬᠡᠷᠡᠭᠯᠡᠭᠡ ᠵᠢ ᠲᠣᠭᠲᠠᠪᠤᠷᠢᠵᠢᠭᠤᠯᠤᠨ ᠥᠷᠭᠡᠳᠬᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠡᠯᠸᠺᠲᠷᠤᠨ ᠦᠢ᠍ᠯᠡᠳᠬᠦᠨ ᠵᠡᠷᠭᠡ ᠪᠥᠭᠡᠮ ᠲᠠᠸᠠᠷ᠎ᠤᠨ ᠬᠡᠷᠡᠭᠯᠡᠭᠡ ᠵᠢ ᠬᠥᠭᠵᠢᠭᠦᠯᠬᠦ ᠬᠡᠷᠡᠭᠲᠡᠢ᠃ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠵᠦ᠂ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠤᠨ ᠬᠡᠪᠴᠢᠶ᠎ᠡ ᠵᠢ ᠥᠷᠭᠡᠳᠬᠡᠵᠦ᠂ ᠬᠡᠷᠡᠭᠯᠡᠭᠡᠨ᠎ᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠬᠡᠷᠡᠭᠲᠡᠢ᠃ ᠮᠡᠷᠭᠡᠵᠢᠯ᠂ ᠡᠨᠧᠷᠭᠢ ᠵᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠵᠢᠨ ᠪᠠᠷᠢᠮᠵᠢᠶ᠎ᠠ ᠵᠢ ᠳᠡᠭᠡᠭᠰᠢᠯᠡᠭᠦᠯᠭᠦ᠎ᠪᠠᠷ ᠬᠥᠲᠥᠯᠥᠮᠵᠢ ᠪᠤᠯᠭ᠋ᠠᠵᠤ᠂ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠵᠢ ᠠᠬᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠠᠶ᠋ᠢᠴᠢᠯᠠᠨ ᠶᠡᠬᠡᠰᠬᠡᠬᠦ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠣᠭᠤᠮᠲᠠ ᠰᠢᠪᠲᠤᠯᠬᠤ᠂ ᠰᠢᠨ᠎ᠡ ᠭᠡᠯᠪᠡᠷᠢ ᠵᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠵᠤ ᠪᠣᠬᠢᠷᠳᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ ᠵᠢ ᠭᠤᠣᠯᠳᠠᠯᠭ᠎ᠠ᠎ᠲᠠᠢ ᠳᠡᠮᠵᠢᠵᠦ᠂ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠤᠨ ᠬᠥᠭᠵᠢᠭᠦᠯᠬᠦ ᠬᠡᠷᠡᠭᠲᠡᠢ᠃ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠬᠡᠷᠡᠭᠵᠢᠭᠦᠯᠵᠦ᠂ ᠨᠡᠶ᠋ᠢᠭᠡᠮ᠎ᠤᠨ ᠬᠥᠷᠥᠩᠭᠡ ᠵᠢᠨ ᠰᠢᠨ᠎ᠡ ᠭᠡᠯᠪᠡᠷᠢ ᠵᠢᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ᠎ᠤ ᠪᠦᠲᠦᠭᠡᠨ ᠪᠠᠶ᠋ᠢᠭᠤᠯᠤᠯᠲᠠ᠎ᠳᠤ ᠣᠷᠤᠯᠴᠠᠬᠤ ᠵᠢ ᠳᠡᠮᠵᠢᠬᠦ ᠬᠡᠷᠡᠭᠲᠡᠢ᠃
ᠭᠤᠷᠪᠠ᠎ᠳᠤ ᠭᠤᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠢ᠃ ᠥᠭᠡᠷᠡᠴᠢᠯᠡᠯᠲᠡ ᠵᠢ ᠴᠢᠨᠠᠭᠰᠢᠳᠠ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠵᠢ ᠲᠥᠯᠥᠪᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠬᠦ᠎ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ 《ᠬᠤᠶᠠᠷ ᠡᠷᠡᠰ ᠭᠤᠶ᠋ᠢᠪᠢᠰᠢ ᠦᠭᠡᠢ》 ᠵᠢᠨ ᠪᠠᠶ᠋ᠢᠭᠤᠯᠤᠮᠵᠢ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶ᠋ᠢᠳᠠᠪᠤᠷᠢᠵᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠳᠣᠲᠣᠭ᠋ᠠᠳᠤ ᠬᠥᠳᠡᠯᠭᠡᠬᠦ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠬᠦ ᠬᠡᠷᠡᠭᠲᠡᠢ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠭᠤᠣᠯᠯᠠᠬᠤ ᠴᠢᠳᠠᠮᠵᠢ ᠵᠢ ᠴᠢᠩᠭ᠋ᠠᠳᠬᠠᠨ᠂ ᠭᠤᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠵᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠬᠦᠴᠦᠨ ᠵᠦᠢ᠍ᠯ᠎ᠢ ᠣᠯᠬᠤ᠂ ᠭᠤᠤᠯᠴᠢ᠎ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠨᠢᠭᠡ ᠪᠦᠯᠦᠭ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶ᠋ᠢᠯᠠᠯ᠎ᠤᠨ ᠲᠤᠰᠬᠠᠢ ᠨᠠᠷᠢᠯᠢᠭ ᠣᠨᠴᠠᠭ᠋ᠠᠢ ᠰᠢᠨ᠎ᠡ ᠬᠥᠭᠵᠢᠯᠲᠡ ᠵᠢ ᠠᠬᠢᠭᠤᠯᠬᠤ ᠬᠡᠷᠡᠭᠲᠡᠢ᠃ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠡᠯ᠎ᠡ ᠵᠦᠢ᠍ᠯ᠎ᠤᠨ ᠭᠡᠯᠪᠡᠷᠢ ᠵᠢᠨ ᠣᠷᠣᠨ ᠨᠤᠲᠤᠭ᠎ᠤᠨ ᠬᠠᠮᠠᠭ᠋ᠠᠯᠠᠯᠲᠠ ᠪᠠ ᠵᠠᠬ᠎ᠠ ᠳᠡᠯᠭᠡᠭᠦᠷ᠎ᠤᠨ ᠬᠡᠰᠡᠭᠯᠡᠯ᠎ᠢ ᠬᠦᠴᠦᠯᠡᠨ ᠠᠷᠢᠯᠭ᠋ᠠᠬᠤ ᠬᠡᠷᠡᠭᠲᠡᠢ᠃ ᠪᠦᠭᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠵᠢᠨ ᠡᠳ᠋᠎ᠤᠨ ᠵᠠᠰᠠᠭ ᠭᠠᠶ᠋ᠢᠯᠢ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠲᠥᠯᠥᠪᠵᠢᠭᠦᠯᠵᠦ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃
ᠳᠥᠷᠪᠡ᠎ᠳᠤ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ ᠬᠡᠷᠡᠭᠲᠡᠢ᠃ ᠭᠠᠳᠠᠭ᠋ᠠᠳᠤ ᠠᠷᠠᠯᠵᠢᠶᠠᠨ᠎ᠤ ᠰᠢᠨ᠎ᠡ ᠬᠥᠳᠡᠯᠭᠡᠬᠦ ᠡᠨᠧᠷᠭᠢ ᠵᠢ ᠲᠦᠷᠭᠡᠨ ᠪᠣᠶ᠋ᠢᠵᠢᠭᠤᠯᠵᠤ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠦᠨᠳᠦᠰᠦᠨ ᠪᠠᠶ᠋ᠢᠳᠠᠯ᠎ᠢ ᠪᠠᠬᠢᠵᠢᠭᠦᠯᠵᠦ᠂ ᠵᠠᠪᠰᠠᠷ᠎ᠤᠨ ᠪᠦᠲᠦᠭᠡᠭᠳᠡᠬᠦᠨ᠎ᠤ ᠠᠷᠠᠯᠵᠢᠶ᠎ᠠ᠂ ᠦᠢ᠍ᠯᠡᠴᠢᠯᠡᠭᠡᠨ᠎ᠤ ᠠᠷᠠᠯᠵᠢᠶ᠎ᠠ᠂ ᠲᠣᠭ᠋ᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠸᠺᠲᠷᠤᠨ ᠬᠤᠳᠠᠯᠳᠤᠭ᠋ᠠᠨ᠎ᠤ ᠭᠠᠳᠠᠭ᠋ᠠᠳᠤ ᠭᠠᠷᠭ᠋ᠠᠯᠲᠠ ᠵᠢ ᠥᠷᠭᠡᠳᠬᠡᠬᠦ ᠬᠡᠷᠡᠭᠲᠡᠢ᠃ ᠴᠠᠭᠢᠯᠭ᠋ᠠᠨ ᠬᠤᠯᠪᠤᠭ᠎ᠠ᠂ ᠡᠮ ᠡᠮᠨᠡᠯᠭᠡ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠲᠤ ᠣᠷᠣᠬᠤ ᠵᠥᠪᠰᠢᠶᠡᠷᠡᠯ᠎ᠢ ᠴᠢᠯᠦᠭᠡᠲᠡᠢ ᠪᠤᠯᠭ᠋ᠠᠵᠤ᠂ ᠣᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠬᠠᠷᠭᠤᠭᠤᠯᠵᠤ᠂ ᠲᠤᠭ᠎ᠠ ᠪᠠᠷᠢᠮᠲᠠ ᠵᠢᠨ ᠬᠢᠯᠢ ᠠᠯᠤᠰᠯᠠᠨ ᠰᠢᠯᠵᠢᠭᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠳᠤ ᠡᠷᠬᠡ ᠲᠡᠭᠰᠢ᠎ᠪᠠᠷ ᠣᠷᠤᠯᠴᠠᠬᠤ ᠵᠡᠷᠭᠡ ᠠᠰᠠᠭᠤᠳᠠᠯ᠎ᠢ ᠬᠢᠨᠠᠮᠠᠭ᠋ᠠᠢ ᠰᠢᠢ᠍ᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠦᠷᠭᠦᠯᠵᠢᠯᠡᠨ ᠪᠠᠶ᠋ᠢᠭᠤᠯᠵᠤ᠂ 《ᠪᠡᠯᠡ ᠣᠷᠣᠭᠤᠯᠤᠯᠲᠠ ᠵᠢᠨ ᠳᠤᠮᠳᠠᠳᠤ ᠤᠯᠤᠰ》᠎ᠤᠨ ᠲᠥᠷᠥᠯ ᠲᠡᠮᠳᠡᠭ᠎ᠢ ᠪᠤᠶ ᠪᠤᠯᠭ᠋ᠠᠬᠤ ᠬᠡᠷᠡᠭᠲᠡᠢ᠃ ᠭᠠᠳᠠᠭ᠋ᠠᠳᠤ ᠵᠢᠨ ᠬᠥᠮᠥᠰ᠎ᠤᠨ ᠳᠤᠮᠳᠠᠳᠤ ᠤᠯᠤᠰ᠎ᠲᠤ ᠢᠷᠡᠵᠦ ᠠᠷᠠᠯᠵᠢᠶ᠎ᠠ ᠬᠢᠬᠦ᠂ ᠰᠤᠷᠤᠯᠴᠠᠬᠤ᠂ ᠵᠢᠭᠤᠯᠴᠢᠯᠠᠬᠤ ᠵᠢᠨ ᠲᠦᠭᠵᠢᠷᠡᠯ᠎ᠢ ᠦᠨᠡᠨ ᠬᠦ᠌ ᠨᠡᠪᠲᠡᠷᠡᠭᠦᠯᠬᠦ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠳᠡᠮᠵᠢᠬᠦ ᠨᠠᠢ᠍ᠮᠠᠨ ᠵᠦᠢ᠍ᠯ᠎ᠤᠨ ᠠᠵᠢᠯᠯᠠᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠰᠠᠶ᠋ᠢᠲᠤᠷ ᠠᠳᠬᠤᠵᠤ᠂ ᠴᠢᠬᠤᠯᠠ ᠶᠡᠭᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠠ 《ᠪᠠᠭ᠎ᠠ ᠪᠤᠯᠪᠠᠴᠤ ᠪᠦᠷᠢᠨ ᠴᠢᠳᠠᠮᠵᠢᠲᠤ》 ᠠᠷᠠᠳ᠎ᠤᠨ ᠠᠮᠢᠳᠤᠷᠠᠯ᠎ᠤᠨ ᠲᠥᠷᠥᠯ ᠵᠦᠢ᠍ᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃
ᠲᠠᠪᠤ᠎ᠳᠤ ᠭᠤᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠦᠷᠭᠦᠯᠵᠢᠯᠡᠨ ᠪᠦᠲᠦᠮᠵᠢᠲᠡᠶ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠭᠡᠷ ᠭᠠᠵᠠᠷ᠎ᠤᠨ ᠬᠥᠷᠥᠩᠭᠡ᠂ ᠣᠷᠣᠨ ᠨᠤᠲᠤᠭ᠎ᠤᠨ ᠥᠷᠢ ᠥᠭᠴᠡᠭᠡ᠂ ᠳᠤᠮᠳᠠ ᠪᠠᠭ᠎ᠠ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠡᠷᠭᠡ ᠵᠢᠨ ᠠᠶᠤᠯ ᠲᠦᠭᠰᠢᠭᠦᠷᠢ ᠵᠢ ᠨᠢᠭᠡᠳᠦᠯᠲᠡᠢ ᠲᠥᠯᠥᠪᠵᠢᠭᠦᠯᠦᠨ ᠰᠢᠢ᠍ᠳᠪᠦᠷᠢᠯᠡᠵᠦ᠂ ᠬᠠᠤᠯᠢ ᠪᠤᠰᠤ ᠮᠥᠩᠭᠦᠨ ᠭᠦᠢ᠍ᠯᠭᠡᠭᠡᠨ᠎ᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭ᠋ᠠᠬᠤ ᠬᠤᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ᠃ ᠭᠡᠷ ᠭᠠᠵᠠᠷ᠎ᠤᠨ ᠬᠥᠷᠥᠩᠭᠡ ᠵᠢᠨ ᠠᠶᠤᠯ ᠲᠦᠭᠰᠢᠭᠦᠷᠢ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠷᠢᠯᠭ᠋ᠠᠵᠤ᠂ ᠠᠳᠠᠯᠢ ᠪᠤᠰᠤ ᠥᠮᠴᠢᠯᠡᠯ᠎ᠤᠨ ᠭᠡᠷ ᠭᠠᠵᠠᠷ᠎ᠤᠨ ᠬᠥᠷᠥᠩᠭᠡ ᠵᠢᠨ ᠠᠵᠤ ᠠᠬᠤᠶ᠋ᠢᠯᠠᠯ᠎ᠤᠨ ᠵᠦᠢ ᠵᠣᠬᠢᠰᠲᠠᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠵᠢ ᠨᠢᠭᠡ ᠯᠡ ᠠᠳᠠᠯᠢ᠎ᠪᠠᠷ ᠬᠠᠩᠭ᠋ᠠᠵᠤ᠂ ᠭᠡᠷ ᠭᠠᠵᠠᠷ᠎ᠤᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠪᠠᠲᠤᠯᠠᠪᠤᠷᠢ ᠵᠢᠨ ᠴᠢᠨᠠᠷᠲᠠᠢ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ᠂ 《ᠡᠩ᠎ᠤᠨ ᠪᠠ ᠪᠠᠴᠢᠮ ᠪᠠᠶ᠋ᠢᠳᠠᠯ᠎ᠳᠤ ᠵᠡᠷᠭᠡ᠎ᠪᠠᠷ ᠬᠡᠷᠡᠭᠯᠡᠬᠦ》 ᠤᠯᠠᠨ ᠨᠡᠶ᠋ᠢᠲᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠬᠤᠳᠠ ᠳᠤᠮᠳᠠᠬᠢ ᠲᠣᠰᠬᠤᠨ᠎ᠢ ᠥᠭᠡᠷᠡᠴᠢᠯᠡᠨ ᠪᠠᠶ᠋ᠢᠭᠤᠯᠬᠤ ᠵᠡᠷᠭᠡ 《ᠭᠤᠷᠪᠠᠨ ᠶᠡᠭᠡ ᠢᠨᠵᠧᠨᠧᠷᠢᠩ》᠎ᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ᠎ᠢ ᠲᠡᠭᠦᠯᠳᠡᠷᠵᠢᠭᠦᠯᠵᠦ᠂ ᠭᠡᠷ ᠭᠠᠵᠠᠷ᠎ᠤᠨ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠣᠷᠣᠨ ᠨᠤᠲᠤᠭ᠎ᠤᠨ ᠥᠷᠢ ᠥᠭᠴᠡᠭᠡ ᠵᠢᠨ ᠠᠶᠤᠯ ᠲᠦᠭᠰᠢᠭᠦᠷᠢ ᠵᠢ ᠠᠷᠢᠯᠭ᠋ᠠᠬᠤ ᠪᠠ ᠲᠣᠭᠲᠠᠭᠤᠨ ᠵᠶ᠋ᠠᠷ ᠬᠥᠭᠵᠢᠭᠦᠯᠬᠦ ᠵᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠵᠢᠨ ᠲᠣᠮᠣ ᠮᠤᠵᠢ ᠦᠨᠡᠨ ᠬᠦ᠌ ᠴᠢᠬᠤᠯᠠ ᠡᠭᠦᠷᠭᠡ ᠵᠢ ᠡᠭᠦᠷᠭᠡᠯᠡᠵᠦ᠂ ᠪᠦᠭᠦ ᠤᠯᠤᠰ᠎ᠤᠨ ᠠᠵᠤ ᠠᠬᠤᠢ ᠵᠢ ᠲᠣᠭᠲᠠᠪᠤᠷᠢᠵᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃
ᠵᠢᠷᠭᠤᠭ᠎ᠠ᠎ᠳᠤ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》᠎ᠤ ᠠᠵᠢᠯ᠎ᠢ ᠴᠥᠬᠦᠷᠡᠰᠢ ᠦᠭᠡᠢ ᠰᠠᠶ᠋ᠢᠲᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠠᠷᠠᠯᠲᠠ ᠵᠢ ᠪᠠᠲᠤ ᠡᠵᠡᠮᠳᠡᠵᠦ᠂ 《ᠮᠢᠩᠭ᠋ᠠᠨ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠦᠲᠦᠮᠵᠢᠲᠡᠢ ᠠᠬᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠪᠠᠶ᠋ᠢᠳᠠᠯ ᠡᠭᠦᠰᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠬᠤ᠎ᠪᠠᠷ ᠬᠤᠷᠢᠭ᠎ᠠ ᠱᠤᠭᠤᠮ ᠪᠤᠯᠭ᠋ᠠᠵᠤ᠂ ᠬᠥᠳᠡᠭᠡ ᠲᠣᠰᠬᠤᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ᠎ᠢ ᠳᠡᠭᠡᠭᠰᠢᠯᠡᠭᠦᠯᠭᠦ᠂ ᠬᠥᠳᠡᠭᠡ ᠲᠣᠰᠬᠤᠨ᠎ᠤ ᠪᠦᠲᠦᠭᠡᠨ ᠪᠠᠶ᠋ᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠭᠦ᠂ ᠬᠥᠳᠡᠭᠡ ᠲᠣᠰᠬᠤᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠭᠦ᠎ᠪᠠᠷ ᠭᠤᠣᠯᠳᠠᠯᠭ᠎ᠠ ᠪᠤᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠵᠢᠨ ᠬᠤᠣᠰ ᠬᠥᠳᠡᠯᠭᠡᠭᠦᠷ᠎ᠢ ᠴᠢᠩᠭ᠋ᠠᠳᠬᠠᠵᠤ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠬᠦᠴᠦᠨ ᠵᠶ᠋ᠠᠨ ᠲᠥᠪᠯᠡᠷᠡᠭᠦᠯᠦᠨ ᠤᠯᠠᠨ ᠲᠦᠮᠡᠨ᠎ᠤ ᠮᠡᠳᠡᠷᠡᠵᠦ ᠬᠦᠷᠲᠡᠵᠦ ᠪᠣᠯᠬᠤᠶ᠋ᠢᠴᠠ ᠨᠢᠭᠡ ᠪᠦᠯᠦᠭ ᠪᠣᠳᠠᠲᠤ ᠶᠠᠪᠤᠳᠠᠯ᠎ᠢ ᠰᠠᠶ᠋ᠢᠲᠤᠷ ᠠᠳᠬᠤᠵᠤ᠂ ᠠᠵᠢᠯᠯᠠᠵᠤ ᠠᠮᠢᠳᠤᠷᠠᠬᠤ᠎ᠳᠤ ᠲᠣᠬᠢᠲᠠᠢ ᠪᠥᠭᠡᠳ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠠᠮᠤᠷ ᠲᠦᠪᠰᠢᠨ᠎ᠤ ᠬᠠᠩᠭ᠋ᠠᠯᠭ᠎ᠠ ᠵᠢ ᠥᠴᠥᠬᠡᠨ ᠴᠦ᠍ ᠰᠤᠯᠠᠷᠠᠭᠤᠯᠤᠯ ᠦᠭᠡᠢ ᠰᠠᠶ᠋ᠢᠲᠤᠷ ᠠᠳᠬᠤᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠣᠷᠣᠨ ᠮᠤᠵᠢ ᠵᠢᠨ ᠬᠤᠭᠤᠷᠣᠨᠳᠣᠭᠢ ᠬᠥᠨᠳᠡᠯᠡᠨ ᠴᠢᠭᠯᠡᠯ᠎ᠤᠨ ᠠᠰᠢᠭ ᠲᠤᠰᠠ ᠵᠢᠨ ᠨᠥᠬᠦᠪᠦᠷᠢ ᠵᠢᠨ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠣᠷᠣᠭᠤᠯᠤᠯᠲᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠭᠦ ᠬᠡᠷᠡᠭᠲᠡᠢ᠃ ᠬᠠᠮ ᠲᠠᠷᠢᠶᠠᠯᠠᠩ᠎ᠤᠨ ᠦᠵᠡᠯᠲᠡ᠂ ᠬᠠᠮ ᠢᠳᠡᠭᠡᠨ᠎ᠤ ᠦᠵᠡᠯᠲᠡ ᠵᠢ ᠪᠤᠢ ᠪᠤᠯᠭ᠋ᠠᠵᠤ᠂ ᠬᠥᠳᠡᠭᠡ ᠠᠵᠤ ᠠᠬᠤᠢ ᠵᠢ ᠣᠳᠣᠬᠢᠴᠢᠯᠠᠭᠰᠠᠨ ᠲᠣᠮᠣ ᠠᠵᠤ ᠦᠢ᠍ᠯᠡᠰ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠢ᠃
ᠳᠣᠯᠤᠭ᠎ᠠ᠎ᠳᠤ ᠬᠤᠲᠠ ᠬᠥᠳᠡᠭᠡ ᠵᠢᠨ ᠠᠭᠤᠰᠤᠯᠴᠠᠯ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠪᠣᠯᠣᠨ ᠬᠥᠳᠡᠭᠡ ᠲᠣᠰᠬᠤᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠡᠯ᠎ᠡ ᠲᠥᠷᠥᠯ᠎ᠤᠨ ᠡᠯᠧᠮᠧᠨ᠋ᠲ᠎ᠤᠨ ᠬᠤᠣᠰ ᠴᠢᠭᠯᠡᠯ ᠵᠶ᠋ᠠᠷ ᠰᠢᠯᠵᠢᠭᠦ ᠵᠢ ᠠᠬᠢᠭᠤᠯᠵᠤ᠂ ᠰᠢᠶᠠᠨ᠎ᠤ ᠬᠤᠲᠠ᠎ᠪᠠᠷ ᠴᠢᠬᠤᠯᠠ ᠠᠴᠢᠶᠠᠯᠠᠪᠤᠷᠢ ᠪᠤᠯᠭ᠋ᠠᠬᠰᠠᠨ ᠰᠢᠨ᠎ᠡ ᠭᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶ᠋ᠢᠷᠢᠰᠢᠯ᠎ᠢ ᠪᠦᠷᠢᠯᠳᠦᠭᠦᠯᠬᠦ ᠬᠡᠷᠡᠭᠲᠡᠢ᠃ ᠬᠤᠲᠠ ᠵᠢ ᠰᠢᠨᠡᠳᠬᠡᠬᠦ ᠠᠵᠢᠯᠯᠠᠭ᠎ᠠ ᠵᠢ ᠬᠡᠷᠡᠭᠵᠢᠭᠦᠯᠵᠦ᠂ ᠰᠠᠭᠤᠷᠢᠰᠢᠬᠤ᠎ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ ᠵᠢ ᠴᠣᠭᠴᠠᠯᠠᠨ ᠪᠠᠶ᠋ᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠤ ᠬᠠᠷᠢᠴᠠᠭᠤᠯᠤᠭᠰᠠᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠭᠤᠣᠯ ᠴᠣᠭᠴᠠ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ ᠶᠣᠰᠣᠭ᠋ᠠᠷ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢ᠍ᠯᠡᠴᠢᠯᠡᠬᠦ ᠬᠡᠷᠡᠭᠲᠡᠢ᠃ ᠴᠢᠬᠤᠯᠠ ᠶᠡᠭᠡ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠥᠷᠥᠴᠡ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠳᠠᠯᠠᠢ ᠲᠠᠩᠭᠢᠰ᠎ᠤᠨ ᠠᠵᠤ ᠠᠬᠤᠢ ᠵᠢ ᠶᠡᠭᠡ᠎ᠪᠠᠷ ᠬᠥᠭᠵᠢᠭᠦᠯᠵᠦ᠂ ᠳᠠᠯᠠᠢ ᠲᠠᠩᠭᠢᠰ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠡᠷᠡᠭᠲᠡᠢ᠃
ᠨᠠᠢ᠍ᠮᠠ᠎ᠳᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠭᠦᠨᠵᠡᠭᠡᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠬᠤᠰᠢᠭᠤᠴᠢ ᠣᠷᠣᠨ᠎ᠢ ᠪᠦᠲᠦᠭᠡᠨ ᠪᠠᠶ᠋ᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠥᠨᠳᠦᠷᠯᠢᠭ᠎ᠢ ᠴᠣᠭᠴᠠᠯᠠᠬᠤ ᠬᠡᠷᠡᠭᠲᠡᠢ᠃ ᠨᠡᠭᠦᠷᠡᠰᠦᠳᠦ᠋ᠷᠦᠭᠴᠢ ᠵᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠠᠩᠭ᠋ᠠᠯᠭ᠎ᠠ ᠵᠢᠨ ᠬᠡᠯᠬᠢᠶ᠎ᠡ ᠵᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠬᠦ ᠬᠡᠷᠡᠭᠲᠡᠢ᠃ ᠠᠮᠢ ᠠᠬᠤᠢ ᠵᠢᠨ ᠦᠢ᠍ᠯᠡᠳᠬᠦᠨ᠎ᠤ ᠦᠷᠳᠡᠭ᠎ᠢ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠢ᠃ ᠬᠠᠮᠲᠤ ᠵᠢᠨ ᠣᠶ ᠵᠢᠨ ᠡᠷᠬᠡ ᠵᠢᠨ ᠳᠦᠷᠢᠮ᠎ᠤᠨ ᠥᠭᠡᠷᠡᠴᠢᠯᠡᠯᠲᠡ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠡᠬᠢ ᠪᠠᠶᠠᠯᠢᠭ᠎ᠢ ᠠᠷᠪᠢᠯᠠᠬᠤ ᠡᠷᠴᠢᠮᠵᠢᠭᠦᠯᠬᠦ ᠣᠷᠴᠢᠯᠳᠤᠭᠤᠯᠬᠤ ᠥᠨᠳᠥᠷ ᠪᠦᠲᠦᠮᠵᠢᠲᠡᠢ᠎ᠪᠠᠷ ᠠᠰᠢᠭᠯᠠᠬᠤ ᠵᠢ ᠴᠢᠩᠭ᠋ᠠᠳᠬᠠᠵᠤ᠂ ᠡᠨᠧᠷᠭᠢ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠭᠦ ᠬᠡᠷᠡᠭᠲᠡᠢ᠃
ᠶᠢᠰᠦ᠎ᠳᠤ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠶ᠋ᠢᠵᠢᠷᠠᠭᠤᠯᠬᠤ ᠬᠡᠷᠡᠭᠲᠡᠢ᠃ ᠪᠦᠭᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤᠯᠠᠵᠤ᠂ ᠣᠨᠣᠴᠠᠲᠠᠢ ᠪᠠᠲᠤᠯᠠᠵᠤ᠂ ᠪᠠᠲᠤ ᠪᠠᠬᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠤᠳᠤᠷᠢᠳᠤᠮᠵᠢ ᠵᠢ ᠨᠠᠩ ᠳᠣᠪᠤᠶ᠋ᠢᠯᠭ᠋ᠠᠵᠤ᠂ ᠭᠤᠣᠯᠳᠠᠯᠭ᠎ᠠ᠎ᠲᠠᠢ ᠬᠥᠮᠥᠰ᠎ᠤᠨ ᠠᠵᠢᠯ ᠣᠯᠭᠤᠯᠲᠠ ᠵᠢ ᠲᠣᠭᠲᠠᠭᠤᠨ ᠪᠠᠶ᠋ᠢᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠡᠶ᠋ᠢᠭᠡᠮ᠎ᠤᠨ ᠪᠠᠲᠤᠯᠠᠭ᠎ᠠ ᠵᠢᠨ ᠲᠣᠣᠷ᠎ᠢ ᠨᠢᠭᠲᠠ ᠪᠥᠭᠡᠳ ᠪᠠᠲᠤ ᠰᠦᠯᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶ᠋ᠢᠭᠡᠮ᠎ᠤᠨ ᠠᠪᠤᠷᠠᠨ ᠲᠤᠰᠠᠯᠠᠬᠤ ᠰᠢᠰᠲ᠋ᠧᠮ᠎ᠢ ᠪᠦᠷᠢᠨᠰᠢᠭᠦᠯᠬᠦ ᠬᠡᠷᠡᠭᠲᠡᠢ᠃ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠦᠷᠭᠡᠪᠴᠢᠯᠡᠨ ᠲᠡᠭᠦᠯᠳᠡᠷᠵᠢᠭᠦᠯᠵᠦ᠂ ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠦᠨ᠂ ᠬᠥᠮᠥᠨ ᠠᠮᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠨᠠᠮ᠎ᠤᠨ ᠲᠥᠪ ᠬᠤᠷᠢᠶ᠎ᠠ ᠵᠢᠨ ᠠᠵᠤ ᠠᠬᠤᠢ ᠵᠢᠨ ᠪᠠᠶ᠋ᠢᠳᠠᠯ᠎ᠤᠨ ᠲᠤᠬᠠᠢ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠵᠢ ᠭᠦᠨᠵᠡᠭᠡᠢ ᠣᠶ᠋ᠢᠯᠠᠭ᠋ᠠᠵᠤ᠂ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠪᠤᠳᠤᠯ ᠵᠶ᠋ᠠᠨ ᠦᠨᠡᠨ ᠬᠦ᠌ ᠴᠢᠩᠭ᠋ᠠᠳᠬᠠᠵᠤ᠂ ᠠᠯᠢᠪᠠ ᠠᠰᠢᠭᠲᠠᠢ ᠴᠠᠭ ᠲᠣᠭᠢᠶᠠᠯ᠎ᠢ ᠠᠮᠵᠢᠵᠤ᠂ ᠠᠯᠢᠪᠠ ᠠᠰᠢᠭᠲᠠᠢ ᠨᠥᠬᠦᠴᠡᠯ᠎ᠢ ᠠᠰᠢᠭᠯᠠᠵᠤ᠂ ᠦᠵᠡᠵᠦ ᠲᠣᠭᠲᠠᠪᠠᠯ ᠱᠠᠯᠠᠪᠳᠠᠨ ᠬᠢᠵᠦ᠂ ᠢᠯᠡᠭᠦᠦ ᠬᠢᠵᠦ ᠳᠡᠶ᠋ᠢᠯᠪᠡᠯ ᠢᠯᠡᠭᠦᠬᠡᠨ ᠬᠢᠵᠦ᠂ ᠲᠤᠰ ᠪᠡᠶ᠎ᠡ ᠵᠢᠨ ᠠᠵᠢᠯ᠎ᠤᠨ ᠲᠣᠬᠲᠠᠭ᠋ᠠᠯᠲᠤ ᠴᠢᠨᠠᠷ ᠵᠶ᠋ᠠᠷ ᠪᠠᠶ᠋ᠢᠳᠠᠯ᠎ᠤᠨ ᠬᠤᠪᠢᠷᠠᠯᠲᠠ ᠵᠢᠨ ᠲᠣᠭᠲᠠᠪᠤᠷᠢ ᠦᠭᠡᠢ ᠴᠢᠨᠠᠷ᠎ᠢ ᠠᠷᠭ᠋ᠠᠴᠠᠭ᠋ᠠᠬᠤ᠎ᠪᠠᠷ ᠴᠢᠷᠮᠠᠶ᠋ᠢᠬᠤ ᠬᠡᠷᠡᠭᠲᠡᠢ᠃ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠬᠤᠷᠳᠤᠴᠠ ᠪᠣᠯᠣᠨ ᠶᠠᠰᠤ ᠴᠢᠨᠠᠷ᠂ ᠬᠤᠷᠸ᠎ᠠ ᠲᠤᠭ᠎ᠠ ᠪᠠᠷᠢᠮᠲᠠ ᠪᠣᠯᠣᠨ ᠬᠤᠮᠠᠬᠢ ᠲᠥᠷᠥᠭᠳᠡᠯ᠂ ᠠᠵᠤ ᠠᠬᠤᠢ ᠵᠢ ᠬᠥᠭᠵᠢᠭᠦᠯᠬᠦ ᠪᠣᠯᠣᠨ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠭᠵᠢᠯᠲᠡ ᠪᠣᠯᠣᠨ ᠠᠮᠤᠷ ᠲᠦᠪᠰᠢᠨ᠎ᠤ ᠬᠠᠷᠢᠴᠠᠭ᠎ᠠ ᠵᠢ ᠰᠠᠶ᠋ᠢᠲᠤᠷ ᠡᠵᠡᠮᠰᠢᠨ ᠰᠢᠢ᠍ᠳᠪᠦᠷᠢᠯᠡᠬᠦ ᠵᠢ ᠠᠩᠬᠠᠷᠴᠤ᠂ ᠠᠵᠤ ᠠᠬᠤᠢ ᠵᠢᠨ ᠰᠡᠷᠭᠦᠨ ᠰᠠᠶ᠋ᠢᠵᠢᠷᠠᠬᠤ ᠪᠠᠶ᠋ᠢᠳᠠᠯ᠎ᠢ ᠳᠠᠰᠤᠷᠠᠯᠳᠠ ᠦᠭᠡᠢ ᠪᠠᠬᠢᠵᠢᠭᠦᠯᠦᠨ ᠴᠢᠩᠭ᠋ᠠᠳᠬᠠᠬᠤ ᠬᠡᠷᠡᠭᠲᠡᠢ᠃ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠤᠨ ᠲᠥᠷᠥ ᠵᠢᠨ ᠪᠣᠳᠣᠯᠭ᠎ᠠ ᠵᠢᠨ ᠬᠠᠨᠳᠤᠰᠢ ᠵᠢ ᠣᠨᠣᠪᠴᠢᠲᠠᠶ ᠡᠵᠡᠮᠳᠡᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠲᠠᠯ᠎ᠠ᠎ᠪᠠᠷ ᠬᠠᠮᠵᠢᠯᠴᠠᠨ ᠬᠤᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠬᠠᠮ ᠦᠢ᠍ᠯᠡᠳᠦᠯ᠎ᠢ ᠶᠡᠬᠡᠰᠬᠡᠵᠦ᠂ ᠲᠥᠷᠥ ᠵᠢᠨ ᠪᠣᠳᠣᠯᠭ᠎ᠠ ᠵᠢᠨ ᠨᠥᠭᠡᠴᠡᠯᠡᠯᠲᠡ ᠵᠢᠨ ᠲᠠᠯ᠎ᠠ᠎ᠪᠠᠷ ᠤᠷᠢᠳᠴᠢᠯᠠᠭᠰᠠᠨ ᠬᠡᠮᠵᠢᠶ᠎ᠡ ᠵᠢ ᠰᠠᠶ᠋ᠢᠲᠤᠷ ᠬᠢᠵᠦ᠂ ᠢᠯᠡᠭᠦᠴᠡ ᠬᠡᠮᠵᠢᠶ᠎ᠡ ᠵᠢ ᠦᠯᠡᠳᠡᠭᠡᠨ᠂ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠦᠨᠡᠯᠡᠬᠦ ᠲᠠᠯ᠎ᠠ᠎ᠪᠠᠷ ᠪᠦᠲᠦᠮᠵᠢᠲᠡᠶ ᠴᠢᠨᠠᠷ᠎ᠢ ᠴᠢᠬᠤᠯᠠᠴᠢᠯᠠᠵᠤ᠂ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠦᠨ᠂ ᠬᠤᠷᠸ᠎ᠠ ᠲᠥᠷᠥ ᠵᠢᠨ ᠪᠣᠳᠣᠯᠭ᠎ᠠ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠢᠯ᠎ᠢ ᠠᠬᠢᠭᠤᠯᠬᠤ ᠠᠷᠭ᠎ᠠ ᠭᠡᠯᠪᠡᠷᠢ ᠵᠢ ᠴᠢᠬᠤᠯᠠᠴᠢᠯᠠᠵᠤ᠂ ᠭᠤᠣᠯ ᠵᠥᠷᠢᠴᠡᠯ᠎ᠢ ᠠᠳᠬᠤᠵᠤ᠂ ᠪᠣᠭᠤᠮᠢ ᠬᠢᠵᠠᠭ᠋ᠠᠷᠯᠠᠯ᠎ᠢ ᠰᠢᠪᠲᠤᠯᠵᠤ᠂ ᠤᠷᠢᠳᠠᠴᠢ ᠪᠠᠶ᠋ᠢᠷᠢᠰᠢᠭᠤᠯᠤᠯᠲᠠ ᠵᠢ ᠴᠢᠬᠤᠯᠠᠴᠢᠯᠠᠵᠤ᠂ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠤᠨ ᠭᠤᠣᠯᠳᠠᠯᠭ᠎ᠠ᠎ᠲᠠᠢ ᠡᠭᠦᠷᠭᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠡᠷᠡᠮᠡᠬᠡᠶ᠋ᠢᠯᠡᠨ ᠲᠡᠮᠡᠴᠡᠬᠦ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠨ ᠢᠮᠠᠭᠲᠠ ᠪᠠᠲᠤᠯᠠᠵᠤ᠂ 《ᠤᠯᠤᠰ᠎ᠤᠨ ᠶᠡᠭᠡ ᠶᠠᠪᠤᠳᠠᠯ》᠎ᠢ ᠬᠡᠬᠦᠳᠡᠭ ᠴᠡᠭᠡᠵᠢᠨ᠎ᠳᠡᠭᠡᠨ ᠪᠠᠭᠲᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠬᠠᠮᠵᠢᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠬᠥᠲᠥᠯᠬᠦ ᠴᠢᠨᠠᠷ᠂ ᠬᠥᠰᠢᠭᠦᠷᠭᠡ ᠵᠢᠨ ᠴᠢᠨᠠᠷ ᠵᠶ᠋ᠠᠷ ᠴᠢᠩᠭ᠎ᠠ ᠠᠵᠢᠯ᠎ᠤᠨ ᠭᠠᠷᠳᠠᠴᠠ ᠵᠢ ᠢᠳᠡᠪᠬᠢᠲᠡᠢ ᠲᠥᠯᠥᠪᠵᠢᠭᠦᠯᠦᠨ ᠰᠠᠶ᠋ᠢᠲᠤᠷ ᠬᠡᠷᠡᠭᠯᠡᠵᠦ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠲᠡᠷᠡ ᠶᠣᠰᠣᠭ᠋ᠠᠷ᠎ᠨᠢ ᠨᠠᠶ᠋ᠢᠳᠠᠪᠤᠷᠢᠵᠢᠭᠤᠯᠬᠤ ᠵᠢ ᠠᠳᠬᠤᠵᠤ᠂ ᠡᠴᠦᠰ᠎ᠤᠨ ᠦᠷ᠎ᠡ ᠪᠦᠲᠦᠮᠵᠢ᠎ᠨᠢ ᠨᠠᠮ᠎ᠤᠨ ᠲᠥᠪ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠣᠷᠢᠯᠲᠠᠳᠤ ᠨᠡᠶ᠋ᠢᠴᠡᠬᠦ ᠵᠢ ᠪᠠᠲᠤᠯᠠᠬᠤ ᠬᠡᠷᠡᠭᠲᠡᠢ᠃ ᠡᠷᠡᠰ ᠰᠢᠭᠤᠷᠬᠠᠢ᠎ᠪᠠᠷ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠲᠣᠬᠢᠷᠠᠮᠵᠢᠲᠠᠢ ᠴᠠᠭ ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ ᠭᠠᠷᠭ᠋ᠠᠬᠤ ᠵᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠬᠡᠷᠡᠭᠲᠡᠢ᠃ ᠦᠨᠡᠨ ᠪᠣᠳᠠᠲᠠᠢ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠵᠠᠯᠠᠷᠠᠭᠤᠯᠬᠤ ᠬᠡᠷᠡᠭᠲᠡᠢ᠃ ᠵᠣᠷᠢᠭᠲᠠᠢ᠎ᠪᠠᠷ ᠬᠢᠵᠦ ᠵᠢᠳᠬᠦᠯ ᠴᠢᠷᠮᠠᠶ᠋ᠢᠯᠭ᠎ᠠ ᠭᠠᠷᠭ᠋ᠠᠵᠤ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠵᠢ ᠪᠠᠷᠢᠮᠲᠠᠯᠠᠵᠤ᠂ ᠡᠯ᠎ᠡ ᠱᠠᠲᠤᠨ᠎ᠤ ᠤᠳᠤᠷᠢᠳᠬᠤ ᠺᠠᠳ᠋ᠷ᠎ᠤᠨ ᠢᠳᠡᠪᠬᠢᠵᠢᠯ ᠰᠠᠨᠠᠭ᠋ᠠᠴᠢᠯᠠᠭ᠋ᠠᠲᠤ ᠴᠢᠨᠠᠷ ᠪᠦᠲᠦᠭᠡᠯᠴᠢ ᠴᠢᠨᠠᠷ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠵᠢᠨ ᠬᠠᠮᠲᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠵᠢᠯ᠎ᠤᠨ ᠰᠡᠭᠦᠯᠴᠢ ᠣᠨ᠎ᠤ ᠡᠬᠢᠨ᠎ᠤ ᠴᠢᠬᠤᠯᠠ ᠠᠷᠠᠳ᠎ᠤᠨ ᠠᠮᠢᠳᠤᠷᠠᠯ᠎ᠤᠨ ᠲᠠᠸᠠᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠵᠦ᠂ ᠬᠥᠯᠥᠰᠦᠨ ᠲᠠᠷᠢᠶᠠᠴᠢᠨ᠎ᠤ ᠴᠠᠯᠢᠩ᠎ᠢ ᠴᠠᠭ ᠲᠤᠬᠠᠢᠳᠤᠨᠢ ᠲᠤᠭ᠎ᠠ ᠶᠣᠰᠣᠭ᠋ᠠᠷ ᠥᠭᠬᠦ ᠵᠢ ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠢ ᠬᠠᠯᠠᠮᠵᠢᠯᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠭᠦᠨᠵᠡᠭᠡᠢ ᠨᠠᠶ᠋ᠢᠳᠠᠪᠤᠷᠢᠵᠢᠭᠤᠯᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠰᠠᠶ᠋ᠢᠲᠤᠷ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠪᠦᠭᠦ ᠨᠠᠮ ᠵᠶ᠋ᠠᠷ ᠵᠶ᠋ᠠᠨ ᠰᠢ ᠵᠢᠨ ᠫᠢᠩ ᠨᠥᠬᠦᠷ ᠵᠶ᠋ᠠᠷ ᠭᠤᠣᠯ ᠪᠤᠯᠭ᠋ᠠᠬᠰᠠᠨ ᠨᠠᠮ᠎ᠤᠨ ᠲᠥᠪ ᠬᠤᠷᠢᠶ᠎ᠠ ᠵᠢᠨ ᠲᠣᠭᠤᠷᠢᠨ᠎ᠳᠤ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠤᠷᠢᠶᠠᠯᠠᠪᠠ᠃
ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠤᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠪᠠ᠃
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭ᠋ᠠᠷ ᠲᠥᠯᠥᠪᠯᠡᠭᠡᠲᠦ ᠬᠤᠳᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠨᠠᠮ ᠵᠠᠰᠠᠭ᠎ᠤᠨ ᠭᠤᠣᠯ ᠬᠠᠷᠢᠭᠤᠴᠠᠯᠭ᠋ᠠᠲᠠᠨ ᠨᠥᠬᠦᠳ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ᠎ᠤᠨ ᠪᠦᠯᠭᠦᠮ᠂ ᠲᠥᠪ᠎ᠠᠴᠠ ᠬᠠᠮᠢᠶᠠᠷᠴᠤ ᠪᠠᠶ᠋ᠢᠭ᠎ᠠ ᠬᠡᠰᠡᠭ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠪᠣᠯᠣᠨ ᠠᠵᠤ ᠠᠬᠤᠶ᠋ᠢᠯᠠᠯ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠎ᠤᠨ ᠭᠤᠣᠯ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠢ᠃