ᠰᠢᠨᠬᠤᠸᠠ ᠬᠤᠷᠢᠶᠠᠨ᠎ᠤ ᠪᠡᠭᠡᠵᠢᠩ᠎ᠤᠨ 12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ 12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠤᠷᠢᠶ᠎ᠠ 《ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠴᠢᠯᠡᠭᠰᠡᠨ ᠲᠡᠷᠢᠭᠦᠨ᠎ᠤ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠪᠦᠲᠦᠭᠡᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠦᠷᠭᠦᠯᠵᠢᠯᠡᠨ ᠬᠥᠭᠵᠢᠭᠡᠶ᠎ᠡ》 ᠭᠡᠰᠡᠨ ᠰᠡᠳᠦᠪ ᠵᠶ᠋ᠠᠷ ᠲᠠᠪᠤᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ᠃ ᠬᠤᠸᠠᠳᠦ᠋ᠩ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠶᠡᠭᠡ ᠰᠤᠷᠭ᠋ᠠᠭᠤᠯᠢ ᠵᠢᠨ ᠫᠷᠣᠹᠧᠰᠰᠣᠷ ᠯᠥᠸᠧ ᠫᠧᠢ ᠰᠢᠨ ᠲᠠᠶ᠋ᠢᠯᠤᠮᠵᠢ ᠬᠢᠵᠡᠢ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠳᠡᠳ᠋ ᠶᠡᠷᠦᠩᠬᠡᠢ ᠰᠠᠶ᠋ᠢᠳ ᠳ᠋ᠢᠩ ᠰᠢᠤᠸᠠᠢ ᠰᠢᠶᠠᠩ᠂ ᠲᠦᠷᠦ ᠵᠢᠨ ᠶᠠᠪᠤᠳᠠᠯ᠎ᠤᠨ ᠭᠡᠰᠢᠭᠦᠨ ᠸᠠᠩ ᠰᠢᠶᠣᠣ ᠬᠤᠩ᠂ ᠦ᠋ ᠵᠧᠩ ᠯᠦᠩ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ᠃
ᠯᠢ ᠴᠢᠶᠠᠩ ᠲᠠᠶ᠋ᠢᠯᠤᠮᠵᠢ ᠪᠠ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠪᠣᠶ᠋ᠢᠵᠢᠭᠤᠯᠤᠨ ᠬᠥᠭᠵᠢᠭᠡᠬᠦ᠂ ᠬᠥᠭᠵᠢᠯᠲᠡ ᠵᠢᠨ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠨᠡᠮᠡᠭᠳᠡᠭᠦᠯᠬᠦ ᠵᠠᠩᠭᠢᠯᠠᠭ᠎ᠠ ᠵᠢᠨ ᠠᠷᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠭᠤᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ ᠵᠢᠨ ᠭᠤᠭᠴᠤᠭ᠎ᠠ ᠵᠢᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠴᠢᠯᠡᠭᠰᠡᠨ ᠲᠡᠷᠢᠭᠦᠨ᠎ᠤ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠪᠠᠶ᠋ᠢᠭᠤᠯᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠴᠥᠬᠦᠷᠡᠰᠢ ᠦᠭᠡᠢ ᠴᠢᠷᠮᠠᠶ᠋ᠢᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠰᠠᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠤᠷᠢᠶ᠎ᠠ 《ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶ᠋ᠢᠴᠢᠯᠡᠭᠰᠡᠨ ᠲᠡᠷᠢᠭᠦᠨ᠎ᠤ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠪᠦᠲᠦᠭᠡᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠶ᠋ᠢᠭᠡᠮ᠎ᠤᠨ ᠪᠦᠲᠦᠭᠡᠯᠴᠢ ᠬᠦᠴᠦᠨ᠎ᠢ ᠦᠷᠭᠦᠯᠵᠢᠯᠡᠨ ᠬᠥᠭᠵᠢᠭᠡᠶ᠎ᠡ》 ᠭᠡᠰᠡᠨ ᠰᠡᠳᠦᠪ ᠵᠶ᠋ᠠᠷ ᠲᠠᠪᠤᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠢ ᠰᠠᠶ᠋ᠢᠳ ᠯᠢ ᠴᠢᠶᠠᠩ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ᠃ ᠰᠢᠨᠬᠤᠸᠠ ᠬᠤᠷᠢᠶᠠᠨ᠎ᠤ ᠰᠤᠷᠪᠤᠯᠵᠢᠯᠠᠭᠴᠢ ᠫᠠᠩ ᠰᠢᠩ ᠯᠧᠢ ᠰᠡᠭᠦᠳᠡᠷᠯᠡᠪᠡ᠃
ᠯᠢ ᠴᠢᠶᠠᠩ ᠵᠢᠭ᠋ᠠᠵᠤ ᠭᠠᠷᠭ᠋ᠠᠭᠰᠠᠨ᠎ᠨᠢ᠂ ᠣᠷᠳᠣ ᠬᠤᠭᠤᠴᠠᠭ᠋ᠠᠨ᠎ᠤ ᠴᠥᠬᠦᠷᠡᠰᠢ ᠦᠭᠡᠢ ᠴᠢᠷᠮᠠᠶ᠋ᠢᠯᠭ᠎ᠠ᠎ᠪᠠᠷ ᠳᠡᠮᠵᠢᠨ᠂ ᠮᠠᠨ᠎ᠤ ᠤᠯᠤᠰ᠎ᠤᠨ ᠬᠤᠳᠠᠯᠳᠤᠭ᠋ᠠᠨ᠎ᠤ ᠣᠷᠴᠢᠨ ᠨᠥᠬᠦᠴᠡᠯ ᠦᠷᠭᠦᠯᠵᠢᠯᠡᠨ ᠰᠠᠶ᠋ᠢᠵᠢᠷᠠᠵᠤ᠂ ᠣᠯᠠᠨ ᠲᠦᠮᠡᠨ ᠪᠠ ᠠᠵᠤ ᠠᠬᠤᠶ᠋ᠢᠯᠠᠯ᠎ᠤᠨ ᠬᠦᠷᠲᠡᠮᠵᠢ ᠵᠢᠨ ᠲᠥᠷᠥᠭᠳᠡᠯ ᠲᠠᠰᠤᠷᠠᠯᠲᠠ ᠦᠭᠡᠢ ᠨᠡᠮᠡᠭᠳᠡᠪᠡ᠃ ᠡᠭᠦᠨ᠎ᠤ ᠵᠡᠷᠭᠡ᠎ᠪᠠᠷ᠂ ᠬᠤᠳᠠᠯᠳᠤᠭ᠋ᠠᠨ᠎ᠤ ᠣᠷᠴᠢᠨ ᠨᠥᠬᠦᠴᠡᠯ᠎ᠳᠤ ᠬᠠᠮᠤᠭ᠎ᠤᠨ ᠰᠠᠶ᠋ᠢᠨ ᠭᠡᠵᠦ ᠪᠠᠶ᠋ᠢᠬᠤ ᠦᠭᠡᠢ᠂ ᠬᠠᠷᠢᠨ ᠨᠠᠩ ᠰᠠᠶ᠋ᠢᠨ ᠪᠠᠶ᠋ᠢᠨ᠎ᠠ ᠭᠡᠳᠡᠭ᠎ᠢ ᠣᠯᠵᠤ ᠬᠠᠷᠠᠬᠤ ᠬᠡᠷᠡᠭᠲᠡᠢ᠃ ᠳᠠᠷᠠᠭ᠎ᠠ᠎ᠪᠠᠷ᠂ ᠡᠷᠬᠡ ᠲᠡᠭᠰᠢ ᠥᠷᠢᠰᠦᠯᠳᠦᠭᠡᠨ᠎ᠢ ᠨᠡᠩ ᠰᠠᠶ᠋ᠢᠲᠤᠷ ᠬᠠᠮᠠᠭ᠋ᠠᠯᠠᠬᠤ ᠵᠢᠨ ᠲᠣᠭᠤᠷᠢᠨ᠎ᠳᠤ ᠵᠠᠬ᠎ᠠ ᠳᠡᠯᠭᠡᠭᠦᠷᠴᠢᠯᠡᠬᠦ ᠲᠦᠪᠰᠢᠨ᠎ᠢ ᠤᠯᠠᠮ ᠳᠡᠭᠡᠭᠰᠢᠯᠡᠭᠦᠯᠵᠦ᠂ ᠡᠯ᠎ᠡ ᠲᠦᠷᠦᠯ᠎ᠤᠨ ᠥᠮᠴᠢᠯᠡᠯᠲᠦ ᠠᠵᠤ ᠠᠬᠤᠶ᠋ᠢᠯᠠᠯ᠎ᠤᠳ᠎ᠤᠨ ᠬᠥᠭᠵᠢᠨ ᠪᠤᠵᠠᠭ᠋ᠠᠶ᠋ᠢᠷᠠᠬᠤ ᠵᠢ ᠨᠢᠭᠡ ᠯᠡ ᠠᠳᠠᠯᠢ᠎ᠪᠠᠷ ᠳᠡᠮᠵᠢᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠲᠦᠷᠭᠡᠳᠬᠡᠵᠦ᠂ ᠨᠢᠭᠡᠳᠦᠯᠲᠡᠢ ᠵᠠᠬ᠎ᠠ ᠳᠡᠯᠭᠡᠭᠦᠷ ᠪᠣᠯᠣᠨ ᠡᠷᠬᠡ ᠲᠡᠭᠰᠢ ᠥᠷᠢᠰᠦᠯᠳᠦᠭᠡᠨ᠎ᠢ ᠬᠠᠷᠰᠢᠯᠠᠵᠤ ᠪᠠᠶ᠋ᠢᠭ᠎ᠠ ᠲᠣᠭᠲᠠᠭ᠋ᠠᠯ ᠬᠢᠳᠡᠯ᠎ᠢ ᠴᠡᠪᠡᠷᠯᠡᠨ ᠴᠤᠴᠠᠯᠬᠤ᠎ᠪᠠᠨ ᠡᠷᠴᠢᠮᠵᠢᠭᠦᠯᠵᠦ᠂ ᠡᠯ᠎ᠡ ᠲᠦᠷᠦᠯ᠎ᠤᠨ ᠥᠮᠴᠢᠯᠡᠯᠲᠦ ᠠᠵᠤ ᠠᠬᠤᠶ᠋ᠢᠯᠠᠯ᠎ᠤᠳ᠎ᠤᠨ ᠡᠷᠬᠡ ᠲᠡᠭᠰᠢ᠎ᠪᠠᠷ ᠥᠷᠢᠰᠦᠯᠳᠦᠭᠡᠨ᠎ᠳᠤ ᠣᠷᠣᠯᠴᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠶ᠋ᠢᠲᠤᠷ ᠬᠠᠮᠠᠭ᠋ᠠᠯᠠᠬᠤ ᠵᠢᠨ ᠲᠣᠭᠤᠷᠢᠨ᠎ᠳᠤ ᠬᠠᠤᠯᠢ᠎ᠪᠠᠷ ᠵᠠᠰᠠᠬᠤ ᠲᠦᠪᠰᠢᠨ᠎ᠢ ᠤᠯᠠᠮ ᠳᠡᠭᠡᠭᠰᠢᠯᠡᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠦᠷᠭᠦᠯᠵᠢᠯᠡᠨ ᠪᠦᠷᠢᠨᠰᠢᠭᠦᠯᠵᠦ᠂ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠳᠠᠯᠠᠨ ᠵᠢᠷᠤᠮᠵᠢᠭᠤᠯᠵᠤ᠂ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠴᠢᠯᠦᠭᠡᠲᠦ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠵᠤ᠂ ᠬᠢᠨᠠᠨ ᠬᠠᠮᠢᠶᠠᠷᠬᠤ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂ ᠲᠣᠭᠲᠠᠭᠤᠨ᠂ ᠢᠯᠡ᠂ ᠵᠢᠷᠤᠮᠵᠢᠭᠤᠨ᠂ ᠵᠢᠱ᠌ᠢᠬᠦᠶ᠋ᠢᠴᠡ ᠬᠠᠤᠯᠢᠵᠢᠭᠰᠠᠨ ᠣᠷᠴᠢᠨ ᠨᠥᠬᠦᠴᠡᠯ᠎ᠢ ᠪᠤᠢ ᠪᠣᠯᠭ᠋ᠠᠬᠤ ᠬᠡᠷᠡᠭᠲᠡᠢ᠃ ᠠᠷᠠᠯᠵᠢᠶ᠎ᠠ ᠪᠡᠯᠡ ᠣᠷᠣᠭᠤᠯᠤᠯᠲᠠ ᠵᠢᠨ ᠴᠢᠯᠦᠭᠡᠯᠡᠯᠲᠡ ᠳᠥᠭᠦᠮᠴᠢᠯᠡᠯᠲᠡ ᠵᠢ ᠨᠡᠩ ᠰᠠᠶ᠋ᠢᠲᠤᠷ ᠠᠬᠢᠭᠤᠯᠬᠤ ᠵᠢᠨ ᠲᠣᠭᠤᠷᠢᠨ᠎ᠳᠤ ᠳᠡᠯᠡᠬᠡᠶ᠋ᠢᠴᠢᠯᠡᠬᠦ ᠲᠦᠪᠰᠢᠨ᠎ᠢ ᠤᠯᠠᠮ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ ᠵᠡᠷᠭᠡ ᠲᠠᠪᠴᠠᠩ᠎ᠤᠨ ᠳᠠᠷᠤᠯᠲᠠ ᠵᠢ ᠰᠢᠯᠭ᠋ᠠᠬᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠨᠡᠩ ᠤᠯᠠᠨ ᠬᠥᠲᠥᠯᠥᠨ ᠳᠠᠭ᠋ᠠᠭᠤᠯᠬᠤ ᠴᠢᠨᠠᠷᠲᠠᠢ᠂ ᠪᠡᠯᠭᠡ ᠲᠡᠮᠳᠡᠭ᠎ᠤᠨ ᠴᠢᠨᠠᠷᠲᠠᠢ ᠳᠦᠷᠢᠮ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠤᠢ ᠪᠣᠯᠭ᠋ᠠᠬᠤ ᠬᠡᠷᠡᠭᠲᠡᠢ ᠭᠡᠵᠡᠢ᠃
ᠯᠢ ᠴᠢᠶᠠᠩ ᠵᠢᠭ᠋ᠠᠵᠤ ᠭᠠᠷᠭ᠋ᠠᠭᠰᠠᠨ᠎ᠨᠢ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ ᠪᠣᠯ ᠬᠤᠳᠠᠯᠳᠤᠭ᠋ᠠᠨ᠎ᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢᠨ ᠴᠢᠬᠤᠯᠠ ᠠᠭᠤᠯᠭ᠎ᠠ ᠮᠥᠨ ᠪᠥᠭᠡᠳ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠭᠦᠷᠭᠡ ᠴᠢᠳᠠᠪᠬᠢ᠎ᠪᠠᠨ ᠦᠨᠡᠨ ᠬᠦ᠌ ᠬᠤᠪᠢᠷᠠᠭᠤᠯᠵᠤ ᠦᠢ᠍ᠯᠡᠳᠦᠯ ᠵᠶ᠋ᠠᠨ ᠳᠡᠭᠡᠭᠰᠢᠯᠡᠭᠦᠯᠬᠦ ᠵᠢᠨ ᠪᠠᠶ᠋ᠢᠪᠠᠰᠤ ᠵᠣᠬᠢᠬᠤ ᠠᠭᠤᠯᠭ᠎ᠠ ᠮᠥᠨ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠳᠠᠬᠢ ᠤᠯᠠᠨ ᠲᠦᠮᠡᠨ ᠪᠠ ᠠᠵᠤ ᠠᠬᠤᠶ᠋ᠢᠯᠠᠯ᠎ᠤᠳ᠎ᠤᠨ ᠲᠠᠰᠤᠷᠠᠯᠲᠠ ᠦᠭᠡᠢ ᠥᠨᠳᠥᠷᠵᠢᠭᠰᠡᠨ ᠱᠠᠭ᠋ᠠᠷᠳᠠᠯᠭ᠎ᠠ᠎ᠳᠤ ᠵᠣᠬᠢᠴᠠᠭᠤᠯᠤᠨ᠂ 《ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠪᠦᠲᠦᠭᠡᠬᠦ》 ᠰᠠᠶ᠋ᠢᠨ ᠠᠷᠭ᠎ᠠ ᠵᠢ ᠨᠡᠩ ᠣᠯᠠᠨ ᠭᠠᠷᠭ᠋ᠠᠵᠤ᠂ ᠤᠯᠠᠨ ᠲᠦᠮᠡᠨ ᠪᠠ ᠠᠵᠤ ᠠᠬᠤᠶ᠋ᠢᠯᠠᠯ᠎ᠳᠤ ᠵᠢᠯ ᠪᠣᠯᠭ᠋ᠠᠨ ᠦᠨᠡᠨ ᠪᠣᠳᠠᠲᠠᠢ ᠬᠤᠪᠢᠷᠠᠯᠲᠠ ᠵᠢ ᠮᠡᠳᠡᠷᠡᠭᠦᠯᠬᠦ ᠬᠡᠷᠡᠭᠲᠡᠢ᠃ ᠪᠥᠬᠦ ᠤᠯᠤᠰ᠎ᠤᠨ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠵᠶ᠋ᠠᠨ ᠪᠠᠶ᠋ᠢᠩᠭᠤ ᠳᠡᠭᠡᠭᠰᠢᠯᠡᠭᠦᠯᠬᠦ ᠵᠢ ᠠᠬᠢᠭᠤᠯᠵᠤ᠂ ᠲᠣᠭᠲᠠᠴᠠ ᠵᠢ ᠤᠯᠠᠮ ᠲᠡᠭᠦᠯᠳᠡᠷᠵᠢᠭᠦᠯᠦᠨ᠂ ᠶᠠᠪᠤᠴᠠ ᠵᠢ ᠤᠯᠠᠮ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠦᠢ᠍ᠯᠡᠴᠢᠯᠡᠭᠡᠨ᠎ᠤ ᠠᠷᠭ᠎ᠠ ᠵᠢ ᠪᠦᠷᠢᠨᠰᠢᠭᠦᠯᠵᠦ᠂ ᠲᠣᠮᠣ ᠳ᠋ᠠᠶ᠋ᠢᠲ᠋ᠠ᠂ ᠬᠢᠮᠡᠯ ᠣᠶᠣᠨ ᠵᠡᠷᠭᠡ ᠰᠢᠨ᠎ᠡ ᠮᠡᠷᠭᠡᠵᠢᠯ᠎ᠢ ᠭᠦᠢ᠍ᠴᠡᠳ ᠬᠡᠷᠡᠭᠯᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃