ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 26᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ 26᠎ᠤ ᠦᠳᠡ ᠵᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠣᠶ ᠵᠢ ᠳᠤᠷᠠᠰᠬᠠᠪᠠ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃

12 ᠰᠠᠷ᠎ᠠ ᠵᠢᠨ 26᠎ᠤ ᠡᠳᠦᠷ᠂ ᠨᠠᠮ᠎ᠤᠨ ᠲᠥᠪ ᠬᠣᠷᠢᠶ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠣᠶ ᠵᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢ ᠵᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠶᠠᠷᠢᠯᠴᠠᠬᠤ ᠬᠤᠷᠠᠯ᠎ᠳᠤ ᠣᠷᠣᠯᠴᠠᠪᠠ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ
ᠲᠡᠷᠡ᠂ ᠮᠠᠤ ᠽᠧ ᠳ᠋ᠦᠩ ᠨᠥᠬᠥᠷ ᠪᠣᠯ ᠠᠭᠤᠤ ᠶᠡᠬᠡ ᠮᠠᠷᠺᠰ᠎ᠤᠨ ᠦᠵᠡᠯᠲᠡᠨ᠂ ᠦᠭᠡᠢ᠌ᠭᠦᠦ ᠠᠩᠭᠢ ᠵᠢᠨ ᠠᠭᠤᠤ ᠶᠡᠬᠡ ᠬᠤᠪᠢᠰᠬᠠᠯᠴᠢ᠂ ᠪᠠᠢ᠌ᠯᠳᠤᠬᠤ ᠪᠣᠳᠣᠯᠭ᠋ᠠᠲᠠᠨ᠂ ᠣᠨᠣᠯᠴᠢ ᠮᠥᠨ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠠᠭᠤᠤ ᠶᠡᠬᠡ ᠡᠭᠦᠳᠦᠨ ᠨᠡᠭᠡᠭᠡᠭᠴᠢ᠂ ᠳᠤᠮᠳᠠᠳᠤ ᠤᠯᠤᠰ᠎ᠤᠨ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠠᠭᠤᠤ ᠶᠡᠬᠡ ᠰᠠᠭᠤᠷᠢᠯᠠᠭᠴᠢ ᠮᠥᠨ᠂ ᠣᠷᠴᠢᠨ ᠦᠶ᠎ᠡ᠎ᠠᠴᠠ ᠨᠠᠭ᠋ᠠᠰᠢᠬᠢ ᠳᠤᠮᠳᠠᠳᠤ ᠤᠯᠤᠰ᠎ᠤᠨ ᠠᠭᠤᠤ ᠶᠡᠬᠡ ᠤᠯᠤᠰ ᠵᠶ᠋ᠡᠨ ᠬᠠᠢ᠌ᠷᠠᠯᠠᠭᠴᠢ ᠪᠠ ᠦᠨᠳᠦᠰᠦᠲᠡᠨ᠎ᠤ ᠪᠠᠭ᠋ᠠᠲᠤᠷ ᠮᠥᠨ᠂ ᠨᠠᠮ᠎ᠤᠨ ᠨᠢᠭᠡᠳᠦᠭᠡᠷ ᠦᠶ᠎ᠡ ᠵᠢᠨ ᠲᠥᠪ ᠬᠣᠷᠢᠶ᠎ᠠ ᠵᠢᠨ ᠤᠳᠤᠷᠢᠳᠬᠤ ᠬᠠᠮᠲᠤ ᠵᠢᠨ ᠭᠣᠣᠯᠯᠠᠭᠴᠢ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠥᠪᠡᠷ᠎ᠤᠨ ᠬᠤᠪᠢ ᠵᠠᠶᠠᠭ᠎ᠠ ᠪᠠ ᠤᠯᠤᠰ ᠣᠷᠣᠨ᠎ᠤ ᠳᠦᠷᠰᠦ ᠪᠠᠢ᠌ᠳᠠᠯ ᠵᠶ᠋ᠠᠨ ᠲᠤᠢ᠌ᠯᠪᠤᠷᠢᠲᠠᠢ ᠬᠤᠪᠢᠷᠠᠭᠤᠯᠤᠭᠰᠠᠨ ᠨᠢᠭᠡᠨ ᠦᠶ᠎ᠡ ᠵᠢᠨ ᠠᠭᠤᠤ ᠶᠡᠬᠡ ᠬᠥᠮᠥᠨ ᠮᠥᠨ᠂ ᠳᠡᠯᠡᠬᠡᠢ ᠵᠢᠨ ᠳᠠᠷᠤᠯᠠᠭᠳᠠᠵᠤ ᠪᠠᠢ᠌ᠭᠰᠠᠨ ᠦᠨᠳᠦᠰᠦᠲᠡᠨ᠎ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ᠎ᠤ ᠲᠠᠪᠰᠢᠯᠳᠠ ᠵᠢᠨ ᠦᠢ᠍ᠯᠡᠰ᠎ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠭᠤᠤ ᠶᠡᠬᠡ ᠢᠨᠲ᠋ᠧᠷᠨᠠᠼᠢᠣᠨᠠᠯ᠎ᠤᠨ ᠦᠵᠡᠯᠲᠡᠨ ᠮᠥᠨ᠃ ᠮᠠᠤ ᠽᠧ ᠳ᠋ᠦᠩ᠎ᠤᠨ ᠦᠵᠡᠯ ᠰᠠᠨᠠᠭ᠎ᠠ ᠪᠣᠯ ᠮᠠᠨ᠎ᠤ ᠨᠠᠮ᠎ᠤᠨ ᠡᠷᠬᠢᠮ ᠨᠠᠨᠳᠢᠨ ᠤᠶᠦᠠ ᠰᠠᠨᠠᠭ᠋ᠠᠨ᠎ᠤ ᠡᠳ᠋ ᠪᠠᠶᠠᠯᠢᠭ ᠮᠥᠨ ᠪᠣᠯᠬᠣᠷ ᠪᠢᠳᠡᠨ᠎ᠤ ᠤᠢ᠍ᠢ᠍ᠯᠠ ᠠᠵᠢᠯᠯᠠᠭ᠎ᠠ ᠵᠢ ᠤᠷᠳᠦ ᠬᠤᠭᠤᠴᠠᠭ᠎ᠠ᠎ᠪᠠᠷ ᠵᠢᠯᠤᠭᠣᠳᠬᠤ ᠪᠣᠯᠣᠨ᠎ᠠ᠃ ᠮᠠᠤ ᠽᠧ ᠳ᠋ᠦᠩ ᠨᠥᠬᠥᠷ᠎ᠢ ᠳᠤᠷᠠᠰᠬᠠᠬᠤ ᠬᠠᠮᠤᠭ᠎ᠤᠨ ᠰᠠᠢ᠌ᠨ ᠠᠷᠭ᠎ᠠ ᠪᠣᠯ ᠳᠠᠷᠤᠢ ᠲᠡᠭᠦᠨ᠎ᠤ ᠡᠭᠦᠳᠦᠨ ᠪᠦᠲᠦᠭᠡᠭᠰᠡᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ᠎ᠳᠤ ᠣᠷᠣᠯᠴᠠᠵᠤ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠼᠠᠢ ᠴᠢ ᠶᠠᠷᠢᠯᠴᠠᠬᠤ ᠬᠤᠷᠠᠯ᠎ᠢ ᠡᠷᠭᠢᠯᠡᠪᠡ᠃
ᠰᠢ ᠵᠢᠨ ᠫᠢᠩ ᠶᠠᠷᠢᠶᠠᠨ᠎ᠳᠠᠭᠠᠨ᠂ ᠮᠠᠤ ᠽᠧ ᠳ᠋ᠦᠩ ᠨᠥᠬᠥᠷ᠎ᠤᠨ ᠨᠢᠭᠡ ᠨᠠᠰᠤ ᠪᠣᠯ ᠤᠯᠤᠰ᠎ᠤᠨ ᠪᠠᠶᠠᠵᠢᠯ ᠬᠦᠴᠦᠷᠬᠡᠭᠵᠢᠯ᠂ ᠦᠨᠳᠦᠰᠦᠲᠡᠨ᠎ᠤ ᠬᠥᠭᠵᠢᠯ ᠮᠠᠨᠳᠤᠯ᠂ ᠠᠷᠠᠳ ᠲᠦᠮᠡᠨ᠎ᠤ ᠵᠣᠯ ᠵᠢᠷᠭ᠋ᠠᠯ᠎ᠤᠨ ᠲᠥᠯᠥᠭᠡ ᠴᠥᠬᠥᠷᠡᠰᠢ ᠦᠭᠡᠢ ᠲᠡᠮᠡᠴᠡᠭᠰᠡᠨ ᠨᠢᠭᠡ ᠨᠠᠰᠤ ᠮᠥᠨ᠃ ᠲᠡᠷᠡ ᠠᠷᠠᠳ ᠲᠦᠮᠡᠨ᠎ᠢ ᠳᠠᠭ᠋ᠠᠭᠤᠯᠤᠨ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠲᠡᠦᠬᠡᠨ ᠠᠬᠢᠴᠠ ᠵᠢ ᠨᠡᠭᠡᠭᠡᠵᠦ᠂ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠠᠪᠲᠠᠨ ᠪᠤᠯᠪᠠᠰᠤᠷᠠᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ᠎ᠢ ᠪᠠᠢ᠌ᠭᠤᠯᠵᠤ᠂ ᠲᠡᠷᠢᠭᠦᠨ᠎ᠤ ᠨᠡᠢ᠌ᠭᠡᠮ ᠵᠢᠷᠤᠮᠲᠤ ᠪᠠᠢ᠌ᠭᠤᠯᠤᠯ᠎ᠢ ᠡᠭᠦᠳᠦᠨ ᠪᠠᠢ᠌ᠭᠤᠯᠵᠤ᠂ ᠬᠠᠨᠳᠤᠭᠰᠠᠨ ᠵᠦᠭ ᠳᠠᠢ᠌ᠰᠤᠨ ᠦᠭᠡᠢ ᠰᠢᠨ᠎ᠡ ᠮᠠᠶᠢᠭ᠎ᠤᠨ ᠠᠷᠠᠳ᠎ᠤᠨ ᠴᠡᠷᠢᠭ ᠠᠩᠭᠢ ᠵᠢ ᠴᠣᠭᠴᠠᠯᠠᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠢ᠌ᠭᠤᠯᠵᠤ᠂ ᠭᠡᠷᠡᠯ ᠰᠠᠴᠤᠷᠠᠩᠭᠤᠢ ᠥᠨᠢ ᠤᠳᠠᠭ᠋ᠠᠨ ᠲᠡᠦᠬᠡᠨ ᠬᠤᠪᠢ ᠨᠡᠮᠡᠷᠢ ᠦᠵᠡᠭᠦᠯᠪᠡ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠮᠠᠤ ᠽᠧ ᠳ᠋ᠦᠩ ᠨᠥᠬᠥᠷ ᠥᠪᠡᠷ᠎ᠤᠨ ᠨᠢᠭᠡ ᠨᠠᠰᠤ᠎ᠪᠠᠨ ᠨᠠᠮ ᠪᠣᠯᠣᠨ ᠠᠷᠠᠳ ᠲᠦᠮᠡᠨ᠎ᠳᠡᠭᠡᠨ ᠵᠣᠷᠢᠭᠤᠯᠵᠤ᠂ ᠬᠣᠵᠢᠮ᠎ᠤᠨ ᠬᠥᠮᠥᠰ᠎ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭ᠋ᠠᠨ᠎ᠤ ᠬᠡᠪ ᠨᠠᠮᠪᠠ ᠵᠢ ᠦᠯᠡᠳᠡᠭᠡᠭᠰᠡᠨ ᠶᠤᠮ᠃ ᠮᠠᠤ ᠽᠧ ᠳ᠋ᠦᠩ ᠨᠥᠬᠥᠷ ᠨᠢᠭᠡᠨ ᠠᠭᠤᠤ ᠶᠡᠬᠡ ᠬᠤᠪᠢᠰᠬᠠᠯ᠎ᠤᠨ ᠤᠳᠤᠷᠢᠳᠤᠭᠴᠢ ᠵᠢᠨ ᠥᠨᠳᠥᠷ᠎ᠲᠤ ᠵᠣᠭᠰᠣᠨ ᠠᠯᠤᠰ᠎ᠢ ᠪᠠᠷᠠᠯᠠᠬᠤ ᠤᠯᠤᠰ ᠲᠦᠷᠦ ᠵᠢᠨ ᠠᠯᠤᠰ᠎ᠤᠨ ᠬᠠᠷᠠᠴᠠ᠂ ᠡᠷᠡᠰ ᠭᠤᠢ᠌ᠪᠢᠰᠢ ᠦᠭᠡᠢ ᠬᠤᠪᠢᠰᠬᠠᠯᠲᠤ ᠢᠲᠡᠭᠡᠯ ᠪᠢᠰᠢᠷᠡᠯ᠂ ᠵᠣᠷᠢᠭᠲᠠᠢ᠎ᠪᠠᠷ ᠵᠠᠮ ᠨᠡᠭᠡᠭᠡᠬᠦ ᠶᠡᠷᠦ ᠪᠤᠰᠤ ᠵᠢᠨ ᠰᠥᠰᠥ ᠵᠣᠷᠢᠭ᠂ ᠮᠠᠰᠢ ᠪᠣᠯᠪᠠᠰᠤᠷᠠᠩᠭᠤᠢ ᠲᠡᠮᠡᠴᠡᠯ᠎ᠤᠨ ᠤᠷᠠᠯᠢᠭ᠂ ᠰᠢᠯᠭ᠋ᠠᠷᠠᠭᠰᠠᠨ ᠬᠡᠲᠦᠢ᠌ᠳᠦᠭᠰᠡᠨ ᠤᠳᠤᠷᠢᠳᠬᠤ ᠠᠪᠢᠶᠠᠰ ᠴᠢᠳᠠᠪᠤᠷᠢ᠂ ᠠᠷᠠᠳ ᠲᠦᠮᠡᠨ᠎ᠲᠠᠢ ᠰᠡᠳᠬᠢᠯ ᠵᠢᠷᠦᠬᠡ᠎ᠪᠠᠨ ᠬᠣᠯᠪᠣᠭᠰᠠᠨ ᠴᠢᠩ ᠦᠨᠡᠨᠴᠢ ᠰᠡᠳᠬᠢᠯᠭᠡ᠂ ᠬᠠᠨᠠᠭ᠋ᠠᠷ ᠠᠭᠤᠳᠠᠮ ᠬᠡᠬᠦᠳᠡᠭ ᠴᠡᠭᠡᠵᠢ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ ᠰᠢᠯᠢᠳᠡᠭ ᠰᠤᠷᠲᠠᠯ᠎ᠢ ᠢᠯᠡᠷᠡᠭᠦᠯᠵᠦ᠂ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠢ᠌ᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ᠎ᠢ ᠣᠯᠣᠭᠰᠠᠨ ᠪᠠᠢ᠌ᠨ᠎ᠠ᠂ ᠮᠠᠤ ᠽᠧ ᠳ᠋ᠦᠩ ᠨᠥᠬᠥᠷ᠎ᠤᠨ ᠡᠷᠬᠢᠮ ᠳᠡᠭᠡᠳᠦ ᠤᠶᠤᠨ ᠰᠠᠨᠠᠭ᠋ᠠᠨ᠎ᠤ ᠬᠡᠪ ᠨᠠᠮᠪᠠ ᠪᠣᠯ ᠪᠢᠳᠡᠨ᠎ᠤ ᠦᠷᠭᠦᠯᠵᠢᠯᠡᠨ ᠤᠷᠤᠭᠰᠢᠯᠠᠬᠤ ᠵᠢ ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠵᠢᠨ ᠬᠦᠴᠦᠷᠬᠡᠭ ᠶᠡᠬᠡ ᠬᠥᠳᠡᠯᠭᠡᠭᠴᠢ ᠬᠦᠴᠦᠨ ᠮᠥᠨ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠭᠣᠣᠯ ᠡᠭᠦᠷᠭᠡ ᠪᠣᠯᠣᠨ᠎ᠠ᠃ ᠡᠨᠡ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠪᠡᠶᠡᠯᠡᠭᠦᠯᠦᠭᠡ ᠦᠭᠡᠢ ᠦᠢ᠍ᠯᠡᠰ ᠮᠥᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠰᠢᠨ᠎ᠡ ᠠᠶᠠᠨ᠎ᠳᠠᠭᠠᠨ ᠪᠢᠳᠡ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠲᠡᠦᠬᠡ ᠵᠢᠨ ᠢᠲᠡᠭᠡᠯ ᠵᠶ᠋ᠡᠨ ᠪᠠᠲᠤᠳᠬᠠᠵᠤ᠂ ᠲᠡᠦᠬᠡ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠦᠢ᠍ᠯᠡᠰ᠎ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ᠎ᠤᠨ ᠠᠷᠠᠳ ᠲᠦᠮᠡᠨ᠎ᠤ ᠦᠢ᠍ᠯᠡᠰ ᠮᠥᠨ᠂ ᠡᠷᠬᠡᠪᠰᠢ ᠠᠷᠠᠳ ᠲᠦᠮᠡᠨ᠎ᠳᠤ ᠨᠢᠭᠲᠠ ᠲᠦᠰᠢᠭᠯᠡᠵᠦ᠂ ᠠᠷᠠᠳ ᠲᠦᠮᠡᠨ᠎ᠤ ᠳᠤᠮᠳᠠ ᠬᠠᠳᠠᠭ᠋ᠠᠯᠠᠭᠳᠠᠵᠤ ᠪᠠᠢ᠌ᠭ᠎ᠠ ᠬᠢᠵᠠᠭ᠋ᠠᠯᠠᠰᠢ ᠦᠭᠡᠢ ᠤᠶᠤᠨ ᠤᠬᠠᠭ᠋ᠠᠨ ᠪᠣᠯᠣᠨ ᠬᠦᠴᠦᠨ ᠴᠢᠳᠠᠯ᠎ᠢ ᠨᠢᠭᠲᠠᠷᠠᠭᠤᠯᠵᠤ᠂ ᠪᠦᠭᠦ ᠠᠷᠠᠳ ᠲᠦᠮᠡᠨ᠎ᠤ ᠲᠡᠦᠬᠡ ᠵᠢᠨ ᠰᠠᠨᠠᠭ᠋ᠠᠴᠢᠯᠠᠭ᠋ᠠᠲᠤ ᠵᠣᠷᠢᠭ ᠰᠠᠨᠠᠭ᠎ᠠ ᠵᠢ ᠭᠦᠢ᠍ᠴᠡᠳ ᠬᠥᠭᠵᠢᠭᠡᠬᠦ ᠬᠡᠷᠡᠭᠲᠡᠢ᠃ ᠠᠷᠠᠳ ᠲᠦᠮᠡᠨ ᠪᠣᠯ ᠲᠡᠦᠬᠡ ᠵᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠵᠢᠨ ᠪᠣᠳᠠᠰᠴᠢ ᠦᠵᠡᠯ᠎ᠤᠨ ᠦᠨᠳᠦᠰᠦᠨ ᠦᠵᠡᠯᠲᠡ ᠵᠢ ᠪᠠᠷᠢᠮᠲᠠᠯᠠᠵᠤ᠂ ᠠᠷᠠᠳ ᠲᠦᠮᠡᠨ᠎ᠤ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠬᠠᠮᠠᠭ᠋ᠠᠯᠠᠬᠤ᠂ ᠰᠠᠢ᠌ᠲᠤᠷ ᠪᠡᠶᠡᠯᠡᠭᠦᠯᠬᠦ᠂ ᠰᠠᠢ᠌ᠲᠤᠷ ᠬᠥᠭᠵᠢᠭᠦᠯᠬᠦ᠎ᠪᠠᠷ ᠠᠯᠢᠪᠠ ᠠᠵᠢᠯ᠎ᠤᠨ ᠵᠣᠷᠢᠯᠲᠠ ᠪᠠ ᠲᠤᠰᠤᠯᠲᠠ ᠪᠤᠯᠭ᠋ᠠᠵᠤ᠂ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠭᠦ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭᠰᠢ᠎ᠪᠠᠷ ᠬᠦᠷᠲᠡᠭᠡᠬᠦ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ᠎ᠤᠨ ᠰᠢᠰᠲ᠋ᠧᠮ᠎ᠢ ᠪᠦᠷᠢᠨᠰᠢᠭᠦᠯᠵᠦ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢ᠌ᠵᠢᠷᠠᠭᠤᠯᠵᠤ᠂ ᠰᠢᠨ᠎ᠡ ᠴᠠᠭ ᠦᠶ᠎ᠡ ᠵᠢᠨ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠵᠤ᠂ ᠠᠷᠠᠳ ᠤᠯᠠᠨ᠎ᠯᠤᠭ᠎ᠠ ᠵᠢᠨ ᠴᠢᠰᠤ ᠮᠢᠬᠠᠨ᠎ᠤ ᠬᠠᠷᠢᠴᠠᠭ᠎ᠠ ᠵᠢ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ᠎ᠤ ᠰᠢᠭᠦᠮᠵᠢᠯᠡᠯ ᠪᠠ ᠬᠢᠨᠠᠯᠲᠠ ᠵᠢ ᠬᠦᠯᠢᠶᠡᠵᠦ᠂ ᠢᠮᠠᠭᠲᠠ ᠠᠷᠠᠳ ᠲᠦᠮᠡᠨ᠎ᠲᠠᠢ ᠠᠮᠢᠰᠬᠤᠭ᠎ᠠ ᠨᠢᠭᠡᠲᠡᠢ᠂ ᠬᠤᠪᠢ ᠵᠠᠶᠠᠭ᠎ᠠ ᠨᠢᠭᠡᠲᠡᠢ᠂ ᠰᠡᠳᠬᠢᠯ ᠵᠢᠷᠦᠬᠡᠨ᠎ᠤ ᠬᠤᠯᠪᠤᠭ᠎ᠠ᠎ᠲᠠᠢ ᠪᠠᠢ᠌ᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠬᠠᠮᠤᠭ᠎ᠤᠨ ᠨᠠᠢ᠌ᠳᠠᠪᠤᠷᠢᠲᠠᠢ᠂ ᠬᠠᠮᠤᠭ᠎ᠤᠨ ᠭᠦᠨ ᠵᠤᠵᠠᠭ᠋ᠠᠨ᠂ ᠬᠠᠮᠤᠭ᠎ᠤᠨ ᠤᠳᠠᠭ᠋ᠠᠨ ᠳᠠᠭ᠋ᠠᠭ᠋ᠠᠮᠠᠭ᠋ᠠᠢ ᠬᠦᠴᠦᠨ ᠴᠢᠳᠠᠯ᠎ᠤᠨ ᠡᠬᠢ ᠰᠤᠷᠪᠤᠯᠵᠢ᠎ᠲᠠᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠮᠠᠷᠺᠰ᠎ᠤᠨ ᠦᠵᠡᠯ᠎ᠢ ᠡᠷᠡᠰ ᠭᠤᠢ᠌ᠪᠢᠰᠢ ᠦᠭᠡᠢ ᠪᠠᠷᠢᠮᠲᠠᠯᠠᠨ᠂ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠬᠥᠭᠵᠢᠭᠦᠯᠵᠦ᠂ ᠦᠢ᠍ᠯᠡᠳᠦᠯᠭᠡ ᠵᠢᠨ ᠰᠠᠭᠤᠷᠢᠨ ᠳᠡᠭᠡᠷᠡᠬᠢ ᠤᠨᠤᠯ᠎ᠤᠨ ᠰᠢᠨ᠎ᠡ ᠡᠭᠦᠳᠦᠯᠲᠡ ᠵᠢ ᠶᠡᠬᠡ᠎ᠪᠠᠷ ᠠᠬᠢᠭᠤᠯᠵᠤ᠂ ᠤᠬᠠᠮᠰᠠᠷ᠎ᠠᠴᠠ᠎ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ ᠵᠶ᠋ᠡᠷ ᠰᠢᠨ᠎ᠡ ᠦᠢ᠍ᠯᠡᠳᠦᠯᠭᠡ ᠵᠢ ᠵᠢᠯᠣᠭᠣᠳᠤᠭᠤᠯᠬᠤ ᠪᠣᠯ ᠮᠠᠨ᠎ᠤ ᠨᠠᠮ᠎ᠤᠨ ᠲᠡᠦᠬᠡ ᠵᠢᠨ ᠰᠠᠨᠠᠭ᠋ᠠᠴᠢᠯᠠᠭ᠎ᠠ ᠵᠢ ᠡᠵᠡᠮᠳᠡᠵᠦ᠂ ᠴᠠᠭ ᠦᠶ᠎ᠡ ᠵᠢᠨ ᠠᠯᠬᠤᠭ᠎ᠠ ᠵᠢ ᠲᠠᠭ᠋ᠠᠵᠤ᠂ ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠲᠠᠰᠤᠷᠠᠯᠳᠠ ᠦᠭᠡᠢ ᠡᠭᠦᠳᠬᠦ ᠠᠮᠵᠢᠯᠲᠠ᠎ᠲᠠᠢ ᠠᠷᠭ᠎ᠠ ᠵᠠᠮ ᠮᠥᠨ᠃ ᠦᠢ᠍ᠯᠡᠳᠦᠯᠭᠡ ᠬᠡᠵᠢᠶᠡᠳᠡ ᠳᠠᠭᠤᠰᠤᠰᠢ ᠦᠭᠡᠢ᠂ ᠤᠨᠤᠯ᠎ᠤᠨ ᠰᠢᠨ᠎ᠡ ᠡᠭᠦᠳᠦᠯᠲᠡ ᠬᠡᠵᠢᠶᠡᠳᠡ ᠳᠠᠭᠤᠰᠤᠰᠢ ᠦᠭᠡᠢ᠂ ᠦᠨᠡᠨ ᠶᠣᠰᠣ ᠵᠢ ᠲᠠᠨᠢᠬᠤ ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢ᠌ᠳᠠᠯ᠎ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠳᠤ ᠥᠷᠭᠡᠨ ᠠᠭᠤᠳᠠᠮ ᠠᠯᠤᠰ ᠢᠷᠡᠭᠡᠳᠦᠢ ᠵᠢ ᠨᠡᠭᠡᠭᠡᠨ ᠥᠭᠴᠦ᠂ ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ᠃ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠬᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠵᠢᠮ᠎ᠡ ᠶᠣᠰᠣ ᠵᠢ ᠭᠦᠨᠵᠡᠭᠡᠢ ᠬᠠᠢ᠌ᠨ ᠰᠦᠪᠡᠭᠴᠢᠯᠡᠵᠦ᠂ ᠦᠢ᠍ᠯᠡᠳᠦᠯᠭᠡ᠎ᠳᠤ ᠲᠤᠯᠭ᠋ᠠᠷᠠᠭᠰᠠᠨ ᠴᠣ᠋ ᠰᠢᠨ᠎ᠡ ᠰᠡᠳᠦᠪ᠎ᠢ ᠲᠠᠰᠤᠷᠠᠯᠲᠠ ᠦᠭᠡᠢ ᠬᠠᠷᠢᠭᠤᠯᠵᠤ᠂ ᠤᠨᠤᠯ᠎ᠤᠨ ᠰᠢᠨ᠎ᠡ ᠡᠭᠦᠳᠦᠯᠲᠡ᠎ᠪᠠᠷ ᠦᠢ᠍ᠯᠡᠳᠦᠯᠭᠡ ᠵᠢᠨ ᠰᠢᠨ᠎ᠡ ᠡᠭᠦᠳᠦᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠲᠣᠮᠣ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠬᠦ ᠴᠢᠬᠤᠯᠠ ᠡᠷᠳᠡᠨᠢ ᠪᠣᠯᠣᠨ᠎ᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠠᠵᠤ ᠢᠯᠠᠭᠳᠠᠬᠤ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠪᠣᠯᠣᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ᠂ ᠡᠷᠬᠡᠪᠰᠢ ᠥᠭᠡᠷᠡᠴᠢᠯᠡᠯᠲᠡ ᠨᠡᠭᠡᠭᠡᠯᠲᠡ ᠵᠢ ᠴᠢᠨᠠᠭᠰᠢᠳᠠ ᠭᠦᠨᠵᠡᠭᠡᠢ᠌ᠷᠡᠭᠦᠯᠵᠦ᠂ ᠨᠡᠢ᠌ᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠢ᠌ᠭᠡᠮ᠎ᠤᠨ ᠠᠮᠢᠵᠢᠷᠠᠯ᠎ᠤᠨ ᠬᠦᠴᠦᠨ᠎ᠢ ᠴᠢᠯᠦᠭᠡᠯᠡᠨ ᠴᠢᠩᠭ᠋ᠠᠷᠠᠭᠤᠯᠬᠤ ᠬᠡᠷᠡᠭᠲᠡᠢ᠃ ᠴᠠᠭ ᠦᠶ᠎ᠡ ᠵᠢᠨ ᠬᠥᠭᠵᠢᠯᠲᠡ ᠵᠢᠨ ᠰᠢᠨ᠎ᠡ ᠬᠠᠨᠳᠤᠰᠢ᠂ ᠦᠢ᠍ᠯᠡᠳᠦᠯᠭᠡ ᠵᠢᠨ ᠬᠥᠭᠵᠢᠯᠲᠡ ᠵᠢᠨ ᠰᠢᠨ᠎ᠡ ᠱᠠᠭ᠋ᠠᠷᠳᠠᠯᠭ᠎ᠠ᠂ ᠠᠷᠠᠳ ᠤᠯᠠᠨ᠎ᠤ ᠰᠢᠨ᠎ᠡ ᠬᠦᠰᠡᠯ ᠡᠷᠡᠮᠡᠯᠵᠡᠯ᠎ᠳᠤ ᠵᠣᠬᠢᠴᠠᠵᠤ᠂ ᠥᠭᠡᠷᠡᠴᠢᠯᠡᠯᠲᠡ ᠵᠢ ᠡᠴᠦᠰ᠎ᠲᠤᠨᠢ ᠲᠤᠯᠲᠠᠯ᠎ᠠ ᠬᠢᠬᠦ ᠡᠷᠡᠰ ᠵᠣᠷᠢᠭ ᠵᠶ᠋ᠠᠷ᠂ ᠦᠨᠡᠨ ᠬᠦ᠌ ᠬᠢᠵᠦ᠂ ᠬᠠᠲᠠᠭᠤ᠎ᠲᠠᠢ ᠬᠠᠯᠳᠠᠵᠤ᠂ ᠤᠨᠢᠨ ᠳᠡᠭᠡᠷ᠎ᠡ᠎ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠤᠷᠤᠭᠰᠢᠲᠠᠢ ᠠᠭᠢᠬᠤ ᠵᠢ ᠬᠢᠵᠠᠭ᠋ᠠᠷᠯᠠᠵᠤ ᠪᠠᠢ᠌ᠭ᠎ᠠ ᠠᠯᠢᠪᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠡᠷᠡᠰ ᠠᠷᠢᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠰᠢᠨ᠎ᠡ ᠬᠥᠳᠡᠯᠭᠡᠬᠦ ᠬᠦᠴᠦᠨ᠎ᠢ ᠪᠦᠭᠦ ᠲᠠᠯ᠎ᠠ᠎ᠪᠠᠷ ᠲᠠᠰᠤᠷᠠᠯᠳᠠ ᠦᠭᠡᠢ ᠨᠡᠮᠡᠷᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠭᠵᠢᠯᠲᠡ ᠵᠢᠨ ᠣᠷᠣᠨ ᠵᠠᠢ ᠵᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠨᠡᠢ᠌ᠭᠡᠮ ᠵᠢᠷᠤᠮᠲᠤ ᠣᠳᠣᠬᠢᠴᠢᠯᠠᠯᠲᠠ ᠮᠥᠨ᠂ ᠭᠠᠭᠴᠠ ᠬᠦ᠌ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠢ᠌ᠳᠠᠯ ᠵᠶ᠋ᠠᠨ ᠴᠠᠭ ᠢᠮᠠᠭᠲᠠ ᠪᠠᠲᠤᠯᠠᠵᠤ᠂ ᠨᠠᠮ ᠵᠶ᠋ᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠢ᠌ᠭᠤᠯᠪᠠᠯ ᠰᠠᠶᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠳᠠᠪᠠᠯᠭ᠋ᠠᠨ᠎ᠢ ᠰᠥᠷᠦᠨ ᠤᠷᠤᠭᠰᠢᠯᠠᠵᠤ᠂ ᠯᠠᠪᠳᠠᠭᠤᠨ ᠵᠶ᠋ᠠᠷ ᠬᠤᠯᠠ ᠠᠶᠠᠯᠠᠵᠤ ᠴᠢᠳᠠᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ᠎ᠪᠠᠷ ᠨᠠᠮ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠶᠡᠷᠦᠩᠬᠡᠢ᠌ᠯᠡᠨ ᠵᠢᠯᠣᠭᠣᠳᠤᠭᠤᠯᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠨᠠᠮ᠎ᠤᠨ ᠥᠪᠡᠷ᠎ᠢ᠎ᠪᠠᠨ ᠴᠡᠪᠡᠷᠰᠢᠭᠦᠯᠬᠦ᠂ ᠥᠪᠡᠷ᠎ᠢ᠎ᠪᠠᠨ ᠲᠡᠭᠦᠯᠳᠡᠷᠵᠢᠭᠦᠯᠬᠦ᠂ ᠥᠪᠡᠷ᠎ᠢ᠎ᠪᠠᠨ ᠰᠢᠨᠡᠴᠢᠯᠡᠬᠦ᠂ ᠥᠪᠡᠷ᠎ᠢ᠎ᠪᠠᠨ ᠳᠡᠭᠡᠭᠰᠢᠯᠡᠭᠦᠯᠭᠦ ᠵᠢ ᠪᠦᠭᠦ ᠲᠠᠯ᠎ᠠ᠎ᠪᠠᠷ ᠠᠬᠢᠭᠤᠯᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠮᠠᠨ᠎ᠤ ᠨᠠᠮ ᠵᠶ᠋ᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠤᠷᠤᠭᠰᠢᠯᠠᠭᠤᠯᠵᠤ᠂ ᠢᠮᠠᠭᠲᠠ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠲᠠᠢ ᠪᠠᠢ᠌ᠯᠭ᠋ᠠᠵᠤ᠂ ᠮᠠᠨ᠎ᠤ ᠨᠠᠮ᠎ᠢ ᠡᠭᠦᠷᠢᠳᠡ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠢ᠌ᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠪᠦᠭᠦ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠮᠲᠤ᠎ᠪᠠᠷ ᠠᠤᠭ᠎ᠠ ᠦᠢ᠍ᠯᠡᠰ᠎ᠢ ᠪᠦᠲᠦᠭᠡᠬᠦ ᠵᠢ ᠱᠠᠭ᠋ᠠᠷᠳᠠᠨ᠎ᠠ᠃ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ》᠂ 《ᠰᠢᠶᠠᠩᠭ᠋ᠠᠨᠭ᠌ᠴᠤᠳ ᠰᠢᠶᠠᠩᠭ᠋ᠠᠩ ᠵᠢᠡᠨ ᠵᠠᠰᠠᠬᠤ》᠂ 《ᠣᠣᠮᠧᠨᠨᠴᠤᠳ ᠣᠣᠮᠧᠨ ᠵᠢᠡᠨ ᠵᠠᠰᠠᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠪᠦᠭᠦ ᠲᠠᠯ᠎ᠠ᠎ᠪᠠᠷ ᠵᠥᠪ ᠣᠨᠣᠪᠴᠢᠲᠠᠢ᠂ ᠡᠷᠡᠰ ᠭᠤᠢ᠌ᠪᠢᠰᠢ ᠦᠭᠡᠢ ᠲᠤᠭᠤᠰᠢᠯᠠᠭᠤᠯᠵᠤ᠂ ᠬᠠᠤᠯᠢ ᠶᠣᠰᠣᠭ᠋ᠠᠷ ᠰᠢᠶᠠᠩᠭ᠋ᠠᠩ ᠣᠣᠮᠧᠨ᠎ᠢ ᠵᠠᠰᠠᠬᠤ ᠵᠢ ᠪᠠᠷᠢᠮᠲᠠᠯᠠᠵᠤ᠂ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ》 ᠪᠠᠢ᠌ᠭᠤᠯᠤᠯ᠎ᠤᠨ ᠰᠢᠰᠲ᠋ᠧᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠲᠥᠪ᠎ᠤᠨ ᠪᠦᠭᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠵᠢ ᠨᠠᠢ᠌ᠳᠠᠪᠤᠷᠢᠵᠢᠭᠤᠯᠵᠤ᠂ 《ᠤᠯᠤᠰ ᠵᠢᠡᠨ ᠬᠠᠢ᠌ᠷᠠᠯᠠᠬᠤ ᠬᠥᠮᠥᠰ ᠵᠢᠡᠷ ᠰᠢᠶᠠᠩᠭ᠋ᠠᠩ᠎ᠢ ᠵᠠᠰᠠᠭᠤᠯᠬᠤ》᠂ 《ᠤᠯᠤᠰ ᠵᠢᠡᠨ ᠬᠠᠢ᠌ᠷᠠᠯᠠᠬᠤ ᠬᠥᠮᠥᠰ ᠵᠢᠡᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢ᠌ᠳᠠᠪᠤᠷᠢᠵᠢᠭᠤᠯᠵᠤ᠂ ᠲᠥᠪ᠎ᠤᠨ ᠪᠦᠭᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠎ᠤ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠡᠷᠬᠡ ᠵᠢᠨ ᠨᠢᠭᠡᠳᠦᠯ᠎ᠢ ᠪᠠᠲᠤᠯᠠᠬᠤ ᠵᠢ ᠪᠠᠷᠢᠮᠲᠠᠯᠠᠬᠤ ᠬᠡᠷᠡᠭᠲᠡᠢ᠃ ᠰᠢᠶᠠᠩᠭ᠋ᠠᠩ᠂ ᠣᠣᠮᠧᠨ᠎ᠤ ᠠᠵᠤ ᠠᠬᠤᠢ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠡᠮᠵᠢᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠳᠤᠮᠳᠠᠬᠢ ᠭᠦᠨ ᠳᠠᠪᠬᠤᠷᠭ᠎ᠠ ᠵᠢᠨ ᠵᠥᠷᠢᠴᠡᠯ ᠪᠠ ᠠᠰᠠᠭᠤᠳᠠᠯ᠎ᠢ ᠰᠢᠢ᠍ᠳᠪᠦᠷᠢᠯᠡᠵᠦ᠂ ᠤᠯᠤᠰ ᠣᠷᠣᠨ᠎ᠤ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠠᠭᠤᠰᠤᠯᠴᠠᠭᠤᠯᠬᠤ ᠬᠡᠷᠡᠭᠲᠡᠢ᠃ ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠴᠠᠭ᠎ᠤᠨ ᠪᠠᠢ᠌ᠳᠠᠯ᠎ᠤᠨ ᠬᠠᠨᠳᠤᠰᠢ᠂ ᠲᠥᠪ ᠶᠣᠰᠣᠨ᠎ᠤ ᠬᠠᠨᠳᠤᠰᠢ᠂ ᠠᠷᠠᠳ᠎ᠤᠨ ᠰᠡᠳᠬᠢᠯ᠎ᠤᠨ ᠬᠠᠨᠳᠤᠰᠢ ᠮᠥᠨ᠂ ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠢ᠌ᠯᠠᠰᠢ ᠦᠭᠡᠢ ᠨᠢᠭᠡᠳᠬᠦ ᠶᠤᠮ᠃ ᠰᠢᠨ᠎ᠡ ᠴᠠᠭ ᠦᠶ᠎ᠡ ᠵᠢᠨ ᠨᠠᠮ᠎ᠤᠨ ᠲᠠᠢ᠌ᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠵᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠢ᠌ᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ ᠵᠢᠨ ᠲᠠᠨᠢᠯᠲᠠ》 ᠵᠢ ᠪᠠᠷᠢᠮᠲᠠᠯᠠᠨ᠂ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠡᠯ᠎ᠡ ᠬᠦᠷᠢᠶᠡᠨ᠎ᠤ ᠠᠭᠤᠰᠤᠯᠴᠠᠨ ᠬᠥᠭᠵᠢᠬᠦ ᠵᠢ ᠭᠦᠨᠵᠡᠭᠡᠢ᠌ᠷᠡᠭᠦᠯᠵᠦ᠂ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠬᠠᠷᠢᠴᠠᠭ᠎ᠠ ᠵᠢᠨ ᠨᠠᠢ᠌ᠷᠠᠮᠳᠠᠯ ᠵᠶ᠋ᠠᠷ ᠬᠥᠭᠵᠢᠬᠦ ᠵᠢ ᠠᠬᠢᠭᠤᠯᠤᠨ᠂ ᠶᠠᠮᠠᠷᠪᠠ ᠬᠥᠮᠥᠨ᠎ᠤ ᠶᠠᠮᠠᠷᠪᠠ ᠠᠷᠭ᠎ᠠ ᠮᠠᠶᠢᠭ ᠵᠶ᠋ᠠᠷ ᠲᠠᠢ᠌ᠸᠠᠨ᠎ᠢ ᠳᠤᠮᠳᠠᠳᠤ ᠤᠯᠤᠰ᠎ᠠᠴᠠ ᠬᠠᠭ᠋ᠠᠴᠠᠭᠤᠯᠤᠨ ᠰᠠᠯᠭ᠋ᠠᠬᠤ ᠵᠢ ᠡᠷᠡᠰ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠡᠩᠬᠡ ᠲᠠᠢ᠌ᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠬᠦ ᠪᠥᠭᠡᠳ ᠳᠡᠯᠡᠬᠡᠢ ᠵᠢᠨ ᠡᠯ᠎ᠡ ᠤᠯᠤᠰ᠎ᠤᠨ ᠣᠳᠣᠬᠢᠴᠢᠯᠠᠯᠲᠠ ᠵᠢ ᠠᠬᠢᠭᠤᠯᠤᠨ᠎ᠠ᠃ ᠪᠢᠳᠡ ᠡᠷᠡᠰ ᠪᠠᠲᠤ᠎ᠪᠠᠷ ᠲᠡᠦᠬᠡ ᠵᠢᠨ ᠵᠥᠪ ᠲᠠᠯ᠎ᠠ᠎ᠳᠤ ᠵᠣᠭᠰᠣᠵᠤ᠂ ᠬᠥᠮᠥᠨ ᠲᠥᠷᠥᠯᠬᠢᠲᠡᠨ᠎ᠤ ᠪᠣᠯᠪᠠᠰᠤᠨ᠎ᠤ ᠲᠠᠪᠰᠢᠯᠳᠠ ᠵᠢᠨ ᠲᠠᠯ᠎ᠠ᠎ᠳᠤ ᠵᠣᠭᠰᠣᠵᠤ᠂ ᠡᠩᠬᠡ ᠲᠠᠢ᠌ᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠰᠢᠭ ᠭᠦᠷᠳᠡᠭᠦ ᠲᠤᠭ᠎ᠢ ᠥᠨᠳᠥᠷ ᠮᠠᠨᠳᠤᠭᠤᠯᠵᠤ᠂ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠥᠨᠢ ᠤᠳᠠᠭ᠋ᠠᠨ ᠡᠩᠬᠡ ᠲᠠᠢ᠌ᠪᠤᠩ᠂ ᠨᠡᠢ᠌ᠳᠡᠮ᠎ᠳᠡᠭᠡᠨ ᠠᠮᠤᠷ ᠲᠦᠪᠰᠢᠨ᠂ ᠬᠠᠮᠲᠤ᠎ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭ᠋ᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ ᠵᠢ ᠠᠬᠢᠭᠤᠯᠤᠨ᠎ᠠ᠃ ᠪᠢᠳᠡ ᠤᠯᠠᠨ ᠤᠯᠤᠰ᠎ᠤᠨ ᠬᠠᠷᠢᠯᠴᠠᠭ᠋ᠠᠨ᠎ᠤ ᠦᠨᠳᠦᠰᠦᠨ ᠪᠠᠷᠢᠮᠵᠢᠶ᠎ᠠ ᠵᠢ ᠡᠷᠡᠰ ᠬᠠᠮᠠᠭ᠋ᠠᠯᠠᠵᠤ᠂ ᠠᠵᠤ ᠠᠬᠤᠢ ᠵᠢᠨ ᠳᠡᠯᠡᠬᠡᠢ᠌ᠵᠢᠯᠲᠡ ᠵᠢᠨ ᠵᠥᠪ ᠴᠢᠭᠯᠡᠯ᠎ᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠨᠡᠭᠡᠭᠡᠯᠲᠡᠲᠤ ᠪᠠᠢ᠌ᠯᠳᠤᠬᠤ ᠪᠣᠳᠣᠯᠭ᠎ᠠ ᠵᠢ ᠡᠷᠡᠰ ᠬᠡᠷᠡᠭᠵᠢᠭᠦᠯᠵᠦ᠂ ᠪᠦᠭᠦ ᠪᠥᠮᠪᠥᠷᠴᠡᠭ᠎ᠤᠨ ᠵᠠᠰᠠᠯᠲᠠ ᠵᠢᠨ ᠬᠤᠪᠢᠰᠤᠯᠲᠠ ᠵᠢᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠵᠶ᠋ᠡᠷ ᠬᠥᠭᠵᠢᠬᠦ ᠵᠢ ᠠᠬᠢᠭᠤᠯᠤᠨ᠎ᠠ᠃ ᠳᠤᠮᠳᠠᠳᠤ ᠤᠯᠤᠰ᠎ᠤᠨ ᠬᠥᠭᠵᠢᠯᠲᠡ ᠪᠣᠯ ᠳᠡᠯᠡᠬᠡᠢ ᠵᠢᠨ ᠡᠩᠬᠡ ᠲᠠᠢ᠌ᠪᠤᠩ᠎ᠤᠨ ᠬᠦᠴᠦᠨ᠎ᠤ ᠨᠡᠮᠡᠭᠳᠡᠯ ᠮᠥᠨ᠂ ᠬᠥᠭᠵᠢᠭᠡᠳ ᠶᠠᠮᠠᠷ ᠬᠡᠮᠵᠢᠶᠡᠨ᠎ᠳᠤ ᠭᠦᠷᠦᠭᠰᠡᠨ ᠴᠦ᠍ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ᠃
ᠼᠠᠢ ᠴᠢ ᠬᠤᠷᠠᠯ᠎ᠢ ᠡᠷᠭᠢᠯᠡᠭᠦ᠎ᠳᠡᠭᠡᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠮᠠᠤ ᠽᠧ ᠳ᠋ᠦᠩ ᠨᠥᠬᠥᠷ᠎ᠤᠨ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠢ᠌ᠭᠤᠯᠤᠯᠲᠠ ᠵᠢ ᠤᠳᠤᠷᠢᠳᠤᠭᠰᠠᠨ ᠠᠭᠤᠤ ᠶᠡᠬᠡ ᠦᠢ᠍ᠯᠡᠳᠦᠯᠭᠡ ᠵᠢ ᠭᠦᠨᠵᠡᠭᠡᠢ ᠡᠷᠭᠢᠴᠡᠭᠦᠯᠵᠦ᠂ ᠮᠠᠤ ᠽᠧ ᠳ᠋ᠦᠩ ᠨᠥᠬᠥᠷ᠎ᠤᠨ ᠳᠤᠮᠳᠠᠳᠤ ᠵᠢᠨ ᠦᠨᠳᠦᠰᠦᠲᠡᠨ᠂ ᠳᠤᠮᠳᠠᠳᠤ ᠤᠯᠤᠰ᠎ᠤᠨ ᠠᠷᠠᠳ ᠲᠦᠮᠡᠨ᠎ᠳᠤ ᠪᠠᠢ᠌ᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠮᠠᠤ ᠽᠧ ᠳ᠋ᠦᠩ ᠨᠥᠬᠥᠷ᠎ᠤᠨ ᠡᠷᠬᠢᠮ ᠳᠡᠭᠡᠳᠦ ᠤᠶᠤᠨ ᠰᠠᠨᠠᠭ᠋ᠠᠨ᠎ᠤ ᠬᠡᠪ ᠨᠠᠮᠪᠠᠭ᠎ᠠ ᠪᠣᠯ ᠪᠢᠳᠡᠨ᠎ᠤ ᠦᠷᠭᠦᠯᠵᠢᠯᠡᠨ ᠤᠷᠤᠭᠰᠢᠯᠠᠬᠤ ᠵᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠮᠠᠤ ᠽᠧ ᠳ᠋ᠦᠩ ᠨᠥᠬᠥᠷ᠎ᠢ ᠳᠤᠷᠠᠰᠬᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠦᠢ᠍ᠯᠡᠰ᠎ᠢ ᠠᠬᠢᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠣᠳᠣ ᠮᠡᠷᠭᠡᠨ᠂ ᠨᠠᠷᠢᠨ ᠲᠣᠳᠣᠷᠬᠠᠢ ᠭᠦᠨ ᠭᠦᠨᠵᠡᠭᠡᠢ ᠪᠠᠢ᠌ᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭ᠋ᠠᠴᠢ ᠴᠢᠨᠠᠷ᠂ ᠵᠢᠯᠤᠭᠣᠳᠬᠤ ᠴᠢᠨᠠᠷᠲᠠᠢ ᠪᠠᠢ᠌ᠵᠤ᠂ ᠮᠠᠨ᠎ᠤ ᠨᠠᠮ᠎ᠤᠨ ᠮᠠᠤ ᠽᠧ ᠳ᠋ᠦᠩ ᠨᠥᠬᠥᠷ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠡᠭᠦᠳᠦᠨ ᠪᠦᠲᠦᠭᠡᠭᠰᠡᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠵᠢᠨ ᠰᠢᠨ᠎ᠡ ᠪᠠᠢ᠌ᠳᠠᠯ᠎ᠢ ᠪᠤᠶ ᠪᠤᠯᠭ᠋ᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ᠃
ᠶᠠᠷᠢᠯᠴᠠᠬᠤ ᠬᠤᠷᠠᠯ ᠳᠡᠭᠡᠷ᠎ᠡ᠂ ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠴᠢᠦᠢ ᠴᠢᠩ ᠱᠠᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠭᠡᠰᠢᠭᠦᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠤᠯᠤᠰ ᠲᠦᠷᠦ ᠵᠢᠨ ᠠᠵᠢᠯ᠎ᠤᠨ ᠬᠡᠯᠲᠡᠰ᠎ᠤᠨ ᠡᠷᠭᠢᠯᠡᠭᠴᠢ ᠮᠢᠶᠣᠣ ᠬᠤᠸᠠ᠂ ᠬᠤᠨᠠᠨ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠱᠧᠨ ᠰᠢᠶᠣᠣ ᠮᠢᠩ ᠤᠷᠢᠳ ᠬᠣᠵᠢᠳ ᠦᠭᠡ ᠬᠡᠯᠡᠪᠡ᠃
ᠪᠡᠭᠡᠵᠢᠩ᠎ᠳᠤ ᠪᠠᠢ᠌ᠭ᠎ᠠ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃
ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠪᠡᠭᠡᠵᠢᠩ ᠬᠤᠳᠠ᠂ ᠬᠤᠨᠠᠨ ᠮᠤᠵᠢ ᠵᠢᠨ ᠨᠠᠮ᠎ᠤᠨ ᠬᠣᠷᠢᠶ᠎ᠠ ᠵᠢᠨ ᠬᠠᠷᠢᠭᠤᠴᠠᠯᠭ᠋ᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ᠂ ᠮᠠᠤ ᠽᠧ ᠳ᠋ᠦᠩ ᠨᠥᠬᠥᠷ᠎ᠤᠨ ᠲᠦᠷᠦᠯ ᠰᠠᠳᠤᠨ᠂ ᠤᠤᠯ᠎ᠤᠨ ᠳᠡᠷᠭᠡᠳᠡᠬᠢ ᠠᠵᠢᠯᠲᠠᠨ ᠪᠣᠯᠣᠨ ᠨᠤᠲᠤᠭ᠎ᠤᠨ ᠬᠢᠨᠢ ᠲᠥᠯᠥᠭᠡᠯᠡᠭᠴᠢ ᠵᠢᠴᠢ 《ᠪᠦᠭᠦ ᠤᠯᠤᠰ᠎ᠤᠨ ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠤᠢ ᠵᠢ ᠳᠤᠷᠠᠰᠬᠠᠬᠤ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ》᠎ᠳᠤ ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ᠎ᠠᠴᠠ ᠡᠮᠦᠨ᠎ᠡ᠂ ᠰᠢ ᠵᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠤᠳᠤᠷᠢᠳᠬᠤ ᠨᠥᠬᠥᠳ ᠮᠠᠤ ᠲᠡᠷᠢᠭᠦᠯᠡᠭᠴᠢ ᠵᠢᠨ ᠳᠤᠷᠠᠰᠬᠠᠯ᠎ᠤᠨ ᠲᠠᠩᠬᠢᠮ᠎ᠳᠤ ᠬᠦᠷᠴᠦ ᠢᠷᠡᠪᠡ᠃ ᠬᠣᠢ᠌ᠲᠤ ᠶᠡᠬᠡ ᠲᠢᠩᠬᠢᠮ᠎ᠳᠤ᠂ ᠨᠠᠮ᠎ᠤᠨ ᠲᠥᠪ ᠬᠣᠷᠢᠶ᠎ᠠ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠪᠣᠯᠣᠨ ᠨᠠᠮ ᠪᠦᠯᠦᠭ᠎ᠤᠨ ᠪᠤᠰᠤ ᠤᠯᠤᠰ ᠵᠶ᠋ᠡᠨ ᠬᠠᠢ᠌ᠷᠠᠯᠠᠬᠤ ᠬᠥᠮᠥᠰ᠎ᠤᠨ ᠬᠦᠷᠭᠡᠭᠰᠡᠨ ᠰᠠᠬᠰᠤ᠎ᠲᠤ ᠴᠡᠴᠡᠭ᠎ᠢ ᠮᠠᠤ ᠽᠧ ᠳ᠋ᠦᠩ ᠨᠥᠬᠥᠷ᠎ᠤᠨ ᠰᠠᠭᠤᠮᠠᠯ ᠭᠦᠷᠦᠭ᠎ᠤᠨ ᠡᠮᠦᠨ᠎ᠡ ᠲᠠᠯᠪᠢᠪᠠ᠃ ᠰᠢ ᠵᠢᠨ ᠫᠢᠩ ᠨᠠᠷ ᠮᠠᠤ ᠽᠧ ᠳ᠋ᠦᠩ ᠨᠥᠬᠥᠷ᠎ᠤᠨ ᠰᠠᠭᠤᠮᠠᠯ ᠭᠦᠷᠦᠭ᠎ᠲᠤ ᠭᠤᠷᠪᠠᠨᠲᠠ ᠶᠣᠰᠣᠯᠠᠵᠤ᠂ ᠳᠠᠷᠠᠭ᠎ᠠ᠎ᠨᠢ ᠪᠠᠷᠠᠯᠠᠬᠤ ᠲᠢᠩᠬᠢᠮ᠎ᠳᠤ ᠬᠦᠷᠴᠦ᠂ ᠮᠠᠤ ᠽᠧ ᠳ᠋ᠦᠩ ᠨᠥᠬᠥᠷ᠎ᠤᠨ ᠭᠡᠭᠡᠨ ᠳᠦᠷᠢ ᠵᠢ ᠪᠠᠷᠠᠯᠠᠪᠠ᠃