ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠲᠥᠪ᠎ᠤᠨ ᠭᠠᠳᠠᠭ᠋ᠠᠳᠤ ᠶᠠᠪᠤᠳᠠᠯ᠎ᠤᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ
ᠨᠡᠶ᠋ᠢᠲᠡᠯᠡᠭᠰᠡᠨ ᠴᠠᠭ᠄ 2023-12-29

    ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ   ᠯᠢ ᠴᠢᠶᠠᠩ ᠬᠤᠷᠠᠯ᠎ᠢ ᠡᠷᠭᠢᠯᠡᠵᠡᠢ
    ᠵᠤᠤ ᠯᠧ ᠵᠢᠢ   ᠸᠠᠩ ᠬᠤ᠌ ᠨᠢᠩ   ᠼᠠᠢ ᠴᠢ   ᠳ᠋ᠢᠩ ᠰᠢᠤᠸᠠᠢ ᠰᠢᠶᠠᠩ   ᠯᠢ ᠰᠢ   ᠬᠠᠨ ᠵᠧᠩ ᠬᠤᠷᠠᠯ᠎ᠳᠤ ᠣᠷᠣᠯᠴᠠᠪᠠ

    ᠲᠥᠪ᠎ᠤᠨ ᠭᠠᠳᠠᠭ᠋ᠠᠳᠤ ᠶᠠᠪᠤᠳᠠᠯ᠎ᠤᠨ ᠠᠵᠢᠯ᠎ᠤᠨ ᠬᠤᠷᠠᠯ 12 ᠰᠠᠷ᠎ᠠ ᠵᠢᠨ 27᠎ᠠᠴᠠ 28᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ᠎ᠳᠤ ᠣᠷᠣᠯᠴᠠᠵᠠᠢ᠃


    12 ᠰᠠᠷ᠎ᠠ ᠵᠢᠨ 27᠎ᠠᠴᠠ 28᠎ᠤ ᠡᠳᠦᠷ ᠪᠤᠯᠲᠠᠯ᠎ᠠ᠂ ᠲᠥᠪ᠎ᠤᠨ ᠭᠠᠳᠠᠭ᠋ᠠᠳᠤ ᠶᠠᠪᠤᠳᠠᠯ᠎ᠤᠨ ᠠᠵᠢᠯ᠎ᠤᠨ ᠬᠤᠷᠠᠯ   ᠪᠡᠭᠡᠵᠢᠩ᠎ᠳᠤ ᠬᠤᠷᠠᠯᠳᠤᠪᠠ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃
    ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ

    ᠰᠢ ᠵᠢᠨ ᠫᠢᠩ ᠴᠢᠬᠤᠯᠠ ᠶᠠᠷᠢᠶᠠᠨ᠎ᠳᠠᠭᠠᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠡᠷᠬᠢᠮ ᠨᠠᠨᠳᠢᠨ ᠲᠤᠷᠰᠢᠯᠭ᠎ᠠ ᠵᠢ ᠰᠢᠰᠲ᠋ᠧᠮ᠎ᠲᠠᠢ ᠳ᠋ᠦᠩᠨᠡᠵᠦ᠂ ᠰᠢᠨ᠎ᠡ ᠠᠶᠠᠨ᠎ᠳᠠᠬᠢ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠳᠤ ᠲᠤᠯᠭ᠋ᠠᠷᠠᠵᠤ ᠪᠠᠢ᠌ᠭ᠎ᠠ ᠳᠡᠯᠡᠬᠡᠢ ᠵᠢᠨ ᠣᠷᠴᠢᠨ ᠨᠥᠬᠥᠴᠡᠯ ᠪᠣᠯᠣᠨ ᠡᠭᠦᠷᠭᠡᠯᠡᠵᠦ ᠪᠠᠢ᠌ᠭ᠎ᠠ ᠲᠡᠦᠬᠡᠲᠦ ᠡᠭᠦᠷᠭᠡ ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠳᠤ ᠪᠦᠭᠦ ᠲᠠᠯ᠎ᠠ ᠵᠢᠨ ᠪᠠᠢ᠌ᠷᠢᠯᠠᠭᠤᠯᠤᠯᠲᠠ ᠬᠢᠵᠡᠢ᠃ ᠯᠢ ᠴᠢᠶᠠᠩ ᠬᠤᠷᠠᠯ᠎ᠢ ᠡᠷᠭᠢᠯᠡᠭᠦ᠎ᠳᠡᠭᠡᠨ᠂ ᠰᠢ ᠵᠢᠨ ᠫᠢᠩ᠎ᠤᠨ ᠭᠠᠳᠠᠭ᠋ᠠᠳᠤ ᠬᠠᠷᠢᠯᠴᠠᠭ᠋ᠠᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠰᠢᠨ᠎ᠡ ᠠᠶᠠᠨ᠎ᠳᠠᠬᠢ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠥᠭᠡᠳ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠬᠤ ᠪᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠱᠠᠭ᠋ᠠᠷᠳᠠᠯᠭ᠎ᠠ ᠳᠤᠷᠠᠳᠴᠠᠢ᠃
    ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠢ᠍ᠯᠡᠰ᠎ᠢ ᠠᠬᠢᠭᠤᠯᠬᠤ ᠠᠭᠤᠤ ᠶᠡᠬᠡ ᠠᠶᠠᠨ᠎ᠳᠤ ᠭᠠᠳᠠᠭ᠋ᠠᠳᠤ ᠬᠠᠷᠢᠯᠴᠠᠭ᠋ᠠᠨ᠎ᠤ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠨᠢᠭᠡ᠎ᠳᠤ᠂ ᠰᠢ ᠵᠢᠨ ᠫᠢᠩ᠎ᠤᠨ ᠭᠠᠳᠠᠭ᠋ᠠᠳᠤ ᠬᠠᠷᠢᠯᠴᠠᠭ᠋ᠠᠨ᠎ᠤ ᠦᠵᠡᠯ ᠰᠠᠨᠠᠭ᠎ᠠ ᠵᠢ ᠡᠭᠦᠳᠦᠨ ᠬᠥᠭᠵᠢᠭᠦᠯᠵᠦ᠂ ᠳᠤᠮᠳᠠᠳᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠤᠨᠤᠯ ᠪᠣᠯᠣᠨ ᠦᠢ᠍ᠯᠡᠳᠦᠯᠭᠡ ᠵᠢᠨ ᠰᠢᠨ᠎ᠡ ᠠᠬᠤᠢ ᠪᠠᠢ᠌ᠳᠠᠯ᠎ᠢ ᠨᠡᠭᠡᠭᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠪᠠ᠃ ᠬᠣᠶᠠᠷ᠎ᠲᠤ᠂ ᠮᠠᠨ᠎ᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ᠂ ᠳᠤᠮᠳᠠᠳᠤ ᠤᠯᠤᠰ᠎ᠤᠨ ᠬᠡᠪ ᠨᠠᠮᠪᠠ᠂ ᠳᠤᠮᠳᠠᠳᠤ ᠤᠯᠤᠰ᠎ᠤᠨ ᠣᠮᠣᠭ ᠰᠦᠷ᠎ᠢ ᠢᠯᠡᠷᠡᠭᠦᠯᠵᠦ᠂ ᠪᠡᠶ᠎ᠡ᠎ᠪᠠᠨ ᠢᠲᠡᠭᠡᠵᠦ ᠪᠡᠶ᠎ᠡ᠎ᠪᠠᠨ ᠳᠠᠭ᠋ᠠᠭ᠋ᠠᠬᠤ᠂ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭ᠋ᠠᠬᠤ᠂ ᠨᠡᠭᠡᠭᠡᠯᠲᠡᠲᠡᠢ ᠪᠠᠭᠲᠠᠭ᠋ᠠᠮᠵᠢᠲᠠᠢ ᠲᠣᠮᠣ ᠤᠯᠤᠰ᠎ᠤᠨ ᠳᠦᠷᠢ ᠲᠥᠷᠬᠦ ᠵᠢ ᠱᠤᠭᠤᠵᠠᠢ᠃ ᠭᠤᠷᠪᠠ᠎ᠳᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠰᠠᠨᠠᠭ᠋ᠠᠴᠢᠯᠠᠵᠤ᠂ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠬᠠᠮᠲᠤ᠎ᠪᠠᠷ ᠬᠥᠭᠵᠢᠬᠦ᠂ ᠥᠨᠢ ᠤᠳᠠᠭ᠋ᠠᠨ ᠠᠮᠤᠷ ᠲᠣᠭᠲᠠᠭᠤᠨ ᠪᠠᠢ᠌ᠬᠤ᠂ ᠪᠣᠯᠪᠠᠰᠤᠨ ᠵᠶ᠋ᠠᠨ ᠬᠠᠷᠢᠯᠴᠠᠨ ᠲᠣᠯᠢ ᠪᠤᠯᠭ᠋ᠠᠬᠤ ᠵᠥᠪ ᠴᠢᠭᠯᠡᠯ᠎ᠢ ᠲᠣᠳᠣᠷᠬᠠᠢ ᠵᠢᠭ᠋ᠠᠪᠠ᠃ ᠳᠥᠷᠪᠡ᠎ᠳᠤ᠂ ᠤᠯᠤᠰ᠎ᠤᠨ ᠲᠡᠷᠢᠭᠦᠨ᠎ᠤ ᠭᠠᠳᠠᠭ᠋ᠠᠳᠤ ᠬᠠᠷᠢᠯᠴᠠᠭ᠋ᠠᠨ᠎ᠤ ᠪᠠᠢ᠌ᠯᠳᠤᠬᠤ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠳᠡᠯᠡᠬᠡᠢ ᠵᠢᠨ ᠬᠡᠷᠡᠭ ᠶᠠᠪᠤᠳᠠᠯ᠎ᠳᠤ ᠡᠳᠦᠷ ᠢᠷᠡᠬᠦᠶ᠎ᠡ ᠴᠢᠬᠤᠯᠠ ᠪᠥᠭᠡᠳ ᠪᠦᠲᠦᠭᠡᠯᠴᠢ ᠴᠢᠨᠠᠷᠲᠠᠢ ᠦᠢ᠍ᠯᠡᠳᠦᠯ ᠦᠵᠡᠭᠦᠯᠪᠡ᠃ ᠲᠠᠪᠤ᠎ᠳᠤ᠂ ᠡᠯ᠎ᠡ ᠲᠠᠯ᠎ᠠ᠎ᠯᠤᠭ᠎ᠠ ᠵᠢᠨ ᠬᠠᠷᠢᠯᠴᠠᠭ᠎ᠠ᠎ᠪᠠᠨ ᠪᠦᠭᠦ ᠲᠠᠯ᠎ᠠ᠎ᠪᠠᠷ ᠲᠥᠯᠥᠪᠵᠢᠭᠦᠯᠦᠨ᠂ ᠨᠠᠢ᠌ᠷᠠᠮᠳᠠᠯ ᠵᠶ᠋ᠠᠷ ᠵᠡᠷᠭᠡᠴᠡᠨ ᠣᠷᠣᠰᠢᠬᠤ᠂ ᠶᠡᠷᠦᠩᠬᠡᠢ᠎ᠳᠡᠭᠡᠨ ᠲᠣᠭᠲᠠᠭᠤᠨ ᠪᠠᠢ᠌ᠬᠤ᠂ ᠲᠡᠩᠴᠡᠭᠦᠷᠢᠲᠡᠢ ᠬᠥᠭᠵᠢᠬᠦ ᠲᠣᠮᠣ ᠤᠯᠤᠰ᠎ᠤᠨ ᠬᠠᠷᠢᠯᠴᠠᠭ᠋ᠠᠨ᠎ᠤ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠵᠠᠢ᠃ ᠵᠢᠷᠭᠤᠭ᠎ᠠ᠎ᠳᠤ᠂ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠥᠷᠭᠡᠳᠬᠡᠵᠦ᠂ ᠬᠡᠪᠴᠢᠶ᠎ᠡ ᠥᠷᠭᠡᠨ᠂ ᠶᠠᠰᠤ ᠴᠢᠨᠠᠷ ᠥᠨᠳᠥᠷ ᠪᠦᠭᠦ ᠪᠥᠮᠪᠥᠷᠴᠡᠭ᠎ᠤᠨ ᠬᠠᠨᠢᠲᠠᠨ᠎ᠤ ᠬᠠᠷᠢᠯᠴᠠᠭ᠎ᠠ ᠵᠢᠨ ᠲᠣᠣᠷ᠎ᠢ ᠪᠦᠷᠢᠯᠳᠦᠭᠦᠯᠪᠡ᠃ ᠳᠣᠯᠣᠭ᠎ᠠ᠎ᠳᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠬᠤ ᠵᠢ ᠠᠬᠢᠭᠤᠯᠵᠤ᠂ ᠳᠡᠯᠡᠬᠡᠢ ᠳᠡᠭᠡᠷᠡᠬᠢ ᠬᠦᠷᠢᠶ᠎ᠡ ᠬᠡᠪᠴᠢᠶ᠎ᠡ᠎ᠪᠠᠷ ᠬᠠᠮᠤᠭ᠎ᠤᠨ ᠥᠷᠭᠡᠨ᠂ ᠬᠡᠮᠵᠢᠶ᠎ᠡ᠎ᠪᠠᠷ ᠬᠠᠮᠤᠭ᠎ᠤᠨ ᠶᠡᠬᠡ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠠᠪᠴᠠᠩ᠎ᠢ ᠪᠠᠢ᠌ᠭᠤᠯᠪᠠ᠃ ᠨᠠᠢ᠍ᠮᠠ᠎ᠳᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ ᠡᠷᠡᠰ ᠪᠠᠲᠤ ᠵᠣᠷᠢᠭ ᠰᠠᠨᠠᠭ᠎ᠠ ᠪᠠ ᠴᠢᠩᠭ᠎ᠠ ᠬᠠᠲᠠᠭᠤ ᠲᠡᠮᠡᠴᠡᠯ ᠵᠶ᠋ᠡᠷ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠪᠦᠲᠦᠮᠵᠢᠲᠡᠢ ᠬᠠᠮᠠᠭ᠋ᠠᠯᠠᠵᠠᠢ᠃ ᠶᠢᠰᠦ᠎ᠳᠤ᠂ ᠪᠦᠭᠦ ᠪᠥᠮᠪᠥᠷᠴᠡᠭ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠳᠡᠯᠡᠬᠡᠢ ᠵᠢᠨ ᠰᠢᠰᠲ᠋ᠧᠮ ᠪᠣᠯᠣᠨ ᠡᠮᠬᠢ ᠳᠢᠭᠯᠢᠮ᠎ᠤᠨ ᠬᠤᠪᠢᠰᠤᠯᠲᠠ ᠵᠢᠨ ᠴᠢᠭᠯᠡᠯ᠎ᠢ ᠬᠥᠲᠥᠯᠥᠨ ᠳᠠᠭ᠋ᠠᠭᠤᠯᠪᠠ᠃ ᠠᠷᠪᠠ᠎ᠳᠤ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠤᠨ ᠶᠡᠬᠡ ᠬᠠᠮᠵᠢᠯᠴᠠᠭ᠋ᠠᠨ᠎ᠤ ᠪᠠᠢ᠌ᠷᠢᠰᠢᠯ᠎ᠢ ᠪᠡᠬᠢᠵᠢᠭᠦᠯᠪᠡ ᠭᠡᠵᠦ ᠦᠵᠡᠪᠡ᠃
    ᠬᠤᠷᠠᠯ᠎ᠠᠴᠠ᠂ ᠰᠢᠨ᠎ᠡ ᠴᠠᠭ ᠦᠶ᠎ᠡ ᠵᠢᠨ ᠠᠷᠪᠠᠨ ᠵᠢᠯ᠎ᠳᠤ ᠪᠢᠳᠡ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠳᠤ ᠴᠥᠭᠡᠨ ᠪᠤᠰᠤ ᠲᠤᠬᠰᠢᠨ ᠰᠠᠯᠬᠢ ᠰᠢᠷᠦᠭᠦᠨ ᠳᠠᠪᠠᠯᠭ᠋ᠠᠨ᠎ᠢ ᠥᠩᠭᠡᠷᠡᠭᠡᠵᠦ᠂ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠰᠢᠨ᠎ᠡ ᠪᠠᠢ᠌ᠳᠠᠯ᠎ᠢ ᠡᠭᠦᠳᠴᠦ᠂ ᠮᠠᠨ᠎ᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠪᠡᠶ᠎ᠡ᠎ᠪᠠᠨ ᠳᠠᠭ᠋ᠠᠭ᠋ᠠᠬᠤ ᠴᠢᠨᠠᠷ ᠪᠣᠯᠣᠨ ᠰᠠᠨᠠᠭ᠋ᠠᠴᠢᠯᠠᠭ᠋ᠠᠲᠤ ᠴᠢᠨᠠᠷ ᠢᠯᠡᠳᠲᠡ ᠴᠢᠩᠭ᠋ᠠᠷᠠᠪᠠ᠃ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠰᠢᠨ᠎ᠡ ᠵᠢ ᠡᠭᠦᠳᠬᠦ ᠵᠢᠨ ᠬᠥᠲᠥᠯᠥᠨ ᠳᠠᠭ᠋ᠠᠭᠤᠯᠬᠤ ᠬᠦᠴᠦᠨ᠂ ᠶᠣᠰᠣ ᠵᠢᠷᠤᠮ᠎ᠤᠨ ᠤᠷᠢᠶᠠᠯᠠᠬᠤ ᠬᠦᠴᠦᠨ ᠵᠢᠡᠷ ᠨᠠᠩ ᠢᠯᠡᠭᠦᠦ ᠬᠠᠷᠢᠭᠤᠴᠠᠯᠭ᠎ᠠ᠎ᠲᠠᠢ ᠲᠣᠮᠣ ᠤᠯᠤᠰ ᠪᠣᠯᠵᠠᠢ ᠭᠡᠵᠦ ᠴᠢᠬᠤᠯᠠᠴᠢᠯᠠᠵᠠᠢ᠃
    ᠬᠤᠷᠠᠯ᠎ᠠᠴᠠ᠂ ᠰᠢᠨ᠎ᠡ ᠴᠠᠭ ᠦᠶ᠎ᠡ ᠵᠢᠨ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠤᠨ ᠦᠢ᠍ᠯᠡᠳᠦᠯᠭᠡ ᠳᠤᠮᠳᠠ ᠪᠢᠳᠡ ᠠᠯᠢ ᠤᠯᠠᠨ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ᠃ ᠡᠷᠬᠡᠪᠰᠢ ᠵᠠᠷᠴᠢᠮ᠎ᠢ ᠪᠠᠷᠢᠮᠲᠠᠯᠠᠵᠤ᠂ ᠬᠥᠮᠥᠨ ᠲᠥᠷᠥᠯᠬᠢᠲᠡᠨ᠎ᠤ ᠢᠷᠡᠭᠡᠳᠦᠢ ᠬᠤᠪᠢ ᠵᠠᠶᠠᠭ᠎ᠠ ᠪᠠ ᠳᠡᠯᠡᠬᠡᠢ ᠵᠢᠨ ᠬᠥᠭᠵᠢᠯᠲᠡ ᠵᠢᠨ ᠴᠢᠭᠯᠡᠯ᠎ᠳᠤ ᠬᠣᠯᠪᠣᠭᠳᠠᠬᠤ ᠴᠢᠬᠤᠯᠠ ᠶᠡᠬᠡ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ ᠪᠠᠢ᠌ᠵᠤ᠂ ᠵᠣᠭᠰᠣᠯᠲᠠ ᠪᠠᠲᠤ ᠪᠠᠢ᠌ᠵᠤ᠂ ᠤᠯᠠᠨ ᠤᠯᠤᠰ᠎ᠤᠨ ᠶᠣᠰᠣ ᠵᠢᠷᠤᠮ᠎ᠤᠨ ᠠᠰᠢᠭᠲᠠᠢ ᠪᠠᠢ᠌ᠷᠢ ᠵᠢ ᠪᠠᠲᠤ ᠡᠵᠡᠯᠡᠵᠦ᠂ ᠳᠡᠯᠡᠬᠡᠢ ᠵᠢᠨ ᠣᠯᠠᠩᠬᠢ ᠲᠣᠭ᠋ᠠᠲᠠᠨ᠎ᠲᠠᠢ ᠪᠦᠯᠬᠦᠮᠳᠡᠨ ᠨᠡᠢ᠌ᠯᠡᠬᠦ ᠬᠡᠷᠡᠭᠲᠡᠢ᠃ ᠡᠷᠬᠡᠪᠰᠢ ᠲᠣᠮᠣ ᠤᠯᠤᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠵᠣᠷᠢᠭ ᠰᠠᠨᠠᠭ᠎ᠠ ᠵᠢ ᠪᠠᠳᠠᠷᠠᠭᠤᠯᠬᠤ ᠵᠢ ᠪᠠᠷᠢᠮᠲᠠᠯᠠᠵᠤ᠂ ᠡᠩᠬᠡ ᠲᠠᠢ᠌ᠪᠤᠩ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠳᠡᠯᠡᠬᠡᠢ ᠵᠢᠨ ᠲᠣᠭᠲᠠᠭᠤᠨ ᠪᠠ ᠴᠡᠴᠡᠭᠯᠡᠯ ᠬᠥᠭᠵᠢᠯ᠎ᠢ ᠠᠬᠢᠭᠤᠯᠬᠤ ᠵᠢ ᠪᠠᠷᠢᠮᠲᠠᠯᠠᠬᠤ ᠬᠡᠷᠡᠭᠲᠡᠢ᠃ ᠡᠷᠬᠡᠪᠰᠢ ᠰᠢᠰᠲ᠋ᠧᠮᠳᠤ ᠦᠵᠡᠯᠲᠡ ᠵᠢ ᠪᠤᠢ ᠪᠤᠯᠭ᠋ᠠᠵᠤ᠂ ᠵᠥᠪ ᠲᠡᠦᠬᠡ ᠵᠢᠨ ᠦᠵᠡᠯᠲᠡ᠂ ᠶᠡᠬᠡ ᠲᠠᠯ᠎ᠠ ᠵᠢᠨ ᠦᠵᠡᠯᠲᠡ᠎ᠪᠠᠷ ᠶᠡᠬᠡ ᠬᠠᠨᠳᠤᠰᠢ ᠵᠢ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠨᠡᠢ᠌ᠳᠡ᠎ᠳᠤᠨᠢ ᠬᠠᠷᠠᠭ᠋ᠠᠯᠵᠠᠵᠤ᠂ ᠰᠠᠨᠠᠭ᠋ᠠᠴᠢᠯᠠᠭ᠎ᠠ ᠵᠢ ᠡᠵᠡᠮᠳᠡᠬᠦ ᠬᠡᠷᠡᠭᠲᠡᠢ᠃ ᠡᠷᠬᠡᠪᠰᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠰᠢᠯᠢᠳᠡᠭ ᠤᠯᠠᠮᠵᠢᠯᠠᠯ ᠪᠠ ᠦᠨᠳᠦᠰᠦᠨ ᠴᠢᠭᠯᠡᠯ᠎ᠢ ᠪᠠᠲᠤ ᠰᠠᠬᠢᠬᠤ ᠵᠢᠨ ᠬᠠᠮᠲᠤ ᠵᠠᠮ ᠨᠡᠭᠡᠭᠡᠨ ᠤᠷᠤᠭᠰᠢᠯᠠᠵᠤ᠂ ᠤᠨᠤᠯ ᠪᠠ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠢ᠃ ᠡᠷᠬᠡᠪᠰᠢ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠯᠢᠪᠠ ᠬᠦᠴᠦᠷᠬᠡᠭᠯᠡᠯ᠎ᠤᠨ ᠤᠯᠤᠰ ᠲᠦᠷᠦ ᠪᠠ ᠪᠠᠯᠠᠮᠠᠳ ᠠᠵᠢᠯᠯᠠᠭ᠎ᠠ ᠵᠢ ᠡᠷᠡᠰ ᠡᠰᠡᠷᠭᠦᠴᠡᠵᠦ᠂ ᠤᠯᠤᠰ᠎ᠤᠨ ᠠᠰᠢᠭ ᠲᠤᠰᠠ ᠪᠠ ᠦᠨᠳᠦᠰᠦᠲᠡᠨ᠎ᠤ ᠨᠡᠷ᠎ᠡ ᠬᠦᠨᠳᠦ ᠵᠢ ᠬᠦᠴᠦᠲᠡᠢ ᠬᠠᠮᠠᠭ᠋ᠠᠯᠠᠬᠤ ᠬᠡᠷᠡᠭᠲᠡᠢ᠃ ᠡᠷᠬᠡᠪᠰᠢ ᠪᠠᠢ᠌ᠭᠤᠯᠤᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠮᠵᠢᠯᠴᠠᠨ᠂ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
    ᠬᠤᠷᠠᠯ᠎ᠠᠴᠠ᠂ ᠳᠡᠯᠡᠬᠡᠢ ᠵᠢᠨ ᠶᠡᠬᠡ ᠬᠤᠪᠢᠰᠤᠯᠲᠠ ᠲᠦᠷᠭᠡᠨ ᠬᠤᠪᠢᠷᠠᠵᠤ᠂ ᠳᠡᠯᠡᠬᠡᠢ ᠵᠢᠨ ᠬᠤᠪᠢᠷᠠᠯᠲᠠ᠂ ᠴᠠᠭ ᠦᠶ᠎ᠡ ᠵᠢᠨ ᠬᠤᠪᠢᠷᠠᠯᠲᠠ᠂ ᠲᠡᠦᠬᠡ ᠵᠢᠨ ᠬᠤᠪᠢᠷᠠᠯᠲᠠ ᠤᠷᠢᠳ ᠡᠮᠦᠨ᠎ᠡ ᠪᠠᠢ᠌ᠭ᠎ᠠ ᠦᠭᠡᠢ ᠭᠡᠯᠪᠡᠷᠢ᠎ᠪᠠᠷ ᠥᠷᠨᠢᠵᠦ᠂ ᠳᠡᠯᠡᠬᠡᠢ ᠳ᠋ᠠᠬᠢᠨ ᠰᠢᠨ᠎ᠡ ᠣᠷᠣᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠪᠠ᠂ ᠭᠡᠪᠡᠴᠦ ᠬᠥᠮᠥᠨ ᠲᠥᠷᠥᠯᠬᠢᠲᠡᠨ᠎ᠤ ᠬᠥᠭᠵᠢᠯᠲᠡ ᠲᠠᠪᠰᠢᠯᠳᠠ ᠵᠢᠨ ᠶᠡᠬᠡ ᠴᠢᠭᠯᠡᠯ ᠬᠤᠪᠢᠷᠠᠬᠤ ᠦᠭᠡᠢ᠂ ᠳᠡᠯᠡᠬᠡᠢ ᠵᠢᠨ ᠲᠡᠦᠬᠡ ᠵᠢᠨ ᠮᠤᠷᠤᠢ ᠰᠠᠷᠤᠢ᠎ᠪᠠᠷ ᠤᠷᠤᠭᠰᠢᠯᠠᠬᠤ ᠶᠡᠬᠡ ᠯᠣᠭᠢᠭ ᠬᠤᠪᠢᠷᠠᠬᠤ ᠦᠭᠡᠢ᠂ ᠳᠡᠯᠡᠬᠡᠢ ᠨᠡᠢ᠌ᠲᠡ ᠵᠢᠨ ᠬᠤᠪᠢ ᠵᠠᠶᠠᠭ᠎ᠠ᠎ᠪᠠᠨ ᠬᠠᠮᠲᠤᠳᠬᠠᠬᠤ ᠶᠡᠬᠡ ᠬᠠᠨᠳᠤᠰᠢ ᠬᠤᠪᠢᠷᠠᠬᠤ ᠦᠭᠡᠢ ᠶᠤᠮ᠂ ᠡᠭᠦᠨ᠎ᠳᠤ ᠪᠢᠳᠡ ᠭᠦᠢ᠍ᠴᠡᠳ ᠲᠡᠦᠬᠡ ᠵᠢᠨ ᠢᠲᠡᠭᠡᠯ᠎ᠲᠠᠢ ᠪᠠᠢ᠌ᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠢᠷᠡᠭᠡᠳᠦᠢ᠎ᠪᠠᠨ ᠪᠠᠷᠠᠯᠠᠬᠤᠶ᠎ᠠ ᠮᠠᠨ᠎ᠤ ᠤᠯᠤᠰ᠎ᠤᠨ ᠬᠥᠭᠵᠢᠯᠲᠡ᠎ᠳᠤ ᠰᠢᠨ᠎ᠡ ᠪᠠᠢ᠌ᠯᠳᠤᠬᠤ ᠪᠣᠳᠣᠯᠭ᠎ᠠ ᠵᠢᠨ ᠠᠵᠠ ᠲᠣᠭᠢᠶᠠᠯ ᠲᠤᠯᠭ᠋ᠠᠷᠠᠵᠤ ᠪᠠᠢ᠌ᠨ᠎ᠠ᠃ ᠰᠢᠨ᠎ᠡ ᠠᠶᠠᠨ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠎ᠠ ᠨᠡᠩ ᠶᠡᠬᠡ ᠵᠢᠳᠬᠦᠯ ᠴᠢᠷᠮᠠᠢ᠌ᠯᠭ᠎ᠠ᠎ᠲᠠᠢ ᠰᠢᠨ᠎ᠡ ᠱᠠᠲᠤᠨ᠎ᠳᠤ ᠣᠷᠣᠬᠤ ᠪᠣᠯᠣᠨ᠎ᠠ᠃ ᠨᠠᠮ ᠪᠣᠯᠣᠨ ᠤᠯᠤᠰ᠎ᠤᠨ ᠭᠣᠣᠯ ᠡᠭᠦᠷᠭᠡ ᠵᠢᠨ ᠲᠣᠭᠣᠷᠢᠨ᠎ᠳᠤ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠡᠷᠡᠰ ᠬᠠᠮᠠᠭ᠋ᠠᠯᠠᠵᠤ᠂ ᠳᠤᠮᠳᠠᠳᠤ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠤᠨᠤᠯ ᠪᠣᠯᠣᠨ ᠦᠢ᠍ᠯᠡᠳᠦᠯᠭᠡ ᠵᠢᠨ ᠰᠢᠨ᠎ᠡ ᠠᠬᠤᠢ ᠪᠠᠢ᠌ᠳᠠᠯ᠎ᠢ ᠨᠡᠭᠡᠭᠡᠵᠦ᠂ ᠮᠠᠨ᠎ᠤ ᠤᠯᠤᠰ ᠪᠣᠯᠣᠨ ᠳᠡᠯᠡᠬᠡᠢ ᠵᠢᠨ ᠬᠠᠷᠢᠯᠴᠠᠭ᠋ᠠᠨ᠎ᠤ ᠰᠢᠨ᠎ᠡ ᠪᠠᠢ᠌ᠷᠢᠰᠢᠯ᠎ᠢ ᠴᠣᠭᠴᠠᠯᠠᠵᠤ᠂ ᠮᠠᠨ᠎ᠤ ᠤᠯᠤᠰ᠎ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ᠎ᠢ ᠰᠢᠨ᠎ᠡ ᠥᠨᠳᠥᠷᠴᠡ᠎ᠳᠤ ᠬᠦᠷᠭᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠲᠤ ᠨᠡᠩ ᠠᠰᠢᠭᠲᠠᠢ ᠳᠡᠯᠡᠬᠡᠢ ᠵᠢᠨ ᠣᠷᠴᠢᠨ ᠲᠣᠭᠣᠷᠢᠨ᠎ᠢ ᠪᠤᠢ ᠪᠤᠯᠭ᠋ᠠᠬᠤ᠎ᠳᠤ   ᠨᠡᠩ   ᠪᠠᠲᠤ   ᠴᠢᠩᠭ᠎ᠠ   ᠪᠠᠢ᠌ᠯᠳᠤᠬᠤ   ᠪᠣᠳᠣᠯᠭ᠎ᠠ ᠵᠢᠨ   ᠲᠤᠯᠭ᠋ᠠᠭᠤᠷᠢᠯᠠᠯ   ᠬᠠᠩᠭ᠋ᠠᠬᠤ   ᠬᠡᠷᠡᠭᠲᠡᠢ ᠭᠡᠵᠦ ᠦᠵᠡᠪᠡ᠃
    ᠬᠤᠷᠠᠯ᠎ᠠᠴᠠ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠪᠣᠯ ᠰᠢ ᠵᠢᠨ ᠫᠢᠩ᠎ᠤᠨ ᠭᠠᠳᠠᠭ᠋ᠠᠳᠤ ᠬᠠᠷᠢᠯᠴᠠᠭ᠋ᠠᠨ᠎ᠤ ᠦᠵᠡᠯ ᠰᠠᠨᠠᠭ᠋ᠠᠨ᠎ᠤ ᠭᠣᠣᠯ ᠣᠢ᠌ᠯᠠᠭ᠋ᠠᠭᠳᠠᠬᠤᠨ ᠮᠥᠨ᠂ ᠪᠢᠳᠡᠨ᠎ᠤ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠵᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠶᠠᠮᠠᠷ ᠶᠠᠩᠵᠤ ᠵᠢᠨ ᠳᠡᠯᠡᠬᠡᠢ ᠶᠢᠷᠲᠢᠨᠴᠦ ᠵᠢ ᠪᠦᠲᠦᠭᠡᠨ ᠪᠠᠢ᠌ᠭᠤᠯᠬᠤ᠂ ᠡᠨᠡ ᠬᠦ᠌ ᠳᠡᠯᠡᠬᠡᠢ ᠶᠢᠷᠲᠢᠨᠴᠦ ᠵᠢ ᠬᠡᠷᠬᠢᠨ ᠪᠦᠲᠦᠭᠡᠨ ᠪᠠᠢ᠌ᠭᠤᠯᠬᠤ ᠲᠤᠬᠠᠢ ᠭᠠᠷᠭ᠋ᠠᠭᠰᠠᠨ ᠳᠤᠮᠳᠠᠳᠤ ᠤᠯᠤᠰ᠎ᠤᠨ ᠲᠥᠰᠥᠯ ᠮᠥᠨ᠂ ᠡᠨᠡ᠎ᠨᠢ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠶᠢᠷᠲᠢᠨᠴᠦ ᠵᠢᠨ ᠦᠵᠡᠯᠲᠡ᠂ ᠡᠮᠬᠢ ᠵᠢᠷᠤᠮ᠎ᠤᠨ ᠦᠵᠡᠯᠲᠡ᠂ ᠥᠷᠲᠡᠭ᠎ᠤᠨ ᠦᠵᠡᠯᠲᠡ ᠵᠢ ᠢᠯᠡᠷᠡᠭᠦᠯᠵᠦ᠂ ᠡᠯ᠎ᠡ ᠤᠯᠤᠰ᠎ᠤᠨ ᠠᠷᠠᠳ ᠲᠦᠮᠡᠨ᠎ᠤ ᠨᠡᠢ᠌ᠳᠡᠮ᠎ᠤᠨ ᠬᠦᠰᠡᠯ ᠡᠷᠡᠮᠡᠯᠵᠡᠯ᠎ᠳᠤ ᠨᠡᠢ᠌ᠴᠡᠵᠦ᠂ ᠳᠡᠯᠡᠬᠡᠢ ᠵᠢᠨ ᠪᠣᠯᠪᠠᠰᠤᠨ᠎ᠤ ᠳᠠᠪᠰᠢᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠬᠥᠭᠡᠭᠡᠴᠡᠯᠳᠦᠵᠦ ᠪᠠᠢ᠌ᠭ᠎ᠠ ᠡᠷᠬᠢᠮ ᠳᠡᠭᠡᠳᠦ ᠬᠠᠷᠠᠯᠲᠠ ᠮᠥᠨ᠃ ᠰᠢᠨ᠎ᠡ ᠴᠠᠭ ᠦᠶ᠎ᠡ᠎ᠠᠴᠠ ᠨᠠᠭ᠋ᠠᠰᠢ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠨᠢ ᠳᠤᠮᠳᠠᠳᠤ ᠤᠯᠤᠰ᠎ᠤᠨ ᠰᠠᠨᠠᠭ᠋ᠠᠴᠢᠯᠠᠭ᠎ᠠ᠎ᠠᠴᠠ ᠤᠯᠠᠨ ᠤᠯᠤᠰ᠎ᠤᠨ ᠬᠠᠮᠲᠤ ᠵᠢᠨ ᠲᠠᠨᠢᠯᠲᠠ ᠲᠡᠢ᠌ᠰᠢ ᠥᠷᠭᠡᠳᠴᠦ᠂ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠠᠴᠠ ᠡᠯᠪᠡᠭ ᠪᠠᠶᠠᠯᠢᠭ ᠦᠢ᠍ᠯᠡᠳᠦᠯᠭᠡ ᠲᠡᠢ᠌ᠰᠢ ᠬᠤᠪᠢᠷᠠᠵᠤ᠂ ᠣᠢ᠌ᠯᠠᠭ᠋ᠠᠭᠳᠠᠬᠤᠨ ᠵᠣᠷᠢᠯᠲᠠ᠎ᠠᠴᠠ ᠰᠢᠨᠵᠢᠯᠡᠬᠦ ᠤᠬᠠᠭ᠋ᠠᠨᠴᠢ ᠰᠢᠰᠲ᠋ᠧᠮ ᠲᠡᠢ᠌ᠰᠢ ᠬᠥᠭᠵᠢᠵᠦ᠂ ᠴᠠᠭ ᠦᠶ᠎ᠡ ᠵᠢᠨ ᠤᠷᠤᠭᠰᠢᠯᠠᠯᠲᠠ ᠵᠢ ᠬᠥᠲᠥᠯᠥᠨ ᠳᠠᠭ᠋ᠠᠭᠤᠯᠬᠤ ᠭᠡᠷᠡᠯ ᠰᠠᠴᠤᠷᠠᠩᠭᠤᠢ ᠲᠤᠭ ᠲᠡᠮᠳᠡᠭ ᠪᠣᠯᠵᠠᠢ᠃ ᠪᠠᠭᠴᠠᠯᠠᠭ᠋ᠠᠳ ᠬᠡᠯᠡᠪᠡᠯ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠪᠣᠯ ᠥᠨᠢ ᠤᠳᠠᠭ᠋ᠠᠨ᠎ᠤ ᠡᠩᠬᠡ ᠲᠠᠢ᠌ᠪᠤᠩ᠂ ᠨᠡᠢ᠌ᠳᠡᠮ᠎ᠤᠨ ᠠᠮᠤᠷ ᠲᠦᠪᠰᠢᠨ᠂ ᠬᠠᠮᠲᠤ᠎ᠪᠠᠷ ᠴᠡᠴᠡᠭᠯᠡᠨ ᠬᠥᠭᠵᠢᠬᠦ᠂ ᠨᠡᠭᠡᠭᠡᠯᠲᠡᠲᠡᠢ ᠪᠠᠭᠲᠠᠭ᠋ᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ᠎ᠪᠠᠷ ᠴᠢᠷᠮᠠᠢ᠌ᠬᠤ ᠬᠠᠷᠠᠯᠲᠠ᠎ᠪᠠᠨ ᠪᠤᠯᠭ᠋ᠠᠵᠤ᠂ ᠬᠠᠮᠲᠤ᠎ᠪᠠᠷ ᠵᠥᠪᠳᠡᠬᠦ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ ᠪᠦᠭᠦ ᠪᠥᠮᠪᠥᠷᠴᠡᠭ᠎ᠤᠨ ᠵᠠᠰᠠᠯᠲᠠ ᠵᠢ ᠠᠬᠢᠭᠤᠯᠬᠤ᠎ᠪᠠᠷ ᠠᠷᠭ᠎ᠠ ᠵᠠᠮ ᠪᠤᠯᠭ᠋ᠠᠵᠤ᠂ ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠥᠷᠲᠡᠭ᠎ᠢ ᠦᠢ᠍ᠯᠡᠳᠦᠯᠭᠡᠵᠢᠭᠦᠯᠬᠦ᠎ᠪᠠᠷ ᠲᠦᠭᠡᠮᠡᠯ ᠵᠢᠷᠤᠮᠯᠠᠯ ᠪᠤᠯᠭ᠋ᠠᠵᠤ᠂ ᠰᠢᠨ᠎ᠡ ᠭᠡᠯᠪᠡᠷᠢ ᠵᠢᠨ ᠤᠯᠠᠨ ᠤᠯᠤᠰ᠎ᠤᠨ ᠬᠠᠷᠢᠯᠴᠠᠭ᠎ᠠ ᠵᠢ ᠪᠠᠢ᠌ᠭᠤᠯᠬᠤ᠎ᠪᠠᠷ ᠦᠨᠳᠦᠰᠦᠨ ᠲᠤᠯᠭ᠋ᠠᠭᠤᠷᠢᠯᠠᠯ ᠪᠤᠯᠭ᠋ᠠᠵᠤ᠂ ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠬᠤ᠎ᠪᠠᠷ ᠪᠠᠢ᠌ᠯᠳᠤᠬᠤ ᠪᠣᠳᠣᠯᠭ᠎ᠠ ᠵᠢᠨ ᠵᠢᠯᠣᠭᠣᠳᠤᠮᠵᠢ ᠪᠤᠯᠭ᠋ᠠᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠢ᠌ᠭᠤᠯᠬᠤ᠎ᠪᠠᠷ ᠦᠢ᠍ᠯᠡᠳᠦᠯᠭᠡ ᠵᠢᠨ ᠲᠠᠪᠴᠠᠩ ᠪᠤᠯᠭ᠋ᠠᠵᠤ᠂ ᠡᠯ᠎ᠡ ᠤᠯᠤᠰ᠎ᠤᠨ ᠭᠠᠷ ᠬᠣᠯᠪᠣᠨ ᠥᠷᠢᠰᠦᠯᠳᠦᠭᠡᠨ᠎ᠢ ᠠᠷᠭ᠋ᠠᠴᠠᠭ᠋ᠠᠬᠤ᠂ ᠬᠠᠮᠲᠤ ᠵᠢᠨ ᠴᠡᠴᠡᠭᠯᠡᠯ ᠬᠥᠭᠵᠢᠯ᠎ᠢ ᠪᠡᠶᠡᠯᠡᠭᠦᠯᠬᠦ ᠵᠢ ᠠᠬᠢᠭᠤᠯᠵᠤ᠂ ᠳᠡᠯᠡᠬᠡᠢ ᠵᠢᠨ ᠡᠩᠬᠡ ᠲᠠᠢ᠌ᠪᠤᠩ᠂ ᠠᠮᠤᠷ ᠲᠦᠪᠰᠢᠨ᠂ ᠴᠡᠴᠡᠭᠯᠡᠨ ᠬᠥᠭᠵᠢᠭᠰᠡᠨ᠂ ᠳᠠᠪᠰᠢᠯᠳᠠ᠎ᠲᠠᠢ ᠭᠡᠭᠡᠨ ᠰᠠᠷᠠᠭᠤᠯ ᠢᠷᠡᠭᠡᠳᠦᠢ ᠲᠡᠢ᠌ᠰᠢ ᠵᠠᠮᠨᠠᠬᠤ ᠵᠢ ᠠᠬᠢᠭᠤᠯᠬᠤ ᠶᠠᠪᠤᠳᠠᠯ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠣᠳᠣᠬᠠᠨ᠎ᠤ ᠳᠡᠯᠡᠬᠡᠢ ᠶᠢᠷᠲᠢᠨᠴᠦ᠎ᠳᠤ ᠲᠤᠯᠭ᠋ᠠᠷᠠᠵᠤ ᠪᠠᠢ᠌ᠭ᠎ᠠ ᠠᠯᠢ ᠣᠯᠠᠨ ᠴᠢᠬᠤᠯᠠ ᠶᠡᠬᠡ ᠠᠰᠠᠭᠤᠳᠠᠯ ᠴᠢᠬᠤᠯᠠ ᠶᠡᠬᠡ ᠥᠷᠢᠰᠦᠯᠳᠦᠭᠡᠨ᠎ᠳᠤ ᠴᠢᠭᠯᠡᠭᠦᠯᠦᠨ᠂ ᠪᠢᠳᠡ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠣᠯᠠᠨ ᠲᠤᠢ᠌ᠯᠰᠢᠷᠠᠯᠲᠠ ᠪᠠ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠢ᠌ᠵᠢᠯᠲᠡ ᠵᠢ ᠰᠠᠨᠠᠭ᠋ᠠᠴᠢᠯᠠᠨ᠎ᠠ᠃ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠤᠢ᠌ᠯᠰᠢᠷᠠᠯᠲᠠ ᠪᠣᠯ ᠳᠠᠷᠤᠢ ᠶᠡᠬᠡ ᠪᠠᠭ᠎ᠠ ᠤᠯᠤᠰ ᠴᠥᠮ ᠡᠷᠬᠡ ᠲᠡᠭᠰᠢ ᠪᠠᠢ᠌ᠬᠤ ᠵᠢ ᠪᠠᠷᠢᠮᠲᠠᠯᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ᠎ᠤᠨ ᠤᠯᠤᠰ ᠲᠦᠷᠦ ᠵᠢ ᠡᠰᠡᠷᠭᠦᠴᠡᠵᠦ᠂ ᠤᠯᠠᠨ ᠤᠯᠤᠰ᠎ᠤᠨ ᠬᠠᠷᠢᠯᠴᠠᠭ᠋ᠠᠨ᠎ᠤ ᠠᠷᠠᠳᠴᠢᠯᠠᠯᠲᠠ ᠵᠢ ᠦᠨᠡᠨ ᠬᠦ᠌ ᠠᠬᠢᠭᠤᠯᠬᠤ ᠶᠠᠪᠤᠳᠠᠯ ᠪᠣᠯᠣᠨ᠎ᠠ᠃ ᠤᠯᠠᠨ ᠲᠤᠢ᠌ᠯᠰᠢᠷᠠᠯᠲᠠ ᠵᠢᠨ ᠠᠬᠢᠴᠠ ᠵᠢᠨ ᠶᠡᠷᠦᠩᠬᠡᠢ᠎ᠳᠡᠭᠡᠨ ᠲᠣᠭᠲᠠᠭᠤᠨ ᠪᠠᠢ᠌ᠬᠤ ᠪᠠ ᠪᠦᠲᠦᠭᠡᠯᠴᠢ ᠴᠢᠨᠠᠷ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ᠎ᠳᠤ ᠡᠷᠬᠡᠪᠰᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠦᠨᠳᠦᠰᠦᠨ ᠳᠦᠷᠢᠮ ᠵᠣᠷᠢᠯᠲᠠ ᠪᠠ ᠵᠠᠷᠴᠢᠮ᠎ᠢ ᠬᠠᠮᠲᠤ᠎ᠪᠠᠷ ᠬᠢᠴᠢᠶᠡᠩᠭᠦᠢ᠌ᠯᠡᠨ ᠵᠢᠷᠤᠮᠯᠠᠵᠤ᠂ ᠨᠡᠢ᠌ᠳᠡᠮ ᠵᠶ᠋ᠡᠷ ᠵᠶ᠋ᠡᠨ ᠮᠡᠳᠡᠷᠡᠨ ᠵᠥᠪᠰᠢᠶᠡᠷᠡᠳᠡᠭ ᠤᠯᠠᠨ ᠤᠯᠤᠰ᠎ᠤᠨ ᠬᠠᠷᠢᠯᠴᠠᠭ᠋ᠠᠨ᠎ᠤ ᠦᠨᠳᠦᠰᠦᠨ ᠪᠠᠷᠢᠮᠵᠢᠶ᠎ᠠ ᠵᠢ ᠬᠠᠮᠲᠤ᠎ᠪᠠᠷ ᠪᠠᠷᠢᠮᠲᠠᠯᠠᠨ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠬᠦ ᠬᠡᠷᠡᠭᠲᠡᠢ᠃ ᠲᠦᠭᠡᠮᠡᠯ ᠬᠠᠷᠠᠭ᠋ᠠᠯᠵᠠᠯᠲᠤ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠢ᠌ᠵᠢᠯᠲᠡ ᠪᠣᠯ ᠳᠠᠷᠤᠢ ᠡᠯ᠎ᠡ ᠤᠯᠤᠰ ᠢᠯᠠᠩᠭᠤᠶ᠎ᠠ ᠬᠥᠭᠵᠢᠵᠦ ᠪᠠᠢ᠌ᠭ᠎ᠠ ᠤᠯᠤᠰ᠎ᠤᠳ᠎ᠤᠨ ᠨᠡᠢ᠌ᠳᠡᠮ᠎ᠤᠨ ᠱᠠᠭ᠋ᠠᠷᠳᠠᠯᠭ᠎ᠠ᠎ᠳᠤ ᠵᠣᠬᠢᠴᠠᠵᠤ᠂ ᠡᠬᠢ ᠪᠠᠶᠠᠯᠢᠭ᠎ᠤᠨ ᠪᠦᠭᠦ ᠪᠥᠮᠪᠥᠷᠴᠡᠭ᠎ᠤᠨ ᠲᠣᠬᠢᠷᠠᠭᠤᠯᠤᠯᠲᠠ᠎ᠠᠴᠠ ᠪᠣᠯᠤᠭᠰᠠᠨ ᠤᠯᠤᠰ᠎ᠤᠳ᠎ᠤᠨ ᠬᠣᠭᠣᠷᠣᠨᠳᠣᠭᠢ ᠪᠠ ᠡᠯ᠎ᠡ ᠤᠯᠤᠰ᠎ᠤᠨ ᠳᠣᠲᠣᠭ᠋ᠠᠳᠤ ᠵᠢᠨ ᠬᠥᠭᠵᠢᠯᠲᠡ ᠲᠡᠩᠴᠡᠭᠦᠷᠢ᠎ᠪᠠᠨ ᠠᠯᠳᠠᠭᠰᠠᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠶᠠᠪᠤᠳᠠᠯ ᠪᠣᠯᠣᠨ᠎ᠠ᠃ ᠰᠥᠷᠭᠡᠦ ᠳᠡᠯᠡᠬᠡᠢ᠌ᠵᠢᠯᠲᠡ᠂ ᠨᠠᠷᠮᠠᠢ ᠠᠮᠤᠷ ᠲᠦᠪᠰᠢᠨᠵᠢᠯᠳᠠ ᠵᠢ ᠡᠷᠡᠰ ᠡᠰᠡᠷᠭᠦᠴᠡᠵᠦ᠂ ᠡᠯ᠎ᠡ ᠵᠦᠢ᠍ᠯ᠎ᠤᠨ ᠭᠡᠯᠪᠡᠷᠢ ᠵᠢᠨ ᠭᠠᠭᠴᠠ ᠲᠠᠯᠠᠲᠤ ᠦᠵᠡᠯ᠂ ᠬᠠᠮᠠᠭ᠋ᠠᠯᠠᠬᠤ ᠦᠵᠡᠯ᠎ᠢ ᠡᠰᠡᠷᠭᠦᠴᠡᠵᠦ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠵᠢᠨ ᠴᠢᠯᠦᠭᠡᠵᠢᠯᠲᠡ ᠳᠥᠭᠦᠮᠵᠢᠯᠲᠡ ᠵᠢ ᠡᠷᠡᠰ ᠠᠬᠢᠭᠤᠯᠵᠤ᠂ ᠳᠡᠯᠡᠬᠡᠢ ᠵᠢᠨ ᠠᠵᠤ ᠠᠬᠤᠢ ᠵᠢᠨ ᠡᠷᠡᠭᠦᠯ ᠬᠥᠭᠵᠢᠯᠲᠡ ᠵᠢ ᠬᠠᠷᠰᠢᠯᠠᠵᠤ ᠪᠠᠢ᠌ᠭ᠎ᠠ ᠪᠦᠲᠦᠴᠡ ᠵᠢᠨ ᠴᠢᠨᠠᠷᠲᠠᠢ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠠᠵᠤ ᠠᠬᠤᠢ ᠵᠢᠨ ᠳᠡᠯᠡᠬᠡᠢ᠌ᠵᠢᠯᠲᠡ ᠵᠢᠨ ᠨᠡᠩ ᠨᠡᠭᠡᠭᠡᠯᠲᠡᠲᠡᠢ᠂ ᠪᠠᠭᠲᠠᠭ᠋ᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ ᠴᠢᠭᠯᠡᠯ ᠲᠡᠢ᠌ᠰᠢ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠣᠳᠣᠬᠠᠨ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠳᠤ ᠭᠠᠳᠠᠭ᠋ᠠᠳᠤ ᠬᠠᠷᠢᠯᠴᠠᠭ᠋ᠠᠨ᠎ᠤ ᠠᠵᠢᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠤᠨ ᠭᠠᠳᠠᠭ᠋ᠠᠳᠤ ᠬᠠᠷᠢᠯᠴᠠᠭ᠋ᠠᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠠᠷᠠᠯᠲᠠ ᠡᠭᠦᠷᠭᠡ᠎ᠪᠠᠷ ᠪᠠᠷᠢᠮᠵᠢᠶᠠᠯᠠᠵᠤ᠂ ᠪᠡᠶ᠎ᠡ᠎ᠳᠡᠭᠡᠨ ᠢᠲᠡᠭᠡᠯ᠎ᠲᠠᠢ ᠪᠡᠶ᠎ᠡ᠎ᠪᠠᠨ ᠳᠠᠭ᠋ᠠᠭ᠋ᠠᠬᠤ᠂ ᠨᠡᠭᠡᠭᠡᠯᠲᠡᠲᠡᠢ ᠪᠠᠭᠲᠠᠭ᠋ᠠᠮᠵᠢᠲᠠᠢ᠂ ᠲᠥᠪ ᠭᠣᠣᠯᠴᠢ ᠰᠢᠳᠤᠷᠭᠤ ᠴᠢᠬᠡᠴᠢ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠦᠷᠲᠡᠭᠦ ᠴᠢᠭᠯᠡᠯᠲᠡ ᠵᠠᠷᠴᠢᠮ᠎ᠢ ᠪᠠᠷᠢᠮᠲᠠᠯᠠᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠬᠤ ᠡᠨᠡ ᠬᠦ᠌ ᠭᠣᠣᠯ ᠰᠢᠵᠢᠮ᠎ᠤᠨ ᠲᠣᠭᠣᠷᠢᠨ᠎ᠳᠤ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠴᠢᠩᠭ᠋ᠠᠳᠬᠠᠵᠤ᠂ ᠭᠠᠳᠠᠭ᠋ᠠᠳᠤ ᠬᠠᠷᠢᠯᠴᠠᠭ᠋ᠠᠨ᠎ᠤ ᠪᠠᠢ᠌ᠷᠢᠯᠠᠭᠤᠯᠤᠯᠲᠠ ᠵᠢ ᠭᠦᠨᠵᠡᠭᠡᠢ᠌ᠷᠡᠭᠦᠯᠦᠨ ᠲᠡᠭᠦᠯᠳᠡᠷᠵᠢᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠳᠣᠪᠤᠢ᠌ᠯᠭ᠋ᠠᠵᠤ᠂ ᠰᠢᠰᠲ᠋ᠧᠮ᠎ᠤᠨ ᠰᠡᠳᠬᠢᠬᠦᠢ ᠵᠢ ᠬᠡᠷᠡᠭᠯᠡᠵᠦ᠂ ᠨᠡᠩ ᠢᠯᠡᠭᠦᠦ ᠪᠡᠶᠡᠲᠦ᠎ᠪᠠᠷ᠂ ᠶᠡᠷᠦᠩᠬᠡᠢ᠎ᠳᠤᠨᠢ ᠭᠠᠳᠠᠭ᠋ᠠᠳᠤ ᠬᠠᠷᠢᠯᠴᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠡᠭᠦᠷᠭᠡ ᠵᠢ ᠲᠣᠳᠣᠷᠬᠠᠢ᠌ᠯᠠᠵᠤ᠂ ᠨᠠᠩ ᠢᠳᠡᠪᠬᠢᠲᠡᠢ ᠰᠠᠨᠠᠭ᠋ᠠᠴᠢᠯᠠᠭ᠎ᠠ᠎ᠲᠠᠢ ᠲᠡᠦᠬᠡᠲᠦ ᠡᠭᠦᠷᠭᠡᠯᠡᠯ ᠵᠶ᠋ᠡᠷ᠂ ᠨᠠᠩ ᠠᠮᠢᠵᠢᠷᠠᠯ᠎ᠤᠨ ᠬᠦᠴᠦᠨ᠎ᠲᠠᠢ ᠡᠭᠦᠳᠦᠨ ᠪᠦᠲᠦᠭᠡᠬᠦ ᠵᠣᠷᠢᠭ ᠰᠠᠨᠠᠭ᠎ᠠ᠎ᠪᠠᠷ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠰᠢᠨ᠎ᠡ ᠪᠠᠢ᠌ᠳᠠᠯ᠎ᠢ ᠡᠭᠦᠳᠦᠨ ᠨᠡᠭᠡᠭᠡᠬᠦ ᠬᠡᠷᠡᠭᠲᠡᠢ ᠭᠡᠵᠦ ᠱᠠᠭ᠋ᠠᠷᠳᠠᠪᠠ᠃
    ᠬᠤᠷᠠᠯ᠎ᠠᠴᠠ᠂ ᠭᠠᠳᠠᠭ᠋ᠠᠳᠤ ᠬᠠᠷᠢᠯᠴᠠᠭ᠋ᠠᠨ᠎ᠤ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠪᠣᠯ ᠰᠢᠨ᠎ᠡ ᠠᠶᠠᠨ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠰᠢᠨ᠎ᠡ ᠪᠠᠢ᠌ᠳᠠᠯ᠎ᠢ ᠡᠭᠦᠳᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠨᠡᠩ ᠰᠠᠢ᠌ᠲᠤᠷ ᠲᠤᠯᠭ᠋ᠠᠭᠤᠷᠢᠯᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠦᠵᠡᠯ ᠰᠠᠨᠠᠭ᠎ᠠ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠳᠬᠠᠵᠤ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠭᠠᠳᠠᠭ᠋ᠠᠳᠤ ᠬᠠᠷᠢᠯᠴᠠᠭ᠋ᠠᠨ᠎ᠤ ᠡᠩᠨᠡᠭᠡᠨ᠎ᠤ ᠪᠠᠢ᠌ᠭᠤᠯᠤᠯᠲᠠ ᠵᠢ ᠠᠬᠢᠭᠤᠯᠵᠤ᠂ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ᠂ ᠤᠷᠢᠳᠴᠢᠯᠠᠨ ᠮᠡᠳᠡᠬᠦ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠲᠠᠰᠤᠷᠠᠯᠳᠠ ᠦᠭᠡᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠡᠷᠬᠡᠪᠰᠢ ᠭᠠᠳᠠᠭ᠋ᠠᠳᠤ ᠬᠠᠷᠢᠯᠴᠠᠭ᠋ᠠᠨ᠎ᠤ ᠶᠡᠬᠡ ᠡᠷᠬᠡ ᠨᠠᠮ᠎ᠤᠨ ᠲᠥᠪ ᠬᠣᠷᠢᠶ᠎ᠠ᠎ᠳᠤ ᠪᠠᠢ᠌ᠬᠤ ᠵᠢ ᠡᠷᠡᠰ ᠭᠤᠢ᠌ᠪᠢᠰᠢ ᠦᠭᠡᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠤᠬᠠᠮᠰᠠᠷ᠎ᠠᠴᠠ᠎ᠪᠠᠨ ᠪᠠᠷᠢᠮᠲᠠᠯᠠᠵᠤ᠂ ᠨᠠᠮ᠎ᠤᠨ ᠭᠠᠳᠠᠭ᠋ᠠᠳᠤ ᠬᠠᠷᠢᠯᠴᠠᠭ᠋ᠠᠨ᠎ᠤ ᠠᠵᠢᠯ᠎ᠢ ᠤᠳᠤᠷᠢᠳᠬᠤ ᠪᠠᠢ᠌ᠭᠤᠯᠤᠮᠵᠢ ᠲᠣᠭᠲᠠᠴᠠ ᠵᠢ ᠴᠢᠨᠠᠭᠰᠢᠳᠠ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ ᠵᠢ ᠪᠠᠭᠲᠠᠭ᠋ᠠᠵᠤ᠂ ᠵᠣᠬᠢᠴᠠᠭᠤᠯᠤᠨ ᠬᠠᠮᠵᠢᠯᠴᠠᠵᠤ᠂ ᠨᠠᠮ᠎ᠤᠨ ᠲᠥᠪ ᠬᠣᠷᠢᠶ᠎ᠠ ᠵᠢᠨ ᠭᠠᠳᠠᠭ᠋ᠠᠳᠤ ᠶᠠᠪᠤᠳᠠᠯ᠎ᠤᠨ ᠠᠵᠢᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
    ᠸᠠᠩ ᠢ ᠳ᠋ᠦᠩᠨᠡᠯᠲᠡ ᠵᠢᠨ ᠶᠠᠷᠢᠶ᠎ᠠ ᠲᠠᠯᠪᠢᠪᠠ᠃ ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠭᠠᠳᠠᠭ᠋ᠠᠳᠤ᠎ᠲᠠᠢ ᠬᠣᠯᠪᠤᠭ᠎ᠠ ᠠᠪᠬᠤ ᠬᠡᠯᠲᠡᠰ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠠᠮᠲᠤᠷᠠᠭᠰᠠᠨ ᠱᠲ᠋ᠠᠪ᠎ᠤᠨ ᠭᠠᠵᠠᠷ᠂ ᠶᠦᠨᠨᠠᠨ ᠮᠤᠵᠢ ᠵᠢᠨ ᠬᠠᠷᠢᠭᠤᠴᠠᠯᠭ᠋ᠠᠲᠠᠨ ᠨᠥᠬᠥᠳ ᠵᠢᠴᠢ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ᠎ᠳᠤ ᠪᠠᠢ᠌ᠩᠭᠤ ᠰᠠᠭᠤᠭ᠎ᠠ ᠲᠥᠯᠥᠭᠡᠯᠡᠭᠴᠢᠳ᠎ᠤᠨ ᠪᠦᠯᠭᠦᠮ᠎ᠤᠨ ᠲᠥᠯᠥᠭᠡᠯᠡᠭᠴᠢ ᠰᠠᠨᠠᠯ ᠵᠶ᠋ᠠᠨ ᠰᠣᠯᠢᠯᠴᠠᠬᠤ ᠦᠭᠡ ᠬᠡᠯᠡᠵᠡᠢ᠃
    ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ᠂ ᠲᠦᠷᠦ ᠵᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠳᠠᠷᠤᠭ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠣᠯᠪᠣᠭᠳᠠᠯ ᠪᠦᠬᠦᠢ ᠤᠳᠤᠷᠢᠳᠬᠤ ᠨᠥᠬᠥᠳ ᠬᠤᠷᠠᠯ᠎ᠳᠤ ᠣᠷᠣᠯᠴᠠᠪᠠ᠃
    ᠲᠥᠪ᠎ᠤᠨ ᠭᠠᠳᠠᠭ᠋ᠠᠳᠤ ᠶᠠᠪᠤᠳᠠᠯ᠎ᠤᠨ ᠠᠵᠢᠯ᠎ᠤᠨ ᠵᠥᠪᠯᠡᠯ᠎ᠤᠨ ᠭᠡᠰᠢᠭᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠪᠣᠯᠣᠨ ᠲᠤᠰᠠᠭ᠋ᠠᠷ ᠲᠥᠯᠥᠪᠯᠡᠭᠡᠲᠦ ᠬᠤᠳᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠠᠷᠠᠳ᠎ᠤᠨ ᠪᠦᠯᠭᠦᠮ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠲᠥᠪ᠎ᠠᠴᠠ ᠬᠠᠮᠢᠶᠠᠷᠴᠤ ᠪᠠᠢ᠌ᠭ᠎ᠠ ᠬᠡᠰᠡᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠭᠣᠣᠯ ᠬᠠᠷᠢᠭᠤᠴᠠᠯᠭ᠋ᠠᠲᠠᠨ ᠨᠥᠬᠥᠳ᠂ ᠭᠠᠳᠠᠭ᠋ᠠᠳᠤ᠎ᠳᠤ ᠰᠠᠭᠤᠭ᠎ᠠ ᠡᠯᠴᠢᠨ ᠰᠠᠢ᠌ᠳ᠂ ᠡᠯᠴᠢᠨ ᠰᠠᠢ᠌ᠳ᠎ᠤᠨ ᠴᠣᠯᠠ᠎ᠲᠠᠢ ᠶᠡᠷᠦᠩᠬᠡᠢ ᠺᠣᠨᠰᠦ᠋ᠯ᠂ ᠤᠯᠠᠨ ᠤᠯᠤᠰ᠎ᠤᠨ ᠵᠣᠬᠢᠶᠠᠨ ᠪᠠᠢ᠌ᠭᠤᠯᠤᠯᠲᠠ᠎ᠳᠤ ᠰᠠᠭᠤᠭ᠎ᠠ ᠲᠥᠯᠥᠭᠡᠯᠡᠭᠴᠢ ᠨᠠᠷ ᠬᠤᠷᠠᠯ᠎ᠳᠤ ᠣᠷᠣᠯᠴᠠᠪᠠ᠃
    (ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 28᠎ᠤ ᠴᠠᠭᠢᠯᠭ᠋ᠠᠨ ᠮᠡᠳᠡᠭᠡ)

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠤᠯᠤᠰ᠎ᠤᠨ ᠲᠡᠷᠢᠭᠦᠯᠡᠭᠴᠢ ᠰᠢ ᠵᠢᠨ ᠫᠢᠩ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠶ᠋ᠢᠲᠡᠯᠡᠪᠡ
ᠠᠩᠬᠠᠷᠤᠯ ᠵᠶ᠋ᠠᠨ ᠬᠠᠨᠳᠤᠭᠤᠯᠤᠮᠤ! ᠪᠠᠷᠠᠭᠤᠨ ᠣᠷᠣᠨ᠎ᠤ ᠲᠥᠯᠥᠪᠯᠡᠭᠡ᠎ᠳᠤ ᠨᠡᠷ᠎ᠡ ᠮᠡᠳᠡᠭᠦᠯᠵᠦ ᠡᠬᠢᠯᠡᠪᠡ
《ᠰᠢ ᠵᠢᠨ ᠫᠢᠩ᠎ᠤᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠲᠤᠬᠠᠢ ᠥᠭᠦᠯᠡᠯᠲᠡ ᠵᠢᠨ ᠲᠡᠭᠦᠪᠦᠷᠢ》 ᠵᠢ ᠬᠡᠪᠯᠡᠨ ᠲᠠᠷᠬᠠᠭ᠋ᠠᠪᠠ
ᠰᠢ ᠵᠢᠨ ᠫᠢᠩ ᠮᠣᠩᠭᠤᠯ ᠤᠯᠤᠰ᠎ᠤᠨ ᠶᠡᠷᠦᠩᠬᠡᠢ ᠰᠠᠶ᠋ᠢᠳ ᠣᠶᠤᠨ᠋ᠡᠷᠳᠡᠨᠢ᠎ᠲᠠᠢ ᠠᠭᠤᠯᠵᠠᠪᠠ
《ᠶᠡᠷᠦᠩᠬᠡᠢ ᠱᠦᠵᠢ ᠰᠢ ᠵᠢᠨ ᠫᠢᠩ᠎ᠤᠨ ᠰᠦᠯᠵᠢᠶᠡᠨ᠎ᠤ ᠬᠦᠴᠦᠷᠬᠡᠭ ᠤᠯᠤᠰ᠎ᠤᠨ ᠲᠤᠬᠠᠢ ᠴᠢᠬᠤᠯᠠ ᠦᠵᠡᠯ ᠰᠠᠨᠠᠭ᠋ᠠᠨ᠎ᠤ ᠬᠤᠷᠢᠶᠠᠩᠭᠤᠢ》 ᠭᠡᠬᠦ ᠨᠣᠮ᠎ᠢ ᠬᠡᠪᠯᠡᠨ ᠲᠠᠷᠬᠠᠭ᠋ᠠᠪᠠ
 
            