2 ᠰᠠᠷ᠎ᠠ ᠵᠢᠨ 16᠎ᠤ ᠡᠳᠦᠷ ᠬᠡᠪᠯᠡᠭᠳᠡᠭᠰᠡᠨ 4 ᠳ᠋ᠦ᠍ᠭᠡᠷ ᠬᠤᠭᠤᠴᠠᠭ᠋ᠠᠨ᠎ᠤ 《ᠦᠨᠡᠨ》 ᠰᠡᠳᠬᠦᠯ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ 2022 ᠣᠨ᠎ᠤ 12 ᠰᠠᠷ᠎ᠠ ᠵᠢᠨ 15᠎ᠤ ᠡᠳᠦᠷ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠨᠢᠭᠡ ᠬᠡᠰᠡᠭ ᠪᠤᠯᠬᠤ 《ᠣᠳᠣᠬᠠᠨ᠎ᠤ ᠠᠵᠤ ᠠᠬᠤᠢ ᠵᠢᠨ ᠠᠵᠢᠯ᠎ᠤᠨ ᠬᠡᠳᠦᠨ ᠴᠢᠬᠤᠯᠠ ᠶᠡᠭᠡ ᠠᠰᠠᠭᠤᠳᠠᠯ》᠎ᠢ ᠨᠡᠶ᠋ᠢᠲᠡᠯᠡᠪᠡ᠃
ᠵᠣᠬᠢᠶᠠᠯ᠎ᠳᠤ᠂ 2023 ᠣᠨ᠎ᠤ ᠠᠵᠤ ᠠᠬᠤᠢ ᠵᠢᠨ ᠠᠵᠢᠯ ᠮᠢᠩᠭ᠎ᠠ ᠲᠦᠮᠡᠨ ᠵᠦᠢ᠍ᠯ ᠪᠠᠶ᠋ᠢᠵᠤ᠂ ᠪᠠᠶ᠋ᠢᠯᠳᠤᠬᠤ ᠪᠣᠳᠣᠯᠭ᠎ᠠ ᠵᠢᠨ ᠪᠦᠭᠦ ᠲᠠᠯ᠎ᠠ᠎ᠠᠴᠠ ᠡᠭᠦᠰᠴᠦ᠂ ᠭᠤᠣᠯ ᠵᠥᠷᠢᠴᠡᠯ᠎ᠢ ᠠᠳᠬᠤᠵᠤ᠂ ᠨᠡᠶ᠋ᠢᠭᠡᠮ᠎ᠤᠨ ᠰᠡᠳᠬᠢᠴᠡ ᠵᠢᠨ ᠵᠢᠱ᠌ᠢᠯᠲᠡ ᠵᠢ ᠰᠠᠶ᠋ᠢᠵᠢᠷᠠᠭᠤᠯᠬᠤ᠂ ᠬᠥᠭᠵᠢᠯᠲᠡ ᠵᠢᠨ ᠢᠲᠡᠭᠡᠯ᠎ᠢ ᠬᠥᠭᠵᠢᠭᠡᠬᠦ᠎ᠠᠴᠠ ᠭᠠᠷᠳᠠᠵᠤ᠂ ᠴᠢᠬᠤᠯᠠ ᠶᠡᠭᠡ ᠵᠠᠩᠭᠢᠯᠠᠭ᠎ᠠ ᠵᠢᠨ ᠭᠤᠭᠴᠤᠭ᠎ᠠ ᠵᠢ ᠠᠳᠬᠤᠵᠤ᠂ ᠬᠥᠲᠥᠯᠪᠦᠷᠢ ᠵᠢ ᠠᠳᠬᠤᠪᠠᠯ ᠠᠯᠢᠪᠠ ᠪᠦᠭᠦᠨ᠎ᠨᠢ ᠳᠠᠭ᠋ᠠᠯᠳᠤᠨ ᠰᠢᠢ᠍ᠳᠪᠦᠷᠢᠯᠡᠭᠳᠡᠬᠦ ᠪᠣᠯᠣᠨ᠎ᠠ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠬᠦᠴᠦᠯᠡᠨ ᠥᠷᠭᠡᠳᠬᠡᠬᠦ ᠬᠡᠷᠡᠭᠲᠡᠢ᠃ ᠶᠡᠷᠦᠩᠬᠡᠢ ᠬᠡᠷᠡᠭᠴᠡᠭᠡ ᠬᠦᠷᠦᠯᠴᠡᠬᠦ ᠦᠭᠡᠢ ᠪᠠᠶ᠋ᠢᠬᠤ ᠪᠣᠯ ᠣᠳᠣᠬᠠᠨ᠎ᠤ ᠠᠵᠤ ᠠᠬᠤᠢ ᠵᠢᠨ ᠠᠵᠢᠯᠯᠠᠭ᠋ᠠᠨ᠎ᠳᠤ ᠲᠤᠯᠭ᠋ᠠᠷᠠᠵᠤ ᠪᠠᠶ᠋ᠢᠭ᠎ᠠ ᠲᠣᠪᠣᠶ᠋ᠢᠮ᠎ᠠ ᠵᠥᠷᠢᠴᠡᠯ ᠮᠥᠨ᠃ ᠡᠷᠬᠡᠪᠰᠢ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢ ᠶᠡᠭᠡ᠎ᠪᠠᠷ ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠶ᠋ᠢᠭᠡᠮ᠎ᠤᠨ ᠲᠠᠭᠢᠨ ᠦᠢ᠍ᠯᠡᠳᠪᠦᠷᠢᠯᠡᠯ᠎ᠤᠨ ᠰᠠᠶ᠋ᠢᠨ ᠣᠷᠴᠢᠯ᠎ᠢ ᠪᠡᠶᠡᠯᠡᠭᠦᠯᠬᠦ ᠬᠡᠷᠡᠭᠲᠡᠢ᠃ ᠲᠦᠷᠤ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠯᠢᠳᠡᠭᠵᠢᠭᠦᠯᠵᠦ᠂ ᠬᠡᠷᠡᠭᠯᠡᠭᠡ ᠵᠢᠨ ᠰᠠᠭᠤᠷᠢ ᠦᠢ᠍ᠯᠡᠳᠦᠯ ᠪᠣᠯᠣᠨ ᠪᠡᠯᠡ ᠣᠷᠣᠭᠤᠯᠤᠯᠲᠠ ᠵᠢᠨ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠢ᠃ ᠨᠢᠭᠡ᠎ᠳᠤ᠂ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠬᠡᠷᠡᠭᠲᠡᠢ᠃ ᠬᠤᠶᠠᠷ᠎ᠲᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠪᠠ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠷ ᠳᠠᠮᠵᠢᠭᠤᠯᠤᠨ ᠪᠦᠭᠦ ᠨᠡᠶ᠋ᠢᠭᠡᠮ᠎ᠤᠨ ᠪᠡᠯᠡ ᠣᠷᠣᠭᠤᠯᠤᠯᠲᠠ ᠵᠢ ᠪᠦᠲᠦᠮᠵᠢᠲᠡᠶ ᠳᠠᠶ᠋ᠢᠴᠢᠯᠠᠬᠤ ᠬᠡᠷᠡᠭᠲᠡᠢ᠃ ᠭᠠᠳᠠᠭ᠋ᠠᠳᠤ ᠭᠠᠷᠭ᠋ᠠᠯᠲᠠ ᠵᠢᠨ ᠠᠵᠤ ᠠᠬᠤᠢ᠎ᠳᠤ ᠦᠵᠡᠭᠦᠯᠭᠦ ᠲᠤᠯᠭ᠋ᠠᠭᠤᠷᠢᠯᠠᠬᠤ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠠᠷᠠᠯᠵᠢᠶᠠᠨ᠎ᠤ ᠬᠦᠴᠦᠷᠬᠡᠭ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠪᠢᠳᠡ ᠳᠣᠲᠣᠷ ᠲᠠᠮᠢᠷ ᠵᠶ᠋ᠠᠨ ᠰᠠᠶ᠋ᠢᠲᠤᠷ ᠪᠣᠯᠪᠠᠰᠤᠷᠠᠵᠤ᠂ ᠯᠠᠪᠳᠠᠭᠤᠨ ᠪᠠᠲᠤᠲᠠᠢ ᠵᠣᠬᠰᠣᠬᠤ ᠬᠡᠷᠡᠭᠲᠡᠢ᠃ ᠮᠠᠨ᠎ᠤ ᠤᠯᠤᠰ᠎ᠲᠤ ᠳᠡᠯᠡᠬᠡᠢ ᠳᠡᠭᠡᠷᠡᠬᠢ ᠬᠠᠮᠤᠭ᠎ᠤᠨ ᠪᠦᠷᠢᠨ ᠪᠦᠲᠦᠨ ᠠᠵᠤ ᠦᠢ᠍ᠯᠡᠰ᠎ᠤᠨ ᠰᠢᠰᠲ᠋ᠧᠮ ᠪᠠ ᠲᠠᠯᠳᠠ ᠬᠦᠴᠦᠨ ᠵᠶ᠋ᠠᠷ ᠬᠠᠮᠤᠭ᠎ᠤᠨ ᠶᠡᠭᠡ ᠳᠣᠲᠣᠭ᠋ᠠᠳᠤ ᠬᠡᠷᠡᠭᠴᠡᠭᠡ ᠵᠢᠨ ᠵᠠᠬ᠎ᠠ ᠳᠡᠯᠭᠡᠭᠦᠷ ᠪᠠᠶ᠋ᠢᠨ᠎ᠠ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠳᠤᠲᠠᠭᠤᠳᠠᠯ ᠵᠶ᠋ᠠᠨ ᠱᠠᠯᠠᠪᠳᠠᠨ ᠨᠥᠬᠦᠪᠦᠷᠢᠯᠡᠵᠦ᠂ ᠳᠠᠪᠠᠭᠤᠯᠢᠭ ᠲᠠᠯ᠎ᠠ᠎ᠪᠠᠨ ᠪᠤᠯᠪᠠᠰᠤᠷᠠᠭᠤᠯᠬᠤ ᠬᠡᠷᠡᠭᠲᠡᠢ᠃ ᠨᠢᠭᠡ᠎ᠳᠤ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠮᠠᠨ᠎ᠤ ᠤᠯᠤᠰ᠎ᠤᠨ ᠠᠵᠤ ᠠᠬᠤᠢ ᠡᠷᠬᠡᠪᠰᠢ ᠤᠯᠤᠰ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠠᠷᠠᠳ᠎ᠤᠨ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠵᠤ᠂ ᠰᠠᠭᠤᠷᠢ ᠲᠥᠬᠦᠭᠡᠷᠦᠮᠵᠢ᠂ ᠰᠠᠭᠤᠷᠢ ᠠᠵᠤ ᠦᠢ᠍ᠯᠡᠰ᠎ᠤᠨ ᠶᠡᠷᠦᠩᠬᠡᠢ ᠴᠣᠭᠴᠠ ᠵᠢᠨ ᠬᠡᠪ᠎ᠤᠨ ᠡᠷᠭᠢᠯᠲᠡ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠤᠶᠠᠷ᠎ᠲᠤ᠂ ᠠᠵᠤ ᠦᠢ᠍ᠯᠡᠰ᠎ᠤᠨ ᠰᠢᠰᠲ᠋ᠧᠮ᠎ᠤᠨ ᠲᠡᠰ ᠲᠡᠪᠰᠢᠨ ᠭᠦᠭᠵᠢᠭᠦ ᠵᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ᠎ᠲᠠᠢ ᠬᠦᠷᠢᠶᠡᠨ᠎ᠳᠤ ᠤᠷᠢᠳᠴᠢᠯᠠᠨ ᠪᠠᠶ᠋ᠢᠷᠢᠯᠠᠭᠤᠯᠵᠤ᠂ ᠠᠵᠤ ᠦᠢ᠍ᠯᠡᠰ᠎ᠤᠨ ᠰᠢᠰᠲ᠋ᠧᠮ᠎ᠤᠨ ᠣᠳᠣᠬᠢᠴᠢᠯᠠᠯᠲᠠ ᠵᠢᠨ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠢ᠍ᠯᠡᠰ᠎ᠤᠨ ᠲᠡᠷᠢᠭᠦᠨ᠎ᠤ ᠪᠠᠶ᠋ᠢᠷᠢ ᠰᠠᠭᠤᠷᠢ ᠵᠢ ᠪᠠᠬᠢᠵᠢᠭᠦᠯᠬᠦ᠎ᠪᠠᠷ ᠪᠠᠷᠠᠬᠤ ᠦᠭᠡᠢ ᠪᠠᠰᠠ ᠰᠢᠨ᠎ᠡ ᠥᠷᠢᠰᠦᠯᠳᠦᠭᠡᠨ᠎ᠤ ᠳᠠᠪᠠᠭᠤᠯᠢᠭ᠎ᠢ ᠡᠭᠦᠳᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ 《ᠬᠤᠶᠠᠷ ᠡᠷᠡᠰ ᠭᠤᠶ᠋ᠢᠪᠢᠰᠢ ᠦᠭᠡᠢ》 ᠪᠠᠶ᠋ᠢᠬᠤ ᠵᠢ ᠦᠨᠡᠨ ᠬᠦ᠌ ᠨᠠᠶ᠋ᠢᠳᠠᠪᠤᠷᠢᠵᠢᠭᠤᠯᠬᠤ ᠬᠡᠷᠡᠭᠲᠡᠢ᠃ ᠪᠢᠳᠡ ᠡᠷᠬᠡᠪᠰᠢ ᠣᠪᠣᠷ ᠵᠶ᠋ᠠᠨ ᠲᠣᠳᠣᠷᠬᠠᠢ ᠢᠯᠡᠳᠬᠡᠵᠦ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠥᠭᠡᠷᠡᠴᠢᠯᠡᠯᠲᠡ ᠵᠢᠨ ᠴᠢᠭᠯᠡᠯ᠎ᠢ ᠢᠮᠠᠭᠲᠠ ᠪᠠᠷᠢᠮᠲᠠᠯᠠᠵᠤ᠂ 《ᠬᠤᠶᠠᠷ ᠡᠷᠡᠰ ᠭᠤᠶ᠋ᠢᠪᠢᠰᠢ ᠦᠭᠡᠢ》 ᠪᠠᠶ᠋ᠢᠬᠤ ᠵᠢ ᠪᠠᠷᠢᠮᠲᠠᠯᠠᠬᠤ ᠬᠡᠷᠡᠭᠲᠡᠢ᠃ ᠨᠢᠭᠡ᠎ᠳᠤ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠭᠤᠣᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠬᠤᠶᠠᠷ᠎ᠲᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠣᠷᠴᠢᠨ᠎ᠢ ᠰᠢᠯᠢᠳᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ ᠨᠡᠩ ᠶᠡᠭᠡ ᠡᠷᠴᠢᠮ ᠵᠶ᠋ᠠᠷ ᠭᠠᠳᠠᠭ᠋ᠠᠳᠤ ᠪᠡᠯᠡ ᠵᠢ ᠲᠠᠲᠠᠨ ᠠᠪᠴᠢᠷᠠᠬᠤ ᠪᠠ ᠠᠰᠢᠭᠯᠠᠬᠤ ᠬᠡᠷᠡᠭᠲᠡᠢ᠃ ᠪᠦᠭᠦ ᠪᠥᠮᠪᠥᠷᠴᠡᠭ᠎ᠢ ᠠᠵᠢᠭᠯᠠᠪᠠᠯ᠂ ᠬᠥᠭᠵᠢᠭᠰᠡᠨ ᠤᠯᠤᠰ ᠪᠠ ᠰᠢᠨ᠎ᠡ᠎ᠪᠠᠷ ᠮᠠᠨᠳᠤᠭᠰᠠᠨ ᠠᠵᠤ ᠠᠬᠤᠢ ᠵᠢᠨ ᠴᠣᠭᠴᠠ ᠴᠥᠮ ᠭᠠᠳᠠᠭ᠋ᠠᠳᠤ ᠪᠡᠯᠡ ᠵᠢ ᠲᠠᠳᠠᠨ ᠠᠪᠴᠢᠷᠠᠬᠤ ᠪᠠ ᠠᠰᠢᠭᠯᠠᠬᠤ ᠵᠢ ᠤᠯᠤᠰ᠎ᠤᠨ ᠴᠢᠬᠤᠯᠠ ᠶᠡᠭᠡ ᠪᠣᠳᠣᠯᠭ᠎ᠠ ᠪᠤᠯᠭ᠋ᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠤᠯᠠᠨ ᠤᠯᠤᠰ᠎ᠤᠨ ᠥᠷᠢᠰᠦᠯᠳᠦᠭᠡᠨ ᠨᠡᠩ ᠰᠢᠷᠦᠭᠦᠰᠴᠦ ᠪᠠᠶ᠋ᠢᠨ᠎ᠠ᠃ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠮᠠᠨ᠎ᠤ ᠤᠯᠤᠰ᠎ᠤᠨ ᠭᠡᠳᠦ ᠶᠡᠭᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠲᠤ ᠲᠦᠰᠢᠭᠯᠡᠨ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ ᠵᠶ᠋ᠠᠷ ᠪᠦᠭᠦ ᠪᠥᠮᠪᠥᠷᠴᠡᠭ᠎ᠤᠨ ᠡᠬᠢ ᠪᠠᠶᠠᠯᠢᠭ᠎ᠤᠨ ᠡᠯᠧᠮᠧᠨ᠋ᠲ᠎ᠢ ᠲᠠᠲᠠᠵᠤ᠂ ᠴᠢᠨᠠᠷ ᠰᠠᠶ᠋ᠢᠲᠠᠢ ᠨᠥᠭᠡᠴᠡ ᠭᠠᠳᠠᠭ᠋ᠠᠳᠤ ᠪᠡᠯᠡ ᠵᠢ ᠦᠯᠡᠳᠡᠭᠡᠬᠦ ᠪᠥᠭᠡᠳ ᠪᠠᠰᠠ ᠨᠡᠩ ᠤᠯᠠᠨ ᠴᠢᠨᠠᠷ ᠰᠠᠶ᠋ᠢᠲᠠᠢ ᠭᠠᠳᠠᠭ᠋ᠠᠳᠤ ᠪᠡᠯᠡ ᠵᠢ ᠲᠠᠲᠠᠨ ᠠᠪᠴᠢᠷᠠᠵᠤ᠂ ᠠᠷᠠᠯᠵᠢᠶᠠᠨ᠎ᠤ ᠪᠡᠯᠡ ᠣᠷᠣᠭᠤᠯᠤᠯᠲᠠ ᠵᠢᠨ ᠬᠠᠮᠲᠤᠷᠠᠯᠴᠠᠭ᠋ᠠᠨ᠎ᠤ ᠶᠠᠰᠤ ᠴᠢᠨᠠᠷ ᠪᠠ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠨᠢᠭᠡ᠎ᠳᠤ᠂ ᠵᠠᠬ᠎ᠠ ᠳᠡᠯᠭᠡᠭᠦᠷ᠎ᠲᠤ ᠣᠷᠣᠭᠤᠯᠬᠤ ᠵᠥᠪᠰᠢᠶᠡᠷᠡᠯ᠎ᠤᠨ ᠬᠡᠪᠴᠢᠶ᠎ᠡ ᠵᠢ ᠥᠷᠭᠡᠳᠬᠡᠬᠦ ᠬᠡᠷᠡᠭᠲᠡᠢ᠃ ᠬᠤᠶᠠᠷ᠎ᠲᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ᠎ᠢ ᠪᠦᠭᠦ ᠲᠠᠯ᠎ᠠ᠎ᠪᠠᠷ ᠰᠢᠯᠢᠳᠡᠭᠵᠢᠭᠦᠯᠬᠦ ᠬᠡᠷᠡᠭᠲᠡᠢ᠃ ᠭᠤᠷᠪᠠ᠎ᠳᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ ᠦᠢ᠍ᠯᠡᠴᠢᠯᠡᠬᠦ ᠠᠵᠢᠯ᠎ᠢ ᠬᠠᠨᠳᠤᠯᠭ᠋ᠠᠲᠤ ᠴᠢᠨᠠᠷᠲᠠᠢ᠎ᠪᠠᠷ ᠰᠠᠶ᠋ᠢᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ ᠠᠵᠤ ᠠᠬᠤᠢ ᠮᠥᠩᠭᠦᠨ ᠭᠦᠢ᠍ᠯᠭᠡᠭᠡᠨ᠎ᠤ ᠬᠦᠨᠳᠦ ᠶᠡᠭᠡ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠡᠷᠬᠡᠪᠰᠢ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ᠂ ᠬᠤᠯᠠ ᠣᠶ᠋ᠢᠷ᠎ᠠ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ ᠪᠠᠶ᠋ᠢᠬᠤ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠨᠢᠭᠡ᠎ᠳᠤ᠂ ᠭᠡᠷ ᠭᠠᠵᠠᠷ᠎ᠤᠨ ᠬᠥᠷᠥᠩᠭᠡ ᠵᠢᠨ ᠦᠢ᠍ᠯᠡᠰ᠎ᠠᠴᠠ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠵᠢ ᠰᠡᠷᠭᠡᠶ᠋ᠢᠯᠡᠬᠦ ᠬᠡᠷᠡᠭᠲᠡᠢ᠃ ᠬᠤᠶᠠᠷ᠎ᠲᠤ᠂ ᠮᠥᠩᠭᠦᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠭᠤᠷᠪᠠ᠎ᠳᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠣᠬᠢᠶᠠᠯ᠎ᠳᠤ᠂ 2023 ᠣᠨ᠎ᠳᠤ ᠪᠠᠰᠠ ᠮᠠᠰᠢ ᠤᠯᠠᠨ ᠴᠢᠬᠤᠯᠠ ᠠᠵᠢᠯ᠎ᠢ ᠬᠢᠬᠦ ᠬᠡᠷᠡᠭᠲᠡᠢ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠵᠤ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠪᠠᠶ᠋ᠢᠳᠠᠯ ᠢᠯᠡᠷᠡᠭᠦ ᠵᠢ ᠡᠷᠡᠰ ᠰᠡᠷᠭᠡᠶ᠋ᠢᠯᠡᠬᠦ ᠬᠡᠷᠡᠭᠲᠡᠢ᠃ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠲᠥᠯᠥᠪᠵᠢᠭᠦᠯᠬᠦ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠪᠠ ᠣᠷᠣᠨ ᠪᠦᠰᠡ ᠵᠢ ᠵᠣᠬᠢᠴᠠᠩᠭᠤᠢ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠣᠬᠢᠷᠳᠤᠯ ᠦᠭᠡᠢ ᠲᠡᠶ᠋ᠢᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃