ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠢᠷᠠᠨ᠎ᠤ ᠶᠡᠷᠦᠩᠬᠡᠶ᠋ᠢᠯᠡᠭᠴᠢ ᠯᠠᠶ᠋ᠢᠰᠢ᠎ᠲᠠᠢ ᠬᠡᠯᠡᠯᠴᠡᠭᠡ ᠬᠢᠪᠡ
ᠨᠡᠶ᠋ᠢᠲᠡᠯᠡᠭᠰᠡᠨ ᠴᠠᠭ᠄ 2023-02-15

   2 ᠰᠠᠷ᠎ᠠ ᠵᠢᠨ 14᠎ᠤ ᠦᠳᠡ ᠵᠢᠨ ᠬᠤᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠢᠷᠠᠨ᠎ᠤ ᠶᠡᠷᠦᠩᠬᠡᠶ᠋ᠢᠯᠡᠭᠴᠢ ᠯᠠᠶ᠋ᠢᠰᠢ᠎ᠲᠠᠢ ᠬᠡᠯᠡᠯᠴᠡᠭᠡ ᠬᠢᠪᠡ᠃



    2 ᠰᠠᠷ᠎ᠠ ᠵᠢᠨ 14᠎ᠤ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠢᠷᠠᠨ᠎ᠤ ᠶᠡᠷᠦᠩᠬᠡᠶ᠋ᠢᠯᠡᠭᠴᠢ ᠯᠠᠶ᠋ᠢᠰᠢ᠎ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ᠎ᠠᠴᠠ ᠡᠮᠦᠨ᠎ᠡ᠂ ᠰᠢ ᠵᠢᠨ ᠫᠢᠩ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠬᠤᠶ᠋ᠢᠲᠤ ᠶᠡᠭᠡ ᠲᠢᠩᠬᠢᠮ᠎ᠳᠤ ᠯᠠᠶ᠋ᠢᠰᠢ ᠵᠢ ᠤᠭᠲᠤᠬᠤ ᠶᠣᠰᠣᠯᠠᠯ ᠶᠠᠪᠤᠭᠳᠠᠭᠤᠯᠵᠤ ᠪᠠᠶ᠋ᠢᠭ᠎ᠠ᠎ᠨᠢ᠃
    ᠰᠢᠨᠬᠤᠸᠠ ᠬᠤᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ


    ᠰᠢ ᠵᠢᠨ ᠫᠢᠩ᠂ ᠳᠤᠮᠳᠠᠳᠤ ᠢᠷᠠᠨ ᠬᠤᠶᠠᠷ ᠤᠯᠤᠰ ᠨᠥᠭᠦᠷᠰᠡᠭ ᠤᠯᠠᠮᠵᠢᠯᠠᠯ᠎ᠲᠠᠢ ᠪᠠᠶ᠋ᠢᠵᠤ᠂ ᠬᠤᠶᠠᠷ ᠤᠯᠤᠰ᠎ᠤᠨ ᠬᠠᠷᠢᠯᠴᠠᠭ᠎ᠠ ᠡᠯ᠎ᠡ ᠵᠦᠢ᠍ᠯ᠎ᠤᠨ ᠳᠡᠯᠡᠬᠡᠢ ᠵᠢᠨ ᠤᠷᠪᠠᠭ᠋ᠠᠨ ᠬᠥᠷᠪᠡᠭᠡᠨ᠎ᠤ ᠰᠢᠯᠭ᠋ᠠᠯᠲᠠ ᠵᠢ ᠳᠠᠭ᠋ᠠᠭ᠋ᠠᠵᠤ ᠴᠢᠳᠠᠬᠤ ᠶᠤᠮ᠃ ᠣᠳᠣᠬᠠᠨ᠎ᠤ ᠳᠡᠯᠡᠬᠡᠢ ᠵᠢᠨ ᠬᠤᠪᠢᠷᠠᠯᠲᠠ᠂ ᠴᠠᠭ ᠦᠶ᠎ᠡ ᠵᠢᠨ ᠬᠤᠪᠢᠷᠠᠯᠲᠠ᠂ ᠲᠡᠦᠬᠡ ᠵᠢᠨ ᠬᠤᠪᠢᠷᠠᠯᠲᠠ ᠵᠢᠨ ᠪᠤᠳᠤᠯᠢᠶᠠᠨᠲᠠᠢ ᠪᠠᠶ᠋ᠢᠳᠠᠯ᠎ᠤᠨ ᠡᠮᠦᠨ᠎ᠡ᠂ ᠳᠤᠮᠳᠠᠳᠤ ᠢᠷᠠᠨ ᠬᠠᠷᠢᠯᠴᠠᠨ ᠳᠡᠮᠵᠢᠵᠦ᠂ ᠪᠦᠯᠬᠦᠮᠳᠡᠨ ᠬᠠᠮᠵᠢᠯᠴᠠᠵᠤ᠂ ᠭᠠᠷ ᠬᠤᠯᠪᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠵᠦ᠂ ᠪᠠᠶ᠋ᠢᠯᠳᠤᠬᠤ ᠪᠣᠳᠣᠯᠭ᠎ᠠ ᠵᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ᠂ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠭᠤᠨ ᠵᠶ᠋ᠠᠷ ᠠᠬᠢᠵᠤ᠂ ᠬᠠᠮᠲᠤ ᠵᠢᠨ ᠠᠰᠢᠭ ᠲᠤᠰᠠ ᠵᠢ ᠠᠬᠢᠭᠤᠯᠵᠤ᠂ ᠳᠡᠯᠡᠬᠡᠢ ᠵᠢᠨ ᠲᠥᠪ ᠭᠤᠤᠯᠴᠢ ᠰᠢᠳᠤᠷᠭᠤ ᠶᠣᠰᠣ ᠵᠢ ᠬᠠᠮᠠᠭ᠋ᠠᠯᠠᠵᠤ᠂ ᠳᠤᠮᠳᠠᠳᠤ ᠢᠷᠠᠨ᠎ᠤ ᠨᠥᠬᠦᠷᠯᠡᠯ᠎ᠤᠨ ᠰᠢᠨ᠎ᠡ ᠬᠠᠭᠤᠳᠠᠰᠤ ᠵᠢ ᠪᠢᠴᠢᠭᠯᠡᠪᠡ᠃ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠵᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠳᠡᠯᠡᠬᠡᠢ ᠵᠢᠨ ᠡᠩᠬᠡ ᠲᠠᠶ᠋ᠢᠪᠤᠩ᠎ᠢ ᠡᠷᠡᠰ ᠭᠤᠶ᠋ᠢᠪᠢᠰᠢ ᠦᠭᠡᠢ ᠬᠠᠮᠠᠭ᠋ᠠᠯᠠᠵᠤ᠂ ᠬᠠᠮᠲᠤ ᠵᠢᠨ ᠬᠥᠭᠵᠢᠯᠲᠡ ᠵᠢ ᠠᠬᠢᠭᠤᠯᠵᠤ ᠪᠠᠶ᠋ᠢᠨ᠎ᠠ᠃ ᠳᠤᠮᠳᠠᠳᠤ ᠤᠯᠤᠰ ᠢᠮᠠᠭᠲᠠ ᠪᠠᠶ᠋ᠢᠯᠳᠤᠬᠤ ᠪᠣᠳᠣᠯᠭ᠎ᠠ ᠵᠢᠨ ᠥᠨᠳᠥᠷᠴᠡ᠎ᠠᠴᠠ ᠳᠤᠮᠳᠠᠳᠤ ᠢᠷᠠᠨ᠎ᠤ ᠬᠠᠷᠢᠯᠴᠠᠭ᠎ᠠ᠎ᠳᠤ ᠬᠠᠨᠳᠤᠬᠤ ᠪᠠ ᠬᠥᠭᠵᠢᠭᠦᠯᠵᠦ᠂ ᠳᠡᠯᠡᠬᠡᠢ ᠵᠢᠨ ᠪᠠ ᠭᠠᠵᠠᠷ ᠣᠷᠣᠨ᠎ᠤ ᠪᠠᠶ᠋ᠢᠳᠠᠯ᠎ᠳᠤ ᠶᠠᠮᠠᠷ ᠬᠤᠪᠢᠷᠠᠯᠲᠠ ᠭᠠᠷᠤᠭᠰᠠᠨ ᠴᠤ᠌᠂ ᠳᠤᠮᠳᠠᠳᠤ ᠤᠯᠤᠰ ᠪᠦᠷ ᠢᠷᠠᠨ᠎ᠯᠤᠭ᠎ᠠ ᠵᠢᠨ ᠨᠥᠭᠦᠷᠰᠡᠭ ᠬᠠᠮᠲᠤᠷᠠᠯᠴᠠᠭ᠎ᠠ᠎ᠪᠠᠨ ᠡᠷᠡᠰ ᠭᠤᠶ᠋ᠢᠪᠢᠰᠢ ᠦᠭᠡᠢ ᠬᠥᠭᠵᠢᠭᠦᠯᠵᠦ᠂ ᠳᠤᠮᠳᠠᠳᠤ ᠢᠷᠠᠨ᠎ᠤ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ᠎ᠲᠠᠢ ᠪᠤᠯᠬᠤ ᠵᠢ ᠠᠬᠢᠭᠤᠯᠵᠤ᠂ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠵᠢᠨ ᠳᠤᠮᠳᠠ ᠳᠡᠯᠡᠬᠡᠢ ᠵᠢᠨ ᠡᠩᠬᠡ ᠲᠠᠶ᠋ᠢᠪᠤᠩ ᠪᠣᠯᠣᠨ ᠬᠥᠮᠥᠨ ᠲᠥᠷᠥᠯᠬᠢᠲᠡᠨ᠎ᠤ ᠲᠠᠪᠰᠢᠯᠳᠠ᠎ᠳᠤ ᠢᠳᠡᠪᠬᠢᠲᠡᠢ ᠦᠢ᠍ᠯᠡᠳᠦᠯ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠳᠤᠮᠳᠠᠳᠤ ᠵᠢᠨ ᠲᠠᠯ᠎ᠠ ᠢᠷᠠᠠ᠎ᠤ ᠲᠠᠯ᠎ᠠ ᠵᠢᠨ᠎ᠬᠢᠨ᠎ᠤ ᠤᠯᠤᠰ᠎ᠤᠨ ᠡᠷᠬᠡ ᠮᠡᠲᠡᠯ ᠲᠤᠰᠠᠭ᠋ᠠᠷ ᠲᠣᠭᠲᠠᠨᠢᠯ᠂ ᠨᠤᠲᠤᠭ ᠳᠡᠪᠢᠰᠬᠡᠷ᠎ᠤᠨ ᠪᠦᠷᠢᠨ ᠪᠦᠲᠦᠨ᠂ ᠦᠨᠳᠦᠰᠦᠲᠡᠨ᠎ᠤ ᠨᠡᠷ᠎ᠡ ᠬᠦᠨᠳᠦ᠎ᠪᠠᠨ ᠬᠠᠮᠠᠭ᠋ᠠᠯᠠᠬᠤ ᠵᠢ ᠲᠡᠮᠵᠢᠵᠦ᠂ ᠢᠷᠠᠠ᠎ᠤ ᠲᠠᠯ᠎ᠠ ᠵᠢᠨ᠎ᠬᠢᠨ᠎ᠤ ᠭᠠᠭᠴᠠ ᠲᠠᠯᠠᠲᠤ ᠦᠵᠡᠯ᠂ ᠡᠵᠡᠷᠬᠡᠭ ᠦᠵᠡᠯ᠎ᠢ ᠡᠰᠡᠷᠭᠦᠴᠡᠬᠦ ᠵᠢ ᠲᠡᠮᠵᠢᠵᠦ᠂ ᠭᠠᠳᠠᠭ᠋ᠠᠳᠤ ᠵᠢᠨ ᠬᠦᠴᠦᠨ᠎ᠤ ᠢᠷᠠᠠ᠎ᠤ ᠳᠣᠲᠣᠭ᠋ᠠᠳᠤ ᠵᠠᠰᠠᠭ᠎ᠲᠤ ᠭᠠᠷ ᠲᠦᠷᠦᠭᠦ᠂ ᠢᠷᠠᠠ᠎ᠤ ᠠᠮᠤᠷ ᠲᠦᠪᠰᠢᠨ ᠲᠣᠭᠲᠠᠭᠤᠨ᠎ᠢ ᠡᠪᠳᠡᠭᠦ ᠵᠢ ᠡᠰᠡᠷᠭᠦᠴᠡᠵᠦ᠂ ᠳᠤᠷᠠᠲᠠᠶ᠎ᠠ ᠲᠤᠰ ᠲᠤᠰ᠎ᠤᠨ ᠵᠶ᠋ᠠᠨ ᠭᠤᠣᠯᠯᠠᠭᠴᠢ ᠠᠰᠢᠭ ᠲᠤᠰᠠ᠎ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠢᠷᠠᠠ᠎ᠤ ᠲᠠᠯ᠎ᠠ᠎ᠯᠤᠭ᠎ᠠ ᠬᠠᠷᠢᠯᠴᠠᠨ ᠡᠷᠡᠰ ᠲᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ᠎ᠯᠤᠭ᠎ᠠ ᠬᠤᠶᠠᠷ ᠤᠯᠤᠰ᠎ᠤᠨ ᠪᠦᠭᠦ ᠲᠠᠯ᠎ᠠ ᠵᠢᠨ ᠬᠠᠮᠲᠤᠷᠠᠯᠴᠠᠭ᠋ᠠᠨ᠎ᠤ ᠲᠥᠯᠥᠪᠯᠡᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠷᠠᠯᠵᠢᠶ᠎ᠠ᠂ ᠬᠥᠳᠡᠭᠡ ᠠᠵᠤ ᠠᠬᠤᠢ᠂ ᠠᠵᠤ ᠦᠢ᠍ᠯᠡᠳᠪᠦᠷᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠢᠷᠠᠨ᠎ᠤ ᠴᠢᠨᠠᠷ ᠰᠠᠶ᠋ᠢᠲᠠᠢ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠢ ᠨᠡᠩ ᠤᠯᠠᠨ ᠣᠷᠣᠭᠤᠯᠤᠨ ᠠᠪᠴᠢᠷᠠᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ᠎ᠯᠤᠭ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠠᠮᠲᠤᠷᠠᠯᠴᠠᠭ᠎ᠠ ᠵᠢ ᠦᠷᠭᠦᠯᠵᠢᠯᠡᠨ ᠥᠷᠨᠢᠭᠦᠯᠵᠦ᠂ ᠬᠤᠯᠪᠣᠯᠳᠤᠨ ᠨᠡᠪᠲᠡᠷᠡᠯᠴᠡᠬᠦ ᠵᠢ ᠠᠬᠢᠭᠤᠯᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠥᠷᠭᠡᠳᠬᠡᠨ᠎ᠡ ᠭᠡᠵᠦ ᠴᠢᠬᠤᠯᠠᠴᠢᠯᠠᠪᠠ᠃
    ᠰᠢ ᠵᠢᠨ ᠫᠢᠩ᠂ ᠳᠤᠮᠳᠠᠳᠤ ᠳᠣᠷᠣᠨᠠᠲᠤ ᠵᠢᠨ ᠲᠣᠭᠲᠠᠭᠤᠨ᠎ᠢ ᠬᠠᠮᠠᠭ᠋ᠠᠯᠠᠬᠤ᠎ᠨᠢ ᠭᠠᠵᠠᠷ ᠣᠷᠣᠨ᠎ᠤ ᠤᠯᠤᠰ ᠪᠣᠯᠣᠨ ᠠᠷᠠᠳ ᠲᠦᠮᠡᠨ᠎ᠤ ᠪᠤᠶᠠᠨ ᠵᠢᠷᠭ᠋ᠠᠯ᠎ᠳᠤ ᠬᠤᠯᠪᠣᠭᠳᠠᠵᠤ᠂ ᠳᠡᠯᠡᠬᠡᠢ ᠵᠢᠨ ᠡᠩᠬᠡ ᠲᠠᠶ᠋ᠢᠪᠤᠩ᠎ᠢ ᠬᠠᠮᠠᠭ᠋ᠠᠯᠠᠬᠤ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠂ ᠡᠨᠧᠷᠭᠢ ᠵᠢᠨ ᠲᠣᠭᠲᠠᠭᠤᠨ ᠬᠠᠩᠭ᠋ᠠᠯᠭ᠎ᠠ ᠵᠢ ᠪᠠᠲᠤᠯᠠᠬᠤ᠎ᠳᠤ ᠲᠤᠶ᠋ᠢᠯ᠎ᠤᠨ ᠴᠢᠬᠤᠯᠠ ᠶᠤᠮ᠃ ᠢᠷᠠᠨ᠎ᠤ᠎ᠬᠢᠨ᠎ᠤ ᠳᠤᠷᠠᠲᠠᠶ᠎ᠠ ᠡᠷᠭᠢᠨ ᠲᠣᠭᠤᠷᠢᠨ᠎ᠤ ᠬᠥᠷᠰᠢ ᠤᠯᠤᠰ᠎ᠯᠤᠭ᠎ᠠ ᠵᠢᠨ ᠬᠠᠷᠢᠯᠴᠠᠭ᠎ᠠ᠎ᠪᠠᠨ ᠢᠳᠡᠪᠬᠢᠲᠡᠢ ᠰᠠᠶ᠋ᠢᠵᠢᠷᠠᠭᠤᠯᠵᠤ᠂ ᠭᠠᠵᠠᠷ ᠣᠷᠣᠨ᠎ᠤ ᠤᠯᠤᠰ᠎ᠤᠳ᠎ᠤᠨ ᠶᠠᠷᠢᠯᠴᠠᠭ᠎ᠠ ᠵᠥᠪᠳᠡᠯᠴᠡᠭᠡ᠎ᠪᠠᠷ ᠳᠠᠮᠵᠢᠨ ᠵᠥᠷᠢᠴᠡᠯ᠎ᠢ ᠰᠢᠢ᠍ᠳᠪᠦᠷᠢᠯᠡᠵᠦ᠂ ᠡᠶᠡᠯᠳᠡᠭ ᠬᠥᠷᠰᠢ ᠵᠢᠨ ᠨᠥᠭᠦᠷᠰᠡᠭ ᠬᠠᠷᠢᠯᠴᠠᠭ᠎ᠠ᠎ᠪᠠᠨ ᠪᠡᠶᠡᠯᠡᠭᠦᠯᠬᠦ ᠵᠢ ᠳᠡᠮᠵᠢᠵᠦ᠂ ᠳᠤᠷᠠᠲᠠᠶ᠎ᠠ ᠭᠠᠵᠠᠷ ᠣᠷᠣᠨ᠎ᠤ ᠡᠩᠬᠡ ᠲᠠᠶ᠋ᠢᠪᠤᠩ ᠲᠣᠭᠲᠠᠭᠤᠨ᠎ᠢ ᠠᠬᠢᠭᠤᠯᠬᠤ᠎ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢ᠍ᠯᠡᠳᠦᠯ ᠦᠵᠡᠭᠦᠯᠭᠦ ᠵᠢ ᠲᠤᠮᠳᠠᠳᠤ ᠤᠯᠤᠰ ᠮᠠᠭᠲᠠᠨ ᠰᠠᠶ᠋ᠢᠰᠢᠶᠠᠵᠤ ᠪᠠᠶ᠋ᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠎ᠯᠤᠭ᠎ᠠ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ᠎ᠳᠠᠬᠢ ᠣᠯᠣᠯᠴᠠᠭ᠎ᠠ ᠪᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠵᠢ ᠬᠠᠮᠠᠭ᠋ᠠᠯᠠᠨ᠎ᠠ᠃ ᠳᠤᠮᠳᠠᠳᠤ ᠤᠯᠤᠰ ᠢᠷᠠᠨ᠎ᠤ ᠴᠥᠮ᠎ᠡ ᠵᠢᠨ ᠠᠰᠠᠭᠤᠳᠠᠯ᠎ᠤᠨ ᠪᠦᠭᠦ ᠲᠠᠯ᠎ᠠ ᠵᠢᠨ ᠵᠥᠪᠯᠡᠯᠴᠡᠭᠡᠷ᠎ᠢ ᠰᠡᠷᠭᠦᠭᠡᠨ ᠬᠡᠷᠡᠭᠵᠢᠭᠦᠯᠬᠦ ᠬᠡᠯᠡᠯᠴᠡᠭᠡ᠎ᠳᠤ ᠦᠷᠭᠦᠯᠵᠢᠯᠡᠨ ᠪᠦᠲᠦᠭᠡᠯᠴᠢ ᠴᠢᠨᠠᠷᠲᠠᠢ᠎ᠪᠠᠷ ᠣᠷᠣᠯᠴᠠᠵᠤ᠂ ᠢᠷᠠᠨ᠎ᠤ ᠵᠦᠢ ᠶᠣᠰᠣᠨ᠎ᠤ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠬᠤ ᠵᠢ ᠳᠡᠮᠵᠢᠵᠦ᠂ ᠢᠷᠠᠨ᠎ᠤ ᠴᠥᠮ᠎ᠡ ᠵᠢᠨ ᠠᠰᠠᠭᠤᠳᠠᠯ᠎ᠢ ᠡᠷᠲᠡᠬᠡᠨ ᠵᠣᠬᠢᠰᠲᠠᠢ ᠰᠢᠢ᠍ᠳᠪᠦᠷᠢᠯᠡᠬᠦ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃
    ᠯᠠᠶ᠋ᠢᠰᠢ᠂ ᠢᠷᠠᠨ ᠳᠤᠮᠳᠠᠳᠤ ᠵᠢᠨ ᠨᠥᠬᠦᠷᠯᠡᠯ ᠰᠢᠯᠭ᠋ᠠᠯᠲᠠ ᠵᠢ ᠳᠠᠭ᠋ᠠᠭ᠋ᠠᠵᠤ᠂ ᠶᠠᠪᠤᠬᠤ ᠲᠤᠳᠤᠮ ᠪᠠᠬᠢᠵᠢᠪᠡ᠃ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠭᠰᠡᠨ ᠬᠤᠶᠠᠷ ᠲᠣᠮᠣ ᠤᠯᠤᠰ ᠪᠣᠯᠤᠭᠰᠠᠨ᠎ᠤ ᠬᠤᠪᠢ᠎ᠳᠤ᠂ ᠢᠷᠠᠨ ᠳᠤᠮᠳᠠᠳᠤ ᠵᠢᠨ ᠬᠠᠷᠢᠯᠴᠠᠭ᠎ᠠ᠎ᠨᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ᠎ᠳᠤ ᠰᠠᠭᠤᠷᠢᠯᠠᠵᠤ᠂ ᠬᠠᠷᠢᠯᠴᠠᠨ ᠢᠲᠡᠭᠡᠮᠵᠢᠲᠡᠢ ᠦᠨᠡᠨᠴᠢ ᠰᠢᠳᠤᠷᠭᠤ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ ᠪᠣᠯᠣᠨ᠎ᠠ᠃ ᠢᠷᠠᠨ᠎ᠤ᠎ᠬᠢᠨ᠎ᠤ ᠢᠷᠠᠨ ᠳᠤᠮᠳᠠᠳᠤ ᠵᠢᠨ ᠪᠦᠭᠦ ᠲᠠᠯ᠎ᠠ ᠵᠢᠨ ᠪᠠᠶ᠋ᠢᠯᠳᠤᠬᠤ ᠪᠣᠳᠣᠯᠭ᠎ᠠ ᠵᠢᠨ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠭᠦ᠎ᠪᠠᠷ ᠬᠦᠴᠦᠯᠡᠨ ᠴᠢᠷᠮᠠᠶ᠋ᠢᠬᠤ ᠵᠣᠷᠢᠭ ᠡᠷᠡᠰ ᠭᠤᠶ᠋ᠢᠪᠢᠰᠢ ᠦᠭᠡᠢ᠂ ᠶᠠᠮᠠᠷᠪᠠ ᠳᠡᠯᠡᠬᠡᠢ ᠵᠢᠨ ᠪᠠ ᠭᠠᠵᠠᠷ ᠣᠷᠣᠨ᠎ᠤ ᠪᠠᠶ᠋ᠢᠳᠠᠯ᠎ᠤᠨ ᠬᠤᠪᠢᠷᠠᠯᠲᠠ᠎ᠳᠤ ᠨᠥᠯᠥᠭᠡᠯᠡᠭᠳᠡᠬᠦ ᠦᠭᠡᠢ ᠶᠤᠮ᠃ ᠢᠷᠠᠨ᠎ᠤ᠎ᠬᠢᠨ ᠳᠤᠮᠳᠠᠳᠤ ᠤᠯᠤᠰ᠎ᠯᠤᠭ᠎ᠠ ᠡᠯ᠎ᠡ ᠲᠡᠰ ᠳᠠᠪᠬᠤᠷᠭ᠎ᠠ ᠵᠢᠨ ᠶᠠᠪᠤᠯᠴᠠᠭ᠎ᠠ᠎ᠪᠠᠨ ᠴᠢᠩᠭ᠋ᠠᠳᠬᠠᠵᠤ᠂ ᠢᠷᠠᠨ ᠳᠤᠮᠳᠠᠳᠤ ᠵᠢᠨ ᠪᠦᠭᠦ ᠲᠠᠯ᠎ᠠ ᠵᠢᠨ ᠬᠠᠮᠲᠤᠷᠠᠯᠴᠠᠭ᠋ᠠᠨ᠎ᠤ ᠲᠥᠯᠥᠪᠯᠡᠭᠡ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠷᠠᠯᠵᠢᠶ᠎ᠠ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ ᠵᠢ ᠬᠦᠰᠡᠵᠦ ᠪᠠᠶ᠋ᠢᠨ᠎ᠠ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠢᠷᠠᠨ᠎ᠳᠤ ᠬᠦᠷᠴᠦ ᠪᠡᠯᠡ ᠣᠷᠣᠭᠤᠯᠬᠤ ᠵᠢ ᠪᠠᠶᠠᠷᠯᠠᠨ ᠤᠭᠲᠤᠵᠤ ᠪᠠᠶ᠋ᠢᠨ᠎ᠠ᠂ ᠳᠤᠮᠳᠠᠳᠤ ᠤᠯᠤᠰ᠎ᠤᠨ ᠨᠡᠩ ᠤᠯᠠᠨ ᠵᠢᠭᠤᠯᠴᠢᠯᠠᠬᠰᠡᠳ᠎ᠤᠨ ᠢᠷᠠᠨ᠎ᠳᠤ ᠬᠦᠷᠴᠦ ᠵᠢᠭᠤᠯᠴᠢᠯᠠᠬᠤ ᠵᠢ ᠬᠦᠰᠡᠵᠦ ᠪᠠᠶ᠋ᠢᠨ᠎ᠠ᠃ ᠳᠤᠮᠳᠠᠳᠤ ᠤᠯᠤᠰ᠎ᠤᠨ ᠢᠷᠡᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠨ᠎ᠠ᠂ ᠳᠤᠮᠳᠠᠳᠤ ᠤᠯᠤᠰ᠎ᠤᠨ ᠢᠷᠡᠨ᠎ᠤ ᠴᠥᠮ᠎ᠡ ᠵᠢᠨ ᠠᠰᠠᠭᠤᠳᠠᠯ᠎ᠤᠨ ᠪᠦᠭᠦ ᠲᠠᠯ᠎ᠠ ᠵᠢᠨ ᠵᠥᠪᠯᠡᠯᠴᠡᠭᠡᠷ ᠬᠡᠯᠡᠯᠴᠡᠭᠡ ᠬᠢᠬᠦ ᠵᠡᠷᠭᠡ ᠠᠰᠠᠭᠤᠳᠠᠯ᠎ᠤᠨ ᠲᠠᠯ᠎ᠠ᠎ᠪᠠᠷ ᠭᠤᠣᠯᠴᠢ ᠵᠢ ᠪᠠᠷᠢᠮᠲᠠᠯᠠᠭᠰᠠᠨ᠎ᠳᠤ ᠲᠠᠯᠠᠷᠬᠠᠵᠤ ᠪᠠᠶ᠋ᠢᠨ᠎ᠠ᠃ ᠢᠷᠠᠨ᠎ᠤ᠎ᠬᠢᠨ ᠳᠤᠮᠳᠠᠳᠤ ᠤᠯᠤᠰ᠎ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ᠂ ᠪᠦᠭᠦ ᠪᠥᠮᠪᠥᠷᠴᠡᠭ᠎ᠤᠨ ᠬᠥᠭᠵᠢᠭᠦᠯᠦᠯᠲᠡ ᠵᠢᠨ ᠰᠠᠨᠠᠭ᠋ᠠᠴᠢᠯᠠᠭ᠎ᠠ ᠪᠣᠯᠣᠨ ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠵᠢ ᠡᠷᠡᠰ ᠳᠡᠮᠵᠢᠵᠦ᠂ ᠢᠳᠡᠪᠬᠢᠲᠡᠢ ᠣᠷᠣᠯᠴᠠᠨ᠎ᠠ᠃ ᠢᠷᠠᠨ ᠳᠤᠮᠳᠠᠳᠤ ᠤᠯᠤᠰ ᠴᠥᠮ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠦᠵᠡᠯ ᠡᠵᠡᠷᠬᠡᠭᠯᠡᠯ ᠳᠠᠷᠤᠯᠠᠯ᠎ᠢ ᠡᠷᠡᠰ ᠡᠰᠡᠷᠭᠦᠴᠡᠵᠦ᠂ ᠭᠠᠳᠠᠭ᠋ᠠᠳᠤ ᠵᠢᠨ ᠬᠦᠴᠦᠨ᠎ᠤ ᠳᠣᠲᠣᠭ᠋ᠠᠳᠤ ᠵᠠᠰᠠᠭ᠎ᠲᠤ ᠭᠠᠷ ᠲᠦᠷᠦᠭᠦ ᠵᠢ ᠡᠷᠡᠰ ᠡᠰᠡᠷᠭᠦᠴᠡᠳᠡᠭ᠃ ᠢᠷᠠᠨ᠎ᠤ᠎ᠬᠢᠨ ᠳᠤᠮᠳᠠᠳᠤ ᠤᠯᠤᠰ᠎ᠤᠨ ᠤᠯᠤᠰ᠎ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ᠎ᠤᠨ ᠪᠦᠷᠢᠨ ᠪᠦᠲᠦᠨ ᠵᠶ᠋ᠠᠨ ᠬᠠᠮᠠᠭ᠋ᠠᠯᠠᠬᠤ ᠵᠢ ᠡᠷᠡᠰ ᠳᠡᠮᠵᠢᠨ᠎ᠠ᠃ ᠢᠷᠠᠨ᠎ᠤ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠲᠤᠬᠠᠢ ᠣᠯᠣᠯᠴᠠᠭ᠎ᠠ᠎ᠪᠠᠨ ᠴᠢᠩᠭ᠋ᠠᠳᠬᠠᠵᠤ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠲᠤ ᠲᠠᠯᠠᠪᠤᠷ᠎ᠲᠠᠬᠢ ᠰᠠᠶ᠋ᠢᠨ ᠰᠠᠶ᠋ᠢᠬᠠᠨ ᠬᠠᠮᠲᠤᠷᠠᠯᠴᠠᠭ᠎ᠠ᠎ᠪᠠᠨ ᠪᠠᠲᠤᠯᠠᠵᠤ᠂ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠵᠤ᠂ ᠭᠠᠵᠠᠷ ᠣᠷᠣᠨ ᠪᠠ ᠳᠡᠯᠡᠬᠡᠢ ᠵᠢᠨ ᠡᠩᠬᠡ ᠲᠠᠶ᠋ᠢᠪᠤᠩ ᠠᠮᠤᠷ ᠲᠦᠪᠰᠢᠨ᠎ᠢ ᠬᠠᠮᠠᠭ᠋ᠠᠯᠠᠨ᠎ᠠ ᠭᠡᠵᠦ ᠢᠯᠡᠳᠬᠡᠪᠡ᠃
    ᠬᠤᠶᠠᠷ ᠤᠯᠤᠰ᠎ᠤᠨ ᠲᠡᠷᠢᠭᠦᠨ ᠪᠠᠰᠠ ᠬᠠᠮᠲᠤ᠎ᠪᠠᠷ ᠠᠩᠬᠠᠷᠴᠤ ᠪᠠᠶ᠋ᠢᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠠᠰᠠᠭᠤᠳᠠᠯ᠎ᠤᠨ ᠲᠤᠬᠠᠢ ᠰᠠᠨᠠᠯ ᠵᠶ᠋ᠠᠨ ᠰᠣᠯᠢᠯᠴᠠᠪᠠ᠃
    ᠬᠡᠯᠡᠯᠴᠡᠭᠡ ᠲᠡᠭᠦᠰᠦᠭᠰᠡᠨ᠎ᠤ ᠲᠠᠷᠠᠭ᠎ᠠ᠂ ᠬᠤᠶᠠᠷ ᠤᠯᠤᠰ᠎ᠤᠨ ᠲᠡᠷᠢᠭᠦᠨ ᠬᠥᠳᠡᠭᠡ ᠠᠵᠤ ᠠᠬᠤᠢ᠂ ᠠᠷᠠᠯᠵᠢᠶ᠎ᠠ᠂ ᠵᠢᠭᠤᠯᠴᠢᠯᠠᠯ᠂ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠡᠷᠡᠭᠦᠯ ᠬᠠᠮᠠᠭ᠋ᠠᠯᠠᠯ᠂ ᠭᠠᠮᠰᠢᠭ᠎ᠠᠴᠠ ᠠᠪᠤᠷᠠᠬᠤ᠂ ᠰᠣᠶᠣᠯ᠂ ᠪᠡᠶ᠎ᠡ ᠵᠢᠨ ᠲᠠᠮᠢᠷ ᠵᠡᠷᠭᠡ ᠬᠦᠷᠢᠶᠡᠨ᠎ᠳᠠᠬᠢ ᠤᠯᠠᠨ ᠵᠦᠢ᠍ᠯ᠎ᠤᠨ ᠬᠤᠶᠠᠷ ᠲᠠᠯ᠎ᠠ ᠵᠢᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷ᠎ᠤᠨ ᠦᠰᠦᠭ ᠵᠢᠷᠤᠭᠰᠠᠨ᠎ᠢ ᠬᠠᠮᠲᠤ᠎ᠪᠠᠷ ᠭᠡᠷᠡᠴᠢᠯᠡᠪᠡ᠃
    ᠬᠡᠯᠡᠯᠴᠡᠭᠡ ᠬᠢᠬᠦ᠎ᠠᠴᠠ ᠡᠮᠦᠨ᠎ᠡ᠂ ᠰᠢ ᠵᠢᠨ ᠫᠢᠩ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠬᠤᠶ᠋ᠢᠲᠤ ᠶᠡᠭᠡ ᠲᠢᠩᠬᠢᠮ᠎ᠳᠤ ᠯᠠᠶ᠋ᠢᠰᠢ ᠵᠢ ᠤᠭᠲᠤᠬᠤ ᠶᠣᠰᠣᠯᠠᠯ ᠶᠠᠪᠤᠭᠳᠠᠭᠤᠯᠪᠠ᠃
    ᠲᠢᠶᠠᠨ ᠠᠨ ᠮᠧᠨ ᠠᠭᠤᠳᠠᠮ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭ᠋ᠠᠷᠭ᠋ᠠᠵᠤ᠂ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ᠎ᠤᠨ ᠲᠡᠷᠢᠭᠦᠨ ᠰᠢᠯᠭ᠋ᠠᠨ ᠦᠵᠡᠬᠦ ᠲᠠᠶ᠋ᠢᠰᠠᠨ᠎ᠳᠤ ᠭᠠᠷᠴᠤ᠂ ᠴᠡᠷᠢᠭ᠎ᠤᠨ ᠬᠥᠭᠵᠢᠮ᠎ᠤᠨ ᠪᠦᠯᠭᠦᠮ ᠳᠤᠮᠳᠠᠳᠤ ᠢᠷᠠᠨ ᠬᠤᠶᠠᠷ ᠤᠯᠤᠰ᠎ᠤᠨ ᠰᠦᠯᠳᠡ ᠳᠠᠭᠤᠤ ᠵᠢ ᠬᠥᠭᠵᠢᠮᠳᠡᠪᠡ᠃ ᠯᠠᠶ᠋ᠢᠰᠢ ᠰᠢ ᠵᠢᠨ ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠤᠨ ᠶᠣᠰᠣᠯᠠᠯ᠎ᠤᠨ ᠠᠩᠭᠢ ᠵᠢ ᠰᠢᠯᠭ᠋ᠠᠨ ᠦᠵᠡᠭᠰᠡᠨ ᠪᠥᠭᠡᠳ ᠵᠢᠭᠰᠠᠭ᠋ᠠᠯ᠎ᠢ ᠰᠣᠨᠢᠷᠬᠠᠪᠠ᠃
    ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃
    ᠯᠠᠶ᠋ᠢᠰᠢ ᠳᠤᠮᠳᠠᠳᠤ ᠤᠯᠤᠰ᠎ᠲᠤ ᠠᠶ᠋ᠢᠯᠴᠢᠯᠠᠬᠤ ᠬᠤᠭᠤᠴᠠᠭ᠋ᠠᠨ᠎ᠳᠤ᠂ ᠬᠤᠶᠠᠷ ᠲᠠᠯ᠎ᠠ᠎ᠪᠠᠷ ᠵᠶ᠋ᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠢᠰᠯᠠᠮ᠎ᠤᠨ ᠪᠦᠭᠦᠳᠡ ᠨᠠᠶ᠋ᠢᠷᠠᠮᠳᠠᠬᠤ ᠢᠷᠠᠨ ᠤᠯᠤᠰ᠎ᠤᠨ ᠬᠠᠮᠲᠤᠷᠠᠭᠰᠠᠨ ᠢᠯᠡᠷᠬᠡᠶ᠋ᠢᠯᠡᠯᠲᠡ》 ᠵᠢ ᠨᠡᠶ᠋ᠢᠲᠡᠯᠡᠬᠦ ᠪᠣᠯᠣᠨ᠎ᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠣᠳᠣᠬᠠᠨ᠎ᠤ ᠠᠵᠤ ᠠᠬᠤᠢ ᠵᠢᠨ ᠠᠵᠢᠯ᠎ᠤᠨ ᠬᠡᠳᠦᠨ ᠴᠢᠬᠤᠯᠠ ᠶᠡᠭᠡ ᠠᠰᠠᠭᠤᠳᠠᠯ 《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ
ᠰᠢ ᠵᠢᠨ ᠫᠢᠩ 36 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠦᠷᠦᠭᠦᠴᠦᠳ᠎ᠤᠨ ᠬᠤᠷᠠᠯ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠬᠤ ᠎ᠪᠠᠷ ᠲᠣᠭᠲᠠᠵᠠᠢ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠢᠨ᠎ᠡ ᠴᠠᠭ ᠦᠶ᠎ᠡ ᠵᠢᠨ ᠨᠠᠮ ᠪᠣᠯᠣᠨ ᠠᠷᠠᠳ ᠲᠦᠮᠡᠨ᠎ᠤ ᠡᠷᠡᠮᠡᠬᠡᠶ᠋ᠢᠯᠡᠨ ᠤᠷᠤᠭᠰᠢᠯᠠᠬᠤ ᠵᠠᠶ᠋ᠢᠯᠠᠰᠢ ᠦᠭᠡᠢ ᠵᠠᠮ
 
            