ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ 36 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠦᠷᠦᠭᠦᠴᠦᠳ᠎ᠤᠨ ᠬᠤᠷᠠᠯ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠨᠡᠶ᠋ᠢᠲᠡᠯᠡᠭᠰᠡᠨ ᠴᠠᠭ᠄ 2023-02-21

    ᠤᠯᠤᠰ᠎ᠤᠨ ᠲᠡᠷᠢᠭᠦᠯᠡᠭᠴᠢ ᠰᠢ ᠵᠢᠨ ᠫᠢᠩ 18᠎ᠤ ᠡᠳᠦᠷ 36 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠦᠷᠦᠭᠦᠴᠦᠳ᠎ᠤᠨ ᠬᠤᠷᠠᠯ᠎ᠳᠤ ᠴᠠᠭᠢᠯᠭ᠋ᠠᠨ ᠴᠢᠮᠡᠭᠡ ᠶᠠᠪᠤᠭᠤᠯᠵᠤ᠂ ᠠᠹᠷᠢᠺᠠ ᠲᠢᠪ᠎ᠤᠨ ᠤᠯᠤᠰ᠎ᠤᠳ ᠪᠣᠯᠣᠨ ᠠᠷᠠᠳ ᠲᠦᠮᠡᠨ᠎ᠳᠤ ᠬᠠᠯᠠᠭᠤᠨ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃
    ᠰᠢ ᠵᠢᠨ ᠫᠢᠩ᠂ ᠥᠩᠭᠡᠷᠡᠭᠰᠡᠨ ᠨᠢᠭᠡ ᠵᠢᠯ᠎ᠤᠨ ᠲᠤᠷᠰᠢ᠂ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠠᠹᠷᠢᠺᠠ ᠲᠢᠪ᠎ᠤᠨ ᠤᠯᠤᠰ᠎ᠤᠳ᠎ᠢ ᠪᠦᠯᠬᠦᠮᠳᠡᠭᠦᠯᠦᠨ ᠳᠠᠭ᠋ᠠᠭᠤᠯᠵᠤ᠂ ᠪᠦᠭᠦ ᠪᠥᠮᠪᠥᠷᠴᠡᠭ᠎ᠤᠨ ᠴᠢᠨᠠᠷᠲᠠᠢ ᠥᠷᠢᠰᠦᠯᠳᠦᠭᠡᠨ᠎ᠢ ᠢᠳᠡᠪᠬᠢᠲᠡᠢ ᠠᠷᠭ᠋ᠠᠴᠠᠭ᠋ᠠᠵᠤ᠂ ᠠᠹᠷᠢᠺᠠ ᠲᠢᠪ᠎ᠤᠨ ᠴᠢᠯᠦᠭᠡᠲᠦ ᠠᠷᠠᠯᠵᠢᠶᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠠᠹᠷᠢᠺᠠ ᠲᠢᠪ᠎ᠤᠨ ᠬᠠᠯᠠᠮᠰᠢᠯ ᠠᠰᠠᠭᠤᠳᠠᠯ᠎ᠢ ᠵᠣᠬᠢᠴᠠᠭᠤᠯᠬᠤ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠵᠦ᠂ ᠠᠹᠷᠢᠺᠠ ᠲᠢᠪ᠎ᠤᠨ ᠳᠡᠯᠡᠬᠡᠢ ᠳᠡᠭᠡᠷᠡᠬᠢ ᠪᠠᠶ᠋ᠢᠷᠢ ᠰᠠᠭᠤᠷᠢ ᠪᠣᠯᠣᠨ ᠨᠥᠯᠥᠭᠡᠯᠡᠬᠦ ᠬᠦᠴᠦᠨ᠎ᠢ ᠳᠠᠰᠤᠷᠠᠯᠳᠠ ᠦᠭᠡᠢ ᠳᠡᠭᠡᠭᠰᠢᠯᠡᠭᠦᠯᠪᠡ᠃ ᠠᠹᠷᠢᠺᠠ ᠲᠢᠪ᠎ᠤᠨ ᠤᠯᠤᠰ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠲᠠᠰᠤᠷᠠᠯᠲᠠ ᠦᠭᠡᠢ ᠨᠡᠩ ᠶᠡᠭᠡ ᠠᠮᠵᠢᠯᠲᠠ ᠣᠯᠬᠤ ᠵᠢ ᠴᠢᠩ ᠰᠡᠳᠬᠢᠯ᠎ᠠᠴᠠ᠎ᠪᠠᠨ ᠬᠦᠰᠡᠨ ᠵᠥᠩᠨᠡᠵᠦ ᠪᠠᠶ᠋ᠢᠨ᠎ᠠ ᠭᠡᠵᠦ ᠵᠢᠭ᠋ᠠᠵᠤ ᠭᠠᠷᠭ᠋ᠠᠵᠠᠢ᠃
    ᠰᠢ ᠵᠢᠨ ᠫᠢᠩ᠂ 2022 ᠣᠨ᠎ᠳᠤ ᠳᠤᠮᠳᠠᠳᠤ ᠠᠹᠷᠢᠺᠠ ᠵᠢᠨ ᠬᠠᠷᠢᠯᠴᠠᠭ᠎ᠠ ᠰᠠᠶ᠋ᠢᠨ ᠰᠠᠶ᠋ᠢᠬᠠᠨ ᠬᠥᠭᠵᠢᠯᠲᠡ ᠵᠢᠨ ᠪᠠᠶ᠋ᠢᠳᠠᠯ ᠵᠶ᠋ᠠᠨ ᠪᠠᠲᠤᠯᠠᠪᠠ᠃ ᠳᠤᠮᠳᠠᠳᠤ ᠠᠹᠷᠢᠺᠠ ᠵᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠪᠦᠭᠦ ᠲᠠᠯ᠎ᠠ ᠵᠢᠨ᠂ ᠣᠯᠠᠨ ᠲᠠᠰ ᠳᠠᠪᠬᠤᠷᠭ᠎ᠠ ᠵᠢᠨ᠂ ᠴᠢᠨᠠᠷ ᠰᠠᠶ᠋ᠢᠲᠠᠢ ᠲᠡᠶ᠋ᠢᠰᠢ ᠬᠥᠭᠵᠢᠵᠦ᠂ ᠣᠯᠠᠨ ᠤᠯᠤᠰ᠎ᠤᠨ ᠠᠹᠷᠢᠺᠠ ᠲᠢᠪ᠎ᠯᠦᠭᠡ ᠵᠢᠨ ᠬᠠᠮᠲᠤᠷᠠᠯᠴᠠᠭ᠋ᠠᠨ᠎ᠤ ᠡᠮᠦᠨ᠎ᠡ ᠡᠩᠨᠡᠭᠡᠨ᠎ᠳᠤ ᠶᠠᠪᠤᠵᠤ ᠪᠠᠶ᠋ᠢᠨ᠎ᠠ᠃ ᠪᠢ ᠳᠤᠷᠠᠲᠠᠶ᠎ᠠ ᠠᠹᠷᠢᠺᠠ ᠲᠢᠪ᠎ᠤᠨ ᠤᠯᠤᠰ᠎ᠤᠳ᠎ᠤᠨ ᠤᠳᠤᠷᠢᠳᠬᠤ ᠬᠥᠮᠥᠰ᠎ᠲᠠᠢ ᠬᠠᠮᠲᠤ᠎ᠪᠠᠷ ᠳᠤᠮᠳᠠᠳᠤ ᠠᠹᠷᠢᠺᠠ ᠵᠢᠨ ᠨᠥᠭᠦᠷᠰᠡᠭ ᠬᠠᠮᠲᠤᠷᠠᠯᠴᠠᠭ᠎ᠠ ᠵᠢ ᠤᠯᠠᠮ ᠴᠢᠩᠭ᠋ᠠᠳᠬᠠᠵᠤ᠂ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠵᠢᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠬᠤ ᠎ᠪᠠᠷ ᠲᠣᠭᠲᠠᠵᠠᠢ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠢᠨ᠎ᠡ ᠴᠠᠭ ᠦᠶ᠎ᠡ ᠵᠢᠨ ᠨᠠᠮ ᠪᠣᠯᠣᠨ ᠠᠷᠠᠳ ᠲᠦᠮᠡᠨ᠎ᠤ ᠡᠷᠡᠮᠡᠬᠡᠶ᠋ᠢᠯᠡᠨ ᠤᠷᠤᠭᠰᠢᠯᠠᠬᠤ ᠵᠠᠶ᠋ᠢᠯᠠᠰᠢ ᠦᠭᠡᠢ ᠵᠠᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠪᠠ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠪᠦᠭᠦᠳᠡ ᠬᠤᠷᠠᠯ᠎ᠢ ᠡᠷᠬᠢᠯᠡᠪᠡ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠭᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠬᠦ ᠬᠡᠷᠡᠭᠲᠡᠢ
 
            