ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠬᠤ ᠎ᠪᠠᠷ ᠲᠣᠭᠲᠠᠵᠠᠢ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
ᠨᠡᠶ᠋ᠢᠲᠡᠯᠡᠭᠰᠡᠨ ᠴᠠᠭ᠄ 2023-02-22

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ 2 ᠰᠠᠷ᠎ᠠ ᠵᠢᠨ 21᠎ᠤ ᠡᠳᠦᠷ ᠬᠤᠷᠠᠯ ᠬᠤᠷᠠᠯᠳᠤᠭᠤᠯᠵᠤ ᠡᠨᠡ ᠵᠢᠯ᠎ᠤᠨ 2 ᠰᠠᠷ᠎ᠠ ᠵᠢᠨ 26᠎ᠤ ᠡᠳᠦᠷ᠎ᠠᠴᠠ 28᠎ᠤ ᠡᠳᠦᠷ ᠪᠤᠯᠲᠠᠯ᠎ᠠ ᠪᠡᠭᠡᠵᠢᠩ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠬᠤ᠎ᠪᠠᠷ ᠲᠣᠭᠲᠠᠪᠠ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ᠃
      ᠬᠤᠷᠠᠯ᠎ᠠᠴᠠ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ᠎ᠠᠴᠠ ᠲᠥᠪ ᠬᠣᠷᠢᠶ᠎ᠠ᠎ᠳᠤ ᠬᠢᠭᠰᠡᠨ ᠠᠵᠢᠯ᠎ᠤᠨ ᠮᠡᠳᠡᠭᠦᠯᠦᠯᠲᠡ ᠵᠢ ᠶᠠᠷᠢᠯᠴᠠᠵᠠᠢ᠃
      ᠬᠤᠷᠠᠯ᠎ᠠᠴᠠ 《ᠨᠠᠮ ᠪᠠ ᠤᠯᠤᠰ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠤᠨ ᠨᠣᠣᠷᠠᠭ᠎ᠢ ᠶᠠᠷᠢᠯᠴᠠᠵᠤ᠂ ᠡᠨᠡ ᠤᠳᠠᠭ᠎ᠠ ᠵᠢᠨ ᠬᠤᠷᠠᠯ᠎ᠤᠨ ᠶᠠᠷᠢᠯᠴᠠᠭᠰᠠᠨ ᠰᠠᠨᠠᠯ᠎ᠢ ᠦᠨᠳᠦᠰᠦᠯᠡᠨ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠪᠢᠴᠢᠭ ᠮᠠᠲ᠋ᠧᠷᠢᠶᠠᠯ᠎ᠤᠨ ᠨᠣᠣᠷᠠᠭ᠎ᠢ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠳᠤ ᠳᠡᠪᠰᠢᠭᠦᠯᠦᠨ ᠬᠢᠨᠠᠨ ᠶᠠᠷᠢᠯᠴᠠᠭᠤᠯᠬᠤ᠎ᠪᠠᠷ ᠲᠣᠭᠲᠠᠪᠠ᠃
      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠨᠠᠮ ᠪᠠ ᠤᠯᠤᠰ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠡᠭᠦᠷᠭᠡ ᠪᠤᠯᠭ᠋ᠠᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠬᠤ᠂ ᠰᠢᠯᠢᠳᠡᠭᠵᠢᠭᠦᠯᠬᠦ ᠵᠣᠬᠢᠴᠠᠭᠤᠯᠬᠤ ᠥᠨᠳᠥᠷ ᠦᠷ᠎ᠡ ᠪᠦᠲᠦᠮᠵᠢᠲᠡᠢ ᠪᠠᠢ᠌ᠯᠭ᠋ᠠᠬᠤ ᠵᠢ ᠪᠠᠷᠢᠮᠲᠠᠯᠠᠬᠤ᠂ ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ ᠵᠠᠷᠴᠢᠮ ᠶᠣᠰᠣᠭ᠋ᠠᠷ᠂ ᠨᠠᠮ ᠪᠠ ᠤᠯᠤᠰ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠨᠠᠮ ᠪᠠ ᠤᠯᠤᠰ᠎ᠤᠨ ᠪᠠᠢ᠌ᠭᠤᠯᠤᠮᠵᠢ ᠵᠢᠨ ᠡᠭᠦᠷᠭᠡ ᠴᠢᠳᠠᠪᠬᠢ ᠵᠢ ᠰᠢᠰᠲ᠋ᠧᠮᠳᠦ ᠴᠢᠨᠠᠷᠲᠠᠢ᠂ ᠪᠦᠬᠦᠯᠢ ᠴᠣᠭᠴᠠᠲᠤ ᠴᠢᠨᠠᠷᠲᠠᠢ ᠳᠠᠭᠢᠨ ᠴᠣᠭᠴᠠᠯᠠᠬᠤ ᠵᠢ ᠪᠡᠶᠡᠯᠡᠭᠦᠯᠵᠦ᠂ ᠨᠠᠮ ᠪᠠ ᠤᠯᠤᠰ᠎ᠤᠨ ᠠᠵᠢᠯ ᠦᠢ᠍ᠯᠡᠰ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠳᠤ ᠬᠦᠴᠦᠲᠡᠢ ᠪᠠᠲᠤᠯᠠᠭ᠎ᠠ ᠬᠠᠩᠭ᠋ᠠᠭᠰᠠᠨ ᠪᠥᠭᠡᠳ ᠨᠠᠮ ᠪᠠ ᠤᠯᠤᠰ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ᠎ᠳᠤ ᠬᠣᠪᠣᠷ ᠨᠠᠨᠳᠢᠨ ᠲᠤᠷᠰᠢᠯᠭ᠎ᠠ ᠬᠤᠷᠠᠮᠳᠤᠭᠤᠯᠤᠨ ᠥᠭᠴᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠪᠠᠢ᠌ᠷᠢᠯᠠᠭᠤᠯᠤᠯᠲᠠ ᠬᠢᠭᠰᠡᠨ᠎ᠨᠢ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠠᠯᠤᠰ ᠭᠡᠳᠦ ᠵᠢᠨ ᠠᠴᠢ ᠬᠣᠯᠪᠣᠭᠳᠠᠯ᠎ᠲᠠᠢ᠃ ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠬᠤ ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠪᠠᠷ ᠤᠳᠤᠷᠢᠳᠤᠮᠵᠢ ᠪᠤᠯᠭ᠋ᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠳᠥᠷᠪᠡᠨ ᠪᠦᠭᠦ ᠲᠠᠯ᠎ᠠ  》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠱᠠᠭ᠋ᠠᠷᠳᠠᠯᠭ᠎ᠠ᠎ᠳᠤ ᠵᠣᠬᠢᠴᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠴᠡᠭᠡ᠎ᠳᠤ ᠵᠣᠬᠢᠴᠠᠵᠤ᠂ ᠠᠰᠠᠭᠤᠳᠠᠯ ᠵᠢᠡᠷ ᠤᠳᠤᠷᠢᠳᠤᠮᠵᠢ ᠪᠤᠯᠭ᠋ᠠᠬᠣ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠪᠠᠢ᠌ᠭᠤᠯᠤᠮᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠮᠵᠢ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ᠂ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠪᠠᠢ᠌ᠭᠤᠯᠤᠮᠵᠢ ᠵᠢ ᠨᠢᠭᠡᠳᠦᠯᠲᠡᠢ ᠲᠥᠯᠥᠪᠵᠢᠭᠦᠯᠵᠦ᠂ ᠲᠥᠪ ᠬᠣᠷᠢᠶ᠎ᠠ ᠪᠣᠯᠣᠨ ᠣᠷᠣᠨ ᠨᠤᠲᠤᠭ᠎ᠢ ᠨᠢᠭᠡᠳᠦᠯᠲᠡᠢ ᠲᠥᠯᠥᠪᠵᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠪᠠᠢ᠌ᠭᠤᠯᠤᠮᠵᠢ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ ᠨᠡᠩ ᠰᠢᠨᠵᠢᠯᠡᠬᠦ ᠤᠬᠠᠭ᠋ᠠᠨᠴᠢ᠂ ᠡᠭᠦᠷᠭᠡ ᠴᠢᠳᠠᠪᠬᠢ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ ᠨᠡᠩ ᠰᠢᠯᠢᠳᠡᠭ᠂ ᠪᠠᠢ᠌ᠭᠤᠯᠤᠮᠵᠢ ᠲᠣᠭᠲᠠᠴᠠ ᠵᠢᠨ ᠲᠠᠯ᠎ᠠ᠎ᠪᠠᠷ ᠨᠡᠩ ᠲᠡᠭᠦᠯᠳᠡᠷ᠂ ᠡᠷᠭᠢᠯᠲᠡ ᠬᠠᠮᠢᠶᠠᠷᠤᠯᠲᠠ ᠵᠢᠨ ᠲᠠᠯ᠎ᠠ᠎ᠪᠠᠷ ᠨᠡᠩ ᠥᠨᠳᠥᠷ ᠦᠷ᠎ᠡ ᠪᠦᠲᠦᠮᠵᠢᠲᠡᠢ ᠪᠤᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠬᠤᠷᠠᠯ᠎ᠠᠴᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠳᠤ ᠲᠠᠨᠢᠯᠴᠠᠭᠤᠯᠤᠨ ᠳᠡᠪᠰᠢᠭᠦᠯᠭᠦ ᠲᠥᠷᠥ ᠵᠢᠨ ᠪᠠᠢ᠌ᠭᠤᠯᠤᠮᠵᠢ ᠵᠢᠨ ᠤᠳᠤᠷᠢᠳᠬᠤ ᠬᠥᠮᠥᠰ᠎ᠤᠨ ᠰᠠᠨᠠᠭᠤᠯᠭ᠎ᠠ ᠵᠢᠨ ᠵᠢᠱ᠌ᠢᠭᠳᠡᠭᠰᠡᠳ ᠪᠠ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠳᠤ ᠲᠠᠨᠢᠯᠴᠠᠭᠤᠯᠤᠨ ᠳᠡᠪᠰᠢᠭᠦᠯᠭᠦ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠤᠳᠤᠷᠢᠳᠬᠤ ᠬᠥᠮᠥᠰ᠎ᠤᠨ ᠰᠠᠨᠠᠭᠤᠯᠭ᠎ᠠ ᠵᠢᠨ ᠵᠢᠱ᠌ᠢᠭᠳᠡᠭᠰᠡᠳ᠎ᠢ ᠶᠠᠷᠢᠯᠴᠠᠪᠠ᠃
      ᠬᠤᠷᠠᠯ᠎ᠠᠴᠠ ᠳᠡᠭᠡᠷᠡᠬᠢ ᠠᠭᠤᠯᠭ᠎ᠠ ᠵᠢ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠤᠨ ᠵᠥᠪᠯᠡᠭᠦ ᠵᠦᠢ᠍ᠯ ᠵᠢᠡᠷ ᠲᠣᠭᠲᠠᠭ᠋ᠠᠪᠠ᠃
      ᠬᠤᠷᠠᠯ᠎ᠠᠴᠠ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠎ᠳᠤ ᠳᠡᠪᠰᠢᠭᠦᠯᠦᠨ ᠬᠢᠨᠠᠨ ᠵᠦᠪᠯᠡᠭᠦᠯᠭᠦ᠎ᠪᠠᠷ ᠪᠠᠢ᠌ᠭ᠎ᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠨᠣᠣᠷᠠᠭ᠎ᠢ ᠶᠠᠷᠢᠯᠴᠠᠵᠠᠢ᠃ ᠬᠤᠷᠠᠯ᠎ᠠᠴᠠ᠂ ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ᠎ᠤᠨ ᠲᠡᠦᠬᠡᠨ ᠳᠡᠭᠡᠷᠡᠬᠢ ᠲᠤᠢ᠌ᠯ᠎ᠤᠨ ᠴᠢᠬᠤᠯᠠ ᠨᠢᠭᠡ ᠵᠢᠯ ᠪᠣᠯᠣᠨ᠎ᠠ᠃ ᠪᠢᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠢ ᠢᠯᠠᠯᠲᠠ᠎ᠲᠠᠢ᠎ᠪᠠᠷ ᠬᠤᠷᠠᠯᠳᠤᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠤᠭ᠎ᠠ ᠵᠢᠷᠤᠭ ᠲᠥᠰᠥᠪ᠎ᠢ ᠵᠢᠷᠤᠭᠯᠠᠵᠠᠢ᠃ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ ᠬᠦᠴᠢᠷ᠎ᠢ ᠰᠥᠷᠦᠨ ᠤᠷᠤᠭᠰᠢᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠵᠦ ᠳᠡᠢ᠌ᠯᠭᠦ᠂ ᠠᠵᠤ ᠠᠬᠤᠢ ᠵᠢ ᠲᠣᠭᠲᠠᠭᠤᠨ ᠪᠠᠢ᠌ᠯᠭ᠋ᠠᠬᠤ᠂ ᠬᠥᠭᠵᠢᠯᠲᠡ ᠵᠢ ᠠᠮᠤᠷ ᠲᠦᠪᠰᠢᠨ ᠪᠠᠢ᠌ᠯᠭ᠋ᠠᠬᠤ ᠱᠠᠭ᠋ᠠᠷᠳᠠᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠣᠷᠸ᠎ᠠ ᠡᠵᠡᠮᠰᠢᠯ ᠲᠣᠬᠢᠷᠠᠭᠤᠯᠭ᠎ᠠ ᠵᠢᠨ ᠡᠷᠴᠢᠮ ᠵᠢᠡᠨ ᠴᠢᠩᠭ᠋ᠠᠷᠠᠭᠤᠯᠤᠨ᠂ ᠠᠵᠤ ᠠᠬᠤᠢ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠪᠠ᠃ ᠥᠩᠭᠡᠷᠡᠭᠰᠡᠨ 5 ᠵᠢᠯ ᠪᠣᠯ ᠲᠤᠢ᠌ᠯ᠎ᠤᠨ ᠶᠡᠷᠦ ᠪᠤᠰᠤ ᠵᠢᠨ ᠪᠠᠢ᠌ᠵᠤ᠂ ᠪᠢᠳᠡ ᠡᠯ᠎ᠡ ᠵᠦᠢ᠍ᠯ᠎ᠤᠨ ᠬᠦᠴᠢᠷᠳᠡᠯ ᠪᠠ ᠲᠦᠭᠰᠢᠭᠦᠷᠢ ᠵᠢᠨ ᠰᠢᠯᠭ᠋ᠠᠯᠲᠠ ᠵᠢ ᠪᠦᠳᠦᠮᠵᠢᠳᠡᠢ ᠠᠷᠭ᠋ᠠᠴᠠᠭ᠋ᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠰᠠᠨ ᠬᠤᠭᠤᠴᠠᠭ᠋ᠠᠨ᠎ᠳᠠᠭᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠲᠣᠭᠲᠠᠭᠰᠠᠨ ᠬᠤᠭᠤᠴᠠᠭ᠋ᠠᠨ᠎ᠳᠠᠭᠠᠨ ᠴᠢᠨᠡᠭᠡᠯᠢᠭ ᠨᠡᠢ᠌ᠭᠡᠮ᠎ᠢ ᠪᠦᠭᠦ ᠲᠠᠯ᠎ᠠ᠎ᠪᠠᠷ ᠪᠡᠶᠡᠯᠡᠭᠦᠯᠵᠦ᠂ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠴᠢᠬᠤᠯᠠ ᠶᠡᠬᠡ ᠠᠮᠵᠢᠯᠲᠠ ᠪᠦᠲᠦᠮᠵᠢ ᠣᠯᠣᠭᠰᠠᠨ ᠪᠠᠢ᠌ᠨ᠎ᠠ ᠭᠡᠵᠦ ᠦᠵᠡᠪᠡ᠃
      ᠬᠤᠷᠠᠯ᠎ᠠᠴᠠ᠂ ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠭᠢᠯᠡᠯᠲᠡ ᠵᠢᠨ ᠵᠢᠯ ᠮᠥᠨ᠂ ᠵᠠᠰᠠᠭ᠎ᠤᠨ ᠣᠷᠳᠣᠨ᠎ᠤ ᠠᠵᠢᠯ᠎ᠢ ᠰᠠᠢ᠌ᠲᠤᠷ ᠬᠢᠬᠦ᠎ᠳᠤ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠣ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ ᠎ᠢ ᠲᠦᠷᠭᠡᠪᠴᠢᠯᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠵᠠᠬ᠎ᠠ ᠳᠡᠯᠭᠡᠭᠦᠷ ᠎ᠤᠨ ᠢᠲᠡᠭᠡᠯ᠎ᠢ ᠶᠡᠬᠡᠪᠡᠷ ᠳᠡᠭᠡᠭᠰᠢᠯᠡᠭᠦᠯᠵᠦ᠂ ᠳᠣᠲᠣᠭ᠋ᠠᠳᠤ ᠬᠡᠷᠡᠭᠯᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠪᠠᠷᠠᠭ᠋ᠠᠨ᠎ᠤ ᠦᠨ᠎ᠡ ᠵᠢ ᠲᠣᠭᠲᠠᠪᠤᠷᠢᠵᠢᠭᠤᠯᠬᠤ ᠠᠵᠢᠯ᠎ᠢ ᠲᠣᠪᠣᠢ᠌ᠮ᠎ᠠ ᠰᠠᠢ᠌ᠲᠤᠷ ᠬᠢᠵᠦ᠂ ᠬᠦᠨᠳᠦ ᠶᠡᠬᠡ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠵᠦ᠂ ᠠᠵᠤ ᠠᠬᠤᠢ ᠵᠢᠨ ᠡᠷᠭᠢᠯᠲᠡ ᠵᠢᠨ ᠪᠦᠬᠦᠯᠢ ᠴᠣᠭᠴᠠ᠎ᠪᠠᠷ ᠵᠶ᠋ᠠᠨ ᠰᠠᠢ᠌ᠵᠢᠷᠠᠬᠤ ᠵᠢ ᠠᠬᠢᠭᠤᠯᠵᠤ᠂ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ᠎ᠤ ᠵᠣᠬᠢᠰᠲᠠᠢ ᠨᠡᠮᠡᠭᠳᠡᠯ᠎ᠢ ᠪᠡᠶᠡᠯᠡᠭᠦᠯᠵᠦ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢ᠌ᠵᠢᠷᠠᠭᠤᠯᠵᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠵᠤ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠵᠢᠯ᠎ᠢ ᠰᠠᠢ᠌ᠬᠠᠨ ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠬᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠣ ᠵᠢ ᠪᠠᠷᠢᠮᠲᠠᠯᠠᠵᠤ᠂ ᠡᠳ᠋᠎ᠤᠨ ᠵᠠᠰᠠᠭ᠎ᠤᠨ ᠢᠳᠡᠪᠬᠢᠲᠡᠢ ᠲᠥᠷᠥ ᠵᠢᠨ ᠪᠣᠳᠣᠯᠭ᠎ᠠ ᠪᠠ ᠯᠠᠪᠳᠠᠭᠤᠨ ᠲᠣᠭᠲᠠᠭᠤᠨ ᠵᠣᠭᠣᠰᠤᠨ᠎ᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠵᠣᠭᠢᠴᠠᠯᠴᠠᠭ᠎ᠠ ᠬᠠᠮᠵᠢᠯᠴᠠᠭ᠎ᠠ ᠵᠢ ᠴᠢᠩᠭ᠋ᠠᠳᠬᠠᠨ᠂ ᠴᠢᠨᠠᠷ ᠰᠠᠢ᠌ᠲᠠᠢ ᠬᠥᠭᠵᠢᠯᠲᠡ ᠵᠢ ᠬᠠᠮᠲᠤᠪᠠᠷ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠤᠯᠤᠰ᠎ᠤᠨ ᠳᠣᠲᠣᠭ᠋ᠠᠳᠤ ᠵᠢᠨ ᠬᠡᠷᠡᠭᠯᠡᠭᠡ ᠵᠢ ᠬᠦᠴᠦᠯᠡᠨ ᠥᠷᠭᠡᠳᠬᠡᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠵᠤ᠂ 《ᠬᠣᠶᠠᠷ ᠡᠷᠡᠰ ᠭᠤᠢ᠌ᠪᠢᠰᠢ ᠦᠭᠡᠢ》 ᠵᠢ ᠦᠨᠡᠨ ᠬᠦ᠌ ᠨᠠᠢ᠌ᠳᠠᠪᠤᠷᠢᠵᠢᠭᠤᠯᠵᠤ᠂ ᠨᠡᠩ ᠶᠡᠬᠡ ᠡᠷᠴᠢᠮ ᠵᠢᠡᠷ ᠭᠠᠳᠠᠭ᠋ᠠᠳᠤ ᠪᠡᠯᠡ ᠵᠢ ᠲᠠᠲᠠᠬᠤ ᠪᠠ ᠠᠰᠢᠭᠯᠠᠵᠤ᠂ ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠪᠦᠲᠦᠮᠵᠢᠲᠡᠢ᠎ᠪᠠᠷ ᠰᠡᠷᠭᠡᠢ᠌ᠯᠡᠨ ᠠᠷᠢᠯᠭ᠋ᠠᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠲᠣᠭᠲᠠᠭᠤᠨ ᠪᠠᠢ᠌ᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠵᠤ᠂ ᠬᠥᠭᠵᠢᠯᠲᠡ ᠵᠢᠨ ᠠᠷᠭ᠎ᠠ ᠭᠡᠯᠪᠡᠷᠢ ᠵᠢ ᠪᠣᠬᠢᠷᠳᠤᠯ ᠦᠭᠡᠢ ᠲᠡᠢ᠌ᠰᠢ ᠬᠤᠪᠢᠷᠠᠭᠤᠯᠬᠤ ᠵᠢ ᠠᠬᠢᠭᠤᠯᠵᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠪᠠ ᠨᠡᠢ᠌ᠭᠡᠮ᠎ᠤᠨ ᠦᠢ᠍ᠯᠡᠰ᠎ᠢ ᠬᠥᠭᠵᠢᠭᠦᠯᠵᠦ᠂ ᠡᠨᠡ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠪᠠᠢ᠌ᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠬᠡ᠎ᠪᠠᠷ ᠪᠠᠳᠠᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ ᠰᠢᠨ᠎ᠡ ᠴᠠᠭ ᠦᠶ᠎ᠡ ᠵᠢᠨ ᠨᠠᠮ ᠪᠣᠯᠣᠨ ᠠᠷᠠᠳ ᠲᠦᠮᠡᠨ᠎ᠤ ᠡᠷᠡᠮᠡᠬᠡᠶ᠋ᠢᠯᠡᠨ ᠤᠷᠤᠭᠰᠢᠯᠠᠬᠤ ᠵᠠᠶ᠋ᠢᠯᠠᠰᠢ ᠦᠭᠡᠢ ᠵᠠᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠪᠠ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠪᠦᠭᠦᠳᠡ ᠬᠤᠷᠠᠯ᠎ᠢ ᠡᠷᠬᠢᠯᠡᠪᠡ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠭᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠬᠦ ᠬᠡᠷᠡᠭᠲᠡᠢ
ᠰᠢ ᠵᠢᠨ ᠫᠢᠩ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠢ᠌ᠭ᠎ᠠ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ ᠪᠠ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠵᠦ ᠴᠢᠨᠠᠷ ᠰᠠᠢ᠌ᠲᠠᠢ ᠭᠦᠭᠵᠢᠭᠦ ᠵᠢ ᠵᠥᠪ ᠵᠶ᠋ᠡᠷ ᠬᠥᠲᠥᠯᠥᠨ ᠵᠢᠯᠤᠭᠣᠳᠬᠤ ᠬᠡᠷᠡᠭᠲᠡᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠪᠠ
 
            