ᠪᠦᠬᠦ ᠤᠯᠤᠰ᠎ᠤᠨ ᠬᠣᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠲᠥᠯᠥᠭᠡᠯᠡᠭᠴᠢᠳ ᠪᠣᠯᠣᠨ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠰᠣᠨᠣᠰᠬᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠪᠠ
ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨᠢ ᠴᠡᠭᠴᠡᠯᠡᠨ ᠵᠠᠰᠠᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠭᠰᠠᠨᠢ ᠴᠡᠭᠴᠡᠯᠡᠨ ᠵᠠᠰᠠᠭᠰᠠᠨ ᠦᠷ᠎ᠡ ᠳ᠋ᠦᠩ᠎ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭ᠋ᠠᠷᠳᠠᠪᠠ
ᠰᠢᠨᠬᠤᠸᠠ ᠬᠣᠷᠢᠶᠠᠨ᠎ᠤ ᠪᠡᠭᠡᠵᠢᠩ᠎ᠤᠨ 2 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠴᠠᠬᠢᠯᠭ᠋ᠠᠨ ᠮᠡᠳᠡᠭᠡ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠧ ᠴᠢᠶᠠᠩ 2 ᠳ᠋ᠤᠭ᠋ᠠᠷ ᠰᠠᠷ᠎ᠠ ᠵᠢᠨ 22᠎ᠤᠨ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ᠎ᠤᠨ ᠬᠣᠶᠠᠷ ᠬᠤᠷᠠᠯ᠎ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠭᠦᠢ᠍ᠴᠡᠳᠬᠡᠭᠰᠡᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ᠎ᠤᠨ ᠲᠥᠯᠥᠭᠡᠯᠡᠭᠴᠢᠳ ᠪᠣᠯᠣᠨ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠰᠣᠨᠣᠰᠬᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠪᠠ; ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠭᠰᠠᠨᠢ ᠴᠡᠭᠴᠡᠯᠡᠨ ᠵᠠᠰᠠᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠭᠰᠠᠨᠢ ᠴᠡᠭᠴᠡᠯᠡᠨ ᠵᠠᠰᠠᠭᠰᠠᠨ ᠦᠷ᠎ᠡ ᠳ᠋ᠦᠩ᠎ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠵᠠᠰᠠᠭ᠎ᠤᠨ ᠣᠷᠳᠣᠨ᠎ᠤ ᠡᠷᠬᠡ ᠠᠷᠠᠳ ᠲᠦᠮᠡᠨ᠎ᠠᠴᠠ ᠢᠷᠡᠯᠲᠡ᠎ᠲᠠᠢ᠂ ᠵᠠᠰᠠᠭ ᠶᠠᠪᠤᠭᠤᠯᠬᠤ᠎ᠳᠤ᠎ᠪᠠᠨ ᠡᠷᠬᠡᠪᠰᠢ ᠠᠷᠠᠳ ᠲᠦᠮᠡᠨ᠎ᠤ ᠬᠦᠰᠡᠯ ᠨᠠᠢ᠌ᠳᠠᠯᠭ᠎ᠠ᠎ᠳᠤ ᠨᠡᠢ᠌ᠴᠡᠭᠦᠯᠬᠦ ᠬᠡᠷᠡᠭᠲᠡᠢ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠪᠣᠯ ᠵᠠᠰᠠᠭ᠎ᠤᠨ ᠣᠷᠳᠣᠨ᠎ᠤ ᠠᠷᠠᠳ᠎ᠤᠨ ᠰᠠᠨᠠᠭ᠎ᠠ ᠵᠢ ᠰᠣᠨᠣᠰᠬᠤ᠂ ᠠᠷᠠᠳ ᠲᠦᠮᠡᠨ᠎ᠤ ᠬᠢᠨᠠᠯᠲᠠ ᠵᠢ ᠬᠦᠯᠢᠶᠡᠬᠦ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠰᠢᠨᠵᠢᠯᠡᠬᠦ ᠤᠬᠠᠭ᠋ᠠᠨᠴᠢ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠠᠵᠢᠯ ᠵᠶ᠋ᠠᠨ ᠬᠠᠯᠠᠨ ᠰᠠᠢ᠌ᠵᠢᠷᠠᠭᠤᠯᠬᠤ᠂ ᠬᠠᠮᠲᠤ ᠵᠢᠨ ᠲᠠᠨᠢᠯᠲᠠ᠎ᠪᠠᠨ ᠨᠢᠭᠲᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠡᠨᠡ ᠬᠦ᠌ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠢᠯ ᠪᠦᠷᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠬᠤᠷᠠᠯᠳᠤᠭᠤᠯᠵᠤ ᠰᠢᠢ᠍ᠳᠪᠦᠷᠢᠯᠡᠭᠰᠡᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠳᠠᠭ᠃ ᠨᠢᠳᠤᠨᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠲᠥᠯᠥᠭᠡᠯᠡᠭᠴᠢᠳ᠎ᠤᠨ ᠰᠠᠨᠠᠭᠤᠯᠭ᠎ᠠ ᠵᠢ ᠨᠡᠢ᠍ᠢ᠍ᠳᠡ 8721 ᠬᠤᠪᠢ᠂ ᠭᠡᠰᠢᠭᠦᠳ᠎ᠤᠨ ᠰᠠᠨᠠᠯ ᠳᠤᠷᠠᠳᠤᠯᠭ᠎ᠠ ᠵᠢ ᠨᠡᠢ᠍ᠢ᠍ᠳᠡ 5865 ᠬᠤᠪᠢ ᠰᠢᠢ᠍ᠳᠪᠦᠷᠢᠯᠡᠪᠡ᠃ ᠡᠨᠡ᠎ᠨᠢ ᠲᠤᠰ ᠲᠤᠰ ᠰᠠᠨᠠᠭᠤᠯᠭ᠎ᠠ᠂ ᠰᠠᠨᠠᠯ ᠳᠤᠷᠠᠳᠤᠯᠭ᠎ᠠ ᠵᠢᠨ ᠪᠦᠬᠦ ᠲᠣᠭ᠋ᠠᠨ᠎ᠤ 94.8%᠂ 95% ᠵᠢ ᠡᠵᠡᠯᠡᠪᠡ᠃ ᠥᠩᠭᠡᠷᠡᠭᠰᠡᠨ 5 ᠵᠢᠯ᠎ᠳᠤ᠂ ᠲᠥᠯᠥᠭᠡᠯᠡᠭᠴᠢᠳ ᠪᠠ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠨᠡᠢ᠍ᠢ᠍ᠳᠡ 1.8 ᠲᠦᠮᠡ ᠭᠠᠷᠤᠢ ᠵᠤᠷᠪᠤᠰ ᠭᠥᠯᠢᠶᠡᠨ ᠠᠪᠴᠤ᠂ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ 7800 ᠭᠠᠷᠤᠢ ᠵᠤᠷᠪᠤᠰ ᠨᠡᠢ᠌ᠲᠡᠯᠡᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠪᠠ ᠠᠷᠠᠳ ᠤᠯᠠᠨ᠎ᠤ ᠪᠠᠴᠢᠮᠳᠠᠵᠤ᠂ ᠲᠦᠪᠡᠭᠳᠡᠵᠦ᠂ ᠵᠣᠪᠠᠨᠢᠵᠤ᠂ ᠬᠦᠰᠡᠵᠦ ᠪᠠᠢ᠌ᠭ᠎ᠠ᠎ᠳᠤ ᠬᠣᠯᠪᠣᠭᠳᠠᠭᠰᠠᠨ ᠮᠠᠰᠢ ᠤᠯᠠᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ᠃ ᠡᠯ᠎ᠡ ᠰᠠᠯᠠᠭ᠎ᠠ ᠮᠥᠴᠢᠷ᠎ᠤᠨ᠎ᠬᠢᠨ ᠰᠠᠨᠠᠭᠤᠯᠭ᠎ᠠ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠬᠦ ᠵᠢ ᠣᠨ᠎ᠤ ᠭᠣᠣᠯᠳᠠᠯᠭ᠎ᠠ᠎ᠲᠠᠢ ᠡᠭᠦᠷᠭᠡ᠎ᠪᠠᠨ ᠪᠣᠯᠭ᠋ᠠᠵᠤ᠂ ᠢᠳᠡᠪᠬᠢᠲᠡᠢ᠎ᠪᠠᠷ ᠬᠠᠢ᠌ᠨ ᠰᠦᠪᠡᠭᠴᠢᠯᠡᠬᠦ ᠪᠠ ᠰᠢᠨᠡᠴᠢᠯᠡᠵᠦ᠂ ᠱᠠᠲᠤ ᠬᠤᠪᠢᠶᠠᠨ ᠬᠠᠷᠢᠭᠤᠴᠠᠬᠤ᠂ ᠡᠬᠡ ᠲᠠᠩᠰᠠ ᠵᠢ ᠬᠠᠮᠢᠶᠠᠷᠬᠤ᠂ ᠮᠥᠷᠳᠡᠨ ᠰᠢᠮᠳᠠᠭᠤᠯᠵᠤ ᠰᠢᠢ᠍ᠳᠪᠦᠷᠢᠯᠡᠬᠦ᠂ ᠨᠢᠭᠡᠳ ᠨᠢᠭᠡ᠎ᠪᠠᠷ ᠬᠠᠷᠢᠭᠤᠯᠲᠠ ᠥᠭᠬᠦ ᠵᠡᠷᠭᠡ ᠲᠣᠭᠲᠠᠴᠠ ᠵᠢ ᠨᠡᠢ᠌ᠳᠡᠮ ᠪᠠᠢ᠌ᠭᠤᠯᠵᠤ᠂ ᠨᠡᠯᠢᠶᠡᠳ ᠲᠡᠭᠦᠯᠳᠡᠷᠵᠢᠭᠰᠡᠨ ᠵᠢᠷᠤᠮᠵᠢᠭᠰᠠᠨ ᠳᠦᠷᠢᠮ᠎ᠢ ᠪᠦᠷᠢᠯᠳᠦᠭᠦᠯᠪᠡ; ᠲᠥᠯᠥᠭᠡᠯᠡᠭᠴᠢᠳ ᠪᠠ ᠭᠡᠰᠢᠭᠦᠳ᠎ᠯᠦᠭᠡ ᠵᠢᠨ ᠣᠢ᠌ᠯᠠᠭ᠋ᠠᠯᠴᠠᠭ᠎ᠠ᠎ᠪᠠᠨ ᠨᠢᠭᠲᠠᠷᠠᠭᠤᠯᠵᠤ᠂ ᠰᠢᠢ᠍ᠳᠪᠦᠷᠢᠯᠡᠬᠦ᠎ᠠᠴᠠ ᠡᠮᠦᠨ᠎ᠡ᠂ ᠰᠢᠢ᠍ᠳᠪᠦᠷᠢᠯᠡᠬᠦ ᠶᠠᠪᠤᠴᠠ᠎ᠳᠤ᠂ ᠰᠢᠢ᠍ᠳᠪᠦᠷᠢᠯᠡᠵᠦ ᠳᠠᠭᠤᠰᠤᠭᠰᠠᠨ᠎ᠤ ᠳᠠᠷᠠᠭ᠋ᠠᠬᠢ ᠵᠣᠯᠭ᠋ᠠᠭᠤᠯᠵᠤ ᠬᠠᠷᠢᠯᠴᠠᠬᠤ᠎ᠪᠠᠨ ᠴᠢᠩᠭ᠋ᠠᠳᠬᠠᠵᠤ᠂ 《ᠪᠢᠴᠢᠭ ᠬᠠᠷ᠎ᠠ᠎ᠪᠠᠷ ᠶᠠᠪᠤᠯᠴᠠᠬᠤ》᠎ᠠᠴᠠ 《ᠬᠥᠮᠥᠰ ᠬᠣᠭᠣᠷᠣᠨᠳᠤ᠎ᠪᠠᠨ ᠶᠠᠪᠤᠯᠴᠠᠬᠤ》 ᠲᠡᠢ᠌ᠰᠢ ᠬᠤᠪᠢᠷᠠᠭᠤᠯᠬᠤ ᠵᠢ ᠴᠢᠬᠤᠯᠠᠴᠢᠯᠠᠵᠤ᠂ ᠰᠢᠢ᠍ᠳᠪᠦᠷᠢᠯᠡᠬᠦ ᠪᠣᠳᠠᠲᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠦᠨ ᠲᠠᠰ ᠳᠠᠪᠬᠤᠷᠭ᠎ᠠ ᠵᠢᠨ ᠬᠡᠮ ᠰᠣᠭᠣᠭ᠎ᠢ ᠰᠤᠳᠤᠯᠤᠨ ᠰᠢᠢ᠍ᠳᠪᠦᠷᠢᠯᠡᠵᠦ᠂ ᠦᠷ᠎ᠡ ᠪᠦᠲᠦᠭᠡᠯ᠎ᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭ᠋ᠠᠨ ᠤᠯᠠᠷᠢᠭᠤᠯᠬᠤ ᠵᠢ ᠠᠬᠢᠭᠤᠯᠵᠤ᠂ ᠨᠢᠭᠡ᠎ᠪᠠᠷ ᠣᠯᠠᠨ᠎ᠢ ᠳᠠᠶ᠋ᠢᠴᠢᠯᠠᠨ ᠠᠵᠢᠯ ᠵᠶ᠋ᠠᠨ ᠪᠣᠳᠠᠲᠠᠢ᠎ᠪᠠᠷ ᠠᠬᠢᠭᠤᠯᠬᠤ ᠬᠡᠷᠡᠭᠲᠡᠢ᠃ ᠡᠨᠡ ᠵᠢᠯ᠎ᠤᠨ ᠪᠦᠬᠦ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢ᠌ᠨ᠎ᠠ᠂ ᠥᠩᠭᠡᠷᠡᠭᠰᠡᠨ᠎ᠤ ᠪᠣᠳᠠᠲᠠᠢ ᠠᠷᠭ᠎ᠠ ᠬᠢᠳᠡᠯ ᠵᠶ᠋ᠡᠨ ᠳ᠋ᠦᠩᠨᠡᠵᠦ᠂ ᠲᠥᠯᠥᠭᠡᠯᠡᠭᠴᠢᠳ ᠪᠣᠯᠣᠨ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠬᠢᠨᠠᠮᠠᠭ᠋ᠠᠢ ᠰᠣᠨᠣᠰᠬᠤ ᠬᠡᠷᠡᠭᠲᠡᠢ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠬᠤᠷᠠᠯ᠎ᠳᠤ ᠰᠤᠯᠠ ᠣᠷᠤᠯᠴᠠᠬᠤ ᠪᠤᠶᠤ ᠬᠤᠷᠠᠯ᠎ᠢ ᠰᠤᠯᠠ ᠰᠣᠨᠣᠰᠴᠤ᠂ ᠡᠯ᠎ᠡ ᠰᠠᠯᠠᠭ᠎ᠠ ᠮᠥᠴᠢᠷ᠎ᠤᠨ᠎ᠬᠢᠨ ᠤᠯᠠᠨ ᠠᠷᠭ᠎ᠠ ᠵᠠᠮ ᠵᠶ᠋ᠠᠷ ᠰᠠᠨᠠᠭ᠋ᠠᠴᠢᠯᠠᠭ᠎ᠠ᠎ᠠᠴᠠ᠎ᠪᠠᠨ ᠲᠥᠯᠥᠭᠡᠯᠡᠭᠴᠢᠳ ᠪᠣᠯᠣᠨ ᠭᠡᠰᠢᠭᠦᠳ᠎ᠲᠠᠢ ᠨᠡᠪᠲᠡᠷᠡᠯᠴᠡᠬᠦ ᠬᠡᠷᠡᠭᠲᠡᠢ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ ᠠᠵᠢᠯᠲᠠᠨ ᠲᠣᠬᠢᠷᠠᠭᠤᠯᠵᠤ ᠦᠷᠭᠦᠯᠵᠢᠯᠡᠨ ᠲᠤᠬᠠᠢ ᠵᠢᠨ ᠲᠠᠯᠠᠪᠤᠷ᠎ᠲᠤ ᠰᠠᠨᠠᠯ ᠰᠠᠨᠠᠭᠤᠯᠭ᠎ᠠ ᠵᠢ ᠰᠤᠯᠠ ᠰᠣᠨᠣᠰᠤᠭᠤᠯᠵᠤ᠂ ᠰᠢᠢ᠍ᠳᠪᠦᠷᠢᠯᠡᠬᠦ ᠴᠢᠬᠤᠯᠠᠲᠠᠢ ᠪᠠᠢ᠌ᠪᠠᠯ ᠴᠠᠭ ᠲᠤᠬᠠᠢᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠬᠤ ᠬᠡᠷᠡᠭᠲᠡᠢ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠲᠤᠬᠠᠢ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠣᠪᠣᠷ ᠵᠶ᠋ᠠᠷ ᠲᠥᠯᠥᠭᠡᠯᠡᠭᠴᠢᠳ ᠪᠠ ᠭᠡᠰᠢᠭᠦᠳ᠎ᠤᠨ ᠰᠠᠨᠠᠯ ᠰᠠᠨᠠᠭᠤᠯᠭ᠎ᠠ ᠵᠢ ᠰᠤᠳᠤᠯᠵᠤ᠂ ᠦᠨᠡᠨ ᠮᠡᠳᠡᠯᠭᠡ ᠨᠡᠪᠲᠡᠷᠬᠡᠢ ᠦᠵᠡᠯᠲᠡ ᠵᠢ ᠢᠯᠡᠳᠬᠡᠯ ᠪᠠ ᠪᠣᠳᠠᠲᠠᠢ ᠠᠵᠢᠯ᠎ᠤᠨ ᠳᠤᠮᠳᠠ᠎ᠪᠠᠨ ᠢᠯᠡᠷᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ ᠵᠢᠭ᠋ᠠᠵᠤ ᠭᠠᠷᠭ᠋ᠠᠬᠤ᠎ᠳᠤ᠎ᠪᠠᠨ᠂ ᠨᠢᠳᠤᠨᠤᠨ ᠵᠠᠬ᠎ᠠ ᠳᠡᠯᠭᠡᠭᠦᠷ᠎ᠤᠨ ᠪᠠᠢ᠌ᠳᠠᠯ᠎ᠤᠨ ᠬᠤᠪᠢᠷᠠᠯᠲᠠ ᠪᠣᠯᠣᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠡᠷᠡᠭᠴᠡᠭᠡ᠎ᠳᠤ ᠰᠢᠭᠤᠳ ᠬᠠᠨᠳᠤᠭᠤᠯᠵᠤ᠂ ᠶᠡᠬᠡ ᠬᠡᠪᠴᠢᠶᠡᠨ᠎ᠤ ᠭᠠᠢ᠌ᠯᠢ ᠵᠢ ᠪᠤᠴᠠᠭ᠋ᠠᠬᠤ ᠭᠠᠢ᠌ᠯᠢ ᠵᠢ ᠬᠥᠩᠭᠡᠯᠡᠬᠦ ᠰᠦᠢ᠍ᠳᠬᠡᠯ᠎ᠢ ᠪᠠᠭᠤᠷᠠᠭᠤᠯᠬᠤ ᠪᠠ ᠭᠠᠢ᠌ᠯᠢ ᠰᠦᠢ᠍ᠳᠬᠡᠯ᠎ᠢ ᠬᠣᠢ᠌ᠰᠢᠯᠠᠭᠤᠯᠬᠤ ᠵᠡᠷᠭᠡ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠷᠬᠡ ᠲᠡᠭᠰᠢ ᠲᠦᠭᠡᠮᠡᠯ ᠬᠠᠷᠠᠭ᠋ᠠᠯᠵᠠᠯ᠎ᠲᠠᠢ᠎ᠪᠠᠷ ᠵᠠᠬ᠎ᠠ ᠳᠡᠯᠭᠡᠭᠦᠷ᠎ᠤᠨ ᠭᠣᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠣᠯᠣᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠠᠪᠰᠤᠷᠤᠨ ᠲᠡᠳᠬᠦᠵᠦ᠂ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠠᠷᠠᠳ᠎ᠤᠨ ᠠᠮᠢᠳᠤᠷᠠᠯ᠎ᠢ ᠪᠠᠲᠤᠯᠠᠬᠤ᠂ ᠬᠣᠷᠸ᠎ᠠ ᠠᠵᠤ ᠠᠬᠤᠢ ᠵᠢᠨ ᠶᠡᠬᠡ ᠲᠠᠯ᠎ᠠ ᠵᠢ ᠲᠣᠭᠲᠠᠪᠤᠷᠢᠵᠢᠭᠤᠯᠬᠤ᠎ᠳᠤ ᠵᠠᠩᠭᠢᠯᠠᠭ᠎ᠠ ᠵᠢᠨ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠪᠡ᠃ ᠡᠯ᠎ᠡ ᠭᠠᠵᠠᠷ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠶᠡᠬᠡ ᠲᠠᠯ᠎ᠠ ᠵᠢ ᠪᠣᠳᠣᠯᠬᠢᠯᠠᠵᠤ᠂ ᠦᠷ᠎ᠡ ᠪᠦᠲᠦᠮᠵᠢ ᠰᠠᠢ᠌ᠲᠠᠢ ᠠᠵᠢᠯ ᠪᠠ ᠲᠤᠰᠬᠠᠢ ᠵᠦᠢ᠍ᠯ᠎ᠤᠨ ᠴᠡᠭᠴᠡᠯᠡᠯᠲᠡ᠎ᠪᠠᠷ ᠠᠵᠤ ᠠᠬᠤᠢ᠌ᠯᠠᠯ᠎ᠳᠤ ᠬᠣᠯᠪᠣᠭᠳᠠᠭᠰᠠᠨ ᠰᠦᠢ᠍ᠳᠬᠡᠯ ᠬᠤᠷᠢᠶᠠᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠵᠤ᠂ ᠡᠭᠦᠨ᠎ᠳᠤ 14 ᠵᠦᠢ᠍ᠯ᠎ᠤᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ᠎ᠤᠨ ᠴᠢᠨᠠᠷᠲᠠᠢ ᠰᠦᠢ᠍ᠳᠬᠡᠯ ᠬᠤᠷᠢᠶᠠᠯᠲᠠ ᠪᠠ ᠬᠡᠰᠡᠭ ᠪᠠᠲᠤᠯᠠᠭ᠎ᠠ ᠵᠢᠨ ᠮᠥᠩᠭᠥ ᠵᠢ ᠱᠠᠲᠤᠴᠢ ᠴᠢᠨᠠᠷᠲᠠᠢ᠎ᠪᠠᠷ ᠬᠣᠢ᠌ᠰᠢᠯᠠᠭᠤᠯᠤᠨ ᠲᠤᠰᠢᠶᠠᠬᠤ᠂ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠪᠠᠷᠠᠭ᠋ᠠᠨ᠎ᠤ ᠲᠡᠷᠭᠡ᠎ᠠᠴᠠ ᠬᠤᠷᠢᠶᠠᠬᠤ ᠰᠦᠢ᠍ᠳᠬᠡᠯ᠎ᠢ ᠬᠠᠰᠤᠵᠤ ᠬᠡᠯᠲᠦᠷᠢᠭᠦᠯᠬᠦ᠂ ᠭᠠᠷᠠᠮ᠎ᠤᠨ ᠬᠤᠷᠢᠶᠠᠬᠤ ᠰᠦᠢ᠍ᠳᠬᠡᠯ᠎ᠢ ᠬᠠᠰᠤᠵᠤ ᠨᠡᠶ᠋ᠢᠯᠡᠭᠦᠯᠬᠦ᠂ ᠤᠰᠤ ᠴᠠᠬᠢᠯᠭ᠋ᠠᠨ ᠬᠡᠢ ᠬᠡᠷᠡᠭᠯᠡᠬᠦ ᠰᠦᠢ᠍ᠳᠬᠡᠯ᠎ᠤᠨ ᠨᠥᠬᠥᠪᠦᠷᠢ ᠣᠯᠭᠣᠬᠤ ᠵᠡᠷᠭᠡ ᠵᠢ ᠪᠠᠭᠲᠠᠭ᠋ᠠᠵᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠰᠦᠢ᠍ᠳᠬᠡᠯ ᠪᠤᠳᠤᠬᠤ ᠦᠢ᠍ᠯᠡᠴᠢᠯᠡᠭᠡᠨ᠎ᠤ ᠦᠨ᠎ᠡ ᠵᠢ ᠪᠠᠭᠤᠷᠠᠭᠤᠯᠬᠤ ᠵᠢ ᠰᠢᠮᠳᠠᠭᠤᠯᠤᠨ ᠵᠢᠯᠤᠭᠣᠳᠴᠤ᠂ ᠠᠵᠢᠯ ᠲᠥᠷᠥᠯ᠎ᠤᠨ ᠨᠡᠢ᠌ᠭᠡᠮᠯᠢᠭ ᠪᠠ ᠬᠤᠳᠠᠯᠳᠤᠭ᠋ᠠᠨ᠎ᠤ ᠡᠪᠯᠡᠯ᠎ᠤᠨ ᠰᠦᠢ᠍ᠳᠬᠡᠯ ᠬᠤᠷᠢᠶᠠᠯᠲᠠ ᠵᠢ ᠬᠠᠰᠤᠨ ᠬᠡᠯᠲᠦᠷᠢᠭᠦᠯᠵᠦ᠂ ᠲᠤᠰᠬᠠᠢ ᠴᠡᠭᠴᠡᠯᠡᠨ ᠵᠠᠰᠠᠯᠲᠠ᠎ᠳᠤ ᠬᠣᠯᠪᠣᠭᠳᠠᠭᠰᠠᠨ ᠵᠣᠭᠣᠰ᠎ᠤᠨ ᠲᠣᠭ᠎ᠠ 2100 ᠳ᠋ᠦᠩᠰᠢᠭᠤᠷ ᠲᠥᠭᠥᠷᠢᠭ᠎ᠢ ᠳᠠᠪᠠᠪᠠ; ᠡᠭᠦᠨ᠎ᠤ ᠵᠡᠷᠭᠡ᠎ᠳᠤ ᠠᠵᠤ ᠠᠬᠤᠢ᠌ᠯᠠᠯ᠎ᠳᠤ ᠬᠣᠯᠪᠣᠭᠳᠠᠭᠰᠠᠨ ᠲᠣᠭᠲᠠᠭ᠋ᠠᠯ᠎ᠠᠴᠠ ᠵᠥᠷᠢᠴᠡᠵᠦ ᠰᠦᠢ᠍ᠳᠬᠡᠯ ᠬᠤᠷᠢᠶᠠᠭᠰᠠᠨᠢ ᠴᠢᠩᠭ᠎ᠠ ᠴᠡᠭᠴᠡᠯᠡᠨ ᠵᠠᠰᠠᠵᠤ᠂ ᠪᠦᠬᠦ ᠤᠯᠤᠰ᠎ᠲᠤ ᠬᠣᠯᠪᠣᠭᠳᠠᠯ ᠪᠦᠬᠦᠢ ᠠᠰᠠᠭᠤᠳᠠᠯ᠎ᠢ ᠨᠡᠶ᠋ᠢᠲᠡ 7700 ᠭᠠᠷᠤᠢ ᠪᠠᠢ᠌ᠴᠠᠭ᠋ᠠᠨ ᠰᠢᠢ᠍ᠳᠪᠦᠷᠢᠯᠡᠵᠦ᠂ ᠬᠣᠯᠪᠣᠭᠳᠠᠭᠰᠠᠨ ᠵᠣᠭᠣᠰ᠎ᠤᠨ ᠲᠣᠭ᠎ᠠ 50 ᠭᠠᠷᠤᠢ ᠳ᠋ᠦᠩᠰᠢᠭᠤᠷ ᠲᠥᠭᠥᠷᠢᠭ᠎ᠲᠤ ᠬᠦᠷᠴᠦ᠂ ᠪᠦᠬᠦᠨ᠎ᠢ ᠴᠡᠭᠴᠡᠯᠡᠨ ᠵᠠᠰᠠᠬᠤ᠎ᠪᠠᠷ ᠱᠠᠭ᠋ᠠᠷᠳᠠᠪᠠ ᠭᠡᠵᠡᠢ᠃ ᠬᠤᠷᠠᠯ᠎ᠠᠴᠠ᠂ ᠣᠳᠣᠬᠠᠨ᠎ᠳᠤ ᠠᠵᠤ ᠠᠬᠤᠢ ᠵᠢᠨ ᠨᠡᠮᠡᠭᠳᠡᠯ ᠶᠠᠭ ᠲᠣᠭᠲᠠᠭᠤᠨ ᠵᠶ᠋ᠠᠷ ᠳᠡᠭᠡᠭᠰᠢᠯᠡᠵᠦ ᠪᠠᠢ᠌ᠭ᠎ᠠ ᠪᠣᠯᠪᠠᠴᠤ ᠮᠥᠨ ᠬᠦ᠌ ᠮᠠᠰᠢ ᠤᠯᠠᠨ ᠥᠷᠢᠰᠦᠯᠳᠦᠭᠡᠨ᠎ᠳᠤ ᠲᠤᠯᠭ᠋ᠠᠷᠠᠵᠤ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠯᠲᠡ ᠮᠥᠨ ᠬᠦ᠌ ᠨᠡᠯᠢᠶᠡᠳ ᠬᠦᠴᠢᠷᠳᠡᠯᠲᠡᠢ ᠪᠠᠢ᠌ᠨ᠎ᠠ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠲᠣᠭᠲᠠᠭ᠋ᠠᠯ᠎ᠠᠴᠠ ᠵᠥᠷᠢᠴᠡᠭᠰᠡᠨ ᠰᠦᠢ᠍ᠳᠬᠡᠯ ᠬᠤᠷᠢᠶᠠᠯᠲᠠ ᠵᠢ ᠴᠡᠭᠴᠡᠯᠡᠨ ᠵᠠᠰᠠᠬᠤ ᠵᠢ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠨᠢᠭᠡᠨᠲᠡ ᠨᠡᠢ᠌ᠲᠡᠯᠡᠭᠰᠡᠨ ᠠᠵᠤ ᠠᠬᠤᠢ ᠵᠢ ᠲᠣᠭᠲᠠᠪᠤᠷᠢᠵᠢᠭᠤᠯᠬᠤ ᠬᠠᠮ ᠲᠦᠷᠤ ᠵᠢᠨ ᠪᠣᠳᠣᠯᠭ᠎ᠠ ᠪᠠ ᠵᠠᠯᠭ᠋ᠠᠮᠵᠢ ᠠᠷᠭ᠎ᠠ ᠬᠡᠮᠵᠢᠶ᠎ᠡ ᠵᠢᠨ ᠳᠣᠲᠣᠷᠠᠬᠢ ᠵᠠᠷᠢᠮ ᠭᠠᠢ᠌ᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠲᠦᠷᠤ ᠵᠢᠨ ᠪᠣᠳᠣᠯᠭ᠎ᠠ᠎ᠨᠢ ᠮᠥᠨ ᠬᠦ᠌ ᠦᠢ᠍ᠯᠡᠳᠦᠯ ᠵᠶ᠋ᠡᠨ ᠪᠠᠳᠠᠷᠠᠭᠤᠯᠬᠤ ᠣᠷᠣᠨ ᠵᠠᠢᠲᠠᠢ ᠪᠣᠯᠬᠣᠷ ᠨᠠᠢ᠌ᠳᠠᠪᠤᠷᠢᠵᠢᠭᠤᠯᠤᠯᠲᠠ ᠵᠢ ᠭᠦᠨᠵᠡᠭᠡᠢ ᠰᠠᠢ᠌ᠲᠤᠷ ᠠᠳᠬᠤᠬᠤ ᠬᠡᠷᠡᠭᠲᠡᠢ᠃ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ᠂ ᠳᠤᠷ᠎ᠠ᠎ᠪᠠᠷ ᠵᠶ᠋ᠠᠨ ᠲᠡᠰᠬᠡᠨ ᠲᠠᠲᠠᠪᠤᠷᠢᠯᠠᠬᠤ ᠶᠠᠪᠤᠳᠠᠯ᠎ᠢ ᠡᠷᠡᠰ ᠬᠣᠷᠢᠭᠯᠠᠨ ᠵᠣᠭᠰᠣᠭ᠋ᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠬᠥᠭᠵᠢᠭᠡᠵᠦ᠂ ᠠᠵᠤ ᠠᠬᠤᠢ ᠵᠢᠨ ᠨᠡᠮᠡᠭᠳᠡᠯ᠎ᠤᠨ ᠲᠣᠭᠲᠠᠭᠤᠨ ᠵᠶ᠋ᠠᠷ ᠳᠡᠭᠡᠭᠰᠢᠯᠡᠬᠦ ᠬᠠᠨᠳᠤᠰᠢ ᠵᠢ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠤᠰᠤᠳ ᠵᠦᠢ᠍ᠯ᠎ᠢ ᠰᠤᠳᠤᠯᠪᠠ᠃