ᠰᠢᠨᠬᠤᠸᠠ ᠬᠤᠷᠢᠶᠠᠨ᠎ᠤ ᠪᠡᠭᠡᠵᠢᠩ᠎ᠤᠨ 2 ᠰᠠᠷ᠎ᠠ ᠵᠢᠨ 1᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶ᠎ᠠ 1 ᠰᠠᠷ᠎ᠠ ᠵᠢᠨ 31᠎ᠤ ᠦᠳᠡ ᠵᠢᠨ ᠬᠤᠶ᠋ᠢᠨ᠎ᠠ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠲᠤᠬᠠᠢ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠤᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠪᠣᠯ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ ᠭᠠᠷᠭ᠋ᠠᠭᠰᠠᠨ ᠪᠠᠶ᠋ᠢᠯᠳᠤᠬᠤ ᠪᠣᠳᠣᠯᠭ᠎ᠠ ᠵᠢᠨ ᠰᠢᠢ᠍ᠳᠪᠦᠷᠢᠲᠦ ᠪᠣᠳᠣᠯᠭ᠎ᠠ᠎ᠳᠤ ᠰᠠᠭᠤᠷᠢᠯᠠᠵᠤ᠂ ᠢᠷᠡᠭᠡᠳᠦᠢ ᠵᠢᠨ ᠬᠥᠭᠵᠢᠯᠲᠡ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠮᠥᠨ᠃ ᠵᠦᠪᠭᠡᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠪᠠᠯ ᠰᠠᠶᠢ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠵᠦ᠂ ᠬᠥᠭᠵᠢᠯᠲᠡ ᠵᠢᠨ ᠠᠮᠤᠷ ᠲᠦᠪᠰᠢᠨ᠎ᠤ ᠴᠢᠨᠠᠷ ᠲᠣᠭᠲᠠᠭᠤᠨ ᠴᠢᠨᠠᠷ᠎ᠢ ᠴᠢᠩᠭ᠋ᠠᠳᠬᠠᠵᠤ᠂ ᠰᠠᠶᠢ ᠡᠯ᠎ᠡ ᠵᠦᠢ᠍ᠯ᠎ᠤᠨ ᠤᠷᠢᠳᠴᠢᠯᠠᠨ ᠮᠡᠳᠡᠵᠤ ᠪᠤᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠤᠬᠰᠢᠨ ᠰᠠᠯᠬᠢ ᠰᠢᠷᠦᠭᠦᠨ ᠪᠣᠷᠣᠭ᠋ᠠᠨ᠂ ᠲᠤᠬᠰᠢᠨ ᠳᠠᠪᠠᠯᠭ᠋ᠠᠨ ᠰᠢᠷᠦᠭᠦᠨ ᠤᠷᠤᠰᠬᠠᠯ᠎ᠤᠨ ᠳᠤᠮᠳᠠ ᠮᠠᠨ᠎ᠤ ᠤᠯᠤᠰ᠎ᠤᠨ ᠣᠷᠣᠰᠢᠨ ᠲᠣᠭᠲᠠᠨᠢᠬᠤ ᠬᠦᠴᠦᠨ᠂ ᠥᠷᠢᠰᠦᠯᠳᠦᠬᠦ ᠬᠦᠴᠦᠨ᠂ ᠬᠥᠭᠵᠢᠯᠲᠡ ᠵᠢᠨ ᠬᠦᠴᠦᠨ᠂ ᠦᠷᠭᠦᠯᠵᠢᠯᠡᠬᠦ ᠬᠦᠴᠦᠨ᠎ᠢ ᠴᠢᠩᠭ᠋ᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠠᠬᠢᠴᠠ ᠵᠢ ᠤᠳᠠᠭ᠋ᠠᠰᠢᠷᠠᠭᠤᠯᠬᠤ ᠦᠭᠡᠢ ᠴᠢᠨᠠᠭᠰᠢᠯᠠᠪᠠᠯ ᠲᠠᠰᠤᠯᠳᠠᠭᠤᠯᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠠᠷᠠᠯᠲᠠ ᠵᠢ ᠢᠯᠠᠯᠲᠠ᠎ᠲᠠᠢ᠎ᠪᠠᠷ ᠪᠡᠶᠡᠯᠡᠭᠦᠯᠵᠦ ᠴᠢᠳᠠᠨ᠎ᠠ ᠭᠡᠵᠦ ᠴᠢᠬᠤᠯᠠᠴᠢᠯᠠᠪᠠ᠃
ᠡᠨᠡ ᠤᠳᠠᠭ᠎ᠠ ᠵᠢᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷ᠎ᠡ᠂ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠥᠬᠦᠳ ᠥᠪᠡᠷ ᠵᠶ᠋ᠠᠨ ᠰᠤᠷᠤᠯᠴᠠᠬᠤ ᠵᠢᠨ ᠬᠠᠮᠲᠤ ᠠᠵᠢᠯ᠎ᠤᠨ ᠣᠶ᠋ᠢᠯᠠᠭ᠋ᠠᠯᠲᠠ᠎ᠪᠠᠨ ᠰᠣᠯᠢᠯᠴᠠᠵᠤ᠂ ᠶᠢᠨ ᠯᠢ᠂ ᠯᠢᠦ ᠭᠦᠸᠧ ᠵᠦᠩ᠂ ᠾᠧ ᠯᠢ ᠹᠧᠩ᠂ ᠵᠠᠩ ᠭᠦᠸᠧ ᠴᠢᠩ᠂ ᠴᠧᠨ ᠵᠢᠢ ᠨᠢᠩ᠂ ᠬᠤᠸᠠᠩ ᠺᠦᠨ ᠮᠢᠩ ᠨᠥᠬᠦᠷ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶ᠎ᠡ ᠴᠠᠷᠠᠭ᠎ᠠ ᠪᠣᠯᠣᠨ ᠣᠷᠣᠨ ᠨᠤᠲᠤᠭ᠎ᠤᠨ ᠠᠵᠢᠯ᠎ᠲᠠᠢ᠎ᠪᠠᠨ ᠤᠶᠠᠯᠳᠤᠭᠤᠯᠤᠨ ᠦᠭᠡ ᠬᠡᠯᠡᠵᠦ᠂ ᠤᠯᠠᠨ ᠵᠶ᠋ᠠᠷ ᠵᠶ᠋ᠠᠨ ᠰᠠᠨᠠᠯ ᠵᠶ᠋ᠠᠨ ᠰᠣᠯᠢᠯᠴᠠᠪᠠ᠃
ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠶ᠋ᠢᠷ᠎ᠠ ᠵᠢᠨ ᠵᠢᠯ᠎ᠠᠴᠠ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠠᠵᠢᠯ ᠯᠠᠪᠳᠠᠭᠤᠨ ᠪᠠᠲᠤᠲᠠᠢ ᠠᠬᠢᠵᠤ᠂ ᠨᠢᠭᠡ ᠪᠦᠯᠦᠭ ᠦᠷ᠎ᠡ ᠠᠰᠢᠭ ᠣᠯᠵᠤ᠂ ᠦᠵᠡᠯ ᠰᠠᠨᠠᠭ᠋ᠠᠨ᠎ᠤ ᠬᠠᠮᠲᠤ ᠵᠢᠨ ᠲᠠᠨᠢᠯᠲᠠ ᠲᠠᠰᠤᠷᠠᠯᠳᠠ ᠦᠭᠡᠢ ᠨᠢᠭᠲᠠᠷᠠᠵᠤ᠂ ᠠᠵᠢᠯ᠎ᠤᠨ ᠰᠠᠭᠤᠷᠢ ᠲᠠᠰᠤᠷᠠᠯᠳᠠ ᠦᠭᠡᠢ ᠪᠠᠬᠢᠵᠢᠵᠦ᠂ ᠲᠦᠷᠦ ᠵᠢᠨ ᠪᠣᠳᠣᠯᠭ᠎ᠠ ᠳᠦᠷᠢᠮ ᠲᠠᠰᠤᠷᠠᠯᠳᠠ ᠦᠭᠡᠢ ᠲᠡᠭᠦᠯᠳᠡᠷᠵᠢᠪᠡ᠂ ᠭᠡᠪᠡᠴᠦ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠦᠭᠦ ᠲᠠᠯ᠎ᠠ᠎ᠪᠠᠷ ᠪᠡᠶᠡᠯᠡᠭᠦᠯᠬᠦ᠎ᠳᠤ ᠡᠭᠦᠷᠭᠡ ᠬᠦᠨᠳᠦ ᠵᠠᠮ ᠬᠤᠯᠠ ᠪᠠᠶ᠋ᠢᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠪᠠ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠵᠢ ᠬᠦᠯᠢᠶᠡᠰᠦᠯᠡᠵᠦ ᠪᠠᠶ᠋ᠢᠭ᠎ᠠ ᠭᠤᠣᠯ ᠵᠥᠷᠢᠴᠡᠯ ᠪᠣᠯᠣᠨ ᠠᠰᠠᠭᠤᠳᠠᠯ᠎ᠢ ᠬᠦᠴᠦᠯᠡᠨ ᠠᠷᠢᠯᠭ᠋ᠠᠵᠤ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠦᠢ᠍ᠯᠡᠳᠦᠯᠭᠡ ᠵᠢᠨ ᠰᠢᠨ᠎ᠡ ᠵᠢ ᠡᠭᠦᠳᠭᠦ᠂ ᠳᠦᠷᠢᠮ᠎ᠤᠨ ᠰᠢᠨ᠎ᠡ ᠵᠢ ᠡᠭᠦᠳᠭᠦ ᠵᠢ ᠠᠬᠢᠭᠤᠯᠵᠤ᠂ ᠳᠠᠪᠠᠭᠤᠯᠢᠭ ᠵᠶ᠋ᠠᠨ ᠪᠠᠳᠠᠷᠠᠭᠤᠯᠵᠤ᠂ ᠳᠤᠲᠠᠭᠤᠳᠠᠯ ᠵᠶ᠋ᠠᠨ ᠨᠥᠬᠦᠪᠦᠷᠢᠯᠡᠵᠦ᠂ ᠪᠠᠭᠤᠷᠠᠢ ᠲᠠᠯ᠎ᠠ᠎ᠪᠠᠨ ᠬᠦᠴᠦᠷᠬᠡᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠨᠢᠭᠡᠳᠦᠯᠲᠡᠢ ᠲᠥᠯᠥᠪᠵᠢᠭᠦᠯᠬᠦ ᠵᠢ ᠰᠠᠶ᠋ᠢᠲᠤᠷ ᠬᠢᠵᠦ᠂ ᠬᠡᠷᠡᠭᠴᠡᠭᠡ᠎ᠪᠠᠷ ᠬᠠᠩᠭ᠋ᠠᠯᠭ᠎ᠠ ᠵᠢ ᠳᠠᠶ᠋ᠢᠴᠢᠯᠠᠬᠤ᠂ ᠬᠠᠩᠭ᠋ᠠᠯᠭ᠎ᠠ᠎ᠪᠠᠷ ᠬᠡᠷᠡᠭᠴᠡᠭᠡ ᠵᠢ ᠡᠭᠦᠳᠭᠦ ᠨᠡᠩ ᠥᠨᠳᠥᠷ ᠲᠦᠪᠰᠢᠨ ᠪᠦᠬᠦᠢ ᠬᠥᠳᠡᠯᠦᠩᠭᠦᠢ ᠲᠡᠩᠴᠡᠭᠦᠷᠢ ᠵᠢ ᠪᠦᠷᠢᠯᠳᠦᠭᠦᠯᠵᠦ᠂ ᠤᠯᠤᠰ ᠠᠷᠠᠳ᠎ᠤᠨ ᠠᠵᠤ ᠠᠬᠤᠢ ᠵᠢᠨ ᠰᠠᠶ᠋ᠢᠨ ᠰᠠᠶ᠋ᠢᠬᠠᠨ ᠣᠷᠴᠢᠯ᠎ᠢ ᠪᠡᠶᠡᠯᠡᠭᠦᠯᠬᠦ ᠬᠡᠷᠡᠭᠲᠡᠢ᠃ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢᠨ ᠲᠥᠯᠦᠪᠵᠢᠭᠦᠯᠭᠡ ᠵᠢᠨ ᠬᠥᠲᠥᠯᠪᠦᠷᠢ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠷᠢᠨ ᠪᠦᠲᠦᠨ ᠳᠣᠲᠣᠭ᠋ᠠᠳᠤ ᠬᠡᠷᠡᠭᠴᠡᠭᠡ ᠵᠢᠨ ᠰᠢᠰᠲ᠋ᠧᠮ᠎ᠢ ᠲᠦᠷᠭᠡᠬᠡᠨ ᠪᠦᠷᠢᠯᠳᠦᠭᠦᠯᠵᠦ᠂ ᠣᠷᠣᠯᠭ᠎ᠠ᠎ᠪᠠᠷ ᠲᠤᠯᠭ᠋ᠠᠭᠤᠷᠢᠯᠠᠭᠰᠠᠨ ᠬᠡᠷᠡᠭᠯᠡᠭᠡ ᠵᠢᠨ ᠬᠡᠷᠡᠭᠴᠡᠭᠡ᠂ ᠵᠦᠢ ᠵᠣᠬᠢᠰᠲᠠᠢ ᠦᠷ᠎ᠡ ᠠᠰᠢᠭ᠎ᠤᠨ ᠬᠠᠷᠢᠭᠤ ᠪᠦᠬᠦᠢ ᠪᠡᠯᠡ ᠣᠷᠣᠭᠤᠯᠤᠯᠲᠠ ᠵᠢᠨ ᠬᠡᠷᠡᠭᠴᠡᠭᠡ᠂ ᠡᠬᠡ ᠮᠥᠩᠭᠦ ᠪᠠ ᠥᠷᠢ ᠥᠭᠴᠡᠭᠡ᠎ᠪᠠᠷ ᠬᠢᠵᠠᠭ᠋ᠠᠷᠯᠠᠭᠰᠠᠨ ᠮᠥᠩᠭᠦᠨ ᠭᠦᠢ᠍ᠯᠭᠡᠭᠡᠨ᠎ᠤ ᠬᠡᠷᠡᠭᠴᠡᠭᠡ ᠵᠢ ᠬᠦᠴᠦᠯᠡᠨ ᠥᠷᠭᠡᠳᠬᠡᠬᠦ ᠬᠡᠷᠡᠭᠲᠡᠢ᠃ ᠰᠠᠭᠤᠭ᠋ᠠᠯᠢ ᠠᠷᠠᠳ᠎ᠤᠨ ᠬᠡᠷᠡᠭᠯᠡᠭᠡ ᠵᠢ ᠥᠷᠭᠡᠳᠬᠡᠬᠦ ᠤᠷᠳᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠠᠭᠤᠭ᠋ᠠᠯᠢ ᠠᠷᠠᠳ᠎ᠢ ᠲᠣᠭᠲᠠᠭᠰᠠᠨ ᠤᠷᠤᠯᠭ᠎ᠠ᠎ᠲᠠᠢ ᠬᠡᠷᠡᠭᠯᠡᠭᠡ ᠬᠢᠵᠦ ᠲᠡᠶ᠋ᠢᠯᠭᠦ᠂ ᠰᠠᠨᠠᠭ᠎ᠠ ᠵᠣᠪᠠᠭ᠍ᠤ ᠦᠭᠡᠢ᠎ᠪᠠᠷ ᠵᠣᠷᠢᠭᠲᠠᠢ᠎ᠪᠠᠷ ᠬᠡᠷᠡᠭᠯᠡᠭᠡ ᠬᠢᠬᠦ᠂ ᠬᠡᠷᠡᠭᠯᠡᠭᠡ ᠵᠢᠨ ᠣᠷᠴᠢᠨ ᠨᠥᠬᠦᠴᠡᠯ ᠰᠢᠯᠢᠳᠡᠭ ᠬᠦᠷᠲᠡᠮᠵᠢ ᠵᠢᠨ ᠲᠥᠷᠥᠭᠳᠡᠯ ᠴᠢᠩᠭ᠎ᠠ ᠬᠡᠷᠡᠭᠯᠡᠭᠡ ᠬᠢᠬᠦ ᠬᠦᠰᠡᠯ᠎ᠲᠠᠢ ᠪᠤᠯᠭ᠋ᠠᠬᠤ ᠬᠡᠷᠡᠭᠲᠡᠢ᠃ ᠪᠡᠯᠡ ᠣᠷᠣᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ ᠥᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠵᠢᠨ ᠣᠷᠣᠨ ᠵᠠᠢ ᠵᠢ ᠥᠷᠭᠡᠳᠬᠡᠨ᠂ ᠰᠢᠨ᠎ᠡ ᠭᠡᠯᠪᠡᠷᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠵᠣᠬᠢᠰᠲᠠᠢ᠎ᠪᠠᠷ ᠤᠷᠢᠳᠴᠢᠯᠠᠨ ᠪᠠᠶ᠋ᠢᠷᠢᠯᠠᠭᠤᠯᠵᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ ᠪᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢ ᠥᠷᠭᠡᠳᠬᠡᠵᠦ᠂ ᠠᠷᠠᠳ᠎ᠤᠨ ᠪᠡᠯᠡ ᠣᠷᠣᠭᠤᠯᠤᠯᠲᠠ ᠵᠢᠨ ᠠᠮᠢᠳᠤᠯᠢᠭ ᠬᠦᠴᠦᠨ᠎ᠢ ᠦᠷᠭᠦᠯᠵᠢᠯᠡᠨ ᠬᠥᠭᠵᠢᠭᠡᠬᠦ ᠬᠡᠷᠡᠭᠲᠡᠢ᠃ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ᠂ ᠳᠦᠷᠢᠮ᠎ᠤᠨ ᠰᠢᠨ᠎ᠡ ᠵᠢ ᠡᠭᠦᠳᠭᠦ ᠵᠢ ᠦᠷᠭᠦᠯᠵᠢᠯᠡᠨ ᠠᠬᠢᠭᠤᠯᠵᠤ᠂ ᠬᠠᠩᠭ᠋ᠠᠯᠭ᠎ᠠ ᠵᠢ ᠬᠦᠯᠢᠶᠡᠰᠦᠯᠡᠵᠦ ᠪᠠᠶ᠋ᠢᠭ᠎ᠠ ᠲᠦᠭᠵᠢᠷᠡᠯ ᠴᠡᠭ᠂ ᠬᠤᠷᠢᠭ᠎ᠠ ᠴᠡᠭ᠂ ᠪᠠᠭᠤᠷᠠᠢ ᠲᠠᠯ᠎ᠠ ᠵᠢ ᠰᠢᠪᠲᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠥᠷᠢᠰᠦᠯᠳᠦᠬᠦ ᠬᠦᠴᠦᠨ ᠪᠠ ᠠᠮᠤᠷ ᠲᠦᠪᠰᠢᠨ ᠴᠢᠨᠠᠷ᠎ᠢ ᠴᠢᠩᠭ᠋ᠠᠳᠬᠠᠵᠤ᠂ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠤᠯᠬᠤ᠂ ᠴᠢᠨᠠᠷ ᠰᠠᠶ᠋ᠢᠲᠠᠢ ᠬᠠᠩᠭ᠋ᠠᠯᠭ᠎ᠠ᠎ᠪᠠᠷ ᠣᠲᠣ ᠵᠢᠨ ᠬᠡᠷᠡᠭᠴᠡᠭᠡ ᠵᠢ ᠬᠠᠩᠭ᠋ᠠᠵᠤ᠂ ᠰᠢᠨ᠎ᠡ ᠬᠡᠷᠡᠭᠴᠡᠭᠡ ᠵᠢ ᠡᠭᠦᠳᠴᠦ ᠬᠥᠲᠥᠯᠥᠨ ᠳᠠᠭ᠋ᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠠᠯᠬᠤᠭ᠎ᠠ᠎ᠪᠠᠨ ᠲᠦᠷᠭᠡᠳᠬᠡᠵᠦ᠂ ᠭᠠᠳᠠᠭ᠋ᠠᠳᠤ ᠤᠯᠤᠰ᠎ᠤᠨ 《ᠪᠣᠭᠤᠮᠢ》 ᠪᠣᠯᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠰᠢᠨ᠎ᠡ ᠮᠠᠶᠢᠭ᠎ᠤᠨ ᠤᠯᠤᠰ ᠳᠠᠶᠠᠭ᠋ᠠᠷ᠎ᠤᠨ ᠪᠠᠶ᠋ᠢᠭᠤᠯᠤᠯ᠎ᠢ ᠪᠦᠷᠢᠨᠰᠢᠭᠦᠯᠵᠦ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠳᠬᠠᠨ᠂ ᠰᠢᠨ᠎ᠡ ᠵᠢ ᠡᠭᠦᠳᠭᠦ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠵᠤ᠂ ᠮᠠᠨ᠎ᠤ ᠤᠯᠤᠰ ᠵᠶ᠋ᠠᠨ ᠴᠢᠬᠤᠯᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠦᠷᠢᠶᠡᠨ᠎ᠳᠤ ᠪᠦᠭᠦ ᠪᠥᠮᠪᠥᠷᠴᠡᠭ᠎ᠤᠨ ᠳᠠᠭ᠋ᠠᠭᠤᠯᠤᠭᠴᠢ ᠪᠤᠯᠭ᠋ᠠᠵᠤ᠂ ᠬᠤᠰᠢᠭᠤᠷᠠᠯ ᠰᠣᠯᠪᠢᠴᠠᠭᠰᠠᠨ ᠬᠦᠷᠢᠶᠡᠨ᠎ᠳᠠᠬᠢ ᠵᠠᠮ ᠨᠡᠭᠡᠭᠡᠭᠴᠢ ᠪᠤᠯᠭ᠋ᠠᠵᠤ᠂ ᠡᠷᠲᠡᠬᠡᠨ ᠳᠡᠯᠡᠬᠡᠢ ᠵᠢᠨ ᠭᠤᠣᠯ ᠪᠤᠯᠬᠤ ᠰᠢᠨᠵᠢᠯᠡᠬᠦ ᠤᠬᠠᠭ᠋ᠠᠨ᠎ᠤ ᠲᠥᠪ ᠪᠠ ᠰᠢᠨ᠎ᠡ ᠵᠢ ᠡᠭᠦᠳᠭᠦ ᠥᠨᠳᠦᠷᠯᠢᠭ ᠪᠤᠯᠭ᠋ᠠᠬᠤ᠎ᠪᠠᠷ ᠴᠢᠷᠮᠠᠶ᠋ᠢᠬᠤ ᠬᠡᠷᠡᠭᠲᠡᠢ᠃ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠰᠢᠨ᠎ᠡ ᠵᠢ ᠡᠭᠦᠳᠭᠦ᠎ᠪᠠᠷ ᠬᠥᠭᠵᠢᠯᠲᠡ ᠵᠢᠨ ᠬᠥᠳᠡᠯᠭᠡᠭᠦᠷ ᠪᠤᠯᠭ᠋ᠠᠬᠤ ᠪᠠᠶ᠋ᠢᠯᠳᠤᠬᠤ ᠪᠣᠳᠣᠯᠭ᠎ᠠ ᠵᠢᠨ ᠪᠦᠲᠦᠮᠵᠢᠲᠡᠢ ᠬᠤᠯᠪᠣᠯᠳᠤᠯ᠎ᠢ ᠪᠡᠶᠡᠯᠡᠭᠦᠯᠵᠦ᠂ ᠰᠤᠷᠭ᠋ᠠᠨ ᠬᠥᠮᠦᠵᠢᠯ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ᠂ ᠴᠢᠳᠠᠪᠤᠷᠢᠲᠠᠨ᠎ᠢ ᠬᠥᠮᠥᠵᠢᠭᠦᠯᠬᠦ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠰᠠᠶ᠋ᠢᠨ ᠰᠠᠶ᠋ᠢᠬᠠᠨ ᠣᠷᠴᠢᠯ᠎ᠢ ᠪᠦᠷᠢᠯᠳᠦᠭᠦᠯᠬᠦ ᠭᠡᠷᠡᠭᠲᠠᠢ; ᠤᠤᠭ᠋ᠠᠯ ᠰᠢᠨ᠎ᠡ ᠵᠢ ᠡᠭᠦᠳᠭᠦ᠂ ᠬᠤᠷᠠᠮᠠᠯ ᠰᠢᠨ᠎ᠡ ᠵᠢ ᠡᠭᠦᠳᠭᠦ᠂ ᠨᠡᠭᠡᠭᠡᠯᠲᠡ ᠬᠢᠵᠦ ᠰᠢᠨ᠎ᠡ ᠵᠢ ᠡᠭᠦᠳᠭᠦ ᠵᠢ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠬᠦ ᠵᠢ ᠪᠠᠷᠢᠮᠲᠠᠯᠠᠵᠤ᠂ ᠪᠦᠲᠦᠮᠵᠢᠲᠡᠶ ᠨᠡᠪᠲᠡᠷᠡᠯᠴᠡᠭᠦᠯᠬᠦ ᠵᠢ ᠪᠡᠶᠡᠯᠡᠭᠦᠯᠬᠦ ᠭᠡᠷᠡᠭᠲᠠᠢ; ᠰᠢᠨ᠎ᠡ ᠵᠢ ᠡᠭᠦᠳᠭᠦ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠵᠢ ᠨᠢᠭᠡ ᠴᠣᠭᠴᠠᠵᠢᠭᠤᠯᠤᠨ ᠪᠠᠶ᠋ᠢᠷᠢᠯᠠᠭᠤᠯᠬᠤ ᠵᠢ ᠪᠠᠷᠢᠮᠲᠠᠯᠠᠵᠤ᠂ ᠭᠦᠨᠵᠡᠭᠡᠢ ᠠᠭᠤᠰᠤᠯᠴᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠨᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ ᠵᠶ᠋ᠠᠷ ᠰᠠᠭᠤᠷᠢ ᠪᠤᠯᠭ᠋ᠠᠵᠤ᠂ ᠠᠵᠤ ᠠᠬᠤᠢ ᠵᠢᠨ ᠣᠷᠴᠢᠯ᠎ᠢ ᠰᠢᠯᠤᠭᠤᠳᠬᠠᠬᠤ᠎ᠳᠤ ᠡᠯ᠎ᠡ ᠠᠵᠤ ᠦᠢ᠍ᠯᠡᠰ᠎ᠤᠨ ᠡᠮᠬᠢ ᠵᠢᠷᠤᠮ᠎ᠲᠠᠢ᠎ᠪᠠᠷ ᠴᠥᠷᠬᠡᠯᠡᠬᠦ᠂ ᠥᠨᠳᠥᠷ ᠪᠦᠲᠦᠮᠵᠢᠲᠡᠶ ᠰᠠᠭ᠋ᠠᠳ ᠦᠭᠡᠢ ᠨᠡᠪᠲᠡᠷᠡᠬᠦ ᠵᠢ ᠱᠠᠭ᠋ᠠᠷᠳᠠᠨ᠎ᠠ᠃ ᠠᠵᠤ ᠠᠬᠤᠢ ᠵᠢ ᠬᠥᠭᠵᠢᠭᠦᠯᠬᠦ ᠬᠦᠴᠦᠯᠡᠬᠦ ᠴᠡᠭ᠎ᠢ ᠦᠷᠭᠦᠯᠵᠢᠯᠡᠨ ᠪᠣᠳᠠᠲᠤ ᠴᠣᠭᠴᠠ ᠵᠢᠨ ᠠᠵᠤ ᠠᠬᠤᠢ ᠳᠡᠭᠡᠷ᠎ᠡ ᠲᠠᠯᠪᠢᠵᠤ᠂ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠦᠢ᠍ᠯᠡᠳᠭᠦ ᠦᠢ᠍ᠯᠡᠰ᠎ᠤᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠦᠯᠵᠢᠶᠡᠨ᠎ᠤ ᠬᠦᠴᠦᠷᠬᠡᠭ ᠤᠯᠤᠰ᠂ ᠲᠣᠭ᠋ᠠᠴᠢᠯᠠᠭᠰᠠᠨ ᠳᠤᠮᠳᠠᠳᠤ ᠤᠯᠤᠰ᠎ᠢ ᠲᠦᠷᠭᠡᠳᠬᠡᠨ ᠪᠦᠲᠦᠭᠡᠨ ᠪᠠᠶ᠋ᠢᠭᠤᠯᠵᠤ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ᠎ᠲᠠᠢ ᠲᠣᠭ᠋ᠠᠴᠢᠯᠠᠭᠰᠠᠨ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠬᠤ ᠬᠡᠷᠡᠭᠲᠡᠢ᠃ ᠠᠵᠤ ᠦᠢ᠍ᠯᠡᠰ᠎ᠤᠨ ᠬᠥᠭᠵᠢᠯᠲᠡ ᠵᠢᠨ ᠶᠡᠭᠡ ᠬᠠᠨᠳᠤᠰᠢ ᠵᠢ ᠳᠠᠭ᠋ᠠᠵᠤ᠂ ᠳᠤᠲᠠᠭᠤᠳᠠᠯ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠨᠥᠬᠦᠪᠦᠷᠢᠯᠡᠬᠦ᠂ ᠳᠠᠪᠠᠭᠤᠯᠢᠭ᠎ᠲᠤ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠬᠢᠶ᠎ᠡ ᠵᠢ ᠳᠡᠭᠡᠭᠰᠢᠯᠡᠭᠦᠯᠭᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠬᠡᠯᠬᠢᠶ᠎ᠡ ᠵᠢ ᠪᠠᠶ᠋ᠢᠭᠤᠯᠬᠤ ᠵᠢ ᠠᠬᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ ᠦᠷᠭᠦᠯᠵᠢᠯᠡᠬᠦ ᠴᠢᠨᠠᠷ ᠪᠠ ᠥᠷᠢᠰᠦᠯᠳᠦᠬᠦ ᠬᠦᠴᠦᠨ᠎ᠢ ᠴᠢᠩᠭ᠋ᠠᠳᠬᠠᠬᠤ ᠬᠡᠷᠡᠭᠲᠡᠢ᠃ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠡᠮᠬᠢ ᠵᠢᠷᠤᠮ᠎ᠲᠠᠢ᠎ᠪᠠᠷ ᠰᠢᠯᠵᠢᠭᠦ ᠵᠢ ᠠᠬᠢᠭᠤᠯᠵᠤ᠂ ᠠᠵᠤ ᠠᠬᠤᠶ᠋ᠢᠯᠠᠯ᠎ᠤᠨ ᠪᠦᠭᠦ ᠪᠥᠮᠪᠥᠷᠴᠡᠭ᠎ᠤᠨ ᠠᠵᠤ ᠦᠢ᠍ᠯᠡᠰ᠎ᠤᠨ ᠠᠵᠢᠯ᠎ᠤᠨ ᠬᠤᠪᠢᠶᠠᠷᠢᠯᠠᠯ ᠪᠠ ᠬᠠᠮᠲᠤᠷᠠᠯᠴᠠᠭ᠎ᠠ᠎ᠳᠤ ᠭᠦᠨᠵᠡᠭᠡᠢ ᠣᠷᠤᠯᠴᠠᠬᠤ ᠵᠢ ᠳᠡᠮᠵᠢᠵᠦ᠂ ᠳᠣᠲᠣᠭ᠋ᠠᠳᠤ ᠭᠠᠳᠠᠭ᠋ᠠᠳᠤ ᠵᠢᠨ ᠠᠵᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠳᠡᠶ᠋ᠢᠯᠭᠦ᠂ ᠠᠮᠤᠷ ᠲᠦᠪᠰᠢᠨ ᠨᠠᠶ᠋ᠢᠳᠠᠪᠤᠷᠢᠲᠠᠢ᠂ ᠥᠷᠢᠰᠦᠯᠳᠦᠬᠦ ᠬᠦᠴᠦᠨ ᠵᠶ᠋ᠠᠷ ᠴᠢᠩᠭ᠎ᠠ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠬᠤᠳᠠ ᠬᠥᠳᠡᠭᠡ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠪᠦᠭᠦ ᠲᠠᠯ᠎ᠠ᠎ᠪᠠᠷ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠤᠨ ᠪᠦᠷᠬᠦᠴᠡ ᠵᠢ ᠳᠡᠭᠡᠭᠰᠢᠯᠡᠭᠦᠯᠭᠦ ᠬᠡᠷᠡᠭᠲᠡᠢ᠃ ᠬᠥᠳᠡᠭᠡ ᠲᠣᠰᠬᠤᠨ᠎ᠤ ᠬᠡᠷᠡᠭᠯᠡᠭᠡ ᠵᠢᠨ ᠵᠠᠬ᠎ᠠ ᠳᠡᠯᠭᠡᠭᠦᠷ ᠪᠠ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ ᠪᠤᠯᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠵᠤ᠂ ᠰᠢᠶᠠᠨ᠎ᠤ ᠬᠤᠲᠠ᠎ᠪᠠᠷ ᠴᠢᠬᠤᠯᠠ ᠠᠴᠢᠶᠠᠯᠠᠪᠤᠷᠢ ᠪᠤᠯᠭ᠋ᠠᠬᠰᠠᠨ ᠬᠤᠲᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠤᠲᠠ ᠬᠥᠳᠡᠭᠡ ᠵᠢᠨ ᠠᠭᠤᠰᠤᠯᠴᠠᠨ ᠭᠦᠭᠵᠢᠭᠦ ᠵᠢ ᠠᠬᠢᠭᠤᠯᠵᠤ᠂ ᠬᠤᠲᠠ ᠬᠥᠳᠡᠭᠡ ᠵᠢᠨ ᠠᠵᠤ ᠠᠬᠤᠢ ᠵᠢᠨ ᠬᠠᠷᠢᠯᠴᠠᠭ᠎ᠠ ᠵᠢ ᠴᠢᠩᠭ᠋ᠠᠳᠬᠠᠵᠤ᠂ ᠬᠤᠲᠠ ᠬᠥᠳᠡᠭᠡ ᠵᠢᠨ ᠠᠵᠤ ᠠᠬᠤᠢ ᠵᠢᠨ ᠡᠷᠭᠢᠯᠲᠡ ᠵᠢ ᠰᠢᠯᠤᠭᠤᠳᠬᠠᠬᠤ ᠬᠡᠷᠡᠭᠲᠡᠢ᠃ ᠡᠯ᠎ᠡ ᠭᠠᠵᠠᠷ᠎ᠤᠨ᠎ᠬᠢᠨ ᠵᠢᠵᠢᠭ ᠣᠷᠴᠢᠯ᠎ᠢ ᠬᠡᠷᠡᠭᠵᠢᠭᠦᠯᠬᠦ ᠵᠢ ᠰᠡᠷᠭᠡᠶ᠋ᠢᠯᠡᠵᠦ᠂ ᠣᠷᠣᠨ ᠪᠦᠰᠡ ᠵᠢᠨ ᠪᠠᠬᠢᠯᠡᠯᠲᠡ ᠵᠢ ᠠᠷᠢᠯᠭ᠋ᠠᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠦᠨᠡᠨ ᠬᠦ᠌ ᠪᠦᠷᠢᠯᠳᠦᠭᠦᠯᠬᠦ ᠬᠡᠷᠡᠭᠲᠡᠢ᠃ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠂ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ᠂ ᠭᠤᠣᠯ ᠴᠣᠭᠴᠠ ᠵᠢᠨ ᠴᠢᠳᠠᠮᠵᠢᠲᠤ ᠣᠷᠣᠨ᠎ᠤ ᠪᠠᠶ᠋ᠢᠯᠳᠤᠬᠤ ᠪᠣᠳᠣᠯᠭ᠎ᠠ ᠵᠡᠷᠭᠡ ᠵᠢᠨ ᠭᠦᠨᠵᠡᠭᠡᠢ ᠠᠭᠤᠰᠤᠯᠳᠤᠯᠢ ᠠᠬᠢᠭᠤᠯᠵᠤ᠂ ᠴᠢᠬᠤᠯᠠ ᠶᠡᠭᠡ ᠦᠢ᠍ᠯᠡᠳᠪᠦᠷᠢᠯᠡᠯ᠎ᠤᠨ ᠬᠦᠴᠦᠨ᠎ᠤ ᠪᠠᠶ᠋ᠢᠷᠢᠰᠢᠯ᠎ᠢ ᠰᠢᠯᠢᠳᠡᠭᠵᠢᠭᠦᠯᠦᠨ᠂ ᠡᠯ᠎ᠡ ᠲᠦᠷᠦᠯ᠎ᠤᠨ ᠡᠯᠧᠮᠧᠨ᠋ᠲ᠎ᠤᠨ ᠵᠦᠢ ᠵᠣᠬᠢᠰᠲᠠᠢ᠎ᠪᠠᠷ ᠰᠢᠯᠵᠢᠭᠦ ᠪᠠ ᠥᠨᠳᠥᠷ ᠪᠦᠲᠦᠮᠵᠢᠲᠡᠢ᠎ᠪᠠᠷ ᠴᠤᠭᠯᠠᠷᠠᠬᠤ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠭᠡ ᠣᠷᠴᠢᠯ᠎ᠢ ᠰᠢᠯᠤᠭᠤᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠥᠭᠡᠷᠡᠴᠢᠯᠡᠯᠲᠡ ᠨᠡᠭᠡᠭᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠵᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠶᠡᠭᠡ ᠣᠷᠴᠢᠯ᠎ᠤᠨ ᠬᠥᠳᠡᠯᠭᠡᠬᠦ ᠬᠦᠴᠦᠨ ᠪᠣᠯᠣᠨ ᠠᠮᠢᠵᠢᠷᠠᠯ᠎ᠤᠨ ᠬᠦᠴᠦᠨ᠎ᠢ ᠴᠢᠩᠭ᠋ᠠᠳᠬᠠᠬᠤ ᠬᠡᠷᠡᠭᠲᠡᠢ᠃ ᠡᠯᠧᠮᠧᠨ᠋ᠲ᠎ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠶ᠋ᠢᠭᠤᠯᠵᠤ᠂ ᠪᠦᠭᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠥᠮᠴᠢᠯᠡᠬᠦ ᠡᠷᠬᠡ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠭᠤᠣᠯᠴᠢ᠎ᠪᠠᠷ ᠥᠷᠢᠰᠦᠯᠳᠦᠬᠦ᠂ ᠨᠡᠶ᠋ᠢᠭᠡᠮ᠎ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠪᠤᠯᠬᠤ ᠳᠦᠷᠢᠮ᠎ᠢ ᠲᠡᠭᠦᠯᠳᠡᠷᠵᠢᠭᠦᠯᠵᠦ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠪᠠ ᠵᠦᠢ ᠵᠣᠬᠢᠰ ᠦᠭᠡᠢ ᠥᠷᠢᠰᠦᠯᠳᠦᠭᠡᠨ᠎ᠢ ᠡᠰᠡᠷᠭᠦᠴᠡᠬᠦ ᠵᠢ ᠴᠢᠩᠭ᠋ᠠᠳᠬᠠᠵᠤ᠂ ᠬᠥᠷᠥᠩᠭᠡ ᠵᠢᠨ ᠡᠷᠡᠭᠦᠯ ᠵᠶ᠋ᠠᠷ ᠭᠦᠭᠵᠢᠭᠦ ᠵᠢ ᠬᠠᠤᠯᠢ ᠶᠣᠰᠣᠭ᠋ᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠪᠡᠯᠡ ᠣᠷᠣᠭᠤᠯᠵᠤ ᠦᠢ᠍ᠯᠡᠰ ᠪᠣᠰᠬᠠᠬᠤ᠎ᠳᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠪᠤᠢ ᠪᠣᠯᠭ᠋ᠠᠨ ᠥᠭᠴᠦ᠂ ᠡᠯ᠎ᠡ ᠲᠦᠷᠦᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠠᠮᠢᠳᠤᠯᠢᠭ ᠬᠦᠴᠦᠨ᠎ᠢ ᠬᠥᠭᠵᠢᠭᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠵᠠᠷᠴᠢᠮ᠂ ᠲᠣᠭᠲᠠᠭ᠋ᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ᠎ᠤᠨ ᠭᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠠᠬᠢᠭᠤᠯᠵᠤ᠂ ᠳᠡᠯᠡᠬᠡᠢ ᠵᠢᠨ ᠶᠡᠭᠡ ᠣᠷᠴᠢᠯ᠎ᠳᠠᠬᠢ ᠦᠭᠡ ᠭᠡᠯᠡᠭᠦ ᠡᠷᠬᠡ᠎ᠪᠠᠨ ᠴᠢᠩᠭ᠋ᠠᠳᠬᠠᠬᠤ ᠬᠡᠷᠡᠭᠲᠡᠢ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠵᠠᠷᠴᠢᠮ᠎ᠤᠨ ᠬᠡᠯᠡᠯᠴᠡᠭᠡᠷ᠎ᠲᠤ ᠢᠳᠡᠪᠬᠢᠲᠡᠢ ᠣᠷᠣᠯᠴᠠᠵᠤ᠂ ᠨᠡᠭᠡᠭᠡᠯᠲᠡᠲᠤ᠂ ᠣᠯᠠᠨ ᠡᠰᠢᠵᠢᠭᠰᠡᠨ᠂ ᠲᠣᠭᠲᠠᠭᠤᠨ ᠳᠡᠯᠡᠬᠡᠢ ᠵᠢᠨ ᠠᠵᠤ ᠠᠬᠤᠢ ᠵᠢᠨ ᠡᠮᠬᠢ ᠳᠢᠭᠯᠢᠮ᠎ᠢ ᠪᠦᠷᠢᠯᠳᠦᠭᠦᠯᠬᠦ ᠵᠢ ᠠᠬᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢ᠍ᠯ᠎ᠤᠨ ᠡᠬᠢ ᠪᠠᠶᠠᠯᠢᠭ᠎ᠤᠨ ᠬᠤᠯᠪᠤᠭ᠋ᠠᠯᠠᠨ ᠬᠥᠳᠡᠯᠦᠯᠴᠡᠵᠦ ᠡᠷᠭᠢᠯᠳᠦᠬᠦ ᠵᠢ ᠪᠡᠶᠡᠯᠡᠭᠦᠯᠬᠦ᠎ᠳᠤ ᠨᠥᠬᠦᠴᠡᠯ ᠪᠦᠷᠢᠯᠳᠦᠭᠦᠯᠬᠦ ᠦᠭᠭᠦ ᠬᠡᠷᠡᠭᠲᠡᠢ ᠭᠡᠵᠦ ᠴᠢᠬᠤᠯᠠᠴᠢᠯᠠᠪᠠ᠃