ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ 1 ᠳ᠋ᠦ᠍ᠭᠡᠷ ᠰᠠᠷ᠎ᠠ ᠵᠢᠨ 8᠎ᠤ ᠡᠳᠦᠷ᠎ᠤᠨ ᠦᠳᠡ ᠵᠢᠨ ᠬᠣᠢ᠌ᠨ᠎ᠠ ᠰᠣᠨᠢᠨ ᠮᠡᠳᠡᠭᠡ ᠨᠡᠢ᠌ᠲᠡᠯᠡᠬᠦ ᠬᠤᠷᠠᠯ ᠬᠤᠷᠠᠯᠳᠤᠭᠤᠯᠵᠤ᠂ ᠠᠷᠪᠠᠳᠤᠭ᠋ᠠᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ᠎ᠤᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠵᠠᠢ᠂ ᠬᠠᠮᠲᠤ᠎ᠪᠠᠷ ᠦᠵᠡᠵᠡᠭᠡᠶ᠎ᠡ᠃
ᠠᠷᠪᠠᠳᠤᠭ᠋ᠠᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ
ᠠᠷᠪᠠᠳᠤᠭ᠋ᠠᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ᠎ᠳᠤ ᠭᠣᠣᠯᠳᠠᠭᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ?
ᠨᠢᠭᠡ᠎ᠳᠤ᠂ ᠡᠪᠡᠳᠴᠢᠨ᠎ᠤ ᠨᠡᠷ᠎ᠡ ᠵᠢ ᠰᠢᠨᠡᠴᠢᠯᠡᠪᠡ᠃ 《ᠰᠢᠨ᠎ᠡ ᠲᠢᠲᠢᠮᠯᠢᠭ ᠸᠢᠷᠦ᠋ᠰ᠎ᠤᠨ ᠠᠭᠤᠰᠬᠢᠨ ᠦᠷᠪᠢᠰᠦᠯ》 ᠢ 《ᠰᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ》 ᠭᠡᠵᠦ ᠥᠭᠡᠷᠡᠴᠢᠯᠡᠨ᠎ᠡ;
ᠬᠣᠶᠠᠷ᠎ᠲᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠨ᠎ᠠ᠃ ᠪᠠᠢ᠌ᠩᠭᠤᠵᠢᠭᠰᠠᠨ ᠪᠠᠢ᠌ᠳᠠᠯ ᠳᠣᠣᠷ᠎ᠠ᠂ ᠭᠣᠣᠯᠳᠠᠭᠤ ᠸᠢᠷᠦ᠋ᠰ᠎ᠤᠨ ᠣᠨᠳᠣᠣᠰᠢᠯ᠎ᠤᠨ ᠬᠢᠨᠠᠨ ᠰᠢᠨᠵᠢᠯᠡᠯᠲᠡ᠂ ᠣᠨᠴᠠᠭ᠋ᠠᠶ ᠬᠡᠷᠡᠭ᠎ᠤᠨ ᠮᠡᠳᠡᠭᠦᠯᠦᠯᠲᠡ᠂ ᠴᠡᠭ ᠲᠣᠭᠲᠠᠭ᠋ᠠᠭᠰᠠᠨ ᠡᠮᠨᠡᠯᠭᠡ ᠵᠢᠨ ᠬᠣᠷᠢᠶ᠎ᠠ ᠵᠢᠨ ᠬᠢᠨᠠᠨ ᠰᠢᠨᠵᠢᠯᠡᠯᠲᠡ᠂ ᠰᠢᠯᠲᠠᠭ᠋ᠠᠨ᠎ᠨᠢ ᠲᠣᠳᠣᠷᠬᠠᠢ ᠦᠭᠡᠢ ᠠᠭᠤᠰᠬᠢᠨ ᠦᠷᠪᠢᠰᠦᠯ᠎ᠤᠨ ᠬᠢᠨᠠᠨ ᠰᠢᠨᠵᠢᠯᠡᠯᠲᠡ᠂ ᠬᠣᠲᠠ ᠵᠢᠨ ᠪᠣᠬᠢᠷ ᠤᠰᠤᠨ᠎ᠤ ᠬᠢᠨᠠᠨ ᠰᠢᠨᠵᠢᠯᠡᠯᠲᠡ ᠵᠡᠷᠭᠡ ᠵᠢ ᠥᠷᠨᠢᠭᠦᠯᠦᠨ᠎ᠡ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠠᠢ᠌ᠳᠠᠯ ᠳᠣᠣᠷ᠎ᠠ᠂ ᠪᠥᠭᠡᠮ ᠬᠦᠴᠢᠯ ᠪᠠ ᠥᠳᠥᠭᠡᠭᠴᠢ ᠵᠢᠨ ᠪᠠᠢ᠌ᠴᠠᠭ᠋ᠠᠨ ᠰᠢᠯᠭ᠋ᠠᠯᠲᠠ ᠬᠢᠨᠠᠨ ᠰᠢᠨᠵᠢᠯᠡᠯᠲᠠ᠂ ᠬᠠᠯᠠᠭᠤᠷᠠᠯ᠎ᠤᠨ ᠡᠭᠦᠳᠡᠨ ᠡᠮᠨᠡᠯᠭᠡ ᠵᠢᠨ ᠬᠢᠨᠠᠨ ᠰᠢᠨᠵᠢᠯᠡᠯᠲᠠ᠂ ᠭᠣᠣᠯᠳᠠᠯᠭ᠎ᠠ᠎ᠲᠠᠢ ᠪᠠᠢ᠌ᠭᠤᠯᠤᠮᠵᠢ ᠵᠢᠨ ᠬᠢᠨᠠᠨ ᠰᠢᠨᠵᠢᠯᠡᠯᠲᠠ ᠵᠡᠷᠭᠡ ᠵᠢ ᠨᠡᠮᠡᠭᠳᠡᠭᠦᠯᠦᠨ᠎ᠡ;
ᠭᠤᠷᠪᠠ᠎ᠳᠤ᠂ ᠪᠠᠢ᠌ᠴᠠᠭ᠋ᠠᠨ ᠰᠢᠯᠭ᠋ᠠᠬᠤ ᠠᠷᠭ᠎ᠠ ᠪᠣᠳᠣᠯᠭ᠎ᠠ᠎ᠳᠤ ᠲᠣᠬᠢᠷᠠᠭᠤᠯᠤᠯᠲᠠ ᠬᠢᠨ᠎ᠡ᠃ ᠪᠥᠬᠥ ᠠᠷᠠᠳ᠎ᠤᠨ ᠪᠥᠭᠡᠮ ᠬᠦᠴᠢᠯ᠎ᠤᠨ ᠰᠢᠭᠰᠢᠨ ᠪᠠᠢ᠌ᠴᠠᠭ᠋ᠠᠯᠲᠠ ᠵᠢ ᠳᠠᠭᠢᠵᠤ ᠥᠷᠨᠢᠭᠦᠯᠬᠦ ᠦᠭᠡᠢ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ ᠬᠡᠷᠡᠭᠴᠡᠭᠡ᠎ᠪᠠᠨ ᠦᠨᠳᠦᠰᠦᠯᠡᠨ 《ᠪᠠᠢ᠌ᠴᠠᠭ᠋ᠠᠯᠭ᠋ᠠᠬᠤ ᠬᠦᠰᠡᠯ᠎ᠲᠠᠢ᠎ᠨᠢ ᠪᠠᠢ᠌ᠴᠠᠭ᠋ᠠᠯᠭ᠋ᠠᠵᠤ》 ᠪᠣᠯᠣᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠵᠡᠷᠭᠡ ᠭᠣᠣᠯᠳᠠᠯᠭ᠎ᠠ᠎ᠲᠠᠢ ᠪᠠᠢ᠌ᠭᠤᠯᠤᠮᠵᠢ ᠵᠢᠨ ᠠᠵᠢᠯᠲᠠᠨ ᠪᠠ ᠬᠠᠷᠠᠵᠤ ᠬᠠᠷᠠᠭ᠋ᠠᠯᠵᠠᠬᠤ ᠠᠵᠢᠯᠲᠠᠳ᠎ᠲᠤ ᠬᠢᠵᠢᠭ ᠳᠡᠯᠭᠡᠷᠡᠵᠦ ᠪᠠᠢ᠌ᠭ᠎ᠠ ᠬᠤᠭᠤᠴᠠᠭ᠋ᠠᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠥᠳᠥᠭᠡᠭᠴᠢ ᠪᠤᠶᠤ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠠ ᠬᠢᠬᠦ ᠬᠡᠷᠡᠭᠲᠡᠢ᠃ ᠨᠡᠢ᠌ᠭᠡᠮ ᠲᠣᠭᠣᠷᠢᠭ᠎ᠤᠨ ᠬᠦᠨᠳᠦ ᠡᠪᠡᠳᠴᠢᠨ᠎ᠤ ᠠᠶᠤᠯ ᠲᠦᠭᠰᠢᠭᠦᠷᠢ ᠶᠡᠬᠡᠲᠡᠢ ᠬᠥᠮᠥᠰ᠎ᠲᠤ ᠬᠠᠮᠢᠶ᠎ᠠ ᠪᠦᠬᠦᠢ ᠡᠪᠡᠳᠴᠢᠨ᠎ᠤ ᠢᠯᠡᠷᠡᠯ ᠭᠠᠷᠤᠭᠰᠠᠨ᠎ᠤ ᠳᠠᠷᠠᠭ᠎ᠠ ᠥᠳᠥᠭᠡᠭᠴᠢ ᠪᠤᠶᠤ ᠪᠥᠭᠡᠮ ᠬᠦᠴᠢᠯ᠎ᠤᠨ ᠪᠠᠢ᠌ᠴᠠᠭ᠋ᠠᠯᠲᠠ ᠬᠢᠨ᠎ᠡ;
ᠳᠥᠷᠪᠡ᠎ᠳᠤ᠂ ᠬᠠᠯᠳᠠᠪᠤᠷᠢᠯᠠᠬᠤ ᠡᠬᠢ ᠰᠤᠷᠪᠤᠯᠵᠢ ᠵᠢᠨ ᠬᠠᠮᠢᠶᠠᠷᠤᠯᠲᠠ᠎ᠳᠤ ᠲᠣᠬᠢᠷᠠᠭᠤᠯᠤᠯᠲᠠ ᠬᠢᠨ᠎ᠡ᠃ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠳᠢ ᠲᠤᠰᠠᠭ᠋ᠠᠷᠯᠠᠬᠤ ᠠᠷᠭ᠎ᠠ ᠬᠡᠮᠵᠢᠶ᠎ᠡ ᠵᠢ ᠳᠠᠭᠢᠵᠤ ᠬᠡᠷᠡᠭᠵᠢᠭᠦᠯᠬᠦ ᠦᠭᠡᠢ᠂ ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠬᠦ ᠵᠢ ᠬᠡᠷᠡᠭᠵᠢᠭᠦᠯᠦᠨ᠎ᠡ; ᠨᠢᠭᠲᠠ ᠣᠢ᠌ᠷᠠᠲᠤᠭᠰᠠᠳᠢ ᠳᠠᠭᠢᠵᠤ ᠮᠠᠭ᠋ᠠᠳᠯᠠᠨ ᠲᠣᠭᠲᠠᠭ᠋ᠠᠬᠤ ᠦᠭᠡᠢ᠂ ᠥᠨᠳᠥᠷ ᠳᠣᠣᠷ᠎ᠠ ᠲᠠᠰ᠎ᠤᠨ ᠲᠦᠭᠰᠢᠭᠦᠷᠢᠲᠦ ᠣᠷᠣᠨ᠎ᠢ ᠳᠠᠭᠢᠵᠤ ᠵᠠᠭ᠋ᠠᠭᠯᠠᠨ ᠲᠣᠭᠲᠠᠭ᠋ᠠᠬᠤ ᠦᠭᠡᠢ;
ᠲᠠᠪᠤ᠎ᠳᠤ᠂ ᠬᠢᠵᠢᠭ ᠳᠡᠯᠭᠡᠷᠡᠵᠦ ᠪᠠᠢ᠌ᠭ᠎ᠠ ᠬᠤᠭᠤᠴᠠᠭ᠋ᠠᠨ᠎ᠳᠤ ᠪᠠᠴᠢᠮ ᠰᠡᠷᠭᠡᠢ᠌ᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃
ᠬᠢᠵᠢᠭ᠎ᠤᠨ ᠪᠠᠢ᠌ᠳᠠᠯ ᠭᠡᠨᠡᠳᠲᠡ ᠳᠡᠯᠭᠡᠷᠡᠭᠰᠡᠨ ᠬᠤᠭᠤᠴᠠᠭ᠋ᠠᠨ᠎ᠳᠤ ᠳᠠᠷᠠᠭ᠋ᠠᠬᠢ ᠪᠠᠴᠢᠮ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠠᠪᠴᠤ ᠪᠣᠯᠣᠨ᠎ᠠ
ᠬᠢᠵᠢᠭ᠎ᠤᠨ ᠪᠠᠢ᠌ᠳᠠᠯ ᠭᠡᠨᠡᠳᠲᠡ ᠳᠡᠯᠭᠡᠷᠡᠭᠰᠡᠨ ᠬᠤᠭᠤᠴᠠᠭ᠋ᠠᠨ᠎ᠳᠤ᠂ ᠸᠢᠷᠦ᠋ᠰ᠎ᠤᠨ ᠣᠨᠳᠣᠣᠰᠢᠯ᠎ᠤᠨ ᠪᠠᠢ᠌ᠳᠠᠯ᠂ ᠬᠢᠵᠢᠭ᠎ᠤᠨ ᠪᠠᠢ᠌ᠳᠠᠯ ᠳᠡᠯᠭᠡᠷᠡᠭᠰᠡᠨ ᠬᠦᠴᠦᠯᠡᠴᠡ᠂ ᠡᠮᠴᠢᠯᠡᠭᠡᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠪᠣᠯᠣᠨ ᠨᠡᠢ᠌ᠭᠡᠮ᠎ᠤᠨ ᠠᠵᠢᠯᠯᠠᠭ᠋ᠠᠨ᠎ᠤ ᠪᠠᠢ᠌ᠳᠠᠯ ᠵᠡᠷᠭᠡ᠎ᠲᠠᠢ ᠤᠶᠠᠯᠳᠤᠭᠤᠯᠤᠨ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠬᠢᠵᠦ᠂ ᠬᠥᠮᠥᠰ᠎ᠤᠨ ᠬᠠᠯᠳᠠᠪᠤᠷᠢᠯᠠᠬᠤ ᠨᠤᠷᠮ᠎ᠠ ᠪᠣᠯᠣᠨ ᠡᠮᠴᠢᠯᠡᠭᠡᠨ᠎ᠤ ᠡᠬᠢ ᠪᠠᠶᠠᠯᠢᠭ᠎ᠤᠨ ᠪᠠᠴᠢᠮ ᠱᠠᠭ᠋ᠠᠷᠳᠠᠭᠳᠠᠬᠤ ᠬᠡᠮᠵᠢᠶ᠎ᠡ ᠵᠡᠷᠭᠡ ᠵᠢ ᠦᠨᠳᠦᠰᠦᠯᠡᠨ᠂ ᠴᠠᠭ ᠲᠤᠬᠠᠢᠳᠤᠨᠢ᠂ ᠬᠠᠤᠯᠢ ᠶᠣᠰᠣᠭ᠋ᠠᠷ ᠲᠦᠷ ᠴᠠᠭ᠎ᠤᠨ ᠴᠢᠨᠠᠷᠲᠠᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠢ᠌ᠳᠠᠯ ᠡᠭᠦᠰᠬᠦ᠂ ᠳᠡᠯᠭᠡᠷᠡᠬᠦ ᠦᠶ᠎ᠡ᠎ᠳᠤ᠂ ᠪᠠᠰᠠ ᠴᠠᠭ᠎ᠤᠨ ᠪᠠᠢ᠌ᠳᠠᠯ᠎ᠳᠤ ᠲᠣᠬᠢᠷᠠᠭᠤᠯᠵᠤ᠂ ᠬᠠᠤᠯᠢ ᠶᠣᠰᠣᠭ᠋ᠠᠷ᠂ ᠰᠣᠩᠭᠣᠯᠲᠠᠲᠠᠢᠪᠠᠷ ᠵᠠᠷᠢᠮ ᠪᠠᠴᠢᠮ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠠᠪᠴᠤ ᠪᠣᠯᠣᠨ᠎ᠠ᠃
ᠠᠷᠪᠠᠳᠤᠭ᠋ᠠᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ᠎ᠳᠤ ᠴᠢᠬᠤᠯᠠ ᠪᠤᠰᠤ ᠲᠣᠮᠣ ᠬᠡᠯᠪᠡᠷᠢ ᠵᠢᠨ ᠠᠵᠢᠯᠯᠠᠭ᠎ᠠ ᠵᠢ ᠲᠦᠷ ᠬᠣᠢ᠌ᠰᠢᠯᠠᠭᠤᠯᠬᠤ᠂ ᠲᠣᠮᠣ ᠬᠡᠯᠪᠡᠷᠢ ᠵᠢᠨ ᠵᠤᠭ᠎ᠠ ᠴᠡᠩᠭᠡᠯ᠎ᠤᠨ ᠭᠠᠵᠠᠷ᠎ᠤᠨ ᠡᠵᠡᠩᠨᠡᠯᠲᠡ ᠵᠢᠨ ᠠᠵᠢᠯᠯᠠᠭ᠎ᠠ ᠵᠢ ᠲᠦᠷ ᠵᠣᠭᠰᠤᠭ᠋ᠠᠬᠤ ᠵᠢ ᠪᠠᠭᠲᠠᠭ᠋ᠠᠭᠰᠠᠨ ᠡᠳᠦᠢ ᠲᠡᠳᠦᠢ ᠠᠷᠭ᠎ᠠ ᠬᠡᠮᠵᠢᠶ᠎ᠡ ᠵᠢ ᠵᠢᠭᠰᠠᠭ᠋ᠠᠪᠠ; ᠮᠦᠽᠧᠢ᠂ ᠤᠷᠠᠯᠢᠭ᠎ᠤᠨ ᠣᠷᠳᠣᠨ ᠵᠡᠷᠭᠡ ᠭᠡᠷ ᠳᠣᠲᠣᠷᠠᠬᠢ ᠤᠯᠠᠨ ᠨᠡᠶ᠋ᠢᠲᠡ ᠵᠢᠨ ᠲᠠᠯᠠᠪᠤᠷ ᠲᠤ ᠬᠥᠮᠥᠨ ᠤ ᠲᠣᠭ᠎ᠠ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠤᠨ᠎ᠠ; ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠨᠡᠢ᠌ᠭᠡᠮ᠎ᠤᠨ ᠠᠰᠠᠷᠠᠮᠵᠢ ᠵᠢᠨ ᠪᠠᠢ᠌ᠭᠤᠯᠤᠮᠵᠢ ᠵᠡᠷᠭᠡ ᠪᠠᠭᠤᠷᠠᠢ ᠬᠥᠮᠥᠰ ᠲᠥᠪᠯᠡᠷᠡᠭᠰᠡᠨ ᠲᠠᠯᠠᠪᠤᠷ᠎ᠢ ᠴᠢᠩᠭ᠎ᠠ ᠬᠠᠮᠢᠶᠠᠷᠤᠨ᠎ᠠ; ᠣᠷᠭᠢᠯ ᠦᠶ᠎ᠡ ᠵᠢ ᠵᠥᠷᠢᠭᠦᠯᠦᠨ ᠠᠵᠢᠯ᠎ᠳᠤ᠎ᠪᠠᠨ ᠭᠠᠷᠬᠤ ᠪᠠ ᠠᠵᠢᠯ᠎ᠠᠴᠠ᠎ᠪᠠᠨ ᠪᠠᠭᠤᠬᠤ᠂ ᠤᠶᠠᠨ ᠬᠠᠳᠠᠨ ᠵᠶ᠋ᠠᠷ ᠠᠵᠢᠯᠯᠠᠬᠤ ᠳᠦᠷᠢᠮ᠎ᠢ ᠬᠡᠷᠡᠭᠵᠢᠭᠦᠯᠬᠦ ᠪᠤᠶᠤ ᠭᠡᠷ᠎ᠲᠤ᠎ᠪᠠᠨ ᠰᠠᠭᠤᠵᠤ ᠠᠵᠢᠯᠯᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ; ᠪᠠᠰᠠ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ᠎ᠠᠴᠠ ᠲᠦᠷ ᠴᠠᠭ᠎ᠤᠨ ᠴᠢᠨᠠᠷᠲᠠᠢ ᠰᠦᠯᠵᠢᠶᠡᠨ ᠳᠡᠭᠡᠷᠡᠬᠢ ᠵᠢᠭ᠋ᠠᠨ ᠰᠤᠷᠭ᠋ᠠᠯᠲᠠ ᠵᠢ ᠶᠠᠪᠤᠭᠤᠯᠤᠨ᠎ᠠ᠃ ᠬᠢᠵᠢᠭ᠎ᠤᠨ ᠪᠠᠢ᠌ᠳᠠᠯ ᠨᠠᠮᠳᠠᠬᠤ᠎ᠳᠤ ᠬᠦᠷᠪᠡᠯ᠂ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ᠎ᠠᠴᠠ ᠪᠠᠴᠢᠮ ᠰᠡᠷᠭᠡᠢ᠌ᠯᠡᠨ ᠬᠢᠵᠠᠭ᠋ᠠᠷᠯᠠᠬᠤ ᠠᠷᠭ᠎ᠠ ᠬᠡᠮᠵᠢᠶ᠎ᠡ ᠵᠢ ᠬᠦᠴᠦᠨ ᠦᠭᠡᠢ ᠪᠣᠯᠭ᠋ᠠᠬᠤ᠎ᠪᠠᠷ ᠴᠠᠭ ᠲᠤᠬᠠᠢᠳᠤᠨᠢ ᠵᠠᠷᠯᠠᠬᠤ ᠬᠡᠷᠡᠭᠲᠡᠢ᠃
— ᠸᠢᠷᠦ᠋ᠰ᠎ᠤᠨ ᠣᠨᠳᠣᠣᠰᠢᠯ᠎ᠤᠨ ᠬᠢᠨᠠᠨ ᠰᠢᠨᠵᠢᠯᠡᠯᠲᠡ —
ᠰᠢᠨ᠎ᠡ ᠲᠢᠲᠢᠮᠯᠢᠭ ᠸᠢᠷᠦ᠋ᠰ᠎ᠤᠨ ᠣᠨᠳᠣᠣᠰᠢᠯ᠎ᠤᠨ ᠪᠠᠢ᠌ᠳᠠᠯ᠎ᠢ ᠬᠡᠷᠬᠢᠨ ᠬᠠᠮᠤᠭ᠎ᠤᠨ ᠲᠡᠷᠢᠭᠦᠨ᠎ᠳᠤ ᠬᠢᠨᠠᠨ ᠰᠢᠨᠵᠢᠯᠡᠬᠦ ᠪᠤᠢ?
ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠰᠢᠨ᠎ᠡ ᠱᠠᠲᠤᠨ᠎ᠳᠤ ᠣᠷᠣᠭᠰᠠᠨ᠎ᠠᠴᠠ ᠨᠠᠭ᠋ᠠᠰᠢ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠰᠠᠯᠠᠭ᠎ᠠ ᠮᠥᠴᠢᠷ᠎ᠤᠨ᠎ᠬᠢᠨ ᠰᠢᠨ᠎ᠡ ᠲᠢᠲᠢᠮᠯᠢᠭ ᠸᠢᠷᠦ᠋ᠰ᠎ᠤᠨ ᠣᠨᠳᠣᠣᠰᠢᠯᠢ ᠬᠢᠨᠠᠨ ᠰᠢᠨᠵᠢᠯᠡᠬᠦ ᠠᠵᠢᠯ᠎ᠤᠨ ᠲᠥᠰᠥᠯ ᠵᠶ᠋ᠡᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠤᠯ᠎ᠤᠨ ᠠᠵᠢᠯ᠎ᠤᠨ ᠰᠠᠭᠤᠷᠢᠨ ᠳᠡᠭᠡᠷ᠎ᠡ᠂ ᠬᠢᠯᠢ᠎ᠪᠠᠷ ᠣᠷᠣᠵᠤ ᠢᠷᠡᠭᠰᠡᠨ ᠬᠥᠮᠥᠰ᠂ ᠡᠮᠨᠡᠯᠭᠡ᠎ᠳᠤ ᠣᠴᠢᠬᠤ ᠡᠪᠡᠳᠴᠢᠲᠡᠳ᠂ ᠭᠣᠣᠯᠳᠠᠯᠭ᠎ᠠ᠎ᠲᠠᠢ ᠲᠠᠯᠠᠪᠤᠷ ᠭᠠᠵᠠᠷ ᠪᠣᠯᠣᠨ ᠭᠣᠣᠯᠳᠠᠯᠭ᠎ᠠ᠎ᠲᠠᠢ ᠬᠥᠮᠥᠰ᠎ᠲᠤ ᠥᠷᠨᠢᠭᠦᠯᠬᠦ ᠦᠯᠢᠭᠡᠷ ᠠᠪᠴᠤ ᠰᠢᠯᠭ᠋ᠠᠨ ᠪᠠᠢ᠌ᠴᠠᠭ᠋ᠠᠯᠭ᠋ᠠᠬᠤ ᠪᠠ ᠭ᠋ᠸᠨᠤ ᠳᠠᠷᠠᠭ᠋ᠠᠯᠠᠯ᠎ᠢ ᠰᠢᠯᠭ᠋ᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠪᠠ᠃ ᠭᠠᠳᠠᠭ᠋ᠠᠳᠤ᠎ᠠᠴᠠ ᠣᠷᠣᠵᠤ ᠢᠷᠡᠭᠰᠡᠨ ᠡᠪᠡᠳᠴᠢᠨ᠎ᠤ ᠵᠢᠱ᠌ᠢᠶ᠎ᠡ ᠵᠢ ᠬᠢᠨᠠᠨ ᠰᠢᠨᠵᠢᠯᠡᠬᠦ ᠲᠠᠯ᠎ᠠ᠎ᠪᠠᠷ᠂ ᠪᠣᠭᠣᠮᠲᠠᠯᠤᠭᠠ ᠵᠢᠨ ᠨᠢᠭᠲᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠠᠢ᠃ ᠲᠤᠬᠠᠢ ᠵᠢᠨ ᠭᠠᠵᠠᠷ᠎ᠤᠨ ᠡᠪᠡᠳᠴᠢᠨ᠎ᠤ ᠵᠢᠱ᠌ᠢᠶ᠎ᠡ ᠵᠢ ᠬᠢᠨᠠᠨ ᠰᠢᠨᠵᠢᠯᠡᠬᠦ ᠲᠠᠯ᠎ᠠ᠎ᠪᠠᠷ᠂ ᠮᠤᠵᠢ ᠨᠢᠭᠡᠪᠦᠷᠢ ᠬᠡᠰᠡᠭ ᠬᠣᠲᠠ ᠪᠠ ᠡᠮᠨᠡᠯᠭᠡ ᠵᠢᠨ ᠬᠣᠷᠢᠶ᠎ᠠ ᠵᠢ ᠰᠣᠩᠭᠣᠨ ᠬᠢᠨᠠᠨ ᠰᠢᠨᠵᠢᠯᠡᠬᠦ ᠴᠡᠭ ᠪᠣᠯᠭ᠋ᠠᠵᠤ᠂ ᠡᠭᠦᠳᠡᠨ ᠡᠮᠨᠡᠯᠭᠡ ᠵᠢᠨ ᠡᠪᠡᠳᠴᠢᠨ᠎ᠤ ᠵᠢᠱ᠌ᠢᠶ᠎ᠡ᠂ ᠬᠦᠨᠳᠦ ᠡᠪᠡᠳᠴᠢᠲᠡᠨ ᠪᠠ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ᠎ᠳᠤ ᠵᠣᠬᠢᠬᠤ ᠲᠣᠭ᠎ᠠ ᠬᠡᠮᠵᠢᠶᠡᠨ᠎ᠤ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠨ ᠡᠪᠡᠳᠴᠢᠨ᠎ᠤ ᠵᠢᠱ᠌ᠢᠶ᠎ᠡ ᠵᠢᠨ ᠥᠯᠢᠭᠡᠷ ᠠᠪᠬᠤ ᠪᠠ ᠭ᠋ᠸᠨᠤ ᠳᠠᠷᠠᠭ᠋ᠠᠯᠠᠯ ᠢ᠎ᠨᠢ ᠬᠡᠮᠵᠢᠨ ᠲᠣᠭᠲᠠᠭ᠋ᠠᠵᠤ᠂ ᠰᠢᠨ᠎ᠡ ᠲᠢᠲᠢᠮᠯᠢᠭ ᠸᠢᠷᠦ᠋ᠰ᠎ᠤᠨ ᠣᠨᠳᠣᠣᠰᠢᠬᠤ ᠬᠠᠨᠳᠤᠰᠢ ᠵᠢ ᠬᠥᠳᠡᠯᠦᠩᠭᠦᠢ᠎ᠪᠠᠷ ᠬᠢᠨᠠᠨ ᠰᠢᠨᠵᠢᠯᠡᠵᠦ᠂ ᠣᠨᠳᠣᠣᠰᠢᠭᠰᠠᠨ ᠰᠢᠨ᠎ᠡ ᠸᠢᠷᠦ᠋ᠰ᠎ᠢ ᠴᠠᠭ ᠲᠤᠬᠠᠢᠳᠤᠨᠢ ᠢᠯᠡᠷᠡᠭᠦᠯᠬᠦ ᠵᠢᠨ ᠬᠠᠮᠲᠤ ᠲᠡᠭᠦᠨ᠎ᠤ ᠠᠮᠢᠳᠤ ᠪᠣᠳᠠᠰ᠎ᠤᠨ ᠰᠤᠳᠤᠯᠤᠯ᠎ᠤᠨ ᠥᠪᠡᠷᠮᠢᠴᠡ ᠴᠢᠨᠠᠷ᠎ᠤᠨ ᠬᠤᠪᠢᠷᠠᠯᠲᠠ ᠵᠢ ᠦᠨᠡᠯᠡᠨ ᠵᠢᠱ᠌ᠢᠵᠦ᠂ ᠬᠢᠵᠢᠭ᠎ᠤᠨ ᠪᠠᠢ᠌ᠳᠠᠯ᠎ᠢ ᠰᠤᠳᠤᠯᠤᠨ ᠮᠠᠭ᠋ᠠᠳᠯᠠᠬᠤ᠂ ᠪᠠᠢ᠌ᠴᠠᠭ᠋ᠠᠨ ᠰᠢᠯᠭ᠋ᠠᠬᠤ ᠤᠷᠪᠠᠯᠵᠢ᠂ ᠸᠠᠺᠼᠢᠨ ᠪᠠ ᠡᠮ᠎ᠢ ᠰᠤᠳᠤᠯᠤᠨ ᠨᠡᠭᠡᠭᠡᠬᠦ ᠵᠢᠴᠢ ᠦᠨᠡᠯᠡᠬᠦ ᠵᠡᠷᠭᠡ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠨ᠎ᠠ᠃
XBB᠎ᠤᠨ ᠣᠳᠣᠬᠠᠨ᠎ᠳᠤ ᠢᠯᠡᠷᠡᠭᠰᠡᠨ ᠣᠨᠴᠠᠯᠢᠭ᠎ᠨᠢ ᠶᠠᠭᠤ ᠪᠤᠢ? ᠡᠪᠡᠳᠴᠢᠯᠡᠭᠦᠯᠬᠦ ᠴᠢᠳᠠᠯ ᠪᠠ ᠬᠣᠣᠷᠲᠤ ᠴᠢᠨᠠᠷ᠎ᠨᠢ ᠴᠢᠩᠭ᠋ᠠᠷᠠᠭᠰᠠᠨ ᠤᠤ?
ᠰᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠢ᠌ᠳᠠᠯ ᠢᠯᠡᠷᠡᠭᠰᠡᠨ᠎ᠠᠴᠠ ᠨᠠᠭ᠋ᠠᠰᠢ᠂ ᠮᠠᠨ᠎ᠤ ᠤᠯᠤᠰ ᠰᠢᠨ᠎ᠡ ᠲᠢᠲᠢᠮᠯᠢᠭ ᠸᠢᠷᠦ᠋ᠰ᠎ᠢ ᠬᠢᠨᠠᠨ ᠰᠢᠨᠵᠢᠯᠡᠬᠦ ᠠᠵᠢᠯ᠎ᠢ ᠥᠷᠨᠢᠭᠦᠯᠦᠭᠰᠡᠭᠡᠷ ᠢᠷᠡᠵᠡᠶ᠃ ᠪᠦᠬᠦ ᠪᠥᠮᠪᠥᠷᠴᠡᠭ᠎ᠤᠨ ᠪᠠᠢ᠌ᠳᠠᠯ᠎ᠠᠴᠠ ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ᠎ᠨᠢ ᠭᠣᠣᠯᠳᠠᠭᠤ ᠠᠮᠧᠷᠢᠺᠠ᠂ ᠡᠨᠡᠳᠬᠡᠭ᠂ ᠮᠠᠯᠠᠢ᠌ᠰᠢᠶ᠎ᠠ ᠪᠣᠯᠣᠨ ᠰᠢᠩᠭ᠋ᠠᠫᠤᠷ ᠵᠡᠷᠭᠡ ᠤᠯᠤᠰ᠎ᠲᠤ ᠳᠡᠯᠭᠡᠷᠡᠵᠦ ᠪᠠᠢ᠌ᠨ᠎ᠠ᠃ ᠣᠢ᠌ᠷ᠎ᠠ ᠵᠢᠨ ᠬᠤᠭᠤᠴᠠᠭ᠋ᠠᠨ᠎ᠳᠤ᠂ XBB᠎ᠨᠢ ᠳᠡᠯᠭᠡᠷᠡᠬᠦ ᠶᠠᠪᠤᠴᠠ᠎ᠳᠤ ᠪᠠᠰᠠ ᠨᠢᠭᠡᠨ ᠰᠢᠨ᠎ᠡ ᠳᠡᠳ᠋ ᠰᠠᠯᠪᠤᠷᠢ XBB.1.5 ᠪᠣᠶ ᠪᠣᠯᠵᠠᠢ᠂ ᠡᠨᠡ ᠬᠦ᠌ ᠬᠤᠪᠢᠰᠤᠭᠰᠠᠨ ᠰᠠᠯᠪᠤᠷᠢ ᠸᠢᠷᠦ᠋ᠰ᠎ᠨᠢ ᠠᠮᠧᠷᠢᠺᠠ ᠵᠢᠨ ᠣᠳᠣᠬᠠᠨ᠎ᠤ ᠰᠢᠨ᠎ᠡ ᠲᠢᠲᠢᠮᠯᠢᠭ ᠸᠢᠷᠦ᠋ᠰ᠎ᠲᠤ ᠨᠡᠷᠪᠡᠭᠳᠡᠭᠰᠡᠳ᠎ᠤᠨ ᠳᠣᠲᠣᠷ᠎ᠠ ᠨᠡᠯᠢᠶᠡᠳ ᠥᠨᠳᠥᠷ ᠬᠠᠷᠢᠴᠠᠯ᠎ᠲᠠᠢ ᠪᠠᠢ᠌ᠭ᠎ᠠ ᠪᠥᠭᠡᠳ ᠨᠡᠮᠡᠭᠳᠡᠬᠦ ᠬᠠᠨᠳᠤᠰᠢ᠎ᠲᠠᠢ ᠪᠠᠢ᠌ᠨ᠎ᠠ᠃ ᠠᠮᠧᠷᠢᠺᠠ ᠵᠢᠨ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠲᠥᠪ᠎ᠠᠴᠠ ᠬᠢᠨᠠᠨ ᠰᠢᠨᠵᠢᠯᠡᠭᠰᠡᠨ ᠵᠶ᠋ᠡᠷ ᠢᠷᠡᠭᠡᠳᠦᠢ ᠵᠢᠨ ᠬᠡᠳᠦᠨ ᠭᠠᠷᠠᠭ᠎ᠤᠨ ᠳᠣᠲᠣᠷ᠎ᠠ XBB.1.5᠎ᠨᠢ ᠣᠳᠣᠬᠠᠨ᠎ᠤ ᠠᠮᠧᠷᠢᠺᠠ᠎ᠳᠤ ᠳᠡᠯᠭᠡᠷᠡᠵᠦ ᠪᠠᠢ᠌ᠭ᠎ᠠ BQ.1 ᠪᠣᠯᠣᠨ BQ.1.1 ᠵᠢ ᠣᠷᠣᠯᠠᠵᠤ᠂ ᠠᠮᠧᠷᠢᠺᠠ᠎ᠳᠤ ᠳᠡᠯᠭᠡᠷᠡᠬᠦ ᠭᠣᠣᠯ ᠣᠨᠳᠣᠣᠰᠢᠭᠰᠠᠨ ᠸᠢᠷᠦ᠋ᠰ ᠪᠣᠯᠵᠤ ᠮᠡᠳᠡᠨ᠎ᠡ ᠭᠡᠵᠦ ᠵᠢᠱ᠌ᠢᠵᠦ ᠪᠠᠢ᠌ᠨ᠎ᠠ᠃
2023 ᠣᠨ᠎ᠤ 1 ᠳ᠋ᠦ᠍ᠭᠡᠷ ᠰᠠᠷ᠎ᠠ ᠵᠢᠨ 7᠎ᠤ ᠡᠳᠦᠷ ᠪᠣᠯᠲᠠᠯ᠎ᠠ᠂ ᠪᠥᠬᠥ ᠳᠡᠯᠡᠬᠡᠢ ᠵᠢᠨ 35 ᠤᠯᠤᠰ ᠪᠠ ᠭᠠᠵᠠᠷ ᠣᠷᠣᠨ᠎ᠳᠤ XBB.1.5 ᠵᠢ ᠬᠢᠨᠠᠨ ᠰᠢᠨᠵᠢᠯᠡᠵᠦ ᠣᠯᠣᠭᠰᠠᠨ ᠪᠠᠢ᠌ᠨ᠎ᠠ᠃ ᠮᠠᠨ᠎ᠤ ᠤᠯᠤᠰ᠎ᠤᠨ ᠬᠢᠨᠠᠨ ᠰᠢᠨᠵᠢᠯᠡᠭᠰᠡᠨ ᠲᠣᠭ᠎ᠠ ᠪᠠᠷᠢᠮᠲᠠ ᠵᠢᠨ ᠢᠯᠡᠷᠡᠭᠦᠯᠦᠭᠰᠡᠨ ᠵᠶ᠋ᠡᠷ᠂ 2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠣᠲᠣ ᠪᠣᠯᠲᠠᠯ᠎ᠠ᠂ ᠮᠠᠨ᠎ᠤ ᠤᠯᠤᠰ XBB᠎ᠤᠨ ᠬᠣᠯᠪᠣᠭᠳᠠᠯ ᠪᠦᠬᠦᠢ ᠲᠤᠬᠠᠢ ᠵᠢᠨ ᠭᠠᠵᠠᠷ᠎ᠤᠨ 16 ᠡᠪᠡᠳᠴᠢᠨ᠎ᠤ ᠵᠢᠱ᠌ᠢᠶ᠎ᠡ ᠵᠢ ᠬᠢᠨᠠᠨ ᠰᠢᠨᠵᠢᠯᠡᠵᠦ ᠣᠯᠣᠭᠰᠠᠨ ᠪᠥᠭᠡᠳ ᠴᠥᠮ XBB.1 ᠵᠢᠨ ᠬᠤᠪᠢᠰᠤᠭᠰᠠᠨ ᠰᠠᠯᠪᠤᠷᠢ ᠪᠣᠯᠣᠨ᠎ᠠ᠃
ᠤᠯᠠᠨ ᠵᠦᠢ᠍ᠯ᠎ᠤᠨ ᠰᠤᠳᠤᠯᠭ᠋ᠠᠨ᠎ᠤ ᠦᠷ᠎ᠡ ᠳ᠋ᠦᠩ᠎ᠠᠴᠠ ᠠᠪᠴᠤ ᠦᠵᠡᠪᠡᠯ᠂ XBB᠎ᠤᠨ ᠬᠤᠪᠢᠰᠤᠭᠰᠠᠨ ᠰᠠᠯᠪᠤᠷᠢ ᠵᠢ᠎ᠨᠢ ᠬᠠᠮᠤᠭ᠎ᠤᠨ ᠡᠷᠲᠡ ᠢᠯᠡᠷᠡᠭᠦᠯᠦᠭᠰᠡᠨ ᠠᠩᠬᠠᠨ᠎ᠤ ᠸᠢᠷᠦ᠋ᠰ ᠪᠠ ᠡᠭᠦᠨ᠎ᠠᠴᠠ ᠡᠮᠦᠨᠡᠬᠢ ᠬᠥᠮᠥᠰ᠎ᠤᠨ ᠠᠩᠬᠠᠷᠤᠯ ᠲᠠᠯᠪᠢᠵᠤ ᠪᠠᠢ᠌ᠭᠰᠠᠨ ᠣᠨᠳᠣᠣᠰᠢᠭᠰᠠᠨ ᠸᠢᠷᠦ᠋ᠰ ᠪᠣᠯᠬᠤ ᠳ᠋ᠸᠯᠲ᠋ᠠ ᠣᠨᠳᠣᠣᠰᠢᠭᠰᠠᠨ ᠸᠢᠷᠦ᠋ᠰ ᠪᠠ ᠤᠮᠢᠺᠷᠤᠨ ᠮᠡᠲᠦ ᠵᠢᠨ ᠡᠷᠲᠡ ᠢᠯᠡᠷᠡᠭᠦᠯᠦᠭᠰᠡᠨ ᠬᠡᠳᠦᠨ ᠬᠤᠪᠢᠰᠤᠭᠰᠠᠨ ᠰᠠᠯᠪᠤᠷᠢ᠎ᠲᠠᠢ ᠬᠠᠷᠢᠴᠠᠭᠤᠯᠪᠠᠯ ᠡᠭᠡᠯᠢᠯᠡᠭᠡ ᠵᠢᠨ ᠳᠤᠲᠠᠭ᠋ᠠᠨ ᠵᠠᠢ᠌ᠯᠠᠬᠤ ᠴᠢᠳᠠᠪᠤᠷᠢ᠎ᠨᠢ ᠢᠯᠡᠳᠲᠡ ᠨᠡᠮᠡᠭᠳᠡᠵᠡᠢ᠂ ᠡᠨᠡ᠎ᠨᠢ ᠮᠥᠨ ᠴᠦ᠍ XBB᠎ᠤᠨ ᠠᠮᠧᠷᠢᠺᠠ ᠵᠡᠷᠭᠡ ᠤᠯᠤᠰ᠎ᠲᠠᠬᠢ ᠬᠠᠯᠳᠠᠪᠤᠷᠢᠯᠠᠯ᠎ᠤᠨ ᠲᠦᠭᠰᠢᠭᠦᠷᠢ ᠵᠢ ᠢᠯᠡᠳᠲᠡ ᠨᠡᠮᠡᠭᠳᠡᠭᠦᠯᠬᠦ ᠬᠠᠨᠳᠤᠰᠢ ᠵᠢ ᠪᠤᠢ ᠪᠣᠯᠭ᠋ᠠᠭᠰᠠᠨ ᠪᠠᠢ᠌ᠨ᠎ᠠ᠃ ᠣᠳᠣᠬᠠᠨ᠎ᠤ ᠮᠡᠳᠡᠭᠡᠯᠡᠯ ᠪᠠ ᠰᠤᠳᠤᠯᠭ᠋ᠠᠨ᠎ᠠᠴᠠ ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ᠎ᠲᠤ ᠬᠠᠯᠳᠠᠪᠤᠷᠢᠯᠠᠭᠳᠠᠭᠰᠠᠨ ᠬᠦᠨᠳᠦ ᠡᠪᠡᠳᠴᠢᠨ ᠪᠠ ᠨᠠᠰᠤ ᠪᠠᠷᠠᠭᠰᠠᠨ ᠡᠪᠡᠳᠴᠢᠨ᠎ᠤ ᠵᠢᠱ᠌ᠢᠶ᠎ᠡ ᠵᠢᠨ ᠨᠡᠮᠡᠭᠳᠡᠭᠰᠡᠨ ᠪᠠᠢ᠌ᠳᠠᠯ ᠠᠵᠢᠭᠯᠠᠭᠳᠠᠭᠰᠠᠨ ᠦᠭᠡᠢ᠂ ᠥᠭᠡᠷ᠎ᠡ᠎ᠪᠠᠷ ᠬᠡᠯᠡᠪᠡᠯ ᠲᠡᠭᠦᠨ᠎ᠤ ᠡᠪᠡᠳᠴᠢᠯᠡᠭᠦᠯᠬᠦ ᠴᠢᠳᠠᠯ᠎ᠨᠢ ᠢᠯᠡᠷᠬᠡᠢ ᠨᠡᠮᠡᠭᠳᠡᠭᠰᠡᠨ ᠦᠭᠡᠢ᠃
ᠶᠠᠭᠤᠨ᠎ᠳᠤ ᠬᠤᠳᠠ ᠵᠢᠨ ᠪᠣᠬᠢᠷ ᠤᠰᠤ ᠵᠢ ᠬᠢᠨᠠᠨ ᠰᠢᠨᠵᠢᠯᠡᠬᠦ ᠠᠷᠭ᠎ᠠ ᠵᠢ ᠠᠪᠬᠤ ᠪᠤᠢ?
ᠰᠠᠭᠤᠭ᠋ᠠᠯᠢ ᠠᠷᠠᠳ᠎ᠤᠨ ᠠᠰᠠᠷ᠎ᠤᠨ ᠪᠣᠬᠢᠷ ᠤᠰᠤᠨ᠎ᠳᠤ ᠰᠢᠨ᠎ᠡ ᠲᠢᠲᠢᠮᠯᠢᠭ ᠸᠢᠷᠦ᠋ᠰ᠎ᠤᠨ ᠬᠢᠨᠠᠨ ᠰᠢᠨᠵᠢᠯᠡᠯᠲᠡ ᠬᠢᠬᠦ᠎ᠨᠢ ᠲᠤᠬᠠᠢ ᠵᠢᠨ ᠰᠠᠭᠤᠭ᠋ᠠᠯᠢ ᠠᠷᠠᠳ᠎ᠤᠨ ᠠᠰᠠᠷ᠎ᠤᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠦᠢ᠍ᠯᠡᠳᠦᠯ᠎ᠢ ᠨᠠᠩ ᠰᠠᠢ᠌ᠨ ᠪᠠᠳᠠᠷᠠᠭᠤᠯᠵᠤ ᠪᠣᠯᠬᠤ ᠶᠤᠮ᠂ ᠰᠢᠶᠠᠩᠭ᠋ᠠᠩ ᠨᠡᠢ᠌ᠭᠡᠮ ᠲᠣᠭᠣᠷᠢᠭ᠎ᠤᠨ ᠪᠣᠬᠢᠷ ᠤᠰᠤ ᠵᠢ ᠬᠢᠨᠠᠨ ᠰᠢᠨᠵᠢᠯᠡᠬᠦ᠎ᠪᠠᠷ ᠳᠠᠮᠵᠢᠭᠤᠯᠤᠨ᠂ ᠬᠠᠯᠳᠠᠪᠤᠷᠢᠯᠠᠭᠰᠠᠳ ᠣᠷᠣᠰᠢᠵᠤ ᠮᠡᠳᠡᠬᠦ ᠣᠷᠣᠨ ᠪᠦᠰᠡ ᠵᠢ ᠴᠠᠭ ᠲᠤᠬᠠᠢᠳᠤᠨᠢ ᠢᠯᠡᠷᠡᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ᠎ᠢ ᠤᠯᠠᠮ ᠨᠢᠭᠡ ᠠᠯᠬᠤᠮ ᠮᠥᠷᠳᠡᠨ ᠢᠯᠡᠷᠡᠭᠦᠯᠵᠦ᠂ ᠵᠣᠬᠢᠬᠤ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠦ ᠪᠠᠢ᠌ᠨ᠎ᠠ᠂ ᠡᠭᠦᠨ᠎ᠢ ᠭᠣᠣᠯᠳᠠᠭᠤ ᠬᠢᠵᠢᠭ᠎ᠤᠨ ᠪᠠᠢ᠌ᠳᠠᠯ᠎ᠤᠨ ᠡᠬᠢᠨ᠎ᠤ ᠬᠤᠭᠤᠴᠠᠭ᠋ᠠᠨ᠎ᠳᠤ ᠬᠠᠷᠠᠬᠠᠨ ᠶᠡᠬᠡ ᠬᠡᠪᠴᠢᠶ᠎ᠡ᠎ᠪᠠᠷ ᠳᠡᠯᠭᠡᠷᠡᠭᠡ ᠦᠭᠡᠢ ᠦᠶ᠎ᠡ᠎ᠳᠤ ᠬᠡᠷᠡᠭᠯᠡᠨ᠎ᠡ᠃ ᠪᠣᠬᠢᠷ ᠤᠰᠤ ᠵᠢ ᠴᠡᠪᠠᠷᠰᠢᠭᠦᠯᠬᠦ ᠦᠢ᠍ᠯᠡᠳᠪᠦᠷᠢ᠎ᠳᠤ ᠰᠢᠨ᠎ᠡ ᠲᠢᠲᠢᠮᠯᠢᠭ ᠸᠢᠷᠦ᠋ᠰ᠎ᠤᠨ ᠬᠢᠨᠠᠨ ᠰᠢᠨᠵᠢᠯᠡᠯᠲᠡ ᠵᠢ ᠥᠷᠨᠢᠭᠦᠯᠪᠡᠯ᠂ ᠬᠠᠷᠢᠶ᠎ᠠ ᠲᠣᠭᠣᠷᠢᠭ᠎ᠤᠨ ᠨᠠᠩ ᠶᠡᠬᠡ ᠬᠡᠪᠴᠢᠶᠡᠨ᠎ᠳᠠᠬᠢ ᠬᠥᠮᠥᠰ᠎ᠤᠨ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠬᠤ ᠬᠠᠨᠳᠤᠰᠢ ᠵᠢᠨ ᠬᠤᠪᠢᠷᠠᠯᠲᠠ ᠵᠢ ᠦᠨᠡᠯᠡᠨ ᠵᠢᠱ᠌ᠢᠵᠦ ᠪᠣᠯᠣᠨ᠎ᠠ᠂ ᠡᠭᠦᠨ᠎ᠢ ᠨᠠᠩ ᠣᠷᠳᠣ ᠬᠤᠭᠤᠴᠠᠭ᠎ᠠ ᠪᠠ ᠨᠠᠩ ᠶᠡᠬᠡ ᠬᠡᠪᠴᠢᠶᠡᠨ᠎ᠤ ᠬᠢᠨᠠᠨ ᠰᠢᠨᠵᠢᠯᠡᠯᠲᠡ᠎ᠳᠤ ᠬᠡᠷᠡᠭᠯᠡᠵᠦ ᠪᠣᠯᠣᠨ᠎ᠠ᠃ ᠨᠡᠢ᠌ᠭᠡᠮ ᠲᠣᠭᠣᠷᠢᠭ᠎ᠲᠤ ᠬᠢᠨᠠᠨ ᠰᠢᠨᠵᠢᠯᠡᠬᠦ ᠴᠡᠭ ᠪᠠᠢ᠌ᠷᠢᠯᠠᠭᠤᠯᠬᠤ ᠪᠠ ᠪᠣᠬᠢᠷ ᠤᠰᠤ ᠵᠢ ᠴᠡᠪᠠᠷᠰᠢᠭᠦᠯᠬᠦ ᠦᠢ᠍ᠯᠡᠳᠪᠦᠷᠢ᠎ᠳᠤ ᠬᠢᠨᠠᠨ ᠰᠢᠨᠵᠢᠯᠡᠬᠦ ᠴᠡᠭ ᠪᠠᠢ᠌ᠷᠢᠯᠠᠭᠤᠯᠬᠤ ᠵᠣᠷᠢᠯᠭ᠎ᠠ᠎ᠨᠢ ᠲᠣᠰ ᠲᠣᠰ᠎ᠤᠨ ᠬᠢᠨᠢ ᠭᠣᠣᠯᠳᠠᠯᠭ᠎ᠠ᠎ᠲᠠᠢ ᠶᠤᠮ᠃ ᠣᠳᠣᠬᠢ ᠱᠠᠲᠤᠨ᠎ᠳᠤ᠂ ᠮᠠᠨ᠎ᠤ ᠤᠯᠤᠰ᠎ᠤᠨ ᠳᠣᠲᠣᠷ᠎ᠠ ᠭᠠᠵᠠᠷ᠎ᠤᠨ ᠰᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠨᠢ ᠮᠥᠨ ᠬᠦ᠌ ᠳᠡᠯᠭᠡᠷᠡᠬᠦ ᠱᠠᠲᠤᠨ᠎ᠳᠤ᠎ᠪᠠᠨ ᠣᠷᠣᠰᠢᠵᠤ ᠪᠠᠢ᠌ᠨ᠎ᠠ᠂ ᠡᠢ᠌ᠮᠦ᠎ᠠᠴᠠ ᠪᠢᠳᠡ ᠪᠥᠬᠥ ᠤᠯᠤᠰ᠎ᠤᠨ ᠨᠥᠬᠥᠴᠡᠯ᠎ᠲᠠᠢ ᠬᠣᠲᠠ᠎ᠳᠤ ᠪᠣᠬᠢᠷ ᠤᠰᠤ ᠵᠢ ᠬᠢᠨᠠᠨ ᠬᠡᠮᠵᠢᠬᠦ ᠠᠵᠢᠯ᠎ᠢ ᠥᠷᠨᠢᠭᠦᠯᠵᠦ᠂ ᠰᠢᠨ᠎ᠡ ᠲᠢᠲᠢᠮᠯᠢᠭ ᠸᠢᠷᠦ᠋ᠰ᠎ᠤᠨ ᠬᠠᠯᠳᠠᠪᠤᠷᠢᠯᠠᠯ᠎ᠤᠨ ᠬᠦᠴᠦᠯᠡᠴᠡ᠂ ᠬᠤᠪᠢᠷᠠᠯᠲᠠ ᠵᠢᠨ ᠬᠠᠨᠳᠤᠰᠢ ᠵᠡᠷᠭᠡ ᠪᠠᠢ᠌ᠳᠠᠯ᠎ᠢ ᠬᠠᠪᠰᠤᠷᠤᠨ ᠦᠨᠡᠯᠡᠨ ᠵᠢᠱ᠌ᠢᠵᠦ᠂ ᠬᠢᠵᠢᠭ᠎ᠤᠨ ᠪᠠᠢ᠌ᠳᠠᠯ᠎ᠢ ᠰᠤᠳᠤᠯᠤᠨ ᠮᠠᠭ᠋ᠠᠳᠯᠠᠬᠤ ᠪᠠ ᠰᠡᠷᠭᠡᠢ᠌ᠯᠡᠨ ᠡᠵᠡᠮᠳᠡᠬᠦ ᠠᠵᠢᠯ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠵᠤ ᠪᠠᠢ᠌ᠨ᠎ᠠ᠃
— ᠸᠠᠺᠼᠢᠨ᠎ᠤ ᠲᠠᠷᠢᠯᠭ᠎ᠠ —
ᠠᠷᠪᠠᠳᠤᠭ᠋ᠠᠷ ᠬᠡᠪᠯᠡᠯ᠎ᠤᠨ ᠰᠡᠷᠭᠡᠢ᠌ᠯᠡᠨ ᠡᠵᠡᠮᠳᠡᠬᠦ ᠲᠥᠰᠥᠯ᠎ᠳᠤ ᠸᠠᠺᠼᠢᠨ᠎ᠤ ᠲᠠᠷᠢᠯᠭ᠎ᠠ ᠵᠢᠨ ᠲᠠᠯ᠎ᠠ᠎ᠪᠠᠷ ᠶᠠᠮᠠᠷ ᠶᠠᠮᠠᠷ ᠭᠣᠣᠯᠳᠠᠯᠭ᠎ᠠ᠎ᠲᠠᠢ ᠠᠵᠢᠯ᠎ᠤᠨ ᠱᠠᠭ᠋ᠠᠷᠳᠠᠯᠭ᠎ᠠ ᠳᠤᠷᠠᠳᠤᠭᠰᠠᠨ ᠪᠣᠶ?
ᠨᠢᠭᠡᠳᠦᠭᠡᠷ᠎ᠲᠤ᠂ ᠪᠠᠢ᠌ᠳᠠᠯ᠎ᠢ ᠮᠡᠳᠡᠬᠦ᠂ ᠵᠥᠪᠰᠢᠶᠡᠷᠡᠬᠦ᠂ ᠰᠠᠢ᠌ᠨ ᠳᠤᠷ᠎ᠠ᠎ᠠᠴᠠ᠎ᠪᠠᠨ ᠪᠠᠢ᠌ᠬᠤ ᠵᠠᠷᠴᠢᠮ᠎ᠢ ᠪᠠᠷᠢᠮᠲᠠᠯᠠᠬᠤ ᠵᠢ ᠤᠯᠠᠮ ᠨᠢᠭᠡ ᠠᠯᠬᠤᠮ ᠴᠢᠬᠤᠯᠠᠴᠢᠯᠠᠵᠤ᠂ 3 ᠨᠠᠰᠤᠨ᠎ᠠᠴᠠ ᠳᠡᠭᠡᠭᠰᠢᠬᠢ ᠬᠥᠮᠥᠰ᠎ᠲᠤ ᠴᠡᠭᠡᠷᠯᠡᠬᠦ ᠵᠦᠢ᠍ᠯ ᠪᠠᠢ᠌ᠬᠤ ᠦᠭᠡᠢ ᠪᠣᠯ ᠸᠠᠺᠼᠢᠨ᠎ᠤ ᠲᠠᠷᠢᠯᠭ᠎ᠠ ᠬᠢᠬᠦ ᠵᠢ ᠵᠣᠷᠢᠭᠵᠢᠭᠤᠯᠤᠨ᠎ᠠ᠃ ᠡᠭᠦᠨ᠎ᠠᠴᠠ ᠭᠠᠳᠠᠨ᠎ᠠ᠂ ᠣᠯᠠᠨ ᠲᠦᠮᠡᠨ ᠢᠯᠠᠩᠭᠤᠶ᠎ᠠ ᠨᠠᠰᠤᠲᠠᠢ᠌ᠴᠤᠳ᠎ᠤᠨ ᠪᠥᠬᠥ ᠶᠠᠪᠤᠴᠠ ᠵᠢᠨ ᠸᠠᠺᠼᠢᠨ᠎ᠤ ᠲᠠᠷᠢᠯᠭ᠎ᠠ ᠬᠢᠬᠦ᠂ ᠨᠥᠬᠥᠴᠡᠯ᠎ᠳᠤ ᠨᠡᠢ᠌ᠴᠡᠪᠡᠯ ᠡᠭᠡᠯᠢᠯᠡᠭᠡ ᠴᠢᠩᠭ᠋ᠠᠳᠬᠠᠬᠤ ᠲᠠᠷᠢᠯᠭ᠎ᠠ ᠬᠢᠬᠦ ᠵᠢ ᠰᠠᠨᠠᠭ᠋ᠠᠴᠢᠯᠠᠵᠤ ᠪᠠᠢ᠌ᠨ᠎ᠠ᠃
ᠬᠣᠶᠠᠳᠤᠭ᠋ᠠᠷ᠎ᠲᠤ᠂ ᠨᠥᠬᠥᠴᠡᠯ᠎ᠳᠤ ᠨᠡᠶ᠋ᠢᠴᠡᠬᠦ 18 ᠨᠠᠰᠤ ᠵᠢᠴᠢ 18 ᠨᠠᠰᠤᠨ᠎ᠠᠴᠠ ᠳᠡᠭᠡᠭᠰᠢᠬᠢ ᠬᠥᠮᠥᠰ᠎ᠲᠤ 1 ᠤᠳᠠᠭ᠎ᠠ ᠵᠢᠨ ᠡᠭᠡᠯᠢᠯᠡᠭᠡ ᠴᠢᠩᠭ᠋ᠠᠳᠬᠠᠬᠤ ᠲᠠᠷᠢᠯᠭ᠎ᠠ ᠬᠢᠬᠦ ᠬᠡᠷᠡᠭᠲᠡᠢ᠃ ᠡᠭᠡᠯᠢᠯᠡᠭᠡ ᠴᠢᠩᠭ᠋ᠠᠳᠬᠠᠬᠤ ᠲᠠᠷᠢᠯᠭ᠎ᠠ ᠬᠢᠬᠦ ᠶᠠᠪᠤᠴᠠ᠎ᠳᠤ᠂ ᠬᠡᠯᠬᠢᠶ᠎ᠡ ᠡᠭᠡᠯᠢᠯᠡᠭᠡ ᠵᠢ ᠰᠣᠩᠭᠣᠭᠰᠠᠨ ᠴᠤ᠌ ᠲᠡᠷᠡ᠂ ᠢᠵᠢᠯᠢ ᠡᠭᠦᠰᠦᠯᠳᠦ ᠡᠭᠡᠯᠢᠯᠡᠭᠡ ᠵᠢ ᠰᠣᠩᠭᠣᠭᠰᠠᠨ ᠴᠤ᠌ ᠲᠡᠷᠡ᠂ ᠬᠠᠮᠲᠤ ᠳᠤᠨᠢ ᠬᠢᠵᠦ ᠪᠣᠯᠬᠤ ᠦᠭᠡᠢ᠂ ᠵᠥᠪᠬᠡᠨ ᠨᠢᠭᠡ ᠵᠢ᠎ᠨᠢ ᠰᠣᠩᠭᠣᠬᠤ ᠬᠡᠷᠡᠭᠲᠡᠢ ᠭᠡᠵᠦ ᠣᠨᠴᠠᠭ᠋ᠠᠢ᠌ᠯᠠᠨ ᠴᠢᠬᠤᠯᠠᠴᠢᠯᠠᠭᠰᠠᠨ ᠪᠠᠢ᠌ᠨ᠎ᠠ᠃
ᠭᠤᠷᠪᠠᠳᠤᠭ᠋ᠠᠷ᠎ᠲᠤ᠂ ᠬᠠᠯᠳᠠᠪᠤᠷᠢᠯᠠᠭᠳᠠᠬᠤ ᠲᠦᠭᠰᠢᠭᠦᠷᠢ ᠶᠡᠬᠡᠲᠡᠢ ᠬᠥᠮᠥᠰ᠂ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠂ ᠬᠦᠨᠳᠦ ᠰᠠᠭᠤᠷᠢ ᠡᠪᠡᠳᠴᠢᠨ᠎ᠲᠠᠢ ᠬᠥᠮᠥᠰ᠂ ᠡᠭᠡᠯᠢᠯᠡᠭᠡ ᠵᠢᠨ ᠬᠤᠮᠰᠠᠳᠠᠯ᠎ᠲᠠᠢ ᠬᠥᠮᠥᠰ ᠵᠡᠷᠭᠡ ᠬᠠᠯᠳᠠᠪᠤᠷᠢᠯᠠᠭᠳᠠᠭᠰᠠᠨᠤ ᠳᠠᠷᠠᠭ᠎ᠠ ᠠᠮᠠᠷᠬᠠᠨ ᠬᠦᠨᠳᠦ ᠡᠪᠡᠳᠴᠢᠨ ᠡᠭᠦᠰᠬᠦ ᠬᠥᠮᠥᠰ᠎ᠲᠤ ᠬᠣᠶᠠᠳᠠᠭᠢ ᠤᠳᠠᠭ᠋ᠠᠨ᠎ᠤ ᠡᠭᠡᠯᠢᠯᠡᠭᠡ ᠴᠢᠩᠭ᠋ᠠᠳᠬᠠᠬᠤ ᠲᠠᠷᠢᠯᠭ᠎ᠠ ᠬᠢᠬᠦ ᠵᠢ ᠤᠯᠠᠮ ᠨᠢᠭᠡ ᠠᠯᠬᠤᠮ ᠴᠢᠬᠤᠯᠠᠴᠢᠯᠠᠵᠠᠢ᠃ ᠬᠣᠶᠠᠳᠤᠭ᠋ᠠᠷ ᠤᠳᠠᠭ᠎ᠠ ᠵᠢᠨ ᠡᠭᠡᠯᠢᠯᠡᠭᠡ ᠴᠢᠩᠭ᠋ᠠᠳᠬᠠᠬᠤ ᠲᠠᠷᠢᠯᠭ᠎ᠠ ᠬᠢᠭᠡᠳ ᠨᠢᠭᠡᠳᠦᠭᠡᠷ ᠤᠳᠠᠭ᠎ᠠ ᠵᠢᠨ ᠡᠭᠡᠯᠢᠯᠡᠭᠡ ᠴᠢᠩᠭ᠋ᠠᠳᠬᠠᠬᠤ ᠲᠠᠷᠢᠯᠭ᠎ᠠ᠎ᠨᠢ 6 ᠰᠠᠷ᠎ᠠ᠎ᠠᠴᠠ ᠳᠡᠭᠡᠭᠰᠢ ᠠᠯᠤᠰᠯᠠᠬᠤ ᠬᠡᠷᠡᠭᠲᠡᠢ᠃ ᠡᠲᠡᠭᠡᠷ ᠲᠦᠭᠰᠢᠭᠦᠷᠢ ᠶᠡᠬᠡᠲᠡᠢ ᠬᠥᠮᠥᠰ᠂ ᠨᠠᠰᠤᠲᠠᠢ᠌ᠴᠤᠳ᠂ ᠰᠠᠭᠤᠷᠢ ᠴᠢᠨᠠᠷᠲᠠᠢ ᠡᠪᠡᠳᠴᠢᠨ᠎ᠲᠠᠢ ᠬᠥᠮᠥᠰ᠎ᠤᠨ ᠬᠣᠶᠠᠳᠠᠭᠢ ᠤᠳᠠᠭ᠋ᠠᠨ᠎ᠤ ᠡᠭᠡᠯᠢᠯᠡᠭᠡ ᠵᠢ ᠴᠢᠩᠭ᠋ᠠᠳᠬᠠᠬᠤ᠎ᠪᠠᠷ ᠳᠠᠮᠵᠢᠭᠤᠯᠤᠨ ᠲᠡᠳᠡᠨ᠎ᠤ ᠬᠠᠮᠠᠭ᠋ᠠᠯᠠᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠢ ᠵᠣᠷᠢᠵᠤ ᠪᠠᠢ᠌ᠨ᠎ᠠ᠂ ᠡᠭᠦᠨ᠎ᠳᠤ ᠪᠥᠬᠥ ᠶᠠᠪᠤᠴᠠ ᠵᠢᠨ ᠲᠠᠷᠢᠯᠭ᠎ᠠ ᠵᠢᠨ ᠨᠣᠷᠮ᠎ᠠ ᠪᠠ ᠡᠭᠡᠯᠢᠯᠡᠭᠡ ᠵᠢ ᠴᠢᠩᠭ᠋ᠠᠳᠬᠠᠬᠤ ᠲᠠᠷᠢᠯᠭ᠎ᠠ ᠵᠢᠨ ᠨᠣᠷᠮ᠎ᠠ ᠵᠢ ᠳᠡᠭᠡᠭᠰᠢᠯᠡᠭᠦᠯᠬᠦ᠎ᠨᠢ ᠵᠠᠩᠭᠢᠯᠠᠭ᠎ᠠ ᠪᠣᠯᠣᠨ᠎ᠠ᠃
ᠬᠠᠯᠳᠠᠪᠤᠷᠢᠯᠠᠭᠳᠠᠭᠰᠠᠨᠤ ᠳᠠᠷᠠᠭ᠎ᠠ ᠬᠡᠳᠦᠢ ᠬᠤᠭᠤᠴᠠᠭ᠋ᠠᠨ᠎ᠳᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠵᠤ ᠪᠣᠯᠬᠤ ᠪᠣᠶ?
ᠬᠡᠷᠪᠡ ᠪᠥᠭᠡᠮ ᠬᠦᠴᠢᠯ᠎ᠤᠨ ᠰᠢᠯᠭ᠋ᠠᠨ ᠪᠠᠢ᠌ᠴᠠᠭ᠋ᠠᠯᠲᠠ ᠪᠠ ᠥᠳᠥᠭᠡᠭᠴᠢ ᠵᠢᠨ ᠰᠢᠯᠭ᠋ᠠᠨ ᠪᠠᠢ᠌ᠴᠠᠭ᠋ᠠᠯᠲᠠ᠎ᠪᠠᠷ ᠳᠡᠮᠵᠢᠨ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠨᠢ ᠨᠤᠲᠠᠯᠠᠭᠰᠠᠨ ᠪᠠᠢ᠌ᠪᠠᠯ᠂ ᠣᠢ᠌ᠷ᠎ᠠ ᠵᠢᠨ ᠬᠤᠭᠤᠴᠠᠭ᠋ᠠᠨ᠎ᠳᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠬᠦ ᠵᠢ ᠰᠠᠨᠠᠭ᠋ᠠᠴᠢᠯᠠᠬᠤ ᠦᠭᠡᠢ᠃ ᠣᠯᠠᠨ ᠵᠦᠢ᠍ᠯ᠎ᠤᠨ ᠰᠤᠳᠤᠯᠭ᠋ᠠᠨ᠎ᠤ ᠢᠯᠡᠷᠡᠭᠦᠯᠦᠭᠰᠡᠨ ᠵᠶ᠋ᠡᠷ᠂ ᠵᠥᠪᠬᠡᠨ ᠰᠢᠨ᠎ᠡ ᠲᠢᠲᠢᠮᠯᠢᠭ ᠸᠢᠷᠦ᠋ᠰ᠎ᠲᠤ ᠬᠠᠯᠳᠠᠪᠤᠷᠢᠯᠠᠭᠳᠠᠭᠰᠠᠨ᠎ᠠᠴᠠ ᠪᠣᠢ ᠪᠣᠯᠤᠭᠰᠠᠨ ᠡᠭᠡᠯᠢᠯᠡᠭᠡ ᠵᠢᠨ ᠴᠢᠳᠠᠪᠤᠷᠢ᠎ᠨᠢ ᠸᠢᠷᠦ᠋ᠰ᠎ᠲᠤ ᠬᠠᠯᠳᠠᠪᠤᠷᠢᠯᠠᠭᠳᠠᠭᠰᠠᠨ ᠪᠠ ᠸᠠᠺᠼᠢᠨ᠎ᠤ ᠲᠠᠷᠢᠯᠭ᠎ᠠ ᠬᠢᠭᠰᠡᠨ᠎ᠠᠴᠠ ᠪᠣᠢ ᠪᠣᠯᠤᠭᠰᠠᠨ ᠡᠭᠡᠯᠢᠯᠡᠭᠡ ᠵᠢᠨ ᠴᠢᠳᠠᠪᠤᠷᠢ᠎ᠠᠴᠠ ᠪᠠᠭᠤᠷᠠᠢ ᠪᠠᠢ᠌ᠳᠠᠭ᠃ ᠡᠢ᠌ᠮᠦ᠎ᠠᠴᠠ ᠵᠠᠷᠢᠮ ᠬᠥᠮᠥᠰ ᠡᠭᠡᠯᠢᠯᠡᠭᠡ ᠵᠢᠨ ᠵᠢᠷᠤᠮ ᠵᠶ᠋ᠠᠷ ᠸᠠᠺᠼᠢᠨ᠎ᠤ ᠲᠠᠷᠢᠯᠭ᠎ᠠ ᠬᠢᠬᠦ ᠴᠢᠬᠤᠯᠠᠲᠠᠢ ᠪᠠᠢ᠌ᠳᠠᠭ᠃ ᠣᠳᠣᠬᠠᠨ᠎ᠤ ᠲᠣᠭᠲᠠᠭ᠋ᠠᠯ᠎ᠢ ᠦᠨᠳᠦᠰᠦᠯᠡᠪᠡᠯ᠂ ᠬᠠᠯᠳᠠᠪᠤᠷᠢᠯᠠᠭᠳᠠᠭᠰᠠᠨ ᠴᠠᠭ ᠪᠠ ᠲᠠᠷᠢᠯᠭ᠎ᠠ ᠬᠢᠬᠦ ᠴᠠᠭ᠎ᠤᠨ ᠬᠣᠭᠣᠷᠣᠨᠳᠣᠬᠢ ᠵᠠᠢ᠎ᠨᠢ 6 ᠰᠠᠷ᠎ᠠ᠎ᠠᠴᠠ ᠳᠣᠷᠣᠭᠰᠢ ᠪᠠᠢ᠌ᠵᠤ ᠪᠣᠯᠬᠤ ᠦᠭᠡᠢ᠃ ᠡᠭᠦᠨ᠎ᠳᠤ ᠭᠣᠣᠯᠳᠠᠭᠤ ᠥᠩᠭᠡᠷᠡᠭᠰᠡᠨ᠎ᠤ ᠬᠢᠨᠠᠨ ᠰᠢᠨᠵᠢᠯᠡᠯᠲᠡ ᠪᠠ ᠰᠤᠳᠤᠯᠭ᠋ᠠᠨ᠎ᠠᠴᠠ ᠦᠵᠡᠪᠡᠯ᠂ 6 ᠰᠠᠷ᠎ᠠ ᠵᠢᠨ ᠳᠣᠲᠣᠷ᠎ᠠ ᠬᠠᠯᠳᠠᠪᠤᠷᠢᠯᠠᠭᠳᠠᠬᠤ ᠬᠠᠷᠢᠴᠠᠯ᠎ᠨᠢ ᠲᠤᠢ᠌ᠯ᠎ᠤᠨ ᠳᠣᠣᠷ᠎ᠠ ᠪᠠᠢ᠌ᠳᠠᠭ᠃ ᠬᠠᠯᠳᠠᠪᠤᠷᠢᠯᠠᠯ ᠪᠠ ᠸᠠᠺᠼᠢᠨ᠎ᠤ ᠲᠠᠷᠢᠯᠭ᠎ᠠ ᠵᠢᠨ ᠠᠯᠤᠰᠯᠠᠬᠤ ᠬᠤᠭᠤᠴᠠᠭ᠎ᠠ᠎ᠨᠢ ᠦᠨᠡᠨ᠎ᠳᠤ᠎ᠪᠠᠨ ᠸᠠᠺᠼᠢᠨ᠎ᠤ ᠲᠠᠷᠢᠯᠭ᠎ᠠ ᠵᠢᠨ ᠡᠭᠡᠯᠢᠯᠡᠭᠡ ᠵᠢᠨ ᠵᠢᠷᠤᠮ᠎ᠤᠨ ᠨᠢᠭᠡ ᠬᠡᠰᠡᠭ ᠮᠥᠨ᠂ ᠸᠠᠺᠼᠢᠨ᠎ᠤ ᠰᠤᠳᠤᠯᠭ᠋ᠠᠨ᠎ᠤ ᠭᠦᠨᠵᠡᠭᠡᠢ᠌ᠷᠡᠯ ᠵᠢᠴᠢ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠬᠡᠷᠡᠭᠴᠡᠭᠡ ᠵᠢ ᠳᠠᠭ᠋ᠠᠯᠳᠤᠨ᠂ ᠡᠭᠡᠯᠢᠯᠡᠭᠡ ᠵᠢ ᠴᠢᠩᠭ᠋ᠠᠳᠬᠠᠬᠤ ᠠᠷᠭ᠎ᠠ ᠪᠣᠳᠣᠯᠭ᠎ᠠ᠎ᠳᠤ ᠴᠤ᠌ ᠬᠣᠯᠪᠣᠭᠳᠠᠯ ᠪᠦᠬᠦᠢ ᠲᠡᠭᠦᠯᠳᠡᠷᠵᠢᠭᠦᠯᠬᠦ ᠲᠣᠬᠢᠷᠠᠭᠤᠯᠤᠯᠲᠠ ᠬᠢᠬᠦ ᠪᠣᠯᠣᠨ᠎ᠠ᠂ ᠡᠭᠦᠨ᠎ᠳᠤ ᠲᠠᠷᠢᠯᠭ᠎ᠠ ᠵᠢᠨ ᠠᠯᠤᠰᠯᠠᠬᠤ ᠬᠤᠭᠤᠴᠠᠭ᠎ᠠ ᠪᠠᠭᠲᠠᠵᠤ ᠪᠠᠢ᠌ᠳᠠᠭ᠃
ᠨᠠᠰᠤᠲᠠᠢ᠌ᠴᠤᠳ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠯᠭᠡᠬᠦ᠎ᠠᠴᠠ ᠭᠠᠳᠠᠨ᠎ᠠ ᠪᠠᠰᠠ ᠶᠠᠮᠠᠷ ᠶᠠᠮᠠᠷ ᠸᠠᠺᠼᠢᠨ᠎ᠤ ᠲᠠᠷᠢᠯᠭ᠎ᠠ ᠬᠢᠯᠭᠡᠬᠦ᠎ᠪᠠᠷ ᠳᠠᠮᠵᠢᠭᠤᠯᠤᠨ ᠠᠮᠢᠰᠬᠤᠯ᠎ᠤᠨ ᠵᠠᠮ᠎ᠤᠨ ᠬᠠᠯᠳᠠᠪᠤᠷᠢᠲᠤ ᠡᠪᠡᠳᠴᠢᠨ᠎ᠢ ᠠᠯᠢ ᠴᠢᠳᠠᠬᠤ᠎ᠪᠠᠷ ᠰᠡᠷᠭᠡᠢ᠌ᠯᠡᠬᠦ ᠪᠣᠶ?
ᠨᠠᠰᠤᠲᠠᠢ᠌ᠴᠤᠳ᠎ᠲᠤ ᠠᠪᠴᠤ ᠬᠡᠯᠡᠪᠡᠯ᠂ ᠰᠢᠨ᠎ᠡ ᠲᠢᠲᠢᠮᠯᠢᠭ ᠸᠢᠷᠦ᠋ᠰ᠎ᠲᠤ ᠨᠡᠷᠪᠡᠭᠳᠡᠭᠰᠡᠨ᠎ᠠᠴᠠ ᠪᠣᠯᠵᠤ ᠵᠠᠷᠢᠮ ᠬᠦᠨᠳᠦ ᠡᠪᠡᠳᠴᠢᠨ᠎ᠤ ᠰᠢᠨᠵᠢ ᠢᠯᠡᠷᠡᠬᠦ᠎ᠠᠴᠠ ᠭᠠᠳᠠᠨ᠎ᠠ᠂ ᠵᠠᠷᠢᠮ ᠸᠠᠺᠼᠢᠨ᠎ᠤ ᠲᠠᠷᠢᠯᠭ᠎ᠠ ᠬᠢᠯᠭᠡᠬᠦ᠎ᠪᠠᠷ ᠳᠠᠮᠵᠢᠭᠤᠯᠤᠨ ᠬᠠᠯᠳᠠᠪᠤᠷᠢᠲᠤ ᠲᠠᠭᠰᠢᠭᠤᠷ᠎ᠤᠨ ᠸᠢᠷᠦ᠋ᠰ᠂ ᠠᠭᠤᠰᠬᠢᠨ᠎ᠤ ᠦᠷᠪᠢᠰᠦᠯ᠎ᠤᠨ ᠪᠥᠮᠪᠥᠭᠡᠨ ᠪᠠᠺᠲ᠋ᠧᠷᠢ ᠵᠡᠷᠭᠡ ᠨᠠᠰᠤᠲᠠᠢ᠌ᠴᠤᠳ᠎ᠲᠤ ᠠᠪᠴᠤ ᠬᠡᠯᠡᠪᠡᠯ ᠪᠠᠰᠠ ᠬᠦᠨᠳᠦ ᠡᠪᠡᠳᠴᠢᠨ᠎ᠳᠤ ᠨᠡᠷᠪᠡᠭᠳᠡᠬᠦ ᠪᠠᠢ᠌ᠳᠠᠯ᠎ᠢ ᠪᠣᠶ ᠪᠣᠯᠭ᠋ᠠᠳᠠᠭ ᠬᠣᠯᠪᠣᠭᠳᠠᠯ ᠪᠦᠬᠦᠢ ᠡᠪᠡᠳᠴᠢᠨ᠎ᠢ ᠤᠷᠢᠳᠴᠢᠯᠠᠨ ᠰᠡᠷᠭᠡᠢ᠌ᠯᠡᠵᠦ ᠪᠣᠯᠣᠨ᠎ᠠ᠃ ᠨᠠᠰᠤᠲᠠᠢ᠌ᠴᠤᠳ ᠨᠢᠭᠡ ᠲᠠᠯ᠎ᠠ᠎ᠪᠠᠷ ᠥᠪᠡᠷ᠎ᠤᠨ ᠪᠡᠶ᠎ᠡ ᠵᠢᠨ ᠡᠭᠡᠯᠢᠯᠡᠭᠡ ᠵᠢᠨ ᠴᠢᠳᠠᠪᠤᠷᠢ᠎ᠨᠢ ᠪᠠᠭᠤᠷᠠᠵᠤ᠂ ᠨᠥᠭᠥᠭᠡ ᠲᠠᠯ᠎ᠠ᠎ᠪᠠᠷ ᠣᠯᠠᠩᠬᠢ᠎ᠨᠢ ᠤᠳᠠᠭ᠋ᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠨ᠎ᠲᠠᠢ ᠪᠠᠢ᠌ᠵᠤ᠂ ᠬᠡᠷᠪᠡ ᠬᠠᠯᠳᠠᠪᠤᠷᠢᠲᠤ ᠲᠠᠭᠰᠢᠭᠤᠷ ᠪᠠ ᠠᠭᠤᠰᠬᠢᠨ ᠦᠷᠪᠢᠰᠦᠯ᠎ᠤᠨ ᠪᠥᠮᠪᠥᠭᠡᠨ ᠪᠠᠺᠲ᠋ᠧᠷᠢᠳᠤ ᠬᠠᠯᠳᠠᠪᠤᠷᠢᠯᠠᠭᠳᠠᠪᠠᠯ᠂ ᠬᠠᠯᠳᠠᠪᠤᠷᠢᠯᠠᠭᠳᠠᠭᠰᠠᠨ ᠡᠪᠡᠳᠴᠢᠨ᠎ᠨᠢ ᠡᠲᠡᠭᠡᠷ ᠬᠥᠮᠥᠰ᠎ᠤᠨ ᠳᠤᠮᠳᠠ ᠬᠦᠨᠳᠦ ᠡᠪᠡᠳᠴᠢᠨ᠎ᠢ ᠡᠭᠦᠰᠬᠡᠵᠤ ᠮᠡᠳᠡᠨ᠎ᠡ᠃ ᠡᠭᠦᠨ᠎ᠠᠴᠠ ᠭᠠᠳᠠᠨ᠎ᠠ ᠵᠠᠷᠢᠮ ᠰᠤᠳᠤᠯᠭ᠋ᠠᠨ᠎ᠤ ᠢᠯᠡᠷᠡᠭᠦᠯᠦᠭᠰᠡᠨ ᠵᠶ᠋ᠡᠷ᠂ ᠬᠠᠯᠳᠠᠪᠤᠷᠢᠯᠠᠭᠳᠠᠭᠰᠠᠨᠤ ᠳᠠᠷᠠᠭ᠎ᠠ᠂ ᠤᠤᠯ᠎ᠤᠨ ᠪᠠᠢ᠌ᠭᠰᠠᠨ ᠰᠠᠭᠤᠷᠢ ᠴᠢᠨᠠᠷᠲᠠᠢ ᠡᠪᠡᠳᠴᠢᠨ ᠡᠮᠭᠡᠭ᠂ ᠵᠢᠱ᠌ᠢᠶᠡᠯᠡᠪᠡᠯ ᠠᠭᠰᠠᠭ᠎ᠠ᠂ ᠠᠷᠬᠠᠭ ᠪᠦᠭᠯᠡᠷᠬᠡᠢ ᠴᠢᠨᠠᠷ᠎ᠲᠤ ᠠᠭᠤᠰᠬᠢᠨ᠎ᠤ ᠡᠪᠡᠳᠴᠢᠨ᠂ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠵᠢ ᠤᠯᠠᠮ ᠨᠢᠭᠡ ᠠᠯᠬᠤᠮ ᠬᠦᠨᠳᠦᠷᠡᠭᠦᠯᠦᠨ᠎ᠡ᠃ ᠡᠢ᠌ᠮᠦ᠎ᠠᠴᠠ ᠡᠢ᠌ᠮᠦᠷᠬᠦ ᠪᠠᠢ᠌ᠳᠠᠯ᠎ᠤᠨ ᠳᠣᠣᠷ᠎ᠠ᠂ ᠸᠠᠺᠼᠢᠨ᠎ᠤ ᠲᠠᠷᠢᠯᠭ᠎ᠠ ᠵᠢᠨ ᠨᠥᠬᠥᠴᠡᠯ᠎ᠳᠤ ᠨᠡᠶ᠋ᠢᠴᠡᠬᠦ ᠨᠠᠰᠤᠲᠠᠢ᠌ᠴᠤᠳ᠎ᠲᠤ ᠰᠢᠨ᠎ᠡ ᠲᠢᠲᠢᠮᠯᠢᠭ ᠸᠢᠷᠦ᠋ᠰ᠎ᠤᠨ ᠸᠠᠺᠼᠢᠨ᠎ᠤ ᠲᠠᠷᠢᠯᠭ᠎ᠠ ᠬᠢᠯᠭᠡᠬᠦ᠎ᠠᠴᠠ ᠭᠠᠳᠠᠨ᠎ᠠ ᠪᠠᠰᠠ ᠬᠠᠯᠳᠠᠪᠤᠷᠢᠲᠤ ᠲᠠᠭᠰᠢᠭᠤᠷ᠎ᠤᠨ ᠸᠠᠺᠼᠢᠨ᠂ ᠠᠭᠤᠰᠬᠢᠨ ᠦᠷᠪᠢᠰᠦᠯ᠎ᠤᠨ ᠪᠠᠺᠲ᠋ᠧᠷᠢ ᠵᠢᠨ ᠸᠠᠺᠼᠢᠨ᠎ᠤ ᠲᠠᠷᠢᠯᠭ᠎ᠠ ᠬᠢᠯᠭᠡᠵᠦ᠂ ᠲᠡᠳᠡᠨ᠎ᠢ ᠨᠠᠩ ᠰᠠᠢ᠌ᠨ ᠬᠠᠮᠠᠭ᠋ᠠᠯᠠᠬᠤ ᠵᠢ ᠰᠠᠨᠠᠭᠤᠯᠵᠤ ᠪᠠᠢ᠌ᠨ᠎ᠠ᠃
ᠬᠡᠦᠬᠡᠳ᠎ᠤᠨ ᠪᠠᠢ᠌ᠩᠭᠤ ᠵᠢᠨ ᠸᠠᠺᠼᠢᠨ᠎ᠤ ᠲᠠᠷᠢᠯᠭ᠎ᠠ ᠵᠢ ᠬᠣᠢ᠌ᠰᠢᠯᠠᠭᠤᠯᠬᠤ᠎ᠨᠢ ᠡᠩ᠎ᠤᠨ ᠪᠠᠢ᠌ᠳᠠᠯ᠎ᠳᠤ ᠦᠷ᠎ᠡ ᠳ᠋ᠦᠩ᠎ᠢ᠎ᠨᠢ ᠨᠥᠯᠥᠭᠡᠯᠡᠬᠦ ᠦᠭᠡᠢ᠂ ᠭᠡᠪᠡᠴᠦ ᠴᠠᠭ ᠲᠤᠬᠠᠢᠳᠤᠨᠢ ᠨᠥᠬᠥᠵᠦ ᠳᠠᠷᠢᠬᠤ ᠬᠡᠷᠡᠭᠲᠡᠢ
ᠸᠠᠺᠼᠢᠨ᠎ᠤ ᠦᠢ᠍ᠯᠡᠳᠦᠯ᠎ᠢ ᠨᠠᠩ ᠰᠠᠢ᠌ᠨ ᠪᠠᠳᠠᠷᠠᠭᠤᠯᠬᠤ ᠵᠢᠨ ᠲᠤᠰᠠᠳᠠ᠂ ᠨᠢᠭᠡ᠎ᠳᠤ ᠴᠠᠭ ᠲᠤᠬᠠᠢᠳᠤᠨᠢ ᠸᠠᠺᠼᠢᠨ᠎ᠤ ᠲᠠᠷᠢᠯᠭ᠎ᠠ ᠬᠢᠯᠭᠡᠬᠦ ᠬᠡᠷᠡᠭᠲᠡᠢ᠂ ᠬᠣᠶᠠᠷ᠎ᠲᠤ ᠪᠥᠬᠥ ᠶᠠᠪᠤᠴᠠ ᠵᠢᠨ ᠲᠠᠷᠢᠯᠭ᠎ᠠ ᠬᠢᠯᠭᠡᠬᠦ ᠬᠡᠷᠡᠭᠲᠡᠢ᠃ ᠬᠡᠷᠪᠡ ᠲᠠᠷᠢᠯᠭ᠎ᠠ ᠵᠢ ᠬᠣᠢ᠌ᠰᠢᠯᠠᠭᠤᠯᠪᠠᠯ ᠡᠩ᠎ᠤᠨ ᠪᠠᠢ᠌ᠳᠠᠯ᠎ᠳᠤ ᠦᠷ᠎ᠡ ᠳ᠋ᠦᠩ᠎ᠢ ᠨᠥᠯᠥᠭᠡᠯᠡᠬᠦ ᠦᠭᠡᠢ᠂ ᠭᠡᠪᠡᠴᠦ ᠬᠠᠯᠳᠠᠪᠤᠷᠢᠯᠠᠯ᠎ᠤᠨ ᠲᠦᠭᠰᠢᠭᠦᠷᠢ ᠵᠢ ᠨᠡᠮᠡᠭᠳᠡᠭᠦᠯᠦᠨ᠎ᠡ᠂ ᠤᠴᠢᠷ᠎ᠨᠢ ᠪᠥᠬᠥ ᠶᠠᠪᠤᠴᠠ ᠵᠢᠨ ᠲᠠᠷᠢᠯᠭ᠎ᠠ ᠵᠢ ᠬᠢᠯᠭᠡᠭᠰᠡᠨ ᠦᠭᠡᠢ ᠪᠤᠶᠤ ᠸᠠᠺᠼᠢᠨ᠎ᠤ ᠲᠠᠷᠢᠯᠭ᠎ᠠ ᠬᠢᠯᠭᠡᠭᠡ ᠦᠭᠡᠢ᠎ᠠᠴᠠ ᠡᠭᠡᠯᠢᠯᠡᠭᠡ ᠵᠢᠨ ᠴᠢᠳᠠᠪᠤᠷᠢ᠎ᠨᠢ ᠪᠦᠷᠢᠮᠦᠰᠦᠨ ᠪᠣᠶ ᠪᠣᠯᠵᠤ ᠳᠡᠢ᠌ᠯᠦᠭᠡᠳᠦᠢ ᠪᠠᠢ᠌ᠵᠤ᠂ ᠬᠠᠯᠳᠠᠪᠤᠷᠢᠯᠠᠯ᠎ᠤᠨ ᠡᠬᠢ ᠡᠭᠦᠰᠪᠦᠷᠢ ᠢᠯᠡᠷᠡᠬᠦ ᠦᠶ᠎ᠡ᠎ᠳᠤ ᠡᠪᠡᠳᠴᠢᠨ ᠡᠮᠭᠡᠭ᠎ᠲᠤ ᠨᠡᠷᠪᠡᠭᠳᠡᠬᠦ ᠲᠦᠭᠰᠢᠭᠦᠷᠢ ᠭᠠᠷᠴᠤ ᠮᠡᠳᠡᠨ᠎ᠡ᠃ ᠡᠢ᠌ᠮᠦ᠎ᠠᠴᠠ ᠡᠯ᠎ᠡ ᠭᠠᠵᠠᠷ᠎ᠤᠨ ᠰᠡᠷᠭᠡᠢ᠌ᠯᠡᠬᠦ ᠲᠠᠷᠢᠯᠭ᠎ᠠ ᠵᠢᠨ ᠨᠢᠭᠡᠴᠢ᠎ᠨᠢ ᠬᠡᠪ᠎ᠤᠨ ᠠᠵᠢᠯ ᠵᠶ᠋ᠠᠨ ᠡᠬᠢᠯᠡᠭᠦᠯᠦᠭᠰᠡᠨ᠎ᠤ ᠳᠠᠷᠠᠭ᠎ᠠ ᠸᠠᠺᠼᠢᠨ᠎ᠤ ᠲᠠᠷᠢᠯᠭ᠎ᠠ ᠵᠢ ᠴᠠᠭ ᠲᠤᠬᠠᠢᠳᠤᠨᠢ ᠨᠥᠬᠥᠵᠦ ᠬᠢᠬᠦ ᠬᠡᠷᠡᠭᠲᠡᠢ᠂ ᠶᠠᠮᠠᠷ ᠸᠠᠺᠼᠢᠨ᠎ᠤ ᠲᠠᠷᠢᠯᠭ᠎ᠠ ᠵᠢ ᠬᠢᠯᠭᠡᠭᠡ ᠦᠭᠡᠢ᠂ ᠶᠠᠮᠠᠷ ᠸᠠᠺᠼᠢᠨ᠎ᠢ ᠨᠥᠬᠥᠵᠦ ᠬᠢᠯᠭᠡᠬᠦ ᠴᠢᠬᠤᠯᠠᠲᠠᠢ ᠭᠡᠳᠡᠭ᠎ᠢ ᠭᠡᠷ᠎ᠤᠨ ᠠᠬᠠᠮᠠᠳ ᠨᠢᠭᠡᠪᠦᠷᠢ ᠲᠠᠷᠢᠯᠭ᠎ᠠ ᠵᠢᠨ ᠦᠨᠡᠮᠯᠡᠯ᠎ᠲᠠᠢ ᠪᠠᠢ᠌ᠵᠤ᠂ ᠲᠡᠷᠡ ᠲᠠᠷᠢᠯᠭ᠎ᠠ ᠵᠢᠨ ᠦᠨᠡᠮᠯᠡᠯ ᠳᠡᠭᠡᠷ᠎ᠡ ᠴᠥᠮ ᠲᠡᠮᠳᠡᠭᠯᠡᠯ᠎ᠲᠠᠢ ᠪᠠᠢ᠌ᠳᠠᠭ᠃ ᠲᠣᠭᠲᠠᠭ᠋ᠠᠯ ᠶᠣᠰᠣᠭ᠋ᠠᠷ ᠠᠯᠢ ᠠᠯᠢ ᠵᠢ᠎ᠨᠢ ᠬᠢᠯᠭᠡᠭᠰᠡᠨ᠂ ᠠᠯᠢ ᠠᠯᠢ ᠵᠢ᠎ᠨᠢ ᠬᠢᠯᠭᠡᠭᠰᠡᠨ ᠦᠭᠡᠢ ᠭᠡᠳᠡᠭ᠎ᠢ ᠲᠠᠷᠢᠯᠭ᠎ᠠ ᠵᠢᠨ ᠦᠨᠡᠮᠯᠡᠯ ᠵᠶ᠋ᠡᠨ ᠠᠪᠴᠤ ᠲᠠᠷᠢᠯᠭ᠎ᠠ ᠵᠢᠨ ᠨᠢᠭᠡᠴᠢ᠎ᠳᠤ ᠣᠴᠢᠭᠰᠠᠨᠤ ᠳᠠᠷᠠᠭ᠎ᠠ᠂ ᠲᠠᠷᠢᠯᠭ᠎ᠠ ᠬᠢᠬᠦ ᠡᠮᠴᠢ᠎ᠠᠴᠠ ᠬᠡᠦᠬᠡᠳ᠎ᠤᠨ ᠪᠠᠢ᠌ᠳᠠᠯ᠎ᠢ ᠦᠨᠳᠦᠰᠦᠯᠡᠨ ᠬᠠᠷᠠᠭ᠋ᠠᠯᠵᠠᠭᠰᠠᠨ ᠲᠣᠬᠢᠷᠠᠭᠤᠯᠤᠯᠲᠠ ᠬᠢᠨ᠎ᠡ᠃ ᠡᠨᠡ ᠬᠤᠭᠤᠴᠠᠭ᠋ᠠᠨ᠎ᠳᠤ᠂ ᠵᠠᠷᠢᠮ ᠬᠡᠦᠬᠡᠳ ᠰᠢᠨ᠎ᠡ ᠡᠪᠡᠳᠴᠢᠨ᠎ᠤ ᠸᠢᠷᠦ᠋ᠰ᠎ᠲᠤ ᠨᠡᠷᠪᠡᠭᠳᠡᠵᠦ᠂ ᠡᠪᠡᠳᠴᠢᠨ᠎ᠨᠢ ᠨᠢᠭᠡᠨᠲᠡ ᠡᠳᠡᠭᠡᠷᠡᠭᠰᠡᠨ ᠪᠥᠭᠡᠳ ᠸᠠᠺᠼᠢᠨ᠎ᠤ ᠲᠠᠷᠢᠯᠭ᠎ᠠ ᠬᠢᠬᠦ ᠵᠢ ᠴᠡᠭᠡᠷᠯᠡᠬᠦ ᠡᠪᠡᠳᠴᠢᠨ ᠦᠭᠡᠢ ᠯᠡ ᠶᠤᠮ ᠪᠣᠯ ᠪᠠᠢ᠌ᠩᠭᠤ ᠵᠢᠨ ᠸᠠᠺᠼᠢᠨ᠎ᠤ ᠲᠠᠷᠢᠯᠭ᠎ᠠ ᠬᠢᠯᠭᠡᠬᠦ ᠪᠤᠶᠤ ᠨᠥᠬᠥᠵᠦ ᠬᠢᠯᠭᠡᠵᠤ ᠪᠣᠯᠣᠨ᠎ᠠ᠃
— ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠨᠤᠲᠤᠭ᠎ᠲᠤ᠎ᠪᠠᠨ ᠪᠤᠴᠠᠬᠤ —
ᠴᠠᠭ᠋ᠠᠨ ᠰᠠᠷ᠎ᠠ ᠵᠢᠨ ᠠᠶᠠᠨᠴᠢᠨ᠎ᠤ ᠲᠡᠭᠡᠭᠡᠪᠦᠷᠢ ᠵᠢᠨ ᠬᠤᠭᠤᠴᠠᠭ᠋ᠠᠨ᠎ᠳᠤ ᠬᠥᠮᠥᠰ᠎ᠤᠨ ᠰᠢᠯᠵᠢᠯᠲᠡ ᠨᠡᠮᠡᠭᠳᠡᠨ᠎ᠡ᠂ ᠲᠡᠭᠡᠪᠡᠯ ᠬᠥᠮᠥᠰ ᠨᠢᠰᠬᠡᠯ᠂ ᠭᠠᠯᠲᠤ ᠲᠡᠷᠭᠡ ᠵᠡᠷᠭᠡ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠳᠤ ᠰᠠᠭᠤᠬᠤ᠎ᠳᠤ᠎ᠪᠠᠨ ᠶᠠᠭᠤ ᠵᠢ ᠠᠩᠬᠠᠷᠪᠠᠯ ᠵᠣᠬᠢᠬᠤ ᠪᠣᠶ?
ᠬᠠᠯᠠᠭᠤᠷᠠᠬᠤ᠂ ᠬᠠᠭᠤᠷᠠᠢ᠎ᠪᠠᠷ ᠬᠠᠨᠢᠶᠠᠯᠭ᠋ᠠᠬᠤ᠂ ᠲᠠᠮᠢᠷᠳᠠᠬᠤ᠂ ᠬᠣᠭᠣᠯᠠᠢ ᠡᠪᠡᠳᠬᠦ ᠵᠡᠷᠭᠡ ᠡᠪᠡᠳᠴᠢᠨ᠎ᠤ ᠢᠯᠡᠷᠡᠯ᠎ᠲᠠᠢ ᠬᠥᠮᠥᠰ ᠬᠠᠯᠳᠠᠪᠤᠷᠢᠯᠠᠯ᠎ᠤᠨ ᠲᠦᠭᠰᠢᠭᠦᠷᠢ ᠠᠷᠢᠯᠠᠬᠤ᠎ᠠᠴᠠ ᠡᠮᠦᠨ᠎ᠡ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠳᠤ ᠰᠠᠭᠤᠬᠤ᠎ᠠᠴᠠ ᠵᠠᠢ᠌ᠯᠠᠰᠬᠢᠵᠦ᠂ ᠬᠥᠮᠥᠨ ᠴᠤᠭᠯᠠᠷᠠᠭᠰᠠᠨ ᠭᠠᠵᠠᠷ᠎ᠲᠤ ᠣᠴᠢᠬᠤ ᠦᠭᠡᠢ ᠪᠠᠢ᠌ᠬᠤ ᠬᠡᠷᠡᠭᠲᠡᠢ᠃ ᠥᠪᠡᠷ ᠵᠶ᠋ᠠᠨ ᠨᠡᠯᠢᠶᠡᠳ ᠶᠡᠬᠡ ᠬᠠᠯᠳᠠᠪᠤᠷᠢᠯᠠᠬᠤ ᠲᠦᠭᠰᠢᠭᠦᠷᠢ᠎ᠲᠠᠢ ᠭᠡᠵᠦ ᠦᠵᠡᠭᠰᠡᠨ ᠬᠥᠮᠥᠰ ᠠᠶᠤᠯ ᠲᠦᠭᠰᠢᠭᠦᠷᠢ ᠠᠷᠢᠯᠤᠭᠰᠠᠨᠤ ᠳᠠᠷᠠᠭ᠎ᠠ ᠰᠠᠶᠢ ᠭᠠᠳᠠᠭᠰᠢ ᠭᠠᠷᠬᠤ ᠬᠡᠷᠡᠭᠲᠡᠢ᠃
ᠨᠢᠭᠲᠠ ᠪᠢᠲᠡᠭᠦᠮᠵᠢᠯᠡᠭᠰᠡᠨ ᠣᠷᠴᠢᠨ ᠲᠣᠭᠣᠷᠢᠨ᠂ ᠬᠥᠮᠥᠨ ᠬᠠᠷ᠎ᠠ ᠴᠤᠭᠯᠠᠷᠠᠭᠰᠠᠨ ᠲᠠᠯᠠᠪᠤᠷ᠎ᠲᠤ᠂ ᠵᠢᠱ᠌ᠢᠶᠡᠯᠡᠪᠡᠯ ᠨᠢᠰᠬᠡᠯ ᠬᠦᠯᠢᠶᠡᠬᠦ ᠪᠠ ᠲᠡᠷᠭᠡ ᠬᠦᠯᠢᠶᠡᠬᠦ ᠦᠶ᠎ᠡ᠎ᠳᠤ᠂ ᠨᠢᠰᠬᠡᠯ᠂ ᠭᠠᠯᠲᠤ ᠲᠡᠷᠭᠡ ᠵᠢᠴᠢ ᠮᠸᠲᠷᠣ᠋᠂ ᠨᠡᠶ᠋ᠢᠲᠡ ᠵᠢᠨ ᠮᠠᠰᠢᠨ ᠲᠡᠷᠭᠡ ᠵᠡᠷᠭᠡ ᠤᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ ᠪᠦᠬᠦ ᠶᠠᠪᠤᠴᠠ᠎ᠳᠤ ᠠᠮᠠᠪᠴᠢ᠎ᠪᠠᠨ ᠵᠥᠪ ᠵᠣᠬᠢᠰᠲᠠᠢ ᠵᠡᠭᠦᠬᠦ ᠬᠡᠷᠡᠭᠲᠡᠢ᠃
ᠣᠯᠠᠨ ᠨᠡᠶ᠋ᠢᠲᠡ ᠵᠢᠨ ᠲᠠᠯᠠᠪᠤᠷ᠎ᠲᠤ ᠵᠦᠢ ᠵᠣᠬᠢᠰᠲᠠᠢ ᠨᠡᠢ᠌ᠭᠡᠮ᠎ᠤᠨ ᠬᠠᠷᠢᠯᠴᠠᠭ᠋ᠠᠨ᠎ᠤ ᠵᠠᠢ ᠵᠢ ᠪᠠᠲᠤᠯᠠᠵᠤ᠂ ᠣᠢ᠌ᠷ᠎ᠠ ᠵᠠᠢ᠎ᠠᠴᠠ ᠪᠤᠰᠤᠳ᠎ᠲᠠᠢ ᠬᠠᠷᠢᠯᠴᠠᠬᠤ ᠵᠢ ᠪᠠᠭ᠋ᠠᠰᠬᠠᠬᠤ ᠬᠡᠷᠡᠭᠲᠡᠢ᠃
ᠬᠤᠪᠢ ᠬᠥᠮᠥᠨ᠎ᠤ ᠠᠷᠢᠭᠤᠨ ᠴᠡᠪᠡᠷ᠎ᠢ ᠰᠠᠢ᠌ᠲᠤᠷ ᠠᠩᠬᠠᠷᠴᠤ᠂ ᠢᠯᠠᠩᠭᠤᠶ᠎ᠠ ᠭᠠᠷᠤᠨ ᠠᠷᠢᠭᠤᠨ ᠴᠡᠪᠡᠷ ᠵᠶ᠋ᠠᠨ ᠴᠠᠭ ᠢᠮᠠᠭᠲᠠ ᠠᠩᠬᠠᠷᠴᠤ᠂ ᠨᠡᠶ᠋ᠢᠲᠡ ᠵᠢᠨ ᠡᠳ᠋ ᠪᠣᠳᠠᠰ᠎ᠲᠠᠢ ᠣᠢ᠌ᠷᠠᠳᠬᠤ᠎ᠠᠴᠠ ᠵᠠᠢ᠌ᠯᠠᠰᠬᠢᠬᠦ ᠬᠡᠷᠡᠭᠲᠡᠢ᠃ ᠬᠠᠨᠢᠶᠠᠯᠭ᠋ᠠᠬᠤ ᠪᠤᠶᠤ ᠨᠠᠢ᠌ᠲᠠᠭ᠋ᠠᠬᠤᠳᠤᠪᠠᠨ ᠴᠠᠭ᠋ᠠᠰᠤ ᠪᠤᠶᠤ ᠲᠣᠬᠣᠢ᠎ᠪᠠᠷ ᠵᠶ᠋ᠠᠨ ᠬᠠᠯᠬᠠᠯᠠᠵᠤ᠂ ᠬᠡᠷᠡᠭᠯᠡᠵᠦ ᠥᠩᠭᠡᠷᠡᠭᠰᠡᠨ ᠴᠠᠭ᠋ᠠᠰᠤ᠎ᠪᠠᠨ ᠴᠠᠭ ᠲᠤᠬᠠᠢᠳᠤᠨᠢ ᠬᠣᠭ᠎ᠤᠨ ᠰᠠᠪᠠᠨ᠎ᠳᠤ ᠬᠠᠶᠠᠨ᠎ᠠ᠃ ᠬᠡᠷᠪᠡ ᠠᠮᠢᠰᠬᠤᠯ᠎ᠤᠨ ᠵᠠᠮ᠎ᠤᠨ ᠰᠢᠭᠦᠷᠡᠳᠡᠰᠦ᠎ᠲᠠᠢ ᠬᠦᠷᠦᠯᠴᠡᠪᠡᠯ᠂ ᠴᠠᠭ ᠲᠤᠬᠠᠢᠳᠤᠨᠢ ᠭᠠᠷ ᠵᠶ᠋ᠠᠨ ᠤᠬᠢᠶᠠᠬᠤ ᠪᠤᠶᠤ ᠭᠠᠷ ᠵᠶ᠋ᠠᠨ ᠠᠷᠢᠭᠤᠳᠬᠠᠵᠤ᠂ ᠭᠠᠳᠠᠨ᠎ᠠ ᠭᠠᠷᠬᠤ ᠪᠤᠶᠤ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠳᠤ ᠰᠠᠭᠤᠬᠤ᠎ᠳᠤ᠎ᠪᠠᠨ ᠠᠯᠢ ᠴᠢᠳᠠᠬᠤ᠎ᠪᠠᠷ ᠬᠣᠭᠣᠯᠠᠯᠠᠬᠤ ᠤᠳᠠᠭ᠎ᠠ᠎ᠪᠠᠨ ᠪᠠᠭ᠋ᠠᠰᠬᠠᠵᠤ᠂ ᠠᠯᠢ ᠴᠢᠳᠠᠬᠤ᠎ᠪᠠᠷ ᠣᠷᠭᠢᠯ ᠦᠶ᠎ᠡ ᠵᠢ ᠵᠥᠷᠢᠭᠦᠯᠦᠨ ᠬᠣᠭᠣᠯᠠᠯᠠᠬᠤ ᠬᠡᠷᠡᠭᠲᠡᠢ᠃
ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ ᠣᠯᠠᠨ ᠲᠦᠮᠡᠨ ᠬᠢᠵᠢᠭ᠎ᠤᠨ ᠪᠠᠢ᠌ᠳᠠᠯ ᠢᠯᠡᠷᠡᠬᠦ᠎ᠠᠴᠠ ᠡᠮᠦᠨᠡᠬᠢ ᠰᠢᠭ ᠴᠤᠭᠯᠠᠷᠠᠨ ᠨᠠᠢ᠌ᠷᠯᠠᠵᠤ ᠪᠣᠯᠣᠨ᠎ᠠ ᠦᠦ? ᠴᠤᠭᠯᠠᠷᠠᠯ᠎ᠤᠨ ᠴᠢᠨᠠᠷᠲᠠᠢ ᠠᠵᠢᠯᠯᠠᠭ᠎ᠠ᠎ᠳᠤ ᠶᠠᠭᠤ ᠶᠠᠭᠤ ᠵᠢ ᠠᠩᠬᠠᠷᠪᠠᠯ ᠵᠣᠬᠢᠬᠤ ᠪᠣᠢ?
ᠨᠢᠭᠡ᠎ᠳᠤ᠂ ᠣᠯᠠᠨ ᠲᠦᠮᠡᠨ ᠬᠢᠵᠢᠭ᠎ᠤᠨ ᠪᠠᠢ᠌ᠳᠠᠯ ᠶᠡᠬᠡ ᠬᠡᠪᠴᠢᠶ᠎ᠡ᠎ᠪᠠᠷ ᠳᠡᠯᠭᠡᠷᠡᠵᠦ ᠪᠠᠢ᠌ᠭ᠎ᠠ ᠭᠠᠵᠠᠷ ᠣᠷᠣᠨ᠎ᠳᠤ ᠬᠦᠷᠴᠦ ᠲᠥᠷᠥᠯ ᠰᠠᠲᠤᠨ ᠵᠶ᠋ᠠᠨ ᠡᠷᠭᠢᠵᠦ ᠦᠵᠡᠬᠦ᠂ ᠵᠢᠭᠤᠯᠴᠢᠯᠠᠬᠤ ᠵᠡᠷᠭᠡ᠎ᠠᠴᠠ ᠵᠠᠢ᠌ᠯᠠᠰᠬᠢᠬᠦ ᠵᠢ ᠰᠠᠨᠠᠭ᠋ᠠᠴᠢᠯᠠᠵᠤ᠂ ᠬᠢᠵᠢᠭ᠎ᠤᠨ ᠪᠠᠢ᠌ᠳᠠᠯ ᠶᠡᠬᠡ ᠬᠡᠪᠴᠢᠶ᠎ᠡ᠎ᠪᠠᠷ ᠳᠡᠯᠭᠡᠷᠡᠵᠦ ᠪᠠᠢ᠌ᠭ᠎ᠠ ᠭᠠᠵᠠᠷ ᠣᠷᠣᠨ᠎ᠤ ᠣᠯᠠᠨ ᠲᠦᠮᠡᠨ ᠨᠠᠭ᠋ᠠᠰᠢ ᠴᠠᠭ᠋ᠠᠰᠢ ᠶᠠᠪᠤᠵᠤ ᠰᠠᠭᠤᠬᠤ᠎ᠪᠠᠨ ᠪᠠᠭ᠋ᠠᠰᠬᠠᠵᠤ᠂ ᠨᠠᠰᠤᠲᠠᠢ᠌ᠴᠤᠳ ᠵᠢᠴᠢ ᠬᠦᠨᠳᠦ ᠰᠠᠭᠤᠷᠢ ᠡᠪᠡᠳᠴᠢᠨ᠎ᠲᠠᠢ ᠬᠥᠮᠥᠰ ᠠᠯᠢ ᠴᠢᠳᠠᠬᠤ᠎ᠪᠠᠷ ᠭᠠᠳᠠᠭᠰᠢ ᠭᠠᠷᠬᠤ᠎ᠠᠴᠠ ᠵᠠᠢ᠌ᠯᠠᠰᠬᠢᠪᠡᠯ ᠵᠣᠬᠢᠨ᠎ᠠ᠃
ᠬᠣᠶᠠᠷ᠎ᠲᠤ᠂ ᠠᠯᠢ ᠴᠢᠳᠠᠬᠤ᠎ᠪᠠᠷ ᠭᠡᠷ ᠪᠦᠯᠢ ᠵᠢᠨ ᠶᠡᠬᠡ ᠬᠡᠪᠴᠢᠶᠡᠨ᠎ᠤ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠡᠷᠬᠢᠯᠡᠬᠦ ᠦᠭᠡᠢ ᠪᠠᠢ᠌ᠵᠤ᠂ ᠲᠥᠷᠥᠯ ᠰᠠᠳᠤᠨ ᠨᠠᠢ᠌ᠵᠠ ᠨᠥᠬᠥᠳ᠎ᠤᠨ ᠨᠠᠢ᠌ᠷ ᠴᠤᠭᠯᠠᠭ᠋ᠠᠨ᠎ᠤ ᠬᠡᠪᠴᠢᠶ᠎ᠡ᠂ ᠬᠥᠮᠥᠨ᠎ᠤ ᠲᠣᠭ᠎ᠠ᠎ᠪᠠᠨ ᠪᠠᠭ᠋ᠠᠰᠬᠠᠨ᠂ ᠨᠠᠢ᠌ᠷ ᠴᠤᠭᠯᠠᠭ᠋ᠠᠨ᠎ᠤ ᠴᠠᠭ ᠵᠶ᠋ᠠᠨ ᠪᠣᠭᠣᠨᠢᠰᠬᠠᠵᠤ᠂ ᠥᠪᠡᠷ᠎ᠤᠨ ᠵᠶ᠋ᠠᠨ ᠰᠡᠷᠭᠡᠢ᠌ᠯᠡᠯᠲᠡ ᠬᠠᠮᠠᠭ᠋ᠠᠯᠠᠯᠲᠠ᠎ᠪᠠᠨ ᠴᠢᠩᠭ᠋ᠠᠳᠬᠠᠬᠤ ᠬᠡᠷᠡᠭᠲᠡᠢ᠃
ᠭᠤᠷᠪᠠ᠎ᠳᠤ᠂ ᠬᠢᠵᠢᠭ᠎ᠤᠨ ᠪᠠᠢ᠌ᠳᠠᠯ᠎ᠢ ᠦᠨᠳᠦᠰᠦᠯᠡᠵᠦ᠂ ᠠᠯᠢ ᠴᠢᠳᠠᠬᠤ᠎ᠪᠠᠷ ᠶᠡᠬᠡ ᠬᠡᠪᠴᠢᠶᠡᠨ᠎ᠤ ᠰᠦᠮ᠎ᠡ ᠵᠢᠨ ᠴᠤᠭᠯᠠᠭ᠋ᠠᠨ᠂ ᠲᠣᠮᠣ ᠬᠡᠯᠪᠡᠷᠢ ᠵᠢᠨ ᠲᠠᠰᠤᠯᠭ᠋ᠠᠨᠤ ᠤᠷᠠᠨ ᠰᠠᠢ᠌ᠬᠠᠨ᠎ᠤ ᠲᠣᠭᠯᠠᠯᠲᠠ᠂ ᠦᠵᠡᠭᠦᠯᠭᠡ ᠵᠡᠷᠭᠡ ᠠᠵᠢᠯᠯᠠᠭ᠎ᠠ ᠡᠷᠬᠢᠯᠡᠬᠦ ᠦᠭᠡᠢ ᠪᠠᠢ᠌ᠵᠤ᠂ ᠬᠥᠳᠡᠭᠡ ᠲᠣᠰᠬᠤᠨ᠎ᠤ ᠵᠠᠬ᠎ᠠ ᠵᠡᠭᠡᠯᠢ ᠵᠢᠨ ᠠᠷᠠᠯᠵᠢᠶ᠎ᠠ ᠵᠢᠨ ᠬᠡᠪᠴᠢᠶ᠎ᠡ ᠪᠠ ᠳᠠᠪᠲᠠᠮᠵᠢ ᠤᠳᠠᠭ᠎ᠠ ᠵᠢ ᠪᠠᠭ᠋ᠠᠰᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠬᠡᠷᠡᠭᠲᠡᠢ᠃
ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ᠂ ᠬᠠᠯᠳᠠᠪᠤᠷᠢᠯᠠᠬᠤ ᠲᠦᠭᠰᠢᠭᠦᠷᠢ ᠵᠢ ᠭᠡᠷ᠎ᠤᠨ ᠨᠠᠰᠤᠲᠠᠢ᠌ᠴᠤᠳ᠎ᠲᠤ᠎ᠪᠠᠨ ᠲᠠᠷᠬᠠᠭ᠋ᠠᠬᠤ᠎ᠠᠴᠠ ᠵᠠᠢ᠌ᠯᠠᠰᠬᠢᠨ᠎ᠡ
ᠬᠢᠵᠢᠭ᠎ᠤᠨ ᠪᠠᠢ᠌ᠳᠠᠯ ᠳᠡᠯᠭᠡᠷᠡᠬᠦ ᠬᠤᠭᠤᠴᠠᠭ᠋ᠠᠨ᠎ᠳᠤ᠂ ᠡᠷᠡᠭᠦᠯ ᠰᠠᠷᠠᠭᠤᠯ ᠵᠶ᠋ᠠᠷ ᠴᠠᠭ᠋ᠠᠨ ᠰᠠᠷ᠎ᠠ᠎ᠪᠠᠨ ᠥᠩᠭᠡᠷᠡᠭᠦᠯᠬᠦ ᠪᠣᠯ ᠣᠯᠠᠨ ᠲᠦᠮᠡᠨ᠎ᠤ ᠬᠠᠮᠤᠭ᠎ᠠᠴᠠ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ ᠪᠣᠯᠣᠨ᠎ᠠ᠃ ᠪᠢᠳᠡ ᠳᠣᠣᠷᠠᠬᠢ ᠬᠡᠳᠦᠨ ᠲᠠᠯ᠎ᠠ᠎ᠪᠠᠷ ᠠᠩᠬᠠᠷᠤᠨ ᠴᠢᠩᠭ᠋ᠠᠳᠬᠠᠬᠤ ᠬᠡᠷᠡᠭᠲᠡᠢ᠄
ᠨᠢᠭᠡ᠎ᠳᠤ᠂ ᠬᠤᠪᠢ ᠬᠥᠮᠥᠨ᠎ᠤ ᠬᠠᠮᠠᠭ᠋ᠠᠯᠠᠯᠲᠠ᠎ᠪᠠᠨ ᠦᠷᠭᠦᠯᠵᠢᠯᠡᠨ ᠰᠠᠢ᠌ᠲᠤᠷ ᠬᠢᠵᠦ᠂ ᠭᠠᠷ ᠵᠶ᠋ᠠᠨ ᠪᠠᠢ᠌ᠩᠭᠤ ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠢ᠌ᠲᠡ ᠵᠢᠨ ᠰᠠᠪᠬ᠎ᠠ ᠬᠡᠷᠡᠭᠯᠡᠬᠦ ᠵᠡᠷᠭᠡ ᠵᠢ ᠪᠠᠷᠢᠮᠲᠠᠯᠠᠵᠤ᠂ ᠨᠡᠢ᠌ᠭᠡᠮ᠎ᠤᠨ ᠬᠠᠷᠢᠯᠴᠠᠭ᠋ᠠᠨ᠎ᠤ ᠵᠠᠢ᠂ ᠬᠠᠨᠢᠶᠠᠬᠤ ᠶᠣᠰᠣ ᠳᠦᠷᠢᠮ᠂ ᠴᠡᠪᠡᠷᠯᠡᠨ ᠠᠷᠢᠭᠤᠳᠬᠠᠬᠤ ᠵᠡᠷᠭᠡ ᠡᠷᠡᠭᠦᠯ ᠬᠠᠮᠠᠭ᠋ᠠᠯᠠᠯ᠎ᠤᠨ ᠳᠠᠳᠬᠠᠯ᠎ᠢ ᠪᠠᠲᠤᠯᠠᠵᠤ᠂ ᠬᠢᠵᠢᠭ᠎ᠲᠤ ᠬᠠᠯᠳᠠᠪᠤᠷᠢᠯᠠᠭᠳᠠᠭ᠋ᠠᠳ ᠡᠷᠡᠭᠦᠯᠵᠢᠭᠰᠡᠨᠤ ᠳᠠᠷᠠᠭ᠎ᠠ ᠴᠤ᠌ ᠭᠡᠰᠡᠨ ᠬᠤᠪᠢ ᠬᠥᠮᠥᠨ᠎ᠤ ᠬᠠᠮᠠᠭ᠋ᠠᠯᠠᠯᠲᠠ᠎ᠪᠠᠨ ᠰᠠᠢ᠌ᠲᠤᠷ ᠬᠢᠪᠡᠯ ᠵᠣᠬᠢᠨ᠎ᠠ᠃
ᠬᠣᠶᠠᠷ᠎ᠲᠤ᠂ ᠵᠢᠮ᠎ᠡ ᠶᠣᠰᠣᠲᠠᠢ ᠠᠵᠢᠯᠯᠠᠵᠤ ᠠᠮᠠᠷᠠᠬᠤ᠂ ᠵᠦᠢ ᠵᠣᠬᠢᠰᠲᠠᠢ ᠢᠳᠡᠵᠦ ᠤᠤᠭᠤᠬᠤ᠂ ᠬᠡᠮᠵᠢᠶ᠎ᠡ᠎ᠳᠤ᠎ᠪᠠᠨ ᠲᠣᠬᠢᠷᠠᠭᠰᠠᠨ ᠬᠥᠳᠡᠯᠭᠡᠭᠡᠨ ᠬᠢᠬᠦ᠂ ᠰᠠᠢ᠌ᠨ ᠰᠠᠢ᠌ᠬᠠᠨ ᠰᠡᠳᠬᠢᠴᠡ ᠵᠢᠨ ᠪᠠᠢ᠌ᠳᠠᠯ᠎ᠢ ᠪᠠᠲᠤᠯᠠᠬᠤ ᠵᠡᠷᠭᠡ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠪᠠᠷᠢᠮᠲᠠᠯᠠᠵᠤ᠂ ᠬᠤᠪᠢ ᠬᠥᠮᠥᠨ᠎ᠤ ᠡᠪᠡᠳᠴᠢᠨ᠎ᠢ ᠡᠰᠡᠷᠭᠦᠴᠡᠬᠦ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃
ᠭᠤᠷᠪᠠ᠎ᠳᠤ᠂ ᠠᠯᠢ ᠴᠢᠳᠠᠬᠤ᠎ᠪᠠᠷ ᠭᠡᠷ ᠪᠦᠯᠢ ᠵᠢᠨ ᠶᠡᠬᠡ ᠬᠡᠪᠴᠢᠶᠡᠨ᠎ᠤ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠡᠷᠬᠢᠯᠡᠬᠦ ᠦᠭᠡᠢ᠂ ᠨᠠᠢ᠌ᠷ ᠴᠤᠭᠯᠠᠭ᠋ᠠᠨ᠎ᠳᠤ ᠣᠷᠤᠯᠴᠠᠬᠤ ᠦᠭᠡᠢ ᠪᠠᠢ᠌ᠵᠤ᠂ ᠭᠡᠷ ᠪᠦᠯᠢ ᠵᠢᠨ ᠲᠥᠷᠥᠯ ᠰᠠᠲᠤᠨᠤ ᠴᠤᠭᠯᠠᠷᠠᠨ ᠨᠠᠢ᠌ᠷᠯᠠᠬᠤ ᠬᠥᠮᠥᠨ᠎ᠤ ᠲᠣᠭ᠎ᠠ ᠵᠢ ᠪᠠᠭ᠋ᠠᠰᠬᠠᠨ᠂ ᠨᠠᠢ᠌ᠷ ᠴᠤᠭᠯᠠᠭ᠋ᠠᠨ᠎ᠤ ᠴᠠᠭ᠎ᠢ ᠪᠣᠭᠣᠨᠢᠰᠬᠠᠨ᠎ᠠ᠃ ᠪᠠᠰᠠ ᠸᠢᠳᠢᠤ᠋᠂ ᠤᠲᠠᠰᠤ᠎ᠪᠠᠷ ᠳᠠᠮᠵᠢᠭᠤᠯᠤᠨ ᠬᠠᠷᠢᠯᠴᠠᠨ ᠢᠷᠦᠭᠡᠯ ᠵᠥᠩᠨᠡᠯ ᠳᠡᠪᠰᠢᠭᠦᠯᠵᠦ᠂ ᠢᠯᠠᠩᠭᠤᠶ᠎ᠠ ᠬᠠᠯᠳᠠᠪᠤᠷᠢᠯᠠᠬᠤ ᠲᠦᠭᠰᠢᠭᠦᠷᠢ ᠵᠢ ᠭᠡᠷ᠎ᠤᠨ ᠨᠠᠰᠤᠲᠠᠢ᠌ᠴᠤᠳ᠎ᠲᠤ᠎ᠪᠠᠨ ᠲᠠᠷᠬᠠᠭ᠋ᠠᠬᠤ᠎ᠠᠴᠠ ᠵᠠᠢ᠌ᠯᠠᠰᠬᠢᠬᠦ ᠬᠡᠷᠡᠭᠲᠡᠢ᠃
ᠳᠥᠷᠪᠡ᠎ᠳᠤ᠂ ᠸᠠᠺᠼᠢᠨ᠎ᠤ ᠲᠠᠷᠢᠯᠭ᠎ᠠ ᠬᠢᠬᠦ ᠨᠥᠬᠥᠴᠡᠯ᠎ᠳᠤ ᠨᠡᠢ᠌ᠴᠡᠭᠰᠡᠳ ᠪᠦᠬᠦ ᠶᠠᠪᠤᠴᠠ ᠵᠢᠨ ᠲᠠᠷᠢᠯᠭ᠎ᠠ ᠪᠠ ᠴᠢᠩᠭ᠋ᠠᠳᠬᠠᠬᠤ ᠲᠠᠷᠢᠯᠭ᠎ᠠ ᠵᠢ ᠠᠯᠢ ᠲᠦᠷᠭᠡᠨ ᠵᠶ᠋ᠡᠷ ᠬᠢᠵᠦ᠂ ᠬᠤᠪᠢ ᠬᠥᠮᠥᠨ ᠪᠠ ᠭᠡᠷ᠎ᠤᠨ ᠬᠥᠮᠥᠰ᠎ᠤᠨ ᠵᠶ᠋ᠡᠨ ᠡᠷᠡᠭᠦᠯ ᠮᠡᠨᠳᠦ ᠵᠢ ᠬᠠᠮᠠᠭ᠋ᠠᠯᠠᠬᠤ ᠬᠡᠷᠡᠭᠲᠡᠢ᠃
ᠲᠠᠪᠤ᠎ᠳᠤ᠂ ᠡᠷᠡᠭᠦᠯ ᠮᠡᠨᠳᠦ ᠵᠢᠨ ᠬᠢᠨᠠᠨ ᠰᠢᠨᠵᠢᠯᠡᠯᠲᠡ᠎ᠪᠠᠨ ᠴᠢᠩᠭ᠋ᠠᠳᠬᠠᠵᠤ᠂ ᠬᠤᠪᠢ ᠬᠥᠮᠥᠨ ᠪᠠ ᠭᠡᠷ᠎ᠤᠨ ᠬᠥᠮᠥᠰ᠎ᠤᠨ ᠵᠶ᠋ᠡᠨ ᠡᠷᠡᠭᠦᠯ ᠮᠡᠨᠳᠦ ᠵᠢᠨ ᠪᠠᠢ᠌ᠳᠠᠯ᠎ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠭᠤᠷᠠᠢ᠎ᠪᠠᠷ ᠬᠠᠨᠢᠶᠠᠯᠭ᠋ᠠᠬᠤ᠂ ᠲᠠᠮᠢᠷᠳᠠᠬᠤ᠂ ᠬᠣᠭᠣᠯᠠᠢ ᠡᠪᠡᠳᠬᠦ ᠵᠡᠷᠭᠡ ᠡᠪᠡᠳᠴᠢᠨ᠎ᠤ ᠰᠢᠨᠵᠢ ᠢᠯᠡᠷᠡᠬᠦ᠂ ᠡᠰᠡᠬᠦᠯ᠎ᠡ ᠪᠥᠭᠡᠮ ᠬᠦᠴᠢᠯ᠎ᠤᠨ ᠠᠷᠭ᠎ᠠ ᠴᠢᠨᠠᠷ᠎ᠢ ᠪᠠᠢ᠌ᠴᠠᠭ᠋ᠠᠨ ᠭᠠᠷᠭ᠋ᠠᠭᠰᠠᠨ ᠦᠶ᠎ᠡ᠎ᠳᠤ᠂ ᠠᠯᠢ ᠴᠢᠳᠠᠬᠤ᠎ᠪᠠᠷ ᠰᠠᠯᠬᠢ ᠨᠡᠪᠲᠡᠷᠡᠭᠰᠡᠨ᠂ ᠬᠠᠷᠢᠴᠠᠩᠭᠤᠢ ᠲᠤᠰᠠᠭ᠋ᠠᠷ ᠥᠷᠥᠭᠡ᠎ᠳᠤ ᠰᠠᠭᠤᠵᠤ᠂ ᠬᠠᠮᠲᠤ ᠰᠠᠭᠤᠵᠤ ᠪᠠᠢ᠌ᠭ᠎ᠠ ᠬᠥᠮᠥᠰ᠎ᠲᠠᠢ᠎ᠪᠠᠨ ᠣᠢ᠌ᠷᠠᠳᠬᠤ᠎ᠪᠠᠨ ᠴᠢᠳᠠᠬᠤ ᠵᠢᠨ ᠬᠢᠷᠢ᠎ᠪᠠᠷ ᠪᠠᠭ᠋ᠠᠰᠬᠠᠨ᠂ ᠡᠪᠡᠳᠴᠢᠨ᠎ᠤ ᠪᠠᠢ᠌ᠳᠠᠯ ᠵᠶ᠋ᠡᠨ ᠨᠢᠭᠲᠠ ᠠᠩᠬᠠᠷᠴᠤ᠂ ᠬᠡᠷᠪᠡ ᠡᠪᠡᠳᠴᠢᠨ᠎ᠤ ᠪᠠᠢ᠌ᠳᠠᠯ᠎ᠨᠢ ᠬᠦᠨᠳᠦᠷᠡᠪᠡᠯ ᠴᠠᠭ ᠲᠤᠬᠠᠢᠳᠤᠨᠢ ᠡᠮᠨᠡᠭᠦᠯᠬᠦ ᠬᠡᠷᠡᠭᠲᠡᠢ᠃