ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠺᠧ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-01-30

      ᠣᠳᠣᠬᠠᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠠᠵᠢᠯ᠎ᠢ ᠦᠷᠭᠦᠯᠵᠢᠯᠡᠨ ᠪᠣᠳᠠᠲᠠᠢ᠎ᠪᠠᠷ ᠠᠳᠬᠤᠵᠤ   ᠵᠢᠯ᠎ᠤᠨ ᠡᠬᠢᠨ᠎ᠳᠤ ᠠᠵᠤ ᠠᠬᠤᠢ ᠵᠢᠨ ᠠᠵᠢᠯᠯᠠᠭ᠋ᠠᠨ᠎ᠤ ᠲᠣᠭᠲᠠᠭᠤᠨ ᠵᠶ᠋ᠠᠷ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ
      ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠢ ᠰᠠᠢ᠌ᠲᠤᠷ ᠬᠢᠵᠦ   ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠢ ᠲᠣᠭᠲᠠᠭᠤᠨ ᠵᠶ᠋ᠠᠷ ᠬᠠᠩᠭ᠋ᠠᠬᠤ᠎ᠳᠤ ᠪᠠᠲᠤ ᠰᠠᠭᠤᠷᠢ ᠲᠠᠯᠪᠢᠬᠤ ᠲᠤᠬᠠᠢ ᠪᠠᠢ᠌ᠷᠢᠯᠠᠭᠤᠯᠤᠯᠲᠠ ᠬᠢᠪᠡ
      ᠬᠡᠷᠡᠭᠯᠡᠭᠡ ᠵᠢ ᠠᠬᠢᠭᠤᠯᠤᠨ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠲᠦᠷᠭᠡᠨ ᠰᠡᠷᠭᠦᠭᠡᠯᠲᠡ ᠪᠠ ᠲᠣᠭᠲᠠᠭᠤᠨ᠎ᠢ ᠪᠠᠲᠤᠯᠠᠵᠤ   ᠠᠵᠤ ᠠᠬᠤᠢ᠎ᠳᠤ ᠦᠵᠡᠭᠦᠯᠬᠦ ᠲᠠᠲᠠᠬᠤ ᠬᠦᠴᠦᠨ᠎ᠢ ᠴᠢᠩᠭ᠋ᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ


      ᠰᠢᠨᠬᠤᠸᠠ ᠬᠣᠷᠢᠶᠠᠨ᠎ᠤ ᠪᠡᠭᠡᠵᠢᠩ᠎ᠤᠨ 1 ᠳ᠋ᠦ᠍ᠭᠡᠷ ᠰᠠᠷ᠎ᠠ ᠵᠢᠨ 28᠎ᠤ ᠴᠠᠬᠢᠯᠭ᠋ᠠᠨ ᠮᠡᠳᠡᠭᠡ   ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠺᠧ ᠴᠢᠶᠠᠩ 1 ᠳ᠋ᠦ᠍ᠭᠡᠷ ᠰᠠᠷ᠎ᠠ ᠵᠢᠨ 28᠎ᠤ ᠡᠳᠦᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠠᠵᠢᠯ᠎ᠢ ᠦᠷᠭᠦᠯᠵᠢᠯᠡᠨ ᠪᠣᠳᠠᠲᠠᠢ᠎ᠪᠠᠷ ᠠᠳᠬᠤᠵᠤ᠂ ᠵᠢᠯ᠎ᠤᠨ ᠡᠬᠢᠨ᠎ᠳᠤ ᠠᠵᠤ ᠠᠬᠤᠢ ᠵᠢᠨ ᠠᠵᠢᠯᠯᠠᠭ᠋ᠠᠨ᠎ᠤ ᠲᠣᠭᠲᠠᠭᠤᠨ ᠵᠶ᠋ᠠᠷ ᠳᠡᠭᠡᠭᠰᠢᠯᠡᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ; ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠢ ᠰᠠᠢ᠌ᠲᠤᠷ ᠬᠢᠵᠦ᠂ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠣᠯᠬᠤ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠵᠶ᠋ᠠᠷ ᠬᠠᠩᠭ᠋ᠠᠬᠤ᠎ᠳᠤ ᠪᠠᠲᠤ ᠰᠠᠭᠤᠷᠢ ᠲᠠᠯᠪᠢᠬᠤ ᠲᠤᠬᠠᠢ ᠪᠠᠢ᠌ᠷᠢᠯᠠᠭᠤᠯᠤᠯᠲᠠ ᠬᠢᠪᠡ; ᠬᠡᠷᠡᠭᠯᠡᠭᠡ ᠵᠢ ᠠᠬᠢᠭᠤᠯᠤᠨ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠲᠦᠷᠭᠡᠨ ᠰᠡᠷᠭᠦᠭᠡᠯᠲᠡ ᠪᠠ ᠲᠣᠭᠲᠠᠭᠤᠨ᠎ᠢ ᠪᠠᠲᠤᠯᠠᠵᠤ᠂ ᠠᠵᠤ ᠠᠬᠤᠢ᠎ᠳᠤ ᠦᠵᠡᠭᠦᠯᠬᠦ ᠲᠠᠲᠠᠬᠤ ᠬᠦᠴᠦᠨ᠎ᠢ ᠴᠢᠩᠭ᠋ᠠᠷᠠᠭᠤᠯᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ᠂ ᠣᠳᠣᠬᠠᠨ᠎ᠳᠤ ᠠᠵᠤ ᠠᠬᠤᠢ ᠦᠷᠭᠦᠯᠵᠢᠯᠡᠨ ᠰᠡᠷᠭᠦᠨ ᠳᠡᠭᠡᠭᠰᠢᠯᠡᠬᠦ ᠬᠠᠨᠳᠤᠰᠢ᠎ᠲᠠᠢ ᠪᠠᠢ᠌ᠨ᠎ᠠ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠵᠢ ᠲᠤᠭᠤᠰᠢᠯᠠᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠨ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠪᠠᠷᠠᠭ᠋ᠠᠨ᠎ᠤ ᠦᠨ᠎ᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠢ᠌ᠵᠤ᠂ ᠠᠵᠤ ᠠᠬᠤᠢ ᠵᠢᠨ ᠠᠵᠢᠯᠯᠠᠭ᠋ᠠᠨ᠎ᠢ ᠵᠦᠢ ᠵᠣᠬᠢᠰᠲᠠᠢ ᠣᠷᠣᠨ ᠵᠠᠢ᠎ᠳᠤ ᠪᠠᠢ᠌ᠯᠭ᠋ᠠᠬᠤ ᠬᠡᠷᠡᠭᠲᠡᠢ᠃ ᠠᠵᠤ ᠠᠬᠤᠢ ᠵᠢ ᠲᠣᠭᠲᠠᠪᠤᠷᠢᠵᠢᠭᠤᠯᠬᠤ ᠠᠯᠢ ᠣᠯᠠᠨ ᠲᠦᠷᠤ ᠵᠢᠨ ᠪᠣᠳᠣᠯᠭ᠎ᠠ ᠪᠠ ᠦᠷᠭᠦᠯᠵᠢᠯᠡᠬᠦᠢ᠌ᠴᠡ ᠠᠷᠭ᠎ᠠ ᠬᠡᠮᠵᠢᠶ᠎ᠡ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡᠨ᠎ᠤ ᠪᠠᠭ᠋ᠠᠵᠢ᠎ᠪᠠᠷ ᠳᠡᠮᠵᠢᠭᠰᠡᠨ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠂ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠵᠢ ᠠᠬᠢᠭᠤᠯᠵᠤ᠂ ᠨᠡᠩ ᠤᠯᠠᠨ ᠪᠣᠳᠠᠲᠤ ᠵᠦᠢ᠍ᠯ᠎ᠤᠨ ᠠᠵᠢᠯ᠎ᠤᠨ ᠬᠡᠮᠵᠢᠶ᠎ᠡ ᠵᠢ ᠪᠤᠢ ᠪᠣᠯᠭ᠋ᠠᠵᠤ᠂ ᠤᠤᠯ᠎ᠤᠨ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠭ᠋ᠠᠭᠰᠠᠨ ᠪᠠᠭ᠎ᠠ ᠬᠡᠪᠴᠢᠶᠡᠨ᠎ᠤ ᠭᠠᠢ᠌ᠯᠢ ᠲᠤᠰᠢᠶᠠᠭᠴᠢ ᠵᠢᠨ ᠦᠷᠳᠡᠭ ᠨᠡᠮᠡᠭᠳᠡᠯ᠎ᠤᠨ ᠭᠠᠢ᠌ᠯᠢ ᠵᠢ ᠬᠠᠰᠤᠵᠤ ᠬᠡᠯᠲᠦᠷᠢᠭᠦᠯᠬᠦ᠂ ᠨᠡᠢ᠌ᠳᠡᠮ ᠬᠠᠷᠠᠭ᠋ᠠᠯᠵᠠᠬᠤ ᠵᠢᠵᠢᠭ ᠪᠢᠴᠢᠯ ᠵᠢᠭᠡᠯᠡᠯᠭᠡ ᠵᠡᠷᠭᠡ ᠲᠦᠷᠤ ᠵᠢᠨ ᠪᠣᠳᠣᠯᠭ᠎ᠠ ᠵᠢ ᠰᠠᠢ᠌ᠲᠤᠷ ᠬᠡᠷᠡᠭᠵᠢᠭᠦᠯᠦᠨ᠎ᠡ᠃ 《ᠬᠣᠶᠠᠷ᠎ᠢ ᠥᠴᠥᠬᠡᠨ ᠴᠦ᠍ ᠭᠤᠢ᠌ᠪᠢᠰᠢ ᠦᠭᠡᠢ ᠠᠳᠬᠤᠬᠤ》 ᠵᠢ ᠪᠠᠷᠢᠮᠲᠠᠯᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠢ᠌ᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠪᠣᠢ ᠪᠣᠯᠭ᠋ᠠᠨ᠎ᠠ᠃ ᠲᠠᠪᠴᠠᠩ᠎ᠤᠨ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠲᠡᠮᠵᠢᠨ᠎ᠠ᠃ ᠪᠠᠶᠠᠷ᠎ᠤᠨ ᠡᠳᠦᠷ᠎ᠤᠨ ᠳᠠᠷᠠᠭ᠎ᠠ ᠠᠵᠤ   ᠠᠬᠤᠢ᠌ᠯᠠᠯ᠎ᠤᠨ   ᠦᠳᠲᠡᠷ   ᠲᠦᠷᠭᠡᠨ ᠵᠶ᠋ᠡᠷ   ᠠᠵᠢᠯ ᠵᠶ᠋ᠠᠨ   ᠰᠡᠷᠭᠦᠭᠡᠵᠦ   ᠦᠢ᠍ᠯᠡᠳᠪᠦᠷᠢᠯᠡᠯ ᠵᠶ᠋ᠡᠨ   ᠰᠡᠷᠭᠦᠭᠡᠬᠦ ᠵᠢ ᠠᠬᠢᠭᠤᠯᠵᠤ᠂ ᠬᠥᠯᠥᠰᠦᠨ ᠠᠵᠢᠯᠴᠢᠨ᠎ᠤ ᠠᠵᠢᠯ᠎ᠤᠨ ᠪᠠᠢ᠌ᠷᠢ᠎ᠳᠤ᠎ᠪᠠᠨ ᠪᠤᠴᠠᠵᠤ ᠠᠵᠢᠯ ᠣᠯᠬᠤ ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠰᠠᠢ᠌ᠲᠤᠷ ᠬᠢᠨ᠎ᠡ᠃ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠲᠤ᠎ᠪᠠᠷ ᠴᠢᠷᠮᠠᠢ᠌ᠵᠤ᠂ ᠠᠵᠤ ᠠᠬᠤᠢ ᠵᠢᠨ ᠠᠵᠢᠯᠯᠠᠭ᠋ᠠᠨ᠎ᠤ ᠳᠡᠭᠡᠭᠰᠢᠯᠡᠬᠦ ᠬᠠᠨᠳᠤᠰᠢ ᠵᠢ ᠲᠠᠬᠢᠨ ᠪᠡᠬᠢᠵᠢᠭᠦᠯᠦᠨ ᠥᠷᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠵᠢᠯ᠎ᠤᠨ ᠠᠵᠢᠯ ᠬᠠᠪᠤᠷ᠎ᠠᠴᠠ ᠡᠬᠢᠯᠡᠳᠡᠭ ᠭᠡᠳᠡᠭᠴᠢᠯᠡᠨ ᠬᠠᠪᠤᠷ᠎ᠤᠨ ᠲᠠᠷᠢᠶᠠᠯᠠᠭ᠎ᠠ ᠵᠢᠨ ᠠᠮᠤ ᠪᠤᠳᠠᠭ᠋ᠠᠨ᠎ᠤ ᠤᠨᠠᠯᠲᠠ ᠪᠦᠬᠦ ᠵᠢᠯ᠎ᠤᠨ ᠵᠢᠷᠭᠤᠭ᠋ᠠᠨ ᠬᠤᠪᠢ ᠣᠷᠴᠢᠮ᠎ᠢ ᠡᠵᠡᠯᠡᠵᠦ᠂ ᠬᠠᠪᠤᠷ᠎ᠤᠨ ᠬᠠᠮᠢᠶᠠᠷᠤᠯᠲᠠ ᠵᠢᠨ ᠠᠮᠤ ᠪᠤᠳᠠᠭ᠋ᠠᠨ᠎ᠤ ᠤᠨᠠᠯᠲᠠ ᠭᠣᠣᠯ ᠠᠮᠤ ᠪᠤᠳᠠᠭ᠋ᠠᠨ᠎ᠤ ᠠᠷᠪᠠᠨ᠎ᠤ ᠳᠥᠷᠪᠡᠨ ᠬᠤᠪᠢ ᠣᠷᠴᠢᠮ᠎ᠢ ᠡᠵᠡᠯᠡᠵᠦ ᠪᠠᠢ᠌ᠨ᠎ᠠ᠃ ᠬᠣᠶᠠᠳᠤᠭ᠋ᠠᠷ ᠰᠠᠷ᠎ᠠ ᠵᠢᠨ ᠡᠬᠢ᠎ᠪᠠᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠪᠦᠬᠦ ᠲᠠᠯ᠎ᠠ᠎ᠪᠠᠷ ᠪᠠᠢ᠌ᠷᠢᠯᠠᠭᠤᠯᠤᠯᠲᠠ ᠬᠢᠵᠦ᠂ ᠬᠠᠷᠢᠭᠤᠴᠠᠯᠭ᠎ᠠ ᠵᠢ ᠱᠠᠲᠤ ᠱᠠᠲᠤ᠎ᠪᠠᠷ ᠨᠠᠢ᠌ᠳᠠᠪᠤᠷᠢᠵᠢᠭᠤᠯᠤᠨ᠂ ᠲᠠᠷᠢᠶᠠᠯᠠᠩ᠎ᠤᠨ ᠴᠠᠭ᠎ᠢ ᠰᠠᠭ᠋ᠠᠲᠠᠭ᠋ᠠᠬᠤ ᠦᠭᠡᠢ᠎ᠪᠠᠷ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠢ ᠰᠠᠢ᠌ᠲᠤᠷ ᠠᠳᠬᠤᠵᠤ᠂ ᠠᠮᠤ ᠪᠤᠳᠠᠭ᠋ᠠᠨ᠎ᠤ ᠲᠣᠭᠲᠠᠭᠤᠨ ᠵᠶ᠋ᠠᠷ ᠬᠠᠩᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ᠂ ᠪᠠᠷᠠᠭ᠋ᠠᠨ᠎ᠤ ᠦᠨ᠎ᠡ ᠵᠢᠨ ᠲᠣᠭᠲᠠᠭᠤᠨ ᠪᠠᠢ᠌ᠬᠤ ᠵᠢ ᠪᠠᠲᠤᠯᠠᠬᠤ᠎ᠳᠤ ᠰᠠᠭᠤᠷᠢ ᠲᠠᠯᠪᠢᠬᠤ ᠬᠡᠷᠡᠭᠲᠡᠢ᠃ ᠨᠢᠭᠡ᠎ᠳᠤ᠂ ᠪᠤᠭᠤᠳᠠᠢ᠂ ᠰᠢᠯᠢᠮᠳᠡᠭ᠎ᠤᠨ ᠲᠠᠷᠢᠶᠠᠨ᠎ᠤ ᠬᠠᠪᠤᠷ᠎ᠤᠨ ᠤᠯᠠᠷᠢᠯ᠎ᠤᠨ ᠬᠠᠮᠢᠶᠠᠷᠤᠯᠲᠠ ᠵᠢ ᠰᠠᠢ᠌ᠲᠤᠷ ᠠᠳᠬᠤᠨ᠎ᠠ᠃ ᠭᠠᠵᠠᠷ ᠣᠷᠣᠨ ᠪᠠ ᠴᠢᠬᠢ ᠮᠣᠳᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ ᠮᠡᠷᠭᠡᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠬᠠᠪᠤᠷ᠎ᠤᠨ ᠭᠠᠩ᠂ ᠬᠠᠪᠤᠷ᠎ᠤᠨ ᠭᠡᠳᠡᠷᠭᠦ ᠬᠦᠢ᠍ᠲᠡᠨ᠂ ᠡᠪᠡᠳᠴᠢᠨ ᠬᠣᠷᠣᠬᠠᠢ ᠵᠢᠨ ᠭᠠᠮᠰᠢᠭ ᠵᠡᠷᠭᠡ ᠭᠠᠢ ᠭᠠᠮᠰᠢᠭ᠎ᠢ ᠴᠠᠭ ᠲᠤᠬᠠᠢ᠎ᠳᠤ᠎ᠨᠢ ᠰᠡᠷᠭᠡᠢ᠌ᠯᠡᠬᠦ ᠬᠡᠷᠡᠭᠲᠡᠢ᠃ ᠬᠣᠶᠠᠷ᠎ᠲᠤ᠂ ᠡᠯ᠎ᠡ ᠭᠠᠵᠠᠷ᠎ᠤᠨ ᠠᠮᠤ ᠪᠤᠳᠠᠭ᠎ᠠ ᠪᠣᠯᠣᠨ ᠲᠣᠰᠣᠯᠢᠭ ᠲᠠᠷᠢᠮᠠᠯ᠎ᠤᠨ ᠦᠢ᠍ᠯᠡᠳᠪᠦᠷᠢᠯᠡᠯ᠎ᠤᠨ ᠬᠠᠷᠠᠯᠲᠠ ᠵᠢ ᠲᠦᠷᠭᠡᠬᠡᠨ ᠲᠣᠳᠣᠷᠬᠠᠢ᠌ᠯᠠᠵᠤ᠂ ᠬᠠᠪᠤᠷ᠎ᠤᠨ ᠲᠠᠷᠢᠶᠠᠯᠠᠭ᠎ᠠ ᠵᠢᠨ ᠲᠠᠯᠠᠪᠠᠶ ᠵᠢᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠪᠠᠲᠤᠯᠠᠵᠤ᠂ ᠰᠢᠷ᠎ᠠ ᠪᠤᠷᠴᠠᠭ ᠳᠠᠷᠢᠬᠤ ᠲᠠᠯᠠᠪᠠᠶ ᠵᠢ ᠲᠣᠭᠲᠠᠪᠤᠷᠢᠵᠢᠭᠤᠯᠤᠨ᠎ᠠ᠃ ᠭᠤᠷᠪᠠ᠎ᠳᠤ᠂ ᠪᠠᠲᠤᠯᠠᠭ᠎ᠠ ᠵᠢᠨ ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠰᠠᠢ᠌ᠲᠤᠷ ᠬᠢᠨ᠎ᠡ᠃ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠢ ᠣᠷᠣᠨ ᠪᠦᠰᠡ ᠠᠯᠤᠰᠯᠠᠨ ᠲᠣᠬᠢᠷᠠᠭᠤᠯᠤᠨ ᠵᠥᠭᠡᠭᠡᠪᠦᠷᠢᠯᠡᠬᠦ ᠠᠵᠢᠯ᠎ᠢ ᠰᠠᠢ᠌ᠲᠤᠷ ᠠᠳᠬᠤᠵᠤ᠂ ᠲᠠᠷᠢᠶᠠᠴᠢᠳ᠎ᠤᠨ ᠦᠷ᠎ᠡ ᠪᠣᠷᠳᠣᠭᠤᠷ ᠪᠡᠯᠡᠳᠬᠡᠬᠦ ᠵᠢ ᠲᠡᠮᠵᠢᠨ᠎ᠠ᠃ ᠲᠠᠷᠢᠶᠠᠯᠠᠩ᠎ᠤᠨ ᠮᠡᠷᠭᠡᠵᠢᠯ᠎ᠤᠨ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ ᠪᠣᠯᠪᠠᠰᠤᠷᠠᠯ᠎ᠢ ᠥᠷᠨᠢᠭᠦᠯᠦᠨ᠎ᠡ᠃ ᠲᠠᠷᠢᠶᠠᠯᠠᠩ᠎ᠤᠨ ᠮᠠᠰᠢᠨ᠎ᠢ ᠪᠠᠢ᠌ᠴᠠᠭ᠋ᠠᠨ ᠵᠠᠰᠠᠬᠤ ᠪᠠ ᠣᠷᠣᠨ ᠠᠯᠤᠰᠯᠠᠨ ᠮᠠᠰᠢᠨ ᠵᠶ᠋ᠠᠷ ᠬᠠᠭ᠋ᠠᠯᠪᠤᠷᠢᠯᠠᠵᠤ ᠲᠡᠷᠢᠬᠤ ᠠᠵᠢᠯ᠎ᠢ ᠰᠠᠢ᠌ᠲᠤᠷ ᠵᠣᠬᠢᠶᠠᠨ ᠪᠠᠢ᠌ᠭᠤᠯᠵᠤ᠂ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠤᠨ᠂ ᠵᠢᠵᠢᠭ ᠲᠠᠷᠢᠶᠠᠴᠢᠨ ᠡᠷᠦᠭᠡ ᠵᠢ ᠬᠠᠪᠰᠤᠷᠴᠤ ᠲᠠᠷᠢᠶ᠎ᠠ ᠵᠢ᠎ᠨᠢ ᠰᠠᠢ᠌ᠲᠤᠷ ᠲᠠᠷᠢᠭᠤᠯᠤᠨ᠎ᠠ᠃ ᠳᠥᠷᠪᠡ᠎ᠳᠤ᠂ ᠨᠠᠭ᠋ᠠᠲᠤ ᠵᠠᠬ᠎ᠠ ᠵᠢᠨ ᠬᠤᠳᠠᠯᠳᠤᠨ ᠠᠪᠬᠤ ᠦᠨ᠎ᠡ ᠪᠠ ᠦᠢ᠍ᠯᠡᠳᠪᠦᠷᠢᠯᠡᠭᠴᠢ᠎ᠳᠤ ᠨᠥᠬᠥᠪᠦᠷᠢ ᠥᠭᠬᠦ ᠵᠡᠷᠭᠡ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠲᠠᠪᠤ᠎ᠳᠤ᠂ ᠰᠢᠷ᠎ᠠ ᠪᠤᠷᠴᠠᠭ ᠲᠠᠷᠢᠬᠤ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠪᠤᠭᠤᠳᠠᠢ ᠵᠢᠨ 《ᠨᠢᠭᠡ ᠵᠢ ᠰᠦᠷᠴᠢᠵᠦ ᠭᠤᠷᠪᠠ ᠵᠢ ᠰᠡᠷᠭᠡᠢ᠌ᠯᠡᠬᠦ》 ᠨᠥᠬᠥᠪᠦᠷᠢ ᠵᠢ ᠨᠡᠢ᠌ᠳᠡᠮ ᠪᠦᠷᠬᠦᠭᠦᠯᠬᠦ ᠵᠢ ᠦᠷᠭᠦᠯᠵᠢᠯᠡᠨ ᠬᠡᠷᠡᠭᠵᠢᠭᠦᠯᠵᠦ᠂ ᠡᠪᠡᠳᠴᠢᠨ ᠬᠣᠷᠣᠬᠠᠢ ᠵᠢᠨ ᠬᠥᠨᠥᠭᠡᠯ᠎ᠢ ᠰᠡᠷᠭᠡᠢ᠌ᠯᠡᠨ ᠬᠢᠵᠠᠭ᠋ᠠᠷᠯᠠᠬᠤ ᠪᠡᠯᠡ ᠮᠥᠩᠭᠥ ᠵᠢ ᠡᠷᠲᠡᠬᠡᠨ ᠪᠠᠭᠤᠯᠭ᠋ᠠᠵᠤ᠂ ᠡᠮᠦᠨᠡᠲᠦ ᠣᠷᠣᠨ᠎ᠤ ᠡᠷᠲᠡ ᠵᠢᠨ ᠲᠤᠲᠤᠷᠭ᠎ᠠ ᠵᠢᠨ ᠴᠢᠬᠢ ᠵᠢ ᠲᠥᠪᠯᠡᠷᠡᠭᠦᠯᠦᠨ ᠪᠣᠢ᠌ᠵᠢᠭᠤᠯᠬᠤ ᠨᠥᠬᠥᠪᠦᠷᠢ ᠵᠢ ᠬᠡᠷᠡᠭᠵᠢᠭᠦᠯᠵᠦ᠂ ᠲᠠᠷᠢᠶᠠᠴᠢᠳ᠎ᠤᠨ ᠢᠳᠡᠪᠬᠢᠵᠢᠯ᠎ᠢ ᠲᠠᠢ᠍ᠢ᠍ᠴᠢᠯᠠᠨ᠂ ᠭᠠᠷᠤᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠬᠡᠷᠡᠭᠴᠡᠭᠡ ᠱᠠᠭ᠋ᠠᠷᠳᠠᠯᠭ᠎ᠠ ᠬᠦᠷᠦᠯᠴᠡᠬᠦ ᠦᠭᠡᠢ ᠪᠠᠢ᠌ᠭ᠎ᠠ ᠲᠣᠪᠣᠢ᠌ᠮ᠎ᠠ ᠵᠥᠷᠢᠴᠡᠯ᠎ᠳᠤ ᠴᠢᠭᠯᠡᠭᠦᠯᠦᠨ᠂ ᠠᠰᠢᠭᠲᠠᠢ ᠪᠠᠢ᠌ᠳᠠᠯ᠎ᠢ ᠠᠮᠵᠢᠨ ᠬᠡᠷᠡᠭᠯᠡᠭᠡ ᠵᠢ ᠲᠦᠷᠭᠡᠳᠬᠡᠨ ᠰᠡᠷᠭᠦᠭᠡᠬᠦ ᠵᠢ ᠠᠬᠢᠭᠤᠯᠬᠤ᠎ᠪᠠᠷ ᠠᠵᠤ ᠠᠬᠤᠢ ᠵᠢᠨ ᠭᠣᠣᠯ ᠲᠠᠲᠠᠬᠤ ᠬᠦᠴᠦᠨ ᠪᠣᠯᠭ᠋ᠠᠵᠤ᠂ ᠭᠠᠳᠠᠭ᠋ᠠᠳᠤ ᠨᠡᠭᠡᠭᠡᠯᠲᠡ ᠵᠢ ᠡᠷᠡᠰ ᠭᠤᠢ᠌ᠪᠢᠰᠢ ᠦᠭᠡᠢ ᠥᠷᠭᠡᠳᠬᠡᠵᠦ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠲᠣᠭᠲᠠᠭᠤᠨ ᠪᠠᠢ᠌ᠬᠤ ᠵᠢ ᠪᠠᠲᠤᠯᠠᠵᠤ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠬᠡᠷᠡᠭᠯᠡᠭᠡ ᠵᠢ ᠬᠦᠴᠦᠯᠡᠨ ᠥᠷᠭᠡᠳᠬᠡᠨ᠎ᠡ᠃ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠢ᠌ᠯᠠᠯ ᠪᠠ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠦᠴᠢᠷᠳᠡᠯ᠎ᠢ ᠬᠠᠪᠰᠤᠷᠤᠨ ᠰᠢᠢ᠍ᠳᠪᠦᠷᠢᠯᠡᠬᠦ ᠵᠢ ᠠᠬᠢᠭᠤᠯᠵᠤ᠂ ᠮᠠᠰᠢᠨ ᠲᠡᠷᠭᠡ ᠵᠡᠷᠭᠡ ᠵᠢᠨ ᠶᠡᠬᠡ ᠬᠡᠮᠵᠢᠶᠡᠨ᠎ᠤ ᠬᠡᠷᠡᠭᠯᠡᠭᠡᠨ᠎ᠤ ᠲᠦᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃ ᠬᠡᠷᠡᠭᠯᠡᠭᠡ ᠵᠢ ᠠᠬᠢᠭᠤᠯᠬᠤ ᠤᠯᠠᠨ ᠶᠠᠩᠵᠤ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠦᠷᠦᠯᠴᠡᠬᠦ ᠬᠡᠯᠪᠡᠷᠢ ᠵᠢᠨ ᠬᠡᠷᠡᠭᠯᠡᠭᠡ ᠵᠢ ᠲᠦᠷᠭᠡᠪᠴᠢᠯᠡᠨ ᠰᠡᠷᠭᠦᠭᠡᠬᠦ ᠵᠢ ᠠᠬᠢᠭᠤᠯᠬᠤ ᠬᠡᠷᠡᠭᠲᠡᠢ᠃ ᠬᠡᠷᠡᠭᠯᠡᠭᠡᠨ᠎ᠤ ᠵᠢᠭᠡᠯᠡᠯᠭᠡ ᠵᠢ ᠵᠦᠢ ᠵᠣᠬᠢᠰᠲᠠᠢ ᠨᠡᠮᠡᠭᠳᠡᠭᠦᠯᠦᠨ᠎ᠡ᠃ ᠬᠣᠲᠠ ᠵᠢᠨ ᠪᠠᠢ᠌ᠳᠠᠯ᠎ᠳᠤ᠎ᠨᠢ ᠲᠣᠬᠢᠷᠠᠭᠤᠯᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠬᠡᠷᠡᠭᠰᠡᠯ᠎ᠢ ᠰᠠᠢ᠌ᠲᠤᠷ ᠬᠡᠷᠡᠭᠯᠡᠵᠦ᠂ ᠣᠷᠣᠨ ᠰᠠᠭᠤᠴᠠ ᠵᠢᠨ ᠵᠠᠪᠠᠯ ᠪᠠᠢ᠌ᠬᠤ ᠪᠠ ᠰᠠᠢ᠌ᠵᠢᠷᠠᠭᠤᠯᠬᠤ ᠴᠢᠨᠠᠷᠲᠠᠢ ᠬᠡᠷᠡᠭᠴᠡᠭᠡ ᠵᠢ ᠳᠡᠮᠵᠢᠵᠦ᠂ ᠪᠠᠲᠤᠯᠠᠭ᠎ᠠ᠎ᠲᠠᠢ ᠲᠤᠰᠢᠶᠠᠬᠤ ᠠᠰᠠᠷ᠎ᠤᠨ ᠠᠵᠢᠯ᠎ᠢ ᠰᠠᠢ᠌ᠲᠤᠷ ᠬᠢᠨ᠎ᠡ᠃ ᠬᠣᠶᠠᠷ᠎ᠲᠤ᠂ ᠭᠠᠳᠠᠭ᠋ᠠᠳᠤ ᠨᠡᠭᠡᠭᠡᠯᠲᠡ ᠬᠢᠬᠦ ᠤᠯᠤᠰ᠎ᠤᠨ ᠦᠨᠳᠦᠰᠦᠨ ᠪᠣᠳᠣᠯᠭ᠎ᠠ ᠵᠢ ᠪᠠᠷᠢᠮᠲᠠᠯᠠᠵᠤ᠂ ᠪᠣᠳᠠᠲᠠᠢ ᠠᠷᠭ᠎ᠠ ᠬᠡᠮᠵᠢᠶ᠎ᠡ ᠵᠢ ᠦᠷᠭᠦᠯᠵᠢᠯᠡᠨ ᠬᠡᠷᠡᠭᠵᠢᠭᠦᠯᠵᠦ᠂ ᠭᠠᠳᠠᠭ᠋ᠠᠳᠤ ᠠᠷᠠᠯᠵᠢᠶ᠎ᠠ ᠵᠢ ᠴᠢᠷᠮᠠᠢ᠌ᠨ ᠲᠣᠭᠲᠠᠪᠤᠷᠢᠵᠢᠭᠤᠯᠤᠨ᠎ᠠ᠃ ᠤᠯᠤᠰ᠎ᠤᠨ ᠳᠣᠲᠣᠭ᠋ᠠᠳᠤ ᠵᠢᠨ ᠰᠦᠯᠵᠢᠶᠡᠨ᠎ᠠᠴᠠ ᠭᠠᠳᠠᠨᠠᠬᠢ ᠦᠵᠡᠰᠬᠦᠯᠡᠩ᠎ᠢ ᠰᠡᠷᠭᠦᠭᠡᠬᠦ ᠵᠢ ᠠᠬᠢᠭᠤᠯᠵᠤ᠂ ᠠᠵᠤ ᠠᠬᠤᠢ᠌ᠯᠠᠯ᠎ᠤᠨ ᠬᠢᠯᠢ᠎ᠠᠴᠠ ᠭᠠᠷᠴᠤ ᠦᠵᠡᠰᠬᠦᠯᠡᠩ᠎ᠳᠤ ᠣᠷᠤᠯᠴᠠᠬᠤ ᠵᠢ ᠳᠡᠮᠵᠢᠨ᠎ᠡ᠃ ᠭᠠᠳᠠᠭ᠋ᠠᠳᠤ ᠭᠠᠷᠭ᠋ᠠᠯᠭ᠎ᠠ ᠵᠢᠨ ᠭᠠᠢ᠌ᠯᠢ ᠵᠢ ᠪᠤᠴᠠᠭ᠋ᠠᠬᠤ᠂ ᠢᠲᠡᠭᠡᠮᠵᠢᠲᠦ ᠵᠢᠭᠡᠯᠡᠯᠭᠡ᠂ ᠢᠲᠡᠭᠡᠮᠵᠢ ᠵᠢᠨ ᠪᠠᠲᠤᠯᠠᠭ᠎ᠠ ᠵᠡᠷᠭᠡ ᠵᠢᠨ ᠲᠥᠷᠥ ᠵᠢᠨ ᠪᠣᠳᠣᠯᠭ᠎ᠠ ᠵᠢ ᠨᠠᠢ᠍ᠳᠠᠪᠤᠷᠢᠵᠢᠭᠤᠯᠵᠤ᠂ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠣᠷᠮ᠎ᠠ ᠵᠢᠨ ᠦᠨᠳᠦᠰᠦᠨ᠎ᠳᠤ᠎ᠪᠠᠨ   ᠵᠦᠢ   ᠵᠣᠬᠢᠰᠲᠠᠢ   ᠪᠥᠭᠡᠳ   ᠲᠡᠩᠴᠡᠭᠦᠷᠢᠲᠡᠢ   ᠲᠦᠪᠰᠢᠨ᠎ᠳᠤ   ᠪᠠᠢ᠌ᠬᠤ ᠵᠢ   ᠲᠣᠭᠲᠠᠭᠤᠨ ᠵᠶ᠋ᠠᠷ ᠪᠠᠲᠤᠯᠠᠨ᠎ᠠ᠃ ᠠᠵᠤ ᠠᠬᠤᠢ᠌ᠯᠠᠯ᠎ᠤᠨ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠢ ᠰᠠᠢ᠌ᠲᠤᠷ ᠠᠰᠢᠭᠯᠠᠵᠤ ᠪᠠᠢ᠌ᠭ᠋ᠠᠳ ᠵᠠᠬ᠎ᠠ ᠳᠡᠯᠭᠡᠭᠦᠷ᠎ᠢ ᠥᠷᠭᠡᠳᠬᠡᠬᠦ ᠵᠢ ᠳᠡᠮᠵᠢᠨ᠎ᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭ᠋ᠠᠳᠤ᠎ᠳᠠᠬᠢ ᠬᠥᠮᠥᠷᠭᠡ ᠵᠡᠷᠭᠡ ᠵᠢᠨ ᠤᠯᠠᠮ ᠨᠢᠭᠡ ᠠᠯᠬᠤᠮ ᠬᠥᠭᠵᠢᠬᠦ ᠵᠢ ᠠᠬᠢᠭᠤᠯᠤᠨ᠎ᠠ᠃ ᠭᠠᠳᠠᠭ᠋ᠠᠳᠤ ᠠᠷᠠᠯᠵᠢᠶᠠᠨ᠎ᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃ ᠭᠠᠳᠠᠭ᠋ᠠᠳᠤ᠎ᠠᠴᠠ ᠣᠷᠣᠭᠤᠯᠬᠤ ᠵᠢ ᠵᠦᠢ ᠵᠣᠬᠢᠰᠲᠠᠢ ᠥᠷᠭᠡᠳᠬᠡᠨ᠎ᠡ᠃ ᠭᠤᠷᠪᠠ᠎ᠳᠤ᠂ ᠭᠠᠳᠠᠭ᠋ᠠᠳᠤ ᠪᠡᠯᠡ ᠵᠢ ᠢᠳᠡᠪᠬᠢᠲᠡᠢ᠎ᠪᠠᠷ ᠲᠠᠲᠠᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠵᠤ ᠨᠡᠭᠡᠭᠡᠬᠦ ᠠᠵᠤ ᠦᠢ᠍ᠯᠡᠰ᠎ᠤᠨ ᠰᠢᠨ᠎ᠡ ᠭᠠᠷᠴᠠᠭ᠎ᠢ ᠲᠦᠷᠭᠡᠪᠴᠢᠯᠡᠨ ᠨᠠᠢ᠌ᠳᠠᠪᠤᠷᠢᠵᠢᠭᠤᠯᠬᠤ ᠵᠢ ᠵᠣᠷᠢᠭᠵᠢᠭᠤᠯᠤᠨ᠎ᠠ᠃ ᠣᠷᠣᠨ ᠨᠤᠲᠤᠭ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠲᠡᠮᠵᠢᠨ᠎ᠠ᠃ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ ᠵᠡᠷᠭᠡ ᠲᠠᠪᠴᠠᠩ᠎ᠤᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠤᠨ᠎ᠠ᠃ ᠬᠥᠮᠥᠰ᠎ᠤᠨ ᠬᠢᠯᠢ ᠠᠯᠤᠰᠯᠠᠨ ᠶᠠᠪᠤᠯᠴᠠᠬᠤ᠎ᠳᠤ ᠲᠥᠬᠥᠮ ᠦᠵᠡᠭᠦᠯᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠃ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠦᠢ᠍ᠯᠡᠴᠢᠯᠡᠭᠡ ᠵᠢ ᠦᠷᠭᠦᠯᠵᠢᠯᠡᠨ ᠴᠢᠩᠭ᠋ᠠᠳᠬᠠᠵᠤ᠂ ᠴᠢᠬᠤᠯᠠ ᠶᠡᠬᠡ ᠲᠥᠷᠥᠯ ᠵᠦᠢ᠍ᠯ᠎ᠢ ᠲᠦᠷᠭᠡᠪᠴᠢᠯᠡᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
 ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ ᠬᠥᠭᠵᠢᠯᠲᠡ ᠵᠢᠨ ᠠᠮᠤᠷ ᠲᠦᠪᠰᠢᠨ᠎ᠤ ᠴᠢᠨᠠᠷᠲᠠᠢ ᠰᠠᠨᠠᠭ᠋ᠠᠴᠢᠯᠠᠭ᠋ᠠᠲᠤ ᠡᠷᠬᠡ ᠵᠢ ᠴᠢᠩᠭ᠋ᠠᠳᠬᠠᠬᠤ ᠬᠡᠷᠡᠭᠲᠡᠢ
ᠰᠢ ᠵᠢᠨ ᠫᠢᠩ ᠢᠷᠠᠨ᠎ᠤ ᠶᠡᠷᠦᠩᠬᠡᠶ᠋ᠢᠯᠡᠭᠴᠢ ᠯᠠᠶ᠋ᠢᠰᠢ᠎ᠲᠠᠢ ᠬᠡᠯᠡᠯᠴᠡᠭᠡ ᠬᠢᠪᠡ
ᠣᠳᠣᠬᠠᠨ᠎ᠤ ᠠᠵᠤ ᠠᠬᠤᠢ ᠵᠢᠨ ᠠᠵᠢᠯ᠎ᠤᠨ ᠬᠡᠳᠦᠨ ᠴᠢᠬᠤᠯᠠ ᠶᠡᠭᠡ ᠠᠰᠠᠭᠤᠳᠠᠯ 《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ᠎ᠢ ᠨᠡᠶ᠋ᠢᠲᠡᠯᠡᠪᠡ
ᠰᠢ ᠵᠢᠨ ᠫᠢᠩ 36 ᠳ᠋ᠤᠭ᠋ᠠᠷ ᠬᠤᠭᠤᠴᠠᠭ᠋ᠠᠨ᠎ᠤ ᠠᠹᠷᠢᠺᠠ ᠲᠢᠪ᠎ᠤᠨ ᠤᠯᠤᠰ᠎ᠤᠳ᠎ᠤᠨ ᠬᠤᠯᠪᠤᠭ᠎ᠠ ᠵᠢᠨ ᠲᠦᠷᠦᠭᠦᠴᠦᠳ᠎ᠤᠨ ᠬᠤᠷᠠᠯ᠎ᠳᠤ ᠪᠠᠶᠠᠷ᠎ᠤᠨ ᠴᠠᠭᠢᠯᠭ᠋ᠠᠨ ᠴᠢᠮᠡᠭᠡ ᠶᠠᠪᠤᠭᠤᠯᠪᠠ
ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠬᠤ ᠎ᠪᠠᠷ ᠲᠣᠭᠲᠠᠵᠠᠢ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠪᠡ
 
            