ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 13᠎ᠤ ᠴᠠᠭᠢᠯᠭ᠋ᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ 13᠎ᠤ ᠦᠳᠡ ᠵᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠤᠷᠪᠤᠯᠵᠢᠯᠠᠬ᠍ᠴᠢᠳ᠎ᠤᠨ ᠬᠤᠷᠠᠯ ᠬᠢᠵᠦ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢ᠌ᠳ ᠯᠢ ᠴᠢᠶᠠᠩ ᠶᠡᠬᠡ ᠬᠤᠷᠠᠯ᠎ᠤᠨ ᠥᠭᠦᠯᠡᠭᠴᠢ ᠸᠠᠩ ᠴᠤᠤ ᠵᠢᠨ ᠤᠷᠢᠯᠭ᠎ᠠ᠎ᠪᠠᠷ ᠰᠤᠷᠪᠤᠯᠵᠢᠯᠠᠬ᠍ᠴᠢᠳ᠎ᠤᠨ ᠬᠤᠷᠠᠯ᠎ᠳᠤ ᠣᠷᠣᠯᠴᠠᠬᠰᠠᠨᠤ ᠬᠠᠮᠲᠤ ᠳᠤᠮᠳᠠᠳᠤ ᠭᠠᠳᠠᠭ᠋ᠠᠳᠤ ᠵᠢᠨ ᠰᠤᠷᠪᠤᠯᠵᠢᠯᠠᠬ᠍ᠴᠢᠳ᠎ᠤᠨ ᠳᠤᠷᠠᠳᠤᠭᠰᠠᠨ ᠠᠰᠠᠭᠤᠯᠲᠠ ᠵᠢ ᠬᠠᠷᠢᠭᠤᠯᠪᠠ᠃ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠵᠠᠢ᠃

ᠰᠤᠷᠪᠤᠯᠵᠢᠯᠠᠬ᠍ᠴᠢᠳ᠎ᠤᠨ ᠬᠤᠷᠠᠯ ᠡᠭᠢᠯᠡᠭᠦ ᠦᠶ᠎ᠡ᠎ᠳᠤ ᠯᠢ ᠴᠢᠶᠠᠩ᠂ ᠥᠨᠥᠳᠥᠷ ᠵᠠᠭᠤᠴᠢᠯᠠᠭᠤᠷ᠎ᠤᠨ ᠨᠠᠢ᠌ᠵᠠ ᠨᠠᠷ᠎ᠲᠠᠢ ᠡᠨᠳᠡ ᠠᠭᠤᠯᠵᠠᠵᠤ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠯᠠᠵᠤ ᠪᠠᠢ᠌ᠨ᠎ᠠ᠂ ᠡᠩ ᠲᠡᠷᠢᠭᠦᠨ᠎ᠳᠤ ᠤᠯᠠᠨ᠎ᠤ ᠡᠨᠡ ᠤᠳᠠᠭ᠎ᠠ ᠵᠢᠨ ᠳᠤᠮᠳᠠᠳᠤ ᠤᠯᠤᠰ᠎ᠤᠨ ᠬᠣᠶᠠᠷ ᠬᠤᠷᠠᠯ᠎ᠢ ᠮᠡᠳᠡᠭᠡᠯᠡᠬᠦ ᠵᠢᠨ ᠲᠥᠯᠥᠭᠡ ᠭᠠᠷᠭ᠋ᠠᠭᠰᠠᠨ ᠶᠠᠳᠠᠷᠠᠯ ᠵᠦᠳᠡᠷᠡᠯ᠎ᠳᠤ ᠲᠠᠯᠠᠷᠬᠠᠵᠤ ᠪᠠᠢ᠌ᠨ᠎ᠠ ᠭᠡᠵᠦ ᠬᠡᠯᠡᠪᠡ᠃ ᠯᠢ ᠴᠢᠶᠠᠩ᠂ ᠪᠢᠳᠡ ᠨᠠᠮ ᠪᠣᠯᠣᠨ ᠠᠷᠠᠳ ᠲᠦᠮᠡᠨ᠎ᠤ ᠢᠲᠡᠭᠡᠯ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠨ᠎ᠠ᠂ ᠡᠭᠦᠷᠭᠡᠯᠡᠵᠦ ᠪᠠᠢ᠌ᠭ᠎ᠠ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠥᠩᠭᠡ ᠭᠡᠷᠡᠯᠲᠡᠢ ᠭᠡᠳᠡᠭ᠎ᠢ ᠴᠦ᠍ ᠭᠦᠨᠵᠡᠭᠡᠢ ᠣᠢ᠌ᠯᠠᠭ᠋ᠠᠵᠤ ᠪᠠᠢ᠌ᠨ᠎ᠠ᠃ ᠪᠢᠳᠡ ᠯᠠᠪᠲᠠᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠠᠷᠠᠳ ᠲᠦᠮᠡᠨ᠎ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠢ᠌ᠵᠤ ᠵᠢᠳᠬᠦᠯ ᠭᠠᠷᠭ᠋ᠠᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠪᠠ 《ᠴᠠᠭ ᠢᠮᠠᠭᠲᠠ ᠰᠡᠳᠬᠢᠯ ᠠᠮᠤᠷ ᠦᠭᠡᠢ ᠪᠠᠢ᠌ᠬᠤ》 ᠬᠠᠷᠢᠭᠤᠴᠠᠯᠭ᠋ᠠᠲᠤ ᠤᠬᠠᠮᠰᠠᠷ ᠵᠶ᠋ᠠᠷ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠰᠢᠳᠤᠷᠭᠤ᠎ᠪᠠᠷ ᠭᠦᠢ᠍ᠴᠡᠳᠬᠡᠵᠦ᠂ ᠣᠮᠣᠭ ᠵᠣᠷᠢᠭ ᠪᠠᠳᠠᠷᠠᠩᠭᠤᠢ᠎ᠪᠠᠷ ᠡᠷᠡᠮᠡᠬᠡᠢ᠌ᠯᠡᠨ ᠤᠷᠤᠭᠰᠢᠯᠠᠵᠤ᠂ ᠨᠡᠢ᠌ᠲᠡ ᠵᠢᠨ ᠲᠥᠯᠥᠭᠡ ᠠᠷᠢᠭᠤᠨ ᠴᠢᠬᠡᠴᠢ᠎ᠪᠠᠷ ᠵᠢᠳᠬᠦᠵᠦ᠂ ᠦᠨᠡᠨ ᠰᠡᠳᠬᠢᠯ᠎ᠠᠴᠠ᠎ᠪᠠᠨ ᠮᠡᠷᠡᠢ᠌ᠨ ᠵᠢᠳᠬᠦᠵᠦ᠂ ᠡᠭᠦᠷᠭᠡ ᠬᠠᠷᠢᠭᠤᠴᠠᠯᠭ᠎ᠠ᠎ᠪᠠᠨ ᠭᠤᠲᠤᠭ᠋ᠠᠬᠤ ᠦᠭᠡᠢ ᠶᠤᠮ ᠭᠡᠵᠦ ᠢᠯᠡᠳᠬᠡᠪᠡ᠃
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠰᠤᠷᠪᠤᠯᠵᠢᠯᠠᠬ᠍ᠴᠢ᠄ ᠡᠩ ᠲᠡᠷᠢᠭᠦᠨ᠎ᠳᠤ ᠲᠠ ᠪᠣᠯᠣᠨ ᠳᠥᠷᠪᠡᠨ ᠳᠡᠳ᠋ ᠶᠡᠷᠦᠩᠬᠡᠢ ᠰᠠᠢ᠌ᠳ᠎ᠤᠨ ᠰᠢᠨ᠎ᠡ᠎ᠪᠠᠷ ᠲᠤᠰᠢᠶᠠᠯ᠎ᠳᠤ ᠭᠠᠷᠤᠭᠰᠠᠨ᠎ᠳᠤ ᠪᠠᠶᠠᠷ ᠬᠦᠷᠭᠡᠵᠦ ᠪᠠᠢ᠌ᠨ᠎ᠠ᠃ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠲᠤᠰᠢᠶᠠᠯ᠎ᠤᠨ ᠬᠤᠭᠤᠴᠠᠭ᠎ᠠ ᠪᠤᠯᠬᠤ ᠢᠷᠡᠭᠡᠳᠦᠢ ᠵᠢᠨ ᠲᠠᠪᠤᠨ ᠵᠢᠯ᠎ᠨᠢ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠤᠯᠤᠰ᠎ᠲᠤ ᠠᠪᠴᠤ ᠬᠡᠯᠡᠪᠡᠯ ᠡᠭᠢᠯᠡᠯᠲᠡ ᠵᠢᠨ ᠵᠠᠩᠭᠢᠯᠠᠭ᠎ᠠ ᠵᠢᠨ ᠬᠤᠭᠤᠴᠠᠭ᠎ᠠ ᠪᠣᠯᠣᠨ᠎ᠠ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ᠎ᠬᠢᠨ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠠᠵᠢᠯ᠎ᠢ ᠲᠤᠢ᠌ᠯ ᠵᠶ᠋ᠠᠷ ᠠᠩᠬᠠᠷᠴᠤ ᠪᠠᠢ᠌ᠨ᠎ᠠ᠃ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠵᠠᠰᠠᠭ ᠶᠠᠪᠤᠭᠤᠯᠬᠤ ᠬᠠᠷᠠᠯᠲᠠ᠎ᠨᠢ ᠶᠠᠭᠤ ᠪᠤᠶ? ᠶᠠᠮᠠᠷ ᠶᠠᠮᠠᠷ ᠠᠵᠢᠯ᠎ᠤᠨ ᠭᠣᠣᠯᠳᠠᠯᠭ᠎ᠠ ᠪᠠᠢ᠌ᠬᠤ ᠪᠤᠶ? ᠠᠵᠢᠯ ᠵᠶ᠋ᠠᠨ ᠬᠡᠷᠬᠢᠨ ᠥᠷᠨᠢᠭᠦᠯᠬᠦ ᠪᠤᠢ?
ᠯᠢ ᠴᠢᠶᠠᠩ᠄ ᠲᠠᠨ᠎ᠤ ᠪᠠᠶᠠᠷ ᠬᠦᠷᠭᠡᠭᠰᠡᠨ᠎ᠳᠤ ᠲᠠᠯᠠᠷᠬᠠᠵᠤ ᠪᠠᠢ᠌ᠨ᠎ᠠ᠂ ᠲᠠ ᠤᠯᠠᠨ᠎ᠤ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠠᠵᠢᠯ᠎ᠢ ᠬᠠᠯᠠᠮᠵᠢᠯᠠᠵᠤ ᠪᠠᠢ᠌ᠭ᠎ᠠ᠎ᠳᠤ ᠲᠠᠯᠠᠷᠬᠠᠵᠤ ᠪᠠᠢ᠌ᠨ᠎ᠠ᠃
ᠨᠢᠳᠤᠨᠤᠨ᠎ᠤ 10 ᠰᠠᠷ᠎ᠠ᠎ᠳᠤ ᠬᠤᠷᠠᠯᠳᠤᠭᠤᠯᠤᠭᠰᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠮᠠᠨ᠎ᠤ ᠤᠯᠤᠰ᠎ᠤᠨ ᠬᠣᠢ᠌ᠰᠢᠳᠠ ᠵᠢᠨ ᠲᠠᠪᠤᠨ ᠵᠢᠯ ᠪᠠ ᠨᠡᠩ ᠤᠷᠳᠤ ᠬᠤᠭᠤᠴᠠᠭ᠋ᠠᠨ᠎ᠤ ᠬᠥᠭᠵᠢᠯᠲᠡ᠎ᠳᠤ ᠪᠦᠭᠦ ᠲᠠᠯ᠎ᠠ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠪᠡ᠂ ᠤᠯᠠᠨ ᠵᠶ᠋ᠠᠷ ᠵᠶ᠋ᠠᠨ ᠨᠡᠯᠢᠶᠡᠳ ᠰᠡᠳᠬᠢᠯ ᠲᠠᠯᠪᠢᠵᠤ ᠪᠠᠢ᠌ᠭ᠎ᠠ ᠴᠢᠬᠤᠯᠠ ᠶᠡᠬᠡ ᠠᠰᠠᠭᠤᠳᠠᠯ᠎ᠤᠨ ᠲᠤᠬᠠᠢ ᠴᠥᠮ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠠᠴᠠ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ᠃
ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠠᠵᠢᠯ ᠪᠣᠯ ᠳᠠᠷᠤᠢ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠰᠠᠢ᠌ᠲᠤᠷ ᠲᠤᠭᠤᠰᠢᠯᠠᠭᠤᠯᠵᠤ᠂ ᠰᠠᠢ᠌ᠲᠤᠷ ᠨᠠᠢ᠌ᠳᠠᠪᠤᠷᠢᠵᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ᠎ᠢ ᠪᠠᠷᠢᠯᠭ᠎ᠠ ᠵᠢᠨ ᠵᠢᠷᠤᠭ ᠲᠥᠯᠥᠪᠯᠡᠭᠡ ᠪᠣᠯᠭ᠋ᠠᠨ ᠬᠤᠪᠢᠷᠠᠭᠤᠯᠵᠤ᠂ ᠪᠦᠭᠦ ᠤᠯᠤᠰ᠎ᠤᠨ ᠠᠷᠠᠳ ᠲᠦᠮᠡᠨ᠎ᠲᠠᠢ ᠬᠠᠮᠲᠤ᠎ᠪᠠᠷ᠂ ᠯᠠᠪᠳᠠᠭᠤᠨ ᠪᠠᠲᠤᠲᠠᠢ᠎ᠪᠠᠷ ᠠᠤᠭ᠎ᠠ ᠵᠢᠷᠤᠭ ᠲᠥᠰᠥᠪ᠎ᠢ ᠰᠠᠢ᠌ᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠶᠠᠪᠤᠳᠠᠯ ᠪᠣᠯᠣᠨ᠎ᠠ᠃
ᠬᠣᠢ᠌ᠰᠢᠳᠠ ᠵᠢᠨ ᠠᠵᠢᠯ᠎ᠤᠨ ᠳᠤᠮᠳᠠ᠂ ᠡᠢ᠌ᠮᠦ ᠬᠡᠳᠦᠨ ᠲᠠᠯ᠎ᠠ ᠵᠢ ᠪᠢᠳᠡ ᠭᠣᠣᠯᠳᠠᠯᠭ᠎ᠠ᠎ᠲᠠᠢ ᠡᠵᠡᠮᠳᠡᠬᠦ ᠪᠣᠯᠣᠨ᠎ᠠ᠄
ᠨᠢᠭᠡᠳᠦᠭᠡᠷ᠎ᠲᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠤᠢ ᠪᠣᠯᠭ᠋ᠠᠨ᠎ᠠ᠃ ᠦᠨᠡᠨ᠎ᠢ ᠬᠡᠯᠡᠪᠡᠯ᠂ ᠨᠠᠮ ᠪᠠ ᠵᠠᠰᠠᠭ᠎ᠤᠨ ᠣᠷᠳᠣᠨ᠎ᠤ ᠠᠯᠢᠪᠠ ᠠᠵᠢᠯ᠎ᠤᠨ ᠵᠣᠷᠢᠯᠲᠠ ᠪᠣᠯ ᠠᠷᠠᠳ ᠲᠦᠮᠡᠨ᠎ᠳᠤ ᠪᠤᠶᠠᠨ ᠦᠢ᠍ᠯᠡᠳᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠄ 《ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠪᠢᠳᠡᠨ᠎ᠤ ᠲᠡᠮᠡᠴᠡᠬᠦ ᠬᠠᠷᠠᠯᠲᠠ ᠮᠥᠨ》 ᠭᠡᠵᠦ ᠬᠡᠯᠡᠵᠦ ᠥᠩᠭᠡᠷᠡᠪᠡ᠃ ᠪᠢᠳᠡ ᠬᠡᠵᠢᠶ᠎ᠡ ᠴᠦ᠍ ᠭᠡᠰᠡᠨ ᠠᠷᠠᠳ᠎ᠤᠨ ᠵᠠᠰᠠᠭ᠎ᠤᠨ ᠣᠷᠳᠣᠨ᠎ᠤ ᠡᠮᠦᠨᠡᠬᠢ《ᠠᠷᠠᠳ ᠲᠦᠮᠡᠨ》 ᠭᠡᠳᠡᠭ ᠦᠭᠡ ᠵᠢ ᠢᠮᠠᠭᠲᠠ ᠪᠠᠲᠤ ᠴᠡᠭᠡᠵᠢᠯᠡᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠭ᠋ᠠᠨ ᠢ ᠯᠠᠪᠳᠠᠭᠤᠨ ᠪᠠᠲᠤᠲᠠᠢ ᠰᠠᠢ᠌ᠲᠤᠷ ᠬᠢᠨ᠎ᠡ᠃ ᠪᠤᠰᠤᠳᠴᠢ᠎ᠪᠠᠷ ᠶᠠᠷᠢᠪᠠᠯ᠂ ᠵᠣᠩᠬᠢᠯᠠᠬᠤ ᠤᠯᠠᠨ ᠲᠣᠭ᠋ᠠᠨ᠎ᠤ ᠠᠷᠠᠳ ᠲᠦᠮᠡᠨ GDP ᠵᠢᠨ ᠨᠡᠮᠡᠭᠳᠡᠯ ᠬᠡᠳᠦᠢ ᠨᠡᠮᠡᠭᠳᠡᠭᠰᠡᠨᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ ᠤᠯᠠᠨ ᠵᠶ᠋ᠠᠷ ᠵᠶ᠋ᠠᠨ ᠣᠷᠣᠨ ᠰᠠᠭᠤᠴᠠ᠂ ᠠᠵᠢᠯ ᠣᠯᠭᠣᠯᠲᠠ᠂ ᠣᠷᠣᠯᠭ᠎ᠠ᠂ ᠰᠤᠷᠭ᠋ᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ ᠣᠷᠴᠢᠨ ᠲᠣᠭᠣᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠵᠢᠡᠨ ᠨᠡᠩ ᠠᠩᠬᠠᠷᠴᠤ ᠪᠠᠢ᠌ᠳᠠᠭ᠃ ᠵᠠᠰᠠᠭ᠎ᠤᠨ ᠣᠷᠳᠣᠨ᠎ᠤ ᠠᠵᠢᠯ ᠪᠣᠯ ᠠᠷᠠᠳ ᠣᠯᠠᠨ᠎ᠤ ᠪᠣᠳᠠᠲᠠᠢ ᠲᠥᠷᠥᠭᠳᠡᠯ᠎ᠲᠠᠢ ᠣᠢ᠌ᠷᠠᠲᠤᠭᠤᠯᠵᠤ ᠪᠠᠢ᠌ᠭ᠋ᠠᠳ ᠲᠥᠯᠥᠪᠯᠡᠭᠡ ᠬᠢᠵᠦ ᠠᠬᠢᠭᠤᠯᠵᠤ᠂ ᠠᠷᠠᠳ ᠲᠦᠮᠡᠨ ᠬᠦᠰᠡᠯ ᠡᠷᠡᠮᠡᠯᠵᠡᠯ᠎ᠲᠠᠢ ᠪᠠᠢ᠌ᠪᠠᠯ ᠵᠠᠰᠠᠭ᠎ᠤᠨ ᠣᠷᠳᠣᠨ ᠵᠢᠳᠬᠦᠯ ᠴᠢᠷᠮᠠᠢ᠌ᠯᠭ᠎ᠠ᠎ᠲᠠᠢ ᠪᠠᠢ᠌ᠬᠤ ᠵᠢ ᠦᠨᠡᠨ ᠬᠦ᠌ ᠪᠡᠶᠡᠯᠡᠭᠦᠯᠬᠦ ᠶᠠᠪᠤᠳᠠᠯ ᠪᠣᠯᠣᠨ᠎ᠠ᠃
ᠬᠣᠶᠠᠳᠤᠭ᠋ᠠᠷ᠎ᠲᠤ᠂ ᠬᠦᠴᠦᠨ ᠵᠶ᠋ᠡᠨ ᠲᠥᠪᠯᠡᠷᠡᠭᠦᠯᠦᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃ ᠡᠨᠡ ᠤᠳᠠᠭ᠎ᠠ ᠵᠢᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠭᠦ᠎ᠳᠤ ᠣᠷᠤᠯᠴᠠᠬᠤ᠎ᠳᠠᠭᠠᠨ᠂ ᠴᠢᠨᠠᠷ ᠰᠠᠢ᠌ᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭ᠋ᠠᠢ᠌ᠯᠠᠨ ᠴᠢᠬᠤᠯᠠᠴᠢᠯᠠᠪᠠ᠃ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠨᠢᠭᠡᠨᠲᠡ ᠯᠤᠲᠤ ᠶᠡᠬᠡ ᠠᠮᠵᠢᠯᠲᠠ ᠪᠦᠲᠦᠮᠵᠢ ᠣᠯᠵᠤ᠂ ᠠᠵᠤ ᠠᠬᠤᠢ ᠵᠢᠨ ᠶᠡᠷᠦᠩᠬᠡᠢ ᠬᠡᠮᠵᠢᠶ᠎ᠡ ᠳᠡᠯᠡᠬᠡᠢ ᠵᠢᠨ ᠬᠣᠶᠠᠳᠤᠭ᠋ᠠᠷ᠎ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ᠂ ᠭᠦᠢ᠍ᠴᠡᠳ ᠪᠤᠰᠤ ᠪᠠᠢ᠌ᠨ᠎ᠠ᠃ ᠶᠠᠮᠠᠷᠪᠠ ᠨᠢᠭᠡ ᠶᠡᠷᠦᠩᠬᠡᠢ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ 14 ᠳ᠋ᠦᠩᠰᠢᠭᠤᠷ ᠭᠠᠷᠤᠢ ᠬᠥᠮᠥᠨ ᠠᠮᠠ ᠵᠢᠨ ᠰᠠᠭᠤᠷᠢ ᠲᠣᠭ᠎ᠠ ᠳᠡᠭᠡᠷ᠎ᠡ ᠨᠣᠭᠳᠠᠭᠤᠯᠪᠠᠯ᠂ ᠬᠥᠮᠥᠨ ᠳᠤᠮᠳᠠᠴᠢ ᠵᠢᠨ ᠬᠢᠷᠢ ᠬᠡᠮᠵᠢᠶ᠎ᠡ᠎ᠨᠢ ᠴᠥᠮ ᠨᠡᠯᠢᠶᠡᠳ ᠬᠢᠵᠠᠭ᠋ᠠᠷ᠎ᠲᠠᠢ ᠪᠠᠢ᠌ᠳᠠᠭ᠃ ᠤᠳᠤ᠂ ᠮᠠᠨ᠎ᠤ ᠬᠥᠭᠵᠢᠯᠲᠡ ᠵᠢᠨ ᠣᠯᠠᠩᠬᠢ᠎ᠨᠢ ᠵᠥᠪᠭᠡᠨ 《ᠪᠠᠢ᠌ᠬᠤ ᠡᠰᠡᠬᠦ》 ᠠᠰᠠᠭᠤᠳᠠᠯ᠎ᠢ ᠯᠠ ᠰᠢᠢ᠍ᠳᠪᠦᠷᠢᠯᠡᠵᠦ ᠪᠠᠢ᠌ᠨ᠎ᠠ᠂ ᠲᠠᠷᠠᠭ᠋ᠠᠴᠢ ᠵᠢᠨ ᠠᠯᠬᠤᠮ᠎ᠳᠤ 《ᠰᠠᠢ᠌ᠨ ᠡᠰᠡᠬᠦ》 ᠠᠰᠠᠭᠤᠳᠠᠯ᠎ᠢ ᠨᠡᠩ ᠴᠢᠬᠤᠯᠠᠴᠢᠯᠠᠨ ᠰᠢᠢ᠍ᠳᠪᠦᠷᠢᠯᠡᠬᠦ ᠴᠢᠬᠤᠯᠠᠲᠠᠢ᠂ ᠢᠯᠠᠩᠭᠤᠶ᠎ᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ ᠴᠢᠳᠠᠪᠤᠷᠢ᠎ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ᠂ ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠳᠤᠯ ᠦᠭᠡᠢ ᠲᠡᠢ᠌ᠰᠢ ᠭᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠡᠷᠭᠡ ᠪᠣᠯᠣᠨ᠎ᠠ᠃ ᠶᠡᠷᠦᠩᠬᠡᠢ᠎ᠳᠤ᠎ᠨᠢ ᠠᠪᠴᠤ ᠬᠡᠯᠡᠪᠡᠯ᠂ ᠪᠢᠳᠡ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠬᠤ ᠬᠡᠷᠡᠭᠲᠡᠢ᠃
ᠭᠤᠷᠪᠠᠳᠤᠭ᠋ᠠᠷ᠎ᠲᠤ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠢ᠌ᠪᠢᠰᠢ ᠦᠭᠡᠢ ᠭᠦᠨᠵᠡᠭᠡᠢ᠌ᠷᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠬᠤᠪᠢ ᠵᠠᠶᠠᠭ᠎ᠠ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠪᠣᠯᠣᠨ᠎ᠠ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ ᠴᠤ᠌《ᠥᠭᠡᠷᠡᠴᠢᠯᠡᠯᠲᠡ ᠵᠢᠨ ᠬᠣᠭᠣᠯᠠ ᠵᠢ ᠢᠳᠡᠵᠦ᠂ ᠨᠡᠭᠡᠭᠡᠯᠲᠡ ᠵᠢᠨ ᠵᠠᠮ ᠵᠶ᠋ᠠᠷ ᠵᠠᠮᠨᠠᠬᠤ》 ᠬᠡᠷᠡᠭᠲᠡᠢ᠃
ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠳᠤᠮᠳᠠ ᠬᠥᠭᠵᠢᠯᠲᠡ ᠵᠢᠨ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠢ᠃
ᠠᠮᠧᠷᠢᠺᠠ ᠵᠢᠨ ᠬᠡᠷᠡᠭᠯᠡᠭᠴᠢᠳ᠎ᠤᠨ ᠰᠣᠨᠢᠨ ᠮᠡᠳᠡᠭᠡ ᠪᠣᠯᠣᠨ ᠬᠤᠳᠠᠯᠳᠤᠭ᠋ᠠᠨ᠎ᠤ ᠰᠤᠪᠠᠭ᠎ᠤᠨ ᠰᠤᠷᠪᠤᠯᠵᠢᠯᠠᠬ᠍ᠴᠢ᠄ ᠡᠨᠡ ᠵᠢᠯ ᠪᠣᠯ ᠳᠤᠮᠳᠠᠳᠤ ᠤᠯᠤᠰ᠎ᠤᠨ ᠬᠢᠵᠢᠭ᠎ᠤᠨ ᠪᠠᠢ᠌ᠳᠠᠯ᠎ᠤᠨ ᠤᠷᠭᠢᠯ᠎ᠤᠨ ᠬᠤᠭᠤᠴᠠᠭ᠎ᠠ ᠥᠩᠭᠡᠷᠡᠭᠰᠡᠨ᠎ᠤ ᠳᠠᠷᠠᠭ᠋ᠠᠬᠢ ᠲᠦᠷᠦᠭᠦᠦ ᠵᠢᠯ ᠪᠣᠯᠣᠨ᠎ᠠ᠂ ᠮᠠᠰᠢ ᠤᠯᠠᠨ ᠬᠥᠮᠥᠰ᠎ᠤᠨ ᠵᠢᠱ᠌ᠢᠭᠰᠡᠨ ᠵᠶ᠋ᠡᠷ ᠪᠣᠯ ᠠᠵᠤ ᠠᠬᠤᠢ ᠣᠬᠣᠷᠬᠠᠨ ᠬᠤᠭᠤᠴᠠᠭ᠋ᠠᠨ᠎ᠳᠤ ᠲᠠᠭᠢᠨ ᠨᠡᠮᠡᠭᠳᠡᠬᠦ ᠪᠣᠯᠣᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠠᠪᠴᠤ ᠪᠦᠭᠦ ᠵᠢᠯ᠎ᠤᠨ ᠠᠵᠤ ᠠᠬᠤᠢ ᠵᠢᠨ ᠨᠡᠮᠡᠭᠳᠡᠯ᠎ᠤᠨ ᠬᠠᠷᠠᠯᠲᠠ ᠵᠢ ᠪᠡᠶᠡᠯᠡᠭᠦᠯᠬᠦ᠎ᠪᠠᠷ ᠪᠠᠢ᠌ᠭ᠎ᠠ ᠪᠤᠢ? ᠳᠤᠮᠳᠠᠳᠤ ᠤᠯᠤᠰ᠎ᠤᠨ ᠠᠵᠤ ᠠᠬᠤᠢ ᠡᠨᠡ ᠵᠢᠯ ᠵᠢᠴᠢ ᠳᠠᠷᠠᠭ᠋ᠠᠴᠢ ᠵᠢᠨ ᠲᠠᠪᠤᠨ ᠵᠢᠯ᠎ᠳᠤ ᠶᠠᠮᠠᠷ ᠶᠠᠮᠠᠷ ᠠᠰᠢᠭᠲᠠᠢ ᠪᠠ ᠠᠰᠢᠭ ᠦᠭᠡᠢ ᠬᠦᠴᠦᠨ ᠵᠦᠢ᠍ᠯ᠎ᠳᠤ ᠲᠤᠯᠭ᠋ᠠᠷᠠᠬᠤ ᠪᠤᠢ? ᠢᠷᠡᠭᠡᠳᠦᠢ ᠵᠢᠨ ᠲᠠᠪᠤᠨ ᠵᠢᠯ᠎ᠳᠤ ᠳᠤᠮᠳᠠᠳᠤ ᠤᠯᠤᠰ ᠶᠠᠮᠠᠷ ᠲᠦᠷᠦ ᠵᠢᠨ ᠪᠣᠳᠣᠯᠭ᠎ᠠ ᠠᠪᠴᠤ ᠦᠷᠭᠦᠯᠵᠢᠯᠡᠬᠦ᠂ ᠴᠢᠨᠠᠷ ᠰᠠᠢ᠌ᠲᠠᠢ ᠨᠡᠮᠡᠭᠳᠡᠯ᠎ᠢ ᠳᠡᠮᠵᠢᠭᠦ᠎ᠪᠠᠷ ᠲᠥᠯᠥᠪᠯᠡᠵᠦ ᠪᠠᠢ᠌ᠬᠤ ᠪᠤᠢ? ᠣᠢ᠌ᠷ᠎ᠠ ᠵᠢᠨ ᠬᠡᠳᠦᠨ ᠵᠢᠯ᠎ᠳᠤ ᠳᠤᠮᠳᠠᠳᠤ ᠤᠯᠤᠰ᠎ᠤᠨ ᠥᠷᠢ ᠥᠭᠴᠡᠭᠡ᠂ ᠬᠥᠷᠥᠩᠭᠡ ᠵᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ᠎ᠤᠨ ᠴᠢᠨᠠᠷᠲᠠᠢ ᠲᠦᠭᠰᠢᠭᠦᠷᠢ ᠵᠢ ᠠᠷᠭ᠋ᠠᠴᠠᠭ᠋ᠠᠬᠤ ᠲᠠᠯ᠎ᠠ᠎ᠪᠠᠷ᠎ᠬᠢ ᠲᠥᠷᠥ ᠵᠢᠨ ᠪᠣᠳᠣᠯᠭ᠎ᠠ᠎ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ?
ᠯᠢ ᠴᠢᠶᠠᠩ᠄ ᠡᠨᠡ ᠰᠤᠷᠪᠤᠯᠵᠢᠯᠠᠬ᠍ᠴᠢ ᠨᠠᠢ᠌ᠵᠠ ᠲᠣᠭᠢᠶᠠᠯ᠎ᠢ ᠮᠠᠰᠢ ᠰᠠᠢ᠌ᠨ ᠠᠳᠬᠤᠵᠤ ᠪᠠᠢ᠌ᠨ᠎ᠠ᠂ ᠮᠢᠨᠤ ᠲᠡᠮᠳᠡᠭᠯᠡᠭᠰᠡᠨ ᠵᠶ᠋ᠡᠷ ᠲᠠ ᠨᠢᠭᠡ ᠯᠡ ᠠᠮᠢᠰᠬᠤᠭ᠎ᠠ᠎ᠪᠠᠷ 4 ᠠᠰᠠᠭᠤᠳᠠᠯ ᠳᠤᠷᠠᠳᠴᠤ᠂ 6 ᠲᠠᠯ᠎ᠠ ᠵᠢᠨ ᠠᠭᠤᠯᠭ᠎ᠠ᠎ᠳᠤ ᠬᠣᠯᠪᠣᠭᠳᠠᠵᠠᠢ᠃ ᠴᠠᠭ᠎ᠤᠨ ᠬᠠᠷᠠᠭ᠎ᠠ᠎ᠠᠴᠠ ᠪᠣᠯᠵᠤ ᠪᠢ ᠵᠥᠪᠭᠡᠨ ᠭᠣᠣᠯᠳᠠᠯᠭ᠎ᠠ ᠵᠢ᠎ᠨᠢ ᠰᠣᠩᠭᠣᠵᠤ ᠬᠠᠷᠢᠭᠤᠯᠲᠠ ᠦᠭᠭᠦᠶ᠎ᠠ᠃
ᠡᠨᠡ ᠵᠢᠯ᠎ᠤᠨ ᠳᠡᠯᠡᠬᠡᠢ ᠵᠢᠨ ᠠᠵᠤ ᠠᠬᠤᠢ ᠵᠢᠨ ᠪᠠᠢ᠌ᠳᠠᠯ ᠶᠡᠷᠦᠩᠬᠡᠢ᠎ᠳᠡᠭᠡᠨ ᠲᠡᠢ᠌ᠮᠦ ᠰᠠᠢ᠌ᠨ ᠪᠢᠰᠢ᠂ ᠲᠣᠭᠲᠠᠭᠤᠨ ᠪᠤᠰᠤ᠂ ᠲᠣᠬᠲᠠᠯᠭ᠋ᠠᠳᠤ ᠪᠤᠰᠤ᠂ ᠲᠥᠰᠥᠭᠡᠯᠡᠬᠦᠶ᠎ᠡ ᠪᠡᠷᠬᠡ ᠬᠦᠴᠦᠨ ᠵᠦᠢ᠍ᠯ ᠨᠡᠯᠢᠶᠡᠳ ᠤᠯᠠᠨ ᠪᠠᠢ᠌ᠨ᠎ᠠ᠂ ᠨᠡᠮᠡᠭᠳᠡᠯ᠎ᠢ ᠬᠡᠷᠬᠢᠨ ᠲᠣᠭᠲᠠᠭᠤᠨ ᠪᠠᠢ᠌ᠯᠭ᠋ᠠᠬᠤ᠎ᠨᠢ ᠳᠡᠯᠡᠬᠡᠢ ᠵᠢᠨ ᠡᠯ᠎ᠡ ᠤᠯᠤᠰ᠎ᠲᠤ ᠠᠪᠴᠤ ᠬᠡᠯᠡᠪᠡᠯ ᠴᠥᠮ ᠨᠢᠭᠡᠨ ᠰᠢᠯᠭ᠋ᠠᠯᠲᠠ ᠪᠤᠯᠬᠤ ᠶᠤᠮ᠃ ᠡᠨᠡ ᠵᠢᠯ᠂ ᠳᠤᠮᠳᠠᠳᠤ ᠤᠯᠤᠰ᠎ᠤᠨ ᠠᠵᠤ ᠠᠬᠤᠢ ᠵᠢᠨ ᠵᠢᠱ᠌ᠢᠭᠰᠡᠨ ᠨᠡᠮᠡᠭᠳᠡᠯ᠎ᠤᠨ ᠬᠠᠷᠠᠯᠲᠠ ᠵᠢ 5 % ᠣᠷᠴᠢᠮ ᠵᠶ᠋ᠠᠷ ᠲᠣᠭᠲᠠᠭ᠋ᠠᠪᠠ᠂ ᠡᠭᠦᠨ᠎ᠢ ᠪᠢᠳᠡ ᠡᠯ᠎ᠡ ᠲᠠᠯ᠎ᠠ ᠵᠢᠨ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠭᠰᠠᠨ᠎ᠤ ᠲᠠᠷᠠᠭ᠎ᠠ ᠲᠣᠭᠲᠠᠭ᠋ᠠᠭᠰᠠᠨ ᠶᠤᠮ᠃ ᠬᠡᠯᠡᠯᠭᠡᠨ ᠦᠭᠡᠢ᠂ ᠳᠤᠮᠳᠠᠳᠤ ᠤᠯᠤᠰ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠰᠠᠭᠤᠷᠢ ᠲᠣᠭ᠎ᠠ᠎ᠨᠢ ᠮᠠᠰᠢ ᠥᠨᠳᠥᠷ ᠪᠣᠯᠵᠠᠢ᠂ ᠡᠭᠦᠨ᠎ᠤ ᠳᠡᠭᠡᠷ᠎ᠡ ᠡᠨᠡ ᠵᠢᠯ᠎ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠢ᠌ᠨ᠎ᠠ᠂ 5 % ᠣᠷᠴᠢᠮ᠎ᠤᠨ ᠨᠡᠮᠡᠭᠳᠡᠯ᠎ᠢ ᠪᠡᠶᠡᠯᠡᠭᠦᠯᠬᠦ᠎ᠳᠤ ᠲᠡᠢ᠌ᠮᠦ ᠠᠮᠠᠷᠬᠠᠨ ᠪᠢᠰᠢ᠂ ᠬᠤᠪᠢ ᠲᠠᠭᠢᠨ ᠴᠢᠷᠮᠠᠢ᠌ᠬᠤ ᠴᠢᠬᠤᠯᠠᠲᠠᠢ ᠶᠤᠮ᠃
ᠬᠣᠯᠪᠣᠭᠳᠠᠯ ᠪᠦᠬᠦᠢ ᠪᠣᠳᠠᠲᠠᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠢᠳᠤᠨᠤᠨ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠨᠢᠭᠡᠨᠲᠡ ᠪᠦᠭᠦ ᠲᠠᠯ᠎ᠠ᠎ᠪᠠᠷ ᠪᠠᠢ᠌ᠷᠢᠯᠠᠭᠤᠯᠵᠠᠢ᠂ ᠡᠭᠦᠨ᠎ᠳᠤ ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠬᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠷᠢᠮᠲᠠᠯᠠᠵᠤ᠂ ᠠᠵᠤ ᠠᠬᠤᠢ ᠵᠢᠨ ᠠᠵᠢᠯᠯᠠᠭ᠋ᠠᠨ᠎ᠤ ᠪᠦᠬᠦᠯᠢ ᠴᠣᠭᠴᠠ ᠵᠢᠨ ᠰᠠᠢ᠌ᠵᠢᠷᠠᠯᠲᠠ ᠵᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠣᠨ᠎ᠠ᠃ ᠲᠣᠭᠲᠠᠭᠤᠨ ᠪᠠᠢ᠌ᠯᠭ᠋ᠠᠬᠤ ᠵᠢᠨ ᠭᠣᠣᠯᠳᠠᠯᠭ᠎ᠠ᠎ᠨᠢ ᠨᠡᠮᠡᠭᠳᠡᠯ᠎ᠢ ᠲᠣᠭᠲᠠᠭᠤᠨ ᠪᠠᠢ᠌ᠯᠭ᠋ᠠᠬᠤ᠂ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ᠂ ᠪᠠᠷᠠᠭ᠋ᠠᠨ᠎ᠤ ᠦᠨ᠎ᠡ ᠵᠢ ᠲᠣᠭᠲᠠᠭᠤᠨ ᠪᠠᠢ᠌ᠯᠭ᠋ᠠᠬᠤ ᠶᠠᠪᠤᠳᠠᠯ ᠪᠤᠯᠤᠨ᠎ᠠ; ᠤᠷᠤᠭᠰᠢᠯᠠᠨ ᠲᠠᠪᠰᠢᠬᠤ᠎ᠳᠤ ᠵᠠᠩᠭᠢᠯᠠᠭ᠎ᠠ᠎ᠨᠢ ᠴᠢᠨᠠᠷ ᠰᠠᠢ᠌ᠲᠠᠢ ᠬᠥᠭᠵᠢᠯᠲᠡ ᠵᠢᠨ ᠲᠠᠯ᠎ᠠ᠎ᠪᠠᠷ ᠰᠢᠨ᠎ᠡ ᠲᠠᠪᠰᠢᠯᠳᠠ᠎ᠲᠠᠢ ᠪᠤᠯᠬᠤ᠎ᠳᠤ ᠪᠠᠢ᠌ᠨ᠎ᠠ᠃ ᠪᠣᠳᠠᠲᠠᠢ᠎ᠪᠠᠷ ᠬᠡᠯᠡᠪᠡᠯ᠂ ᠪᠢ ᠣᠨᠴᠠᠭ᠋ᠠᠢ᠌ᠯᠠᠨ ᠬᠡᠳᠦᠨ ᠶᠠᠪᠤᠳᠠᠯ᠎ᠢ ᠰᠠᠢ᠌ᠲᠤᠷ ᠬᠢᠬᠦ ᠰᠠᠨᠠᠭ᠎ᠠ᠎ᠲᠠᠢ᠂ ᠥᠭᠡᠷ᠎ᠡ᠎ᠪᠠᠷ ᠬᠡᠯᠡᠪᠡᠯ ᠡᠢ᠌ᠮᠦ ᠬᠡᠳᠦᠨ ᠬᠠᠮ ᠠᠷᠭ᠎ᠠ ᠬᠡᠮᠵᠢᠶ᠎ᠡ ᠵᠢ ᠰᠠᠢ᠌ᠲᠤᠷ ᠬᠢᠨ᠎ᠡ᠄ ᠨᠢᠭᠡ᠎ᠳᠤ᠂ ᠬᠣᠷᠸ᠎ᠠ ᠲᠥᠷᠥ ᠵᠢᠨ ᠪᠣᠳᠣᠯᠭ᠎ᠠ ᠵᠢᠨ ᠬᠠᠮ ᠠᠷᠭ᠎ᠠ ᠬᠡᠮᠵᠢᠶ᠎ᠡ᠂ ᠬᠣᠶᠠᠷ᠎ᠲᠤ᠂ ᠬᠡᠷᠡᠭᠴᠡᠭᠡ ᠵᠢ ᠥᠷᠭᠡᠳᠬᠡᠬᠦ ᠬᠠᠮ ᠠᠷᠭ᠎ᠠ ᠬᠡᠮᠵᠢᠶ᠎ᠡ᠂ ᠭᠤᠷᠪᠠ᠎ᠳᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠭᠦ ᠬᠠᠮ ᠠᠷᠭ᠎ᠠ ᠬᠡᠮᠵᠢᠶ᠎ᠡ᠂ ᠳᠥᠷᠪᠡ᠎ᠳᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠬᠠᠮ ᠠᠷᠭ᠎ᠠ ᠬᠡᠮᠵᠢᠶ᠎ᠡ ᠪᠣᠯᠣᠨ᠎ᠠ᠃ ᠡᠳᠡᠭᠡᠷ ᠬᠠᠮ ᠠᠷᠭ᠎ᠠ ᠬᠡᠮᠵᠢᠶ᠎ᠡ᠎ᠨᠢ ᠴᠥᠮ ᠪᠣᠳᠠᠲᠠᠢ ᠠᠭᠤᠯᠤᠭᠳᠠᠬᠤᠨ᠎ᠲᠠᠢ ᠪᠠᠢ᠌ᠵᠤ᠂ ᠵᠠᠷᠢᠮ᠎ᠢ᠎ᠨᠢ ᠪᠠᠰᠠ ᠦᠢ᠍ᠯᠡᠳᠦᠯᠭᠡ ᠵᠢᠨ ᠬᠡᠷᠡᠭᠴᠡᠭᠡ ᠵᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃
ᠰᠠᠶᠢᠬᠠᠨ ᠡᠨᠡ ᠰᠤᠷᠪᠤᠯᠵᠢᠯᠠᠬ᠍ᠴᠢ ᠨᠠᠢ᠌ᠵᠠ ᠠᠰᠢᠭᠲᠠᠢ ᠪᠠ ᠠᠰᠢᠭ ᠦᠭᠡᠢ ᠬᠦᠴᠦᠨ ᠵᠦᠢ᠍ᠯ᠎ᠤᠨ ᠠᠰᠠᠭᠤᠳᠠᠯ᠎ᠢ ᠠᠰᠠᠭᠤᠵᠠᠢ᠃ ᠳᠤᠮᠳᠠᠳᠤ ᠤᠯᠤᠰ᠎ᠤᠨ ᠬᠥᠭᠵᠢᠯᠲᠡ᠎ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠥᠴᠡᠯ ᠪᠤᠢ᠂ ᠵᠢᠱ᠌ᠢᠶᠡᠯᠡᠪᠡᠯ᠂ ᠵᠠᠬ᠎ᠠ ᠳᠡᠯᠭᠡᠭᠦᠷ᠎ᠤᠨ ᠬᠡᠪᠴᠢᠶ᠎ᠡ ᠯᠤᠲᠤ ᠶᠡᠬᠡ᠂ ᠠᠵᠤ ᠦᠢ᠍ᠯᠡᠰ᠎ᠤᠨ ᠰᠢᠰᠲ᠋ᠧᠮ ᠪᠦᠷᠢᠨ ᠲᠡᠭᠦᠯᠳᠡᠷ᠂ ᠬᠥᠮᠥᠨ᠎ᠤ ᠬᠦᠴᠦᠨ᠎ᠤ ᠡᠬᠢ ᠪᠠᠶᠠᠯᠢᠭ ᠡᠯᠪᠡᠭ᠂ ᠬᠥᠭᠵᠢᠯᠲᠡ ᠵᠢᠨ ᠰᠠᠭᠤᠷᠢ ᠵᠤᠵᠠᠭ᠋ᠠᠨ ᠵᠡᠷᠭᠡ ᠪᠤᠢ᠂ ᠨᠡᠩ ᠴᠢᠬᠤᠯᠠ᠎ᠨᠢ ᠪᠠᠢ᠌ᠭᠤᠯᠤᠯ᠎ᠤᠨ ᠳᠠᠪᠠᠭᠤᠯᠢᠭ ᠢᠯᠡᠳᠲᠡ ᠪᠠᠢ᠌ᠬᠤ ᠶᠠᠪᠤᠳᠠᠯ ᠪᠣᠯᠣᠨ᠎ᠠ᠃ ᠬᠦᠴᠢᠷ ᠪᠡᠷᠬᠡᠰᠢᠶᠡᠯ᠎ᠤᠨ ᠲᠤᠬᠠᠢ ᠭᠡᠪᠡᠯ ᠤᠯᠠᠨ ᠵᠶ᠋ᠠᠷ ᠵᠶ᠋ᠠᠨ ᠪᠦᠷ ᠬᠦᠴᠢᠷ ᠪᠡᠷᠬᠡᠰᠢᠶᠡᠯ᠎ᠲᠠᠢ᠂ ᠡᠨᠡ ᠵᠢᠯ ᠴᠦ᠍ ᠪᠢᠳᠠᠨ᠎ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭ᠋ᠠᠷᠠᠬᠤ ᠶᠤᠮ᠂ ᠭᠡᠪᠡᠴᠦ ᠠᠯᠢ ᠴᠠᠭ ᠦᠶ᠎ᠡ᠂ ᠠᠯᠢ ᠵᠢᠯ᠎ᠳᠤᠨᠢ ᠬᠦᠴᠢᠷ ᠪᠡᠷᠬᠡᠰᠢᠶᠡᠯ ᠦᠭᠡᠢ ᠪᠤᠢ? ᠪᠢᠳᠠ ᠶᠡᠷᠦ᠎ᠠᠴᠠ ᠬᠦᠴᠢᠷ ᠪᠡᠷᠬᠡᠰᠢᠶᠡᠯ᠎ᠢ ᠢᠯᠡᠠ ᠳᠠᠪᠠᠬᠤ ᠵᠢᠨ ᠳᠤᠮᠳᠠ ᠰᠢᠨ᠎ᠡ ᠬᠥᠭᠵᠢᠯᠲᠡ ᠵᠢ ᠲᠡᠰᠦᠷᠡᠯᠳᠠ ᠦᠭᠡᠢ ᠪᠡᠶᠡᠯᠡᠭᠦᠯᠵᠦ ᠢᠷᠡᠭᠰᠡᠨ ᠶᠤᠮ᠃ ᠮᠠᠨ᠎ᠤ ᠡᠨᠡ ᠦᠶ᠎ᠡ ᠵᠢᠨ ᠳᠤᠮᠳᠠᠳᠤᠴᠤᠳ ᠬᠠᠷᠠᠬᠠᠨ ᠪᠠᠭ᠎ᠠ᠎ᠠᠴᠠ᠎ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ᠂ ᠲᠡᠨᠡᠭ ᠡᠪᠦᠭᠡᠨ ᠠᠭᠤᠯᠠ ᠵᠢ ᠨᠡᠭᠦᠯᠭᠡᠭᠰᠡᠨ᠂ ᠵᠢᠩ ᠸᠧᠢ ᠳᠠᠯᠠᠢ ᠵᠢ ᠪᠥᠭᠯᠡᠭᠰᠡᠨ᠂ ᠲᠡᠨᠡᠭ ᠡᠪᠦᠭᠡᠨ ᠨᠠᠷᠠ ᠵᠢ ᠬᠥᠭᠡᠭᠡᠭᠰᠡᠨ ᠵᠡᠷᠭᠡ ᠪᠣᠯᠣᠨ᠎ᠠ᠂ ᠪᠦᠷ ᠯᠡ ᠮᠠᠰᠢ ᠶᠡᠬᠡ ᠤᠷᠮᠠᠰᠢᠭᠤᠯᠤᠨ ᠵᠣᠷᠢᠭᠵᠢᠭᠤᠯᠵᠤ᠂ ᠴᠥᠮ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠠᠶᠤᠯ ᠲᠦᠭᠰᠢᠭᠦᠷᠢ᠎ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠵᠣᠷᠢᠭ ᠰᠠᠨᠠᠭ᠎ᠠ ᠵᠢ ᠶᠠᠷᠢᠭᠰᠠᠨ ᠶᠤᠮ᠂ ᠮᠠᠨ᠎ᠤ ᠳᠤᠮᠳᠠᠳᠤᠴᠤᠳ ᠶᠠᠮᠠᠷ ᠴᠤ᠌ ᠬᠦᠴᠢᠷ ᠪᠡᠷᠬᠡᠰᠢᠶᠡᠯ᠎ᠳᠤ ᠳᠠᠷᠤᠭᠳᠠᠬᠤ ᠦᠭᠡᠢ ᠶᠤᠮ᠃
ᠣᠢ᠌ᠷ᠎ᠠ ᠵᠢᠨ ᠬᠣᠶᠠᠷ ᠰᠠᠷ᠎ᠠ ᠭᠠᠷᠤᠢ ᠵᠢᠨ ᠪᠠᠢ᠌ᠳᠠᠯ᠎ᠠᠴᠠ ᠦᠵᠡᠪᠡᠯ᠂ ᠮᠠᠨ᠎ᠤ ᠤᠯᠤᠰ᠎ᠤᠨ ᠠᠵᠤ ᠠᠬᠤᠢ ᠵᠢᠨ ᠠᠵᠢᠯᠯᠠᠭ᠋ᠠᠨ᠎ᠳᠤ ᠲᠣᠭᠲᠠᠪᠤᠷᠢᠵᠢᠨ ᠳᠡᠭᠡᠭᠰᠢᠯᠡᠬᠦ ᠪᠠᠢ᠌ᠳᠠᠯ ᠭᠠᠷᠴᠤ᠂ ᠵᠠᠷᠢᠮ ᠣᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠴᠤ᠌ ᠡᠨᠡ ᠵᠢᠯ᠎ᠤᠨ ᠳᠤᠮᠳᠠᠳᠤ ᠤᠯᠤᠰ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ ᠵᠢᠨ ᠲᠤᠬᠠᠢ ᠵᠢᠱ᠌ᠢᠯᠲᠡ᠎ᠪᠠᠨ ᠳᠡᠭᠡᠭᠰᠢᠯᠡᠭᠦᠯᠦᠭᠰᠡᠨ ᠪᠠᠢ᠌ᠨ᠎ᠠ᠃ ᠳᠤᠮᠳᠠᠳᠤ ᠤᠯᠤᠰ᠎ᠤᠨ ᠠᠵᠤ ᠠᠬᠤᠢ ᠵᠢᠨ ᠢᠷᠡᠭᠡᠳᠦᠢ ᠵᠢᠨ ᠲᠤᠬᠠᠢ ᠪᠢ 《ᠰᠠᠯᠬᠢᠨ ᠬᠦᠯᠦᠭᠯᠡᠨ ᠳᠠᠪᠠᠯᠭ᠋ᠠᠨ᠎ᠢ ᠵᠦᠰᠦᠵᠦ᠂ ᠰᠠᠷᠠᠭᠤᠯ ᠢᠷᠡᠭᠡᠳᠦᠢ᠎ᠲᠠᠢ》 ᠭᠡᠵᠦ ᠬᠡᠳᠦᠬᠡᠨ ᠦᠭᠡ᠎ᠪᠠᠷ ᠬᠤᠷᠢᠶᠠᠩᠭᠤᠢ᠌ᠯᠠᠶᠠ᠃ ᠡᠭᠦᠨ᠎ᠳᠤ ᠪᠢ ᠢᠲᠡᠭᠡᠯ ᠳᠦᠭᠦᠷᠡᠩ ᠪᠠᠢ᠌ᠨ᠎ᠠ᠃
ᠰᠢᠶᠠᠩᠭ᠋ᠠᠩ᠎ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠵᠢᠨ ᠰᠤᠷᠪᠤᠯᠵᠢᠯᠠᠬ᠍ᠴᠢ᠄ ᠡᠨᠡ ᠬᠡᠳᠦᠨ ᠵᠢᠯ᠂ ᠰᠢᠶᠠᠩᠭ᠋ᠠᠩ ᠰᠠᠮᠠᠭᠤᠷᠠᠯ᠎ᠠᠴᠠ ᠵᠠᠰᠠᠯᠲᠠ᠎ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠵᠢ ᠪᠡᠶᠡᠯᠡᠭᠦᠯᠪᠡ᠃ ᠰᠢᠶᠠᠩᠭ᠋ᠠᠩ ᠲᠣᠭᠲᠠᠭᠤᠨ ᠪᠣᠯᠣᠯ᠎ᠠ᠂ ᠬᠥᠭᠵᠢᠯᠲᠡ ᠵᠢᠨ ᠠᠰᠠᠭᠤᠳᠠᠯ ᠪᠠᠰᠠ ᠨᠢᠳᠦᠨ ᠡᠮᠦᠨ᠎ᠡ ᠳᠡᠯᠭᠡᠭᠳᠡᠯ᠎ᠡ᠃ ᠳᠡᠯᠡᠬᠡᠢ ᠵᠢᠨ ᠤᠯᠤᠰ ᠲᠦᠷᠤ ᠠᠵᠤ ᠠᠬᠤᠢ ᠵᠢᠨ ᠪᠠᠢ᠌ᠳᠠᠯ ᠪᠣᠯᠣᠨ ᠣᠷᠴᠢᠨ ᠨᠥᠬᠥᠴᠡᠯ᠎ᠤᠨ ᠬᠤᠪᠢᠷᠠᠯᠲᠠ ᠵᠢ ᠳᠠᠭ᠋ᠠᠯᠳᠤᠨ ᠤᠳᠦ ᠵᠢᠨ ᠰᠢᠶᠠᠩᠭ᠋ᠠᠩ ᠣᠣᠮᠧᠨ᠎ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ᠎ᠳᠤ ᠭᠠᠷᠴᠤ ᠪᠠᠢ᠌ᠨ᠎ᠠ᠃ ᠲᠡᠭᠡᠪᠡᠯ᠂ ᠲᠠ ᠰᠢᠶᠠᠩᠭ᠋ᠠᠩ ᠣᠣᠮᠧᠨ᠎ᠤ ᠢᠷᠡᠭᠡᠳᠦᠢ ᠵᠢᠨ ᠬᠥᠭᠵᠢᠯᠲᠡ ᠵᠢᠨ ᠢᠷᠡᠭᠡᠳᠦᠢ ᠵᠢ ᠬᠡᠷᠬᠢᠨ ᠦᠵᠡᠵᠦ ᠪᠠᠢ᠌ᠬᠤ ᠪᠤᠶ? ᠲᠥᠪ᠎ᠤᠨ ᠵᠠᠰᠠᠭ᠎ᠤᠨ ᠣᠷᠳᠣᠨ ᠲᠠᠷᠠᠭ᠋ᠠᠴᠢ ᠵᠢᠨ ᠠᠯᠬᠤᠮ᠎ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ᠎ᠪᠠᠷ ᠰᠢᠶᠠᠩᠭ᠋ᠠᠩ ᠣᠣᠮᠧᠨ᠎ᠤ ᠥᠪᠡᠷ᠎ᠤᠨ ᠳᠠᠪᠠᠭᠤᠯᠢᠭ ᠪᠣᠯᠣᠨ ᠣᠨᠴᠠᠯᠢᠭ ᠵᠶ᠋ᠠᠨ ᠪᠠᠳᠠᠷᠠᠭᠤᠯᠬᠤ ᠵᠢ ᠳᠡᠮᠵᠢᠵᠦ᠂ ᠨᠠᠩ ᠰᠠᠢ᠌ᠨ ᠬᠥᠭᠵᠢᠯᠲᠡ ᠵᠢ ᠪᠡᠶᠡᠯᠡᠭᠦᠯᠬᠦ ᠪᠤᠶ?
ᠯᠢ ᠴᠢᠶᠠᠩ᠄ ᠲᠥᠪ᠎ᠤᠨ ᠵᠠᠰᠠᠭ᠎ᠤᠨ ᠣᠷᠳᠣᠨ ᠰᠢᠶᠠᠩᠭ᠋ᠠᠩ᠂ ᠣᠣᠮᠧᠨ᠎ᠤ ᠳᠠᠪᠠᠭᠤᠯᠢᠭ ᠪᠠ ᠣᠨᠴᠠᠯᠢᠭ᠎ᠢ ᠪᠠᠳᠠᠷᠠᠭᠤᠯᠬᠤ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠪᠡ᠃ ᠡᠬᠡ ᠤᠯᠤᠰ᠎ᠲᠠᠭᠠᠨ ᠪᠤᠴᠠᠵᠤ ᠢᠷᠡᠭᠰᠡᠨ᠎ᠠᠴᠠ ᠨᠠᠭ᠋ᠠᠰᠢ᠂ ᠤᠯᠤᠰ᠎ᠤᠨ ᠳᠡᠮᠵᠢᠯᠭᠡ ᠳᠣᠣᠷ᠎ᠠ᠂ ᠰᠢᠶᠠᠩᠭ᠋ᠠᠩ᠎ᠤᠨ ᠤᠯᠠᠨ ᠤᠯᠤᠰ᠎ᠤᠨ ᠮᠥᠩᠭᠥᠨ ᠭᠦᠢ᠍ᠯᠭᠡᠭᠡ᠂ ᠤᠰᠤᠨ ᠵᠠᠮ᠎ᠤᠨ ᠲᠡᠭᠡᠭᠡᠪᠦᠷᠢ᠂ ᠠᠷᠠᠯᠵᠢᠶ᠎ᠠ ᠵᠢᠨ ᠭᠤᠷᠪᠠᠨ ᠶᠡᠬᠡ ᠲᠥᠪ ᠪᠤᠯᠬᠤ ᠪᠠᠢ᠌ᠷᠢ ᠰᠠᠭᠤᠷᠢᠨ᠎ᠢ ᠪᠡᠬᠢᠵᠢᠨ ᠳᠡᠭᠡᠭᠰᠢᠯᠡᠵᠦ᠂ ᠣᠣᠮᠧᠨ᠎ᠨᠢ ᠵᠢᠭᠤᠯᠴᠢᠯᠠᠯ ᠰᠡᠯᠡᠭᠦᠴᠡᠯ᠎ᠤᠨ ᠲᠥᠪ ᠪᠣᠯᠤᠭᠰᠠᠨ᠎ᠤ ᠬᠤᠪᠢ᠎ᠳᠤ ᠳᠡᠯᠡᠬᠡᠢ᠎ᠳᠤ ᠨᠡᠷ᠎ᠡ ᠠᠯᠳᠠᠷᠰᠢᠭᠰᠠᠨ ᠶᠤᠮ᠃
ᠣᠢ᠌ᠷ᠎ᠠ ᠵᠢᠨ ᠵᠢᠯ᠎ᠤᠳ᠎ᠲᠤ ᠡᠯ᠎ᠡ ᠵᠦᠢ᠍ᠯ᠎ᠤᠨ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠤ ᠰᠢᠶᠠᠩᠭ᠋ᠠᠩ᠂ ᠣᠣᠮᠧᠨ᠎ᠤ ᠠᠵᠤ ᠠᠬᠤᠢ ᠵᠢᠨ ᠬᠥᠭᠵᠢᠯᠲᠡ ᠡᠳᠦᠢ ᠲᠡᠳᠦᠢ ᠬᠦᠴᠢᠷᠳᠡᠯ᠎ᠳᠤ ᠲᠤᠯᠭ᠋ᠠᠷᠠᠭᠰᠠᠨ ᠪᠤᠯᠪᠠᠴᠤ ᠡᠨᠡ ᠪᠣᠯ ᠲᠦᠷ ᠴᠠᠭ᠎ᠤᠨ ᠬᠦᠴᠢᠷᠳᠡᠯ᠂ ᠬᠥᠭᠵᠢᠯᠲᠡ ᠵᠢᠨ ᠳᠤᠮᠳᠠᠬᠢ ᠬᠦᠴᠢᠷᠳᠡᠯ ᠮᠥᠨ᠃ ᠲᠥᠪ᠎ᠤᠨ ᠵᠠᠰᠠᠭ᠎ᠤᠨ ᠣᠷᠳᠣᠨ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ》 ᠴᠢᠭᠯᠡᠯᠲᠡ ᠵᠢ ᠪᠦᠭᠦ ᠲᠠᠯ᠎ᠠ᠎ᠪᠠᠷ ᠵᠥᠪ ᠣᠨᠣᠪᠴᠢᠲᠠᠢ᠂ ᠡᠷᠡᠰ ᠭᠤᠢ᠌ᠪᠢᠰᠢ ᠦᠭᠡᠢ ᠲᠤᠭᠤᠰᠢᠯᠠᠭᠤᠯᠵᠤ᠂ ᠰᠢᠶᠠᠩᠭ᠋ᠠᠩ᠂ ᠣᠣᠮᠧᠨ᠎ᠤ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠠᠭᠤᠰᠤᠯᠴᠠᠬᠤ ᠵᠢ ᠪᠦᠭᠦ ᠬᠦᠴᠦ᠎ᠪᠠᠷ ᠵᠶ᠋ᠡᠨ ᠳᠡᠮᠵᠢᠵᠦ᠂ ᠰᠢᠶᠠᠩᠭ᠋ᠠᠩ᠂ ᠣᠣᠮᠧᠨ᠎ᠤ ᠠᠵᠤ ᠠᠬᠤᠢ᠎ᠪᠠᠨ ᠬᠥᠭᠵᠢᠭᠦᠯᠬᠦ᠂ ᠠᠷᠠᠳ᠎ᠤᠨ ᠠᠮᠢᠳᠤᠷᠠᠯ ᠵᠶ᠋ᠠᠨ ᠰᠠᠢ᠌ᠵᠢᠷᠠᠭᠤᠯᠬᠤ ᠵᠢ ᠪᠦᠭᠦ ᠬᠦᠴᠦ᠎ᠪᠠᠷ ᠵᠶ᠋ᠡᠨ ᠳᠡᠮᠵᠢᠵᠦ᠂ ᠰᠢᠶᠠᠩᠭ᠋ᠠᠩ᠂ ᠣᠣᠮᠧᠨ᠎ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠵᠶ᠋ᠡᠨ ᠳᠡᠭᠡᠭᠰᠢᠯᠡᠭᠦᠯᠭᠦ ᠵᠢ ᠪᠦᠭᠦ ᠬᠦᠴᠦ᠎ᠪᠠᠷ ᠵᠶ᠋ᠡᠨ ᠳᠡᠮᠵᠢᠨ᠎ᠡ᠃ ᠡᠬᠡ ᠤᠯᠤᠰ᠎ᠤᠨ ᠪᠠᠲᠤ ᠴᠢᠩᠭ᠎ᠠ ᠥᠮᠥᠭ ᠲᠦᠰᠢᠭ᠎ᠲᠠᠢ᠂ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ》 ᠪᠠᠢ᠌ᠭᠤᠯᠤᠯ᠎ᠤᠨ ᠪᠠᠲᠤᠯᠠᠭ᠎ᠠ᠎ᠲᠠᠢ᠎ᠠᠴᠠ ᠰᠢᠶᠠᠩᠭ᠋ᠠᠩ᠂ ᠣᠣᠮᠧᠨ᠎ᠤ ᠪᠠᠢ᠌ᠷᠢ ᠰᠠᠭᠤᠷᠢ ᠪᠠ ᠦᠢ᠍ᠯᠡᠳᠦᠯ ᠴᠢᠩᠭ᠋ᠠᠷᠠᠬᠤ᠎ᠠᠴᠠ ᠪᠢᠰᠢ ᠰᠤᠯᠠᠷᠠᠬᠤ ᠦᠭᠡᠢ ᠶᠤᠮ᠃ ᠰᠢᠶᠠᠩᠭ᠋ᠠᠩ᠂ ᠣᠣᠮᠧᠨ᠎ᠤ ᠮᠠᠷᠭ᠋ᠠᠰᠢ ᠯᠠᠪᠲᠠᠢ ᠨᠡᠩ ᠰᠠᠢ᠌ᠨ ᠰᠠᠢ᠌ᠬᠠᠨ ᠪᠤᠯᠬᠤ ᠶᠤᠮ!
ᠰᠢᠩᠭ᠋ᠠᠫᠤᠷ᠎ᠤᠨ ᠬᠣᠯᠪᠣᠭ᠋ᠠᠲᠤ ᠥᠷᠯᠥᠭᠡ ᠵᠢᠨ ᠰᠣᠨᠢᠨ᠎ᠤ ᠰᠤᠷᠪᠤᠯᠵᠢᠯᠠᠬ᠍ᠴᠢ᠄ ᠲᠠ ᠥᠩᠭᠡᠷᠡᠭᠰᠡᠨ᠎ᠳᠤ ᠸᠸᠨᠵᠸᠤ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ ᠪᠠᠢ᠌ᠪᠠ᠂ ᠸᠸᠨᠵᠸᠤ ᠬᠤᠳᠠ ᠵᠢᠴᠢ ᠲᠠᠨ᠎ᠤ ᠲᠤᠰᠢᠶᠠᠯ ᠬᠠᠷᠢᠭᠤᠴᠠᠵᠤ ᠪᠠᠢ᠌ᠭᠰᠠᠨ ᠵᠧᠵᠢᠶᠠᠩ᠂ ᠵᠢᠶᠠᠩᠰᠤ ᠵᠢᠴᠢ ᠱᠠᠩᠬᠠᠢ᠎ᠨᠢ ᠪᠦᠷ ᠳᠤᠮᠳᠠᠳᠤ ᠤᠯᠤᠰ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ᠂ ᠲᠠ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠲᠤᠬᠠᠢ ᠮᠠᠰᠢ ᠭᠦᠨᠵᠡᠭᠡᠢ ᠣᠢ᠌ᠯᠠᠭ᠋ᠠᠯᠲᠠ᠎ᠲᠠᠢ ᠪᠠᠢ᠌ᠳᠠᠭ᠃ ᠲᠠᠨ᠎ᠤ ᠦᠵᠡᠬᠦ᠎ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠢᠲᠡᠭᠡᠯ ᠵᠣᠷᠢᠭ᠎ᠢ ᠬᠥᠪᠴᠢᠯᠡᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢ ᠳᠡᠮᠵᠢᠭᠦ ᠪᠤᠶ? ᠪᠠᠰᠠ ᠠᠯᠢ ᠠᠯᠢ ᠲᠠᠯ᠎ᠠ᠎ᠪᠠᠷ ᠬᠢᠭᠰᠡᠨ᠎ᠨᠢ ᠭᠦᠢ᠍ᠴᠡᠳ ᠦᠭᠡᠢ ᠪᠤᠢ᠂ ᠨᠥᠬᠥᠪᠦᠷᠢᠯᠡᠬᠦ ᠴᠢᠬᠤᠯᠠᠲᠠᠢ ᠪᠤᠢ?
ᠯᠢ ᠴᠢᠶᠠᠩ᠄ ᠲᠤᠰ ᠤᠳᠠᠭ᠎ᠠ ᠵᠢᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ ᠪᠦᠭᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠢ ᠡᠷᠭᠢᠨ ᠦᠵᠡᠬᠦ᠎ᠳᠡᠭᠡᠨ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠭᠦᠭᠵᠢᠭᠦ᠂ ᠴᠢᠨᠠᠷ ᠰᠠᠢ᠌ᠲᠠᠢ ᠭᠦᠭᠵᠢᠭᠦ ᠲᠤᠬᠠᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠬᠠᠯᠠᠭᠤᠨ ᠲᠤᠰᠬᠠᠯ ᠭᠠᠷᠪᠠ᠃ ᠥᠷᠭᠡᠨ ᠤᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ ᠲᠤᠢ᠌ᠯ ᠵᠶ᠋ᠠᠷ ᠤᠷᠮᠠᠰᠢᠨ ᠵᠣᠷᠢᠭᠵᠢᠵᠤ᠂ ᠬᠥᠭᠰᠡᠨ ᠲᠤᠬᠳᠤᠯᠤᠬᠰᠠᠨᠢ ᠲᠠ ᠪᠦᠭᠦᠳᠡᠭᠡᠷ ᠯᠠᠪ ᠣᠯᠵᠤ ᠠᠩᠬᠠᠷᠤᠭᠰᠠᠨ ᠪᠠᠢ᠌ᠬᠤ ᠠ᠋᠃
ᠪᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ᠎ᠳᠤ ᠤᠷᠳᠤ ᠬᠤᠭᠤᠴᠠᠭ᠎ᠠ᠎ᠪᠠᠷ ᠠᠵᠢᠯᠯᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠲᠠᠢ ᠰᠠᠨᠠᠯ ᠵᠶ᠋ᠠᠨ ᠰᠣᠯᠢᠯᠴᠠᠬᠤ ᠲᠣᠭᠢᠶᠠᠯ ᠦᠷᠭᠦᠯᠵᠢ ᠭᠠᠷᠳᠠᠭ᠂ ᠲᠡᠳᠡᠨ᠎ᠤ ᠬᠥᠭᠵᠢᠯᠲᠡ ᠵᠢᠨ ᠶᠠᠪᠤᠴᠠ᠎ᠳᠠᠬᠢ ᠬᠦᠰᠡᠯ ᠡᠷᠡᠮᠡᠯᠵᠡᠯ ᠪᠣᠯᠣᠨ ᠡᠷᠡᠭᠡᠯᠵᠡᠯ᠎ᠢ ᠨᠡᠯᠢᠶᠡᠳ ᠣᠢ᠌ᠯᠠᠭ᠋ᠠᠯ᠎ᠠ᠃ ᠡᠨᠳᠡ ᠪᠢ ᠭᠣᠣᠯᠳᠠᠭᠤ ᠡᠢ᠌ᠮᠦ ᠬᠡᠳᠦᠨ ᠳᠠᠪᠬᠤᠷᠭ᠎ᠠ ᠵᠢᠨ ᠤᠳᠬ᠎ᠠ ᠰᠠᠨᠠᠭ᠎ᠠ ᠵᠢ ᠢᠯᠡᠳᠬᠡᠶ᠎ᠡ᠄
ᠨᠢᠭᠡᠳᠦᠭᠡᠷ᠎ᠲᠤ᠂ 《ᠬᠣᠶᠠᠷ ᠡᠷᠡᠰ ᠭᠤᠢ᠌ᠪᠢᠰᠢ ᠦᠭᠡᠢ ᠪᠠᠢ᠌ᠬᠤ》 ᠪᠣᠯ ᠮᠠᠨ᠎ᠤ ᠤᠯᠤᠰ᠎ᠤᠨ ᠠᠵᠤ ᠠᠬᠤᠢ ᠵᠢᠨ ᠦᠨᠳᠦᠰᠦᠨ ᠪᠠᠢ᠌ᠭᠤᠯᠤᠯ᠎ᠤᠨ ᠴᠢᠬᠤᠯᠠ ᠠᠭᠤᠯᠭ᠎ᠠ᠂ ᠤᠷᠳᠤ ᠬᠤᠭᠤᠴᠠᠭ᠋ᠠᠨ᠎ᠤ ᠠᠷᠭ᠎ᠠ ᠪᠣᠳᠣᠯᠭ᠎ᠠ ᠮᠥᠨ᠂ ᠥᠩᠭᠡᠷᠡᠭᠰᠡᠨ᠎ᠳᠤ ᠬᠤᠪᠢᠷᠠᠭᠰᠠᠨ ᠦᠭᠡᠢ᠂ ᠬᠣᠢ᠌ᠰᠢᠳᠠ ᠨᠡᠩ ᠴᠤ᠌ ᠬᠤᠪᠢᠷᠠᠬᠤ ᠦᠭᠡᠢ ᠶᠤᠮ᠃ ᠦᠨᠡᠬᠡᠷ᠂ ᠨᠢᠳᠤᠨᠤᠨ ᠨᠢᠭᠡ ᠬᠡᠰᠡᠭ ᠬᠤᠭᠤᠴᠠᠭ᠋ᠠᠨ᠎ᠳᠤ᠂ ᠨᠡᠢ᠌ᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ᠂ ᠵᠠᠷᠢᠮ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠢ ᠰᠠᠨᠠᠭ᠋ᠠᠰᠢᠷᠠᠭᠤᠯᠵᠤ ᠪᠠᠢ᠌ᠪᠠ᠃ ᠦᠨᠡᠨ᠎ᠳᠡᠭᠡᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠬᠥᠭᠵᠢᠭᠦᠯᠬᠦ ᠠᠰᠠᠭᠤᠳᠠᠯ ᠳᠡᠭᠡᠷ᠎ᠡ᠂ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠶᠡᠷᠦ᠎ᠨᠢ ᠮᠠᠰᠢ ᠲᠣᠳᠣᠷᠬᠠᠢ ᠶᠤᠮ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭ᠋ᠠᠷ ᠶᠡᠬᠡ ᠬᠤᠷᠠᠯ ᠪᠣᠯᠣᠨ ᠨᠢᠳᠤᠨᠤᠨ᠎ᠤ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠴᠥᠮ ᠴᠢᠬᠤᠯᠠᠴᠢᠯᠠᠭᠰᠠᠨ ᠪᠠᠢ᠌ᠨ᠎ᠠ᠃ ᠡᠭᠦᠨ᠎ᠳᠤ ᠪᠢᠳᠡ ᠲᠤᠭ ᠲᠡᠮᠳᠡᠭ ᠲᠣᠳᠣᠷᠬᠠᠢ᠂ ᠡᠷᠡᠰ ᠭᠤᠢ᠌ᠪᠢᠰᠢ ᠦᠭᠡᠢ ᠶᠤᠮ᠃
ᠬᠣᠶᠠᠳᠤᠭ᠋ᠠᠷ᠎ᠲᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠣᠷᠴᠢᠨ ᠨᠥᠬᠥᠴᠡᠯ ᠤᠯᠠᠮ᠎ᠠᠴᠠ ᠤᠯᠠᠮ ᠰᠠᠢ᠌ᠵᠢᠷᠠᠵᠤ᠂ ᠬᠥᠭᠵᠢᠯᠲᠡ ᠵᠢᠨ ᠣᠷᠣᠨ ᠵᠠᠢ ᠤᠯᠠᠮ᠎ᠠᠴᠠ ᠤᠯᠠᠮ ᠶᠡᠭᠡᠳᠭᠦ ᠪᠣᠯᠣᠨ᠎ᠠ᠃ ᠪᠢᠳᠡ ᠰᠢᠨ᠎ᠡ ᠭᠠᠷᠤᠭ᠎ᠠ᠎ᠠᠴᠠ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢ᠌ᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠶᠡᠬᠡ᠎ᠪᠠᠷ ᠪᠤᠢ ᠪᠤᠯᠭ᠋ᠠᠵᠤ᠂ ᠡᠯ᠎ᠡ ᠲᠦᠷᠦᠯ᠎ᠤᠨ ᠥᠮᠴᠢᠯᠡᠯ᠎ᠤᠨ ᠠᠵᠤ ᠠᠬᠤᠢ᠌ᠯᠠᠯ᠎ᠳᠤ ᠡᠷᠬᠡ ᠲᠡᠭᠰᠢ᠎ᠪᠠᠷ ᠬᠠᠨᠳᠤᠵᠤ᠂ ᠠᠵᠤ ᠠᠬᠤᠢ᠌ᠯᠠᠯ᠎ᠤᠨ ᠥᠮᠴᠢᠯᠡᠯ᠎ᠤᠨ ᠡᠷᠬᠡ ᠪᠣᠯᠣᠨ ᠠᠵᠤ ᠠᠬᠤᠢ᠌ᠯᠠᠯᠲᠠᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠡᠯ᠎ᠡ ᠲᠦᠷᠦᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠡᠷᠬᠡ ᠲᠡᠭᠰᠢ᠎ᠪᠠᠷ ᠥᠷᠢᠰᠦᠯᠳᠦᠬᠦ ᠵᠢ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠳᠡᠮᠵᠢᠨ᠎ᠠ᠃ ᠬᠥᠭᠵᠢᠯᠲᠡ ᠵᠢᠨ ᠣᠷᠣᠨ ᠵᠠᠢ᠎ᠠᠴᠠ ᠦᠵᠡᠪᠡᠯ᠂ ᠳᠤᠮᠳᠠᠳᠤ ᠤᠯᠤᠰ ᠭᠡᠳᠤ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠬᠡᠷᠡᠭᠴᠡᠭᠡ᠎ᠲᠠᠢ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠬᠦ ᠴᠢᠬᠤᠯᠠᠲᠠᠢ ᠪᠠᠢ᠌ᠵᠤ᠂ ᠴᠥᠮ ᠯᠤᠲᠤ ᠶᠡᠬᠡ ᠬᠥᠭᠵᠢᠯᠲᠡ ᠵᠢᠨ ᠠᠵᠠ ᠲᠣᠭᠢᠶᠠᠯ ᠬᠠᠳᠠᠭ᠋ᠠᠯᠠᠭᠳᠠᠵᠤ ᠪᠠᠢ᠌ᠨ᠎ᠠ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠯᠠᠪᠲᠠᠢ ᠶᠡᠬᠡ ᠵᠢᠳᠬᠦᠯ ᠴᠢᠷᠮᠠᠢ᠌ᠯᠭ᠎ᠠ ᠭᠠᠷᠭ᠋ᠠᠵᠤ ᠪᠣᠯᠣᠨ᠎ᠠ᠃
ᠭᠤᠷᠪᠠᠳᠤᠭ᠋ᠠᠷ᠎ᠲᠤ᠂ ᠴᠠᠭ ᠦᠶ᠎ᠡ ᠥᠷᠭᠡᠨ ᠤᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠳᠤᠨ ᠰᠢᠨ᠎ᠡ ᠦᠢ᠍ᠯᠡᠰ ᠪᠣᠰᠬᠠᠭᠰᠠᠨ ᠲᠡᠦᠬᠡ᠎ᠪᠠᠨ ᠪᠢᠴᠢᠭᠯᠡᠬᠦ ᠵᠢ ᠤᠷᠢᠶᠠᠯᠠᠵᠤ ᠪᠠᠢ᠌ᠨ᠎ᠠ᠃ ᠡᠨᠡ᠎ᠨᠢ ᠪᠠᠰᠠ ᠮᠢᠨᠤ ᠭᠡᠯᠡᠭᠦ ᠭᠡᠰᠡᠨ ᠨᠢᠭᠡ ᠵᠦᠢ᠍ᠯ ᠮᠥᠨ᠃ ᠠᠵᠤ ᠠᠬᠤᠢ ᠵᠢᠨ ᠬᠥᠭᠵᠢᠯᠲᠡ᠎ᠨᠢ ᠪᠤᠰᠤᠳᠴᠢ ᠵᠢᠮ᠎ᠡ ᠶᠣᠰᠣᠲᠠᠢ ᠪᠠᠢ᠌ᠳᠠᠭ ᠪᠥᠭᠡᠳ ᠪᠠᠰᠠ ᠪᠤᠰᠤᠳᠴᠢ ᠨᠥᠬᠥᠴᠡᠯ᠎ᠳᠤ ᠲᠦᠰᠢᠭᠯᠡᠳᠡᠭ᠂ ᠭᠡᠬᠦ᠎ᠳᠤ ᠮᠠᠰᠢ ᠴᠢᠩᠭ᠎ᠠ ᠪᠡᠶᠡᠴᠢ ᠴᠢᠳᠠᠮᠠᠭ᠋ᠠᠢ ᠴᠢᠨᠠᠷ᠎ᠢ ᠨᠡᠩ ᠢᠯᠡᠭᠦᠦ ᠱᠠᠭ᠋ᠠᠷᠳᠠᠳᠠᠭ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠳ ᠰᠢᠯᠢᠳᠡᠭ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠨ ᠠᠶᠠᠨ᠎ᠳᠠᠭᠠᠨ ᠲᠠᠭᠢᠨ ᠮᠣᠷᠳᠠᠬᠤ ᠵᠢ ᠬᠦᠰᠡᠵᠦ ᠪᠠᠢ᠌ᠨ᠎ᠠ᠃ ᠡᠨᠳᠡ ᠭᠦᠷᠲᠡᠯ᠎ᠡ ᠶᠠᠷᠢᠬᠤ᠎ᠳᠤ ᠪᠢ ᠲᠤᠬᠠᠢ ᠵᠢᠨ ᠵᠢᠯ᠎ᠳᠤ ᠵᠢᠶᠠᠩᠰᠤ ᠵᠧᠵᠢᠶᠠᠩ ᠵᠡᠷᠭᠡ ᠭᠠᠵᠠᠷ᠎ᠤᠨ ᠬᠤᠪᠢ ᠵᠢᠨ ᠡᠵᠡᠩᠨᠡᠯᠲᠡ ᠵᠢᠨ ᠠᠵᠤ ᠠᠬᠤᠢ ᠵᠢ ᠬᠥᠭᠵᠢᠭᠦᠯᠬᠦ᠂ ᠰᠢᠶᠠᠩ ᠪᠠᠯᠭ᠋ᠠᠰᠤᠨ᠎ᠤ ᠠᠵᠤ ᠠᠬᠤᠢ᠌ᠯᠠᠯ᠎ᠢ ᠬᠥᠭᠵᠢᠭᠦᠯᠬᠦ ᠦᠶ᠎ᠡ᠎ᠳᠤ ᠡᠭᠦᠳᠦᠭᠰᠡᠨ 《ᠲᠦᠷᠪᠡᠨ ᠮᠢᠩᠭ᠎ᠠ》 ᠵᠢᠨ ᠵᠣᠷᠢᠭ ᠰᠠᠨᠠᠭ᠎ᠠ ᠵᠢ ᠥᠪᠡᠷ᠎ᠤᠨ ᠡᠷᠬᠡ ᠦᠭᠡᠢ ᠪᠤᠳᠤᠵᠤ ᠣᠯᠣᠯ᠎ᠠ᠂ ᠲᠡᠷᠡ᠎ᠨᠢ ᠳᠠᠷᠤᠢ᠄ ᠮᠢᠩᠭ᠋ᠠᠨ ᠪᠡᠷᠬᠡ ᠲᠦᠮᠡᠨ ᠪᠠᠷᠳᠠᠭ᠎ᠠ ᠵᠢ ᠲᠤᠭᠤᠯᠵᠤ᠂ ᠲᠦᠮᠡ ᠮᠢᠩᠭ᠋ᠠᠨ ᠦᠭᠡ ᠶᠠᠷᠢᠵᠤ᠂ ᠡᠯᠳᠡᠪ ᠠᠷᠭ᠎ᠠ ᠪᠦᠭᠦᠨ᠎ᠢ ᠰᠦᠪᠡᠭᠴᠢᠯᠡᠵᠦ᠂ ᠲᠣᠭ᠋ᠠᠯᠠᠰᠢ ᠦᠭᠡᠢ ᠬᠦᠴᠢᠷ ᠪᠡᠷᠬᠡᠰᠢᠶᠡᠯ᠎ᠢ ᠠᠮᠰᠠᠬᠤ ᠭᠡᠳᠡᠭ᠎ᠢ ᠥᠪᠡᠷ᠎ᠤᠨ ᠡᠷᠬᠡ ᠦᠭᠡᠢ ᠪᠤᠳᠤᠵᠤ ᠣᠯᠵᠠᠢ᠃ ᠬᠡᠳᠦᠢ᠌ᠪᠡᠷ ᠤᠳᠤ ᠵᠢᠨ ᠦᠢ᠍ᠯᠡᠰ ᠪᠣᠰᠬᠠᠬᠤ ᠵᠠᠭᠪᠤᠷ᠂ ᠭᠡᠯᠪᠡᠷᠢ ᠪᠠᠢ᠌ᠳᠠᠯ᠎ᠳᠤ ᠮᠠᠰᠢ ᠶᠡᠬᠡ ᠬᠤᠪᠢᠷᠠᠯᠲᠠ ᠭᠠᠷᠤᠭᠰᠠᠨ ᠪᠤᠯᠪᠠᠴᠤ ᠲᠤᠬᠠᠢ ᠵᠢᠨ ᠦᠶ᠎ᠡ ᠵᠢᠨ ᠲᠡᠷᠡ ᠬᠦ᠌ ᠬᠦᠴᠢᠷ ᠪᠡᠷᠬᠡᠰᠢᠶᠡᠯ ᠬᠠᠷᠰᠢ ᠰᠠᠭ᠋ᠠᠳ᠎ᠢ ᠢᠯᠠᠨ ᠳᠠᠪᠠᠵᠤ ᠦᠢ᠍ᠯᠡᠰ ᠪᠣᠰᠬᠠᠬᠤ ᠵᠣᠷᠢᠭ ᠰᠠᠨᠠᠭ᠎ᠠ᠎ᠨᠢ ᠥᠨᠢ ᠡᠭᠦᠷᠢᠳᠡ ᠱᠠᠭ᠋ᠠᠷᠳᠠᠭᠳᠠᠬᠤ ᠶᠤᠮ᠃ ᠮᠠᠨ᠎ᠤ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠢ ᠦᠨᠡᠨ ᠰᠡᠳᠬᠢᠯ᠎ᠠᠴᠠ᠎ᠪᠠᠨ ᠬᠠᠯᠠᠮᠵᠢᠯᠠᠨ ᠲᠡᠭᠦᠨ᠎ᠳᠤ ᠦᠢ᠍ᠯᠡᠴᠢᠯᠡᠵᠦ᠂ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠣᠭᠣᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠵᠢ ᠪᠠᠢ᠌ᠭᠤᠯᠵᠤ᠂ ᠪᠦᠭᠦ ᠨᠡᠢ᠌ᠭᠡᠮ᠎ᠢ ᠲᠠᠢ᠌ᠴᠢᠯᠠᠨ ᠦᠢ᠍ᠯᠡᠰ ᠪᠣᠰᠬᠠᠭᠴᠢ ᠵᠢ ᠬᠦᠨᠳᠦᠳᠬᠡᠬᠦ᠂ ᠠᠵᠤ ᠠᠬᠤᠢ᠌ᠯᠠᠯᠲᠠᠨ᠎ᠢ ᠬᠦᠨᠳᠦᠳᠬᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠥᠷᠭᠡᠨ ᠤᠯᠠᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ ᠯᠠᠪᠲᠠᠢ ᠨᠡᠩ ᠭᠡᠷᠡᠯ ᠰᠠᠴᠤᠷᠠᠩᠭᠤᠢ ᠦᠢ᠍ᠯᠡᠰ ᠪᠣᠰᠬᠠᠬᠤ ᠲᠡᠦᠬᠡ ᠵᠢ ᠪᠢᠴᠢᠭᠯᠡᠨ᠎ᠡ ᠭᠡᠳᠡᠭ᠎ᠲᠤ ᠪᠢ ᠢᠲᠡᠭᠡᠵᠦ ᠪᠠᠢ᠌ᠨ᠎ᠠ᠃
ᠫᠧᠩ ᠫᠠᠢ ᠰᠣᠨᠢᠨ ᠮᠡᠳᠡᠭᠡᠨ᠎ᠤ ᠰᠤᠷᠪᠤᠯᠵᠢᠯᠠᠬ᠍ᠴᠢ᠄ ᠰᠦᠯᠵᠢᠶᠡᠨ ᠢᠷᠭᠡᠳ ᠠᠷᠠᠳ᠎ᠤᠨ ᠠᠮᠢᠳᠤᠷᠠᠯ᠎ᠤᠨ ᠵᠠᠷᠢᠮ ᠬᠠᠯᠠᠮᠰᠢᠯ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠠᠩᠬᠠᠷᠴᠤ ᠪᠤᠢ᠃ ᠡᠨᠡ ᠵᠢᠯ ᠮᠠᠨ᠎ᠤ ᠤᠯᠤᠰ᠎ᠤᠨ ᠠᠵᠢᠯ ᠣᠯᠭᠣᠯᠲᠠ ᠵᠢᠨ ᠪᠠᠢ᠌ᠳᠠᠯ ᠮᠥᠨ ᠯᠡ ᠬᠦᠨᠳᠦ ᠨᠣᠴᠢᠲᠠᠢ ᠪᠠᠢ᠌ᠨ᠎ᠠ᠂ ᠲᠡᠭᠡᠪᠡᠯ ᠵᠠᠰᠠᠭ᠎ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠢᠯ ᠣᠯᠭᠣᠯᠲᠠ ᠵᠢ ᠲᠣᠭᠲᠠᠭᠤᠨ ᠪᠠᠢ᠌ᠯᠭ᠋ᠠᠬᠤ ᠪᠤᠶ? ᠨᠢᠳᠤᠨᠤᠨ ᠳᠤᠮᠳᠠᠳᠤ ᠤᠯᠤᠰ᠎ᠲᠤ ᠤᠯᠠᠨ ᠵᠢᠯ᠎ᠳᠤ ᠪᠠᠢ᠌ᠭ᠎ᠠ ᠦᠭᠡᠢ ᠬᠥᠮᠥᠨ ᠠᠮᠠ ᠵᠢᠨ ᠰᠥᠭᠡᠷᠭᠦ ᠨᠡᠮᠡᠭᠳᠡᠯ ᠭᠠᠷᠤᠭᠰᠠᠨ᠎ᠨᠢ ᠬᠥᠮᠥᠨ ᠠᠮᠠ ᠵᠢᠨ ᠴᠡᠪᠡᠷ ᠠᠰᠢᠭ ᠤᠳᠠᠯ ᠦᠭᠡᠢ ᠠᠷᠢᠯᠬᠤ ᠵᠢ ᠬᠠᠷᠠᠭᠤᠯᠵᠤ ᠪᠠᠢ᠌ᠨ᠎ᠠ ᠦᠦ? ᠡᠨᠡ ᠵᠢᠯ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ ᠮᠡᠳᠡᠨ᠎ᠠ ᠦᠦ?
ᠯᠢ ᠴᠢᠶᠠᠩ᠄ ᠪᠢ ᠰᠦᠯᠵᠢᠶᠡᠨ ᠢᠷᠭᠡᠳ᠎ᠤᠨ ᠠᠩᠬᠠᠷᠤᠯ᠎ᠳᠤ ᠬᠠᠷᠢᠭᠤᠯᠲᠠ ᠥᠭᠭᠦ ᠳᠤᠷᠠᠲᠠᠢ᠂ ᠵᠠᠪ ᠴᠢᠯᠦᠭᠡ ᠣᠯᠳᠠᠭᠰᠠᠭ᠋ᠠᠷ ᠯᠡ ᠰᠦᠯᠵᠢᠶᠡᠨ᠎ᠳᠤ ᠭᠠᠷᠴᠤ᠂ ᠰᠦᠯᠵᠢᠶᠡᠨ ᠢᠷᠭᠡᠳ᠎ᠤᠨ ᠶᠠᠭᠤ ᠵᠢ ᠠᠩᠬᠠᠷᠴᠤ ᠪᠠᠢ᠌ᠬᠤ᠂ ᠶᠠᠮᠠᠷ ᠰᠠᠢ᠌ᠨ ᠰᠠᠨᠠᠯ ᠰᠠᠨᠠᠭᠤᠯᠭ᠎ᠠ ᠪᠠᠢ᠌ᠬᠤ ᠵᠢ ᠦᠵᠡᠳᠡᠭ᠃
ᠦᠨᠡᠨ᠎ᠳᠡᠭᠡᠨ ᠴᠢ ᠰᠠᠶᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ ᠠᠵᠢᠯ ᠣᠯᠭᠣᠯᠲᠠ ᠵᠢᠨ ᠠᠰᠠᠭᠤᠳᠠᠯ᠃ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠠᠵᠢᠯ ᠣᠯᠭᠣᠯᠲᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢᠨ ᠬᠠᠮᠤᠭ᠎ᠤᠨ ᠦᠨᠳᠦᠰᠦᠨ ᠨᠢᠭᠡ ᠵᠦᠢ᠍ᠯ ᠪᠣᠯ ᠬᠠᠰᠢᠯᠠ ᠠᠵᠤ ᠠᠬᠤᠢ ᠵᠢ ᠬᠥᠭᠵᠢᠭᠦᠯᠬᠦ᠎ᠳᠤ ᠲᠦᠰᠢᠭᠯᠡᠬᠦ ᠬᠡᠷᠡᠭᠲᠡᠢ᠃ ᠪᠣᠳᠠᠲᠠᠢ ᠠᠵᠢᠯ᠎ᠤᠨ ᠳᠤᠮᠳᠠ᠂ ᠪᠢᠳᠡ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠢ᠌ᠯᠳᠤᠬᠤ ᠪᠣᠳᠣᠯᠭ᠎ᠠ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ ᠵᠢᠨ ᠦᠢ᠍ᠯᠡᠴᠢᠯᠡᠭᠡ᠂ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠲᠠᠯ᠎ᠠ᠎ᠪᠠᠷ᠎ᠬᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ ᠣᠯᠭᠣᠯᠲᠠ ᠵᠢᠨ ᠰᠢᠨ᠎ᠡ ᠭᠡᠯᠪᠡᠷᠢ ᠵᠢ ᠳᠡᠮᠵᠢᠨ ᠵᠢᠷᠤᠮᠵᠢᠭᠤᠯᠤᠨ᠎ᠠ᠃ ᠡᠨᠡ ᠵᠢᠯ᠎ᠤᠨ ᠶᠡᠬᠡ ᠳᠡᠭᠡᠳᠦ ᠰᠤᠷᠭ᠋ᠠᠭᠤᠯᠢ ᠲᠡᠭᠦᠰᠬᠦ ᠰᠤᠷᠤᠬ᠍ᠴᠢ ᠵᠢᠱ᠌ᠢᠯᠲᠡ᠎ᠪᠠᠷ 1158 ᠲᠦᠮᠡ ᠪᠤᠢ᠂ ᠠᠵᠢᠯ ᠣᠯᠭᠣᠯᠲᠠ ᠵᠢᠨ ᠲᠠᠯ᠎ᠠ᠎ᠠᠴᠠ ᠦᠵᠡᠪᠡᠯ ᠵᠣᠬᠢᠬᠤ ᠳᠠᠷᠤᠯᠲᠠ᠎ᠲᠠᠢ ᠪᠠᠢ᠌ᠨ᠎ᠠ; ᠭᠡᠪᠡᠴᠦ ᠬᠥᠭᠵᠢᠯᠲᠡ ᠵᠢᠨ ᠲᠠᠯ᠎ᠠ᠎ᠠᠴᠠ ᠠᠪᠴᠤ ᠦᠵᠡᠪᠡᠯ᠂ ᠡᠨᠡ᠎ᠨᠢ ᠠᠮᠢᠵᠢᠷᠠᠯ᠎ᠤᠨ ᠬᠦᠴᠦᠨ ᠨᠡᠮᠡᠷᠢᠯᠡᠪᠡ᠃ ᠪᠢᠳᠡ ᠠᠵᠢᠯ ᠣᠯᠭᠣᠯᠲᠠ ᠵᠢᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ᠎ᠢ ᠬᠠᠪᠰᠤᠷᠤᠨ ᠭᠦᠳᠡᠯᠮᠦᠷᠢ ᠪᠠ ᠲᠡᠮᠡᠴᠡᠯ ᠵᠶ᠋ᠡᠷ ᠳᠠᠮᠵᠢᠭᠤᠯᠤᠨ᠂ ᠥᠪᠡᠷ᠎ᠤᠨ ᠠᠮᠢᠳᠤᠷᠠᠬᠤᠢ ᠵᠢᠨ ᠦᠨ᠎ᠡ ᠦᠷᠲᠡᠭ ᠵᠶ᠋ᠡᠨ ᠨᠡᠩ ᠰᠠᠢ᠌ᠲᠤᠷ ᠪᠡᠶᠡᠯᠡᠭᠦᠯᠬᠦ ᠪᠣᠯᠭ᠋ᠠᠨ᠎ᠠ᠃
ᠬᠣᠶᠠᠳᠤᠭ᠋ᠠᠷ ᠠᠰᠠᠭᠤᠯᠳᠠ ᠪᠣᠯ᠂ ᠬᠥᠮᠥᠨ ᠠᠮᠠ ᠵᠢᠨ ᠰᠥᠭᠡᠷᠭᠦ ᠨᠡᠮᠡᠭᠳᠡᠯ᠎ᠤᠨ ᠠᠰᠠᠭᠤᠳᠠᠯ᠃ ᠮᠠᠨ᠎ᠤ ᠤᠯᠤᠰ᠎ᠤᠨ ᠬᠥᠮᠥᠨ ᠠᠮᠠ ᠵᠢᠨ ᠥᠰᠦᠯᠲᠡ ᠡᠶᠡᠷᠭᠦ ᠪᠠᠢ᠌ᠭᠰᠠᠨ᠎ᠠᠴᠠ᠎ᠪᠠᠨ ᠰᠥᠭᠡᠷᠭᠦ ᠪᠣᠯᠵᠤ ᠪᠠᠢ᠌ᠨ᠎ᠠ᠂ ᠬᠥᠮᠥᠨ ᠠᠮᠠ ᠵᠢᠨ ᠴᠡᠪᠡᠷ ᠠᠰᠢᠭ ᠡᠭᠦᠨ᠎ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ ᠰᠠᠨᠠᠭ᠎ᠠ ᠵᠣᠪᠠᠵᠤ ᠪᠠᠢ᠌ᠨ᠎ᠠ᠃ ᠮᠢᠨᠤ ᠪᠤᠳᠣᠬᠤ᠎ᠪᠠᠷ ᠲᠡᠢ᠌ᠮᠦ ᠠᠮᠠᠷᠬᠠᠨ ᠪᠢᠰᠢ᠃ ᠬᠥᠮᠥᠨ ᠠᠮᠠ ᠵᠢᠨ ᠴᠡᠪᠡᠷ ᠠᠰᠢᠭ᠎ᠢ ᠶᠡᠷᠦᠩᠬᠡᠢ ᠬᠡᠮᠵᠢᠶ᠎ᠡ᠎ᠪᠠᠷ᠎ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ᠌ ᠶᠠᠰᠤ ᠴᠢᠨᠠᠷ ᠵᠶ᠋ᠠᠷ᠎ᠨᠢ ᠦᠵᠡᠬᠦ ᠬᠡᠷᠡᠭᠲᠡᠢ᠂ ᠬᠥᠮᠥᠨ ᠠᠮᠠ᠎ᠪᠠᠷ᠎ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ᠌ ᠴᠢᠳᠠᠪᠤᠷᠢᠲᠠᠨ ᠵᠶ᠋ᠠᠷ᠎ᠨᠢ ᠦᠵᠡᠬᠦ ᠬᠡᠷᠡᠭᠲᠡᠢ᠃ ᠮᠠᠨ᠎ᠤ ᠤᠯᠤᠰ᠎ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ᠎ᠲᠠᠢ ᠪᠠᠢ᠌ᠵᠤ᠂ ᠵᠢᠯ ᠪᠦᠷᠢ ᠵᠢᠨ ᠰᠢᠨ᠎ᠡ᠎ᠪᠠᠷ ᠨᠡᠮᠡᠭᠳᠡᠬᠦ ᠭᠦᠳᠡᠯᠮᠦᠷᠢ ᠬᠦᠴᠦᠨ ᠴᠥᠮ 1500 ᠲᠦᠮᠡ ᠵᠢ ᠳᠠᠪᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠡᠯᠪᠡᠭ ᠪᠠᠢ᠌ᠬᠤ᠎ᠨᠢ ᠮᠥᠨ ᠯᠡ ᠳᠤᠮᠳᠠᠳᠤ ᠤᠯᠤᠰ᠎ᠤᠨ ᠲᠣᠪᠣᠢ᠌ᠮ᠎ᠠ ᠳᠠᠪᠠᠭᠤᠯᠢᠭ ᠪᠣᠯᠣᠭᠰᠠᠭ᠋ᠠᠷ ᠪᠠᠢ᠌ᠨ᠎ᠠ᠃ ᠨᠡᠩ ᠴᠢᠬᠤᠯᠠ᠎ᠨᠢ᠂ ᠮᠠᠨ᠎ᠤ ᠤᠯᠤᠰ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 ᠳ᠋ᠦᠩᠰᠢᠭᠤᠷ᠎ᠢ ᠳᠠᠪᠠᠵᠤ᠂ ᠰᠢᠨ᠎ᠡ᠎ᠪᠠᠷ ᠨᠡᠮᠡᠭᠳᠡᠭᠰᠡᠨ ᠭᠦᠳᠡᠯᠮᠦᠷᠢ ᠬᠦᠴᠦᠨ᠎ᠤ ᠰᠤᠷᠭ᠋ᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ᠎ᠨᠢ 14 ᠵᠢᠯ᠎ᠳᠤ ᠬᠦᠷᠴᠡᠢ᠃ ᠮᠠᠨ᠎ᠤ 《ᠬᠥᠮᠥᠨ ᠠᠮᠠ ᠵᠢᠨ ᠴᠡᠪᠡᠷ ᠠᠰᠢᠭ》 ᠠᠷᠢᠯᠤᠭ᠋ᠠᠳᠤᠢ᠂ 《ᠴᠢᠳᠠᠪᠤᠷᠢᠲᠠᠨ᠎ᠤ ᠴᠡᠪᠡᠷ ᠠᠰᠢᠭ》 ᠶᠠᠭ ᠪᠦᠷᠢᠯᠳᠦᠵᠦ᠂ ᠬᠥᠭᠵᠢᠯᠲᠡ ᠵᠢᠨ ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠢ᠌ᠨ᠎ᠠ ᠭᠡᠵᠦ ᠬᠡᠯᠡᠵᠦ ᠪᠣᠯᠣᠨ᠎ᠠ᠃ ᠬᠡᠯᠡᠯᠭᠡᠨ ᠦᠭᠡᠢ᠂ ᠪᠢᠳᠡ ᠬᠥᠮᠥᠨ ᠠᠮᠠ ᠵᠢᠨ ᠨᠡᠮᠡᠭᠳᠡᠯ ᠬᠠᠰᠤᠭᠳᠠᠯ᠎ᠤᠨ ᠠᠪᠴᠢᠷᠠᠵᠤ ᠮᠡᠳᠡᠭᠦ ᠠᠰᠠᠭᠤᠳᠠᠯ᠎ᠢ ᠪᠠᠰᠠ ᠭᠦᠨᠵᠡᠭᠡᠢ ᠵᠠᠳᠠᠯᠤᠨ ᠰᠤᠳᠤᠯᠵᠤ᠂ ᠢᠳᠡᠪᠬᠢᠲᠡᠢ ᠠᠷᠭ᠋ᠠᠴᠠᠭ᠋ᠠᠬᠤ ᠬᠡᠷᠡᠭᠲᠡᠢ᠃
ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ ᠲᠥᠷᠥ ᠵᠢᠨ ᠪᠣᠳᠣᠯᠭ᠎ᠠ ᠵᠢᠨ ᠠᠰᠠᠭᠤᠳᠠᠯ᠎ᠤᠨ ᠲᠤᠬᠠᠢ ᠪᠢᠳᠡ ᠨᠠᠷᠢᠨ ᠬᠢᠨᠠᠮᠠᠭ᠋ᠠᠢ ᠰᠤᠳᠤᠯᠵᠤ᠂ ᠭᠦᠢ᠍ᠴᠡᠳ ᠨᠤᠲᠠᠯᠠᠯᠲᠠ ᠬᠢᠵᠦ᠂ ᠵᠣᠬᠢᠰᠲᠠᠢ ᠦᠶ᠎ᠡ᠎ᠳᠤ ᠯᠠᠪᠳᠠᠭᠤᠨ ᠵᠶ᠋ᠠᠷ ᠬᠡᠷᠡᠭᠵᠢᠭᠦᠯᠦᠨ᠎ᠡ᠃
ᠦᠽᠪᠸᠺᠰᠲ᠋ᠠᠨ᠎ᠤ ᠠᠷᠠᠳ᠎ᠤᠨ ᠶᠠᠷᠢᠶ᠎ᠠ ᠬᠡᠯᠡᠯᠴᠡᠭᠡᠨ᠎ᠤ ᠰᠣᠨᠢᠨ᠎ᠤ ᠰᠤᠷᠪᠤᠯᠵᠢᠯᠠᠬ᠍ᠴᠢ᠄ ᠳᠡᠯᠡᠬᠡᠢ ᠳᠡᠭᠡᠷᠡᠬᠢ ᠵᠠᠷᠢᠮ ᠬᠥᠮᠥᠰ ᠳᠤᠮᠳᠠᠳᠤ ᠤᠯᠤᠰ ᠪᠤᠰᠤᠳ ᠤᠯᠤᠰ᠎ᠲᠠᠢ ᠬᠠᠷᠢᠴᠠᠭᠤᠯᠪᠠᠯ ᠬᠢᠵᠢᠭ᠎ᠢ ᠰᠡᠷᠭᠡᠢ᠌ᠯᠡᠬᠦ ᠲᠠᠯ᠎ᠠ᠎ᠪᠠᠷ ᠬᠣᠶᠠᠷ ᠵᠢᠯ ᠭᠠᠷᠤᠢ ᠴᠢᠩᠭ᠎ᠠ ᠡᠵᠡᠮᠳᠡᠭᠰᠡᠨ᠎ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠢ᠌ᠨ᠎ᠠ᠂ ᠢᠷᠡᠭᠡᠳᠦᠢ᠎ᠳᠤ ᠭᠠᠷᠴᠤ ᠮᠡᠳᠡᠭᠦ ᠰᠢᠨ᠎ᠡ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ᠎ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠬᠡᠯ ᠬᠢᠭᠰᠡᠨ ᠪᠤᠢ?
ᠯᠢ ᠴᠢᠶᠠᠩ᠄ ᠬᠢᠵᠢᠭ᠎ᠤᠨ ᠪᠠᠢ᠌ᠳᠠᠯ ᠭᠠᠷᠤᠭᠰᠠᠨ ᠭᠤᠷᠪᠠᠨ ᠵᠢᠯ᠎ᠳᠤ᠂ ᠳᠤᠮᠳᠠᠳᠤ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠢᠵᠢᠭ᠎ᠲᠠᠢ ᠲᠡᠮᠡᠴᠡᠵᠦ᠂ ᠣᠲᠣ ᠨᠢᠭᠡᠨᠲᠡ ᠴᠢᠬᠤᠯᠠ ᠶᠡᠬᠡ ᠰᠢᠢ᠍ᠳᠪᠦᠷᠢᠲᠦ ᠴᠢᠨᠠᠷᠲᠠᠢ ᠢᠯᠠᠯᠲᠠ ᠵᠢ ᠣᠯᠪᠠ᠃ ᠭᠤᠷᠪᠠᠨ ᠵᠢᠯ ᠭᠠᠷᠤᠢ ᠵᠢᠨ ᠲᠤᠷᠰᠢ᠂ ᠪᠢᠳᠡ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠣᠨᠣᠴᠠᠲᠠᠢ ᠰᠡᠷᠭᠡᠢ᠌ᠯᠡᠨ ᠡᠵᠡᠮᠳᠡᠬᠦ ᠵᠢ ᠪᠠᠷᠢᠮᠲᠠᠯᠠᠵᠤ᠂ ᠴᠠᠭ ᠪᠠ ᠪᠠᠢ᠌ᠳᠠᠯ᠎ᠳᠤ ᠲᠣᠬᠢᠷᠠᠭᠤᠯᠤᠨ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠪᠡ᠃ ᠸᠢᠷᠦ᠋ᠰ᠎ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠢ᠌ᠬᠤ ᠱᠠᠲᠤᠨ᠎ᠳᠤ᠂ ᠪᠢᠳᠡ ᠡᠷᠡᠰ ᠰᠢᠭᠤᠷᠬᠠᠢ᠎ᠪᠠᠷ 《ᠬᠥᠬᠡᠭᠴᠢᠨ ᠲᠥᠷᠥᠯ᠎ᠤᠨ ᠬᠥᠬᠡ ᠬᠠᠮᠢᠶᠠᠷᠤᠯᠲᠠ》 ᠵᠢ ᠬᠡᠷᠡᠭᠵᠢᠭᠦᠯᠵᠦ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠦ ᠵᠢ ᠪᠦᠲᠦᠮᠵᠢᠲᠡᠶ ᠬᠠᠮᠠᠭ᠋ᠠᠯᠠᠭᠰᠠᠨ ᠪᠥᠭᠡᠳ ᠸᠠᠺᠼᠢᠨ ᠪᠠ ᠡᠮ᠎ᠤᠨ ᠵᠦᠢ᠍ᠯᠡᠰ᠎ᠢ ᠰᠤᠳᠤᠯᠤᠨ ᠦᠢᠯᠡᠳᠭᠦ᠂ ᠸᠠᠺᠼᠢᠨ᠎ᠤ ᠲᠠᠷᠢᠯᠭ᠎ᠠ ᠵᠢ ᠲᠦᠭᠡᠮᠡᠯᠵᠢᠭᠦᠯᠬᠦ ᠵᠡᠷᠭᠡ᠎ᠳᠤ ᠡᠷᠬᠢᠮ ᠨᠠᠨᠳᠢᠨ ᠴᠠᠭ ᠬᠤᠭᠤᠴᠠᠭ᠎ᠠ ᠣᠯᠭᠣᠭᠰᠠᠨ ᠪᠠᠢ᠌ᠨ᠎ᠠ᠃ ᠸᠢᠷᠦ᠋ᠰ᠎ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ᠎ᠤ ᠤᠯᠤᠰ᠎ᠤᠨ ᠰᠡᠷᠭᠡᠢ᠌ᠯᠡᠨ ᠵᠠᠰᠠᠬᠤ ᠴᠢᠳᠠᠪᠤᠷᠢ ᠳᠡᠭᠡᠭᠰᠢᠯᠡᠬᠦ ᠵᠢ ᠳᠠᠭ᠋ᠠᠯᠳᠤᠨ᠂ ᠪᠢᠳᠡ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ᠎ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ᠂ ᠵᠣᠬᠢᠰᠲᠠᠢ ᠴᠠᠭ᠎ᠲᠤ ᠲᠣᠬᠢᠷᠠᠭᠤᠯᠤᠯᠲᠠ ᠬᠢᠵᠦ᠂ 《ᠬᠥᠬᠡᠭᠴᠢᠨ ᠲᠥᠷᠥᠯ᠎ᠤᠨ ᠬᠥᠬᠡᠭᠴᠢᠨ ᠬᠠᠮᠢᠶᠠᠷᠤᠯᠲᠠ》 ᠵᠢ ᠬᠡᠷᠡᠭᠵᠢᠭᠦᠯᠪᠡ᠃ ᠳᠤᠮᠳᠠᠳᠤ ᠤᠯᠤᠰ ᠰᠢᠭ᠋ ᠡᠢ᠌ᠮᠦ ᠬᠥᠮᠥᠨ ᠠᠮᠠ ᠤᠯᠠᠨ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠣᠶᠠᠷ ᠰᠠᠷ᠎ᠠ ᠬᠦᠷᠬᠦ ᠦᠭᠡᠢ ᠬᠤᠭᠤᠴᠠᠭ᠋ᠠᠨ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠣᠭᠲᠠᠭᠤᠨ ᠡᠷᠭᠢᠯᠲᠡ ᠵᠢ ᠪᠡᠶᠡᠯᠡᠭᠦᠯᠵᠦ᠂ ᠠᠵᠤ ᠠᠬᠤᠢ ᠨᠡᠢ᠌ᠭᠡᠮ᠎ᠤᠨ ᠬᠡᠪ᠎ᠤᠨ ᠡᠮᠬᠢ ᠳᠢᠭᠯᠢᠮ᠎ᠢ ᠨᠡᠯᠢᠶᠡᠳ ᠲᠦᠷᠭᠡᠨ ᠰᠡᠷᠭᠦᠭᠡᠭᠰᠡᠨ᠎ᠨᠢ ᠠᠮᠠᠷ ᠦᠭᠡᠢ ᠶᠠᠪᠤᠳᠠᠯ ᠶᠤᠮ᠃ ᠮᠠᠨ᠎ᠤ ᠤᠯᠤᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠡᠯ᠎ᠡ ᠵᠦᠢ᠍ᠯ᠎ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠪᠣᠯ ᠪᠦᠷᠢᠮᠦᠰᠦᠨ ᠵᠥᠪ᠂ ᠰᠡᠷᠭᠡᠢ᠌ᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠬᠡ ᠭᠡᠳᠡᠭ᠎ᠢ ᠦᠢ᠍ᠯᠡᠳᠦᠯᠭᠡ ᠭᠡᠷᠡᠴᠢᠯᠡᠪᠡ᠃
ᠬᠥᠮᠥᠨ ᠲᠥᠷᠥᠯᠬᠢᠲᠡᠨ ᠬᠢᠭᠡᠳ ᠸᠢᠷᠦ᠋ᠰ᠎ᠤᠨ ᠲᠡᠮᠡᠴᠡᠯ ᠪᠣᠯ ᠨᠢᠭᠡᠨ ᠤᠷᠳᠤ ᠬᠤᠭᠤᠴᠠᠭ᠋ᠠᠨ᠎ᠤ ᠲᠡᠦᠬᠡᠨ ᠶᠠᠪᠤᠴᠠ ᠮᠥᠨ᠃ ᠣᠳᠣᠬᠠᠨ᠎ᠳᠤ ᠰᠢᠨ᠎ᠡ ᠲᠢᠲᠢᠮᠯᠢᠭ ᠸᠢᠷᠦ᠋ᠰ᠎ᠤᠨ ᠬᠢᠵᠢᠭ᠎ᠤᠨ ᠪᠠᠢ᠌ᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠮᠥᠨ ᠬᠦ᠌ ᠣᠷᠣᠰᠢᠵᠤ ᠪᠠᠢ᠌ᠨ᠎ᠠ᠂ ᠪᠢᠳᠡ ᠴᠠᠭ ᠲᠤᠬᠠᠢᠳᠤᠨᠢ ᠰᠤᠳᠤᠯᠤᠨ ᠮᠠᠭ᠋ᠠᠳᠯᠠᠵᠤ᠂ ᠤᠷᠢᠳᠴᠢᠯᠠᠨ ᠵᠢᠱ᠌ᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ᠎ᠢ ᠰᠠᠢ᠌ᠲᠤᠷ ᠬᠢᠬᠦ ᠵᠢᠨ ᠬᠠᠮᠲᠤ ᠠᠳᠠᠯᠢ ᠪᠤᠰᠤ ᠪᠠᠢ᠌ᠳᠠᠯ ᠳᠣᠣᠷᠠᠬᠢ ᠬᠢᠵᠢᠭ᠎ᠤᠨ ᠪᠠᠢ᠌ᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠲᠠᠰᠤᠷᠠᠯᠳᠠ ᠦᠭᠡᠢ ᠴᠢᠩᠭ᠋ᠠᠳᠬᠠᠵᠤ᠂ ᠸᠠᠺᠼᠢᠨ ᠪᠠ ᠡᠮ᠎ᠤᠨ ᠵᠦᠢ᠍ᠯᠡᠰ᠎ᠢ ᠰᠤᠳᠤᠯᠤᠨ ᠨᠡᠭᠡᠭᠡᠬᠦ ᠵᠢ ᠲᠦᠷᠭᠡᠳᠬᠡᠵᠦ᠂ ᠳᠡᠯᠡᠬᠡᠢ ᠨᠡᠢ᠌ᠭᠡᠮ᠎ᠯᠦᠭᠡ ᠵᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠬᠥᠮᠥᠨ ᠲᠥᠷᠥᠯᠬᠢᠲᠡᠨ᠎ᠤ ᠡᠷᠡᠭᠦᠯ ᠮᠡᠨᠳᠦ ᠪᠤᠶᠠᠨ ᠵᠢᠷᠭ᠋ᠠᠯ᠎ᠢ ᠬᠠᠮᠲᠤ᠎ᠪᠠᠷ ᠬᠠᠮᠠᠭ᠋ᠠᠯᠠᠨ᠎ᠠ᠃
ᠲᠠᠢ᠌ᠸᠠᠨ᠎ᠤ ᠬᠣᠯᠪᠣᠭ᠋ᠠᠲᠤ ᠰᠣᠨᠢᠨ᠎ᠤ ᠬᠣᠷᠢᠶ᠎ᠠ ᠵᠢᠨ ᠰᠤᠷᠪᠤᠯᠵᠢᠯᠠᠬ᠍ᠴᠢ᠄ ᠡᠬᠡ ᠬᠠᠭᠤᠷᠠᠢ ᠵᠢᠨ ᠲᠠᠯ᠎ᠠ ᠠᠴᠠ᠂ ᠲᠠᠢ᠌ᠸᠠᠨ᠎ᠤ ᠠᠬ᠎ᠠ ᠳᠡᠭᠦᠦ ᠨᠠᠷ᠎ᠢ ᠢᠮᠠᠭᠲᠠ ᠬᠠᠢ᠌ᠷᠠᠯᠠᠨ ᠬᠠᠯᠠᠮᠵᠢᠯᠠᠵᠤ᠂ ᠭᠦᠨᠳᠦᠳᠭᠡᠵᠦ᠂ ᠪᠤᠶᠠᠨ ᠦᠢ᠍ᠯᠡᠳᠦᠨ᠎ᠡ ᠭᠡᠵᠦ ᠢᠯᠡᠷᠬᠡᠢ᠌ᠯᠡᠪᠡ᠃ ᠡᠬᠡ ᠬᠠᠭᠤᠷᠠᠢ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠲᠣᠬᠢᠷᠠᠭᠤᠯᠤᠨ ᠰᠢᠯᠢᠳᠡᠭᠵᠢᠭᠦᠯᠬᠦ ᠵᠢ ᠳᠠᠭ᠋ᠠᠯᠳᠤᠨ᠂ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠠᠷᠠᠳ ᠣᠯᠠᠨ ᠴᠥᠮ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠬᠡᠪ᠎ᠤᠨ ᠰᠣᠯᠢᠯᠴᠠᠭ᠎ᠠ ᠶᠠᠪᠤᠯᠴᠠᠭ᠎ᠠ ᠵᠢ ᠠᠯᠢ ᠲᠦᠷᠭᠡᠨ ᠵᠢᠡᠷ ᠪᠦᠭᠦ ᠲᠠᠯ᠎ᠠ᠎ᠪᠠᠷ ᠰᠡᠷᠭᠦᠭᠡᠬᠦ ᠵᠢ ᠬᠦᠰᠡᠵᠦ ᠪᠠᠢ᠌ᠨ᠎ᠠ᠃ ᠲᠡᠭᠡᠪᠡᠯ᠂ ᠡᠬᠡ ᠬᠠᠭᠤᠷᠠᠢ ᠵᠢᠨ ᠲᠠᠯ᠎ᠠ ᠵᠢᠨ᠎ᠬᠢᠨ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠠᠵᠤ ᠠᠬᠤᠢ ᠰᠣᠶᠣᠯ᠎ᠤᠨ ᠬᠠᠮᠲᠤᠷᠠᠯᠴᠠᠭ᠎ᠠ ᠰᠣᠯᠢᠯᠴᠠᠭ᠎ᠠ ᠵᠢᠴᠢ ᠬᠥᠮᠥᠰ᠎ᠤᠨ ᠶᠠᠪᠤᠯᠴᠠᠭ᠎ᠠ ᠵᠢ ᠠᠬᠢᠭᠤᠯᠬᠤ ᠲᠠᠯ᠎ᠠ᠎ᠪᠠᠷ ᠶᠠᠮᠠᠷ ᠲᠥᠯᠦᠪᠵᠢᠭᠦᠯᠭᠡ᠎ᠲᠠᠢ ᠪᠤᠢ?
ᠯᠢ ᠴᠢᠶᠠᠩ᠄ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠠᠬ᠎ᠠ ᠳᠡᠭᠦᠦ ᠨᠠᠷ ᠪᠣᠯ ᠨᠢᠭᠡ ᠭᠡᠷ᠎ᠤᠨ ᠬᠥᠮᠥᠨ ᠮᠥᠨ᠂ ᠴᠢᠰᠤ ᠮᠢᠬᠠᠨ᠎ᠤ ᠪᠠᠷᠢᠯᠳᠤᠯᠭ᠎ᠠ᠎ᠲᠠᠢ᠂ ᠶᠠᠰᠤ ᠰᠢᠷᠪᠦᠰᠦ ᠵᠢᠨ ᠬᠤᠯᠪᠤᠭ᠎ᠠ᠎ᠲᠠᠢ ᠶᠤᠮ᠃ ᠪᠢᠳᠡ ᠨᠢᠭᠡ ᠳᠤᠮᠳᠠᠳᠤ ᠤᠯᠤᠰ ᠪᠠᠢ᠌ᠬᠤ ᠵᠠᠷᠴᠢᠮ ᠪᠣᠯᠣᠨ 《ᠶᠡᠷᠡᠨ ᠬᠣᠶᠠᠷ ᠣᠨ᠎ᠤ ᠬᠠᠮᠲᠤ ᠵᠢᠨ ᠲᠠᠨᠢᠯᠲᠠ》 ᠵᠢᠨ ᠰᠠᠭᠤᠷᠢᠨ ᠳᠡᠭᠡᠷ᠎ᠡ᠂ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠡ ᠠᠵᠤ ᠠᠬᠤᠢ ᠰᠣᠶᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠦᠷᠭᠦᠯᠵᠢᠯᠡᠨ ᠠᠬᠢᠭᠤᠯᠵᠤ᠂ ᠨᠡᠩ ᠣᠯᠠᠨ ᠲᠠᠢ᠌ᠸᠠᠨ᠎ᠤ ᠠᠬ᠎ᠠ ᠳᠡᠭᠦᠦ ᠨᠠᠷ ᠪᠣᠯᠣᠨ ᠲᠠᠢ᠌ᠸᠠᠨ᠎ᠤ ᠠᠵᠤ ᠠᠬᠤᠢ᠌ᠯᠠᠯ᠎ᠢ ᠡᠬᠡ ᠬᠠᠭᠤᠷᠠᠢ᠎ᠳᠤ ᠢᠷᠡᠭᠦᠯᠵᠦ᠂ ᠳᠤᠷᠠᠲᠠᠶ᠎ᠠ ᠢᠷᠡᠭᠦᠯᠭᠦ᠎ᠪᠠᠷ ᠪᠠᠷᠠᠬᠤ ᠦᠭᠡᠢ ᠠᠭᠤᠰᠤᠯᠴᠠᠭᠤᠯᠵᠤ᠂ ᠰᠠᠢ᠌ᠨ ᠬᠥᠭᠵᠢᠯᠲᠡ᠎ᠲᠠᠢ ᠪᠣᠯᠭ᠋ᠠᠨ᠎ᠠ᠃
ᠣᠳᠣᠬᠠᠨ᠎ᠳᠤ᠂ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠠᠬ᠎ᠠ ᠳᠡᠭᠦᠦ ᠨᠠᠷ᠎ᠤᠨ ᠬᠡᠪ᠎ᠤᠨ ᠶᠠᠪᠤᠯᠴᠠᠭ᠎ᠠ ᠵᠢ ᠡᠷᠲᠡᠬᠡᠨ ᠪᠡᠶᠡᠯᠡᠭᠦᠯᠵᠦ᠂ ᠡᠯ᠎ᠡ ᠬᠦᠷᠢᠶᠡᠨ᠎ᠳᠠᠬᠢ ᠬᠡᠪ᠎ᠤᠨ ᠬᠠᠮᠲᠤᠷᠠᠯᠴᠠᠭ᠎ᠠ ᠵᠢ ᠰᠡᠷᠭᠦᠭᠡᠬᠦ ᠪᠣᠯ ᠣᠯᠠᠨ᠎ᠤ ᠬᠠᠮᠲᠤ ᠵᠢᠨ ᠬᠦᠰᠡᠯ ᠡᠷᠡᠮᠡᠯᠵᠡᠯ ᠮᠥᠨ᠂ ᠬᠠᠮᠲᠤ᠎ᠪᠠᠷ ᠴᠢᠷᠮᠠᠢ᠌ᠬᠤ ᠴᠢᠬᠤᠯᠠᠲᠠᠢ ᠶᠤᠮ᠃
ᠠᠷᠠᠳ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠬ᠍ᠴᠢ᠄ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠬᠠᠮᠤᠭ᠎ᠤᠨ ᠬᠠᠲᠠᠭᠤ ᠪᠡᠷᠬᠡ ᠪᠥᠭᠡᠳ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢ᠌ᠨ᠎ᠠ᠃ ᠠᠰᠠᠭᠤᠬᠤ᠎ᠨᠢ᠂ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯ᠎ᠠ᠎ᠪᠠᠷ ᠶᠠᠮᠠᠷ ᠪᠣᠳᠣᠯᠬᠢᠯᠠᠯ᠎ᠲᠠᠢ ᠪᠤᠢ?ᠳᠤᠮᠳᠠᠳᠤ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ?
ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ᠎ᠤᠨ ᠶᠡᠬᠡ ᠤᠯᠤᠰ ᠮᠥᠨ᠂ ᠣᠳᠣᠬᠠᠨ᠎ᠳᠤ ᠪᠠᠰᠠ 5 ᠳ᠋ᠦᠩᠰᠢᠭᠤᠷ ᠰᠢᠬᠠᠮ ᠬᠥᠮᠥᠨ ᠬᠥᠳᠡᠭᠡ ᠲᠣᠰᠬᠣᠨ᠎ᠳᠤ ᠪᠠᠢ᠌ᠩᠭᠤ ᠰᠠᠭᠤᠷᠢᠰᠢᠵᠤ ᠪᠤᠢ᠃ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠪᠠᠢ᠌ᠬᠤ ᠦᠭᠡᠢ ᠪᠣᠯ ᠨᠡᠢ᠌ᠭᠡᠮ ᠵᠢᠷᠤᠮᠲᠤ ᠣᠳᠣᠬᠢᠴᠢᠯᠠᠯᠲᠠ ᠪᠦᠭᠦ ᠲᠠᠯ᠎ᠠ ᠵᠢᠨ ᠪᠢᠰᠢ ᠶᠤᠮ᠃ ᠨᠢᠳᠤᠨᠤᠨ᠎ᠤ ᠵᠢᠯ᠎ᠤᠨ ᠰᠡᠭᠦᠯᠴᠢ᠎ᠪᠠᠷ ᠬᠤᠷᠠᠯᠳᠤᠭᠰᠠᠨ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵ᠊ᠢ ᠰᠢ ᠵᠢᠨ ᠫᠢᠩ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠢ ᠰᠠᠢ᠌ᠲᠤᠷ ᠬᠢᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠤᠬᠠᠢ ᠪᠦᠭᠦ ᠲᠠᠯ᠎ᠠ ᠵᠢᠨ ᠪᠠᠢ᠌ᠷᠢᠯᠠᠭᠤᠯᠤᠯᠲᠠ ᠬᠢᠵᠡᠢ᠃ ᠣᠳᠣᠬᠠᠨ᠎ᠳᠤ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠱᠠᠭ᠋ᠠᠷᠳᠠᠯᠭ᠎ᠠ ᠶᠣᠰᠣᠭ᠋ᠠᠷ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠢ ᠪᠠᠢ᠌ᠨ᠎ᠠ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠠᠯ᠎ᠠ᠎ᠪᠠᠷ ᠠᠪᠴᠤ ᠬᠡᠯᠡᠪᠡᠯ᠂ ᠮᠢᠨᠤ ᠦᠵᠡᠬᠦ᠎ᠪᠠᠷ ᠳᠠᠷᠠᠭ᠋ᠠᠴᠢ ᠵᠢᠨ ᠪᠣᠳᠠᠲᠠᠢ ᠠᠵᠢᠯ᠎ᠤᠨ ᠳᠤᠮᠳᠠ᠎ᠪᠠᠨ ᠭᠤᠷᠪᠠᠨ ᠵᠠᠩᠭᠢᠯᠠᠭ᠎ᠠ ᠵᠢᠨ ᠦᠭᠡᠰ᠎ᠢ ᠳᠣᠪᠤᠢ᠌ᠯᠭ᠋ᠠᠨᠠ᠄ ᠨᠢᠭᠡ᠎ᠳᠤ ᠪᠦᠭᠦ ᠲᠠᠯ᠎ᠠ᠎ᠪᠠᠷ᠃ ᠵᠥᠪᠭᠡᠨ ᠠᠵᠤ ᠠᠬᠤᠢ ᠵᠢ ᠬᠥᠭᠵᠢᠭᠦᠯᠬᠦ ᠲᠡᠳᠦᠢ ᠪᠢᠰᠢ᠂ ᠬᠠᠷᠢᠨ ᠬᠥᠳᠡᠭᠡ ᠲᠣᠰᠬᠣᠨ᠎ᠤ ᠠᠵᠤ ᠠᠬᠤᠢ ᠵᠢᠨ ᠥᠷᠲᠡᠭ᠂ ᠠᠮᠢ ᠠᠬᠤᠢ ᠵᠢᠨ ᠥᠷᠲᠡᠭ᠂ ᠨᠡᠢ᠌ᠭᠡᠮ᠎ᠤᠨ ᠥᠷᠲᠡᠭ᠂ ᠰᠣᠶᠣᠯ᠎ᠤᠨ ᠥᠷᠲᠡᠭ᠎ᠢ ᠪᠦᠭᠦ ᠲᠠᠯ᠎ᠠ᠎ᠪᠠᠷ ᠢᠯᠡᠷᠡᠭᠦᠯᠦᠨ᠎ᠡ᠃ ᠬᠣᠶᠠᠷ᠎ᠲᠤ ᠥᠪᠡᠷᠮᠢᠴᠡ ᠣᠨᠴᠠᠯᠢᠭ᠃ ᠳᠤᠮᠳᠠᠳᠤ ᠤᠯᠤᠰ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ 《ᠠᠷᠪᠠᠨ ᠭᠠᠵᠠᠷ᠎ᠲᠤ ᠠᠳᠠᠯᠢ ᠪᠤᠰᠤ ᠵᠢᠨ ᠰᠠᠯᠬᠢᠨ᠎ᠲᠠᠢ᠂ ᠵᠠᠭᠤᠨ ᠭᠠᠵᠠᠷ᠎ᠲᠤ ᠠᠳᠠᠯᠢ ᠪᠤᠰᠤ ᠵᠢᠨ ᠵᠠᠩᠰᠢᠯ᠎ᠲᠠᠢ》᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠵᠤ᠂ ᠥᠪᠡᠷ᠎ᠤᠨ ᠣᠨᠴᠠᠯᠢᠭ᠎ᠲᠠᠢ ᠬᠥᠳᠡᠭᠡ ᠲᠣᠰᠬᠣᠨ᠎ᠤ ᠳᠦᠷᠰᠦ ᠪᠠᠢ᠌ᠳᠠᠯ᠎ᠢ ᠴᠣᠭᠴᠠᠯᠠᠵᠤ᠂ ᠭᠠᠵᠠᠷ ᠣᠷᠣᠨ᠎ᠤ ᠰᠣᠶᠣᠯ᠂ ᠨᠤᠲᠤᠭ᠎ᠤᠨ ᠰᠣᠶᠣᠯ᠎ᠢ ᠰᠠᠢ᠌ᠲᠤᠷ ᠬᠠᠮᠠᠭ᠋ᠠᠯᠠᠨ ᠤᠯᠠᠮᠵᠢᠯᠠᠬᠤ ᠬᠡᠷᠡᠭᠲᠡᠢ᠂ ᠲᠣᠰᠬᠣᠨ ᠪᠣᠯᠭ᠋ᠠᠨ᠎ᠢ ᠨᠢᠭᠡ ᠯᠡ ᠬᠡᠪ᠎ᠤᠨ ᠪᠠᠢ᠌ᠯᠭ᠋ᠠᠵᠤ ᠪᠤᠯᠬᠤ ᠦᠭᠡᠢ᠃ ᠭᠤᠷᠪᠠ᠎ᠳᠤ ᠥᠭᠡᠷᠡᠴᠢᠯᠡᠯᠲᠡ ᠬᠢᠬᠦ᠃ ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠳᠠᠮᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ᠂ ᠥᠷᠭᠡᠨ ᠣᠯᠠᠨ ᠲᠠᠷᠢᠶᠠᠴᠢᠨ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯ ᠴᠣᠭᠴᠠ ᠮᠥᠨ᠂ ᠡᠷᠬᠡᠪᠰᠢ ᠲᠡᠳᠡᠨ᠎ᠤ ᠢᠳᠡᠪᠬᠢᠵᠢᠯ᠎ᠢ ᠭᠦᠢ᠍ᠴᠡᠳ ᠳᠠᠢ᠌ᠴᠢᠯᠠᠵᠤ᠂ ᠲᠡᠳᠡᠨ᠎ᠢ ᠥᠭᠡᠷᠡᠴᠢᠯᠡᠯᠲᠡ᠎ᠳᠤ ᠢᠳᠡᠪᠬᠢᠲᠡᠢ ᠣᠷᠣᠯᠴᠠᠭᠤᠯᠬᠤ ᠵᠢᠨ ᠬᠠᠮᠲᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠨᠡᠩ ᠰᠠᠢ᠌ᠲᠤᠷ ᠡᠳ᠋ᠯᠡᠭᠦᠯᠭᠦ ᠬᠡᠷᠡᠭᠲᠡᠢ᠃
ᠰᠠᠶᠢ ᠲᠠ ᠪᠠᠰᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠰᠠᠭᠤᠳᠠᠯ᠎ᠢ ᠳᠤᠷᠠᠳᠤᠭᠰᠠᠨ ᠪᠠᠢ᠌ᠨ᠎ᠠ᠃ ᠮᠠᠨ᠎ᠤ ᠤᠯᠤᠰ᠎ᠤᠨ ᠠᠮᠤ ᠪᠤᠳᠠᠭ᠋ᠠᠨ᠎ᠤ ᠤᠨᠠᠯᠲᠠ 8 ᠵᠢᠯ ᠳᠠᠷᠠᠭ᠋ᠠᠯᠠᠨ 1.3 ᠲᠦᠮᠡᠨ ᠳ᠋ᠦᠩᠰᠢᠭᠤᠷ ᠵᠢᠩ᠎ᠢ ᠳᠠᠪᠠᠵᠤ᠂ ᠶᠡᠷᠦᠩᠬᠡᠢ᠎ᠳᠡᠭᠡᠨ ᠠᠮᠤ ᠪᠤᠳᠠᠭ᠋ᠠᠨ᠎ᠤ ᠠᠮᠤᠷ ᠲᠦᠪᠰᠢᠨ ᠪᠠᠲᠤᠯᠠᠭ᠎ᠠ᠎ᠲᠠᠢ ᠶᠤᠮ᠂ ᠪᠢᠳᠡ ᠲᠠᠷᠢᠶᠠᠨ ᠭᠠᠵᠠᠷ ᠪᠠ ᠦᠷ᠎ᠡ ᠡᠭᠦᠯᠳᠡᠷ᠎ᠤᠨ 《ᠬᠣᠶᠠᠷ ᠵᠠᠩᠭᠢᠯᠠᠭ᠎ᠠ》 ᠵᠢ ᠴᠢᠩᠭ᠎ᠠ ᠠᠳᠬᠤᠵᠤ᠂ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠳᠡ ᠲᠠᠷᠢᠶᠠᠴᠢᠨ ᠨᠥᠬᠥᠳ᠎ᠲᠤ ᠣᠨᠴᠠᠭ᠋ᠠᠢ᠌ᠯᠠᠨ ᠭᠡᠯᠡᠭᠦ᠎ᠨᠢ᠄ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠢ ᠳᠡᠮᠵᠢᠭᠦ ᠵᠠᠰᠠᠭ᠎ᠤᠨ ᠣᠷᠳᠣᠨ᠎ᠤ ᠪᠤᠢ ᠪᠦᠬᠦᠢ ᠲᠥᠷᠥ ᠵᠢᠨ ᠪᠣᠳᠣᠯᠭ᠎ᠠ ᠵᠢ ᠨᠡᠮᠡᠭᠳᠡᠭᠦᠯᠬᠦ᠎ᠠᠴᠠ ᠪᠢᠰᠢ ᠬᠠᠰᠤᠭᠳᠠᠭᠤᠯᠬᠤ ᠦᠭᠡᠢ᠂ ᠣᠯᠠᠨ᠎ᠢ ᠵᠣᠷᠢᠭᠵᠢᠭᠤᠯᠤᠨ ᠠᠮᠤ ᠪᠤᠳᠠᠭ᠎ᠠ ᠵᠢ ᠣᠯᠠᠨ ᠲᠠᠷᠢᠭᠤᠯᠵᠤ᠂ ᠳᠤᠮᠳᠠᠳᠤ ᠤᠯᠤᠰ᠎ᠤᠨ 14 ᠳ᠋ᠦᠩᠰᠢᠭᠤᠷ ᠭᠠᠷᠤᠢ ᠬᠥᠮᠥᠨ᠎ᠤ ᠪᠤᠳᠠᠭ᠋ᠠᠨ ᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠠᠳᠬᠤᠬᠤ ᠵᠢ ᠦᠨᠡᠨ ᠬᠦ᠌ ᠪᠠᠲᠤᠯᠠᠨ᠎ᠠ᠃
ᠳᠤᠮᠳᠠᠳᠤ ᠤᠯᠤᠰ᠎ᠲᠤ ᠰᠠᠭᠤᠭ᠎ᠠ ᠠᠷᠠᠪ᠎ᠤᠨ ᠣᠳᠣᠨ ᠲᠧᠯᠸᠢᠰ᠎ᠤᠨ ᠬᠣᠷᠢᠶ᠎ᠠ ᠵᠢᠨ ᠰᠤᠷᠪᠤᠯᠵᠢᠯᠠᠬ᠍ᠴᠢ᠄ ᠣᠳᠣᠬᠠᠨ᠎ᠳᠤ ᠭᠠᠵᠠᠷ ᠣᠷᠣᠨ᠎ᠤ ᠤᠯᠤᠰ ᠲᠥᠷᠥ ᠵᠢᠨ ᠮᠥᠷᠭᠦᠯᠳᠦᠭᠡᠨ ᠪᠠ ᠳᠡᠯᠡᠬᠡᠢ᠌ᠵᠢᠯᠲᠡ ᠵᠢ ᠦᠭᠡᠢ᠌ᠰᠭᠡᠭᠦ ᠶᠠᠪᠤᠳᠠᠯ ᠬᠤᠷᠴᠠᠳᠴᠤ᠂ ᠳᠤᠮᠳᠠᠳᠤ ᠠᠮᠧᠷᠢᠺᠠ ᠵᠢᠨ ᠬᠠᠷᠢᠴᠠᠭ᠎ᠠ ᠪᠠᠴᠢᠮ ᠰᠢᠷᠦᠭᠦᠨ ᠮᠥᠷᠲᠡᠭᠡᠨ ᠡᠰᠡᠷᠭᠦᠴᠡᠯᠳᠦᠵᠦ ᠪᠠᠢ᠌ᠨ᠎ᠠ᠂ ᠬᠡᠳᠦᠢ᠌ᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠢ᠌ᠪᠢᠰᠢ ᠦᠭᠡᠢ᠎ᠪᠠᠷ ᠠᠬᠢᠭᠤᠯᠬᠤ ᠵᠢ ᠴᠢᠬᠤᠯᠠᠴᠢᠯᠠᠭᠰᠠᠭ᠋ᠠᠷ ᠢᠷᠡᠭᠰᠡᠨ ᠪᠤᠯᠪᠠᠴᠤ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠭᠠᠳᠠᠭ᠋ᠠᠳᠤ ᠵᠢᠨ ᠠᠵᠤ ᠠᠬᠤᠢ᠌ᠯᠠᠯ ᠮᠥᠨ ᠯᠡ ᠰᠠᠨᠠᠭ᠎ᠠ ᠠᠮᠤᠷ ᠡᠵᠡᠩᠨᠡᠯᠲᠡ ᠬᠢᠵᠦ ᠳᠡᠢ᠌ᠯᠭᠦ ᠦᠭᠡᠢ ᠪᠠᠢ᠌ᠵᠤ᠂ ᠵᠠᠷᠢᠮ᠎ᠨᠢ ᠤᠬᠤᠷᠢᠨ ᠭᠠᠷᠬᠤ ᠵᠢ ᠪᠣᠳᠣᠯᠬᠢᠯᠠᠵᠤ ᠪᠠᠢ᠌ᠨ᠎ᠠ᠃ ᠲᠡᠭᠡᠪᠡᠯ᠂ ᠳᠤᠮᠳᠠᠳᠤ ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠲᠥᠷᠥ ᠵᠢᠨ ᠪᠣᠳᠣᠯᠭ᠎ᠠ᠎ᠳᠤ ᠬᠤᠪᠢᠷᠠᠯᠲᠠ ᠭᠠᠷᠤᠨ᠎ᠠ ᠤᠤ? ᠣᠳᠣᠬᠠᠨ᠎ᠤ ᠳᠤᠮᠳᠠᠳᠤ ᠠᠮᠧᠷᠢᠺᠠ ᠵᠢᠨ ᠬᠠᠷᠢᠴᠠᠭ᠎ᠠ ᠵᠢᠴᠢ ᠲᠡᠭᠦᠨ᠎ᠤ ᠰᠠᠢ᠌ᠵᠢᠷᠠᠯᠲᠠ ᠵᠢᠨ ᠢᠷᠡᠭᠡᠳᠦᠢ ᠵᠢᠨ ᠬᠠᠨᠳᠤᠰᠢ ᠵᠢ ᠬᠡᠷᠬᠢᠨ ᠦᠵᠡᠵᠦ ᠪᠠᠢ᠌ᠬᠤ ᠪᠤᠢ?
ᠯᠢ ᠴᠢᠶᠠᠩ᠄ ᠡᠨᠡ ᠵᠢᠯ ᠪᠣᠯ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ᠎ᠤᠨ ᠣᠢ ᠪᠣᠯᠣᠨ᠎ᠠ᠂ ᠥᠭᠡᠷᠡᠴᠢᠯᠡᠯᠲᠡ ᠨᠡᠭᠡᠭᠡᠯᠲᠡ᠎ᠨᠢ ᠳᠤᠮᠳᠠᠳᠤ ᠤᠯᠤᠰ᠎ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ᠎ᠢ ᠨᠥᠯᠥᠭᠡᠯᠡᠪᠡ᠃ ᠮᠢᠨᠤ ᠡᠵᠡᠮᠰᠢᠭᠰᠡᠨ ᠪᠠᠢ᠌ᠳᠠᠯ᠎ᠠᠴᠠ ᠦᠵᠡᠪᠡᠯ᠂ ᠵᠣᠩᠬᠢᠯᠠᠬᠤ ᠣᠯᠠᠨ ᠲᠣᠭ᠋ᠠᠨ᠎ᠤ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ ᠮᠥᠨ ᠯᠡ ᠳᠤᠮᠳᠠᠳᠤ ᠤᠯᠤᠰ᠎ᠲᠠᠬᠢ ᠬᠥᠭᠵᠢᠯᠲᠡ ᠵᠢᠨ ᠢᠷᠡᠭᠡᠳᠦᠢ᠎ᠳᠤ ᠢᠲᠡᠭᠡᠯ᠎ᠲᠠᠢ ᠪᠠᠢ᠌ᠵᠤ᠂ ᠨᠢᠳᠤᠨᠤᠨ ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ᠎ᠤᠨ ᠭᠠᠳᠠᠭ᠋ᠠᠳᠤ ᠪᠡᠯᠡ ᠵᠢ ᠬᠡᠷᠡᠭᠯᠡᠵᠦ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠭᠤᠷᠪᠠᠨ ᠵᠢᠯ᠎ᠤᠨ ᠡᠮᠦᠨᠡᠬᠢ᠎ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ᠃ ᠡᠨᠡ᠎ᠨᠢ ᠳᠤᠮᠳᠠᠳᠤ ᠤᠯᠤᠰ ᠮᠥᠨ ᠬᠦ᠌ ᠪᠦᠭᠦ ᠪᠥᠮᠪᠥᠷᠴᠡᠭ᠎ᠤᠨ ᠪᠡᠯᠡ ᠣᠷᠣᠭᠤᠯᠤᠯᠲᠠ ᠵᠢᠨ ᠬᠠᠯᠠᠮᠰᠢᠯ ᠭᠠᠵᠠᠷ ᠪᠤᠯᠬᠤ ᠵᠢ ᠬᠠᠷᠠᠭᠤᠯᠵᠤ ᠪᠠᠢ᠌ᠨ᠎ᠠ᠃
ᠭᠠᠳᠠᠭ᠋ᠠᠳᠤ ᠨᠡᠭᠡᠭᠡᠯᠲᠡ ᠪᠣᠯ ᠮᠠᠨ᠎ᠤ ᠦᠨᠳᠦᠰᠦᠨ ᠤᠯᠤᠰ᠎ᠤᠨ ᠪᠣᠳᠣᠯᠭ᠎ᠠ ᠮᠥᠨ᠂ ᠭᠠᠳᠠᠭ᠋ᠠᠳᠤ ᠪᠠᠢ᠌ᠳᠠᠯ ᠶᠠᠭ᠋ᠠᠬᠢᠵᠤ ᠬᠤᠪᠢᠷᠠᠭᠰᠠᠨ ᠴᠦ᠍ ᠪᠢᠳᠡ ᠴᠥᠮ ᠡᠷᠡᠰ ᠭᠤᠢ᠌ᠪᠢᠰᠢ ᠦᠭᠡᠢ᠎ᠪᠠᠷ ᠤᠷᠤᠭᠰᠢ ᠠᠬᠢᠭᠤᠯᠬᠤ ᠪᠣᠯᠣᠨ᠎ᠠ᠃ ᠪᠢ ᠡᠨᠳᠡ ᠳᠤᠮᠳᠠᠳᠤ ᠤᠯᠤᠰ᠎ᠤᠨ ᠣᠯᠠᠨ ᠤᠯᠤᠰ᠎ᠤᠨ ᠭᠠᠳᠠᠭ᠋ᠠᠳᠤ ᠣᠷᠣᠭᠤᠯᠤᠯᠲᠠ ᠵᠢᠨ ᠦᠵᠡᠰᠭᠦᠯᠡᠩ᠎ᠤᠨ ᠴᠤᠭᠯᠠᠭ᠋ᠠᠨ᠎ᠢ ᠣᠨᠴᠠᠭ᠋ᠠᠢ᠌ᠯᠠᠨ ᠳᠤᠷᠠᠳᠤᠶ᠎ᠠ᠂ ᠡᠨᠡ ᠪᠣᠯ ᠳᠤᠮᠳᠠᠳᠤ ᠤᠯᠤᠰ ᠰᠠᠨᠠᠭ᠋ᠠᠴᠢᠯᠠᠭ᠎ᠠ᠎ᠠᠴᠠ᠎ᠪᠠᠨ ᠳᠡᠯᠡᠬᠡᠢ ᠳ᠋ᠠᠬᠢᠨ ᠲᠡᠢ᠌ᠰᠢ ᠵᠠᠬ᠎ᠠ ᠳᠡᠯᠭᠡᠭᠦᠷ ᠵᠢᠡᠨ ᠨᠡᠭᠡᠭᠡᠵᠦ᠂ ᠬᠥᠭᠵᠢᠯᠲᠡ ᠵᠢᠨ ᠠᠵᠠ ᠲᠣᠭᠢᠶᠠᠯ᠎ᠢ ᠬᠠᠮᠲᠤ᠎ᠪᠠᠷ ᠡᠳ᠋ᠯᠡᠭᠦ ᠴᠢᠬᠤᠯᠠ ᠶᠡᠬᠡ ᠠᠷᠭ᠎ᠠ ᠬᠡᠮᠵᠢᠶ᠎ᠡ ᠪᠣᠯᠣᠨ᠎ᠠ᠂ ᠨᠢᠭᠡᠨᠲᠡ 5 ᠬᠤᠭᠤᠴᠠᠭ᠎ᠠ ᠦᠷᠭᠦᠯᠵᠢᠯᠡᠨ ᠡᠷᠭᠢᠯᠡᠵᠦ᠂ ᠬᠢᠵᠢᠭ᠎ᠤᠨ ᠪᠠᠢ᠌ᠳᠠᠯ᠎ᠳᠤ ᠴᠦ᠍ ᠭᠡᠰᠡᠨ ᠲᠠᠰᠤᠯᠳᠠᠭᠰᠠᠨ ᠦᠭᠡᠢ ᠶᠤᠮ᠂ ᠨᠢᠳᠤᠨᠤᠨ 127 ᠤᠯᠤᠰ ᠪᠠ ᠭᠠᠵᠠᠷ ᠣᠷᠣᠨ᠎ᠤ 2800 ᠭᠠᠷᠤᠢ ᠠᠵᠤ ᠠᠬᠤᠢ᠌ᠯᠠᠯ ᠦᠵᠡᠰᠭᠦᠯᠡᠩ᠎ᠤᠨ ᠴᠤᠭᠯᠠᠭ᠋ᠠᠨ᠎ᠳᠤ ᠣᠷᠣᠯᠴᠠᠬᠰᠠᠨ ᠪᠠᠢ᠌ᠨ᠎ᠠ᠃ ᠳᠤᠮᠳᠠᠳᠤ ᠤᠯᠤᠰ᠎ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ᠎ᠨᠢ ᠡᠯ᠎ᠡ ᠤᠯᠤᠰ᠎ᠤᠨ ᠠᠵᠤ ᠠᠬᠤᠢ᠌ᠯᠠᠯ᠎ᠤᠨ ᠬᠥᠭᠵᠢᠯᠲᠡ ᠵᠢᠨ ᠴᠢᠬᠤᠯᠠ ᠠᠵᠠ ᠲᠣᠭᠢᠶᠠᠯ ᠪᠤᠯᠬᠤ ᠵᠢ ᠡᠨᠡ ᠬᠦ᠌ ᠦᠵᠡᠰᠭᠦᠯᠡᠩ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠭᠢᠯᠡᠭᠰᠡᠨ᠎ᠨᠢ ᠭᠦᠢ᠍ᠴᠡᠳ ᠲᠣᠳᠣᠷᠬᠠᠢ᠌ᠯᠠᠵᠤ ᠪᠠᠢ᠌ᠨ᠎ᠠ᠃
ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠵᠣᠯᠭ᠋ᠠᠭᠤᠯᠵᠤ᠂ ᠨᠡᠭᠡᠭᠡᠯᠲᠡ᠎ᠪᠠᠨ ᠤᠯᠠᠮ ᠴᠢᠨᠠᠭᠰᠢᠳᠠ ᠥᠷᠭᠡᠳᠬᠡᠨ᠎ᠡ᠃ ᠳᠤᠮᠳᠠᠳᠤ ᠤᠯᠤᠰ᠎ᠤᠨ ᠨᠡᠭᠡᠭᠡᠯᠲᠡ ᠬᠢᠬᠦ ᠡᠭᠦᠳᠡ ᠶᠠᠪᠤᠬᠤ ᠳᠤᠳᠤᠮ ᠲᠣᠮᠣ ᠨᠡᠭᠡᠭᠡᠭᠳᠡᠵᠦ᠂ ᠣᠷᠴᠢᠨ ᠲᠣᠭᠣᠷᠢᠨ ᠶᠠᠪᠤᠬᠤ ᠳᠤᠳᠤᠮ ᠰᠠᠢ᠌ᠵᠢᠷᠠᠵᠤ᠂ ᠦᠢ᠍ᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ᠃ ᠨᠡᠭᠡᠭᠡᠯᠲᠡ᠎ᠲᠠᠢ ᠳᠤᠮᠳᠠᠳᠤ ᠤᠯᠤᠰ ᠣᠯᠠᠨ᠎ᠤ ᠪᠡᠯᠡ ᠣᠷᠣᠭᠤᠯᠵᠤ ᠦᠢ᠍ᠯᠡᠰ ᠪᠣᠰᠬᠠᠬᠤ ᠵᠢ ᠪᠠᠶᠠᠷᠯᠠᠨ ᠤᠭᠲᠤᠵᠤ ᠪᠠᠢ᠌ᠨ᠎ᠠ᠃
ᠳᠤᠮᠳᠠᠳᠤ ᠠᠮᠧᠷᠢᠺᠠ ᠵᠢᠨ ᠬᠠᠷᠢᠴᠠᠭ᠋ᠠᠨ᠎ᠤ ᠪᠣᠳᠠᠲᠠᠢ ᠠᠰᠠᠭᠤᠳᠠᠯ᠎ᠤᠨ ᠲᠤᠬᠠᠢ ᠭᠠᠳᠠᠭ᠋ᠠᠳᠤ ᠶᠠᠪᠤᠳᠠᠯ᠎ᠤᠨ ᠶᠠᠮᠤᠨ᠎ᠤ ᠰᠠᠢ᠌ᠳ ᠴᠢᠨ ᠭᠠᠩ ᠲᠦᠷᠦᠭᠦᠦ ᠬᠡᠳᠦᠨ ᠡᠳᠦᠷ᠎ᠤᠨ ᠰᠤᠷᠪᠤᠯᠵᠢᠯᠠᠬ᠍ᠴᠢᠳ᠎ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠢ᠌ᠯᠠᠨ ᠥᠭᠦᠯᠡᠵᠡᠢ᠂ ᠪᠢ ᠲᠠᠭᠢᠵᠤ ᠨᠣᠷᠱ᠌ᠣᠬᠤ ᠦᠭᠡᠢ᠃ ᠣᠳᠣᠬᠠᠨ᠎ᠤ ᠴᠢᠬᠤᠯᠠ ᠶᠠᠪᠤᠳᠠᠯ ᠪᠣᠯ ᠰᠢ ᠵᠢᠨ ᠫᠢᠩ ᠲᠡᠷᠢᠭᠦᠯᠡᠭᠴᠢ ᠪᠣᠯᠣᠨ ᠪᠠᠢ᠌ᠳ᠋ᠸᠨ ᠶᠡᠷᠦᠩᠬᠡᠢ᠌ᠯᠡᠭᠴᠢ ᠵᠢᠨ ᠨᠢᠳᠤᠨᠤᠨ᠎ᠤ 11 ᠰᠠᠷ᠎ᠠ᠎ᠳᠤ ᠠᠭᠤᠯᠵᠠᠯᠲᠠ ᠬᠢᠬᠦ ᠦᠶ᠎ᠡ᠎ᠳᠤ ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠵᠢᠨ ᠲᠠᠨᠢᠯᠲᠠ ᠵᠢ ᠪᠣᠳᠠᠲᠠᠢ ᠲᠥᠷᠥ ᠵᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠶᠠᠪᠤᠳᠠᠯ ᠪᠣᠯᠣᠨ᠎ᠠ᠃
ᠮᠢᠨᠤ ᠮᠡᠳᠡᠭᠦ᠎ᠪᠠᠷ᠂ ᠡᠨᠡ ᠬᠡᠳᠦᠨ ᠵᠢᠯ᠎ᠳᠤ ᠠᠮᠧᠷᠢᠺᠠ ᠵᠢᠨ ᠤᠯᠤᠰ᠎ᠤᠨ ᠳᠣᠲᠣᠭ᠋ᠠᠳᠤ ᠵᠢᠨ ᠵᠠᠷᠢᠮ ᠬᠥᠮᠥᠰ ᠬᠣᠶᠠᠷ ᠤᠯᠤᠰ᠎ᠤᠨ 《ᠬᠠᠷᠢᠴᠠᠭ᠎ᠠ᠎ᠪᠠᠨ ᠲᠠᠰᠤᠯᠬᠤ》 ᠶᠠᠷᠢᠶ᠎ᠠ ᠬᠡᠯᠡᠯᠴᠡᠭᠡ ᠵᠢ ᠬᠥᠭᠡᠷᠭᠡᠳᠡᠵᠦ ᠪᠠᠢ᠌ᠨ᠎ᠠ᠂ ᠵᠠᠷᠢᠮ᠎ᠳᠠᠭᠠᠨ ᠪᠠᠰᠠ ᠮᠠᠰᠢ ᠶᠡᠬᠡ ᠬᠠᠯᠠᠮᠰᠢᠯ ᠪᠤᠯᠳᠠᠭ ᠪᠠᠢ᠌ᠨ᠎ᠠ᠂ ᠭᠡᠪᠡᠴᠦ ᠴᠣᠬᠣᠮ ᠬᠡᠳᠦᠢ ᠬᠥᠮᠥᠨ ᠡᠢ᠌ᠮᠦᠷᠬᠦ ᠬᠥᠭᠡᠷᠭᠡᠳᠡᠯ᠎ᠠᠴᠠ ᠦᠨᠡᠨ ᠬᠦ᠌ ᠠᠰᠢᠭ ᠭᠦᠷᠳᠡᠭᠦ ᠵᠢ ᠪᠢ ᠮᠡᠳᠡᠭᠦ ᠦᠭᠡᠢ ᠪᠠᠢ᠌ᠨ᠎ᠠ᠃ ᠳᠤᠮᠳᠠᠳᠤ ᠵᠢᠨ ᠲᠠᠯ᠎ᠠ ᠵᠢᠨ ᠪᠦᠷᠢᠳᠬᠡᠯ᠎ᠢ ᠦᠨᠳᠦᠰᠦᠯᠡᠪᠡᠯ᠂ ᠨᠢᠳᠤᠨᠤᠨ ᠳᠤᠮᠳᠠᠳᠤ ᠠᠮᠧᠷᠢᠺᠠ ᠵᠢᠨ ᠠᠷᠠᠯᠵᠢᠶᠠᠨ᠎ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ᠎ᠲᠤ ᠬᠦᠷᠴᠦ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠳᠤᠮᠳᠠᠳᠤ ᠠᠮᠧᠷᠢᠺᠠ ᠬᠣᠶᠠᠷ ᠤᠯᠤᠰ᠎ᠤᠨ ᠠᠵᠤ ᠠᠬᠤᠢ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠂ ᠬᠠᠷᠢᠯᠴᠠᠨ ᠪᠦᠷ ᠨᠦᠭᠦᠭᠡ ᠡᠲᠡᠭᠡᠳ᠎ᠤᠨ ᠵᠢᠡᠨ ᠬᠥᠭᠵᠢᠯᠲᠡ᠎ᠠᠴᠠ ᠠᠰᠢᠭ ᠬᠦᠷᠲᠡᠵᠦ ᠪᠤᠢ᠃ ᠪᠢ ᠨᠢᠳᠤᠨᠤᠨ ᠶᠡᠬᠡᠩᠬᠢ ᠴᠠᠭ᠎ᠲᠤ ᠱᠠᠩᠬᠠᠢ᠎ᠳᠤ ᠠᠵᠢᠯᠯᠠᠵᠤ᠂ ᠠᠮᠧᠷᠢᠺᠠ ᠵᠢᠨ ᠪᠡᠯᠡ ᠵᠢ ᠪᠠᠭᠲᠠᠭ᠋ᠠᠭᠰᠠᠨ ᠴᠥᠭᠡᠨ ᠪᠤᠰᠤ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠳᠡᠭᠡᠳᠦ ᠲᠡᠰ᠎ᠤᠨ ᠬᠠᠮᠢᠶᠠᠷᠤᠭᠴᠢ᠎ᠲᠠᠢ ᠠᠭᠤᠯᠵᠠᠵᠤ ᠤᠴᠠᠷᠠᠭᠰᠠᠨ ᠶᠤᠮ᠂ ᠲᠡᠳᠡ ᠪᠦᠷ ᠨᠠᠳᠠ᠎ᠳᠤ ᠱᠠᠩᠬᠠᠢ ᠵᠢ ᠲᠣᠭᠣᠵᠤ᠂ ᠳᠤᠮᠳᠠᠳᠤ ᠤᠯᠤᠰ᠎ᠢ ᠲᠣᠭᠣᠵᠤ᠂ ᠬᠠᠮᠲᠤᠷᠠᠯᠴᠠᠭ᠎ᠠ ᠵᠢᠨ ᠳᠤᠮᠳᠠ᠎ᠠᠴᠠ ᠬᠠᠮᠲᠤ᠎ᠪᠠᠷ ᠠᠰᠢᠭ ᠭᠦᠷᠳᠡᠭᠦ ᠵᠢ ᠬᠦᠰᠡᠵᠦ ᠪᠠᠢ᠌ᠨ᠎ᠠ ᠭᠡᠵᠦ ᠬᠡᠯᠡᠪᠡ᠃ ᠡᠳᠡᠭᠡᠷ᠎ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ᠌ ᠶᠣᠰᠣᠲᠠᠢ ᠭᠡᠳᠡᠭ᠎ᠢ ᠬᠠᠷᠠᠭᠤᠯᠵᠤ ᠪᠠᠢ᠌ᠨ᠎ᠠ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ᠎ᠲᠠᠢ᠃ ᠪᠦᠰᠡᠯᠡᠯᠲᠡ᠂ ᠳᠠᠷᠤᠯᠲᠠ᠎ᠨᠢ ᠬᠡᠨ᠎ᠳᠤ ᠴᠦ᠍ ᠠᠰᠢᠭ ᠦᠭᠡᠢ ᠶᠤᠮ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ᠄ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ ᠬᠠᠲᠠᠭᠤ ᠪᠡᠷᠬᠡ ᠬᠦᠨᠳᠦ ᠨᠦᠰᠡᠷ ᠡᠭᠦᠷᠭᠡ᠎ᠳᠤ ᠲᠤᠯᠭ᠋ᠠᠷᠠᠵᠤ᠂ ᠡᠯ᠎ᠡ ᠲᠠᠯ᠎ᠠ ᠵᠢᠨ᠎ᠬᠢᠨ ᠴᠦ᠍ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠢ᠌ᠨ᠎ᠠ᠂ ᠡᠨᠡ᠎ᠨᠢ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠂ ᠠᠵᠢᠯ᠎ᠤᠨ ᠰᠤᠷᠲᠠᠯ᠎ᠳᠤ ᠴᠥᠮ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ ᠰᠢᠨ᠎ᠡ ᠨᠢᠭᠡ ᠬᠤᠭᠤᠴᠠᠭ᠋ᠠᠨ᠎ᠤ ᠵᠠᠰᠠᠭ᠎ᠤᠨ ᠣᠷᠳᠣᠨ ᠲᠣᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠪᠣᠳᠣᠯᠬᠢᠯᠠᠯ᠎ᠲᠠᠢ ᠪᠤᠶ?
ᠯᠢ ᠴᠢᠶᠠᠩ᠄ ᠲᠠᠨ᠎ᠤ ᠬᠡᠯᠡᠭᠰᠡᠨ ᠰᠢᠭ ᠵᠢᠡᠷ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ᠎ᠳᠤ ᠨᠠᠩ ᠥᠨᠳᠥᠷ ᠰᠢᠨ᠎ᠡ ᠱᠠᠭ᠋ᠠᠷᠳᠠᠯᠭ᠎ᠠ ᠳᠤᠷᠠᠳᠴᠠᠢ᠃ ᠪᠢᠳᠡ ᠰᠢᠨ᠎ᠡ ᠨᠢᠭᠡᠨ ᠡᠭᠡᠯᠵᠢ ᠵᠢᠨ ᠵᠠᠰᠠᠭ᠎ᠤᠨ ᠣᠷᠳᠣᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ᠎ᠪᠠᠷ ᠲᠣᠭᠢᠶᠠᠯ ᠪᠣᠯᠭ᠋ᠠᠨ᠂ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ᠎ᠪᠠᠨ ᠦᠨᠡᠨ ᠬᠦ᠌ ᠴᠢᠩᠭ᠋ᠠᠳᠬᠠᠵᠤ᠂ ᠡᠭᠦᠷᠭᠡ ᠴᠢᠳᠠᠪᠤᠷᠢ᠎ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠰᠤᠷᠲᠠᠯ ᠵᠢᠡᠨ ᠰᠠᠢ᠌ᠵᠢᠷᠠᠭᠤᠯᠬᠤ᠎ᠪᠠᠷ ᠲᠥᠯᠥᠪᠯᠡᠵᠦ ᠪᠠᠢ᠌ᠨ᠎ᠠ᠃ ᠳᠥᠷᠪᠡᠨ ᠵᠦᠢ᠍ᠯ᠎ᠤᠨ ᠠᠵᠢᠯ᠎ᠢ ᠲᠣᠪᠣᠢ᠌ᠮ᠎ᠠ ᠠᠳᠬᠤᠨ᠎ᠠ᠄
ᠨᠢᠭᠡ᠎ᠳᠤ᠂ ᠪᠠᠢ᠌ᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠬᠡᠪᠡᠷ ᠪᠠᠳᠠᠷᠠᠭᠤᠯᠤᠨ᠎ᠠ᠃ ᠣᠢ᠌ᠷ᠎ᠠ᠎ᠳᠤ ᠨᠠᠮ᠎ᠤᠨ ᠲᠥᠪ ᠬᠣᠷᠢᠶ᠎ᠠ᠎ᠠᠴᠠ ᠨᠢᠭᠡᠨᠲᠡ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠲᠦᠷᠦ ᠵᠢᠨ ᠶᠠᠪᠤᠳᠠᠯ᠎ᠤᠨ ᠬᠣᠷᠢᠶ᠎ᠠ ᠲᠦᠷᠦᠭᠦᠯᠡᠨ ᠨᠠᠷᠢᠨ ᠬᠢᠨᠠᠮᠠᠭ᠋ᠠᠢ ᠰᠠᠢ᠌ᠲᠤᠷ ᠠᠳᠬᠤᠵᠤ ᠨᠠᠢ᠌ᠳᠠᠪᠤᠷᠢᠵᠢᠭᠤᠯᠬᠤ ᠬᠡᠷᠡᠭᠲᠡᠢ ᠭᠡᠪᠡ᠃ ᠪᠢ ᠤᠷᠲᠤ ᠬᠤᠭᠤᠴᠠᠭ᠎ᠠ᠎ᠪᠠᠷ ᠣᠷᠣᠨ ᠨᠤᠲᠤᠭ᠎ᠲᠤ ᠠᠵᠢᠯᠯᠠᠵᠤ᠂ ᠡᠨᠡ ᠲᠠᠯ᠎ᠠ᠎ᠪᠠᠷ ᠮᠠᠰᠢ ᠭᠦᠨ ᠲᠥᠷᠥᠭᠳᠡᠯ᠎ᠲᠠᠢ᠄ ᠠᠯᠪᠠᠨ ᠭᠡᠷ᠎ᠲᠤ ᠰᠠᠭᠤᠪᠠᠯ ᠲᠤᠯᠭ᠋ᠠᠷᠠᠬᠤ᠎ᠨᠢ ᠴᠥᠮ ᠠᠰᠠᠭᠤᠳᠠᠯ ᠪᠠᠢ᠌ᠳᠠᠭ᠂ ᠦᠨᠳᠦᠰᠦᠨ ᠱᠠᠲᠤᠨ᠎ᠳᠤ ᠭᠦᠨᠵᠡᠭᠡᠢ᠌ᠷᠡᠪᠡᠯ ᠠᠯᠢ ᠤᠯᠠᠨ ᠠᠷᠭ᠎ᠠ ᠣᠯᠳᠠᠳᠠᠭ᠃ ᠮᠡᠷᠭᠡᠳ ᠠᠷᠠᠳ᠎ᠤᠨ ᠳᠤᠮᠳᠠ ᠪᠠᠢ᠌ᠳᠠᠭ᠃ ᠪᠢᠳᠡ ᠡᠯ᠎ᠡ ᠱᠠᠲᠤᠨ᠎ᠤ ᠺᠠᠳ᠋ᠷᠴᠤᠳ᠎ᠤᠨ ᠡᠮᠦᠨ᠎ᠡ ᠹᠷᠣᠨᠲ᠎ᠲᠤ ᠢᠯᠡᠭᠦᠬᠡᠨ ᠣᠴᠢᠬᠤ ᠵᠢ ᠠᠬᠢᠭᠤᠯᠵᠤ᠂ ᠬᠡᠷᠡᠭᠴᠡᠭᠡ ᠱᠠᠭ᠋ᠠᠷᠳᠠᠯᠭ᠎ᠠ ᠵᠢ ᠠᠷᠠᠳ᠎ᠠᠴᠠ ᠠᠰᠠᠭᠤᠵᠤ᠂ ᠠᠷᠭ᠎ᠠ ᠪᠣᠳᠣᠯᠭ᠎ᠠ ᠵᠢ ᠠᠷᠠᠳ᠎ᠠᠴᠠ ᠠᠰᠠᠭᠤᠵᠤ᠂ ᠠᠷᠠᠳ ᠤᠯᠠᠨ᠎ᠠᠴᠠ ᠰᠤᠷᠤᠯᠴᠠᠵᠤ᠂ ᠦᠨᠳᠦᠰᠦᠨ ᠱᠠᠲᠤ ᠵᠢ ᠦᠨᠡᠨ ᠬᠦ᠌ ᠬᠠᠪᠰᠤᠷᠤᠨ ᠪᠣᠳᠠᠲᠠᠢ ᠠᠰᠠᠭᠤᠳᠠᠯ᠎ᠢ᠎ᠨᠢ ᠰᠢᠢ᠍ᠳᠪᠦᠷᠢᠯᠡᠵᠦ ᠥᠭᠭᠦ ᠬᠡᠷᠡᠭᠲᠡᠢ᠃ ᠢᠯᠠᠩᠭᠤᠶ᠎ᠠ ᠤᠷᠳᠤ ᠬᠤᠭᠤᠴᠠᠭ᠎ᠠ᠎ᠪᠠᠷ ᠲᠣᠮᠣ ᠪᠠᠢ᠌ᠭᠤᠯᠭ᠎ᠠ᠎ᠳᠤ ᠠᠵᠢᠯᠯᠠᠵᠤ ᠪᠠᠢ᠌ᠭ᠎ᠠ ᠵᠠᠯᠠᠭᠤ ᠨᠥᠬᠥᠳ ᠦᠨᠳᠦᠰᠦᠨ ᠱᠠᠲᠤᠨ᠎ᠳᠤ ᠭᠦᠨᠵᠡᠭᠡᠢ᠌ᠷᠡᠵᠦ᠂ ᠦᠨᠳᠦᠰᠦᠨ ᠱᠠᠲᠤᠨ᠎ᠳᠤ ᠰᠡᠳᠬᠢᠯ ᠬᠣᠯᠪᠣᠨ᠂ ᠤᠯᠠᠨ ᠲᠦᠮᠡᠨ᠎ᠲᠠᠢ ᠨᠡᠩ ᠣᠢ᠌ᠷᠠᠲᠤᠭᠰᠠᠨ ᠪᠠᠢ᠌ᠬᠤ ᠬᠡᠷᠡᠭᠲᠡᠢ᠃
ᠬᠣᠶᠠᠷ᠎ᠲᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠢ ᠡᠷᠬᠡᠪᠰᠢ ᠬᠠᠤᠯᠢ ᠴᠠᠭ᠋ᠠᠵᠠ ᠵᠢᠨ ᠪᠣᠷᠣ ᠲᠥᠯᠥᠪ᠎ᠤᠨ ᠳᠣᠲᠣᠷ᠎ᠠ ᠶᠠᠪᠤᠭᠳᠠᠭᠤᠯᠵᠤ᠂ ᠠᠯᠢᠪᠠ ᠵᠠᠰᠠᠭ ᠵᠠᠬᠢᠷᠭ᠋ᠠᠨ᠎ᠤ ᠠᠵᠢᠯᠯᠠᠭ᠎ᠠ ᠵᠢ ᠴᠥᠮ ᠬᠠᠤᠯᠢ ᠵᠢᠨ ᠦᠨᠳᠦᠰᠦᠯᠡᠯ᠎ᠲᠠᠢ ᠪᠠᠢ᠌ᠯᠭ᠋ᠠᠬᠤ ᠬᠡᠷᠡᠭᠲᠡᠢ᠃ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠤᠯᠠᠮ ᠴᠢᠨᠠᠭᠰᠢᠳᠠ ᠴᠢᠩᠭ᠋ᠠᠳᠬᠠᠵᠤ᠂ ᠬᠠᠤᠯᠢᠵᠢᠯ᠎ᠤᠨ ᠰᠡᠳᠬᠢᠬᠦᠢ᠂ ᠬᠠᠤᠯᠢᠵᠢᠯ᠎ᠤᠨ ᠠᠷᠭ᠎ᠠ ᠭᠡᠯᠪᠡᠷᠢ᠎ᠪᠠᠷ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃
ᠭᠤᠷᠪᠠ᠎ᠳᠤ᠂ ᠪᠦᠲᠦᠭᠡᠯᠴᠢ ᠴᠢᠨᠠᠷᠲᠠᠢ ᠭᠦᠢ᠍ᠴᠡᠳᠬᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠠᠯᠪᠠᠨ ᠠᠵᠢᠯᠲᠠᠳ ᠴᠥᠮ ᠦᠢ᠍ᠯᠡᠴᠢᠯᠡᠬᠦ ᠤᠬᠠᠮᠰᠠᠷ᠂ ᠬᠥᠭᠵᠢᠯᠲᠡ ᠵᠢᠨ ᠤᠬᠠᠮᠰᠠᠷ᠎ᠲᠠᠢ ᠪᠠᠢ᠌ᠬᠤ ᠬᠡᠷᠡᠭᠲᠡᠢ᠂ ᠢᠯᠠᠩᠭᠤᠶ᠎ᠠ ᠬᠢᠨᠠᠨ ᠵᠥᠪᠰᠢᠶᠡᠷᠡᠬᠦ᠂ ᠬᠠᠮᠢᠶᠠᠷᠬᠤ ᠡᠭᠦᠷᠭᠡ ᠴᠢᠳᠠᠪᠤᠷᠢ᠎ᠪᠠᠨ ᠭᠦᠢ᠍ᠴᠡᠳᠬᠡᠬᠦ ᠦᠶ᠎ᠡ᠎ᠳᠤ ᠲᠣᠷᠣᠮᠰᠤᠯᠠᠭᠤᠷ ᠢ ᠯᠠ ᠭᠢᠰᠬᠢᠭᠡᠳ᠂ ᠲᠣᠰᠣ ᠨᠡᠮᠡᠭᠦ᠎ᠪᠠᠨ ᠮᠠᠷᠲᠠᠵᠤ ᠪᠤᠯᠬᠤ ᠦᠭᠡᠢ; ᠵᠦᠪᠭᠡᠨ ᠵᠠᠮ᠎ᠤᠨ ᠬᠣᠷᠢᠭ᠎ᠠ ᠯᠡ ᠭᠠᠷᠭ᠋ᠠᠵᠤ᠂ ᠵᠠᠮ᠎ᠤᠨ ᠲᠡᠮᠳᠡᠭ ᠲᠠᠯᠪᠢᠬᠤ ᠦᠭᠡᠢ ᠪᠠᠢ᠌ᠵᠤ ᠪᠤᠯᠬᠤ ᠦᠭᠡᠢ; ᠠᠯᠢᠪᠠ ᠶᠠᠪᠤᠳᠠᠯ᠎ᠳᠤ 《ᠬᠢᠪᠡᠯ ᠵᠣᠬᠢᠬᠤ ᠡᠰᠡᠬᠦ》 ᠵᠢᠨ ᠦᠷᠳᠡᠭ᠎ᠤᠨ ᠮᠠᠭ᠋ᠠᠳᠯᠠᠯᠲᠠ ᠵᠢ ᠢᠯᠡᠭᠦᠬᠡᠨ ᠬᠢᠬᠦ ᠬᠡᠷᠡᠭᠲᠡᠢ᠂ ᠵᠥᠪᠭᠡᠨ ᠳᠥᠭᠥᠮᠬᠡᠨ ᠵᠢᠡᠷ 《ᠬᠢᠵᠦ ᠪᠤᠯᠬᠤ ᠡᠰᠡᠬᠦ》 ᠵᠢᠨ ᠮᠡᠷᠭᠡᠵᠢᠯ᠎ᠤᠨ ᠮᠠᠭ᠋ᠠᠳᠯᠠᠯᠲᠠ ᠬᠢᠵᠦ ᠪᠤᠯᠬᠤ ᠦᠭᠡᠢ᠃ ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠷᠡᠰ ᠡᠰᠡᠷᠭᠦᠴᠡᠵᠦ᠂ ᠵᠢᠩᠬᠢᠨᠢ ᠪᠦᠲᠦᠭᠡᠯᠴᠢ ᠴᠢᠳᠠᠪᠤᠷᠢ᠎ᠲᠠᠢ ᠭᠦᠢ᠍ᠴᠡᠳᠭᠡᠭᠴᠢ ᠪᠤᠯᠬᠤ ᠬᠡᠷᠡᠭᠲᠡᠢ᠃
ᠳᠥᠷᠪᠡ᠎ᠳᠤ᠂ ᠠᠷᠢᠭᠤᠨ ᠴᠢᠬᠡᠴᠢ ᠵᠢᠨ ᠬᠣᠷᠢᠭ᠎ᠠ ᠱᠤᠭᠤᠮ᠎ᠢ ᠡᠷᠡᠰ ᠰᠠᠬᠢᠨ᠎ᠠ᠃ ᠪᠢᠳᠡ ᠢᠮᠠᠭᠲᠠ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ᠎ᠪᠠᠷ ᠠᠷᠢᠭᠤᠨ ᠴᠢᠬᠡᠴᠢ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠠᠯᠢᠪᠠ ᠢᠯᠵᠢᠷᠡᠯ᠎ᠤᠨ ᠠᠵᠢᠯᠯᠠᠭ᠎ᠠ ᠵᠢ ᠥᠴᠥᠬᠡᠨ ᠴᠦ᠍ ᠠᠭᠤᠴᠢᠯᠠᠬᠤ ᠦᠭᠡᠢ᠃ ᠵᠠᠰᠠᠭ᠎ᠤᠨ ᠣᠷᠳᠣᠨ᠎ᠤ ᠠᠵᠢᠯᠲᠠᠨ ᠨᠢᠭᠡᠪᠦᠷᠢ ᠴᠥᠮ ᠤᠬᠠᠮᠰᠠᠷ᠎ᠠᠴᠠ᠎ᠪᠠᠨ ᠬᠢᠨᠠᠯᠲᠠ ᠵᠢ ᠬᠦᠯᠢᠶᠡᠵᠦ᠂ ᠦᠨᠡᠨᠴᠢ ᠰᠢᠳᠤᠷᠭᠤ᠂ ᠴᠡᠪᠡᠷ ᠴᠢᠬᠡᠴᠢ᠂ ᠬᠠᠷᠢᠭᠤᠴᠠᠯᠭ᠎ᠠ᠎ᠲᠠᠢ ᠪᠠᠢ᠌ᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠢ᠃
ᠰᠤᠷᠪᠤᠯᠵᠢᠯᠠᠬ᠍ᠴᠢᠳ᠎ᠤᠨ ᠬᠤᠷᠠᠯ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠭᠤᠷᠪᠠᠳᠤᠭ᠋ᠠᠷ ᠳᠠᠪᠬᠤᠷᠯᠢᠭ᠎ᠤᠨ ᠠᠯᠲᠠᠨ ᠥᠩᠭᠡᠲᠦ ᠣᠷᠳᠣᠨ᠎ᠳᠤ 80 ᠮᠢᠨᠦ᠋ᠲ ᠶᠠᠪᠤᠭᠳᠠᠵᠤ᠂ ᠳᠣᠲᠣᠭ᠋ᠠᠳᠤ ᠭᠠᠳᠠᠭ᠋ᠠᠳᠤ ᠵᠢᠨ 500 ᠭᠠᠷᠤᠢ ᠰᠤᠷᠪᠤᠯᠵᠢᠯᠠᠬ᠍ᠴᠢ ᠣᠷᠣᠯᠴᠠᠵᠠᠢ᠃