ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ ᠪᠡᠭᠡᠵᠢᠩ᠎ᠳᠤ ᠬᠤᠷᠠᠯᠳᠤᠪᠠ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶ᠎ᠠ ᠪᠦᠭᠦᠳᠡ ᠬᠤᠷᠠᠯ᠎ᠢ ᠡᠷᠬᠢᠯᠡᠪᠡ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ
ᠨᠡᠶ᠋ᠢᠲᠡᠯᠡᠭᠰᠡᠨ ᠴᠠᠭ᠄ 2023-03-02

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ 2023 ᠣᠨ᠎ᠤ 2 ᠰᠠᠷ᠎ᠠ ᠵᠢᠨ 26᠎ᠠᠴᠠ 28᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃
      ᠰᠢᠨᠬᠤᠸᠠ ᠬᠣᠷᠢᠶᠠᠨ᠎ᠤ ᠰᠤᠷᠪᠤᠯᠵᠢᠯᠠᠬ᠍ᠴᠢ   ᠵᠢᠦᠢ ᠫᠧᠩ   ᠰᠡᠭᠦᠳᠡᠷᠯᠡᠪᠡ


      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠤᠨ ᠠᠯᠪᠠᠨ ᠮᠡᠳᠡᠭᠡ
     (2023 ᠣᠨ᠎ᠤ 2 ᠰᠠᠷ᠎ᠠ ᠵᠢᠨ 28᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ᠎ᠠᠴᠠ ᠪᠠᠲᠤᠯᠠᠪᠠ)


      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ 2023 ᠣᠨ᠎ᠤ 2 ᠰᠠᠷ᠎ᠠ ᠵᠢᠨ 26᠎ᠠᠴᠠ 28᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃
      ᠡᠨᠡ ᠤᠳᠠᠭ᠎ᠠ ᠵᠢᠨ ᠪᠦᠭᠦᠳᠡ ᠬᠤᠷᠠᠯ᠎ᠳᠤ ᠲᠥᠪ ᠬᠣᠷᠢᠶᠠᠨ᠎ᠤ ᠭᠡᠰᠢᠭᠦᠨ 203 ᠬᠥᠮᠥᠨ᠂ ᠲᠥᠪ ᠬᠣᠷᠢᠶᠠᠨ᠎ᠤ ᠣᠷᠣᠯᠠᠭᠴᠢ ᠭᠡᠰᠢᠭᠦᠨ 170 ᠬᠥᠮᠥᠨ ᠣᠷᠣᠯᠴᠠᠪᠠ᠃ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠡᠳ᠋ ᠱᠦᠵᠢ   ᠪᠣᠯᠣᠨ   ᠬᠣᠯᠪᠣᠭᠳᠠᠯ   ᠪᠦᠬᠦᠢ   ᠰᠠᠯᠠᠭ᠎ᠠ   ᠮᠥᠴᠢᠷ ᠎ᠤᠨ   ᠬᠠᠷᠢᠭᠤᠴᠠᠯᠭ᠋ᠠᠲᠠᠨ   ᠨᠥᠬᠥᠳ   ᠬᠤᠷᠠᠯ᠎ᠳᠤ ᠰᠤᠯᠠ ᠣᠷᠣᠯᠴᠠᠪᠠ᠃
      ᠪᠦᠭᠦᠳᠡ ᠬᠤᠷᠠᠯ᠎ᠢ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠡᠷᠭᠢᠯᠡᠪᠡ᠃ ᠲᠥᠪ ᠬᠣᠷᠢᠶᠠᠨ᠎ᠤ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠠᠢ᠃

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠭᠦᠳᠡ ᠬᠤᠷᠠᠯ 2023 ᠣᠨ᠎ᠤ 2 ᠰᠠᠷ᠎ᠠ ᠵᠢᠨ 26᠎ᠠᠴᠠ 28᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ᠃ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠬᠤᠷᠠᠯ᠎ᠢ ᠡᠷᠭᠢᠯᠡᠪᠠ᠃
      ᠰᠢᠨᠬᠤᠸᠠ ᠬᠣᠷᠢᠶᠠᠨ᠎ᠤ ᠰᠤᠷᠪᠤᠯᠵᠢᠯᠠᠬ᠍ᠴᠢ   ᠶᠠᠨ ᠶᠠᠨ   ᠰᠡᠭᠦᠳᠡᠷᠯᠡᠪᠡ


      ᠪᠦᠭᠦᠳᠡ ᠬᠤᠷᠠᠯ᠎ᠠᠴᠠ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶ᠎ᠠ ᠵᠢᠨ ᠨᠠᠢ᠌ᠳᠠᠯᠭ᠎ᠠ᠎ᠪᠠᠷ ᠬᠢᠭᠰᠡᠨ ᠠᠵᠢᠯ᠎ᠤᠨ ᠢᠯᠡᠳᠬᠡᠯ᠎ᠢ ᠰᠣᠨᠣᠰᠤᠨ ᠶᠠᠷᠢᠯᠴᠠᠵᠤ᠂ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠨᠠᠮ᠎ᠤᠨ ᠳᠣᠲᠣᠭ᠋ᠠᠳᠤ ᠭᠠᠳᠠᠭ᠋ᠠᠳᠤ ᠵᠢᠨ ᠰᠠᠨᠠᠯ᠎ᠢ ᠥᠷᠭᠡᠨ ᠵᠶ᠋ᠡᠷ ᠬᠤᠷᠢᠶᠠᠵᠤ᠂ ᠲᠠᠭᠢᠨ ᠳᠠᠪᠲᠠᠨ ᠶᠠᠷᠢᠯᠴᠠᠨ ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠳᠤ ᠲᠡᠪᠰᠢᠭᠦᠯᠭᠦ᠎ᠪᠠᠷ ᠪᠠᠢ᠌ᠭ᠎ᠠ ᠲᠦᠷᠦ ᠵᠢᠨ ᠪᠠᠢ᠌ᠭᠤᠯᠤᠮᠵᠢ ᠵᠢᠨ ᠤᠳᠤᠷᠢᠳᠬᠤ ᠬᠥᠮᠥᠰ᠎ᠤᠨ ᠵᠢᠱ᠌ᠢᠭᠳᠡᠭᠴᠢ ᠵᠢᠨ ᠰᠠᠨᠠᠭᠤᠯᠭ᠎ᠠ ᠵᠢᠨ ᠨᠡᠷᠡᠰ ᠪᠣᠯᠣᠨ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠩᠬᠠᠳᠤᠭ᠋ᠠᠷ ᠬᠤᠷᠠᠯ᠎ᠳᠤ ᠲᠡᠪᠰᠢᠭᠦᠯᠭᠦ᠎ᠪᠠᠷ ᠪᠠᠢ᠌ᠭ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠤᠳᠤᠷᠢᠳᠬᠤ ᠬᠥᠮᠥᠰ᠎ᠤᠨ ᠵᠢᠱ᠌ᠢᠭᠳᠡᠭᠴᠢ ᠵᠢᠨ ᠰᠠᠨᠠᠭᠤᠯᠭ᠎ᠠ ᠵᠢᠨ ᠨᠡᠷᠡᠰ᠎ᠢ ᠬᠢᠨᠠᠨ ᠵᠥᠪᠯᠡᠵᠦ ᠪᠠᠲᠤᠯᠠᠭ᠋ᠠᠳ᠂ ᠡᠨᠡ ᠬᠣᠶᠠᠷ ᠰᠠᠨᠠᠭᠤᠯᠭ᠎ᠠ ᠵᠢᠨ ᠨᠡᠷᠡᠰ᠎ᠢ ᠲᠤᠰ ᠲᠤᠰ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ ᠪᠣᠯᠣᠨ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠳᠤ ᠲᠡᠪᠰᠢᠭᠦᠯᠭᠦ᠎ᠪᠠᠷ ᠲᠣᠭᠲᠠᠪᠠ᠃ ᠥᠷᠭᠡᠨ ᠵᠶ᠋ᠡᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ 《ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠬᠢᠨᠠᠨ ᠵᠥᠪᠯᠡᠵᠦ ᠪᠠᠲᠤᠯᠠᠪᠠ᠃ ᠰᠢ ᠵᠢᠨ ᠫᠢᠩ 《ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ (ᠡᠬᠡ ᠨᠣᠣᠷᠠᠭ)》᠎ᠤᠨ ᠲᠤᠬᠠᠢ ᠪᠦᠭᠦᠳᠡ ᠬᠤᠷᠠᠯ᠎ᠳᠤ ᠲᠣᠳᠣᠷᠬᠠᠢ᠌ᠯᠠᠯᠲᠠ ᠬᠢᠪᠡ᠃ ᠪᠦᠭᠦᠳᠡ ᠬᠤᠷᠠᠯ᠎ᠠᠴᠠ 《ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠤᠨ ᠬᠡᠰᠡᠭ ᠠᠭᠤᠯᠭ᠎ᠠ ᠵᠢ ᠬᠠᠤᠯᠢ᠎ᠳᠤ ᠲᠣᠭᠲᠠᠭ᠋ᠠᠭᠰᠠᠨ ᠲᠡᠰ ᠳᠠᠷᠠᠭ᠋ᠠᠯᠠᠯ ᠶᠣᠰᠣᠭ᠋ᠠᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠭᠦ᠎ᠪᠠᠷ ᠵᠥᠪᠰᠢᠶᠡᠷᠡᠪᠡ᠃
      ᠪᠦᠭᠦᠳᠡ ᠬᠤᠷᠠᠯ᠎ᠠᠴᠠ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠠᠩᠬᠠᠳᠤᠭ᠋ᠠᠷ ᠪᠦᠭᠦᠳᠡ ᠬᠤᠷᠠᠯ᠎ᠠᠴᠠ ᠨᠠᠭ᠋ᠠᠰᠢᠬᠢ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠵᠢᠯ᠎ᠢ ᠭᠦᠢ᠍ᠴᠡᠳ ᠨᠤᠲᠠᠯᠠᠪᠠ᠃ ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠵᠢᠨ ᠣᠷᠴᠢᠨ ᠨᠥᠬᠥᠴᠡᠯ ᠪᠠ ᠤᠯᠤᠰ᠎ᠤᠨ ᠳᠣᠲᠣᠭ᠋ᠠᠳᠤ ᠵᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠵᠢᠨ ᠡᠮᠦᠨ᠎ᠡ᠂ ᠤᠯᠤᠰ ᠲᠦᠷᠦ ᠵᠢᠨ ᠲᠣᠪᠴᠢᠶ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠠᠩᠬᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭ᠋ᠠᠵᠤ᠂ ᠵᠢᠶᠠᠩ ᠽᠧ ᠮᠢᠨ ᠨᠥᠬᠥᠷ᠎ᠢ ᠶᠡᠬᠡ᠎ᠪᠠᠷ ᠡᠮᠭᠡᠨᠢᠨ ᠭᠠᠰᠢᠭᠤᠳᠠᠵᠤ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠎ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ᠎ᠢ ᠰᠠᠢ᠌ᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠬᠥᠳᠡᠯᠦᠩᠭᠦᠢ᠎ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠠᠵᠤ ᠠᠬᠤᠢ ᠵᠢᠨ ᠲᠣᠭᠲᠠᠭᠤᠨ ᠵᠶ᠋ᠠᠷ ᠳᠡᠭᠡᠭᠰᠢᠯᠡᠬᠦ ᠵᠢ ᠬᠦᠴᠦᠯᠡᠨ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠨᠡᠢ᠌ᠭᠡᠮ ᠵᠢᠷᠤᠮ᠎ᠤᠨ ᠠᠷᠠᠳᠴᠢᠯᠠᠯ ᠬᠠᠤᠯᠢᠵᠢᠯ᠎ᠤᠨ ᠪᠠᠢ᠌ᠭᠤᠯᠤᠯᠲᠠ ᠪᠠ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ᠎ᠤᠨ ᠠᠮᠢᠳᠤᠷᠠᠯ᠎ᠢ ᠦᠨᠡᠨ ᠬᠦ᠌ ᠪᠠᠲᠤᠯᠠᠨ ᠰᠠᠢ᠌ᠵᠢᠷᠠᠭᠤᠯᠵᠤ᠂ ᠤᠯᠤᠰ᠎ᠤᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠡᠷᠡᠰ ᠬᠠᠮᠠᠭ᠋ᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠲᠣᠮᠣ ᠤᠯᠤᠰ᠎ᠤᠨ ᠭᠠᠳᠠᠭ᠋ᠠᠳᠤ ᠬᠠᠷᠢᠯᠴᠠᠭ᠋ᠠᠨ᠎ᠤ ᠰᠢᠨ᠎ᠡ ᠠᠶᠠᠨ᠎ᠢ ᠡᠬᠢᠯᠡᠭᠦᠯᠵᠦ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠤᠯᠠᠮ ᠭᠦᠨᠵᠡᠭᠡᠢ᠌ᠷᠡᠭᠦᠯᠵᠦ᠂ ᠡᠯ᠎ᠡ ᠵᠦᠢ᠍ᠯ᠎ᠤᠨ ᠠᠵᠢᠯ ᠰᠢᠨ᠎ᠡ ᠠᠯᠬᠤᠮ᠎ᠢ ᠠᠯᠬᠤᠵᠠᠢ ᠭᠡᠵᠦ ᠰᠠᠨᠠᠯ ᠨᠢᠭᠡᠲᠡᠢ ᠦᠵᠡᠪᠡ᠃
      ᠪᠦᠭᠦᠳᠡ ᠬᠤᠷᠠᠯ᠎ᠠᠴᠠ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠪᠣᠯᠣᠨ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠩᠬᠠᠳᠤᠭ᠋ᠠᠷ ᠬᠤᠷᠠᠯ᠎ᠢ ᠰᠠᠢ᠌ᠲᠤᠷ ᠬᠤᠷᠠᠯᠳᠤᠭᠤᠯᠬᠤ᠎ᠨᠢ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠯᠠᠮ ᠴᠢᠨᠠᠭᠰᠢᠳᠠ ᠲᠠᠢ᠌ᠴᠢᠯᠠᠨ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ ᠭᠡᠵᠦ ᠴᠢᠬᠤᠯᠠᠴᠢᠯᠠᠪᠠ᠃
      ᠪᠦᠭᠦᠳᠡ ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠡᠭᠦᠷᠭᠡ ᠪᠤᠯᠭ᠋ᠠᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠬᠤ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠢ᠌ᠯᠭ᠋ᠠᠬᠤ ᠵᠢ ᠪᠠᠷᠢᠮᠲᠠᠯᠠᠬᠤ᠂ ᠪᠦᠭᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ ᠵᠠᠷᠴᠢᠮ ᠶᠣᠰᠣᠭ᠋ᠠᠷ᠂ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠠᠮ ᠪᠣᠯᠣᠨ ᠲᠥᠷᠦ ᠵᠢᠨ ᠪᠠᠢ᠌ᠭᠤᠯᠤᠮᠵᠢ ᠵᠢᠨ ᠡᠭᠦᠷᠭᠡ ᠴᠢᠳᠠᠪᠬᠢ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠ ᠵᠢᠨ ᠴᠢᠨᠠᠷᠲᠠᠢ ᠲᠠᠭᠢᠨ ᠪᠠᠢ᠌ᠭᠤᠯᠤᠯᠲᠠ ᠵᠢ ᠪᠡᠶᠡᠯᠡᠭᠦᠯᠵᠦ᠂ ᠨᠠᠮ ᠪᠠ ᠤᠯᠤᠰ᠎ᠤᠨ ᠠᠵᠢᠯ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭ᠋ᠠᠬᠤ᠎ᠳᠤ ᠬᠦᠴᠦᠲᠡᠢ ᠪᠠᠲᠤᠯᠠᠭ᠎ᠠ ᠬᠠᠩᠭ᠋ᠠᠭᠰᠠᠨ ᠪᠥᠭᠡᠳ ᠪᠠᠰᠠ ᠨᠠᠮ ᠪᠣᠯᠣᠨ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠬᠦ᠎ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ᠃
      ᠪᠦᠭᠦᠳᠠ ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠪᠠᠢ᠌ᠷᠢᠯᠠᠭᠤᠯᠤᠯᠲᠠ ᠬᠢᠪᠡ᠂ ᠡᠨᠡ᠎ᠨᠢ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ᠎ᠳᠤ ᠴᠢᠬᠤᠯᠠ ᠶᠡᠬᠡ ᠪᠥᠭᠡᠳ ᠠᠯᠤᠰ ᠭᠡᠳᠤ ᠵᠢᠨ ᠠᠴᠢ ᠬᠣᠯᠪᠣᠭᠳᠠᠯ᠎ᠲᠠᠢ ᠶᠤᠮ᠃ ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠬᠤ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠪᠠᠷ ᠤᠳᠤᠷᠢᠳᠤᠮᠵᠢ ᠪᠤᠯᠭ᠋ᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠯᠠᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠳᠥᠷᠪᠡᠨ ᠪᠦᠭᠦ ᠲᠠᠯ᠎ᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠵᠣᠬᠢᠴᠠᠭᠤᠯᠤᠨ ᠠᠬᠢᠭᠤᠯᠬᠤ ᠱᠠᠭ᠋ᠠᠷᠳᠠᠯᠭ᠎ᠠ᠎ᠲᠠᠢ ᠵᠣᠬᠢᠴᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠴᠡᠭᠡ᠎ᠳᠤ ᠵᠣᠬᠢᠴᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠪᠠᠢ᠌ᠭᠤᠯᠤᠮᠵᠢ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠮᠵᠢ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠭᠤᠯᠤᠮᠵᠢ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠪᠠᠢ᠌ᠭᠤᠯᠤᠮᠵᠢ ᠵᠢ ᠨᠢᠭᠡᠳᠦᠯᠲᠡᠢ ᠲᠥᠯᠥᠪᠵᠢᠭᠦᠯᠵᠦ᠂ ᠲᠥᠪ ᠪᠠ ᠣᠷᠣᠨ ᠨᠤᠲᠤᠭ᠎ᠢ ᠨᠢᠭᠡᠳᠦᠯᠲᠡᠢ ᠲᠥᠯᠥᠪᠵᠢᠭᠦᠯᠵᠦ᠂ ᠭᠣᠣᠯᠳᠠᠯᠭ᠎ᠠ᠎ᠲᠠᠢ ᠬᠦᠷᠢᠶᠡᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠨᠡᠢ᠌ᠭᠡᠮ ᠵᠢᠷᠤᠮᠲᠤ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠵᠢᠨ ᠲᠠᠯ᠎ᠠ᠎ᠪᠠᠷ ᠨᠡᠩ ᠰᠢᠨᠵᠢᠯᠡᠬᠦ ᠤᠬᠠᠭ᠋ᠠᠨᠴᠢ᠂ ᠡᠭᠦᠷᠭᠡ ᠴᠢᠳᠠᠪᠬᠢ ᠵᠢᠨ ᠲᠣᠬᠢᠷᠠᠭᠤᠯᠤᠯᠲᠠ ᠵᠢᠨ ᠲᠠᠯ᠎ᠠ᠎ᠪᠠᠷ ᠨᠡᠩ ᠰᠢᠯᠢᠳᠡᠭᠵᠢᠭᠦᠯᠵᠦ᠂ ᠪᠠᠢ᠌ᠭᠤᠯᠤᠮᠵᠢ ᠲᠣᠭᠲᠠᠴᠠ ᠵᠢᠨ ᠲᠠᠯ᠎ᠠ᠎ᠪᠠᠷ ᠨᠡᠩ ᠲᠡᠭᠦᠯᠳᠡᠷᠵᠢᠭᠦᠯᠵᠦ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠲᠠᠯ᠎ᠠ᠎ᠪᠠᠷ ᠨᠠᠩ ᠥᠨᠳᠥᠷ ᠪᠦᠲᠦᠮᠵᠢᠲᠡᠶ ᠪᠠᠢ᠌ᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠪᠦᠭᠦᠳᠡ ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠭᠦ ᠲᠠᠯ᠎ᠠ ᠵᠢᠨ ᠥᠨᠳᠥᠷᠴᠡ᠎ᠠᠴᠠ ᠨᠠᠮ ᠪᠣᠯᠣᠨ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠴᠢᠬᠤᠯᠠ ᠴᠢᠨᠠᠷ ᠪᠣᠯᠣᠨ ᠲᠤᠯᠭ᠋ᠠᠮ ᠴᠢᠨᠠᠷ᠎ᠢ ᠭᠦᠢ᠍ᠴᠡᠳ ᠲᠠᠨᠢᠵᠤ᠂ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ᠎ᠢ ᠡᠷᠡᠰ ᠬᠠᠮᠠᠭ᠋ᠠᠯᠠᠵᠤ᠂ ᠥᠭᠡᠷᠡᠴᠢᠯᠡᠯᠲᠡ ᠵᠢᠨ ᠢᠲᠡᠭᠡᠯ ᠵᠣᠷᠢᠭ ᠵᠶ᠋ᠠᠨ ᠪᠠᠲᠤᠳᠬᠠᠵᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠪᠦᠭᠦᠳᠡ ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠤ ᠪᠦᠭᠦ ᠨᠠᠮ᠎ᠤᠨ ᠲᠡᠷᠢᠭᠦᠨ ᠴᠢᠬᠤᠯᠠ ᠤᠯᠤᠰ ᠲᠦᠷᠦ ᠵᠢᠨ ᠡᠭᠦᠷᠭᠡ ᠮᠥᠨ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠬᠤ ᠬᠡᠷᠡᠭᠲᠡᠢ᠃ ᠠᠴᠢᠶᠠᠯᠠᠪᠤᠷᠢ ᠵᠢ ᠪᠠᠶᠠᠯᠢᠭᠵᠢᠭᠤᠯᠤᠨ᠂ ᠠᠷᠭ᠎ᠠ ᠪᠠᠷᠢᠯ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠠᠷᠠᠳ ᠤᠯᠠᠨ᠎ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ᠎ᠪᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠠᠢ᠌ᠭᠤᠯᠭ᠎ᠠ᠎ᠳᠤ ᠣᠷᠣᠭᠤᠯᠬᠤ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠳᠤ ᠣᠷᠣᠭᠤᠯᠬᠤ᠂ ᠬᠤᠳᠠ ᠬᠥᠳᠡᠭᠡ ᠨᠡᠢ᠌ᠭᠡᠮ ᠲᠣᠭᠣᠷᠢᠭ᠎ᠲᠤ ᠣᠷᠣᠭᠤᠯᠬᠤ᠂ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ᠂ ᠴᠡᠷᠢᠭ᠎ᠤᠨ ᠬᠤᠸᠠᠷᠠᠨ᠎ᠳᠤ ᠣᠷᠣᠭᠤᠯᠬᠤ᠂ ᠡᠯ᠎ᠡ ᠲᠦᠷᠦᠯ᠎ᠤᠨ ᠰᠢᠨ᠎ᠡ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠠ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠣᠷᠣᠭᠤᠯᠬᠤ᠂ ᠰᠦᠯᠵᠢᠶᠡᠨ᠎ᠤ ᠦᠷᠳᠡᠭᠡ᠎ᠳᠤ ᠣᠷᠣᠭᠤᠯᠬᠤ ᠵᠢ ᠠᠬᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠬᠥᠮᠥᠰ᠎ᠤᠨ ᠰᠡᠳᠬᠢᠯ᠎ᠳᠤ ᠦᠨᠡᠨ ᠬᠦ᠌ ᠬᠠᠳᠠᠩᠰᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠦᠷᠭᠦᠯᠵᠢᠯᠡᠨ ᠪᠦᠭᠦ ᠲᠠᠯ᠎ᠠ᠎ᠪᠠᠷ ᠰᠤᠷᠤᠯᠴᠠᠬᠤ᠂ ᠪᠦᠭᠦ ᠲᠠᠯ᠎ᠠ᠎ᠪᠠᠷ ᠡᠵᠡᠮᠰᠢᠬᠦ᠂ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠵᠤ᠂ ᠰᠢᠨ᠎ᠡ ᠴᠠᠭ ᠦᠶ᠎ᠡ ᠵᠢᠨ ᠠᠷᠪᠠᠨ ᠵᠢᠯ᠎ᠤᠨ ᠠᠭᠤᠤ ᠶᠡᠬᠡ ᠬᠤᠪᠢᠰᠤᠯᠲᠠ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ᠂ ᠠᠷᠭ᠎ᠠ ᠵᠢᠨ ᠣᠨᠣᠯ ᠪᠠ ᠲᠡᠭᠦᠨ᠎ᠤ ᠳᠤᠮᠳᠠ ᠲᠤᠭᠤᠰᠢᠯᠠᠭᠳᠠᠵᠤ ᠪᠠᠢ᠌ᠭ᠎ᠠ ᠵᠣᠭᠰᠣᠯᠲᠠ ᠦᠵᠡᠯᠲᠡ ᠠᠷᠭ᠎ᠠ ᠵᠢ ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠬᠠᠷᠠᠯᠲᠠ ᠡᠭᠦᠷᠭᠡ᠂ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠴᠢᠬᠤᠯᠠ ᠶᠡᠬᠡ ᠠᠷᠭ᠎ᠠ ᠬᠡᠮᠵᠢᠶ᠎ᠡ ᠵᠢ ᠪᠦᠬᠦᠯᠢ ᠴᠣᠭᠴᠠ᠎ᠪᠠᠷ᠎ᠨᠢ ᠡᠵᠡᠮᠳᠡᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠢ ᠲᠥᠰᠥᠯ᠂ ᠪᠣᠳᠠᠲᠠᠢ ᠠᠷᠭ᠎ᠠ ᠬᠡᠮᠵᠢᠶ᠎ᠡ ᠵᠢ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠤᠨ ᠵᠶ᠋ᠡᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠤᠨ ᠰᠠᠢ᠌ᠲᠤᠷ ᠲᠣᠭᠲᠠᠭ᠋ᠠᠵᠤ᠂ ᠰᠠᠢ᠌ᠲᠤᠷ ᠬᠡᠷᠡᠭᠵᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠨᠡᠨ ᠬᠦ᠌ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ᠃
      ᠪᠦᠭᠦᠳᠡ ᠬᠤᠷᠠᠯ᠎ᠠᠴᠠ᠂ ᠣᠳᠣᠬᠠᠨ᠎ᠳᠤ᠂ ᠳᠡᠯᠡᠬᠡᠢ ᠳ᠋ᠠᠬᠢᠨ᠎ᠳᠤ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠬᠥᠭᠵᠢᠵᠦ᠂ ᠳᠡᠯᠡᠬᠡᠢ ᠶᠢᠷᠲᠢᠨᠴᠦ ᠰᠢᠨ᠎ᠡ ᠣᠷᠣᠭ᠎ᠠ ᠪᠤᠰᠬᠠᠭ᠎ᠠ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠵᠤ᠂ ᠮᠠᠨ᠎ᠤ ᠤᠯᠤᠰ᠎ᠤᠨ ᠬᠥᠭᠵᠢᠯᠲᠡ᠎ᠨᠢ ᠪᠠᠢ᠌ᠯᠳᠤᠬᠤ ᠪᠣᠳᠣᠯᠭ᠎ᠠ ᠵᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ᠎ᠪᠠᠷ ᠣᠷᠣᠰᠢᠵᠤ᠂ ᠲᠤᠬᠳᠠᠭ᠋ᠠᠯᠳᠤ ᠪᠤᠰᠤ ᠴᠢᠨᠠᠷ ᠵᠢᠱ᠌ᠢᠬᠦᠶ᠎ᠡ ᠪᠡᠷᠬᠡ ᠬᠦᠴᠦᠨ ᠵᠦᠢ᠍ᠯ ᠨᠡᠮᠡᠭᠳᠡᠵᠦ ᠪᠠᠢ᠌ᠭ᠎ᠠ ᠬᠤᠭᠤᠴᠠᠭ᠋ᠠᠨ᠎ᠳᠤ ᠣᠷᠣᠵᠠᠢ᠂ ᠡᠷᠬᠡᠪᠰᠢ ᠶᠡᠬᠡ ᠰᠠᠯᠬᠢ ᠰᠢᠷᠦᠭᠦᠨ ᠳᠠᠪᠠᠯᠭ᠋ᠠᠨ ᠴᠢᠨᠠᠭᠰᠢᠯᠠᠪᠠᠯ ᠳᠣᠬᠰᠢᠨ ᠳᠠᠪᠠᠯᠭ᠋ᠠᠨ ᠰᠢᠷᠦᠭᠦᠨ ᠲᠤᠯᠭᠢᠯᠳᠠ ᠵᠢᠨ ᠬᠦᠨᠳᠦ ᠶᠡᠬᠡ ᠰᠢᠯᠭ᠋ᠠᠯᠲᠠ ᠵᠢ ᠳᠤᠭᠤᠯᠬᠤ᠎ᠪᠠᠷ ᠪᠡᠯᠡᠳᠬᠡᠬᠦ ᠬᠡᠷᠡᠭᠲᠡᠢ᠃ ᠮᠠᠨ᠎ᠤ ᠤᠯᠤᠰ᠎ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ ᠯᠡ ᠴᠥᠭᠡᠨ ᠪᠤᠰᠤ ᠭᠦᠨ ᠳᠠᠪᠬᠤᠷᠭ᠎ᠠ ᠵᠢᠨ ᠵᠥᠷᠢᠴᠡᠯ᠎ᠳᠤ ᠲᠤᠯᠭ᠋ᠠᠷᠠᠵᠤ᠂ ᠬᠡᠷᠡᠭᠴᠡᠭᠡ ᠪᠠᠭ᠋ᠠᠰᠴᠤ᠂ ᠬᠠᠩᠭ᠋ᠠᠯᠭ᠎ᠠ ᠳᠠᠭ᠋ᠠᠷᠢᠯᠲᠠ᠎ᠳᠤ ᠤᠴᠠᠷᠠᠵᠤ᠂ ᠵᠢᠱ᠌ᠢᠯᠲᠡ ᠪᠠᠭᠤᠷᠠᠢ ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ ᠶᠡᠬᠡ ᠪᠠᠢ᠌ᠵᠤ᠂ ᠠᠵᠤ ᠠᠬᠤᠢ ᠵᠢᠨ ᠰᠡᠷᠭᠦᠯᠲᠡ ᠵᠢᠨ ᠰᠠᠭᠤᠷᠢ ᠬᠠᠷᠠᠬᠠᠨ ᠪᠠᠲᠤ ᠪᠡᠬᠢ ᠪᠢᠰᠢ ᠪᠠᠢ᠌ᠵᠤ᠂ ᠵᠢᠱ᠌ᠢᠯᠲᠡ᠎ᠠᠴᠠ ᠳᠠᠪᠠᠭᠰᠠᠨ ᠬᠦᠴᠦᠨ ᠵᠦᠢ᠍ᠯ᠎ᠨᠦᠭᠦᠳ ᠡᠭᠦᠰᠴᠦ ᠮᠡᠳᠡᠨ᠎ᠡ᠃ ᠪᠦᠭᠦ ᠨᠠᠮ᠎ᠤᠨ ᠨᠥᠬᠥᠳ ᠡᠷᠬᠡᠪᠰᠢ ᠢᠲᠡᠭᠡᠯ ᠵᠣᠷᠢᠭ ᠵᠶ᠋ᠠᠨ ᠪᠠᠲᠤᠳᠬᠠᠨ᠂ ᠪᠠᠢ᠌ᠯᠳᠤᠬᠤ ᠪᠣᠳᠣᠯᠭ᠎ᠠ ᠵᠢᠨ ᠰᠡᠷᠭᠡᠭ ᠪᠠᠢ᠌ᠳᠠᠯ ᠵᠶ᠋ᠠᠨ ᠪᠠᠲᠤᠯᠠᠵᠤ᠂ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ 《ᠭᠤᠷᠪᠠ ᠵᠢ ᠨᠡᠩ ᠰᠠᠢ᠌ᠨ ᠨᠢᠭᠡᠳᠦᠯᠲᠡᠢ ᠲᠥᠯᠥᠪᠵᠢᠭᠦᠯᠬᠦ》 ᠵᠢ ᠪᠡᠶᠡᠯᠡᠭᠦᠯᠵᠦ᠂ ᠡᠨᠡ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠴᠢᠷᠮᠠᠢ᠌ᠨ ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠬᠤ ᠬᠡᠷᠡᠭᠲᠡᠢ᠃ ᠰᠢᠨ᠎ᠡ ᠱᠠᠲᠤᠨ᠎ᠳᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠬᠠᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠵᠦ᠂ 《ᠬᠥᠬᠡᠭᠴᠢᠨ ᠲᠦᠷᠦᠯ᠎ᠤᠨ ᠬᠥᠬᠡᠭᠴᠢᠨ ᠬᠠᠮᠢᠶᠠᠷᠤᠯᠲᠠ》 ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠳᠣᠲᠣᠭ᠋ᠠᠳᠤ ᠬᠡᠷᠡᠭᠴᠡᠭᠡ ᠵᠢ ᠴᠢᠷᠮᠠᠢ᠌ᠨ ᠥᠷᠭᠡᠳᠬᠡᠵᠦ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ᠎ᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠢ᠌ᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠮᠥᠩᠭᠥᠨ ᠭᠦᠢ᠍ᠯᠭᠡᠭᠡᠨ᠎ᠤ ᠬᠦᠨᠳᠦ ᠶᠡᠬᠡ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠵᠤ᠂ ᠰᠢᠰᠲ᠋ᠧᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭ᠋ᠠᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠡᠯ᠎ᠡ ᠵᠦᠢ᠍ᠯ᠎ᠤᠨ ᠠᠵᠢᠯ᠎ᠢ ᠬᠦᠴᠦᠯᠡᠨ ᠴᠢᠩᠭ᠋ᠠᠳᠬᠠᠵᠤ᠂ ᠠᠵᠢᠯ ᠣᠯᠭᠣᠯᠲᠠ ᠵᠢ ᠤᠷᠢᠳ ᠵᠶ᠋ᠠᠷ ᠪᠣᠳᠣᠯᠬᠢᠯᠠᠬᠤ ᠲᠦᠷᠦ ᠵᠢᠨ ᠪᠣᠳᠣᠯᠭ᠎ᠠ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠢ ᠰᠠᠢ᠌ᠲᠤᠷ ᠪᠠᠲᠤᠯᠠᠵᠤ᠂ ᠨᠡᠢ᠌ᠭᠡᠮ᠎ᠤᠨ ᠪᠠᠲᠤᠯᠠᠭ᠎ᠠ ᠵᠢᠨ ᠲᠣᠣᠷ᠎ᠢ ᠪᠡᠬᠢᠵᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ ᠢᠯᠠᠩᠭᠤᠶ᠎ᠠ ᠬᠤᠳᠠ ᠬᠥᠳᠡᠭᠡ ᠵᠢᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠵᠦ᠂ ᠦᠷᠡᠵᠢᠯ᠎ᠢ ᠳᠡᠮᠵᠢᠭᠦ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠡᠪᠴᠢᠶᠡᠵᠢᠯ᠎ᠤᠨ ᠴᠢᠨᠠᠷᠲᠠᠢ ᠲᠠᠭᠢᠨ ᠶᠠᠳᠠᠭᠤᠷᠠᠬᠤ ᠵᠢ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠪᠦᠭᠦᠳᠠ ᠬᠤᠷᠠᠯ᠎ᠠᠴᠠ᠂ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠢ᠌ᠪᠢᠰᠢ ᠦᠭᠡᠢ ᠭᠦᠨᠵᠡᠭᠡᠢ᠌ᠷᠡᠭᠦᠯᠵᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠠᠷᠠᠯᠲᠠ ᠵᠢᠨ ᠲᠣᠭᠣᠷᠢᠨ᠎ᠳᠤ᠂ ᠨᠢᠭᠡ ᠪᠦᠯᠦᠭ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠥᠭᠡᠷᠡᠴᠢᠯᠡᠯᠲᠡ ᠵᠢᠨ ᠰᠢᠰᠲ᠋ᠧᠮ᠎ᠤᠨ ᠬᠤᠷᠠᠮᠳᠤᠯ᠂ ᠬᠠᠮᠵᠢᠯᠴᠠᠨ ᠥᠨᠳᠥᠷ ᠪᠦᠲᠦᠮᠵᠢᠲᠡᠢ ᠪᠠᠢ᠌ᠬᠤ ᠵᠢ ᠴᠢᠩᠭ᠋ᠠᠳᠬᠠᠵᠤ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠵᠢᠨ ᠭᠣᠭᠴᠣᠭ᠎ᠠ᠎ᠳᠤ ᠰᠢᠨ᠎ᠡ ᠰᠢᠪᠲᠤᠯᠤᠯᠲᠠ ᠭᠠᠷᠭ᠋ᠠᠬᠤ ᠬᠡᠷᠡᠭᠲᠡᠢ᠃ ᠨᠡᠢ᠌ᠭᠡᠮ ᠵᠢᠷᠤᠮ᠎ᠤᠨ ᠦᠨᠳᠦᠰᠦᠨ ᠠᠵᠤ ᠠᠬᠤᠢ ᠵᠢᠨ ᠪᠠᠢ᠌ᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠲᠣ ᠦᠶ᠎ᠡ ᠵᠢᠨ ᠠᠵᠤ ᠠᠬᠤᠢ᠌ᠯᠠᠯ᠎ᠤᠨ ᠳᠦᠷᠢᠮ᠎ᠢ ᠲᠡᠭᠦᠯᠳᠡᠷᠵᠢᠭᠦᠯᠵᠦ᠂ ᠣᠲᠣ ᠦᠶ᠎ᠡ ᠵᠢᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠡᠯ᠎ᠡ ᠬᠦᠷᠢᠶᠡᠨ᠎ᠤ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠲᠥᠰᠥᠪᠯᠡᠬᠦ ᠬᠡᠷᠡᠭᠲᠡᠢ᠃ ᠥᠭᠡᠷᠡᠴᠢᠯᠡᠯᠲᠡ ᠵᠢ ᠨᠠᠢ᠌ᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠬᠦ ᠵᠢ ᠴᠢᠬᠤᠯᠠᠴᠢᠯᠠᠵᠤ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠤ᠂ ᠨᠡᠢ᠌ᠭᠡᠮ ᠵᠢᠷᠤᠮ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠬᠥᠳᠡᠯᠭᠡᠭᠦ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠮᠠᠨ᠎ᠤ ᠤᠯᠤᠰ᠎ᠤᠨ ᠪᠠᠢ᠌ᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠲᠠ ᠵᠢᠨ ᠦᠷ᠎ᠡ ᠪᠦᠲᠦᠮᠵᠢ ᠪᠣᠯᠭ᠋ᠠᠨ ᠨᠡᠩ ᠰᠠᠢ᠌ᠲᠤᠷ ᠬᠤᠪᠢᠷᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠪᠦᠭᠦᠳᠡ ᠬᠤᠷᠠᠯ᠎ᠠᠴᠠ᠂ ᠨᠠᠮ᠎ᠤᠨ ᠪᠠᠢ᠌ᠭᠤᠯᠤᠯᠲᠠ ᠵᠢᠨ ᠲᠤᠬᠠᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠰᠡᠷᠭᠡᠭ ᠪᠠᠢ᠌ᠳᠠᠯ ᠪᠣᠯᠣᠨ ᠡᠷᠡᠰ ᠪᠠᠲᠤ ᠪᠠᠢ᠌ᠳᠠᠯ ᠵᠢᠡᠨ ᠴᠠᠭ ᠢᠮᠠᠭᠲᠠ ᠪᠠᠲᠤᠯᠠᠵᠤ᠂ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠨᠠᠮ᠎ᠤᠨ ᠡᠯ᠎ᠡ ᠲᠠᠯ᠎ᠠ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠤᠨ ᠭᠦᠨᠵᠡᠭᠡᠢ᠌ᠷᠡᠨ ᠭᠦᠭᠵᠢᠭᠦ ᠵᠢ ᠠᠬᠢᠭᠤᠯᠬᠤ ᠬᠡᠷᠡᠭᠲᠡᠢ᠃ ᠪᠦᠭᠦ ᠨᠠᠮ᠎ᠤᠨ ᠳᠣᠲᠣᠷ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ᠎ᠳᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠵᠦ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠤᠨᠤᠯ᠎ᠤᠨ ᠰᠤᠷᠤᠯᠴᠠᠯᠭ᠎ᠠ ᠪᠠ ᠠᠰᠢᠭᠯᠠᠯᠲᠠ ᠵᠢ ᠴᠢᠩᠭ᠋ᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠬᠤᠭᠤᠴᠠᠭ᠎ᠠ ᠰᠣᠯᠢᠭᠰᠠᠨ᠎ᠤ ᠳᠠᠷᠠᠭ᠋ᠠᠬᠢ ᠤᠳᠤᠷᠢᠳᠬᠤ ᠪᠠᠭ᠎ᠤᠨ ᠦᠵᠡᠯ ᠰᠠᠨᠠᠭ᠎ᠠ ᠤᠯᠤᠰ ᠲᠦᠷᠦ ᠵᠢᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠠᠷᠠᠳᠴᠢᠯᠠᠯ ᠲᠥᠪᠯᠡᠷᠡᠯ᠎ᠤᠨ ᠶᠣᠰᠣ ᠵᠢ ᠴᠢᠩᠭ᠎ᠠ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠪᠤᠢ ᠪᠤᠯᠭ᠋ᠠᠵᠤ᠂ ᠪᠦᠯᠬᠦᠮᠳᠡᠨ ᠬᠠᠮᠵᠢᠯᠴᠠᠭᠰᠠᠨ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠴᠢᠳᠠᠮᠠᠭ᠋ᠠᠢ ᠠᠵᠢᠯᠯᠠᠵᠤ ᠠᠮᠵᠢᠯᠲᠠ ᠣᠯᠬᠤ ᠠᠮᠢᠳᠤᠯᠢᠭ ᠪᠠᠢ᠌ᠳᠠᠯ᠎ᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠪᠠᠢ᠌ᠬᠤ ᠭᠦᠭ ᠠᠶᠠᠰ ᠵᠶ᠋ᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠡᠷᠴᠢᠮᠵᠢᠭᠦᠯᠵᠦ᠂ ᠦᠷᠭᠦᠯᠵᠢᠯᠡᠨ 《ᠲᠦᠷᠪᠡᠨ ᠰᠤᠷᠲᠠᠯ》᠎ᠢ ᠭᠦᠨᠵᠡᠭᠡᠢ᠌ᠷᠡᠭᠦᠯᠦᠨ ᠵᠠᠰᠠᠵᠤ᠂ ᠪᠠᠢ᠌ᠴᠠᠭ᠋ᠠᠨ ᠰᠤᠳᠤᠯᠬᠤ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠰᠤᠷᠲᠠᠯ᠎ᠢ ᠶᠡᠬᠡ᠎ᠪᠠᠷ ᠪᠠᠳᠠᠷᠠᠭᠤᠯᠵᠤ᠂ ᠲᠡᠦᠬᠡ ᠪᠠ ᠠᠷᠠᠳ ᠲᠦᠮᠡᠨ᠎ᠤ ᠰᠢᠯᠭ᠋ᠠᠯᠲᠠ ᠵᠢ ᠳᠠᠭ᠋ᠠᠭ᠋ᠠᠵᠤ ᠳᠡᠢ᠌ᠯᠭᠦ ᠪᠣᠳᠠᠲᠠᠢ ᠠᠮᠵᠢᠯᠲᠠ ᠪᠦᠲᠦᠮᠵᠢ ᠭᠠᠷᠭ᠋ᠠᠬᠤ ᠬᠡᠷᠡᠭᠲᠡᠢ᠃ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠤ ᠢᠯᠠᠯᠲᠠ ᠵᠢ ᠡᠷᠡᠰ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠪᠦᠭᠦᠳᠠ ᠬᠤᠷᠠᠯ᠎ᠠᠴᠠ᠂ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠨᠠᠮ ᠪᠠᠢ᠌ᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ 《ᠭᠤᠷᠪᠠᠨ ᠡᠷᠬᠡᠪᠰᠢ》 ᠵᠢ ᠪᠠᠲᠤ ᠴᠡᠭᠡᠵᠢᠯᠡᠵᠦ᠂ ᠢᠲᠡᠭᠡᠯ ᠲᠡᠭᠦᠯᠳᠡᠷ ᠵᠶ᠋ᠡᠷ ᠥᠪᠡᠷ᠎ᠢ᠎ᠪᠠᠨ ᠬᠦᠴᠦᠷᠬᠡᠭᠵᠢᠭᠦᠯᠵᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠡᠷᠡᠮᠡᠬᠡᠢ᠌ᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠲᠣᠭᠲᠠᠭ᠋ᠠᠭᠰᠠᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠢᠨ ᠲᠥᠯᠥᠭᠡ ᠬᠠᠮᠲᠤ᠎ᠪᠠᠷ ᠲᠡᠮᠡᠴᠡᠰᠦᠭᠡᠢ ᠭᠡᠵᠦ ᠤᠷᠢᠶᠠᠯᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠭᠦ᠎ᠳᠤ ᠣᠷᠤᠯᠴᠠᠬᠤ᠎ᠳᠠᠭᠠᠨ ᠴᠢᠬᠤᠯᠠᠴᠢᠯᠠᠭᠰᠠᠨ᠎ᠨᠢ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠬᠦ ᠬᠡᠷᠡᠭᠲᠡᠢ
ᠰᠢ ᠵᠢᠨ ᠫᠢᠩ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠢ᠌ᠭ᠎ᠠ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ ᠪᠠ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠵᠦ ᠴᠢᠨᠠᠷ ᠰᠠᠢ᠌ᠲᠠᠢ ᠭᠦᠭᠵᠢᠭᠦ ᠵᠢ ᠵᠥᠪ ᠵᠶ᠋ᠡᠷ ᠬᠥᠲᠥᠯᠥᠨ ᠵᠢᠯᠤᠭᠣᠳᠬᠤ ᠬᠡᠷᠡᠭᠲᠡᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠪᠠ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠣᠶᠠᠳᠤᠭ᠋ᠠᠷ ᠪᠦᠭᠦᠳᠡ ᠬᠤᠷᠠᠯ ᠬᠢᠪᠡ ᠰᠢ ᠵᠢᠨ ᠫᠢᠩ ᠯᠢ ᠴᠢᠶᠠᠩ ᠵᠤᠤ ᠯᠧ ᠵᠢᠢ ᠸᠠᠩ ᠬᠤ᠌ ᠨᠢᠩ ᠬᠠᠨ ᠵᠧᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ ᠲᠡᠷᠢᠭᠦᠯᠡᠭᠴᠢᠳ᠎ᠤᠨ ᠲᠠᠢ᠌ᠰᠠᠨ᠎ᠳᠤ ᠰᠠᠭ᠋ᠠᠲᠠᠪᠠ ᠯᠢ ᠵᠠᠨ ᠱᠣ᠌ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠵᠡᠢ ᠠᠷᠠᠳ᠎ᠤᠨ ᠳᠡᠭᠡᠳᠦ ᠰᠢᠭᠦᠭᠦ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠠ ᠬᠢᠨᠠᠨ ᠵᠥᠪᠯᠡᠵᠦ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ
ᠶᠡᠷᠦᠩᠬᠡᠢ ᠰᠠᠢ᠌ᠳ ᠯᠢ ᠴᠢᠶᠠᠩ ᠰᠣᠷᠪᠤᠯᠵᠢᠯᠠᠬ᠍ᠴᠢᠳ᠎ᠤᠨ ᠬᠤᠷᠠᠯ᠎ᠳᠤ ᠣᠷᠣᠯᠴᠠᠬᠰᠠᠨ ᠪᠥᠭᠡᠳ ᠳᠤᠮᠳᠠᠳᠤ ᠭᠠᠳᠠᠭ᠋ᠠᠳᠤ ᠵᠢᠨ ᠰᠣᠷᠪᠤᠯᠵᠢᠯᠠᠬ᠍ᠴᠢᠳ᠎ᠤᠨ ᠳᠤᠷᠠᠳᠤᠭᠰᠠᠨ ᠠᠰᠠᠭᠤᠯᠲᠠ ᠵᠢ ᠬᠠᠷᠢᠭᠤᠯᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠩᠬᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠰᠠᠢ᠌ᠲᠤᠷ ᠭᠦᠢ᠍ᠴᠡᠳᠬᠡᠭᠴᠢ᠂ ᠠᠵᠢᠯᠯᠠᠭ᠋ᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠰᠢᠨ᠎ᠡ ᠭᠠᠷᠤᠭ᠎ᠠ᠎ᠠᠴᠠ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠡᠬᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
 
            