ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠩᠬᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠰᠠᠢ᠌ᠲᠤᠷ ᠭᠦᠢ᠍ᠴᠡᠳᠬᠡᠭᠴᠢ᠂ ᠠᠵᠢᠯᠯᠠᠭ᠋ᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠰᠢᠨ᠎ᠡ ᠭᠠᠷᠤᠭ᠎ᠠ᠎ᠠᠴᠠ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠡᠬᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶ᠋ᠢᠲᠡᠯᠡᠭᠰᠡᠨ ᠴᠠᠭ᠄ 2023-03-22

      ᠰᠢᠨᠬᠤᠸᠠ ᠬᠣᠷᠢᠶᠠᠨ᠎ᠤ ᠪᠡᠭᠡᠵᠢᠩ᠎ᠤᠨ 3 ᠳ᠋ᠤᠭ᠋ᠠᠷ ᠰᠠᠷ᠎ᠠ ᠵᠢᠨ 17᠎ᠤ ᠡᠳᠦᠷ᠎ᠤᠨ ᠮᠡᠳᠡᠭᠡ   3 ᠳ᠋ᠤᠭ᠋ᠠᠷ ᠰᠠᠷ᠎ᠠ ᠵᠢᠨ 17᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠰᠢᠨ᠎ᠡ ᠨᠢᠭᠡ ᠬᠤᠭᠤᠴᠠᠭ᠋ᠠᠨ᠎ᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠩᠬᠠᠳᠤᠭ᠋ᠠᠷ ᠪᠦᠭᠦᠳᠡ ᠬᠤᠷᠠᠯ᠎ᠢ ᠬᠤᠷᠠᠯᠳᠤᠭᠤᠯᠪᠠ᠃ ᠬᠤᠷᠠᠯ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠬᠤ ᠨᠥᠬᠥᠳ᠎ᠤᠨ ᠠᠵᠢᠯ᠎ᠤᠨ ᠬᠤᠪᠢᠶᠠᠷᠢᠯᠠᠯ ᠪᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠭᠤᠯᠤᠮᠵᠢ ᠵᠢᠨ ᠲᠣᠬᠢᠷᠠᠭᠤᠯᠤᠯᠲᠠ ᠵᠢ ᠨᠡᠢ᠌ᠲᠡᠯᠡᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠢᠯ᠎ᠤᠨ ᠳᠦᠷᠢᠮ》᠎ᠢ ᠬᠢᠨᠠᠨ ᠵᠥᠪᠯᠡᠵᠦ ᠪᠠᠲᠤᠯᠠᠭ᠋ᠠᠳ᠂ ᠵᠠᠰᠠᠭ᠎ᠤᠨ ᠣᠷᠳᠣᠨ᠎ᠤ ᠠᠵᠢᠯ᠎ᠳᠤ ᠪᠠᠢ᠌ᠷᠢᠯᠠᠭᠤᠯᠤᠯᠲᠠ ᠬᠢᠵᠡᠢ᠃ ᠯᠢ ᠴᠢᠶᠠᠩ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠭᠣᠣᠯ ᠡᠭᠦᠷᠭᠡ ᠵᠢᠨ ᠲᠣᠭᠣᠷᠢᠨ᠎ᠳᠤ ᠠᠵᠢᠯ ᠵᠶ᠋ᠠᠨ ᠥᠷᠨᠢᠭᠦᠯᠵᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯ᠎ᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠢ᠌ᠨ᠎ᠠ᠃
      ᠯᠢ ᠴᠢᠶᠠᠩ ᠵᠢᠭ᠋ᠠᠬᠤ᠎ᠳᠤ᠎ᠪᠠᠨ᠂ ᠲᠣᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠲᠤᠰᠢᠶᠠᠯ᠎ᠤᠨ ᠬᠤᠭᠤᠴᠠᠭ᠋ᠠᠨ᠎ᠤ ᠲᠠᠪᠤᠨ ᠵᠢᠯ ᠪᠣᠯ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠦᠲᠦᠭᠡᠨ ᠪᠠᠶ᠋ᠢᠭᠤᠯᠬᠤ ᠡᠬᠢᠯᠡᠯᠲᠡ ᠵᠢᠨ ᠵᠠᠩᠭᠢᠯᠠᠭ᠎ᠠ ᠵᠢᠨ ᠬᠤᠭᠤᠴᠠᠭ᠎ᠠ ᠮᠥᠨ᠃ ᠲᠤᠰ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠠᠵᠢᠯ ᠪᠣᠯ ᠳᠠᠷᠤᠢ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠰᠠᠢ᠌ᠲᠤᠷ ᠲᠤᠭᠤᠰᠢᠯᠠᠭᠤᠯᠵᠤ᠂ ᠰᠠᠢ᠌ᠲᠤᠷ ᠨᠠᠢ᠌ᠳᠠᠪᠤᠷᠢᠵᠢᠭᠤᠯᠬᠤ ᠶᠠᠪᠤᠳᠠᠯ ᠶᠤᠮ᠂ ᠮᠠᠨ᠎ᠤ ᠨᠥᠬᠥᠳ ᠨᠢᠭᠡᠪᠦᠷᠢ ᠴᠥᠮ ᠰᠠᠢ᠌ᠲᠤᠷ ᠭᠦᠢ᠍ᠴᠡᠳᠬᠡᠭᠴᠢ᠂ ᠠᠵᠢᠯᠯᠠᠭ᠋ᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠭᠦᠢ᠍ᠴᠡᠳᠬᠡᠭᠴᠢ᠎ᠨᠢ ᠳᠠᠷᠤᠢ ᠨᠠᠮ᠎ᠤᠨ ᠲᠥᠪ ᠬᠣᠷᠢᠶᠠᠨ᠎ᠤ ᠪᠠᠢ᠌ᠯᠳᠤᠬᠤ ᠪᠣᠳᠣᠯᠭ᠎ᠠ ᠵᠢᠨ ᠵᠣᠷᠢᠯᠲᠠ ᠵᠢ ᠪᠦᠬᠦ ᠲᠠᠯ᠎ᠠ᠎ᠪᠠᠷ ᠣᠨᠣᠪᠴᠢᠲᠠᠢ ᠣᠢ᠌ᠯᠠᠭ᠋ᠠᠨ᠂ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠱᠠᠭ᠋ᠠᠷᠳᠠᠯᠭ᠎ᠠ᠎ᠨᠤᠭᠤᠳ᠎ᠢ ᠭᠣᠢ᠌ᠪᠢᠰᠢ ᠦᠭᠡᠢ ᠨᠠᠢ᠌ᠳᠠᠪᠤᠷᠢᠵᠢᠭᠤᠯᠬᠤ ᠵᠢᠨ ᠬᠠᠮᠲᠤ ᠪᠦᠲᠦᠭᠡᠯᠴᠢ᠎ᠪᠠᠷ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠲᠠᠲᠠᠢ᠌ᠵᠢᠭᠤᠯᠤᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠠᠵᠢᠯᠯᠠᠭ᠋ᠠᠴᠢ᠎ᠨᠢ ᠳᠠᠷᠤᠢ ᠦᠢ᠍ᠯᠡ ᠠᠵᠢᠯᠯᠠᠭ᠎ᠠ᠎ᠪᠠᠷ ᠵᠶ᠋ᠠᠨ ᠨᠠᠢ᠌ᠳᠠᠪᠤᠷᠢᠵᠢᠭᠤᠯᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠤᠷᠢᠶᠠᠯᠠᠭ᠎ᠠ ᠵᠢ᠎ᠲᠠᠭᠠᠨ᠂ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠡᠷᠬᠡᠪᠰᠢ ᠪᠤᠰᠢᠭᠤ ᠱᠠᠯᠠᠮᠠᠭ᠋ᠠᠢ ᠪᠥᠭᠡᠳ ᠡᠷᠡᠰ ᠰᠢᠭᠤᠷᠬᠠᠢ ᠪᠠᠢ᠌ᠵᠤ᠂ ᠨᠠᠮ᠎ᠤᠨ ᠲᠥᠪ ᠬᠣᠷᠢᠶᠠᠨ᠎ᠤ ᠵᠠᠰᠠᠭ᠎ᠤᠨ ᠵᠠᠷᠯᠢᠭ᠎ᠤᠨ ᠤᠷᠤᠭᠰᠢᠲᠠᠢ ᠶᠠᠪᠤᠭᠳᠠᠬᠤ᠂ ᠵᠠᠷᠯᠢᠭ ᠴᠠᠭ᠋ᠠᠵᠠ ᠵᠢ ᠴᠢᠩᠭ᠎ᠠ ᠲᠠᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠣᠳᠠᠲᠠᠢ ᠠᠵᠢᠯᠯᠠᠭᠴᠢ᠎ᠨᠢ ᠳᠠᠷᠤᠢ ᠦᠨᠡᠨ ᠬᠦ᠌ ᠠᠳᠬᠤᠨ ᠪᠣᠳᠠᠲᠠᠢ ᠬᠢᠵᠦ ᠰᠢᠷᠭ᠋ᠠᠭᠤ ᠬᠠᠲᠠᠭᠤᠵᠢᠯᠲᠠᠢ ᠠᠵᠢᠯᠯᠠᠬᠤ᠎ᠪᠠᠷ ᠦᠯᠦ ᠪᠠᠷᠠᠮ ᠴᠢᠳᠠᠮᠠᠭ᠋ᠠᠢ᠎ᠪᠠᠷ ᠬᠢᠵᠦ ᠪᠦᠲᠦᠭᠡᠨ᠂ ᠲᠡᠦᠬᠡ᠂ ᠦᠢ᠍ᠯᠡᠳᠦᠯᠭᠡ ᠪᠠ ᠠᠷᠠᠳ ᠲᠦᠮᠡᠨ᠎ᠤ ᠰᠢᠯᠭ᠋ᠠᠯᠲᠠ ᠵᠢ ᠳᠠᠪᠠᠵᠤ ᠳᠡᠶ᠋ᠢᠯᠬᠦ ᠠᠮᠵᠢᠯᠲᠠ ᠪᠦᠲᠦᠮᠵᠢ ᠵᠢ ᠴᠢᠷᠮᠠᠢ᠌ᠨ   ᠡᠭᠦᠳᠬᠦ ᠬᠡᠷᠡᠭᠲᠡᠢ ᠭᠡᠵᠡᠢ᠃
      ᠯᠢ ᠴᠢᠶᠠᠩ᠂ ᠨᠠᠮ᠎ᠤᠨ ᠲᠥᠪ ᠬᠣᠷᠢᠶᠠᠨ᠎ᠤ ᠡᠨᠡ ᠵᠢᠯ᠎ᠤᠨ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠬᠦᠴᠦᠯᠡᠨ ᠰᠠᠢ᠌ᠲᠤᠷ ᠠᠳᠬᠤᠵᠤ᠂ ᠰᠢᠨ᠎ᠡ ᠭᠠᠷᠤᠭ᠎ᠠ᠎ᠠᠴᠠ ᠡᠯ᠎ᠡ ᠵᠦᠢ᠍ᠯ᠎ᠤᠨ ᠠᠵᠢᠯ᠎ᠤᠨ ᠰᠠᠢ᠌ᠨ ᠡᠬᠢᠯᠡᠯᠲᠡ᠎ᠲᠠᠢ ᠪᠣᠯᠬᠤ ᠵᠢ ᠠᠬᠢᠭᠤᠯᠬᠤ ᠬᠡᠷᠡᠭᠲᠡᠢ᠃ ᠴᠢᠨᠠᠷ ᠰᠠᠢ᠌ᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠴᠢᠩᠭ᠎ᠠ ᠠᠳᠬᠤᠨ᠂ ᠲᠣᠭᠲᠠᠭᠤᠨ᠎ᠢ ᠲᠡᠷᠢᠭᠦᠨ᠎ᠳᠤ ᠲᠠᠯᠪᠢᠬᠤ᠂ ᠲᠣᠭᠲᠠᠭᠤᠨ᠎ᠤ ᠳᠤᠮᠳᠠ ᠤᠷᠤᠭᠰᠢᠯᠠᠬᠤ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨᠴᠢ ᠪᠥᠭᠡᠳ ᠣᠨᠣᠪᠴᠢᠲᠠᠢ᠎ᠪᠠᠷ ᠬᠣᠷᠸ᠎ᠠ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠷᠭ᠎ᠠ ᠪᠣᠳᠣᠯᠭ᠎ᠠ᠎ᠨᠤᠭᠤᠳ᠎ᠢ ᠶᠡᠷᠦᠩᠬᠡᠢ᠌ᠯᠡᠨ ᠬᠡᠷᠡᠭᠵᠢᠭᠦᠯᠵᠦ ᠪᠠᠢ᠌ᠭ᠋ᠠᠳ ᠳᠣᠲᠣᠭ᠋ᠠᠳᠤ ᠬᠡᠷᠡᠭᠴᠡᠭᠡᠨ᠎ᠤ ᠳᠠᠯᠳᠠ ᠬᠦᠴᠦᠨ᠎ᠢ ᠪᠠᠳᠠᠷᠠᠭᠤᠯᠤᠨ᠂ ᠠᠵᠤ ᠠᠬᠤᠢ ᠵᠢᠨ ᠠᠵᠢᠯᠯᠠᠭ᠋ᠠᠨ᠎ᠤ ᠪᠦᠬᠦᠯᠢ ᠴᠣᠭᠴᠠ᠎ᠪᠠᠷ ᠵᠶ᠋ᠠᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠡᠷᠡᠭᠲᠡᠢ᠃ ᠠᠵᠤ ᠠᠬᠤᠢ ᠵᠢ ᠬᠥᠭᠵᠢᠭᠦᠯᠬᠦ ᠬᠦᠴᠦᠯᠡᠴᠡ ᠵᠢ ᠪᠣᠳᠠᠲᠤ ᠴᠣᠭᠴᠠᠲᠤ ᠠᠵᠤ ᠠᠬᠤᠢ ᠳᠡᠭᠡᠷ᠎ᠡ ᠲᠠᠯᠪᠢᠨ᠂ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠰᠢᠨ᠎ᠡ ᠨᠢᠭᠡ ᠡᠭᠡᠯᠵᠢ ᠵᠢᠨ ᠥᠭᠡᠷᠡᠴᠢᠯᠡᠯᠲᠡ ᠵᠢ ᠲᠥᠯᠥᠪᠵᠢᠭᠦᠯᠦᠨ ᠬᠡᠷᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠤᠨ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ ᠬᠡᠷᠡᠭᠲᠡᠢ᠃ ᠬᠦᠨᠳᠦ ᠶᠡᠬᠡ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠢ᠌ᠯᠡᠨ ᠠᠷᠢᠯᠭ᠋ᠠᠵᠤ᠂ ᠰᠢᠰᠲᠸᠮ᠎ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭ᠋ᠠᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠣᠨ᠎ᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠪᠥᠭᠡᠳ ᠠᠮᠤᠷ ᠲᠦᠪᠰᠢᠨ ᠬᠠᠩᠭ᠋ᠠᠯᠭ᠎ᠠ ᠵᠢ ᠦᠨᠡᠨ ᠬᠦ᠌ ᠪᠠᠲᠤᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠡᠷᠡᠭᠲᠡᠢ᠃ ᠣᠷᠴᠢᠨ ᠲᠣᠭᠣᠷᠢᠨ᠎ᠤ ᠪᠣᠬᠢᠷᠳᠤᠯ᠎ᠢ ᠰᠡᠷᠭᠡᠢ᠌ᠯᠡᠨ ᠵᠠᠰᠠᠬᠤ ᠵᠢ ᠭᠦᠨᠵᠡᠭᠡᠢ ᠠᠬᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠤᠷᠬᠢᠯ ᠬᠡᠮᠵᠢᠭᠳᠡᠯ᠎ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠢᠳᠡᠪᠬᠢᠲᠡᠢ ᠪᠥᠭᠡᠳ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ᠃ ᠨᠡᠢ᠌ᠭᠡᠮ᠎ᠤᠨ ᠦᠢ᠍ᠯᠡᠰ᠎ᠤᠨ ᠬᠥᠭᠵᠢᠯᠲᠡ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠡᠷᠭᠡ ᠡᠯ᠎ᠡ ᠲᠠᠯ᠎ᠠ ᠵᠢᠨ ᠠᠵᠢᠯ᠎ᠤᠳ᠎ᠢ ᠰᠠᠢ᠌ᠲᠤᠷ ᠬᠢᠵᠦ᠂ ᠠᠷᠠᠳ ᠲᠦᠮᠡᠨ᠎ᠤ ᠬᠦᠷᠲᠡᠭᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭ᠋ᠠᠨ ᠭᠠᠷᠭ᠋ᠠᠪᠠ᠃
      ᠯᠢ ᠴᠢᠶᠠᠩ ᠴᠢᠬᠤᠯᠠᠴᠢᠯᠠᠬᠤ᠎ᠳᠤ᠎ᠪᠠᠨ᠂ ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠂ ᠤᠯᠤᠰ ᠲᠥᠷᠥ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠪᠠᠢ᠌ᠴᠠᠭ᠋ᠠᠨ ᠰᠤᠳᠤᠯᠤᠯᠲᠠ ᠬᠢᠬᠦ ᠰᠤᠷᠲᠠᠯ᠎ᠢ ᠶᠡᠬᠡ᠎ᠪᠠᠷ ᠪᠠᠳᠠᠷᠠᠭᠤᠯᠤᠨ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠡᠭᠦᠷᠭᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠴᠢᠩᠭ᠎ᠠ ᠪᠠᠷᠢᠮᠲᠠᠯᠠᠨ᠂ ᠪᠦᠲᠦᠭᠡᠯᠴᠢ᠎ᠪᠠᠷ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ᠃ ᠲᠦᠷᠦ ᠵᠢᠨ ᠶᠠᠪᠤᠳᠠᠯ᠎ᠤᠨ ᠬᠣᠷᠢᠶ᠎ᠠ ᠵᠢᠴᠢ ᠡᠯ᠎ᠡ ᠰᠠᠯᠠᠭ᠎ᠠ ᠮᠥᠴᠢᠷ᠎ᠤᠨ ᠤᠳᠤᠷᠢᠳᠬᠤ ᠨᠥᠬᠥᠳ ᠲᠦᠷᠦᠭᠦᠯᠡᠨ ᠤᠯᠤᠰ ᠲᠦᠷᠦ ᠵᠢ ᠡᠷᠬᠢᠮᠯᠡᠬᠦ᠂ ᠶᠣᠰᠣ ᠳᠦᠷᠢᠮ᠎ᠢ ᠰᠠᠬᠢᠬᠤ᠂ ᠪᠡᠶ᠎ᠡ᠎ᠪᠠᠨ ᠴᠢᠩᠭ᠎ᠠ ᠱᠠᠭ᠋ᠠᠷᠳᠠᠬᠤ᠂ ᠬᠤᠪᠢ ᠵᠢᠨ ᠠᠰᠢᠭ᠎ᠢ ᠬᠥᠭᠡᠭᠡᠴᠡᠯᠳᠦᠬᠦ ᠦᠭᠡᠢ᠂ ᠠᠵᠢᠯᠴᠢ ᠬᠢᠴᠢᠶᠡᠩᠭᠦᠢ᠎ᠪᠠᠷ ᠠᠵᠢᠯᠯᠠᠬᠤ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠰᠤᠷᠲᠠᠯ ᠴᠢᠬᠡᠴᠢ ᠣᠪᠣᠷ ᠲᠥᠪ᠂ ᠪᠦᠯᠬᠦᠮᠳᠡᠨ ᠲᠡᠮᠡᠴᠡᠬᠦ ᠰᠠᠢ᠌ᠨ ᠰᠠᠢ᠌ᠬᠠᠨ ᠪᠠᠢ᠌ᠳᠠᠯ᠎ᠢ ᠪᠤᠢ ᠪᠣᠯᠭ᠋ᠠᠬᠤ ᠬᠡᠷᠡᠭᠲᠡᠢ ᠭᠡᠵᠡᠢ᠃
      ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠦᠬᠦᠳᠡ ᠬᠤᠷᠠᠯ᠎ᠤᠨ ᠭᠡᠰᠢᠭᠦᠳ ᠬᠤᠷᠠᠯ᠎ᠳᠤ ᠣᠷᠣᠯᠴᠠᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠤᠰᠤᠳ ᠰᠠᠯᠠᠭ᠎ᠠ ᠮᠥᠴᠢᠷ᠂ ᠨᠢᠭᠡᠴᠢ ᠵᠢᠨ ᠬᠠᠷᠢᠭᠤᠴᠠᠯᠭ᠋ᠠᠲᠠᠳ ᠬᠤᠷᠠᠯ᠎ᠳᠤ ᠰᠤᠯᠠ ᠣᠷᠣᠯᠴᠠᠭᠰᠠᠨ ᠪᠠᠢ᠌ᠨ᠎ᠠ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠨᠠᠮ ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠬᠦ ᠵᠢᠴᠢ ᠡᠬᠡ ᠮᠥᠩᠭᠥ ᠵᠢ ᠬᠣᠢ᠌ᠰᠢᠯᠠᠭᠤᠯᠤᠨ ᠳᠥᠯᠥᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠪᠠ
ᠰᠢ ᠵᠢᠨ ᠫᠢᠩ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠡᠷᠡᠰ ᠭᠤᠢ᠌ᠪᠢᠰᠢ ᠦᠭᠡᠢ᠎ᠪᠠᠷ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠰᠤᠳᠤᠯᠵᠤ 《ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ ᠎ᠳᠠᠭᠠᠨ ᠴᠢᠬᠤᠯᠠᠴᠢᠯᠠᠭᠰᠠᠨ᠎ᠨᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠵᠠᠢ
 
            