ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ 5᠎ᠤ ᠦᠳᠡ ᠵᠢᠨ ᠬᠤᠶ᠋ᠢᠨ᠎ᠠ ᠲᠡᠭᠦᠨ᠎ᠤ ᠪᠠᠶ᠋ᠢᠭ᠎ᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠤᠨ ᠬᠢᠨᠠᠨ ᠵᠥᠪᠯᠡᠭᠦ᠎ᠳᠤ ᠣᠷᠤᠯᠴᠠᠬᠤ᠎ᠳᠠᠭᠠᠨ᠂ ᠴᠢᠨᠠᠷ ᠰᠠᠶ᠋ᠢᠲᠠᠢ ᠬᠥᠭᠵᠢᠯᠲᠡ ᠪᠣᠯ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠢᠮᠠᠭᠲᠠ ᠰᠢᠨ᠎ᠡ ᠵᠢ ᠡᠭᠦᠳᠭᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠡᠳ᠋ᠯᠡᠭᠦ ᠳᠣᠲᠣᠭ᠋ᠠᠳᠤ ᠨᠢᠭᠡᠳᠦᠯ ᠵᠶ᠋ᠠᠷ ᠬᠥᠭᠵᠢᠯᠲᠡ ᠵᠢ ᠡᠵᠡᠮᠳᠡᠵᠦ᠂ ᠬᠥᠭᠵᠢᠯᠲᠡ ᠵᠢ ᠬᠡᠮᠵᠢᠵᠦ᠂ ᠬᠥᠭᠵᠢᠯᠲᠡ ᠵᠢ ᠠᠬᠢᠭᠤᠯᠬᠤ ᠭᠡᠷᠡᠭᠲᠡᠢ; ᠡᠷᠬᠡᠪᠰᠢ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠨᠠᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠠᠰᠢᠭ᠎ᠢ ᠤᠷᠢᠳ ᠵᠶ᠋ᠠᠷ ᠪᠣᠳᠣᠯᠬᠢᠯᠠᠬᠤ ᠵᠢ ᠢᠮᠠᠭᠲᠠ ᠪᠠᠷᠢᠮᠲᠠᠯᠠᠵᠤ᠂ ᠶᠠᠰᠤ ᠴᠢᠨᠠᠷ᠎ᠤᠨ ᠤᠬᠠᠮᠰᠠᠷ ᠵᠶ᠋ᠠᠨ ᠶᠡᠭᠡ᠎ᠪᠠᠷ ᠴᠢᠩᠭ᠋ᠠᠳᠬᠠᠵᠤ᠂ ᠶᠠᠰᠤ ᠴᠢᠨᠠᠷ᠎ᠢ ᠠᠮᠢ ᠨᠠᠰᠤ ᠪᠣᠯᠭ᠋ᠠᠨ ᠦᠵᠡᠵᠦ᠂ ᠴᠢᠨᠠᠷ ᠰᠠᠶ᠋ᠢᠲᠠᠢ ᠪᠠᠶ᠋ᠢᠬᠤ᠎ᠪᠠᠷ ᠬᠥᠭᠡᠭᠡᠴᠡᠯᠳᠦᠯ ᠪᠤᠯᠭ᠋ᠠᠬᠤ ᠭᠡᠷᠡᠭᠲᠡᠶ; ᠡᠷᠬᠡᠪᠰᠢ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠶ᠋ᠢᠪᠢᠰᠢ ᠦᠭᠡᠢ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠠᠷᠭ᠎ᠠ ᠭᠡᠯᠪᠡᠷᠢ ᠵᠢ ᠭᠦᠨᠵᠡᠭᠡᠢ ᠬᠤᠪᠢᠷᠠᠭᠤᠯᠵᠤ᠂ ᠦᠷ᠎ᠡ ᠠᠰᠢᠭ᠎ᠤᠨ ᠬᠤᠪᠢᠰᠤᠯᠲᠠ᠂ ᠬᠥᠳᠡᠯᠭᠡᠭᠦ ᠬᠦᠴᠦᠨ᠎ᠤ ᠬᠤᠪᠢᠰᠤᠯᠲᠠ᠎ᠪᠠᠷ ᠶᠠᠰᠤ ᠴᠢᠨᠠᠷ᠎ᠤᠨ ᠬᠤᠪᠢᠰᠤᠯᠲᠠ ᠵᠢ ᠠᠬᠢᠭᠤᠯᠵᠤ᠂ ᠦᠷᠭᠦᠯᠵᠢᠯᠡᠬᠦ ᠴᠢᠨᠠᠷ ᠰᠠᠶ᠋ᠢᠲᠠᠢ ᠬᠥᠭᠵᠢᠯᠲᠡ ᠵᠢᠨ ᠪᠠᠶ᠋ᠢᠭᠤᠯᠤᠮᠵᠢ ᠲᠣᠭᠲᠠᠴᠠ ᠵᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ; ᠡᠷᠬᠡᠪᠰᠢ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠵᠣᠷᠢᠯᠲᠠ ᠪᠠ ᠲᠤᠰᠤᠯᠲᠠ ᠪᠤᠯᠭ᠋ᠠᠵᠤ᠂ ᠬᠥᠭᠵᠢᠯᠲᠡ ᠵᠢᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠠᠮᠢᠳᠤᠷᠠᠯ᠎ᠤᠨ ᠴᠢᠨᠠᠷ ᠴᠢᠨᠰᠠᠭ᠎ᠠ ᠪᠣᠯᠭ᠋ᠠᠨ ᠬᠤᠪᠢᠷᠠᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠰᠢ ᠵᠢᠨ ᠫᠢᠩ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ᠎ᠳᠤ ᠬᠦᠷᠴᠦ ᠢᠷᠡᠬᠦ᠎ᠳᠤ ᠲᠤᠬᠠᠢ ᠵᠢᠨ ᠲᠠᠯᠠᠪᠠᠢ᠎ᠳᠤ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃
ᠵᠢᠶᠠᠩᠰᠤ ᠵᠢᠨ ᠲᠥᠯᠥᠭᠡᠯᠡᠭᠴᠢᠳ᠎ᠤᠨ ᠪᠦᠯᠭᠦᠮ ᠨᠠᠷᠢᠨ ᠬᠢᠨᠠᠮᠠᠭ᠋ᠠᠢ ᠬᠢᠨᠠᠨ ᠵᠥᠪᠯᠡᠵᠦ᠂ ᠭᠦᠷ ᠬᠥᠭᠵᠢᠶᠡᠨ ᠵᠶ᠋ᠠᠷ ᠪᠢᠯᠬᠠᠵᠤ ᠪᠠᠶ᠋ᠢᠯ᠎ᠠ᠃ ᠰᠢᠦᠢ ᠺᠦᠨ ᠯᠢᠨ᠂ ᠯᠢᠦ ᠴᠢᠩ᠂ ᠱᠠᠨ ᠽᠧᠩ ᠬᠠᠢ᠂ ᠸᠧᠢ ᠴᠢᠶᠣᠤ᠂ ᠵᠠᠩ ᠳ᠋ᠠ ᠳ᠋ᠦᠩ᠂ ᠦ᠋ ᠴᠢᠩ ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠦᠢ᠍ᠯᠡᠴᠢᠯᠡᠬᠦ᠂ ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠭᠦ ᠵᠢ ᠶᠡᠭᠡ᠎ᠪᠠᠷ ᠠᠬᠢᠭᠤᠯᠬᠤ᠂ ᠡᠷᠡᠰ ᠭᠤᠶ᠋ᠢᠪᠢᠰᠢ ᠦᠭᠡᠢ᠎ᠪᠠᠷ ᠦᠢ᠍ᠯᠡᠳᠭᠦ ᠦᠢ᠍ᠯᠡᠰ᠎ᠤᠨ ᠨᠣᠶᠠᠨ ᠤᠷᠭᠢᠯ᠎ᠳᠤ ᠠᠪᠠᠷᠢᠬᠤ᠂ ᠰᠢᠨ᠎ᠡ ᠴᠠᠭ ᠦᠶ᠎ᠡ ᠵᠢᠨ 《ᠰᠢᠨ᠎ᠡ ᠲᠠᠷᠢᠶᠠᠴᠢᠨ》 ᠪᠤᠯᠬᠤ᠂ ᠨᠠᠮ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠳᠠᠭ᠋ᠠᠭᠤᠯᠤᠭᠴᠢ ᠪᠤᠯᠬᠤ ᠵᠡᠷᠭᠡ ᠠᠰᠠᠭᠤᠳᠠᠯ᠎ᠤᠨ ᠲᠣᠭᠤᠷᠢᠨ᠎ᠳᠤ ᠦᠭᠡ ᠬᠡᠯᠡᠪᠡ᠃ ᠰᠢ ᠵᠢᠨ ᠫᠢᠩ ᠪᠠᠶ᠋ᠢᠨ ᠲᠠᠭᠢᠨ ᠳᠤᠮᠳᠠ᠎ᠨᠢ ᠦᠭᠡ ᠬᠡᠯᠡᠵᠦ᠂ ᠤᠯᠠᠨ᠎ᠲᠠᠢ ᠪᠤᠳᠤᠯ ᠰᠠᠨᠠᠯ ᠵᠶ᠋ᠠᠨ ᠰᠣᠯᠢᠯᠴᠠᠪᠠ᠃
ᠣᠯᠠᠨ᠎ᠤ ᠭᠡᠯᠡᠭᠦ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠳᠠᠷᠠᠭ᠎ᠠ ᠰᠢ ᠵᠢᠨ ᠫᠢᠩ ᠦᠭᠡ ᠬᠡᠯᠡᠪᠡ᠃ ᠲᠡᠷᠡ ᠡᠩ ᠲᠡᠷᠢᠭᠦᠨ᠎ᠳᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠵᠥᠪᠰᠢᠶᠡᠷᠡᠵᠦ ᠪᠠᠶ᠋ᠢᠬᠤ᠎ᠪᠠᠨ ᠢᠯᠡᠳᠬᠡᠵᠦ᠂ ᠵᠢᠶᠠᠩᠰᠤ ᠵᠢᠨ ᠲᠠᠪᠤᠨ ᠵᠢᠯ᠎ᠤᠨ ᠲᠤᠷᠰᠢᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠪᠣᠯᠣᠨ ᠨᠠᠮ᠎ᠤᠨ ᠪᠠᠶ᠋ᠢᠭᠤᠯᠤᠯᠲᠠ ᠵᠡᠷᠭᠡ ᠡᠯ᠎ᠡ ᠲᠠᠯ᠎ᠠ ᠵᠢᠨ ᠣᠯᠣᠭᠰᠠᠨ ᠠᠮᠵᠢᠯᠲᠠ ᠪᠦᠲᠦᠮᠵᠢ ᠵᠢ ᠭᠦᠢ᠍ᠴᠡᠳ ᠨᠤᠲᠠᠯᠠᠵᠤ᠂ ᠵᠢᠶᠠᠩᠰᠤ ᠵᠢᠨ᠎ᠬᠢᠨ ᠦᠷᠭᠦᠯᠵᠢᠯᠡᠨ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠡᠷᠡᠮᠡᠬᠡᠶ᠋ᠢᠯᠡᠨ ᠤᠷᠤᠭᠰᠢᠯᠠᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠬᠤᠰᠢᠭᠤᠷᠠᠵᠤ᠂ 《ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ ᠣᠷᠴᠢᠨ ᠲᠣᠭᠤᠷᠢᠨ ᠦᠵᠡᠰᠬᠦᠯᠡᠩᠲᠦ ᠰᠠᠶ᠋ᠢᠬᠠᠨ ᠨᠡᠶ᠋ᠢᠭᠡᠮ᠎ᠤᠨ ᠪᠣᠯᠪᠠᠰᠤᠨ᠎ᠤ ᠬᠡᠮᠵᠢᠶ᠎ᠡ ᠥᠨᠳᠥᠷ》 ᠰᠢᠨ᠎ᠡ ᠵᠢᠶᠠᠩᠰᠤ ᠵᠢᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠰᠠᠶ᠋ᠢᠨ ᠰᠠᠶ᠋ᠢᠬᠠᠨ ᠡᠭᠢᠯᠡᠯᠲᠡ ᠵᠢ ᠪᠡᠶᠡᠯᠡᠭᠦᠯᠵᠦ᠂ ᠪᠦᠭᠦ ᠤᠯᠤᠰ᠎ᠤᠨ ᠶᠡᠭᠡ ᠲᠠᠯ᠎ᠠ᠎ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠵᠢ ᠬᠦᠰᠡᠪᠡ᠃

ᠰᠢ ᠵᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠵᠠᠶ᠋ᠢᠯᠠᠰᠢ ᠦᠭᠡᠢ ᠵᠠᠮ ᠮᠥᠨ᠃ ᠤᠯᠠᠨ ᠤᠯᠤᠰ᠎ᠤᠨ ᠬᠤᠷᠴᠠ ᠰᠢᠷᠦᠭᠦᠨ ᠥᠷᠢᠰᠦᠯᠳᠦᠭᠡᠨ᠎ᠤ ᠳᠤᠮᠳᠠ᠂ ᠪᠢᠳᠡ ᠬᠥᠭᠵᠢᠯᠲᠡ ᠵᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ᠎ᠢ ᠪᠤᠢ ᠪᠤᠯᠭ᠋ᠠᠬᠤ᠎ᠳᠤ ᠦᠨᠳᠦᠰᠦᠨ᠎ᠠᠴᠠ᠎ᠨᠢ ᠠᠪᠴᠤ ᠬᠡᠯᠡᠪᠡᠯ ᠮᠥᠨ ᠯᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ᠎ᠳᠤ ᠲᠦᠰᠢᠭᠯᠡᠬᠦ ᠬᠡᠷᠡᠭᠲᠡᠢ᠃ ᠪᠢᠳᠡ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠬᠤᠭᠤᠴᠠᠭ᠎ᠠ ᠶᠣᠰᠣᠭ᠋ᠠᠷ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠵᠤ ᠴᠢᠳᠠᠬᠤ ᠡᠰᠡᠬᠦ ᠵᠢᠨ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠎ᠳᠤ ᠪᠠᠶ᠋ᠢᠨ᠎ᠠ᠃ 《ᠳᠥᠷᠪᠡ᠎ᠳᠤ ᠬᠠᠨᠳᠤᠭᠤᠯᠬᠤ》 ᠵᠢ ᠪᠠᠷᠢᠮᠲᠠᠯᠠᠵᠤ᠂ ᠰᠢᠨ᠎ᠡ ᠵᠢ ᠡᠭᠦᠳᠭᠦ᠎ᠪᠠᠷ ᠬᠥᠳᠡᠯᠭᠡᠭᠦᠷ ᠪᠤᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠲᠦᠷᠭᠡᠳᠬᠡᠨ ᠬᠡᠷᠡᠭᠵᠢᠭᠦᠯᠵᠦ᠂ ᠦᠢ᠍ᠯᠡᠳᠪᠦᠷᠢᠯᠡᠯ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠭᠦᠨᠵᠡᠭᠡᠢ ᠬᠠᠮᠲᠤᠷᠠᠯᠴᠠᠭ᠎ᠠ ᠵᠢ ᠠᠬᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ ᠲᠠᠪᠴᠠᠩ᠎ᠤᠨ ᠪᠠᠶ᠋ᠢᠭᠤᠯᠤᠯᠲᠠ ᠵᠢ ᠬᠦᠴᠦᠯᠡᠨ ᠴᠢᠩᠭ᠋ᠠᠳᠬᠠᠵᠤ᠂ ᠣᠷᠣᠶ᠋ᠢᠯᠠᠭᠰᠠᠨ ᠰᠢᠨᠵᠢᠯᠡᠬᠦ ᠤᠬᠠᠭ᠋ᠠᠨᠲᠠᠨ ᠲᠦᠷᠦᠭᠦᠯᠡᠨ ᠠᠩᠬᠠᠨ᠎ᠤ ᠡᠭᠦᠳᠦᠯᠲᠡ ᠵᠢᠨ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠤᠮᠲᠠ ᠰᠢᠪᠲᠤᠯᠬᠤ ᠵᠢ ᠳᠡᠮᠵᠢᠵᠦ᠂ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠴᠢᠷᠮᠠᠶ᠋ᠢᠨ ᠰᠢᠢ᠍ᠳᠪᠦᠷᠢᠯᠡᠵᠦ᠂ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠵᠢᠨ ᠭᠤᠭᠴᠤᠭ᠎ᠠ᠎ᠳᠤ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠲᠡᠶ᠋ᠢᠯᠭᠦ ᠵᠢ ᠪᠡᠶᠡᠯᠡᠭᠦᠯᠬᠦ ᠬᠡᠷᠡᠭᠲᠡᠢ᠃ ᠠᠵᠤ ᠠᠬᠤᠶ᠋ᠢᠯᠠᠯ᠎ᠤᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠰᠢᠨ᠎ᠡ ᠵᠢ ᠡᠭᠦᠳᠭᠦ ᠬᠡᠯᠬᠢᠶ᠎ᠡ ᠠᠵᠤ ᠦᠢ᠍ᠯᠡᠰ᠎ᠤᠨ ᠬᠡᠯᠬᠢᠶ᠎ᠡ ᠪᠡᠯᠡ ᠮᠥᠩᠭᠦᠨ᠎ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠡᠯᠪᠡᠷᠢ ᠵᠢᠨ ᠭᠤᠣᠯᠯᠠᠭᠴᠢ ᠠᠵᠤ ᠠᠬᠤᠶ᠋ᠢᠯᠠᠯ᠎ᠤᠨ ᠬᠥᠲᠥᠯᠥᠨ ᠳᠠᠭ᠋ᠠᠭᠤᠯᠵᠤ ᠲᠤᠯᠭ᠋ᠠᠭᠤᠷᠢᠯᠠᠬᠤ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠡᠯᠪᠡᠷᠢ ᠵᠢᠨ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠤᠨ ᠡᠷᠡᠭᠦᠯ ᠵᠶ᠋ᠠᠷ ᠪᠣᠶ᠋ᠢᠵᠢᠬᠤ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠠᠵᠤ ᠦᠢ᠍ᠯᠡᠰᠵᠢᠭᠦᠯᠬᠦ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ᠎ᠲᠤ ᠨᠥᠯᠥᠭᠡᠯᠡᠬᠦ ᠬᠦᠴᠦᠨ᠎ᠲᠠᠢ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ ᠲᠥᠪ᠎ᠢ ᠬᠦᠴᠦᠯᠡᠨ ᠪᠠᠶ᠋ᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠰᠢᠨ᠎ᠡ ᠵᠢ ᠡᠭᠦᠳᠭᠦ ᠰᠣᠶᠣᠯ᠎ᠢ ᠶᠡᠭᠡ᠎ᠪᠠᠷ ᠪᠣᠶ᠋ᠢᠵᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠨᠡᠯᠡᠯᠲᠡ ᠵᠢᠨ ᠰᠢᠰᠲ᠋ᠧᠮ ᠪᠠ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠵᠦ᠂ ᠰᠢᠨ᠎ᠡ ᠵᠢ ᠡᠭᠦᠳᠭᠦ ᠴᠢᠳᠠᠪᠤᠷᠢᠲᠠᠨ᠎ᠤ ᠴᠣᠯᠭᠤᠷᠠᠨ ᠭᠠᠷᠬᠤ᠂ ᠠᠪᠢᠶᠠᠰ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠬᠤ᠎ᠳᠤ ᠰᠠᠶ᠋ᠢᠨ ᠰᠠᠶ᠋ᠢᠬᠠᠨ ᠣᠷᠴᠢᠨ ᠨᠥᠬᠦᠴᠡᠯ᠎ᠢ ᠡᠭᠦᠳᠴᠦ ᠥᠭᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
ᠰᠢ ᠵᠢᠨ ᠫᠢᠩ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠪᠠᠶ᠋ᠢᠯᠳᠤᠬᠤ ᠪᠣᠳᠣᠯᠭ᠎ᠠ ᠵᠢᠨ ᠦᠨᠳᠦᠰᠦᠨ ᠴᠡᠭ ᠮᠥᠨ᠃ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ ᠬᠡᠷᠡᠭᠲᠡᠢ᠃ ᠠᠵᠤ ᠠᠬᠤᠢ ᠵᠢ ᠬᠥᠭᠵᠢᠭᠦᠯᠬᠦ ᠬᠦᠴᠦᠯᠡᠬᠦ ᠴᠡᠭ᠎ᠢ ᠪᠣᠳᠠᠲᠤ ᠴᠣᠭᠴᠠ ᠵᠢᠨ ᠠᠵᠤ ᠠᠬᠤᠢ ᠳᠡᠭᠡᠷ᠎ᠡ ᠲᠠᠯᠪᠢᠬᠤ ᠵᠢ ᠪᠠᠷᠢᠮᠲᠠᠯᠠᠵᠤ᠂ ᠰᠢᠨ᠎ᠡ ᠭᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠭᠦᠨᠵᠡᠭᠡᠢ ᠠᠬᠢᠭᠤᠯᠵᠤ᠂ ᠠᠵᠤ ᠦᠢ᠍ᠯᠡᠰ᠎ᠤᠨ ᠰᠠᠭᠤᠷᠢ ᠵᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠲᠣᠨᠣᠭᠯᠠᠯ᠎ᠤᠨ ᠪᠣᠭᠤᠮᠲᠠ ᠰᠢᠪᠲᠤᠯᠬᠤ ᠵᠢ ᠴᠢᠩᠭ᠋ᠠᠳᠬᠠᠵᠤ᠂ ᠦᠢ᠍ᠯᠡᠳᠭᠦ ᠦᠢ᠍ᠯᠡᠰ᠎ᠤᠨ ᠳᠡᠭᠡᠳᠦ ᠲᠡᠰᠵᠢᠯᠳᠡ᠂ ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠵᠤ᠂ ᠦᠢ᠍ᠯᠡᠳᠭᠦ ᠦᠢ᠍ᠯᠡᠰ᠎ᠤᠨ ᠬᠦᠴᠦᠷᠬᠡᠭ ᠮᠤᠵᠢ ᠵᠢ ᠲᠦᠷᠭᠡᠳᠬᠡᠨ ᠪᠠᠶ᠋ᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠶᠡᠭᠡ᠎ᠪᠠᠷ ᠬᠥᠭᠵᠢᠭᠦᠯᠵᠦ᠂ ᠲᠣᠭ᠋ᠠᠴᠢᠯᠠᠭᠰᠠᠨ ᠠᠵᠤ ᠠᠬᠤᠢ ᠵᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠶ᠋ᠢᠭᠤᠯᠤᠮᠵᠢ ᠵᠢ ᠪᠠᠶ᠋ᠢᠭᠤᠯᠬᠤ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠭᠤᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠵᠢᠨ ᠰᠢᠰᠲ᠋ᠧᠮ ᠪᠣᠯᠣᠨ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠦᠷᠢᠮ᠎ᠤᠨ ᠮᠠᠶᠢᠭ᠎ᠤᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠰᠢ ᠵᠢᠨ ᠫᠢᠩ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ ᠪᠣᠯ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢ ᠠᠬᠢᠭᠤᠯᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠠᠮᠤᠷ ᠲᠦᠪᠰᠢᠨ ᠬᠠᠩᠭ᠋ᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠭᠤᠣᠯᠳᠠᠯᠭ᠎ᠠ ᠵᠢᠨ ᠳᠣᠲᠣᠷᠠᠬᠢ ᠭᠤᠣᠯᠳᠠᠯᠭ᠎ᠠ ᠪᠤᠯᠭ᠋ᠠᠵᠤ᠂ ᠬᠥᠳᠡᠭᠡ ᠠᠵᠤ ᠠᠬᠤᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠢᠳᠡᠪᠬᠢᠲᠡᠢ᠎ᠪᠠᠷ ᠤᠷᠲᠤᠳᠬᠠᠨ ᠥᠷᠭᠡᠳᠬᠡᠵᠦ᠂ ᠬᠥᠳᠡᠭᠡ ᠲᠣᠰᠬᠤᠨ᠎ᠤ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠭᠡᠯᠪᠡᠷᠢ ᠵᠢ ᠪᠣᠶ᠋ᠢᠵᠢᠭᠤᠯᠤᠨ ᠬᠥᠭᠵᠢᠭᠦᠯᠵᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠪᠠᠯᠭ᠋ᠠᠰᠤ ᠲᠣᠰᠬᠤᠨ᠎ᠤ ᠪᠠᠶ᠋ᠢᠷᠢᠰᠢᠭᠤᠯᠤᠯᠲᠠ ᠵᠢᠨ ᠲᠥᠯᠦᠪᠵᠢᠭᠦᠯᠭᠡ ᠵᠢ ᠰᠢᠯᠢᠳᠡᠭᠵᠢᠭᠦᠯᠵᠦ᠂ ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠢ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠭᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢ᠍ᠯᠡᠰ ᠪᠣᠰᠬᠠᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠶ᠋ᠢᠬᠠᠨ ᠡᠶ᠎ᠡ ᠵᠣᠬᠢᠴᠠᠩᠭᠤᠢ ᠬᠥᠳᠡᠭᠡ ᠲᠣᠰᠬᠤᠨ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠥᠭᠡᠷᠡᠴᠢᠯᠡᠯᠲᠡ ᠵᠢᠨ ᠬᠤᠣᠰ ᠬᠥᠳᠡᠯᠭᠡᠭᠦᠷ᠎ᠢ ᠴᠢᠩᠭ᠋ᠠᠳᠬᠠᠵᠤ᠂ ᠬᠥᠳᠡᠭᠡ ᠲᠣᠰᠬᠤᠨ᠎ᠤ ᠭᠠᠵᠠᠷ ᠰᠢᠷᠣᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠬᠥᠳᠡᠭᠡ ᠲᠣᠰᠬᠤᠨ᠎ᠤ ᠦᠨᠳᠦᠰᠦᠨ ᠡᠵᠡᠩᠨᠡᠯᠲᠡ ᠵᠢᠨ ᠳᠦᠷᠢᠮ᠎ᠢ ᠪᠠᠬᠢᠵᠢᠭᠦᠯᠦᠨ ᠲᠡᠭᠦᠯᠳᠡᠷᠵᠢᠭᠦᠯᠵᠦ᠂ ᠰᠢᠨ᠎ᠡ ᠮᠠᠶᠢᠭ᠎ᠤᠨ ᠬᠥᠳᠡᠭᠡ ᠲᠣᠰᠬᠤᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ᠂ ᠰᠢᠨ᠎ᠡ ᠮᠠᠶᠢᠭ᠎ᠤᠨ ᠲᠠᠷᠢᠶᠠᠯᠠᠩ᠎ᠤᠨ ᠡᠵᠡᠩᠨᠡᠯᠲᠡ ᠵᠢᠨ ᠭᠤᠣᠯ ᠴᠣᠭᠴᠠ ᠪᠠ ᠨᠡᠶ᠋ᠢᠭᠡᠮᠴᠢᠯᠡᠭᠰᠡᠨ ᠦᠢ᠍ᠯᠡᠴᠢᠯᠡᠭᠡ ᠵᠢ ᠬᠥᠭᠵᠢᠭᠦᠯᠵᠦ᠂ ᠬᠥᠳᠡᠭᠡ ᠲᠣᠰᠬᠤᠨ᠎ᠤ ᠵᠣᠬᠢᠰᠲᠠᠢ ᠬᠡᠪᠴᠢᠶᠡᠲᠦ ᠡᠵᠡᠩᠨᠡᠯᠲᠡ ᠵᠢ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ᠎ᠳᠤ ᠬᠥᠳᠡᠯᠭᠡᠭᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠠᠷᠠᠳ ᠲᠦᠮᠡᠨ ᠵᠣᠯ ᠵᠢᠷᠭ᠋ᠠᠯ᠎ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠡᠴᠦᠰ᠎ᠤᠨ ᠬᠠᠷᠠᠯᠲᠠ ᠮᠥᠨ᠃ ᠦᠨᠳᠦᠰᠦᠨ ᠱᠠᠲᠤᠨ᠎ᠤ ᠵᠠᠰᠠᠯᠲᠠ ᠪᠣᠯᠣᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠨᠢ ᠠᠷᠠᠳ ᠤᠯᠠᠨ᠎ᠤ ᠦᠨᠳᠦᠰᠦᠨ ᠠᠰᠢᠭ ᠲᠤᠰᠠᠲᠠᠢ ᠬᠤᠯᠪᠣᠭᠳᠠᠵᠤ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ᠂ ᠴᠢᠨᠠᠷ ᠰᠠᠶ᠋ᠢᠲᠠᠢ ᠠᠮᠢᠳᠤᠷᠠᠯ᠎ᠢ ᠴᠣᠭᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠡᠷᠬᠡᠪᠰᠢ ᠰᠡᠳᠬᠢᠯ᠎ᠳᠡᠭᠡᠨ ᠪᠠᠲᠤ ᠴᠡᠭᠡᠵᠢᠯᠡᠵᠦ᠂ ᠴᠠᠭ ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠭᠰᠠᠨ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠲᠣᠭᠲᠠᠴᠠ ᠵᠢ ᠪᠦᠷᠢᠨᠰᠢᠭᠦᠯᠵᠦ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢ᠍ᠯᠡᠴᠢᠯᠡᠭᠡ᠂ ᠮᠡᠳᠡᠭᠡ ᠵᠠᠩᠭᠢᠵᠢᠯᠲᠠ᠎ᠪᠠᠷ ᠲᠤᠯᠭ᠋ᠠᠭᠤᠷᠢᠯᠠᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠲᠠᠪᠴᠠᠩ᠎ᠢ ᠲᠡᠭᠦᠯᠳᠡᠷᠵᠢᠭᠦᠯᠵᠦ᠂ ᠬᠤᠳᠠ ᠬᠥᠳᠡᠭᠡ ᠨᠡᠶ᠋ᠢᠭᠡᠮ ᠲᠣᠭᠤᠷᠢᠭ᠎ᠤᠨ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠠᠷᠠᠳ ᠤᠯᠠᠨ᠎ᠳᠤ ᠭᠡᠷ᠎ᠤᠨ ᠡᠭᠦᠳᠡᠨ ᠳᠡᠭᠡᠷᠡᠬᠢ ᠰᠢᠯᠢᠳᠡᠭ ᠦᠢ᠍ᠯᠡᠴᠢᠯᠡᠭᠡ ᠪᠠ ᠨᠠᠷᠢᠯᠢᠭ ᠬᠠᠮᠢᠶᠠᠷᠤᠯᠲᠠ ᠵᠢ ᠬᠠᠩᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶ᠋ᠢᠳᠠᠯ ᠳᠣᠣᠷᠠᠬᠢ ᠠᠷᠠᠳ᠎ᠤᠨ ᠳᠣᠲᠣᠭ᠋ᠠᠳᠤ ᠵᠢᠨ ᠵᠥᠷᠢᠴᠡᠯ᠎ᠢ ᠵᠥᠪ ᠵᠶ᠋ᠠᠷ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭ᠋ᠠᠨ᠎ᠢ ᠴᠠᠭ ᠲᠤᠬᠠᠢᠳᠤᠨᠢ ᠦᠨᠳᠦᠰᠦᠨ ᠱᠠᠲᠤᠨ᠎ᠳᠤᠨᠢ ᠰᠢᠢ᠍ᠳᠪᠦᠷᠢᠯᠡᠵᠦ᠂ ᠴᠤᠬᠤᠶ᠋ᠢᠵᠤ ᠪᠠᠶ᠋ᠢᠭ᠎ᠠ ᠦᠶ᠎ᠡ᠎ᠳᠤ᠎ᠨᠢ ᠰᠢᠢ᠍ᠳᠪᠦᠷᠢᠯᠡᠬᠦ ᠬᠡᠷᠡᠭᠲᠡᠢ᠃ ᠠᠷᠠᠳ ᠤᠯᠠᠨ᠎ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶ᠋ᠢᠭ᠎ᠠ ᠠᠰᠠᠭᠤᠳᠠᠯ᠎ᠢ ᠴᠢᠩᠭ᠎ᠠ ᠠᠳᠬᠤᠵᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠵᠢ ᠠᠪᠴᠤ᠂ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠦᠨ᠂ ᠭᠤᠣᠯᠳᠠᠯᠭ᠎ᠠ᠎ᠲᠠᠢ ᠬᠥᠮᠥᠰ᠎ᠲᠤ ᠠᠵᠢᠯ ᠣᠯᠭᠤᠵᠤ ᠬᠠᠪᠰᠤᠷᠤᠨ ᠲᠡᠳᠭᠦᠭᠦ᠂ ᠣᠷᠣᠯᠭ᠎ᠠ ᠵᠢᠨ ᠬᠤᠪᠢᠶᠠᠷᠢᠯᠠᠯᠲᠠ ᠵᠢ ᠲᠣᠬᠢᠷᠠᠭᠤᠯᠬᠤ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠬᠦ᠂ 《ᠨᠠᠰᠤᠲᠠᠶ᠋ᠢᠴᠤᠳ ᠪᠠᠭ᠋ᠠᠴᠤᠳ》᠎ᠤᠨ ᠦᠢ᠍ᠯᠡᠴᠢᠯᠡᠭᠡ ᠵᠢ ᠴᠢᠩᠭ᠋ᠠᠳᠬᠠᠬᠤ ᠵᠡᠷᠭᠡ ᠠᠵᠢᠯ᠎ᠢ ᠬᠦᠴᠦᠯᠡᠨ ᠰᠠᠶ᠋ᠢᠲᠤᠷ ᠬᠢᠬᠦ ᠬᠡᠷᠡᠭᠲᠡᠢ᠃ ᠰᠢᠨ᠎ᠡ ᠱᠠᠲᠤ ᠦᠶ᠎ᠡ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠣᠳᠠᠲᠠᠢ ᠠᠳᠬᠤᠨ ᠨᠠᠷᠢᠯᠢᠭ ᠠᠳᠬᠤᠵᠤ᠂ 《ᠬᠥᠬᠡᠭᠴᠢᠨ ᠲᠥᠷᠥᠯ᠎ᠤᠨ ᠬᠥᠬᠡᠭᠴᠢᠨ ᠬᠠᠮᠢᠶᠠᠷᠤᠯᠲᠠ》 ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠂ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ᠂ ᠡᠮᠴᠢᠯᠡᠭᠡᠨ᠎ᠤ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ ᠬᠠᠮᠤᠭ᠎ᠤᠨ ᠰᠡᠭᠦᠯ᠎ᠳᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠡᠷᠬᠡᠪᠰᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠡᠷᠡᠰ ᠭᠤᠶ᠋ᠢᠪᠢᠰᠢ ᠦᠭᠡᠢ᠎ᠪᠠᠷ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠦᠨᠡᠨ ᠬᠦ᠌ ᠴᠢᠩᠭ᠋ᠠᠳᠬᠠᠵᠤ᠂ ᠬᠤᠭᠤᠴᠠᠭ᠎ᠠ ᠰᠣᠯᠢᠭᠰᠠᠨ᠎ᠤ ᠳᠠᠷᠠᠭ᠋ᠠᠬᠢ ᠡᠯ᠎ᠡ ᠱᠠᠲᠤᠨ᠎ᠤ ᠤᠳᠤᠷᠢᠳᠬᠤ ᠪᠠᠭ ᠪᠣᠯᠣᠨ ᠺᠠᠳ᠋ᠷ᠎ᠤᠨ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠬᠦᠷᠢᠶᠡᠨ᠎ᠳᠠᠬᠢ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠬᠤ᠎ᠳᠤ ᠪᠠᠲᠤ ᠴᠢᠩᠭ᠎ᠠ ᠤᠯᠤᠰ ᠲᠦᠷᠦ ᠵᠢᠨ ᠵᠢᠯᠣᠭᠤᠳᠤᠯᠭ᠎ᠠ ᠪᠣᠯᠣᠨ ᠤᠯᠤᠰ ᠲᠦᠷᠦ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠼᠠᠢ ᠴᠢ᠂ ᠳ᠋ᠢᠩ ᠰᠢᠤᠸᠠᠢ ᠰᠢᠶᠠᠩ᠂ ᠾᠧ ᠯᠢ ᠹᠧᠩ ᠨᠠᠷ ᠣᠷᠣᠯᠴᠠᠪᠠ᠃