ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠳᠤ ᠣᠷᠣᠯᠴᠠᠵᠤ ᠪᠠᠢ᠌ᠭ᠎ᠠ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ ᠪᠠ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠨ ᠦᠵᠡᠬᠦ᠎ᠳᠡᠭᠡᠨ ᠴᠢᠬᠤᠯᠠᠴᠢᠯᠠᠭᠰᠠᠨ᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠵᠦ ᠴᠢᠨᠠᠷ ᠰᠠᠢ᠌ᠲᠠᠢ ᠭᠦᠭᠵᠢᠭᠦ ᠵᠢ ᠵᠥᠪ ᠵᠶ᠋ᠡᠷ ᠬᠥᠲᠥᠯᠥᠨ ᠵᠢᠯᠤᠭᠣᠳᠬᠤ ᠬᠡᠷᠡᠭᠲᠡᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2023-03-07

      ᠰᠢᠨᠬᠤᠸᠠ ᠬᠣᠷᠢᠶᠠᠨ᠎ᠤ ᠪᠡᠭᠡᠵᠢᠩ᠎ᠤᠨ 3 ᠰᠠᠷ᠎ᠠ ᠵᠢᠨ 6᠎ᠤ ᠴᠠᠭᠢᠯᠭ᠋ᠠᠨ ᠮᠡᠳᠡᠭᠡ   ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 6᠎ᠤ ᠦᠳᠡ ᠵᠢᠨ ᠬᠣᠢ᠌ᠨ᠎ᠠ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠠᠩᠬᠠᠳᠤᠭ᠋ᠠᠷ ᠬᠤᠷᠠᠯ᠎ᠳᠤ ᠣᠷᠣᠯᠴᠠᠵᠤ ᠪᠠᠢ᠌ᠭ᠎ᠠ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠨ ᠦᠵᠡᠭᠰᠡᠨ ᠪᠥᠭᠡᠳ ᠳᠤᠭᠤᠢ᠌ᠯᠠᠩ ᠬᠠᠮᠲᠤᠷᠠᠭᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠵᠢ᠎ᠨᠢ ᠰᠣᠨᠣᠰᠴᠠᠢ᠃ ᠲᠡᠷᠡ᠂ ᠨᠠᠮ᠎ᠤᠨ ᠲᠥᠪ ᠬᠣᠷᠢᠶ᠎ᠠ 《ᠬᠣᠶᠠᠷ ᠡᠷᠡᠰ ᠭᠤᠢ᠌ᠪᠢᠰᠢ ᠦᠭᠡᠢ ᠪᠠᠢ᠌ᠬᠤ》᠂ 《ᠭᠤᠷᠪᠠᠨ ᠬᠤᠪᠢᠷᠠᠭ᠎ᠠ ᠦᠭᠡᠢ ᠪᠠᠢ᠌ᠬᠤ》 ᠵᠢ ᠢᠮᠠᠭᠲᠠ ᠪᠠᠷᠢᠮᠲᠠᠯᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠢ ᠢᠮᠠᠭᠲᠠ ᠥᠪᠡᠷ᠎ᠤᠨ ᠬᠥᠮᠥᠨ ᠵᠶ᠋ᠡᠨ ᠪᠣᠯᠭ᠋ᠠᠨ ᠦᠵᠡᠪᠡ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠢ ᠬᠥᠲᠥᠯᠥᠨ ᠵᠢᠯᠤᠭᠣᠳᠴᠤ ᠨᠠᠮ᠎ᠤᠨ ᠲᠥᠪ ᠬᠣᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠵᠢ ᠵᠥᠪ ᠣᠢ᠌ᠯᠠᠭ᠋ᠠᠭᠤᠯᠵᠤ᠂ ᠢᠲᠡᠭᠡᠯ ᠵᠣᠷᠢᠭ᠎ᠢ᠎ᠨᠢ ᠬᠥᠪᠴᠢᠯᠡᠵᠦ᠂ ᠳᠠᠷᠤᠭ᠋ᠠᠰᠤ ᠵᠢ᠎ᠨᠢ ᠬᠥᠩᠭᠡᠷᠡᠭᠦᠯᠵᠦ᠂ ᠵᠣᠷᠢᠭᠲᠠᠢ᠎ᠪᠠᠷ ᠬᠥᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠡᠷᠡᠭᠦᠯ ᠵᠶ᠋ᠡᠷ ᠬᠥᠭᠵᠢᠵᠦ᠂ ᠴᠢᠨᠠᠷ ᠰᠠᠢ᠌ᠲᠠᠢ ᠭᠦᠭᠵᠢᠭᠦ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃


     《3·8》᠎ᠤ ᠳᠡᠯᠡᠬᠡᠢ ᠵᠢᠨ ᠬᠥᠳᠡᠯᠮᠦᠷᠢᠴᠢᠨ ᠡᠮᠡᠭᠲᠡᠢ᠌ᠴᠦᠳ᠎ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠵᠶ᠋ᠠᠷ᠂ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠪᠦᠭᠦ ᠤᠯᠤᠰ᠎ᠤᠨ《ᠬᠣᠶᠠᠷ ᠬᠤᠷᠠᠯ》᠎ᠳᠤ ᠣᠷᠣᠯᠴᠠᠵᠤ ᠪᠠᠢ᠌ᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠡᠮᠡᠭᠲᠡᠢ᠌ᠴᠦᠳ᠂ ᠰᠢᠶᠠᠩᠭ᠋ᠠᠩ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠂ ᠣᠣᠮᠧᠨ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ ᠪᠣᠯᠣᠨ ᠲᠠᠢ᠌ᠸᠠᠨ ᠣᠷᠣᠨ᠎ᠤ ᠡᠮᠡᠭᠲᠡᠢ᠌ᠴᠦᠳ᠂ ᠭᠠᠳᠠᠭ᠋ᠠᠳᠤ᠎ᠳᠤ ᠪᠠᠢ᠌ᠭ᠎ᠠ ᠡᠮᠡᠭᠲᠡᠢ ᠬᠠᠷᠢᠶᠠᠲᠤ ᠨᠠᠷ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠣᠯᠣᠨ ᠰᠠᠢ᠌ᠨ ᠰᠠᠢ᠌ᠬᠠᠨ ᠵᠥᠩᠨᠡᠯ ᠳᠡᠪᠰᠢᠭᠦᠯᠪᠡ!
      ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠠᠩᠬᠠᠳᠤᠭ᠋ᠠᠷ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠬᠤᠷᠠᠯ᠎ᠢ ᠡᠷᠭᠢᠯᠡᠭᠴᠢ ᠸᠠᠩ ᠬᠤ᠌ ᠨᠢᠩ᠂ ᠨᠠᠮ᠎ᠤᠨ ᠲᠥᠪ ᠬᠣᠷᠢᠶ᠎ᠠ ᠵᠢᠨ   ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ ᠼᠠᠢ ᠴᠢ᠂ ᠳ᠋ᠢᠩ ᠰᠢᠤᠸᠠᠢ ᠰᠢᠶᠠᠩ ᠡᠷᠭᠢᠨ ᠦᠵᠡᠬᠦ ᠪᠠ ᠶᠠᠷᠢᠯᠴᠠᠬᠤ᠎ᠳᠤ ᠣᠷᠣᠯᠴᠠᠪᠠ᠃
      ᠳᠤᠭᠤᠢ᠌ᠯᠠᠩ ᠬᠠᠮᠲᠤᠷᠠᠭᠰᠠᠨ ᠬᠤᠷᠠᠯ ᠳᠡᠭᠡᠷ᠎ᠡ᠂ ᠽᠧᠩ ᠢᠦᠢ ᠴᠢᠶᠦ᠋ᠨ᠂ ᠰᠢᠶᠧ ᠳ᠋ᠦᠩ᠂ ᠯᠢᠦ ᠵᠧᠨ ᠳ᠋ᠦᠩ᠂ ᠴᠧᠨ ᠰᠢᠶᠣᠣ ᠫᠢᠩ᠂ ᠰᠢᠶᠧ ᠷᠦ᠍᠂ ᠰᠦᠨ ᠳ᠋ᠦᠩ ᠱᠧᠩ ᠵᠡᠷᠭᠡ 6 ᠭᠡᠰᠢᠭᠦᠨ᠂ ᠪᠦᠭᠦ ᠪᠥᠮᠪᠥᠷᠴᠡᠭ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠠᠰᠢᠭᠲᠠᠢ ᠪᠠᠢ᠌ᠷᠢ ᠵᠢ ᠡᠵᠡᠯᠡᠭᠦ᠂ ᠮᠥᠩᠭᠥᠨ ᠭᠦᠢ᠍ᠯᠭᠡᠭᠡᠨ ᠵᠶ᠋ᠡᠷ ᠰᠢᠨᠵᠢᠯᠡᠬᠦ ᠤᠬᠠᠭ᠋ᠠᠨ ᠲᠸᠭ᠌ᠨ᠋ᠢ᠌ᠠ᠋ ᠮᠡᠷᠭᠡᠵᠢᠯ᠎ᠤᠨ ᠰᠢᠨ᠎ᠡ ᠵᠢ ᠡᠭᠦᠳᠭᠦ ᠵᠢ ᠳᠡᠮᠵᠢᠭᠦ᠂ ᠳᠤᠮᠳᠠ ᠵᠢᠵᠢᠭ ᠠᠵᠤ ᠠᠬᠤᠢ᠌ᠯᠠᠯ᠎ᠤᠨ ᠬᠥᠭᠵᠢᠯᠲᠡ᠎ᠳᠤ ᠨᠡᠩ ᠰᠠᠢ᠌ᠨ ᠨᠥᠬᠥᠴᠡᠯ ᠡᠭᠦᠳᠴᠦ ᠦᠭᠭᠦ᠂ ᠲᠠᠪᠴᠠᠩ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯ ᠮᠠᠨᠳᠤᠯ᠎ᠢ ᠠᠬᠢᠭᠤᠯᠬᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠳᠠᠪᠠᠭᠤᠯᠢᠭ ᠪᠠ ᠠᠮᠢᠵᠢᠷᠠᠯ᠎ᠤᠨ ᠬᠦᠴᠦᠨ᠎ᠢ ᠴᠢᠨᠠᠭᠰᠢᠳᠠ ᠪᠠᠳᠠᠷᠠᠭᠤᠯᠬᠤ ᠵᠡᠷᠭᠡ ᠵᠢᠨ ᠲᠣᠭᠣᠷᠢᠨ᠎ᠳᠤ ᠦᠭᠡ ᠬᠡᠯᠡᠪᠡ᠃
      ᠰᠢ ᠵᠢᠨ ᠫᠢᠩ ᠤᠯᠠᠨ᠎ᠤ ᠭᠡᠯᠡᠭᠦ ᠵᠢ ᠨᠠᠷᠢᠨ ᠬᠢᠨᠠᠮᠠᠭ᠋ᠠᠢ ᠰᠣᠨᠣᠰᠤᠭᠰᠠᠨ᠎ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠬᠤᠷᠠᠯ᠎ᠳᠤ ᠤᠷᠤᠯᠴᠠᠵᠤ ᠪᠠᠢ᠌ᠭ᠎ᠠ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠡᠲᠡᠭᠡᠳ᠎ᠤᠨ ᠭᠡᠰᠢᠭᠦᠳ᠎ᠢ ᠡᠷᠭᠢᠨ ᠦᠵᠡᠵᠦ᠂ ᠤᠯᠠᠨ᠎ᠲᠠᠢ ᠬᠠᠮᠲᠤ ᠶᠠᠷᠢᠯᠴᠠᠨ ᠪᠤᠳᠤᠯ ᠰᠠᠨᠠᠯ ᠵᠶ᠋ᠠᠨ ᠰᠣᠯᠢᠯᠴᠠᠵᠤ ᠪᠠᠢ᠌ᠭ᠎ᠠ᠎ᠳᠠᠭᠠᠨ ᠮᠠᠰᠢ ᠪᠠᠶᠠᠷ᠎ᠲᠠᠢ ᠪᠠᠢ᠌ᠨ᠎ᠠ ᠭᠡᠵᠦ ᠢᠯᠡᠳᠬᠡᠪᠡ᠃ ᠲᠡᠷᠡ ᠨᠠᠮ᠎ᠤᠨ ᠲᠥᠪ ᠬᠣᠷᠢᠶ᠎ᠠ ᠵᠢᠨ ᠡᠮᠦᠨ᠎ᠡ᠎ᠠᠴᠠ ᠬᠤᠷᠠᠯ᠎ᠳᠤ ᠣᠷᠣᠯᠴᠠᠬᠰᠠᠨ ᠭᠡᠰᠢᠭᠦᠳ ᠪᠠ ᠠᠷᠠᠳᠴᠢᠯᠠᠯ ᠵᠶ᠋ᠠᠷ ᠤᠯᠤᠰ ᠵᠶ᠋ᠠᠨ ᠪᠠᠢ᠌ᠭᠤᠯᠬᠤ ᠬᠤᠷᠠᠯ᠂ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠥᠷᠭᠡᠨ ᠤᠯᠠᠨ ᠪᠦᠷᠢᠯᠳᠦᠭᠦᠨ ᠪᠠ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠥᠮᠥᠰ᠂ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠲᠤ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃


      ᠰᠢ ᠵᠢᠨ ᠫᠢᠩ᠂ 2022 ᠣᠨ ᠪᠣᠯ ᠨᠠᠮ ᠪᠣᠯᠣᠨ ᠤᠯᠤᠰ᠎ᠤᠨ ᠲᠡᠦᠬᠡᠨ ᠳᠡᠭᠡᠷᠡᠬᠢ ᠲᠤᠢ᠌ᠯ᠎ᠤᠨ ᠴᠢᠬᠤᠯᠠ᠂ ᠲᠤᠢ᠌ᠯ᠎ᠤᠨ ᠵᠠᠩᠭᠢᠯᠠᠭ᠎ᠠ ᠵᠢᠨ ᠨᠢᠭᠡ ᠵᠢᠯ ᠪᠣᠯᠣᠨ᠎ᠠ᠃ ᠳᠡᠯᠡᠬᠡᠢ ᠵᠢᠨ ᠣᠷᠴᠢᠨ ᠰᠠᠯᠬᠢ ᠶᠡᠬᠡ ᠳᠠᠪᠠᠯᠭ᠋ᠠᠨ ᠰᠢᠷᠦᠭᠦᠨ ᠪᠠᠢ᠌ᠭᠰᠠᠨ ᠪᠠ ᠤᠯᠤᠰ᠎ᠤᠨ ᠳᠣᠲᠣᠭ᠋ᠠᠳᠤ᠎ᠳᠤ ᠵᠢᠱ᠌ᠢᠯᠲᠡ᠎ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢ᠍ᠯ᠎ᠤᠨ ᠳᠠᠭ᠋ᠠᠷᠢᠯᠲᠠ᠎ᠳᠤ ᠲᠤᠯᠭ᠋ᠠᠷᠠᠵᠤ ᠪᠠᠢ᠌ᠭᠰᠠᠨ ᠪᠠᠢ᠌ᠳᠠᠯ ᠳᠣᠣᠷ᠎ᠠ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ᠂ ᠨᠤᠭᠤᠷᠠᠰᠢ ᠦᠭᠡᠢ ᠴᠢᠷᠮᠠᠢ᠌ᠭᠰᠠᠨ ᠵᠢᠡᠷ᠂ ᠪᠢᠳᠡ ᠴᠢᠬᠤᠯᠠ ᠶᠡᠬᠡ ᠪᠥᠭᠡᠳ ᠠᠯᠤᠰ ᠭᠡᠳᠤ ᠵᠢᠨ ᠨᠥᠯᠥᠭᠡ ᠦᠵᠡᠭᠦᠯᠭᠦ ᠬᠡᠳᠦᠨ ᠶᠡᠬᠡ ᠶᠠᠪᠤᠳᠠᠯ᠎ᠢ ᠪᠦᠲᠦᠭᠡᠵᠦ᠂ ᠨᠠᠮ ᠪᠠ ᠤᠯᠤᠰ᠎ᠤᠨ ᠠᠵᠢᠯ ᠦᠢ᠍ᠯᠡᠰ ᠦᠯᠡᠮᠵᠢ ᠦᠷ᠎ᠡ ᠪᠦᠲᠦᠭᠡᠯ ᠣᠯᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠬᠣᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ ᠢᠯᠠᠯᠲᠠ᠎ᠲᠠᠢ᠎ᠪᠠᠷ ᠬᠤᠷᠠᠯᠳᠤᠭᠤᠯᠵᠤ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠠᠤᠭ᠎ᠠ ᠲᠥᠰᠥᠪ᠎ᠢ ᠵᠢᠷᠤᠭᠯᠠᠪᠠ᠃ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ ᠵᠡᠷᠭᠡ ᠬᠦᠴᠢᠷ ᠪᠡᠷᠬᠡ ᠪᠠ ᠥᠷᠢᠰᠦᠯᠳᠦᠭᠡᠨ᠎ᠢ ᠢᠯᠠᠨ ᠳᠠᠪᠠᠵᠤ᠂ ᠪᠡᠭᠡᠵᠢᠩ᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠢ ᠲᠣᠭᠲᠠᠭᠰᠠᠨ ᠬᠤᠭᠤᠴᠠᠭ᠋ᠠᠨ᠎ᠳᠤ ᠠᠮᠤᠷ ᠲᠦᠪᠰᠢᠨ ᠵᠶ᠋ᠡᠷ ᠤᠷᠤᠭᠰᠢᠲᠠᠢ ᠡᠷᠭᠢᠯᠡᠪᠡ᠃ ᠪᠢᠳᠡ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠥᠳᠡᠯᠦᠩᠭᠦᠢ᠎ᠪᠠᠷ ᠰᠢᠯᠢᠳᠡᠭᠵᠢᠭᠦᠯᠦᠨ ᠲᠣᠬᠢᠷᠠᠭᠤᠯᠵᠤ᠂ ᠨᠡᠯᠢᠶᠡᠳ ᠣᠬᠣᠷᠬᠠᠨ ᠬᠤᠭᠤᠴᠠᠭ᠋ᠠᠨ᠎ᠳᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠣᠭᠲᠠᠭᠤᠨ ᠵᠶ᠋ᠠᠷ ᠰᠢᠯᠵᠢᠭᠦ ᠵᠢ ᠪᠡᠶᠡᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠡᠪᠡᠳᠴᠢᠨ ᠵᠶ᠋ᠡᠷ ᠦᠬᠦᠬᠦ ᠨᠣᠷᠮ᠎ᠠ ᠪᠦᠭᠦ ᠪᠥᠮᠪᠥᠷᠴᠡᠭ᠎ᠤᠨ ᠬᠠᠮᠤᠭ᠎ᠤᠨ ᠳᠣᠣᠷ᠎ᠠ ᠲᠦᠪᠰᠢᠨ᠎ᠳᠤ ᠪᠠᠢ᠌ᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠴᠢᠬᠤᠯᠠ ᠶᠡᠬᠡ ᠰᠢᠢ᠍ᠳᠪᠦᠷᠢᠲᠦ ᠴᠢᠨᠠᠷᠲᠠᠢ ᠢᠯᠠᠯᠲᠠ ᠵᠢ ᠣᠯᠪᠠ᠃ ᠪᠢᠳᠡ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠬᠦᠴᠦᠯᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠪᠦᠭᠦ ᠪᠥᠮᠪᠥᠷᠴᠡᠭ᠎ᠤᠨ ᠵᠣᠭᠣᠰ ᠮᠠᠭᠤᠳᠠᠬᠤ ᠬᠡᠮᠵᠢᠶ᠎ᠡ 40 ᠭᠠᠷᠤᠢ ᠵᠢᠯ᠎ᠤᠨ ᠲᠤᠷᠰᠢᠬᠢ ᠰᠢᠨ᠎ᠡ ᠥᠨᠳᠥᠷ ᠲᠦᠪᠰᠢᠨ᠎ᠳᠤ ᠭᠦᠷᠦᠭᠰᠡᠨ ᠪᠠᠢ᠌ᠳᠠᠯ ᠳᠣᠣᠷ᠎ᠠ᠂ ᠮᠠᠨ᠎ᠤ ᠤᠯᠤᠰ᠎ᠤᠨ ᠪᠠᠷᠠᠭ᠋ᠠᠨ᠎ᠤ ᠦᠨ᠎ᠡ ᠵᠢᠨ ᠶᠡᠷᠦᠩᠬᠡᠢ ᠲᠦᠪᠰᠢᠨ ᠲᠣᠭᠲᠠᠭᠤᠨ ᠪᠠᠢ᠌ᠳᠠᠯ ᠵᠶ᠋ᠠᠨ ᠪᠠᠲᠤᠯᠠᠵᠤ᠂ ᠪᠦᠭᠦ ᠵᠢᠯ᠎ᠤᠨ ᠠᠵᠤ ᠠᠬᠤᠢ ᠵᠢᠨ ᠨᠡᠮᠡᠭᠳᠡᠯ 3%᠎ᠳᠤ ᠬᠦᠷᠴᠦ᠂ ᠳᠡᠯᠡᠬᠡᠢ ᠵᠢᠨ ᠭᠣᠣᠯ ᠪᠤᠯᠬᠤ ᠠᠵᠤ ᠠᠬᠤᠢ ᠵᠢᠨ ᠴᠣᠭᠴᠠ ᠵᠢᠨ ᠳᠣᠲᠣᠷ᠎ᠠ ᠮᠠᠰᠢ ᠥᠨᠳᠥᠷ᠎ᠲᠤ ᠣᠷᠣᠵᠠᠢ᠃ ᠡᠳᠡᠭᠡᠷ ᠠᠮᠵᠢᠯᠲᠠ ᠵᠢ ᠣᠯᠣᠭᠰᠠᠨ᠎ᠨᠢ ᠦᠨᠡᠬᠡᠷ ᠭᠢᠯᠪᠠᠷ ᠪᠤᠰᠤ ᠶᠤᠮ ᠭᠡᠵᠦ ᠴᠢᠬᠤᠯᠠᠴᠢᠯᠠᠵᠠᠢ  ᠃
      ᠰᠢ ᠵᠢᠨ ᠫᠢᠩ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭ᠋ᠠᠰᠢᠬᠢ 5 ᠵᠢᠯ ᠪᠣᠯ ᠲᠤᠢ᠌ᠯ᠎ᠤᠨ ᠶᠡᠷᠦ ᠪᠤᠰᠤ ᠵᠢᠨ᠂ ᠲᠤᠢ᠌ᠯ᠎ᠤᠨ ᠵᠢᠷ᠎ᠤᠨ ᠪᠤᠰᠤ 5 ᠵᠢᠯ ᠪᠣᠯᠣᠨ᠎ᠠ᠃ ᠮᠠᠨ᠎ᠤ ᠤᠯᠤᠰ᠎ᠤᠨ ᠬᠥᠭᠵᠢᠯᠲᠡ ᠵᠢᠨ ᠭᠠᠳᠠᠭ᠋ᠠᠳᠤ ᠣᠷᠴᠢᠨ ᠨᠥᠬᠥᠴᠡᠯ ᠰᠢᠷᠦᠭᠦᠰᠦᠨ ᠬᠤᠪᠢᠷᠠᠵᠤ᠂ ᠲᠤᠬᠳᠠᠭ᠋ᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢ᠍ᠯ ᠢᠯᠡᠳᠲᠡ ᠨᠡᠮᠡᠭᠳᠡᠪᠡ᠂ ᠢᠯᠠᠩᠭᠤᠶ᠎ᠠ ᠠᠮᠧᠷᠢᠺᠠ᠎ᠪᠠᠷ ᠲᠣᠯᠣᠭ᠋ᠠᠢ᠌ᠯᠠᠭᠤᠯᠤᠭᠰᠠᠨ ᠥᠷᠥᠨᠡᠳᠠᠬᠢᠨ᠎ᠤ ᠤᠯᠤᠰ᠎ᠤᠳ ᠮᠠᠨ᠎ᠤ ᠤᠯᠤᠰ᠎ᠢ ᠪᠦᠭᠦ ᠲᠠᠯ᠎ᠠ᠎ᠪᠠᠷ ᠬᠢᠵᠠᠭ᠋ᠠᠷᠯᠠᠵᠤ᠂ ᠪᠦᠰᠡᠯᠡᠨ ᠬᠣᠷᠢᠵᠤ᠂ ᠳᠠᠷᠤᠯᠲᠠ ᠥᠭᠴᠦ᠂ ᠮᠠᠨ᠎ᠤ ᠤᠯᠤᠰ᠎ᠤᠨ ᠬᠥᠭᠵᠢᠯᠲᠡ᠎ᠳᠤ ᠤᠷᠢᠳ ᠡᠮᠦᠨ᠎ᠡ ᠪᠠᠢ᠌ᠭ᠎ᠠ ᠦᠭᠡᠢ ᠬᠠᠲᠠᠭᠤ ᠴᠢᠩᠭ᠎ᠠ ᠰᠢᠯᠭ᠋ᠠᠯᠲᠠ ᠵᠢ ᠠᠪᠴᠢᠷᠠᠭᠰᠠᠨ ᠪᠠᠢ᠌ᠨ᠎ᠠ᠃ ᠡᠭᠦᠨ᠎ᠤ ᠵᠡᠷᠭᠡ᠎ᠪᠠᠷ ᠤᠯᠤᠰ᠎ᠤᠨ ᠳᠣᠲᠣᠭ᠋ᠠᠳᠤ᠎ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ ᠲᠠᠭᠢᠨ ᠳᠠᠪᠲᠠᠨ ᠳᠡᠯᠭᠡᠷᠡᠭᠰᠡᠨ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ ᠵᠦᠢ᠍ᠯ᠎ᠤᠨ ᠬᠦᠴᠢᠷᠳᠡᠯ᠎ᠳᠤ ᠲᠤᠯᠭ᠋ᠠᠷᠠᠪᠠ᠃ ᠪᠢᠳᠡ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠬᠦᠴᠢᠷ᠎ᠢ ᠰᠥᠷᠦᠨ ᠤᠷᠤᠭᠰᠢᠯᠠᠵᠤ᠂ ᠯᠠᠪᠳᠠᠭᠤᠨ ᠵᠶ᠋ᠠᠷ ᠠᠷᠭ᠋ᠠᠴᠠᠭ᠋ᠠᠵᠤ᠂ ᠭᠠᠵᠢᠭᠤ ᠪᠤᠷᠤᠭᠤ ᠵᠢ ᠢᠲᠡᠭᠡᠭᠦ ᠦᠭᠡᠢ᠂ ᠳᠠᠷᠤᠯᠲᠠ᠎ᠠᠴᠠ ᠠᠶᠤᠬᠤ ᠦᠭᠡᠢ᠂ ᠬᠦᠴᠢᠷ᠎ᠠᠴᠠ ᠵᠠᠢ᠌ᠯᠠᠬᠤ ᠦᠭᠡᠢ ᠪᠠᠢ᠌ᠵᠤ᠂ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ ᠵᠢᠯ ᠳᠤᠮᠳᠠᠴᠢ᠎ᠪᠠᠷ 5.2% ᠵᠢᠡᠷ ᠨᠡᠮᠡᠭᠳᠡᠵᠦ᠂ ᠲᠣᠭᠲᠠᠭᠰᠠᠨ ᠬᠤᠭᠤᠴᠠᠭ᠋ᠠᠨ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠵᠤ᠂ ᠴᠢᠨᠡᠭᠡᠯᠢᠭ ᠨᠡᠢ᠌ᠭᠡᠮ᠎ᠢ ᠪᠦᠭᠦ ᠲᠠᠯ᠎ᠠ᠎ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠴᠢᠬᠤᠯᠠ ᠶᠡᠬᠡ ᠠᠮᠵᠢᠯᠲᠠ ᠣᠯᠬᠤ ᠵᠢ ᠠᠬᠢᠭᠤᠯᠵᠤ᠂ ᠮᠠᠨ᠎ᠤ ᠤᠯᠤᠰ᠎ᠤᠨ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠰᠢᠨ᠎ᠡ ᠠᠶᠠᠨ᠎ᠳᠤ ᠣᠷᠣᠬᠤ ᠵᠢ ᠠᠬᠢᠭᠤᠯᠪᠠ᠃ 5 ᠵᠢᠯ᠎ᠤᠨ ᠲᠤᠷᠰᠢᠬᠢ ᠠᠮᠵᠢᠯᠲᠠ ᠪᠦᠲᠦᠮᠵᠢ ᠪᠣᠯ ᠪᠦᠭᠦ ᠨᠠᠮ ᠪᠦᠭᠦ ᠤᠯᠤᠰ᠎ᠤᠨ ᠠᠷᠠᠳ ᠲᠦᠮᠡᠨ᠎ᠤ ᠪᠦᠯᠬᠦᠮᠳᠡᠨ ᠲᠡᠮᠡᠴᠡᠭᠰᠡᠨ᠎ᠤ ᠦᠷ᠎ᠡ ᠳ᠋ᠦᠩ ᠮᠥᠨ᠂ ᠪᠠᠰᠠ ᠴᠤ᠌ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ᠎ᠤᠨ ᠬᠤᠪᠢ ᠨᠡᠮᠡᠷᠢ ᠰᠢᠩᠭᠡᠵᠦ ᠪᠠᠢ᠌ᠭ᠎ᠠ ᠶᠤᠮ ᠭᠡᠵᠦ ᠵᠢᠭ᠋ᠠᠵᠤ ᠭᠠᠷᠭ᠋ᠠᠵᠠᠢ᠃
      ᠰᠢ ᠵᠢᠨ ᠫᠢᠩ᠂ ᠳᠡᠯᠡᠬᠡᠢ ᠵᠢᠨ ᠪᠠ ᠤᠯᠤᠰ᠎ᠤᠨ ᠳᠣᠲᠣᠭ᠋ᠠᠳᠤ ᠵᠢᠨ ᠣᠷᠴᠢᠨ ᠨᠥᠬᠥᠴᠡᠯ᠎ᠳᠤ ᠡᠭᠦᠰᠦᠭᠰᠡᠨ ᠭᠦᠨᠵᠡᠭᠡᠢ   ᠪᠥᠭᠡᠳ ᠪᠤᠳᠤᠯᠢᠶᠠᠨᠲᠠᠢ ᠬᠤᠪᠢᠷᠠᠯᠲᠠ ᠵᠢᠨ ᠡᠮᠦᠨ᠎ᠡ᠂ ᠡᠷᠬᠡᠪᠰᠢ ᠯᠠᠪᠳᠠᠭᠤᠨ ᠪᠣᠯᠭᠣᠮᠵᠢᠲᠠᠢ ᠪᠠᠢ᠌ᠵᠤ᠂ ᠲᠣᠭᠲᠠᠯ ᠬᠦᠴᠦᠨ ᠵᠶ᠋ᠡᠨ ᠪᠠᠲᠤᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠠᠵᠢᠯᠯᠠᠵᠤ᠂ ᠪᠦᠯᠬᠦᠮᠳᠡᠨ ᠨᠢᠭᠡᠳᠴᠦ᠂ ᠵᠣᠷᠢᠭᠲᠠᠢ ᠲᠡᠮᠡᠴᠡᠬᠦ ᠬᠡᠷᠡᠭᠲᠡᠢ᠃ ᠯᠠᠪᠳᠠᠭᠤᠨ ᠲᠣᠭᠲᠠᠭᠤᠨ ᠪᠠᠢ᠌ᠵᠤ᠂ ᠲᠣᠭᠲᠠᠯ ᠬᠦᠴᠦᠨ ᠵᠶ᠋ᠡᠨ ᠪᠠᠲᠤᠯᠠᠬᠤ ᠭᠡᠳᠡᠭ᠎ᠨᠢ ᠳᠠᠷᠤᠢ ᠳᠡᠯᠡᠬᠡᠢ ᠵᠢᠨ ᠪᠠᠢ᠌ᠳᠠᠯ᠎ᠤᠨ ᠭᠦᠨᠵᠡᠭᠡᠢ ᠬᠤᠪᠢᠷᠠᠯᠲᠠ ᠵᠢ ᠯᠠᠪᠳᠠᠭᠤᠨ ᠲᠣᠭᠲᠠᠭᠤᠨ ᠵᠶ᠋ᠠᠷ ᠠᠵᠢᠭᠯᠠᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠪᠠ ᠥᠷᠢᠰᠦᠯᠳᠦᠭᠡᠨ᠎ᠢ ᠯᠠᠪᠳᠠᠭᠤᠨ ᠵᠶ᠋ᠠᠷ ᠠᠷᠭ᠋ᠠᠴᠠᠭ᠋ᠠᠵᠤ᠂ ᠬᠤᠪᠢᠷᠠᠯᠲᠠ ᠵᠢ ᠵᠥᠪ ᠲᠠᠨᠢᠵᠤ᠂ ᠰᠢᠨᠵᠢᠯᠡᠬᠦ ᠤᠬᠠᠭ᠋ᠠᠨᠴᠢ᠎ᠪᠠᠷ ᠠᠷᠭ᠋ᠠᠴᠠᠭ᠋ᠠᠨ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠯᠲᠠ ᠵᠢ ᠡᠷᠢᠯᠬᠢᠯᠡᠵᠦ᠂ ᠪᠠᠢ᠌ᠯᠳᠤᠬᠤ ᠪᠣᠳᠣᠯᠭ᠎ᠠ ᠵᠢᠨ ᠠᠷᠭ᠎ᠠ ᠪᠣᠳᠣᠯᠭ᠎ᠠ᠎ᠪᠠᠨ ᠴᠠᠭ ᠲᠤᠬᠠᠢ᠎ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠡᠨ ᠪᠠᠲᠤᠯᠠᠵᠤ᠂ ᠰᠠᠨᠠᠭᠰᠠᠨ᠎ᠳᠠᠭᠠᠨ ᠬᠦᠷᠬᠦ᠎ᠪᠠᠷ ᠰᠢᠨᠲᠠᠷᠠᠰᠢ ᠦᠭᠡᠢ ᠴᠢᠷᠮᠠᠢ᠌ᠵᠤ᠂ ᠡᠯ᠎ᠡ ᠵᠦᠢ᠍ᠯ᠎ᠤᠨ ᠠᠶᠤᠯ ᠲᠦᠭᠰᠢᠭᠦᠷᠢ᠎ᠠᠴᠠ ᠡᠮᠢᠶᠡᠭᠦ ᠦᠭᠡᠢ᠂ ᠨᠢᠭᠡᠨᠲᠡ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠬᠠᠷᠠᠯᠲᠠ᠎ᠪᠠᠨ ᠵᠣᠷᠢᠵᠤ ᠡᠷᠡᠰ ᠭᠤᠢ᠌ᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ᠃ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ᠎ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ᠎ᠢ ᠲᠣᠭᠲᠠᠭᠤᠨ ᠪᠠᠢ᠌ᠯᠭ᠋ᠠᠬᠤ᠂ ᠴᠢᠭᠯᠡᠯᠲᠡ ᠲᠦᠷᠦ ᠵᠢᠨ ᠪᠣᠳᠣᠯᠭ᠎ᠠ ᠵᠢ ᠲᠣᠭᠲᠠᠭᠤᠨ ᠪᠠᠢ᠌ᠯᠭ᠋ᠠᠬᠤ᠂ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠣᠭᠲᠠᠭᠤᠨ ᠪᠠᠢ᠌ᠯᠭ᠋ᠠᠬᠤ᠂ ᠰᠠᠭᠤᠷᠢ ᠵᠢ ᠪᠠᠲᠤ ᠰᠠᠬᠢᠬᠤ᠂   ᠯᠠᠪᠳᠠᠭᠤᠨ ᠲᠣᠭᠲᠠᠭᠤᠨ ᠪᠠᠢ᠌ᠬᠤ ᠵᠢ ᠪᠠᠲᠤᠯᠠᠭᠰᠠᠨ ᠰᠠᠭᠤᠷᠢᠨ ᠳᠡᠭᠡᠷ᠎ᠡ ᠢᠳᠡᠪᠬᠢᠲᠡᠢ᠎ᠪᠠᠷ ᠤᠷᠤᠭᠰᠢᠯᠠᠨ ᠳᠠᠪᠰᠢᠵᠤ᠂ ᠵᠣᠭᠰᠣᠩᠭᠢᠷᠠᠬᠤ ᠦᠭᠡᠢ ᠪᠠᠢ᠌ᠵᠤ᠂ ᠲᠦᠷᠭᠡᠨ ᠪᠤᠯᠭ᠋ᠠᠵᠤ ᠴᠢᠳᠠᠪᠠᠯ ᠲᠦᠷᠭᠡᠨ ᠪᠤᠯᠭ᠋ᠠᠵᠤ᠂ ᠬᠠᠮᠤᠭ᠎ᠤᠨ ᠰᠠᠢ᠌ᠨ ᠦᠷ᠎ᠡ ᠳ᠋ᠦᠩ᠎ᠢ ᠣᠯᠬᠤ᠎ᠪᠠᠷ ᠴᠢᠷᠮᠠᠢ᠌ᠬᠤ ᠶᠠᠪᠤᠳᠠᠯ ᠪᠣᠯᠣᠨ᠎ᠠ᠃ ᠪᠦᠯᠬᠦᠮᠳᠡᠨ ᠨᠢᠭᠡᠳᠴᠦ᠂ ᠵᠣᠷᠢᠭᠲᠠᠢ᠎ᠪᠠᠷ ᠲᠡᠮᠡᠴᠡᠬᠦ ᠬᠡᠷᠡᠭᠲᠡᠢ᠃ ᠬᠦᠴᠦᠨ ᠴᠢᠳᠠᠯ ᠭᠡᠵᠦ ᠪᠦᠯᠬᠦᠮᠳᠡᠯ᠎ᠠᠴᠠ ᠢᠷᠡᠳᠡᠭ ᠶᠤᠮ᠃ ᠡᠳᠡᠭᠡᠷ ᠵᠢᠯ᠎ᠤᠳ᠎ᠲᠤ᠂ ᠪᠢᠳᠡᠨ᠎ᠳᠤ ᠲᠤᠯᠭ᠋ᠠᠷᠠᠵᠤ ᠪᠠᠢ᠌ᠭ᠎ᠠ ᠡᠯ᠎ᠡ ᠵᠦᠢ᠍ᠯ᠎ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠬᠣᠢ᠌ᠨ᠎ᠠ ᠬᠣᠢ᠌ᠨ᠎ᠠ᠎ᠠᠴᠠ᠎ᠪᠠᠨ ᠦᠷᠭᠦᠯᠵᠢᠯᠡᠵᠦ᠂ ᠶᠡᠬᠡ ᠳᠠᠢ᠌ᠯᠠᠯᠳᠤᠭ᠋ᠠᠨ ᠬᠣᠢ᠌ᠨ᠎ᠠ ᠬᠣᠢ᠌ᠨ᠎ᠠ᠎ᠠᠴᠠ᠎ᠪᠠᠨ ᠦᠷᠭᠦᠯᠵᠢᠯᠡᠵᠦ᠂ ᠳᠠᠢ᠌ᠯᠠᠯᠳᠤᠭ᠋ᠠᠨ ᠨᠢᠭᠡ ᠪᠦᠷᠢ᠎ᠨᠢ ᠴᠥᠮ ᠪᠦᠭᠦ ᠠᠷᠠᠳ ᠲᠦᠮᠡᠨ᠎ᠤ ᠪᠦᠯᠬᠦᠮᠳᠡᠨ ᠲᠡᠮᠡᠴᠡᠬᠦ᠂ ᠨᠤᠭᠤᠷᠠᠰᠢ ᠦᠭᠡᠢ ᠲᠡᠮᠡᠴᠡᠬᠦ᠎ᠳᠤ ᠲᠦᠰᠢᠭᠯᠡᠨ ᠢᠯᠠᠯᠲᠠ ᠣᠯᠵᠤ ᠢᠷᠡᠭᠰᠡᠨ ᠶᠤᠮ᠃ ᠢᠷᠡᠭᠡᠳᠦᠢ ᠵᠢᠨ ᠬᠡᠰᠡᠭ ᠬᠤᠭᠤᠴᠠᠭ᠋ᠠᠨ᠎ᠳᠤ᠂ ᠪᠢᠳᠡᠨ᠎ᠳᠤ ᠲᠤᠯᠭ᠋ᠠᠷᠠᠬᠤ ᠠᠶᠤᠯ ᠲᠦᠭᠰᠢᠭᠦᠷᠢ ᠥᠷᠢᠰᠦᠯᠳᠦᠭᠡᠨ ᠤᠯᠠᠮ᠎ᠠᠴᠠ ᠤᠯᠠᠮ ᠣᠯᠠᠰᠢᠷᠠᠵᠤ᠂ ᠤᠯᠠᠮ᠎ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ᠃ ᠭᠠᠭᠴᠠ ᠬᠦ᠌ ᠪᠦᠭᠦ ᠠᠷᠠᠳ ᠲᠦᠮᠡᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠤᠯᠠᠨ᠎ᠤ ᠵᠣᠷᠢᠭ᠎ᠢ ᠨᠢᠭᠡᠳᠬᠡᠵᠦ᠂ ᠵᠣᠷᠢᠭᠲᠠᠢ᠎ᠪᠠᠷ ᠲᠡᠮᠡᠴᠡᠵᠦ᠂ ᠴᠢᠳᠠᠮᠠᠭ᠋ᠠᠢ᠎ᠪᠠᠷ ᠲᠡᠮᠡᠴᠡᠪᠡᠯ ᠰᠠᠶᠢ ᠨᠡᠩ ᠶᠡᠬᠡ ᠰᠢᠨ᠎ᠡ ᠢᠯᠠᠯᠲᠠ ᠵᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ᠃


      ᠰᠢ ᠵᠢᠨ ᠫᠢᠩ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠪᠣᠯ ᠮᠠᠨ᠎ᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ᠂ ᠪᠦᠭᠦ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭ᠋ᠠᠭᠤᠯᠵᠤ 《ᠬᠣᠣᠰ ᠵᠠᠭᠤᠨ ᠵᠢᠯ》 ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠴᠢᠬᠤᠯᠠ ᠬᠦᠴᠦᠨ ᠮᠥᠨ᠃ ᠪᠢᠳᠡ ᠢᠮᠠᠭᠲᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠢ ᠥᠪᠡᠷ᠎ᠤᠨ ᠬᠥᠮᠥᠨ ᠵᠶ᠋ᠡᠨ ᠪᠣᠯᠭ᠋ᠠᠨ ᠦᠵᠡᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠬᠦᠴᠢᠷᠳᠡᠯ᠎ᠳᠤ ᠲᠤᠯᠭ᠋ᠠᠷᠠᠭᠰᠠᠨ ᠦᠶ᠎ᠡ᠎ᠳᠤ ᠳᠡᠮᠵᠢᠯᠭᠡ ᠦᠵᠡᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠲᠥᠭᠡᠷᠢᠭᠳᠡᠯ᠎ᠳᠤ ᠲᠤᠯᠭ᠋ᠠᠷᠠᠭᠰᠠᠨ ᠦᠶ᠎ᠡ᠎ᠳᠤ ᠵᠢᠯᠣᠭᠣᠳᠤᠯᠭ᠎ᠠ ᠦᠵᠡᠭᠦᠯᠵᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠡᠷᠬᠡ ᠲᠡᠭᠰᠢ᠎ᠪᠠᠷ ᠣᠷᠤᠯᠴᠠᠬᠤ ᠵᠢ ᠬᠦᠯᠢᠶᠡᠰᠦᠯᠡᠵᠦ ᠪᠠᠢ᠌ᠭ᠎ᠠ ᠳᠦᠷᠢᠮ᠎ᠤᠨ ᠬᠠᠷᠰᠢ ᠰᠠᠭ᠋ᠠᠳ᠎ᠢ ᠠᠷᠢᠯᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠥᠮᠴᠢᠯᠡᠯ᠎ᠤᠨ ᠡᠷᠬᠡ ᠪᠣᠯᠣᠨ ᠠᠵᠤ ᠠᠬᠤᠢ᠌ᠯᠠᠯᠲᠠᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠵᠤ᠂ ᠳᠦᠷᠢᠮ ᠪᠣᠯᠣᠨ ᠬᠠᠤᠯᠢ ᠴᠠᠭ᠋ᠠᠵᠠ ᠵᠢᠨ ᠲᠠᠯ᠎ᠠ᠎ᠪᠠᠷ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠳᠤ ᠡᠷᠬᠡ ᠲᠡᠭᠰᠢ᠎ᠪᠠᠷ ᠬᠠᠨᠳᠤᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠵᠣᠷᠢᠭᠵᠢᠭᠤᠯᠤᠨ ᠳᠡᠮᠵᠢᠵᠦ᠂ ᠵᠠᠬ᠎ᠠ ᠳᠡᠯᠭᠡᠭᠦᠷ᠎ᠤᠨ ᠵᠢᠱ᠌ᠢᠯᠲᠡ ᠪᠣᠯᠣᠨ ᠢᠲᠡᠭᠡᠯ᠎ᠢ ᠬᠥᠭᠵᠢᠭᠡᠬᠦ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠳᠤᠮᠳᠠᠬᠢ ᠴᠢᠬᠤᠯᠠ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠵᠤ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ ᠪᠢᠴᠢᠯ ᠠᠵᠤ ᠠᠬᠤᠢ᠌ᠯᠠᠯ ᠪᠣᠯᠣᠨ ᠦᠢ᠍ᠯᠡᠳᠪᠦᠷᠢ ᠬᠤᠳᠠᠯᠳᠤᠭ᠋ᠠᠨ᠎ᠤ ᠬᠤᠪᠢ ᠡᠷᠦᠭᠡ ᠵᠢᠨ ᠬᠥᠭᠵᠢᠯᠲᠡ ᠵᠢ ᠳᠡᠮᠵᠢᠵᠦ᠂ ᠲᠠᠪᠴᠠᠩ᠎ᠤᠨ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠡᠭᠦᠳᠭᠦ᠂ ᠬᠡᠷᠡᠭᠯᠡᠭᠡ ᠵᠢ ᠥᠷᠭᠡᠳᠬᠡᠬᠦ᠂ ᠣᠯᠠᠨ ᠤᠯᠤᠰ᠎ᠤᠨ ᠥᠷᠢᠰᠦᠯᠳᠦᠭᠡᠨ᠎ᠳᠤ ᠴᠢᠳᠠᠪᠤᠷᠢ᠎ᠪᠠᠨ ᠪᠠᠳᠠᠷᠠᠭᠤᠯᠬᠤ ᠵᠢ ᠳᠡᠮᠵᠢᠭᠦ ᠬᠡᠷᠡᠭᠲᠡᠢ᠃ ᠳᠣᠲᠣᠨᠣ ᠪᠥᠭᠡᠳ ᠲᠣᠳᠣᠷᠬᠠᠢ ᠵᠠᠰᠠᠭ ᠬᠤᠳᠠᠯᠳᠤᠭ᠋ᠠᠨ᠎ᠤ ᠬᠠᠷᠢᠴᠠᠭ᠎ᠠ ᠵᠢ ᠪᠠᠢ᠌ᠭᠤᠯᠬᠤ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠤ ᠬᠦᠴᠢᠷ ᠵᠣᠪᠠᠭᠤᠷᠢ ᠵᠢ᠎ᠨᠢ ᠰᠢᠢ᠍ᠳᠪᠦᠷᠢᠯᠡᠨ ᠥᠭᠴᠦ᠂ ᠲᠡᠳᠡᠨ᠎ᠢ ᠵᠣᠷᠢᠭᠲᠠᠢ ᠠᠵᠢᠯᠯᠠᠵᠤ᠂ ᠳᠠᠷᠤᠭ᠋ᠠᠰᠤ ᠦᠭᠡᠢ᠎ᠪᠠᠷ ᠠᠵᠢᠯᠯᠠᠬᠤ ᠪᠤᠯᠭ᠋ᠠᠵᠤ᠂ ᠨᠢᠭᠡ ᠰᠡᠳᠬᠢᠯ ᠨᠢᠭᠡ ᠵᠣᠷᠢᠭ ᠵᠶ᠋ᠠᠷ ᠬᠥᠭᠵᠢᠯᠲᠡ ᠵᠢ ᠬᠥᠭᠡᠭᠡᠴᠡᠯᠳᠦᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠣᠳᠤᠮᠵᠢ ᠵᠢ ᠴᠢᠩᠭ᠋ᠠᠳᠬᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ᠎ᠢ ᠬᠥᠲᠥᠯᠥᠨ ᠵᠢᠯᠤᠭᠣᠳᠴᠤ ᠨᠠᠮ᠎ᠤᠨ ᠲᠥᠪ ᠬᠣᠷᠢᠶ᠎ᠠ ᠵᠢᠨ 《ᠬᠣᠶᠠᠷ ᠡᠷᠡᠰ ᠭᠤᠢ᠌ᠪᠢᠰᠢ ᠦᠭᠡᠢ ᠪᠠᠢ᠌ᠬᠤ》᠂ 《ᠬᠣᠶᠠᠷ ᠡᠷᠡᠭᠦᠯ》 ᠎ᠤᠨ ᠲᠤᠬᠠᠢ ᠴᠢᠭᠯᠡᠯᠲᠡ ᠲᠥᠷᠥ ᠵᠢᠨ ᠪᠣᠳᠣᠯᠭ᠎ᠠ ᠵᠢ ᠵᠥᠪ ᠣᠢ᠌ᠯᠠᠭ᠋ᠠᠭᠤᠯᠵᠤ᠂ ᠡᠷᠡᠭᠡᠯᠵᠡᠯ᠎ᠢ᠎ᠨᠢ ᠠᠷᠢᠯᠭ᠋ᠠᠵᠤ᠂ ᠳᠠᠷᠤᠭ᠋ᠠᠰᠤ ᠵᠢ᠎ᠨᠢ ᠬᠥᠩᠭᠡᠷᠡᠭᠦᠯᠵᠦ᠂ ᠵᠣᠷᠢᠭᠲᠠᠢ᠎ᠪᠠᠷ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠴᠢᠨᠠᠷ ᠰᠠᠢ᠌ᠲᠠᠢ ᠬᠥᠭᠵᠢᠯᠲᠡ᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠴᠠᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ᠎ᠬᠢᠨ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ᠎ᠳᠤ ᠣᠷᠣᠰᠢᠵᠤ ᠪᠠᠢ᠌ᠭ᠎ᠠ ᠳᠤᠲᠠᠭᠤᠳᠠᠯ ᠪᠣᠯᠣᠨ ᠲᠤᠯᠭ᠋ᠠᠷᠠᠵᠤ ᠪᠠᠢ᠌ᠭ᠎ᠠ ᠥᠷᠢᠰᠦᠯᠳᠦᠭᠡᠨ᠎ᠢ ᠭᠦᠨᠵᠡᠭᠡᠢ ᠡᠵᠡᠮᠳᠡᠵᠦ᠂ ᠬᠥᠭᠵᠢᠯᠲᠡ ᠵᠢᠨ ᠭᠡᠯᠪᠡᠷᠢ᠎ᠪᠠᠨ ᠬᠤᠪᠢᠷᠠᠭᠤᠯᠵᠤ᠂ ᠠᠵᠤ ᠦᠢ᠍ᠯᠡᠰ᠎ᠤᠨ ᠪᠦᠲᠦᠴᠡ᠎ᠪᠠᠨ ᠲᠣᠬᠢᠷᠠᠭᠤᠯᠵᠤ᠂ ᠨᠡᠮᠡᠭᠳᠡᠯ᠎ᠤᠨ ᠬᠥᠳᠡᠯᠭᠡᠭᠦ ᠬᠦᠴᠦᠨ ᠵᠶ᠋ᠡᠨ ᠬᠤᠪᠢᠷᠠᠭᠤᠯᠵᠤ᠂ ᠭᠣᠣᠯ ᠦᠢ᠍ᠯᠡᠰ ᠵᠶ᠋ᠡᠨ ᠪᠠᠲᠤ ᠰᠠᠬᠢᠵᠤ᠂ ᠪᠣᠳᠠᠲᠤ ᠴᠣᠭᠴᠠ ᠵᠢᠨ ᠦᠢ᠍ᠯᠡᠰ ᠵᠶ᠋ᠡᠨ ᠬᠦᠴᠦᠷᠬᠡᠭᠵᠢᠭᠦᠯᠵᠦ᠂ ᠤᠬᠠᠮᠰᠠᠷ᠎ᠠᠴᠠ᠎ᠪᠠᠨ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ᠃ ᠴᠢᠳᠠᠪᠤᠷᠢ᠎ᠲᠠᠢ᠂ ᠨᠥᠬᠥᠴᠡᠯ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ᠎ᠬᠢᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠭᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠳᠤᠮᠳᠠ ᠨᠡᠩ ᠶᠡᠬᠡ ᠦᠢ᠍ᠯᠡᠳᠦᠯ ᠦᠵᠡᠭᠦᠯᠭᠦ ᠬᠡᠷᠡᠭᠲᠡᠢ᠃ ᠠᠷᠠᠳ᠎ᠤᠨ ᠬᠥᠷᠥᠩᠭᠡ ᠵᠢᠨ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠨᠠᠩ ᠣᠯᠠᠨ ᠠᠷᠠᠳ᠎ᠤᠨ ᠬᠥᠷᠥᠩᠭᠡ ᠵᠢᠨ ᠤᠯᠤᠰ᠎ᠤᠨ ᠴᠢᠬᠤᠯᠠ ᠶᠡᠬᠡ ᠢᠨᠵᠧᠨᠧᠷᠢᠩ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠣᠷᠤᠯᠴᠠᠬᠤ ᠵᠢ ᠵᠣᠷᠢᠭᠵᠢᠭᠤᠯᠬᠤ ᠪᠠ ᠲᠠᠲᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠡᠯ᠎ᠡ ᠲᠥᠷᠥᠯ᠎ᠤᠨ ᠬᠥᠷᠥᠩᠭᠡ ᠵᠢᠨ ᠡᠷᠡᠭᠦᠯ ᠵᠶ᠋ᠡᠷ ᠭᠦᠭᠵᠢᠭᠦ ᠵᠢ ᠬᠠᠤᠯᠢ ᠶᠣᠰᠣᠭ᠋ᠠᠷ ᠵᠢᠷᠤᠮᠵᠢᠭᠤᠯᠬᠤ ᠪᠠ ᠬᠥᠲᠥᠯᠥᠨ ᠵᠢᠯᠤᠭᠣᠳᠴᠤ᠂ ᠰᠢᠰᠲ᠋ᠧᠮ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠤ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ᠂ ᠡᠯ᠎ᠡ ᠲᠥᠷᠥᠯ᠎ᠤᠨ ᠥᠮᠴᠢᠯᠡᠯ᠎ᠤᠨ ᠠᠵᠤ ᠠᠬᠤᠢ᠌ᠯᠠᠯ᠎ᠳᠤ ᠭᠣᠣᠯᠴᠢ᠎ᠪᠠᠷ ᠥᠷᠢᠰᠦᠯᠳᠦᠬᠦ᠂ ᠥᠷᠢᠰᠦᠯᠳᠦᠨ ᠭᠦᠭᠵᠢᠭᠦ ᠣᠷᠴᠢᠨ ᠨᠥᠬᠥᠴᠡᠯ᠎ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠭᠡᠰᠡᠨ ᠦᠭᠡᠢ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠴᠤ᠌ ᠭᠡᠰᠡᠨ ᠦᠭᠡᠢ᠂ ᠴᠥᠮ ᠬᠠᠮᠲᠤ᠎ᠪᠠᠷ ᠪᠠᠶᠠᠵᠢᠬᠤ ᠵᠢ ᠠᠬᠢᠭᠤᠯᠬᠤ ᠴᠢᠬᠤᠯᠠ ᠬᠦᠴᠦᠨ ᠮᠥᠨ᠂ ᠴᠥᠮ ᠬᠠᠮᠲᠤ᠎ᠪᠠᠷ ᠪᠠᠶᠠᠵᠢᠬᠤ ᠵᠢ ᠠᠬᠢᠭᠤᠯᠬᠤ ᠨᠡᠢ᠌ᠭᠡᠮ᠎ᠤᠨ ᠬᠠᠷᠢᠭᠤᠴᠠᠯᠭ᠎ᠠ ᠵᠢ ᠡᠷᠬᠡᠪᠰᠢ ᠡᠭᠦᠷᠭᠡᠯᠡᠬᠦ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ ᠤᠯᠤᠰ ᠭᠡᠷ᠎ᠤᠨ ᠬᠠᠢ᠌ᠷ᠎ᠠ ᠰᠡᠳᠬᠢᠯᠭᠡ᠎ᠪᠠᠨ ᠨᠡᠮᠡᠭᠳᠡᠭᠦᠯᠵᠦ᠂ ᠠᠷᠠᠳ ᠲᠦᠮᠡᠨ ᠵᠶ᠋ᠡᠷ ᠭᠣᠣᠯ ᠪᠤᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠤᠷᠢᠳ ᠵᠶ᠋ᠠᠷ ᠪᠠᠶᠠᠵᠢᠭᠰᠠᠨ᠎ᠨᠢ ᠰᠡᠭᠦᠯᠡᠷ ᠪᠠᠶᠠᠵᠢᠬᠤ᠎ᠪᠠᠨ ᠳᠠᠢ᠌ᠴᠢᠯᠠᠬᠤ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠪᠤᠳᠤᠯ ᠵᠶ᠋ᠠᠨ ᠴᠢᠩᠭ᠋ᠠᠳᠬᠠᠬᠤ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ   ᠠᠵᠤ ᠠᠬᠤᠢ᠌ᠯᠠᠯ᠎ᠤᠨ ᠳᠣᠲᠣᠭ᠋ᠠᠳᠤ᠎ᠳᠠᠭᠠᠨ ᠡᠶ᠎ᠡ ᠵᠣᠬᠢᠴᠠᠩᠭᠤᠢ ᠭᠦᠳᠡᠯᠮᠦᠷᠢ ᠵᠢᠨ ᠬᠠᠷᠢᠴᠠᠭ᠎ᠠ ᠵᠢ ᠢᠳᠡᠪᠬᠢᠲᠡᠢ ᠪᠠᠢ᠌ᠭᠤᠯᠵᠤ᠂ ᠪᠦᠭᠦ ᠠᠵᠢᠯᠲᠠᠨ᠎ᠤ ᠠᠰᠢᠭ ᠲᠤᠰᠠ ᠵᠢᠨ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠪᠦᠭᠦ ᠠᠵᠢᠯᠲᠠᠨ᠎ᠳᠤ ᠨᠠᠩ ᠡᠷᠬᠡ ᠲᠡᠭᠰᠢ᠎ᠪᠠᠷ ᠬᠦᠷᠲᠡᠭᠡᠬᠦ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠪᠣᠯᠣᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯᠲᠠᠨ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠢ᠌ᠴᠡᠭᠰᠡᠨ ᠡᠵᠡᠩᠨᠡᠯᠲᠡ ᠵᠢᠨ ᠬᠣᠷᠢᠭ᠎ᠠ ᠱᠤᠭᠤᠮ᠎ᠢ ᠪᠠᠲᠤ ᠴᠣᠭᠴᠠᠯᠠᠵᠤ᠂ ᠰᠢᠯᠢᠳᠡᠭ ᠠᠵᠤ ᠠᠬᠤᠢ᠌ᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠤᠯᠤᠰ ᠵᠶ᠋ᠠᠨ ᠬᠠᠢ᠌ᠷᠠᠯᠠᠵᠤ ᠦᠢ᠍ᠯᠡᠰ ᠵᠶ᠋ᠡᠨ ᠳᠡᠭᠡᠳᠦᠯᠡᠬᠦ᠂ ᠬᠠᠤᠯᠢ ᠵᠢ ᠰᠠᠬᠢᠵᠤ ᠡᠵᠡᠩᠨᠡᠬᠦ᠂ ᠦᠢ᠍ᠯᠡᠰ ᠪᠣᠰᠬᠠᠵᠤ ᠰᠢᠨ᠎ᠡ ᠵᠢ ᠡᠭᠦᠳᠭᠦ᠂ ᠨᠡᠢ᠌ᠭᠡᠮ᠎ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠤᠯᠠᠮᠵᠢᠯᠠᠯᠲᠤ ᠰᠠᠢ᠌ᠬᠠᠨ ᠵᠠᠩ ᠰᠤᠷᠲᠠᠯ᠎ᠢ ᠵᠠᠯᠭ᠋ᠠᠮᠵᠢᠯᠠᠨ ᠪᠠᠳᠠᠷᠠᠭᠤᠯᠵᠤ᠂ ᠨᠡᠢ᠌ᠭᠡᠮ᠎ᠤᠨ ᠨᠡᠢ᠌ᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠦᠢ᠍ᠯᠡᠰ᠎ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ᠂ ᠪᠠᠶᠠᠵᠢᠭᠰᠠᠨ ᠴᠤ᠌ ᠬᠠᠷᠢᠭᠤᠴᠠᠯᠭ᠎ᠠ ᠡᠭᠦᠷᠭᠡᠯᠡᠬᠦ᠂ ᠪᠠᠶᠠᠵᠢᠭᠰᠠᠨ ᠴᠤ᠌ ᠵᠢᠷᠤᠮ᠎ᠢ ᠡᠷᠭᠢᠮᠯᠡᠭᠦ᠂ ᠪᠠᠶᠠᠵᠢᠭᠰᠠᠨ ᠴᠤ᠌ ᠬᠠᠢ᠌ᠷ᠎ᠠ ᠵᠢ ᠳᠡᠭᠡᠳᠦᠯᠡᠬᠦ ᠵᠢ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠱ᠌ᠢ᠎ᠲᠠᠢ ᠹᠧᠩ᠂ ᠾᠧ ᠯᠢ ᠹᠧᠩ᠂ ᠬᠤᠤ ᠮᠢᠩ ᠵᠢᠨ᠂ ᠭᠤᠤ ᠶᠦᠨ ᠯᠦᠩ ᠨᠠᠷ ᠳᠤᠭᠤᠢ᠌ᠯᠠᠩ ᠬᠠᠮᠲᠤᠷᠠᠭᠰᠠᠨ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠣᠶᠠᠳᠤᠭ᠋ᠠᠷ ᠪᠦᠭᠦᠳᠡ ᠬᠤᠷᠠᠯ ᠬᠢᠪᠡ ᠰᠢ ᠵᠢᠨ ᠫᠢᠩ ᠯᠢ ᠴᠢᠶᠠᠩ ᠵᠤᠤ ᠯᠧ ᠵᠢᠢ ᠸᠠᠩ ᠬᠤ᠌ ᠨᠢᠩ ᠬᠠᠨ ᠵᠧᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ ᠲᠡᠷᠢᠭᠦᠯᠡᠭᠴᠢᠳ᠎ᠤᠨ ᠲᠠᠢ᠌ᠰᠠᠨ᠎ᠳᠤ ᠰᠠᠭ᠋ᠠᠲᠠᠪᠠ ᠯᠢ ᠵᠠᠨ ᠱᠣ᠌ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠵᠡᠢ ᠠᠷᠠᠳ᠎ᠤᠨ ᠳᠡᠭᠡᠳᠦ ᠰᠢᠭᠦᠭᠦ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠠ ᠬᠢᠨᠠᠨ ᠵᠥᠪᠯᠡᠵᠦ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ
ᠶᠡᠷᠦᠩᠬᠡᠢ ᠰᠠᠢ᠌ᠳ ᠯᠢ ᠴᠢᠶᠠᠩ ᠰᠣᠷᠪᠤᠯᠵᠢᠯᠠᠬ᠍ᠴᠢᠳ᠎ᠤᠨ ᠬᠤᠷᠠᠯ᠎ᠳᠤ ᠣᠷᠣᠯᠴᠠᠬᠰᠠᠨ ᠪᠥᠭᠡᠳ ᠳᠤᠮᠳᠠᠳᠤ ᠭᠠᠳᠠᠭ᠋ᠠᠳᠤ ᠵᠢᠨ ᠰᠣᠷᠪᠤᠯᠵᠢᠯᠠᠬ᠍ᠴᠢᠳ᠎ᠤᠨ ᠳᠤᠷᠠᠳᠤᠭᠰᠠᠨ ᠠᠰᠠᠭᠤᠯᠲᠠ ᠵᠢ ᠬᠠᠷᠢᠭᠤᠯᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠩᠬᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠰᠠᠢ᠌ᠲᠤᠷ ᠭᠦᠢ᠍ᠴᠡᠳᠬᠡᠭᠴᠢ᠂ ᠠᠵᠢᠯᠯᠠᠭ᠋ᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠰᠢᠨ᠎ᠡ ᠭᠠᠷᠤᠭ᠎ᠠ᠎ᠠᠴᠠ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠡᠬᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠠᠮ ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠬᠦ ᠵᠢᠴᠢ ᠡᠬᠡ ᠮᠥᠩᠭᠥ ᠵᠢ ᠬᠣᠢ᠌ᠰᠢᠯᠠᠭᠤᠯᠤᠨ ᠳᠥᠯᠥᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠪᠠ
 
            