ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠬᠣᠶᠠᠳᠤᠭ᠋ᠠᠷ ᠪᠦᠭᠦᠳᠡ ᠬᠤᠷᠠᠯ ᠬᠢᠪᠡ ᠰᠢ ᠵᠢᠨ ᠫᠢᠩ ᠯᠢ ᠴᠢᠶᠠᠩ ᠵᠤᠤ ᠯᠧ ᠵᠢᠢ ᠸᠠᠩ ᠬᠤ᠌ ᠨᠢᠩ ᠬᠠᠨ ᠵᠧᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ ᠲᠡᠷᠢᠭᠦᠯᠡᠭᠴᠢᠳ᠎ᠤᠨ ᠲᠠᠢ᠌ᠰᠠᠨ᠎ᠳᠤ ᠰᠠᠭ᠋ᠠᠲᠠᠪᠠ ᠯᠢ ᠵᠠᠨ ᠱᠣ᠌ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠵᠡᠢ ᠠᠷᠠᠳ᠎ᠤᠨ ᠳᠡᠭᠡᠳᠦ ᠰᠢᠭᠦᠭᠦ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠠ ᠬᠢᠨᠠᠨ ᠵᠥᠪᠯᠡᠵᠦ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ
ᠨᠡᠶ᠋ᠢᠲᠡᠯᠡᠭᠰᠡᠨ ᠴᠠᠭ᠄ 2023-03-09

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 7᠎ᠤ ᠴᠠᠬᠢᠯᠭ᠋ᠠᠨ ᠮᠡᠳᠡᠭᠡ   ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ 7᠎ᠤ ᠦᠳᠡ ᠵᠢᠨ ᠬᠣᠢ᠌ᠨ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠣᠶᠠᠳᠤᠭ᠋ᠠᠷ ᠪᠦᠭᠦᠳᠡ ᠬᠤᠷᠠᠯ ᠬᠢᠵᠦ᠂ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠣᠨ ᠠᠷᠠᠳ᠎ᠤᠨ ᠳᠡᠭᠡᠳᠦ ᠰᠢᠭᠦᠭᠦ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ ᠰᠣᠨᠣᠰᠤᠭᠰᠠᠨ ᠪᠠ ᠬᠢᠨᠠᠨ ᠵᠥᠪᠯᠡᠵᠦ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠤᠨ ᠲᠤᠬᠠᠢ ᠲᠣᠳᠣᠷᠬᠠᠢ᠌ᠯᠠᠯᠲᠠ ᠵᠢ ᠰᠣᠨᠣᠰᠪᠠ᠃
      ᠰᠢ ᠵᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠌ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠬᠤᠷᠠᠯ᠎ᠳᠤ ᠣᠷᠣᠯᠴᠠᠵᠠᠢ᠃
      ᠬᠤᠷᠠᠯ᠎ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ᠂ ᠬᠤᠷᠠᠯ᠎ᠳᠤ ᠤᠷᠤᠯᠴᠠᠬᠰᠠᠨ᠎ᠨᠢ 2943 ᠬᠥᠮᠥᠨ᠂ 34 ᠬᠥᠮᠥᠨ ᠣᠷᠣᠯᠴᠠᠬᠰᠠᠨ ᠦᠭᠡᠢ᠂ ᠬᠤᠷᠠᠯ᠎ᠳᠤ ᠣᠷᠣᠯᠴᠠᠬᠰᠠᠨ ᠬᠥᠮᠥᠨ᠎ᠤ ᠲᠣᠭ᠎ᠠ ᠬᠠᠤᠯᠢ᠎ᠳᠤ ᠲᠣᠭᠲᠠᠭ᠋ᠠᠭᠰᠠᠨ ᠬᠥᠮᠥᠨ᠎ᠤ ᠲᠣᠭ᠎ᠠ᠎ᠳᠤ ᠨᠡᠢ᠌ᠴᠡᠪᠡ᠃
      ᠶᠡᠬᠡ ᠬᠤᠷᠠᠯ᠎ᠤᠨ ᠲᠡᠷᠢᠭᠦᠯᠡᠭᠴᠢᠳ᠎ᠤᠨ ᠪᠦᠯᠭᠦᠮ᠎ᠤᠨ ᠪᠠᠢ᠌ᠩᠭᠤ ᠵᠢᠨ ᠲᠡᠷᠢᠭᠦᠯᠡᠭᠴᠢ᠂ ᠭᠦᠢ᠍ᠴᠡᠳᠭᠡᠭᠴᠢ ᠲᠡᠷᠢᠭᠦᠯᠡᠭᠴᠢ ᠯᠢ ᠬᠣᠩ ᠵᠦᠩ ᠬᠤᠷᠠᠯ᠎ᠢ ᠡᠷᠭᠢᠯᠡᠪᠡ᠃


      ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠨᠠᠢ᠌ᠳᠠᠯᠭ᠎ᠠ᠎ᠪᠠᠷ᠂ ᠬᠣᠷᠢᠶᠠᠨ ᠳᠠᠷᠤᠭ᠎ᠠ ᠯᠢ ᠵᠠᠨ ᠱᠣ᠌ ᠶᠡᠬᠡ ᠬᠤᠷᠠᠯ ᠳᠡᠭᠡᠷ᠎ᠡ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠬᠢᠪᠡ᠃ ᠯᠢ ᠵᠠᠨ ᠱᠣ᠌ ᠮᠡᠳᠡᠭᠦᠯᠦᠯᠲᠡ᠎ᠳᠡᠭᠡᠨ᠂ ᠥᠩᠭᠡᠷᠡᠭᠰᠡᠨ ᠨᠢᠭᠡ ᠵᠢᠯ᠎ᠳᠤ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠬᠠᠤᠯᠢ ᠲᠣᠭᠲᠠᠭ᠋ᠠᠬᠤ ᠠᠵᠢᠯ᠎ᠢ ᠴᠢᠨᠠᠷ ᠰᠠᠢ᠌ᠲᠠᠢ ᠰᠠᠢ᠌ᠲᠤᠷ ᠬᠢᠬᠦ ᠵᠢ ᠪᠠᠷᠢᠮᠲᠠᠯᠠᠵᠤ᠂ 5 ᠬᠠᠤᠯᠢ ᠲᠣᠭᠲᠠᠭ᠋ᠠᠵᠤ᠂ 9 ᠬᠠᠤᠯᠢ᠎ᠳᠤ ᠵᠠᠰᠠᠪᠤᠷᠢ ᠣᠷᠣᠭᠤᠯᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠠᠰᠠᠭᠤᠳᠠᠯ ᠪᠣᠯᠣᠨ ᠴᠢᠬᠤᠯᠠ ᠶᠡᠬᠡ ᠠᠰᠠᠭᠤᠳᠠᠯ᠎ᠤᠨ ᠲᠤᠬᠠᠢ 4 ᠲᠣᠭᠲᠠᠭ᠋ᠠᠯ᠎ᠢ ᠪᠠᠲᠤᠯᠠᠵᠤ᠂ 1 ᠬᠠᠤᠯᠢ ᠴᠠᠭ᠋ᠠᠵᠠ ᠵᠢᠨ ᠲᠠᠢ᠌ᠯᠪᠤᠷᠢᠯᠠᠯᠲᠠ ᠭᠢᠪᠡ; ᠬᠢᠨᠠᠯᠲᠠ ᠲᠠᠯᠪᠢᠬᠤ ᠠᠵᠢᠯ᠎ᠢ ᠴᠢᠨᠠᠷ ᠰᠠᠢ᠌ᠲᠠᠢ ᠰᠠᠢ᠌ᠲᠤᠷ ᠬᠢᠬᠦ ᠵᠢ ᠪᠠᠷᠢᠮᠲᠠᠯᠠᠵᠤ᠂ 5 ᠬᠠᠤᠯᠢ ᠵᠢ ᠬᠡᠷᠡᠭᠵᠢᠭᠦᠯᠦᠭᠰᠡᠨ ᠪᠠᠢ᠌ᠳᠠᠯ᠎ᠢ ᠪᠠᠢ᠌ᠴᠠᠭ᠋ᠠᠵᠤ᠂ 23 ᠬᠢᠨᠠᠯᠲᠠ ᠲᠠᠯᠪᠢᠬᠤ ᠠᠵᠢᠯ᠎ᠤᠨ ᠮᠡᠳᠡᠭᠦᠯᠦᠯᠲᠡ ᠵᠢ ᠰᠣᠨᠣᠰᠤᠨ ᠬᠢᠨᠠᠨ ᠵᠥᠪᠯᠡᠵᠦ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠂ 8 ᠵᠦᠢ᠍ᠯ᠎ᠤᠨ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠭᠢᠪᠡ; ᠲᠥᠯᠥᠭᠡᠯᠡᠭᠴᠢᠳ᠎ᠤᠨ ᠠᠵᠢᠯ᠎ᠢ ᠴᠢᠨᠠᠷ ᠰᠠᠢ᠌ᠲᠠᠢ ᠰᠠᠢ᠌ᠲᠤᠷ ᠬᠢᠬᠦ ᠵᠢ ᠪᠠᠷᠢᠮᠲᠠᠯᠠᠵᠤ᠂ 487 ᠬᠤᠪᠢ ᠲᠥᠯᠥᠭᠡᠯᠡᠭᠴᠢᠳ᠎ᠤᠨ ᠰᠠᠨᠠᠯ ᠵᠥᠪᠯᠡᠯᠭᠡ᠂ 9349 ᠬᠤᠪᠢ ᠰᠠᠨᠠᠭᠤᠯᠭ᠎ᠠ ᠵᠢ ᠰᠢᠢ᠍ᠳᠪᠦᠷᠢᠯᠡᠵᠦ᠂ ᠪᠠᠢ᠌ᠩᠭᠤ ᠵᠢᠨ ᠬᠣᠷᠢᠶ᠎ᠠ᠂ ᠲᠤᠰᠬᠠᠢ ᠵᠥᠪᠯᠡᠯ᠂ ᠠᠵᠢᠯ᠎ᠤᠨ ᠵᠥᠪᠯᠡᠯ᠎ᠤᠨ ᠠᠵᠢᠯ᠎ᠳᠤ ᠨᠡᠢ᠌ᠳᠡ 100 ᠭᠠᠷᠤᠢ ᠬᠥᠮᠥᠨ ᠤᠳᠠᠭ᠎ᠠ ᠣᠷᠣᠯᠴᠠᠪᠠ; ᠭᠠᠳᠠᠭ᠋ᠠᠳᠤ ᠶᠠᠪᠤᠳᠠᠯ᠎ᠤᠨ ᠠᠵᠢᠯ᠎ᠢ ᠴᠢᠨᠠᠷ ᠰᠠᠢ᠌ᠲᠠᠢ ᠰᠠᠢ᠌ᠲᠤᠷ ᠬᠢᠬᠦ ᠵᠢ ᠪᠠᠷᠢᠮᠲᠠᠯᠠᠵᠤ᠂ ᠲᠦᠷᠦ ᠵᠢᠨ ᠪᠠᠢ᠌ᠭᠤᠯᠭ᠎ᠠ ᠵᠢᠨ ᠠᠵᠢᠯᠲᠠᠨ᠎ᠢ 393 ᠬᠥᠮᠥᠨ ᠤᠳᠠᠭ᠎ᠠ ᠬᠠᠤᠯᠢ ᠶᠣᠰᠣᠭ᠋ᠠᠷ ᠲᠣᠮᠢᠯᠠᠵᠤ ᠪᠠᠭᠤᠯᠭ᠋ᠠᠵᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠪᠤᠳᠤᠭ᠋ᠠᠷ ᠬᠤᠷᠠᠯ᠎ᠠᠴᠠ ᠲᠣᠭᠲᠠᠭ᠋ᠠᠭᠰᠠᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ ᠭᠡᠵᠦ ᠵᠢᠭ᠋ᠠᠵᠤ ᠭᠠᠷᠭ᠋ᠠᠪᠠ᠃
      ᠯᠢ ᠵᠠᠨ ᠱᠣ᠌ ᠮᠡᠳᠡᠭᠦᠯᠦᠯᠲᠡ᠎ᠳᠡᠭᠡᠨ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠲᠠᠪᠤᠨ ᠵᠢᠯ᠎ᠤᠨ ᠲᠤᠰᠢᠶᠠᠯ᠎ᠤᠨ ᠬᠤᠭᠤᠴᠠᠭ᠎ᠠ᠎ᠨᠢ ᠶᠠᠭ ᠰᠠᠢ᠌ᠬᠠᠨ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠥᠷᠨᠢᠭᠦᠨ ᠬᠥᠭᠵᠢᠯᠲᠡ ᠵᠢᠨ ᠠᠭᠤᠤ ᠶᠡᠬᠡ ᠲᠡᠦᠬᠡᠨ ᠬᠤᠪᠢᠰᠤᠯᠲᠠ ᠵᠢᠨ ᠴᠠᠭ ᠦᠶ᠎ᠡ᠎ᠳᠤ ᠲᠣᠬᠢᠶᠠᠪᠠ᠃ ᠪᠠᠢ᠌ᠩᠭᠤ ᠵᠢᠨ ᠬᠣᠷᠢᠶ᠎ᠠ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠳᠥᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠢᠮᠠᠭᠲᠠ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠨᠠᠮ᠎ᠤᠨ ᠤᠨᠤᠯ ᠪᠠ ᠱᠤᠭᠤᠮ ᠴᠢᠭᠯᠡᠯᠲᠡ ᠲᠦᠷᠦ ᠵᠢᠨ ᠪᠣᠳᠣᠯᠭ᠎ᠠ ᠵᠢ ᠡᠷᠡᠰ ᠲᠤᠭᠤᠰᠢᠯᠠᠭᠤᠯᠵᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠵᠥᠪ ᠴᠢᠭᠯᠡᠯ᠎ᠢ ᠪᠠᠲᠤ ᠡᠵᠡᠮᠳᠡᠵᠦ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠴᠢᠩᠭ᠎ᠠ ᠳᠠᠭ᠋ᠠᠵᠤ᠂ ᠠᠷᠠᠳ ᠣᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠲᠠᠢ ᠨᠢᠭᠲᠠ ᠤᠶᠠᠯᠳᠤᠭᠤᠯᠵᠤ᠂ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠬᠡᠷᠡᠭᠴᠡᠭᠡ᠎ᠲᠠᠢ ᠨᠢᠭᠲᠠ ᠤᠶᠠᠯᠳᠤᠭᠤᠯᠵᠤ᠂ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠪᠦᠭᠦ ᠲᠥᠯᠥᠭᠡᠯᠡᠭᠴᠢ᠎ᠳᠤ ᠴᠢᠩᠭ᠎ᠠ ᠲᠦᠰᠢᠭᠯᠡᠵᠦ᠂ ᠬᠠᠤᠯᠢ ᠲᠣᠭᠲᠠᠭ᠋ᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭ᠋ᠠᠬᠤ ᠡᠷᠬᠡ᠂ ᠲᠣᠮᠢᠯᠠᠵᠤ ᠪᠠᠭᠤᠯᠭ᠋ᠠᠬᠤ ᠡᠷᠬᠡ᠎ᠪᠠᠨ ᠬᠠᠤᠯᠢ ᠶᠣᠰᠣᠭ᠋ᠠᠷ ᠬᠡᠷᠡᠭᠵᠢᠭᠦᠯᠵᠦ᠂ ᠨᠠᠮ ᠪᠠ ᠠᠷᠠᠳ ᠲᠦᠮᠡᠨ᠎ᠠᠴᠠ ᠣᠯᠭᠣᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠨ᠂ ᠨᠠᠮ᠎ᠤᠨ ᠲᠥᠪ ᠬᠣᠷᠢᠶ᠎ᠠ ᠵᠢᠨ ᠬᠦᠨᠳᠦ ᠨᠠᠢ᠌ᠳᠠᠯᠭ᠎ᠠ ᠵᠢ ᠬᠥᠰᠡᠷᠳᠡᠭᠦᠯᠬᠦ ᠦᠭᠡᠢ ᠪᠠᠢ᠌ᠬᠤ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ ᠦᠭᠡᠢ ᠪᠠᠢ᠌ᠬᠤ ᠲᠥᠪ ᠴᠢᠩᠭ᠎ᠠ ᠠᠮᠠᠯᠠᠯᠲᠠ᠎ᠪᠠᠨ ᠴᠢᠷᠮᠠᠢ᠌ᠨ ᠪᠡᠶᠡᠯᠡᠭᠦᠯᠵᠡᠢ ᠭᠡᠪᠡ᠃
      ᠯᠢ ᠵᠠᠨ ᠱᠤ᠌ ᠮᠡᠳᠡᠭᠦᠯᠦᠯᠲᠡ᠎ᠳᠡᠭᠡᠨ᠂ ᠲᠠᠪᠤᠨ ᠵᠢᠯ᠎ᠤᠨ ᠲᠤᠷᠰᠢ᠂ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠪᠠᠲᠤᠯᠠᠵᠤ᠂ 47 ᠬᠠᠤᠯᠢ ᠲᠣᠭᠲᠠᠭ᠋ᠠᠵᠤ᠂ 111 ᠬᠠᠤᠯᠢ᠎ᠳᠤ ᠵᠠᠰᠠᠪᠤᠷᠢ ᠣᠷᠣᠭᠤᠯᠵᠤ᠂ ᠬᠠᠤᠯᠢ ᠴᠠᠭ᠋ᠠᠵᠠ ᠵᠢᠨ ᠲᠠᠢ᠌ᠯᠪᠤᠷᠢᠯᠠᠯᠲᠠ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠠᠰᠠᠭᠤᠳᠠᠯ ᠪᠣᠯᠣᠨ ᠴᠢᠬᠤᠯᠠ ᠶᠡᠬᠡ ᠠᠰᠠᠭᠤᠳᠠᠯ᠎ᠤᠨ ᠲᠣᠭᠲᠠᠭ᠋ᠠᠯ ᠰᠢᠢ᠍ᠳᠪᠦᠷᠢ ᠵᠢ 53 ᠭᠠᠷᠭ᠋ᠠᠵᠤ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭ᠋ᠠᠳᠤᠢ ᠬᠠᠤᠯᠢ ᠵᠢᠨ ᠲᠥᠰᠥᠯ᠂ ᠲᠣᠭᠲᠠᠭ᠋ᠠᠯ᠎ᠤᠨ ᠲᠥᠰᠥᠯ 19 ᠬᠤᠪᠢ ᠪᠠᠢ᠌ᠨ᠎ᠠ; 182 ᠬᠢᠨᠠᠯᠲᠠ ᠲᠠᠯᠪᠢᠬᠤ ᠠᠵᠢᠯ᠎ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠵᠢ ᠰᠣᠨᠣᠰᠤᠨ ᠬᠢᠨᠠᠨ ᠵᠥᠪᠯᠡᠵᠦ᠂ 30 ᠬᠠᠤᠯᠢ ᠪᠠ ᠲᠣᠭᠲᠠᠭ᠋ᠠᠯ᠎ᠢ ᠬᠡᠷᠡᠭᠵᠢᠭᠦᠯᠦᠭᠰᠡᠨ ᠪᠠᠢ᠌ᠳᠠᠯ᠎ᠢ ᠪᠠᠢ᠌ᠴᠠᠭ᠋ᠠᠵᠤ᠂ 11 ᠤᠳᠠᠭ᠎ᠠ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ᠂ 33 ᠵᠦᠢ᠍ᠯ᠎ᠤᠨ ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠥᠷᠨᠢᠭᠦᠯᠪᠡ; ᠲᠥᠯᠥᠭᠡᠯᠡᠭᠴᠢ ᠵᠢᠨ 2282 ᠬᠤᠪᠢ ᠰᠠᠨᠠᠯ ᠵᠥᠪᠯᠡᠯᠭᠡ᠂ ᠲᠥᠯᠥᠭᠡᠯᠡᠭᠴᠢ ᠵᠢᠨ 43750 ᠬᠤᠪᠢ ᠰᠠᠨᠠᠭᠤᠯᠭ᠎ᠠ ᠵᠢ ᠪᠦᠭᠦᠨ᠎ᠢ ᠰᠢᠢ᠍ᠳᠪᠦᠷᠢᠯᠡᠨ ᠳᠠᠭᠤᠰᠬᠠᠵᠤ᠂ ᠲᠥᠯᠥᠭᠡᠯᠡᠭᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ ᠵᠢ ᠰᠢᠢ᠍ᠳᠪᠦᠷᠢᠯᠡᠭᠰᠡᠨ ᠠᠵᠢᠯ᠎ᠤᠨ ᠲᠤᠬᠠᠢ ᠬᠠᠨᠤᠮᠵᠢ ᠵᠢᠨ ᠬᠡᠮᠵᠢᠶ᠎ᠡ 98%᠎ᠳᠤ ᠭᠦᠷᠪᠡ; 36 ᠭᠡᠷ᠎ᠡ ᠪᠣᠯᠣᠨ ᠴᠢᠬᠤᠯᠠ ᠬᠡᠯᠡᠯᠴᠡᠭᠡᠷ᠎ᠢ ᠵᠥᠪᠰᠢᠶᠡᠷᠡᠬᠦ᠎ᠪᠠᠷ ᠲᠣᠭᠲᠠᠭᠰᠠᠨ ᠪᠤᠶᠤ ᠲᠡᠭᠦᠨ᠎ᠳᠤ ᠤᠷᠤᠯᠴᠠᠪᠠ; ᠲᠦᠷᠦ ᠵᠢᠨ ᠪᠠᠢ᠌ᠭᠤᠯᠭ᠎ᠠ ᠵᠢᠨ ᠠᠵᠢᠯᠲᠠᠨ᠎ᠢ 1515 ᠬᠥᠮᠥᠨ ᠤᠳᠠᠭ᠎ᠠ ᠬᠠᠤᠯᠢ ᠶᠣᠰᠣᠭ᠋ᠠᠷ ᠲᠣᠮᠢᠯᠠᠵᠤ ᠪᠠᠭᠤᠯᠭ᠋ᠠᠪᠠ᠃ ᠭᠣᠣᠯᠳᠠᠭᠤ ᠳᠣᠣᠷᠠᠬᠢ ᠠᠵᠢᠯ᠎ᠤᠳ᠎ᠢ ᠥᠷᠨᠢᠭᠦᠯᠪᠡ᠄ ᠨᠢᠭᠡ᠎ᠳᠤ ᠦᠨᠳᠦᠰᠦᠨ ᠬᠠᠤᠯᠢ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠨ ᠬᠠᠤᠯᠢ ᠵᠢᠨ ᠡᠷᠬᠡ ᠰᠦᠷ ᠪᠠ ᠨᠡᠷ᠎ᠡ ᠬᠦᠨᠳᠦ ᠵᠢ ᠬᠠᠮᠠᠭ᠋ᠠᠯᠠᠪᠠ; ᠬᠣᠶᠠᠷ᠎ᠲᠤ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠰᠠᠢ᠌ᠨ ᠬᠠᠤᠯᠢ᠎ᠪᠠᠷ ᠬᠥᠭᠵᠢᠯᠲᠡ ᠵᠢ ᠠᠬᠢᠭᠤᠯᠵᠤ᠂ ᠴᠢᠳᠠᠮᠠᠭ᠋ᠠᠢ ᠵᠠᠰᠠᠯᠲᠠ ᠵᠢ ᠪᠠᠲᠤᠯᠠᠵᠠᠢ; ᠭᠤᠷᠪᠠ᠎ᠳᠤ ᠦᠨᠳᠦᠰᠦᠨ ᠬᠠᠤᠯᠢ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠳᠤ ᠣᠯᠭᠣᠭᠰᠠᠨ ᠬᠢᠨᠠᠯᠲᠠ ᠲᠠᠯᠪᠢᠬᠤ ᠡᠷᠬᠡ ᠵᠢ ᠰᠠᠢ᠌ᠲᠤᠷ ᠬᠡᠷᠡᠭᠯᠡᠵᠦ᠂ ᠵᠥᠪ ᠵᠢᠡᠷ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭ᠋ᠠᠷ ᠬᠢᠨᠠᠯᠲᠠ ᠲᠠᠯᠪᠢᠬᠤ ᠵᠢ ᠭᠡᠷᠡᠭᠵᠢᠭᠦᠯᠵᠠᠢ; ᠳᠥᠷᠪᠡ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠦᠢ᠍ᠯᠡᠳᠦᠯ᠎ᠢ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭ᠋ᠠᠷᠳᠠᠯᠭ᠎ᠠ ᠪᠠᠢ᠌ᠪᠠᠯ ᠬᠠᠷᠢᠭᠤ ᠦᠭᠭᠦ ᠵᠢ ᠪᠡᠶᠡᠯᠡᠭᠦᠯᠪᠡ; ᠲᠠᠪᠤ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠠᠳᠠᠭ᠋ᠠᠳᠤ ᠬᠠᠷᠢᠯᠴᠠᠭ᠎ᠠ ᠵᠢᠨ ᠳᠠᠪᠠᠭᠤᠯᠢᠭ᠎ᠢ ᠪᠠᠳᠠᠷᠠᠭᠤᠯᠵᠤ᠂ ᠨᠠᠮ ᠪᠠ ᠤᠯᠤᠰ᠎ᠤᠨ ᠭᠠᠳᠠᠭ᠋ᠠᠳᠤ ᠬᠠᠷᠢᠯᠴᠠᠭ᠎ᠠ ᠵᠢᠨ ᠶᠡᠬᠡ ᠲᠠᠯ᠎ᠠ᠎ᠳᠤ ᠦᠢ᠍ᠯᠡᠴᠢᠯᠡᠪᠡ; ᠵᠢᠷᠭᠤᠭ᠎ᠠ᠎ᠳᠤ ᠤᠯᠤᠰ ᠲᠦᠷᠦ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠪᠠᠢ᠌ᠩᠭᠤ ᠵᠢᠨ ᠬᠣᠷᠢᠶ᠎ᠠ ᠵᠢᠨ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠦᠨᠡᠨ ᠬᠦ᠌ ᠴᠢᠩᠭ᠋ᠠᠳᠬᠠᠪᠠ ᠭᠡᠪᠡ᠃
      ᠯᠢ ᠵᠠᠨ ᠱᠤ᠌ ᠮᠡᠳᠡᠭᠦᠯᠦᠯᠲᠡ᠎ᠳᠡᠭᠡᠨ᠂ ᠲᠠᠪᠤᠨ ᠵᠢᠯ᠎ᠤᠨ ᠦᠢ᠍ᠯᠡᠳᠦᠯᠭᠡ᠎ᠳᠤ ᠮᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠯ᠎ᠤᠨ ᠰᠢᠨᠵᠢᠯᠡᠬᠦ ᠤᠬᠠᠭ᠋ᠠᠨᠴᠢ ᠠᠭᠤᠯᠬᠤᠨ᠂ ᠦᠨᠳᠦᠰᠦᠨ ᠣᠨᠴᠠᠯᠢᠭ ᠪᠣᠯᠣᠨ ᠮᠥᠨ ᠴᠢᠨᠠᠷ᠎ᠤᠨ ᠱᠠᠭ᠋ᠠᠷᠳᠠᠯᠭ᠎ᠠ ᠵᠢᠨ ᠲᠤᠬᠠᠢ ᠲᠠᠨᠢᠯᠲᠠ ᠵᠢ ᠤᠯᠠᠮ ᠭᠦᠨᠵᠡᠭᠡᠢ᠌ᠷᠡᠭᠦᠯᠵᠡᠢ᠂ ᠡᠨᠡ᠎ᠨᠢ ᠳᠠᠷᠤᠢ᠄ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠡᠷᠬᠡᠪᠰᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠤᠯᠤᠰ ᠲᠦᠷᠦ ᠵᠢᠨ ᠬᠥᠭᠵᠢᠯᠲᠡ ᠵᠢᠨ ᠵᠠᠮ᠎ᠢ ᠪᠠᠷᠢᠮᠲᠠᠯᠠᠵᠤ᠂ ᠡᠷᠬᠡᠪᠰᠢ ᠪᠦᠭᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠡᠷᠬᠡᠪᠰᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠭᠤᠯᠤᠯ᠎ᠢ ᠪᠠᠷᠢᠮᠲᠠᠯᠠᠵᠤ᠂ ᠡᠷᠬᠡᠪᠰᠢ ᠦᠨᠳᠦᠰᠦᠨ ᠬᠠᠤᠯᠢ᠎ᠳᠤ ᠲᠣᠭᠲᠠᠭ᠋ᠠᠭᠰᠠᠨ ᠤᠯᠤᠰ᠎ᠤᠨ ᠦᠨᠳᠦᠰᠦᠨ ᠡᠭᠦᠷᠭᠡ᠂ ᠬᠥᠭᠵᠢᠯᠲᠡ ᠵᠢᠨ ᠵᠠᠮ᠂ ᠲᠡᠮᠡᠴᠡᠬᠦ ᠬᠠᠷᠠᠯᠲᠠ ᠵᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ ᠭᠡᠵᠡᠢ᠃
      ᠬᠣᠢ᠌ᠰᠢᠳᠠ ᠵᠢᠨ ᠨᠢᠭᠡ ᠵᠢᠯ᠎ᠤᠨ ᠠᠵᠢᠯ᠎ᠤᠨ ᠲᠤᠬᠠᠢ ᠰᠠᠨᠠᠭᠤᠯᠭ᠎ᠠ᠎ᠳᠠᠭᠠᠨ ᠯᠢ ᠵᠠᠨ ᠱᠤ᠌᠂ 2023 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠭᠢᠯᠡᠯᠲᠡ ᠵᠢᠨ ᠵᠢᠯ ᠪᠣᠯᠣᠨ᠎ᠠ᠂ ᠪᠠᠢ᠌ᠩᠭᠤ ᠵᠢᠨ ᠬᠣᠷᠢᠶ᠎ᠠ ᠵᠢᠨ ᠠᠵᠢᠯ ᠪᠣᠯ ᠨᠢᠭᠡ᠎ᠳᠤ ᠦᠨᠳᠦᠰᠦᠨ ᠬᠠᠤᠯᠢ ᠵᠢ ᠬᠡᠷᠡᠭᠵᠢᠭᠦᠯᠬᠦ ᠪᠠ ᠬᠠᠤᠯᠢ ᠲᠣᠭᠲᠠᠭ᠋ᠠᠬᠤ ᠠᠵᠢᠯ᠎ᠢ ᠰᠠᠢ᠌ᠲᠤᠷ ᠭᠢᠨ᠎ᠠ; ᠬᠣᠶᠠᠷ᠎ᠲᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠴᠢᠩᠭ᠋ᠠᠳᠬᠠᠨ᠎ᠠ; ᠭᠤᠷᠪᠠ᠎ᠳᠤ ᠲᠥᠯᠥᠭᠡᠯᠡᠭᠴᠢ ᠵᠢᠨ ᠠᠵᠢᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠠ; ᠳᠥᠷᠪᠡ᠎ᠳᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠠᠳᠠᠭ᠋ᠠᠳᠤ ᠬᠠᠷᠢᠯᠴᠠᠭ᠎ᠠ ᠵᠢ ᠰᠠᠢ᠌ᠲᠤᠷ ᠭᠢᠨ᠎ᠠ; ᠲᠠᠪᠤ᠎ᠳᠤ ᠪᠠᠢ᠌ᠩᠭᠤ ᠵᠢᠨ ᠬᠣᠷᠢᠶ᠎ᠠ ᠵᠢᠨ ᠲᠤᠰ ᠪᠡᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ ᠭᠡᠵᠦ ᠵᠢᠭ᠋ᠠᠵᠤ ᠭᠠᠷᠭ᠋ᠠᠪᠠ᠃


      ᠠᠷᠠᠳ᠎ᠤᠨ ᠳᠡᠭᠡᠳᠦ ᠰᠢᠭᠦᠭᠦ ᠬᠣᠷᠢᠶ᠎ᠠ ᠵᠢᠨ ᠳᠠᠷᠤᠭ᠎ᠠ ᠵᠧᠦ ᠴᠢᠶᠠᠩ ᠠᠷᠠᠳ᠎ᠤᠨ ᠳᠡᠭᠡᠳᠦ ᠰᠢᠭᠦᠭᠦ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠳᠡᠭᠡᠨ᠂ 2022 ᠣᠨ᠎ᠳᠤ᠂ ᠪᠦᠭᠦ ᠤᠯᠤᠰ᠎ᠤᠨ ᠰᠢᠭᠦᠭᠦ ᠬᠣᠷᠢᠶ᠎ᠠ ᠵᠢᠨ ᠡᠯ᠎ᠡ ᠵᠦᠢ᠍ᠯ᠎ᠤᠨ ᠠᠵᠢᠯ ᠲᠣᠭᠲᠠᠭᠤᠨ᠎ᠤ ᠳᠤᠮᠳᠠ ᠠᠬᠢᠵᠠᠢ᠃ ᠠᠷᠠᠳ᠎ᠤᠨ ᠳᠡᠭᠡᠳᠦ ᠰᠢᠭᠦᠭᠦ ᠬᠣᠷᠢᠶ᠎ᠠ 18547 ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠵᠦ᠂ 13785 ᠬᠡᠷᠡᠭ᠎ᠢ ᠰᠢᠭᠦᠨ ᠳᠠᠭᠤᠰᠬᠠᠪᠠ; ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠰᠢᠭᠦᠭᠦ ᠬᠣᠷᠢᠶ᠎ᠠ ᠪᠠ ᠠᠷᠠᠳ᠎ᠤᠨ ᠲᠤᠰᠬᠠᠢ ᠰᠢᠭᠦᠭᠦ ᠬᠣᠷᠢᠶ᠎ᠠ 3370.4 ᠲᠦᠮᠡᠨ ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠵᠦ᠂ 3081 ᠲᠦᠮᠡᠨ ᠬᠡᠷᠡᠭ᠎ᠢ ᠰᠢᠭᠦᠵᠦ ᠳᠠᠭᠤᠰᠬᠠᠭᠰᠠᠨ ᠪᠠ ᠭᠦᠢ᠍ᠴᠡᠳᠬᠡᠵᠦ ᠳᠠᠭᠤᠰᠬᠠᠨ᠂ ᠬᠡᠷᠡᠭ᠎ᠢ ᠰᠢᠢ᠍ᠳᠪᠦᠷᠢᠯᠡᠵᠦ ᠳᠠᠭᠤᠰᠬᠠᠭᠰᠠᠨ ᠬᠠᠷᠠᠯᠲᠠ ᠵᠢᠨ ᠬᠡᠮᠵᠢᠶ᠎ᠡ 9.9 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠡᠢ ᠭᠡᠵᠦ ᠵᠢᠭ᠋ᠠᠵᠤ ᠭᠠᠷᠭ᠋ᠠᠪᠠ᠃
      ᠵᠧᠦ ᠴᠢᠶᠠᠩ ᠮᠡᠳᠡᠭᠦᠯᠦᠯᠲᠡ᠎ᠳᠡᠭᠡᠨ᠂ ᠲᠠᠪᠤᠨ ᠵᠢᠯ᠎ᠤᠨ ᠲᠤᠷᠰᠢ᠂ ᠠᠷᠠᠳ᠎ᠤᠨ ᠳᠡᠭᠡᠳᠦ ᠰᠢᠭᠦᠭᠦ ᠬᠣᠷᠢᠶ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠤᠳᠠᠭ᠎ᠠ ᠪᠦᠷᠢ ᠵᠢᠨ ᠪᠦᠭᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠬᠠᠤᠯᠢ ᠴᠠᠭ᠋ᠠᠵᠠ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠠᠷ ᠭᠦᠢ᠍ᠴᠡᠳᠬᠡᠵᠦ᠂ ᠠᠷᠠᠳ᠎ᠤᠨ ᠰᠢᠭᠦᠭᠦ ᠬᠣᠷᠢᠶ᠎ᠠ ᠵᠢᠨ ᠠᠵᠢᠯ᠎ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠵᠢ ᠠᠬᠢᠭᠤᠯᠪᠠ᠃ ᠨᠢᠭᠡ᠎ᠳᠤ ᠤᠯᠤᠰ᠎ᠤᠨ ᠠᠮᠤᠷ ᠲᠦᠪᠰᠢᠨ᠂ ᠨᠡᠢ᠌ᠭᠡᠮ᠎ᠤᠨ ᠠᠮᠤᠷ ᠲᠣᠭᠲᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ᠎ᠢ ᠡᠷᠡᠰ ᠬᠠᠮᠠᠭ᠋ᠠᠯᠠᠪᠠ; ᠬᠣᠶᠠᠷ᠎ᠲᠤ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠠᠤᠯᠢ ᠶᠣᠰᠣᠭ᠋ᠠᠷ ᠦᠢ᠍ᠯᠡᠴᠢᠯᠡᠪᠠ; ᠭᠤᠷᠪᠠ᠎ᠳᠤ ᠳᠤᠮᠳᠠᠳᠤ ᠤᠯᠤᠰ᠎ᠤᠨ ᠣᠨᠴᠠᠯᠢᠭ᠎ᠲᠠᠢ ᠠᠷᠠᠳ᠎ᠤᠨ ᠲᠥᠯᠥᠭᠡ ᠬᠠᠤᠯᠢ ᠪᠠᠷᠢᠬᠤ ᠵᠠᠮ ᠵᠶ᠋ᠠᠷ ᠰᠠᠢ᠌ᠲᠤᠷ ᠵᠠᠮᠨᠠᠬᠤ ᠵᠢ ᠪᠠᠷᠢᠮᠲᠠᠯᠠᠪᠠ; ᠳᠥᠷᠪᠡ᠎ᠳᠤ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠬᠠᠮᠤᠭ᠎ᠤᠨ ᠡᠴᠦᠰ᠎ᠤᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠰᠠᠭᠢᠵᠠᠢ; ᠲᠠᠪᠤ᠎ᠳᠤ ᠬᠠᠤᠯᠢ ᠴᠠᠭ᠋ᠠᠵᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠪᠠ ᠣᠶᠤᠨᠴᠢ ᠰᠢᠭᠦᠭᠦ ᠬᠣᠷᠢᠶ᠎ᠠ ᠵᠢᠨ ᠪᠠᠢ᠌ᠭᠤᠯᠤᠯᠲᠠ ᠴᠢᠬᠤᠯᠠ ᠶᠡᠬᠡ ᠠᠬᠢᠯᠲᠠ᠎ᠲᠠᠢ ᠪᠤᠯᠪᠠ; ᠵᠢᠷᠭᠤᠭ᠎ᠠ᠎ᠳᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠭᠦᠭᠦ ᠬᠣᠷᠢᠶ᠎ᠠ ᠵᠢᠨ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠠᠢ ᠭᠡᠵᠦ ᠢᠯᠡᠳᠬᠡᠪᠡ᠃
      ᠮᠡᠳᠡᠭᠦᠯᠦᠯᠲᠡ᠎ᠳᠤ᠂ ᠵᠧᠦ ᠴᠢᠶᠠᠩ 5 ᠲᠠᠯ᠎ᠠ᠎ᠠᠴᠠ 2023 ᠣᠨ᠎ᠤ ᠠᠵᠢᠯ᠎ᠳᠤ ᠰᠠᠨᠠᠭᠤᠯᠭ᠎ᠠ ᠳᠤᠷᠠᠳᠪᠠ᠄ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠠᠤᠯᠢᠵᠢᠯ᠎ᠤᠨ ᠵᠠᠮ ᠵᠶ᠋ᠠᠷ ᠭᠤᠢ᠌ᠪᠢᠰᠢ ᠦᠭᠡᠢ ᠵᠠᠮᠨᠠᠬᠤ ᠭᠡᠷᠡᠭᠲᠡᠢ; ᠬᠥᠭᠵᠢᠯᠲᠡ ᠪᠠ ᠠᠮᠤᠷ ᠲᠦᠪᠰᠢᠨ᠎ᠢ ᠨᠠᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠠ ᠴᠢᠨᠠᠷ ᠰᠠᠢ᠌ᠲᠠᠢ ᠬᠥᠭᠵᠢᠯᠲᠡ᠎ᠳᠤ ᠬᠠᠤᠯᠢ ᠶᠣᠰᠣᠭ᠋ᠠᠷ ᠦᠢ᠍ᠯᠡᠴᠢᠯᠡᠬᠦ ᠭᠡᠷᠡᠭᠳᠠᠢ; ᠠᠷᠠᠳ ᠲᠦᠮᠡᠨ ᠵᠶ᠋ᠡᠷ ᠭᠣᠣᠯ ᠪᠤᠯᠭ᠋ᠠᠬᠤ ᠵᠢ ᠪᠠᠷᠢᠮᠲᠠᠯᠠᠵᠤ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠣᠣᠯᠴᠢ᠎ᠪᠠᠷ ᠬᠠᠤᠯᠢ ᠪᠠᠷᠢᠬᠤ ᠵᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠳᠠᠢ; ᠬᠠᠤᠯᠢ ᠴᠠᠭ᠋ᠠᠵᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠭᠦᠨ ᠲᠠᠰᠤᠯᠬᠤ   ᠰᠢᠰᠲ᠋ᠧᠮ   ᠪᠠ   ᠰᠢᠭᠦᠨ   ᠲᠠᠰᠤᠯᠬᠤ   ᠴᠢᠳᠠᠪᠤᠷᠢ ᠵᠢᠨ   ᠣᠳᠣᠬᠢᠴᠢᠯᠠᠯᠲᠠ ᠵᠢ   ᠲᠦᠷᠭᠡᠪᠴᠢᠯᠡᠨ ᠠᠬᠢᠭᠤᠯᠬᠤ ᠭᠡᠷᠡᠭᠳᠠᠢ; ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠰᠢᠭᠦᠭᠦ ᠬᠣᠷᠢᠶ᠎ᠠ ᠵᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠰᠢᠭᠦᠭᠦ ᠬᠣᠷᠢᠶ᠎ᠠ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃
      ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠪᠠᠢ᠌ᠴᠠᠭ᠋ᠠᠬᠤ ᠳᠠᠷᠤᠭ᠎ᠠ ᠵᠠᠩ ᠵᠢᠶᠦ᠋ᠨ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠳᠡᠭᠡᠨ᠂ ᠲᠠᠪᠤᠨ ᠵᠢᠯ᠎ᠤᠨ ᠲᠤᠷᠰᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠢᠴᠢ ᠲᠡᠭᠦᠨ᠎ᠤ ᠪᠠᠢ᠌ᠩᠭᠤ ᠵᠢᠨ ᠬᠣᠷᠢᠶ᠎ᠠ ᠵᠢᠨ ᠬᠦᠴᠦᠲᠡᠢ ᠬᠢᠨᠠᠯᠲᠠ ᠵᠢᠨ ᠳᠣᠣᠷ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶ᠎ᠠ ᠡᠷᠡᠭᠦᠦ ᠵᠢᠨ ᠬᠡᠷᠡᠭ᠂ ᠢᠷᠭᠡᠨ᠎ᠤ ᠬᠡᠷᠡᠭ᠂ ᠵᠠᠰᠠᠭ ᠵᠠᠬᠢᠷᠭ᠎ᠠ᠂ ᠨᠡᠢ᠌ᠲᠡ ᠵᠢᠨ ᠠᠰᠠᠷᠠᠮᠵᠢ ᠵᠢᠨ ᠵᠠᠷᠭᠤ ᠵᠡᠷᠭᠡ 《ᠲᠦᠷᠪᠡᠨ ᠶᠡᠬᠡ ᠪᠠᠢ᠌ᠴᠠᠭ᠋ᠠᠬᠤ ᠠᠵᠢᠯ》᠎ᠤᠨ ᠰᠢᠨ᠎ᠡ ᠪᠠᠢ᠌ᠷᠢᠰᠢᠯ᠎ᠢ ᠰᠢᠨ᠎ᠡ᠎ᠪᠠᠷ ᠡᠭᠦᠳᠦᠨ ᠪᠠᠢ᠌ᠭᠤᠯᠵᠤ᠂ ᠠᠷᠠᠳ ᠲᠦᠮᠡᠨ᠎ᠢ ᠳᠡᠭᠡᠳᠦᠯᠡᠬᠦ ᠵᠢ ᠦᠢ᠍ᠯᠡᠳᠦᠯᠭᠡᠵᠢᠭᠦᠯᠦᠨ᠂ ᠦᠨᠳᠦᠰᠦᠨ ᠬᠠᠤᠯᠢ ᠬᠠᠤᠯᠢ ᠴᠠᠭ᠋ᠠᠵᠠ᠎ᠠᠴᠠ ᠣᠯᠭᠣᠭᠰᠠᠨ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠴᠢᠳᠠᠮᠠᠭ᠋ᠠᠢ᠎ᠪᠠᠷ ᠭᠦᠢ᠍ᠴᠡᠳᠬᠡᠵᠦ᠂ ᠠᠷᠠᠳ᠎ᠤᠨ ᠪᠠᠢ᠌ᠴᠠᠭ᠋ᠠᠬᠤ ᠠᠵᠢᠯ ᠦᠢ᠍ᠯᠡᠰ ᠰᠢᠨ᠎ᠡ ᠲᠠᠪᠠᠯᠳᠠᠳᠤ ᠬᠥᠭᠵᠢᠯᠲᠡ ᠵᠢ ᠪᠡᠶᠡᠯᠡᠭᠦᠯᠪᠡ᠃ 2018 ᠣᠨ᠎ᠠᠴᠠ 2022 ᠣᠨ ᠪᠤᠯᠲᠠᠯ᠎ᠠ᠂ ᠪᠦᠭᠦ ᠤᠯᠤᠰ᠎ᠤᠨ ᠪᠠᠢ᠌ᠴᠠᠭ᠋ᠠᠬᠤ ᠪᠠᠢ᠌ᠭᠤᠯᠭ᠎ᠠ ᠡᠯ᠎ᠡ ᠲᠦᠷᠦᠯ᠎ᠤᠨ ᠬᠡᠷᠡᠭ᠎ᠢ ᠨᠡᠢ᠌ᠳᠡ 1733.6 ᠲᠦᠮᠡᠨ ᠬᠤᠪᠢ ᠰᠢᠢ᠍ᠳᠪᠦᠷᠢᠯᠡᠵᠦ᠂ ᠲᠦᠷᠦᠭᠦᠦ ᠲᠠᠪᠤᠨ ᠵᠢᠯ᠎ᠤᠨ᠎ᠬᠢ᠎ᠠᠴᠠ 40%᠎ᠪᠠᠷ ᠨᠡᠮᠡᠭᠳᠡᠪᠡ᠃ 2018 ᠣᠨ᠎ᠤ᠎ᠬᠢ᠎ᠲᠠᠢ ᠬᠠᠷᠢᠴᠠᠭᠤᠯᠪᠠᠯ᠂ 2022 ᠣᠨ᠎ᠳᠤ ᠭᠥᠯᠢᠶᠡᠨ ᠠᠪᠤᠭᠰᠠᠨ ᠬᠢᠨᠠᠨ ᠪᠠᠢ᠌ᠴᠠᠭ᠋ᠠᠵᠤ ᠵᠠᠭ᠋ᠠᠯᠳᠤᠬᠤ ᠬᠡᠷᠡᠭ 2.8%᠎ᠪᠠᠷ ᠨᠡᠮᠡᠭᠳᠡᠵᠦ᠂ ᠢᠷᠭᠡᠨ᠎ᠤ ᠬᠡᠷᠡᠭ᠂ ᠵᠠᠰᠠᠭ ᠵᠠᠬᠢᠷᠭ᠎ᠠ᠂ ᠨᠡᠢ᠌ᠲᠡ ᠵᠢᠨ ᠠᠰᠠᠷᠠᠮᠵᠢ ᠵᠢᠨ ᠵᠠᠷᠭᠤ ᠵᠢᠨ ᠬᠡᠷᠡᠭ᠎ᠢ ᠰᠢᠢ᠍ᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ᠂ 3.3 ᠲᠠᠭᠢᠨ ᠪᠠ 72.6%᠎ᠪᠠᠷ ᠨᠡᠮᠡᠭᠳᠡᠪᠡ ᠭᠡᠵᠦ ᠵᠢᠭ᠋ᠠᠵᠤ ᠭᠠᠷᠭ᠋ᠠᠪᠠ᠃
      ᠮᠡᠳᠡᠭᠦᠯᠦᠯᠲᠡ᠎ᠳᠤ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ᠎ᠤᠨ ᠠᠵᠢᠯ᠎ᠢ 6 ᠲᠠᠯ᠎ᠠ᠎ᠪᠠᠷ ᠡᠷᠭᠢᠴᠡᠭᠦᠯᠪᠡ᠄ ᠨᠢᠭᠡ᠎ᠳᠤ᠂ ᠠᠮᠤᠷ ᠲᠦᠪᠰᠢᠨ ᠲᠣᠭᠲᠠᠭᠤᠨ᠎ᠢ ᠬᠠᠮᠠᠭ᠋ᠠᠯᠠᠵᠤ᠂ ᠴᠢᠳᠠᠮᠠᠭ᠋ᠠᠢ ᠪᠠᠢ᠌ᠴᠠᠭ᠋ᠠᠬᠤ᠎ᠪᠠᠷ ᠳᠤᠮᠳᠠᠳᠤ ᠤᠯᠤᠰ᠎ᠤᠨ ᠵᠠᠰᠠᠯᠲᠠ᠎ᠳᠤ ᠬᠦᠴᠦᠨ ᠨᠡᠮᠡᠷᠢᠯᠡᠪᠡ; ᠬᠣᠶᠠᠷ᠎ᠲᠤ᠂ ᠶᠡᠬᠡ ᠲᠠᠯ᠎ᠠ᠎ᠳᠤ ᠦᠢ᠍ᠯᠡᠴᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠳᠠᠮᠠᠭ᠋ᠠᠢ ᠪᠠᠢ᠌ᠴᠠᠭ᠋ᠠᠬᠤ᠎ᠪᠠᠷ ᠴᠢᠨᠠᠷ ᠰᠠᠢ᠌ᠲᠠᠢ ᠬᠥᠭᠵᠢᠯᠲᠡ ᠵᠢ ᠠᠭᠢᠭᠤᠯᠪᠠ; ᠭᠤᠷᠪᠠ᠎ᠳᠤ᠂ ᠠᠷᠠᠳ᠎ᠤᠨ ᠲᠥᠯᠥᠭᠡ ᠬᠠᠤᠯᠢ ᠪᠠᠷᠢᠬᠤ ᠵᠢ ᠪᠠᠷᠢᠮᠲᠠᠯᠠᠵᠤ᠂ ᠴᠢᠳᠠᠮᠠᠭ᠋ᠠᠢ ᠪᠠᠢ᠌ᠴᠠᠭ᠋ᠠᠬᠤ᠎ᠪᠠᠷ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠪᠠᠲᠤᠯᠠᠪᠠ; ᠳᠥᠷᠪᠡ᠎ᠳᠤ᠂ ᠵᠠᠷᠭᠤ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠴᠢᠳᠠᠮᠠᠭ᠋ᠠᠢ ᠪᠠᠢ᠌ᠴᠠᠭ᠋ᠠᠬᠤ᠎ᠪᠠᠷ ᠬᠠᠤᠯᠢ ᠴᠠᠭ᠋ᠠᠵᠠ ᠵᠢᠨ ᠲᠥᠪ ᠭᠣᠣᠯᠴᠢ ᠵᠢ ᠬᠠᠮᠠᠭ᠋ᠠᠯᠠᠪᠠ; ᠲᠠᠪᠤ᠎ᠳᠤ᠂ ᠨᠡᠢ᠌ᠲᠡ ᠵᠢᠨ ᠠᠰᠠᠷᠠᠮᠵᠢ ᠵᠢᠨ ᠵᠠᠷᠭᠤ ᠵᠢ ᠥᠷᠭᠡᠳᠬᠡᠵᠦ᠂ ᠴᠢᠳᠠᠮᠠᠭ᠋ᠠᠢ ᠪᠠᠢ᠌ᠴᠠᠭ᠋ᠠᠬᠤ᠎ᠪᠠᠷ ᠤᠯᠠᠨ ᠨᠡᠢ᠌ᠲᠡ ᠵᠢᠨ ᠠᠰᠢᠭ ᠲᠤᠰᠠ ᠵᠢ ᠬᠠᠮᠠᠭ᠋ᠠᠯᠠᠪᠠ; ᠵᠢᠷᠭᠤᠭ᠎ᠠ᠎ᠳᠤ᠂ ᠪᠠᠢ᠌ᠴᠠᠭ᠋ᠠᠬᠤ ᠬᠣᠷᠢᠶ᠎ᠠ ᠵᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠴᠢᠳᠠᠮᠠᠭ᠋ᠠᠢ ᠪᠠᠢ᠌ᠴᠠᠭ᠋ᠠᠬᠤ᠎ᠪᠠᠷ ᠰᠢᠯᠭ᠋ᠠᠷᠠᠭᠰᠠᠨ ᠡᠩᠨᠡᠭᠡ ᠵᠢ ᠳᠠᠪᠲᠠᠨ ᠪᠣᠯᠪᠠᠰᠤᠷᠠᠭᠤᠯᠪᠠ᠃
      ᠵᠠᠩ ᠵᠢᠶᠦ᠋ᠨ ᠮᠡᠳᠡᠭᠦᠯᠦᠯᠲᠡ᠎ᠳᠡᠭᠡᠨ 2023 ᠣᠨ᠎ᠤ ᠠᠵᠢᠯ᠎ᠳᠤ ᠰᠠᠨᠠᠭᠤᠯᠭ᠎ᠠ ᠳᠤᠷᠠᠳᠴᠠᠢ᠄ ᠨᠢᠭᠡ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠡᠷᠡᠭᠳᠡᠢ; ᠬᠣᠶᠠᠷ᠎ᠲᠤ᠂ ᠤᠯᠤᠰ᠎ᠤᠨ ᠠᠮᠤᠷ ᠲᠦᠪᠰᠢᠨ ᠪᠠ ᠨᠡᠢ᠌ᠭᠡᠮ᠎ᠤᠨ ᠲᠣᠭᠲᠠᠭᠤᠨ᠎ᠢ ᠡᠷᠡᠰ ᠬᠠᠮᠠᠭ᠋ᠠᠯᠠᠬᠤ ᠭᠡᠷᠡᠭᠳᠡᠢ; ᠭᠤᠷᠪᠠ᠎ᠳᠤ᠂ ᠬᠠᠤᠯᠢᠵᠢᠯ᠎ᠤᠨ ᠬᠦᠴᠦᠨ᠎ᠢ ᠭᠦᠢ᠍ᠴᠡᠳ ᠬᠡᠷᠡᠭᠯᠡᠵᠦ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠭᠡᠷᠡᠭᠳᠡᠢ; ᠳᠥᠷᠪᠡ᠎ᠳᠤ᠂ ᠬᠠᠤᠯᠢ ᠴᠠᠭ᠋ᠠᠵᠠ ᠵᠢᠨ ᠬᠢᠨᠠᠯᠲᠠ ᠲᠠᠯᠪᠢᠬᠤ ᠴᠢᠳᠠᠪᠤᠷᠢ ᠵᠢ ᠳᠡᠭᠡᠭᠰᠢᠯᠡᠭᠦᠯᠭᠦ ᠭᠡᠷᠡᠭᠳᠡᠢ; ᠲᠠᠪᠤ᠎ᠳᠤ᠂ ᠬᠠᠤᠯᠢ ᠴᠠᠭ᠋ᠠᠵᠠ ᠵᠢᠨ ᠪᠠᠢ᠌ᠭᠤᠯᠤᠮᠵᠢ ᠵᠢᠨ ᠶᠡᠷᠦᠩᠬᠡᠢ᠌ᠯᠡᠭᠰᠡᠨ ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠭᠡᠷᠡᠭᠳᠡᠢ; ᠵᠢᠷᠭᠤᠭ᠎ᠠ᠎ᠳᠤ᠂ ᠬᠦᠨᠳᠦ ᠡᠭᠦᠷᠭᠡ ᠵᠢ ᠡᠭᠦᠷᠭᠡᠯᠡᠵᠦ ᠲᠡᠢ᠌ᠯᠭᠦ ᠪᠠᠢ᠌ᠴᠠᠭ᠋ᠠᠬᠤ ᠠᠵᠢᠯ᠎ᠤᠨ ᠲᠡᠮᠦᠷ ᠴᠡᠷᠢᠭ᠎ᠢ ᠪᠠᠢ᠌ᠭᠤᠯᠬᠤ ᠬᠡᠷᠡᠭᠲᠡᠢ᠃


      ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢ᠌ᠳ ᠯᠢ ᠺᠧ ᠴᠢᠶᠠᠩ᠎ᠤᠨ ᠬᠢᠨᠠᠨ ᠵᠥᠪᠯᠡᠭᠦᠯᠭᠦ᠎ᠪᠠᠷ ᠳᠡᠪᠰᠢᠭᠦᠯᠦᠭᠰᠡᠨ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠤᠨ ᠰᠠᠨᠠᠯ ᠵᠥᠪᠯᠡᠯᠭᠡ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠭᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠠᠴᠠ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠪᠠᠢ᠌ᠷᠢᠯᠠᠭᠤᠯᠤᠯᠲᠠ ᠬᠢᠪᠡ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ ᠪᠦᠭᠦᠳᠡ ᠬᠤᠷᠠᠯ᠎ᠠᠴᠠ 《ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠬᠢᠨᠠᠨ ᠵᠥᠪᠯᠡᠵᠦ ᠪᠠᠲᠤᠯᠠᠭ᠋ᠠᠳ᠂ ᠲᠡᠭᠦᠨ᠎ᠤ ᠳᠣᠲᠣᠷᠠᠬᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠬᠣᠯᠪᠣᠭᠳᠠᠭᠰᠠᠨ ᠠᠭᠤᠯᠭ᠎ᠠ ᠵᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠳᠤ ᠳᠡᠪᠰᠢᠭᠦᠯᠵᠦ ᠬᠢᠨᠠᠨ ᠵᠦᠪᠯᠡᠭᠦᠯᠭᠦ᠎ᠪᠠᠷ ᠵᠥᠪᠰᠢᠶᠡᠷᠡᠪᠡ᠃ ᠤᠳᠤ 《ᠨᠠᠮ ᠪᠠ ᠲᠦᠷᠦ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠦᠨᠳᠦᠰᠦᠯᠡᠨ ᠪᠦᠷᠢᠯᠳᠦᠭᠦᠯᠦᠭᠰᠡᠨ 《ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ》᠎ᠢ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠳᠤ ᠬᠢᠨᠠᠨ ᠵᠦᠪᠯᠡᠭᠦᠯᠭᠦ᠎ᠪᠠᠷ ᠳᠡᠪᠰᠢᠭᠦᠯᠪᠡ ᠭᠡᠵᠦ ᠵᠢᠭ᠋ᠠᠵᠤ ᠭᠠᠷᠭ᠋ᠠᠪᠠ᠃
      ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠨᠠᠢ᠌ᠳᠠᠯᠭ᠎ᠠ᠎ᠪᠠᠷ ᠲᠦᠷᠦ ᠵᠢᠨ ᠶᠠᠪᠤᠳᠠᠯ᠎ᠤᠨ ᠭᠡᠰᠢᠭᠦᠨ ᠪᠥᠭᠡᠳ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠨᠠᠷᠢᠨ ᠪᠢᠴᠢᠭ᠎ᠤᠨ ᠳᠠᠷᠤᠭ᠎ᠠ ᠰᠢᠶᠣᠣ ᠵᠢᠶᠧ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠥᠯ᠎ᠤᠨ ᠲᠤᠬᠠᠢ ᠲᠣᠳᠣᠷᠬᠠᠢ᠌ᠯᠠᠯᠲᠠ ᠬᠢᠪᠡ᠃ ᠰᠢᠶᠣᠣ ᠵᠢᠶᠧ ᠲᠣᠳᠣᠷᠬᠠᠢ᠌ᠯᠠᠯᠲᠠ᠎ᠳᠠᠭᠠᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ᠎ᠨᠢ ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠨᠢᠭᠡᠨ ᠴᠢᠬᠤᠯᠠ ᠡᠭᠦᠷᠭᠡ ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ᠂ ᠳ᠋ᠠᠢ᠌ᠲ᠋ᠠ ᠵᠢᠨ ᠬᠠᠮᠢᠶᠠᠷᠤᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠮᠡᠳᠡᠯᠭᠡ ᠵᠢᠨ ᠥᠮᠴᠢᠯᠡᠯ᠎ᠤᠨ ᠡᠷᠬᠡ᠂ ᠥᠲᠡᠭᠦᠰ᠎ᠤᠨ ᠠᠵᠢᠯ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠪᠠᠢ᠌ᠭᠤᠯᠤᠮᠵᠢ ᠵᠢᠨ ᠲᠤᠰᠢᠶᠠᠯ ᠬᠠᠷᠢᠭᠤᠴᠠᠯᠭ᠎ᠠ ᠵᠢ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ᠂ ᠵᠠᠰᠠᠭ᠎ᠤᠨ ᠣᠷᠳᠣᠨ᠎ᠤ ᠡᠭᠦᠷᠭᠡ ᠲᠤᠰᠢᠶᠠᠯ᠎ᠢ ᠬᠤᠪᠢᠷᠠᠭᠤᠯᠤᠨ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠲᠦᠷᠭᠡᠳᠬᠡᠨ ᠪᠠᠢ᠌ᠭᠤᠯᠬᠤ ᠪᠣᠯ ᠭᠣᠣᠯᠳᠠᠯᠭ᠎ᠠ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
      ᠡᠨᠡ ᠤᠳᠠᠭ᠋ᠠᠨ᠎ᠤ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠪᠣᠳᠠᠲᠠᠢ ᠠᠭᠤᠯᠭ᠎ᠠ᠎ᠨᠢ ᠳᠣᠣᠷᠠᠬᠢ ᠮᠡᠲᠦ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠢ ᠳᠠᠭᠢᠨ ᠰᠢᠨ᠎ᠡ᠎ᠪᠠᠷ ᠪᠠᠢ᠌ᠭᠤᠯᠤᠨ᠎ᠠ; ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢ ᠪᠠᠢ᠌ᠭᠤᠯᠤᠨ᠎ᠠ; ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠎ᠡ; ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ   ᠰᠢᠭᠤᠳ ᠬᠠᠷᠢᠶ᠎ᠠ ᠪᠠᠢ᠌ᠭᠤᠯᠤᠮᠵᠢ ᠪᠣᠯᠭ᠋ᠠᠨ ᠲᠤᠭᠢᠷᠠᠭᠤᠯᠤᠨ᠎ᠠ; ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠰᠠᠯᠪᠤᠷᠢ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ; ᠤᠯᠤᠰ᠎ᠤᠨ ᠥᠮᠴᠢᠯᠡᠯ᠎ᠤᠨ ᠮᠥᠩᠭᠥᠨ ᠭᠦᠢ᠍ᠯᠭᠡᠭᠡᠨ᠎ᠤ ᠬᠥᠷᠥᠩᠭᠡ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠲᠡᠭᠦᠯᠳᠡᠷᠵᠢᠭᠦᠯᠦᠨ᠎ᠡ; ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠠᠵᠢᠯᠲᠠᠨ᠎ᠤ ᠨᠢᠭᠡᠳᠦᠯᠲᠡᠢ ᠵᠢᠷᠤᠮᠵᠢᠬᠰᠠᠨ ᠬᠠᠮᠢᠶᠠᠷᠤᠯᠲᠠ ᠵᠢ ᠴᠢᠩᠭ᠋ᠠᠳᠬᠠᠨ᠎ᠠ; ᠤᠯᠤᠰ᠎ᠤᠨ ᠳ᠋ᠠᠢ᠌ᠲ᠋ᠠ ᠵᠢᠨ ᠲᠣᠪᠴᠢᠶ᠎ᠠ ᠵᠢ ᠪᠠᠢ᠌ᠭᠤᠯᠤᠨ᠎ᠠ; ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠲᠤᠰᠢᠶᠠᠯ ᠬᠠᠷᠢᠭᠤᠴᠠᠯᠭ᠎ᠠ ᠵᠢ ᠰᠢᠯᠢᠳᠡᠭᠵᠢᠭᠦᠯᠦᠨ᠎ᠡ; ᠥᠲᠡᠭᠦᠰ᠎ᠤᠨ ᠠᠵᠢᠯ᠎ᠤᠨ ᠪᠠᠢ᠌ᠭᠤᠯᠤᠮᠵᠢ ᠵᠢ ᠲᠡᠭᠦᠯᠳᠡᠷᠵᠢᠭᠦᠯᠦᠨ᠎ᠡ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠲᠡᠭᠦᠯᠳᠡᠷᠵᠢᠭᠦᠯᠦᠨ᠎ᠡ; ᠤᠯᠤᠰ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ   ᠰᠢᠭᠤᠳ ᠬᠠᠷᠢᠶ᠎ᠠ ᠪᠠᠢ᠌ᠭᠤᠯᠤᠮᠵᠢ ᠪᠣᠯᠭ᠋ᠠᠨ ᠲᠤᠭᠢᠷᠠᠭᠤᠯᠤᠨ᠎ᠠ; ᠲᠥᠪ᠎ᠤᠨ ᠲᠥᠷᠥ ᠵᠢᠨ ᠪᠠᠢ᠌ᠭᠤᠯᠭ᠎ᠠ ᠵᠢᠨ ᠠᠵᠢᠯᠲᠠᠨ᠎ᠤ ᠣᠷᠣᠨ ᠲᠣᠭ᠎ᠠ ᠵᠢ ᠴᠣᠮᠬᠠᠳᠬᠠᠨ᠎ᠠ᠃ ᠳᠡᠭᠡᠷ᠎ᠡ ᠳᠤᠷᠠᠳᠤᠭᠰᠠᠨ ᠲᠥᠰᠥᠯ ᠶᠣᠰᠣᠭ᠋ᠠᠷ ᠲᠣᠬᠢᠷᠠᠭᠤᠯᠤᠯᠲᠠ ᠬᠢᠭᠰᠡᠨ᠎ᠤ ᠳᠠᠷᠠᠭ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ   ᠠᠯᠪᠠᠨ ᠲᠢᠩᠬᠢᠮ᠎ᠠᠴᠠ ᠭᠠᠳᠠᠨ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠲᠣᠬᠢᠷᠠᠭᠤᠯᠤᠭᠰᠠᠨ   ᠪᠦᠷᠢᠯᠳᠦᠭᠦᠨ ᠰᠠᠯᠠᠭ᠎ᠠ ᠮᠥᠴᠢᠷ ᠮᠥᠨ ᠬᠦ᠌ 26 ᠪᠣᠯᠣᠨ᠎ᠠ᠃
      ᠶᠡᠬᠡ ᠬᠤᠷᠠᠯ᠎ᠤᠨ ᠭᠦᠢ᠍ᠴᠡᠳᠭᠡᠭᠴᠢ ᠲᠡᠷᠢᠭᠦᠯᠡᠭᠴᠢ ᠸᠠᠩ ᠨᠢᠩ᠂ ᠯᠢᠦ ᠢ ᠯᠢᠶᠠᠩ᠂ ᠯᠢᠦ ᠨᠢᠩ᠂ ᠯᠢ ᠰᠢᠤ ᠯᠢᠩ᠂ ᠴᠧᠨ ᠭᠠᠩ᠂ ᠵᠧᠩ ᠱᠠᠨ ᠵᠢᠶᠧ᠂᠎ᠨᠢ ᠶᠤᠸᠠᠢ ᠹᠧᠩ᠂ ᠵᠢᠩ ᠵᠢᠶᠦ᠋ᠨ ᠬᠠᠢ᠂ ᠯᠧᠦ ᠶᠠᠩ ᠱᠧᠩ ᠲᠡᠷᠢᠭᠦᠯᠡᠭᠴᠢᠳ᠎ᠤᠨ ᠲᠠᠢ᠌ᠰᠠᠨ᠎ᠤ ᠭᠦᠢ᠍ᠴᠡᠳᠭᠡᠭᠴᠢ ᠲᠡᠷᠢᠭᠦᠯᠡᠭᠴᠢ ᠵᠢᠨ ᠰᠠᠭᠤᠳᠠᠯ᠎ᠳᠤ ᠰᠠᠭ᠋ᠠᠲᠠᠪᠠ᠃ 

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠶᠡᠷᠦᠩᠬᠡᠢ ᠰᠠᠢ᠌ᠳ ᠯᠢ ᠴᠢᠶᠠᠩ ᠰᠣᠷᠪᠤᠯᠵᠢᠯᠠᠬ᠍ᠴᠢᠳ᠎ᠤᠨ ᠬᠤᠷᠠᠯ᠎ᠳᠤ ᠣᠷᠣᠯᠴᠠᠬᠰᠠᠨ ᠪᠥᠭᠡᠳ ᠳᠤᠮᠳᠠᠳᠤ ᠭᠠᠳᠠᠭ᠋ᠠᠳᠤ ᠵᠢᠨ ᠰᠣᠷᠪᠤᠯᠵᠢᠯᠠᠬ᠍ᠴᠢᠳ᠎ᠤᠨ ᠳᠤᠷᠠᠳᠤᠭᠰᠠᠨ ᠠᠰᠠᠭᠤᠯᠲᠠ ᠵᠢ ᠬᠠᠷᠢᠭᠤᠯᠪᠠ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠩᠬᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠵᠤ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠰᠠᠢ᠌ᠲᠤᠷ ᠭᠦᠢ᠍ᠴᠡᠳᠬᠡᠭᠴᠢ᠂ ᠠᠵᠢᠯᠯᠠᠭ᠋ᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠰᠢᠨ᠎ᠡ ᠭᠠᠷᠤᠭ᠎ᠠ᠎ᠠᠴᠠ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠡᠬᠢᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠠᠮ ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠬᠦ ᠵᠢᠴᠢ ᠡᠬᠡ ᠮᠥᠩᠭᠥ ᠵᠢ ᠬᠣᠢ᠌ᠰᠢᠯᠠᠭᠤᠯᠤᠨ ᠳᠥᠯᠥᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠪᠠ
ᠰᠢ ᠵᠢᠨ ᠫᠢᠩ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠡᠷᠡᠰ ᠭᠤᠢ᠌ᠪᠢᠰᠢ ᠦᠭᠡᠢ᠎ᠪᠠᠷ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
 
            