ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠬᠦ ᠵᠢᠴᠢ ᠡᠬᠡ ᠮᠥᠩᠭᠥ ᠵᠢ ᠬᠣᠢ᠌ᠰᠢᠯᠠᠭᠤᠯᠤᠨ ᠳᠥᠯᠥᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠪᠠ
ᠨᠡᠶ᠋ᠢᠲᠡᠯᠡᠭᠰᠡᠨ ᠴᠠᠭ᠄ 2023-04-11

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 4 ᠳ᠋ᠦ᠍ᠭᠡᠷ ᠰᠠᠷ᠎ᠠ ᠵᠢᠨ 7᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠵᠤ᠂ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠨ᠂ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠬᠦ ᠵᠢᠴᠢ ᠡᠬᠡ ᠮᠥᠩᠭᠥ ᠵᠢ ᠬᠣᠢ᠌ᠰᠢᠯᠠᠭᠤᠯᠤᠨ ᠳᠥᠯᠥᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠪᠠ᠃
      ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ᠎ᠨᠢ ᠨᠡᠮᠡᠭᠳᠡᠯ᠎ᠢ ᠲᠣᠭᠲᠠᠪᠤᠷᠢᠵᠢᠭᠤᠯᠵᠤ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠶ᠋ᠢᠭᠤᠯᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠲᠤᠯᠭ᠋ᠠᠭᠤᠷᠢᠯᠠᠬᠤ ᠦᠢ᠍ᠯᠡᠳᠦᠯ᠎ᠲᠠᠢ ᠶᠤᠮ᠃ ᠠᠳᠠᠯᠢ ᠪᠤᠰᠤ ᠬᠦᠷᠢᠶᠡᠨ᠎ᠤ ᠪᠣᠳᠠᠲᠠᠢ ᠠᠰᠠᠭᠤᠳᠠᠯ᠎ᠳᠤ ᠴᠢᠭᠯᠡᠭᠦᠯᠦᠨ᠂ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢ ᠳᠠᠰᠤᠷᠠᠯᠳᠠ ᠦᠭᠡᠢ ᠪᠦᠷᠢᠨᠰᠢᠭᠦᠯᠬᠦ᠂ ᠲᠣᠬᠢᠷᠠᠭᠤᠯᠤᠯᠲᠠ ᠬᠢᠬᠦ ᠪᠠ ᠲᠡᠭᠦᠯᠳᠡᠷᠵᠢᠭᠦᠯᠵᠦ᠂ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠲᠦᠷᠦ ᠵᠢᠨ ᠪᠣᠳᠣᠯᠭ᠎ᠠ ᠵᠢᠨ ᠬᠠᠮ ᠠᠷᠭ᠎ᠠ ᠬᠡᠮᠵᠢᠶ᠎ᠡ ᠵᠢ ᠰᠠᠢ᠌ᠲᠤᠷ ᠬᠡᠷᠡᠭᠵᠢᠭᠦᠯᠦᠨ᠂ ᠠᠵᠤ ᠠᠬᠤᠢ᠌ᠯᠠᠯ᠎ᠢ ᠬᠠᠪᠰᠤᠷᠤᠨ ᠵᠠᠬᠢᠶᠠᠯᠠᠭ᠎ᠠ ᠵᠢᠨ ᠬᠠᠭᠤᠳᠠᠰᠤ ᠵᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ᠎ᠢ ᠥᠷᠭᠡᠳᠬᠡᠬᠦ ᠬᠡᠷᠡᠭᠲᠡᠢ᠃ ᠠᠷᠭ᠎ᠠ ᠪᠦᠬᠦᠨ᠎ᠢ ᠰᠦᠪᠡᠭᠴᠢᠯᠡᠵᠦ ᠪᠠᠢ᠌ᠭ᠋ᠠᠳ ᠬᠥᠭᠵᠢᠭᠰᠡᠨ ᠠᠵᠤ ᠠᠬᠤᠢ ᠵᠢᠨ ᠴᠣᠭᠴᠠ᠎ᠳᠠᠬᠢ ᠭᠠᠳᠠᠭ᠋ᠠᠳᠤ ᠭᠠᠷᠭ᠋ᠠᠯᠲᠠ ᠵᠢ ᠲᠣᠭᠲᠠᠪᠤᠷᠢᠵᠢᠭᠤᠯᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠥᠭᠵᠢᠵᠦ ᠪᠠᠢ᠌ᠭ᠎ᠠ ᠤᠯᠤᠰ᠎ᠤᠳ᠎ᠤᠨ ᠵᠠᠬ᠎ᠠ ᠳᠡᠯᠭᠡᠭᠦᠷ ᠪᠠ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠣᠯᠪᠣᠭ᠎ᠠ ᠵᠡᠷᠭᠡ ᠣᠷᠣᠨ ᠪᠦᠰᠡ ᠵᠢᠨ ᠵᠠᠬ᠎ᠠ ᠳᠡᠯᠭᠡᠭᠦᠷ᠎ᠢ ᠭᠦᠨᠵᠡᠭᠡᠢ ᠨᠡᠭᠡᠭᠡᠬᠦ ᠬᠡᠷᠡᠭᠲᠡᠢ᠃ ᠭᠠᠳᠠᠭ᠋ᠠᠳᠤ ᠠᠷᠠᠯᠵᠢᠶᠠᠨ᠎ᠤ ᠲᠣᠮᠣ ᠮᠤᠵᠢ ᠵᠢᠨ ᠭᠠᠳᠠᠭ᠋ᠠᠳᠤ ᠠᠷᠠᠯᠵᠢᠶ᠎ᠠ ᠵᠢ ᠲᠣᠭᠲᠠᠪᠤᠷᠢᠵᠢᠭᠤᠯᠬᠤ ᠭᠣᠣᠯ ᠬᠦᠴᠦᠨ᠎ᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠡᠯ᠎ᠡ ᠭᠠᠵᠠᠷ᠎ᠤᠨ᠎ᠬᠢᠨ᠎ᠤ ᠭᠠᠵᠠᠷ ᠣᠷᠣᠨ᠎ᠤ᠎ᠪᠠᠨ ᠪᠠᠢ᠌ᠳᠠᠯ᠎ᠳᠤ᠎ᠨᠢ ᠲᠣᠬᠢᠷᠠᠭᠤᠯᠤᠨ ᠢᠵᠢ ᠪᠦᠷᠢᠳᠦᠭᠦᠯᠦᠭᠰᠡᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠲᠣᠭᠲᠠᠭ᠋ᠠᠬᠤ ᠵᠢ ᠵᠣᠷᠢᠭᠵᠢᠭᠤᠯᠵᠤ᠂ ᠲᠦᠷᠦ ᠵᠢᠨ ᠪᠣᠳᠣᠯᠭ᠎ᠠ ᠵᠢᠨ ᠬᠠᠮᠵᠢᠯᠴᠠᠬᠤ ᠦᠢ᠍ᠯᠡᠳᠦᠯ ᠨᠥᠯᠥᠭᠡ ᠵᠢ ᠴᠢᠩᠭ᠋ᠠᠳᠬᠠᠬᠤ ᠬᠡᠷᠡᠭᠲᠡᠢ ᠭᠡᠵᠡᠢ᠃
      ᠬᠤᠷᠠᠯ᠎ᠠᠴᠠ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠪᠡ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠶᠡᠷᠦᠩᠬᠡᠢ ᠤᠯᠤᠰ᠎ᠤᠨ ᠠᠮᠤᠷ ᠲᠦᠪᠰᠢᠨ᠎ᠤ ᠦᠵᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ᠂ 《ᠳᠦᠷᠢᠮ》᠎ᠢ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠨ᠂ ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠴᠢ ᠬᠣᠯᠪᠣᠭᠳᠠᠯ ᠪᠦᠬᠦᠢ ᠠᠵᠢᠯᠯᠠᠭ᠎ᠠ ᠵᠢ ᠵᠢᠷᠤᠮᠵᠢᠭᠤᠯᠤᠨ᠂ ᠬᠠᠮᠢᠶ᠎ᠠ ᠪᠦᠬᠦᠢ ᠠᠵᠤ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠢᠳᠡᠪᠬᠢᠲᠡᠢ ᠠᠬᠢᠭᠤᠯᠵᠤ᠂ ᠠᠭ᠋ᠠᠷ᠎ᠤᠨ ᠠᠶᠠᠯᠠᠯ᠎ᠤᠨ ᠠᠮᠤᠷ ᠲᠦᠪᠰᠢᠨ᠂ ᠤᠯᠠᠨ ᠨᠡᠶ᠋ᠢᠲᠡ ᠵᠢᠨ ᠠᠮᠤᠷ ᠲᠦᠪᠰᠢᠨ᠂ ᠤᠯᠤᠰ᠎ᠤᠨ ᠠᠮᠤᠷ ᠲᠦᠪᠰᠢᠨ᠎ᠢ ᠬᠦᠴᠦᠲᠡᠢ ᠬᠠᠮᠠᠭ᠋ᠠᠯᠠᠬᠤ ᠬᠡᠷᠡᠭᠲᠡᠢ᠃ ᠠᠮᠤᠷ ᠲᠦᠪᠰᠢᠨ ᠵᠶ᠋ᠡᠷ ᠦᠨᠳᠦᠰᠦ ᠪᠣᠯᠭ᠋ᠠᠬᠤ ᠵᠢ ᠪᠠᠷᠢᠮᠲᠠᠯᠠᠵᠤ᠂ ᠦᠢ᠍ᠯᠡᠳᠪᠦᠷᠢᠯᠡᠵᠦ ᠪᠣᠷᠣᠯᠠᠭᠤᠯᠬᠤ᠂ ᠤᠭᠰᠠᠷᠠᠬᠤ ᠪᠠ ᠥᠭᠡᠷᠡᠴᠢᠯᠡᠨ ᠤᠭᠰᠠᠷᠠᠬᠤ᠂ ᠳᠡᠩᠰᠡᠯᠡᠵᠦ ᠢᠯᠭ᠋ᠠᠨ ᠲᠠᠨᠢᠬᠤ᠂ ᠠᠵᠢᠯᠲᠠᠨ᠎ᠤ ᠬᠢᠷᠢ ᠬᠡᠮ᠂ ᠠᠵᠢᠯᠯᠠᠭ᠋ᠠᠨ᠎ᠢ ᠬᠢᠨᠠᠨ ᠡᠵᠡᠮᠳᠡᠬᠦ ᠵᠡᠷᠭᠡ ᠪᠥᠬᠥ ᠬᠡᠯᠬᠢᠶ᠎ᠡ᠎ᠠᠴᠠ ᠡᠭᠦᠰᠦᠨ᠂ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢ ᠲᠦᠷᠭᠡᠳᠬᠡᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠷᠢᠨᠰᠢᠭᠦᠯᠦᠨ᠂ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠨᠢᠰᠦᠯᠲᠡ ᠵᠢᠨ ᠠᠵᠢᠯᠯᠠᠭ᠎ᠠ ᠵᠢᠨ ᠠᠮᠤᠷ ᠲᠦᠪᠰᠢᠨ ᠡᠮᠬᠢ ᠵᠢᠷᠤᠮ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠵᠢ ᠶᠡᠬᠡ᠎ᠪᠠᠷ ᠠᠬᠢᠭᠤᠯᠵᠤ᠂ ᠪᠡᠶ᠎ᠡ᠎ᠪᠠᠨ ᠳᠠᠭ᠋ᠠᠭ᠋ᠠᠨ ᠡᠵᠡᠮᠳᠡᠵᠦ ᠪᠣᠯᠬᠤᠢ᠌ᠴᠠ᠂ ᠠᠮᠤᠷ ᠲᠦᠪᠰᠢᠨ ᠨᠠᠢ᠌ᠳᠠᠪᠤᠷᠢᠲᠠᠢ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠲᠦᠷᠭᠡᠳᠬᠡᠨ ᠪᠠᠢ᠌ᠭᠤᠯᠵᠤ᠂ ᠮᠡᠷᠭᠡᠵᠢᠯ᠎ᠤᠨ ᠠᠭᠤᠰᠤᠯᠴᠠᠨ ᠰᠢᠨ᠎ᠡ ᠵᠢ ᠡᠭᠦᠳᠬᠦ ᠵᠢ ᠠᠬᠢᠭᠤᠯᠵᠤ᠂ ᠬᠡᠷᠡᠭᠯᠡᠭᠡᠨ᠎ᠤ ᠠᠬᠤᠢ ᠪᠠᠢ᠌ᠳᠠᠯ᠎ᠢ ᠪᠠᠶᠠᠯᠢᠭᠵᠢᠭᠤᠯᠤᠨ᠂ ᠠᠵᠤ ᠦᠢ᠍ᠯᠡᠰ᠎ᠤᠨ ᠠᠮᠢ ᠠᠬᠤᠢ ᠵᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠨᠡᠩ ᠰᠠᠢ᠌ᠲᠤᠷ ᠠᠬᠢᠭᠤᠯᠬᠤ ᠬᠡᠷᠡᠭᠲᠡᠢ ᠭᠡᠵᠡᠢ᠃
      ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠬᠦ ᠵᠢᠨ ᠲᠤᠰᠠᠳᠠ᠂ ᠬᠤᠷᠠᠯ᠎ᠠᠴᠠ᠂ ᠡᠨᠡ ᠵᠢᠯ ᠵᠢᠴᠢ ᠲᠡᠭᠦᠨ᠎ᠠᠴᠠ ᠡᠮᠦᠨᠡᠬᠢ ᠵᠢᠯ᠎ᠤᠳ᠎ᠤᠨ ᠲᠡᠭᠦᠰᠦᠭᠰᠡᠨ ᠰᠤᠷᠤᠭᠴᠢᠳ᠎ᠤᠨ ᠡᠨᠡ ᠵᠢᠯ᠎ᠤᠨ ᠳᠣᠲᠣᠷ᠎ᠠ ᠪᠤᠴᠠᠭ᠋ᠠᠬᠤ ᠶᠣᠰᠣᠲᠠᠢ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠦᠷᠭᠦᠯᠵᠢᠯᠡᠨ ᠬᠡᠯᠲᠦᠷᠢᠭᠦᠯᠵᠦ᠂ ᠡᠬᠡ ᠮᠥᠩᠭᠥ ᠵᠢᠨ ᠬᠡᠰᠡᠭ ᠮᠥᠩᠭᠥ ᠵᠢ ᠳᠠᠬᠢᠨ ᠨᠢᠭᠡ ᠵᠢᠯ ᠬᠣᠢ᠌ᠰᠢᠯᠠᠭᠤᠯᠤᠨ ᠪᠤᠴᠠᠭ᠋ᠠᠬᠤ᠎ᠪᠠᠷ ᠭᠤᠶᠤᠴᠢᠯᠠᠵᠤ ᠪᠣᠯᠬᠤ ᠪᠥᠭᠡᠳ ᠬᠤᠭᠤᠴᠠᠭ᠎ᠠ ᠵᠢ ᠤᠷᠲᠤᠳᠬᠠᠭᠰᠠᠨ ᠵᠢᠭᠡᠯᠡᠯᠭᠡ᠎ᠠᠴᠠ ᠲᠣᠷᠭ᠋ᠠᠭᠤᠯᠢ ᠵᠢᠨ ᠬᠦᠦ ᠮᠥᠩᠭᠥ ᠪᠠ ᠳᠠᠪᠬᠤᠷ ᠬᠦᠦ ᠮᠥᠩᠭᠥ ᠪᠤᠳᠤᠬᠤ ᠦᠭᠡᠢ ᠭᠡᠵᠦ ᠲᠣᠭᠲᠠᠭ᠋ᠠᠵᠠᠢ᠃ ᠬᠤᠷᠠᠯ ᠎ᠠᠴᠠ ᠴᠢᠬᠤᠯᠠᠴᠢᠯᠠᠭᠰᠠᠨ᠎ᠨᠢ᠂ ᠣᠳᠣᠬᠠᠨ᠎ᠳᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠶᠠᠪᠤᠳᠠᠯ ᠨᠢᠭᠡᠨᠲᠡ ᠵᠠᠩᠭᠢᠯᠠᠭ᠎ᠠ ᠵᠢᠨ ᠱᠠᠲᠤᠨ᠎ᠳᠤ ᠣᠷᠣᠭ᠋ᠠᠳ ᠪᠠᠢ᠌ᠨ᠎ᠠ᠃ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠭᠰᠡᠨ ᠲᠣᠭ᠎ᠠ᠎ᠪᠠᠷ ᠣᠯᠠᠨ ᠠᠵᠤ ᠠᠬᠤᠢ᠌ᠯᠠᠯ᠎ᠳᠠᠬᠢ ᠲᠥᠷᠥ ᠵᠢᠨ ᠪᠣᠳᠣᠯᠭ᠎ᠠ᠂ ᠪᠡᠯᠡ ᠮᠥᠩᠭᠥᠨ᠎ᠤ ᠳᠡᠮᠵᠢᠯᠭᠡ ᠵᠢ ᠨᠡᠮᠡᠭᠳᠡᠭᠦᠯᠵᠦ᠂ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》 ᠵᠡᠷᠭᠡ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠦᠨ᠂ ᠲᠤᠰ ᠵᠢᠯ᠎ᠤᠨ ᠲᠡᠭᠦᠰᠬᠦ ᠰᠤᠷᠤᠭᠴᠢᠳ᠎ᠤᠨ ᠣᠯᠠᠨ ᠠᠷᠭ᠎ᠠ ᠵᠠᠮ ᠵᠶ᠋ᠠᠷ ᠠᠵᠢᠯ ᠣᠯᠬᠤ ᠵᠢ ᠠᠬᠢᠭᠤᠯᠬᠤ ᠬᠡᠷᠡᠭᠲᠡᠢ ᠭᠡᠵᠡᠢ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠣᠳᠣᠬᠠᠨ᠎ᠳᠤ ᠠᠵᠤ ᠠᠬᠤᠢ ᠵᠢᠨ ᠰᠡᠷᠭᠦᠯᠲᠡ ᠶᠠᠭ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ᠃ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠠᠬᠤᠢ ᠵᠢᠨ ᠠᠵᠢᠯᠯᠠᠭ᠋ᠠᠨ᠎ᠤ ᠬᠢᠨᠠᠨ ᠰᠢᠨᠵᠢᠯᠡᠯᠲᠡ᠂ ᠪᠠᠢ᠌ᠳᠠᠯ᠎ᠤᠨ ᠵᠠᠳᠠᠯᠤᠯᠲᠠ ᠪᠠ ᠠᠷᠭ᠋ᠠᠴᠠᠭ᠋ᠠᠬᠤ ᠪᠣᠳᠣᠯᠭ᠎ᠠ ᠵᠢᠨ ᠰᠤᠳᠤᠯᠭ᠋ᠠᠨ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠪᠣᠳᠠᠲᠠᠢ ᠵᠢ ᠡᠷᠬᠢᠮᠯᠡᠭᠰᠡᠨ ᠪᠥᠭᠡᠳ ᠬᠡᠷᠡᠭᠵᠢᠭᠦᠯᠦᠰᠢᠲᠡᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠴᠠᠭ ᠲᠤᠬᠠᠢ᠎ᠳᠤ᠎ᠨᠢ ᠲᠣᠬᠢᠷᠠᠭᠤᠯᠤᠨ ᠨᠡᠢ᠌ᠲᠡᠯᠡᠵᠦ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ᠂ ᠬᠥᠭᠵᠢᠯᠲᠡ ᠵᠢᠨ ᠢᠲᠡᠭᠡᠯ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠠᠢ᠌ᠵᠢᠷᠠᠬᠤ ᠬᠠᠨᠳᠤᠰᠢ ᠵᠢ ᠪᠡᠬᠢᠵᠢᠭᠦᠯᠦᠨ ᠥᠷᠭᠡᠳᠬᠡᠵᠦ᠂ ᠠᠵᠤ ᠠᠬᠤᠢ ᠵᠢᠨ ᠠᠵᠢᠯᠯᠠᠭ᠋ᠠᠨ᠎ᠤ ᠦᠷᠭᠦᠯᠵᠢᠯᠡᠨ ᠪᠦᠬᠦᠯᠢ ᠴᠣᠭᠴᠠ ᠵᠢᠨ ᠰᠠᠢ᠌ᠵᠢᠷᠠᠯᠲᠠ ᠵᠢ ᠠᠬᠢᠭᠤᠯᠬᠤ ᠬᠡᠷᠡᠭᠲᠡᠢ ᠭᠡᠵᠡᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠡᠷᠡᠰ ᠭᠤᠢ᠌ᠪᠢᠰᠢ ᠦᠭᠡᠢ᠎ᠪᠠᠷ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠰᠤᠳᠤᠯᠵᠤ 《ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ ᠎ᠳᠠᠭᠠᠨ ᠴᠢᠬᠤᠯᠠᠴᠢᠯᠠᠭᠰᠠᠨ᠎ᠨᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠵᠠᠢ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠦ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ᠎ᠢ ᠬᠢᠨᠠᠨ ᠵᠥᠪᠯᠡᠵᠦ ᠪᠠᠲᠤᠯᠠᠪᠠ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠠᠩ ᠰᠠᠢ᠌ᠲᠤᠷ ᠳᠡᠮᠵᠢᠬᠦ ᠲᠤᠬᠠᠢ ᠪᠠᠢ᠌ᠷᠢᠯᠠᠭᠤᠯᠪᠠ
 
            