ᠰᠢᠨᠬᠤᠸᠠ ᠬᠣᠷᠢᠶ᠎ᠠ ᠵᠢᠨ ᠭᠤᠸᠠᠩᠵᠧᠦ ᠵᠢᠨ 4 ᠰᠠᠷ᠎ᠠ ᠵᠢᠨ 13᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠣᠢ᠌ᠷ᠎ᠠ ᠵᠢᠨ ᠡᠳᠦᠷ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ᠂ ᠭᠤᠸᠠᠩᠳᠦ᠋ᠩ ᠪᠣᠯ ᠥᠭᠡᠷᠡᠴᠢᠯᠡᠯᠲᠡ ᠨᠡᠭᠡᠭᠡᠯᠲᠡ ᠵᠢᠨ ᠳᠠᠭ᠋ᠠᠭᠤᠯᠤᠭᠴᠢ᠂ ᠤᠷᠢᠳ ᠵᠶ᠋ᠡᠷ ᠬᠡᠷᠡᠭᠵᠢᠭᠦᠯᠦᠭᠰᠡᠨ ᠣᠷᠣᠨ᠂ ᠲᠤᠷᠰᠢᠯᠲᠠ ᠵᠢᠨ ᠣᠷᠣᠨ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠶᠡᠬᠡ ᠲᠠᠯ᠎ᠠ᠎ᠳᠤ ᠪᠠᠢ᠌ᠷᠢ ᠰᠠᠭᠤᠷᠢ᠎ᠪᠠᠷ ᠴᠢᠬᠤᠯᠠ᠂ ᠦᠢ᠍ᠯᠡᠳᠦᠯ ᠵᠶ᠋ᠡᠷ ᠲᠣᠪᠣᠢ᠌ᠮ᠎ᠠ ᠶᠤᠮ᠃ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠠᠷᠠᠯᠲᠠ ᠵᠢ ᠡᠵᠡᠮᠳᠡᠵᠦ᠂ ᠴᠢᠨᠠᠷ ᠰᠠᠢ᠌ᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠡᠨᠡ ᠬᠦ᠌ ᠪᠠᠢ᠌ᠯᠳᠤᠬᠤ ᠪᠣᠳᠣᠯᠭ᠎ᠠ ᠵᠢᠨ ᠡᠭᠦᠷᠭᠡ ᠵᠢᠨ ᠲᠣᠭᠣᠷᠢᠨ᠎ᠳᠤ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ᠂ ᠬᠣᠲᠠ ᠬᠥᠳᠡᠭᠡ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠪᠦᠭᠦ ᠤᠯᠤᠰ᠎ᠤᠨ ᠡᠮᠦᠨ᠎ᠡ ᠡᠩᠨᠡᠭᠡᠨ᠎ᠳᠤ ᠶᠠᠪᠤᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ ᠭᠡᠵᠦ ᠴᠢᠬᠤᠯᠠᠴᠢᠯᠠᠪᠠ᠃

4 ᠰᠠᠷ᠎ᠠ ᠵᠢᠨ 10᠎ᠠᠴᠠ 13᠎ᠤ ᠡᠳᠦᠷ ᠪᠤᠯᠲᠠᠯ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ᠂ 10᠎ᠤ ᠦᠳᠡ ᠵᠢᠨ ᠬᠣᠢ᠌ᠨ᠎ᠠ᠂ ᠰᠢ ᠵᠢᠨ ᠫᠢᠩ ᠵᠠᠨᠵᠢᠶᠠᠩ ᠬᠣᠲᠠ ᠵᠢᠨ ᠰᠢᠦᠢ ᠸᠸᠨ ᠰᠢᠶᠠᠨ᠎ᠤ ᠰᠢᠦᠢ ᠸᠸᠨ ᠭᠠᠷᠠᠮ᠎ᠤᠨ ᠣᠩᠭᠣᠴᠠᠨ᠎ᠤ ᠵᠣᠭᠰᠣᠭ᠋ᠠᠯ᠎ᠤᠨ ᠭᠠᠷᠠᠮ᠎ᠳᠤ ᠣᠩᠭᠣᠴᠠᠨ ᠳᠡᠭᠡᠷᠡᠬᠢ ᠠᠶᠠᠨᠴᠢᠳ᠎ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠢ᠌ᠭ᠎ᠠ᠎ᠨᠢ᠃ ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠶᠠᠨ ᠶᠠᠨ ᠰᠡᠭᠦᠳᠡᠷᠯᠡᠪᠡ

4 ᠰᠠᠷ᠎ᠠ ᠵᠢᠨ 10᠎ᠠᠴᠠ 13᠎ᠤ ᠡᠳᠦᠷ ᠪᠤᠯᠲᠠᠯ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠪᠠ᠃ ᠵᠢᠷᠤᠭ ᠪᠣᠯ᠂ 11᠎ᠤ ᠦᠳᠡ ᠵᠢᠨ ᠬᠣᠢ᠌ᠨ᠎ᠠ᠂ ᠰᠢ ᠵᠢᠨ ᠫᠢᠩ ᠮᠤᠤᠮᠢᠩ᠎ᠤᠨ ᠭᠤᠤᠵᠸᠦ ᠬᠤᠳᠠ ᠵᠢᠨ ᠭᠧᠨ ᠽᠢ ᠪᠠᠯᠭ᠋ᠠᠰᠤᠨ᠎ᠤ ᠪᠠᠢ ᠴᠢᠶᠣᠤ ᠲᠣᠰᠬᠣᠨ᠎ᠤ ᠠᠷᠠᠳ᠎ᠲᠠᠢ ᠳᠣᠲᠣᠨᠣ᠎ᠪᠠᠷ ᠶᠠᠷᠢᠯᠴᠠᠵᠤ ᠪᠠᠢ᠌ᠭ᠎ᠠ᠎ᠨᠢ᠃ ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠯᠢᠦ ᠪᠢᠨ ᠰᠡᠭᠦᠳᠡᠷᠯᠡᠪᠡ
4 ᠰᠠᠷ᠎ᠠ ᠵᠢᠨ 10᠎ᠠᠴᠠ 13᠎ᠤ ᠡᠳᠦᠷ ᠪᠤᠯᠲᠠᠯ᠎ᠠ᠂ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ᠂ ᠭᠤᠸᠠᠩᠳᠦ᠋ᠩ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠬᠤᠸᠠᠩ ᠺᠦᠨ ᠮᠢᠩ ᠪᠣᠯᠣᠨ ᠮᠤᠵᠢ ᠵᠢᠨ ᠳᠠᠷᠤᠭ᠎ᠠ ᠸᠠᠩ ᠸᠧᠢ ᠵᠦᠩ᠎ᠤᠨ ᠪᠠᠷ᠎ᠠ ᠪᠤᠯᠤᠯᠭ᠎ᠠ᠎ᠲᠠᠢ᠎ᠪᠠᠷ ᠤᠷᠢᠳ ᠬᠣᠵᠢᠳ ᠵᠠᠨᠵᠢᠶᠠᠩ᠂ ᠮᠤᠤᠮᠢᠩ᠂ ᠭᠤᠸᠠᠩᠵᠧᠦ ᠵᠡᠷᠭᠡ ᠭᠠᠵᠠᠷ᠎ᠲᠤ ᠬᠦᠷᠴᠦ᠂ ᠠᠵᠤ ᠠᠬᠤᠢ᠌ᠯᠠᠯ᠂ ᠭᠠᠷᠠᠮ᠂ ᠬᠥᠳᠡᠭᠡ ᠲᠣᠰᠬᠣᠨ ᠵᠡᠷᠭᠡ᠎ᠪᠠᠷ ᠭᠦᠨᠵᠡᠭᠡᠢ᠌ᠷᠡᠵᠦ ᠪᠠᠢ᠌ᠴᠠᠭ᠋ᠠᠨ ᠰᠤᠳᠤᠯᠵᠠᠢ᠃
10᠎ᠤ ᠦᠳᠡ ᠵᠢᠨ ᠡᠮᠦᠨ᠎ᠡ᠂ ᠰᠢ ᠵᠢᠨ ᠫᠢᠩ ᠡᠩ ᠲᠡᠷᠢᠭᠦᠨ᠎ᠳᠤ ᠵᠠᠨᠵᠢᠶᠠᠩ ᠬᠣᠲᠠ ᠵᠢᠨ ᠳ᠋ᠦᠩ ᠬᠠᠢ ᠳ᠋ᠣᠤ ᠠᠷᠠᠯ᠎ᠳᠤ ᠪᠠᠢ᠌ᠷᠢᠯᠠᠭ᠎ᠠ ᠤᠯᠤᠰ᠎ᠤᠨ 863 ᠲᠥᠯᠥᠪᠯᠡᠭᠡ ᠵᠢᠨ ᠲᠥᠷᠥᠯ ᠵᠦᠢ᠍ᠯ᠎ᠤᠨ ᠲᠡᠯᠡᠶ ᠵᠢᠨ ᠤᠰᠤᠨ᠎ᠳᠤ ᠦᠷ᠎ᠡ ᠲᠡᠵᠢᠭᠡᠨ ᠦᠷᠡᠵᠢᠭᠦᠯᠭᠦ ᠢᠨᠵᠧᠨᠧᠷᠢᠩ᠎ᠤᠨ ᠡᠮᠦᠨᠡᠲᠦ ᠣᠷᠣᠨ᠎ᠤ ᠰᠠᠭᠤᠷᠢᠨ᠎ᠳᠤ ᠰᠢᠨᠵᠢᠯᠡᠨ ᠪᠠᠢ᠌ᠴᠠᠭ᠋ᠠᠪᠠ᠃ ᠰᠢ ᠵᠢᠨ ᠫᠢᠩ ᠭᠤᠸᠠᠩᠳᠦ᠋ᠩ ᠮᠤᠵᠢ ᠵᠢᠨ ᠲᠠᠯᠠᠢ ᠲᠠᠩᠭᠢᠰ᠎ᠤᠨ ᠵᠢᠭ᠋ᠠᠰᠤᠨ ᠠᠵᠤ ᠠᠬᠤᠢ ᠵᠢᠨ ᠬᠥᠭᠵᠢᠯᠲᠡ ᠵᠢᠨ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠴᠤ᠂ ᠵᠢᠭ᠋ᠠᠰᠤᠨ ᠠᠵᠤ ᠠᠬᠤᠢ ᠵᠢᠨ ᠰᠠᠢ᠌ᠨ ᠡᠭᠦᠯᠳᠡᠷ᠎ᠤᠨ ᠦᠵᠡᠭᠦᠯᠭᠡ ᠵᠢ ᠪᠠᠢ᠌ᠴᠠᠭ᠋ᠠᠨ ᠦᠵᠡᠵᠦ᠂ ᠲᠤᠬᠠᠢ ᠵᠢᠨ ᠲᠠᠯᠠᠪᠠᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠣᠯᠣᠨ ᠲᠡᠵᠢᠭᠡᠨ ᠦᠷᠡᠵᠢᠭᠦᠯᠭᠦ ᠠᠵᠢᠯᠲᠠᠨ᠎ᠠᠴᠠ ᠰᠣᠩᠭᠣᠨ ᠪᠣᠢ᠌ᠵᠢᠭᠤᠯᠬᠤ ᠮᠡᠷᠭᠡᠵᠢᠯ᠂ ᠦᠷ᠎ᠡ ᠵᠢᠨ ᠴᠢᠬᠢ ᠵᠢᠨ ᠤᠷᠭᠤᠴᠠ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠡᠷᠭᠡ ᠵᠢ ᠯᠠᠪᠯᠠᠨ ᠠᠰᠠᠭᠤᠪᠠ᠃ ᠰᠢ ᠵᠢᠨ ᠫᠢᠩ᠂ ᠳᠤᠮᠳᠠᠳᠤ ᠤᠯᠤᠰ ᠪᠣᠯ 14 ᠳ᠋ᠦᠩᠰᠢᠭᠤᠷ ᠭᠠᠷᠤᠢ ᠬᠥᠮᠥᠨ ᠠᠮᠠ᠎ᠲᠠᠢ ᠲᠣᠮᠣ ᠤᠯᠤᠰ ᠪᠠᠢ᠌ᠵᠤ᠂ ᠪᠤᠳᠠᠭ᠎ᠠ ᠢᠳᠡᠬᠦ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠢᠳᠡᠭᠡᠨ᠎ᠤ ᠲᠣᠮᠣ ᠦᠵᠡᠯᠲᠡ ᠵᠢ ᠪᠤᠢ ᠪᠤᠯᠭ᠋ᠠᠵᠤ᠂ ᠡᠬᠡ ᠬᠠᠭᠤᠷᠠᠢ᠎ᠠᠴᠠ ᠢᠳᠡᠭᠡᠨ ᠠᠪᠬᠤ ᠬᠡᠷᠡᠭᠲᠡᠢ ᠪᠥᠭᠡᠳ ᠲᠠᠯᠠᠢ ᠲᠠᠩᠭᠢᠰ᠎ᠠᠴᠠ ᠴᠦ᠍ ᠢᠳᠡᠭᠡᠨ ᠠᠪᠴᠤ᠂ ᠲᠠᠯᠠᠢ ᠲᠠᠩᠭᠢᠰ᠎ᠢ ᠠᠰᠢᠭᠯᠠᠨ ᠲᠠᠷᠢᠵᠦ ᠲᠡᠵᠢᠭᠡᠬᠦ ᠦᠢ᠍ᠯᠡᠰ᠎ᠢ ᠬᠥᠭᠵᠢᠭᠦᠯᠦᠨ᠂ ᠲᠠᠯᠠᠢ ᠳᠡᠭᠡᠷᠡᠬᠢ ᠮᠠᠯᠵᠢᠯ᠎ᠤᠨ ᠲᠠᠯᠠᠪᠠᠢ᠂ 《ᠲᠠᠯᠠᠢ ᠳᠡᠭᠡᠷᠡᠬᠢ ᠠᠮᠤ ᠪᠤᠳᠠᠭ᠋ᠠᠨ᠎ᠤ ᠬᠥᠮᠥᠷᠭᠡ》 ᠵᠢ ᠪᠦᠲᠦᠭᠡᠨ ᠪᠠᠢ᠌ᠭᠤᠯᠬᠤ ᠬᠡᠷᠡᠭᠲᠡᠢ᠃ ᠦᠷ᠎ᠡ ᠵᠢᠨ ᠦᠢ᠍ᠯᠡᠰ ᠪᠣᠯ ᠤᠳᠤ ᠦᠶ᠎ᠡ ᠵᠢᠨ ᠲᠠᠷᠢᠶᠠᠯᠠᠩ᠂ ᠵᠢᠭ᠋ᠠᠰᠤᠨ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠮᠥᠨ᠂ ᠡᠨᠡ ᠬᠦ᠌ ᠠᠵᠢᠯ᠎ᠢ ᠨᠠᠷᠢᠯᠢᠭ ᠰᠠᠢ᠌ᠨ ᠬᠢᠬᠦ ᠬᠡᠷᠡᠭᠲᠡᠢ᠃ ᠭᠦᠨ ᠳᠠᠯᠠᠢ ᠵᠢᠨ ᠲᠡᠵᠢᠭᠡᠨ ᠦᠷᠡᠵᠢᠭᠦᠯᠭᠦ ᠲᠣᠨᠣᠭ ᠲᠥᠬᠦᠭᠡᠷᠦᠮᠵᠢ ᠪᠠ ᠣᠶᠤᠨᠲᠤ ᠵᠢᠭ᠋ᠠᠰᠤᠨ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠳᠠᠯᠠᠢ ᠲᠠᠩᠭᠢᠰ᠎ᠤᠨ ᠵᠢᠭ᠋ᠠᠰᠤᠨ ᠠᠵᠤ ᠠᠬᠤᠢ ᠵᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠣᠳᠣᠬᠢᠴᠢᠯᠠᠯᠲᠠ ᠲᠡᠢ᠌ᠰᠢ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠵᠠᠨᠵᠢᠶᠠᠩ᠎ᠤᠨ ᠤᠯᠠᠭ᠋ᠠᠨ ᠣᠶ ᠵᠢᠨ ᠤᠯᠤᠰ᠎ᠤᠨ ᠲᠠᠰ᠎ᠤᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠣᠯ ᠮᠠᠨ᠎ᠤ ᠤᠯᠤᠰ᠎ᠤᠨ ᠤᠯᠠᠭ᠋ᠠᠨ ᠣᠶ ᠵᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠠᠷᠬᠠᠯᠲᠠ᠎ᠪᠠᠷ ᠬᠠᠮᠤᠭ᠎ᠤᠨ ᠲᠥᠪᠯᠡᠷᠡᠭᠰᠡᠨ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠮᠥᠨ᠃ ᠰᠢ ᠵᠢᠨ ᠫᠢᠩ ᠬᠠᠮᠠᠭ᠋ᠠᠯᠠᠯᠲᠠ ᠵᠢᠨ ᠣᠷᠣᠨ᠎ᠤ ᠵᠡᠭᠦᠨ ᠬᠡᠰᠡᠭ᠎ᠲᠤ ᠪᠠᠢ᠌ᠭ᠎ᠠ ᠮᠠ ᠵᠠᠩ ᠲᠣᠭᠣᠷᠢᠭ᠎ᠤᠨ ᠬᠤ᠌ ᠭᠤᠸᠠᠩ ᠪᠠᠯᠭ᠋ᠠᠰᠤ ᠵᠢᠨ ᠵᠢᠨ ᠨᠢᠦ ᠳ᠋ᠣᠣ ᠠᠷᠠᠯ ᠤᠯᠠᠭ᠋ᠠᠨ ᠤᠢ ᠵᠢᠨ ᠵᠠᠯᠭ᠋ᠠᠯᠳᠤᠭᠰᠠᠨ ᠣᠷᠣᠨ᠎ᠳᠤ ᠬᠦᠷᠴᠦ᠂ ᠤᠯᠠᠭ᠋ᠠᠨ ᠤᠢ ᠵᠢᠨ ᠤᠷᠭᠤᠴᠠ ᠪᠠ ᠡᠷᠭᠢᠨ ᠲᠣᠭᠣᠷᠢᠨ᠎ᠤ ᠠᠮᠢ ᠠᠬᠤᠢ ᠣᠷᠴᠢᠨ ᠲᠣᠭᠣᠷᠢᠨ᠎ᠢ ᠪᠠᠢ᠌ᠴᠠᠭ᠋ᠠᠨ ᠦᠵᠡᠪᠡ᠃ ᠲᠡᠷᠡ᠂ ᠡᠨᠡ ᠬᠡᠰᠡᠭ ᠤᠯᠠᠭ᠋ᠠᠨ ᠤᠢ ᠪᠣᠯ 《ᠤᠯᠤᠰ᠎ᠤᠨ ᠡᠷᠳᠡᠨᠢ》 ᠮᠥᠨ᠂ ᠨᠢᠳᠦᠨ᠎ᠤ ᠴᠡᠴᠡᠭᠡᠢ᠎ᠪᠠᠨ ᠬᠠᠢ᠌ᠷᠠᠯᠠᠬᠤ ᠰᠢᠭ᠋ ᠵᠶ᠋ᠡᠷ ᠰᠠᠢ᠌ᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠲᠠᠯᠠᠢ ᠲᠠᠩᠭᠢᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠣᠯ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠮᠥᠨ᠃ ᠪᠣᠬᠢᠷᠳᠤᠯ ᠦᠭᠡᠢ ᠬᠥᠭᠵᠢᠯᠲᠡ ᠵᠢ ᠪᠠᠷᠢᠮᠲᠠᠯᠠᠵᠤ᠂ ᠦᠶ᠎ᠡ ᠵᠢᠨ ᠦᠶ᠎ᠡ᠎ᠳᠡᠭᠡᠨ ᠦᠷᠭᠦᠯᠵᠢᠯᠡᠨ ᠴᠢᠷᠮᠠᠢ᠌ᠵᠤ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠵᠤ᠂ ᠪᠥᠮᠪᠥᠷᠴᠡᠭ᠎ᠤᠨ ᠲᠣᠰᠬᠣᠨ᠎ᠢ ᠰᠠᠢ᠌ᠲᠤᠷ ᠬᠠᠮᠠᠭ᠋ᠠᠯᠠᠬᠤ᠎ᠳᠤ ᠳᠤᠮᠳᠠᠳᠤ ᠤᠯᠤᠰ᠎ᠤᠨ ᠬᠤᠪᠢ ᠨᠡᠮᠡᠷᠢ᠎ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
10 ᠤ ᠦᠳᠡ ᠵᠢᠨ ᠬᠣᠢ᠌ᠨ᠎ᠠ᠂ ᠰᠢ ᠵᠢᠨ ᠫᠢᠩ ᠵᠠᠨᠵᠢᠶᠠᠩ ᠬᠤᠳᠠ ᠵᠢᠨ ᠰᠢᠦᠢ ᠸᠸᠨ ᠰᠢᠶᠠᠨ᠎ᠳᠤ ᠬᠦᠷᠴᠦ᠂ ᠰᠢᠦᠢ ᠸᠸᠨ ᠭᠠᠷᠠᠮ᠎ᠳᠤ ᠰᠢᠨᠵᠢᠯᠡᠨ ᠪᠠᠢ᠌ᠴᠠᠭ᠋ᠠᠪᠠ᠃ ᠰᠢᠦᠢ ᠸᠸᠨ ᠭᠠᠷᠠᠮ᠎ᠤᠨ ᠲᠦᠷᠦᠯ ᠵᠦᠢ᠍ᠯ ᠪᠣᠯ ᠭᠤᠸᠠᠩᠳᠦ᠋ᠩ ᠪᠣᠯᠣᠨ ᠬᠠᠢ᠌ᠨᠠᠨ᠎ᠤ ᠢᠵᠢᠯᠢ ᠴᠢᠭᠯᠡᠯ ᠵᠶ᠋ᠡᠷ ᠤᠷᠤᠭᠰᠢᠯᠠᠬᠤ 《ᠲᠡᠷᠢᠭᠦᠨ ᠴᠢᠬᠤᠯᠠ ᠢᠨᠵᠧᠨᠧᠷᠢᠩ》 ᠪᠣᠯᠣᠨ᠎ᠠ᠃ ᠭᠠᠷᠠᠮ᠎ᠤᠨ ᠲᠤᠰᠬᠠᠢ ᠭᠠᠷᠠᠮ᠎ᠳᠤ᠂ ᠰᠢ ᠵᠢᠨ ᠫᠢᠩ ᠰᠢᠦᠢ ᠸᠸᠨ ᠭᠠᠷᠠᠮ᠎ᠤᠨ ᠪᠦᠭᠦ ᠪᠠᠢ᠌ᠳᠠᠯ᠎ᠢ ᠪᠠᠢ᠌ᠴᠠᠭ᠋ᠠᠨ ᠦᠵᠡᠵᠦ᠂ ᠭᠤᠸᠠᠩᠳᠦ᠋ᠩ ᠮᠤᠵᠢ ᠵᠢᠨ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠬᠣᠯᠪᠣᠯᠳᠤᠨ ᠨᠡᠪᠲᠡᠷᠡᠯᠴᠡᠬᠦ ᠲᠦᠪᠰᠢᠨ᠎ᠢ ᠳᠡᠭᠡᠭᠰᠢᠯᠡᠭᠦᠯᠭᠦ᠂ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢ᠌ᠭᠤᠯᠤᠯᠲᠠ᠎ᠲᠠᠢ ᠵᠣᠯᠭ᠋ᠠᠭᠤᠯᠬᠤ ᠵᠡᠷᠭᠡ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠳᠠᠷᠠᠭ᠎ᠠ᠎ᠨᠢ᠂ ᠰᠢ ᠵᠢᠨ ᠫᠢᠩ ᠣᠩᠭᠣᠴᠠᠨ᠎ᠤ ᠵᠣᠭᠰᠣᠭ᠋ᠠᠯ᠎ᠤᠨ ᠭᠠᠷᠠᠮ᠎ᠳᠤ ᠬᠦᠷᠴᠦ᠂ ᠣᠩᠭᠣᠴᠠ ᠵᠣᠬᠰᠣᠬᠤ᠂ ᠠᠶᠠᠨᠴᠢᠳ᠎ᠤᠨ ᠵᠥᠭᠡᠭᠡᠪᠦᠷᠢ ᠵᠢ ᠰᠣᠯᠢᠵᠤ ᠲᠤᠰᠬᠤ ᠵᠡᠷᠭᠡ ᠠᠵᠢᠯ᠎ᠢ ᠪᠠᠢ᠌ᠴᠠᠭ᠋ᠠᠨ ᠦᠵᠡᠪᠡ᠃ ᠣᠩᠭᠣᠴᠠᠨ ᠳᠡᠭᠡᠷᠡᠬᠢ ᠠᠶᠠᠨᠴᠢᠳ ᠶᠡᠷᠦᠩᠬᠡᠢ ᠱᠦᠵᠢ ᠵᠢ ᠬᠠᠷᠠᠭ᠋ᠠᠳ᠂ ᠶᠡᠷᠦᠩᠬᠡᠢ ᠱᠦᠵᠢ ᠵᠢᠨ ᠠᠮᠤᠷ᠎ᠢ ᠠᠰᠠᠭᠤᠵᠤ ᠪᠠᠢ᠌ᠯ᠎ᠠ᠂ ᠰᠢ ᠵᠢᠨ ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ᠂ ᠳᠡᠳᠡᠨ᠎ᠤ ᠠᠯᠢᠪᠠ ᠪᠦᠭᠦᠨ ᠥᠭᠡᠳᠡ ᠡᠰᠡᠷᠡᠭ ᠪᠠᠢ᠌ᠬᠤ ᠵᠢ ᠬᠦᠰᠡᠨ ᠵᠥᠩᠨᠡᠪᠡ᠃ ᠰᠢ ᠵᠢᠨ ᠫᠢᠩ᠂ ᠴᠢᠶᠦ᠋ᠩᠵᠸᠤ ᠲᠠᠯᠠᠢ ᠵᠢᠨ ᠬᠣᠭᠣᠯᠠᠢ ᠪᠣᠯ ᠤᠯᠤᠰ᠎ᠤᠨ ᠡᠮᠦᠨᠡᠲᠦ ᠲᠠᠩᠭᠢᠰ᠎ᠢ ᠭᠠᠲᠤᠯᠬᠤ ᠪᠠᠢ᠌ᠯᠳᠤᠬᠤ ᠪᠣᠳᠣᠯᠭ᠎ᠠ ᠵᠢᠨ ᠵᠠᠮ ᠪᠤᠯᠬᠤ ᠪᠥᠭᠡᠳ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠤᠨ ᠪᠦᠲᠦᠭᠡᠨ ᠪᠠᠢ᠌ᠭᠤᠯᠤᠯᠲᠠ ᠪᠣᠯᠣᠨ ᠬᠥᠭᠵᠢᠯᠲᠡ ᠵᠢᠨ ᠪᠠᠭ᠋ᠠᠯᠵᠤᠤᠷ ᠭᠣᠣᠯ ᠵᠠᠮ ᠪᠣᠯᠣᠨ᠎ᠠ᠂ 《ᠰᠢᠵᠢᠷ ᠠᠯᠳᠠᠨ ᠤᠰᠤᠨ ᠵᠠᠮ》 ᠪᠣᠯᠣᠨ ᠠᠶᠠᠨᠴᠢᠳ᠎ᠤᠨ ᠵᠥᠭᠡᠭᠡᠪᠦᠷᠢ ᠵᠢᠨ ᠬᠠᠮᠤᠭ᠎ᠤᠨ ᠰᠠᠢ᠌ᠨ ᠵᠠᠮ ᠪᠤᠯᠬᠤ ᠡᠨᠡ ᠬᠦ᠌ ᠶᠡᠬᠡ ᠶᠠᠪᠤᠳᠠᠯ᠎ᠢ ᠰᠠᠢ᠌ᠲᠤᠷ ᠬᠢᠵᠦ᠂ ᠰᠢᠦᠢ ᠸᠸᠨ ᠭᠠᠷᠠᠮ᠎ᠢ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠪᠣᠯᠣᠨ ᠬᠠᠢ᠌ᠨᠠᠨ᠎ᠤ ᠴᠢᠯᠦᠭᠡᠲᠦ ᠠᠷᠠᠯᠵᠢᠶᠠᠨ᠎ᠤ ᠭᠠᠷᠠᠮ᠎ᠢ ᠬᠣᠯᠪᠣᠭᠰᠠᠨ ᠣᠳᠣᠬᠢᠴᠢᠯᠠᠭᠰᠠᠨ ᠤᠰᠤ ᠬᠠᠭᠤᠷᠠᠢ ᠵᠢᠨ ᠵᠠᠮ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠬᠦᠢ᠍ᠰᠦ ᠪᠣᠯᠭ᠋ᠠᠨ ᠪᠦᠲᠦᠭᠡᠨ ᠪᠠᠢ᠌ᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢᠦᠢ ᠸᠸᠨ ᠭᠠᠷᠠᠮ᠎ᠠᠴᠠ ᠭᠠᠷᠴᠤ᠂ ᠰᠢ ᠵᠢᠨ ᠫᠢᠩ ᠪᠧᠢ ᠪᠦ᠋ ᠸᠠᠨ ᠪᠤᠯᠤᠩ᠎ᠢ ᠲᠣᠭᠣᠷᠢᠭᠰᠠᠨ ᠭᠤᠸᠠᠩᠳᠦ᠋ᠩ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ᠎ᠤᠨ ᠡᠮᠦᠨᠡᠰᠢ ᠤᠰᠤ ᠳᠠᠮᠵᠢᠭᠤᠯᠬᠤ ᠠᠭᠤᠯᠵᠠᠷ ᠦᠷᠲᠡᠭᠡ - ᠰᠢᠦᠢ ᠸᠸᠨ ᠰᠢᠶᠠᠨ᠎ᠤ ᠳ᠋ᠠ ᠱᠦᠢ ᠴᠢᠶᠣᠤ ᠤᠰᠤᠨ ᠴᠥᠭᠦᠷᠥᠮ᠎ᠳᠤ ᠬᠦᠷᠴᠦ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠂ ᠬᠠᠮᠢᠶᠠᠷᠤᠯᠲᠠ᠂ ᠠᠵᠢᠯᠯᠠᠭ᠋ᠠᠨ ᠪᠠ ᠦᠷᠭᠦᠯᠵᠢᠯᠡᠬᠦ ᠢᠨᠵᠧᠨᠧᠷᠢᠩ᠎ᠤᠨ ᠲᠥᠯᠦᠪᠵᠢᠭᠦᠯᠭᠡ ᠵᠡᠷᠭᠡ ᠪᠠᠢ᠌ᠳᠠᠯ᠎ᠢ ᠣᠢ᠌ᠯᠠᠭ᠋ᠠᠪᠠ᠃ ᠠᠵᠢᠯᠲᠠᠳ ᠶᠡᠷᠦᠩᠬᠡᠢ ᠱᠦᠵᠢ᠎ᠳᠤ ᠤᠰᠤᠨ᠎ᠤ ᠶᠠᠩᠵᠤ ᠪᠣᠯᠣᠨ ᠬᠢᠨᠠᠨ ᠭᠡᠮᠵᠢᠭᠦ ᠲᠥᠬᠦᠭᠡᠷᠦᠮᠵᠢ ᠵᠢ ᠳᠡᠯᠭᠡᠨ ᠦᠵᠡᠭᠦᠯᠵᠦ᠂ ᠲᠤᠬᠠᠢ ᠵᠢᠨ ᠭᠠᠵᠠᠷ᠎ᠤᠨ ᠡᠷᠭᠢᠨ ᠲᠣᠭᠣᠷᠢᠨ᠎ᠤ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠭᠰᠠᠨ ᠵᠡᠷᠭᠡ ᠪᠠᠢ᠌ᠳᠠᠯ ᠵᠶ᠋ᠠᠨ ᠬᠠᠷᠢᠭᠤ ᠮᠡᠳᠡᠭᠦᠯᠪᠡ᠃ ᠰᠢ ᠵᠢᠨ ᠫᠢᠩ᠂ ᠮᠠᠨ᠎ᠤ ᠤᠯᠤᠰ᠎ᠲᠤ ᠤᠰᠤ ᠲᠤᠲᠠᠭᠳᠠᠵᠤ ᠪᠠᠢ᠌ᠬᠤ ᠪᠥᠭᠡᠳ ᠤᠰᠤᠨ᠎ᠤ ᠡᠬᠢ ᠪᠠᠶᠠᠯᠢᠭ᠎ᠤᠨ ᠲᠠᠷᠬᠠᠯᠲᠠ ᠮᠠᠰᠢ ᠲᠡᠩᠴᠡᠭᠦᠷᠢ ᠦᠭᠡᠢ ᠪᠠᠢ᠌ᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠤᠰᠤᠨ᠎ᠤ ᠡᠬᠢ ᠪᠠᠶᠠᠯᠢᠭ᠎ᠤᠨ ᠠᠰᠠᠭᠤᠳᠠᠯ᠎ᠢ ᠪᠣᠳᠣᠯᠬᠢᠯᠠᠵᠤ᠂ ᠤᠰᠤ᠎ᠪᠠᠷ ᠬᠤᠲᠠ ᠵᠢ ᠲᠣᠭᠲᠠᠭ᠋ᠠᠵᠤ᠂ ᠤᠰᠤ᠎ᠪᠠᠷ ᠭᠠᠵᠠᠷ᠎ᠢ ᠲᠣᠭᠲᠠᠭ᠋ᠠᠵᠤ᠂ ᠤᠰᠤ᠎ᠪᠠᠷ ᠬᠥᠮᠥᠨ᠎ᠢ ᠲᠣᠭᠲᠠᠭ᠋ᠠᠵᠤ᠂ ᠤᠰᠤ᠎ᠪᠠᠷ ᠭᠠᠷᠤᠯᠲᠠ ᠵᠢ ᠲᠣᠭᠲᠠᠭ᠋ᠠᠵᠤ᠂ ᠤᠰᠤ ᠠᠷᠪᠢᠯᠠᠬᠤ ᠠᠵᠤ ᠦᠢ᠍ᠯᠡᠰ᠎ᠢ ᠬᠥᠭᠵᠢᠭᠦᠯᠬᠦ ᠬᠡᠷᠡᠭᠲᠡᠢ᠃ ᠭᠤᠸᠠᠩᠳᠦ᠋ᠩ ᠮᠤᠵᠢ ᠵᠢᠨ᠎ᠬᠢᠨ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠰᠠᠢ᠌ᠲᠤᠷ ᠠᠳᠬᠤᠵᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢ ᠲᠦᠷᠭᠡᠳᠬᠡᠵᠦ᠂ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ᠎ᠳᠤ ᠡᠷᠲᠡᠬᠡᠨ ᠪᠤᠶᠠᠨ ᠦᠢᠯᠡᠳᠭᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ 11᠎ᠤ ᠡᠳᠦᠷ ᠮᠤᠤᠮᠢᠩ᠎ᠤᠨ ᠭᠤᠤᠵᠸᠦ ᠬᠤᠳᠠ ᠵᠢᠨ ᠭᠧᠨ ᠽᠢ ᠪᠠᠯᠭ᠋ᠠᠰᠤᠨ᠎ᠤ ᠪᠠᠢ ᠴᠢᠶᠣᠤ ᠲᠣᠰᠬᠣᠨ᠎ᠳᠤ ᠰᠢᠨᠵᠢᠯᠡᠨ ᠪᠠᠢ᠌ᠴᠠᠭ᠋ᠠᠪᠠ᠃ ᠪᠠᠢ ᠴᠢᠶᠣᠤ ᠲᠣᠰᠬᠣᠨ ᠪᠠᠷᠤᠭ 6800 ᠮᠦ᠍ ᠪᠡᠷᠴᠢᠭᠢᠷ ᠯᠣᠣ ᠵᠢᠨ ᠨᠢᠳᠦ ᠲᠠᠷᠢᠵᠦ᠂ ᠪᠡᠷᠴᠢᠭᠢᠷ ᠯᠣᠣ ᠵᠢᠨ ᠨᠢᠳᠦ ᠦᠢ᠍ᠯᠡᠳᠪᠦᠷᠢᠯᠡᠬᠦ ᠲᠤᠰᠬᠠᠢ ᠲᠣᠰᠬᠣᠨ ᠪᠣᠯᠣᠨ᠎ᠠ᠃ ᠰᠢ ᠵᠢᠨ ᠫᠢᠩ ᠪᠡᠷᠴᠢᠭᠢᠷ ᠯᠣᠣ ᠵᠢᠨ ᠨᠢᠳᠦ ᠵᠢᠨ ᠲᠠᠷᠢᠮᠠᠯ᠎ᠤᠨ ᠬᠦᠷᠢᠶᠡᠯᠡᠩ᠎ᠳᠤ ᠬᠦᠷᠴᠦ᠂ ᠲᠤᠬᠠᠢ ᠵᠢᠨ ᠭᠠᠵᠠᠷ᠎ᠤᠨ ᠣᠨᠴᠠᠯᠢᠭᠲᠤ ᠲᠠᠷᠢᠮᠠᠯ᠎ᠤᠨ ᠠᠵᠤ ᠦᠢ᠍ᠯᠡᠰ ᠪᠣᠯᠣᠨ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠵᠦ ᠪᠠᠢ᠌ᠭ᠎ᠠ ᠵᠡᠷᠭᠡ ᠪᠠᠢ᠌ᠳᠠᠯ᠎ᠢ ᠣᠢ᠌ᠯᠠᠭ᠋ᠠᠭᠰᠠᠨ ᠪᠥᠭᠡᠳ ᠲᠤᠬᠠᠢ ᠵᠢᠨ ᠲᠠᠯᠠᠪᠠᠶ ᠵᠢᠨ ᠮᠡᠷᠭᠡᠵᠢᠯᠲᠡᠨ᠎ᠲᠠᠢ ᠳᠣᠲᠣᠨᠣ᠎ᠪᠠᠷ ᠶᠠᠷᠢᠯᠴᠠᠪᠠ᠃ ᠲᠠᠷᠠᠭ᠎ᠠ᠎ᠨᠢ᠂ ᠰᠢ ᠵᠢᠨ ᠫᠢᠩ ᠪᠠᠢ ᠴᠢᠶᠣᠤ ᠵᠢᠨ ᠯᠣᠣ ᠵᠢᠨ ᠨᠢᠳᠦ ᠪᠡᠷᠴᠢᠭᠢᠷ ᠯᠣᠣ ᠵᠢᠨ ᠨᠢᠳᠦ ᠵᠢᠨ ᠲᠤᠰᠬᠠᠢ ᠬᠤᠷᠰᠢᠶ᠎ᠠ᠎ᠳᠤ ᠬᠦᠷᠴᠦ᠂ ᠬᠤᠷᠰᠢᠶ᠎ᠠ ᠵᠢᠨ ᠡᠵᠡᠩᠨᠡᠯᠲᠡ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠠᠢ᠌ᠭ᠎ᠠ ᠵᠡᠷᠭᠡ ᠪᠠᠢ᠌ᠳᠠᠯ᠎ᠤᠨ ᠲᠠᠨᠢᠯᠴᠠᠭᠤᠯᠭ᠎ᠠ ᠵᠢ ᠰᠣᠨᠣᠰᠪᠠ᠃ ᠰᠢ ᠵᠢᠨ ᠫᠢᠩ᠂ ᠡᠨᠡ ᠪᠣᠯ ᠪᠡᠷᠴᠢᠭᠢᠷ ᠯᠣᠣ ᠵᠢᠨ ᠨᠢᠳᠦᠨ᠎ᠤ ᠨᠤᠲᠤᠭ᠂ ᠪᠡᠷᠴᠢᠭᠢᠷ ᠯᠣᠣ ᠵᠢᠨ ᠨᠢᠳᠦᠨ᠎ᠤ ᠲᠠᠷᠢᠮᠠᠯ᠎ᠨᠢ ᠲᠡᠦᠬᠡ ᠵᠢᠨ ᠤᠯᠠᠮᠵᠢᠯᠠᠯ ᠪᠠ ᠰᠣᠶᠣᠯ᠎ᠤᠨ ᠠᠭᠤᠯᠤᠭᠳᠠᠬᠤᠨ᠎ᠲᠠᠢ᠂ ᠣᠨᠴᠠᠯᠢᠭ ᠵᠶ᠋ᠠᠷ ᠢᠯᠡ ᠲᠣᠳᠣ᠂ ᠳᠠᠪᠠᠭᠤᠯᠢᠭ ᠵᠶ᠋ᠠᠷ ᠢᠯᠡᠷᠬᠡᠢ᠂ ᠵᠠᠬ᠎ᠠ ᠳᠡᠯᠭᠡᠭᠦᠷ᠎ᠤᠨ ᠣᠷᠣᠨ ᠵᠠᠢ᠎ᠪᠠᠷ ᠥᠷᠭᠡᠨ ᠠᠭᠤᠳᠠᠮ ᠪᠠᠢ᠌ᠵᠤ᠂ ᠳᠠᠷᠢᠬᠤ᠂ ᠰᠣᠷᠭᠣᠭ ᠪᠠᠢ᠌ᠯᠭ᠋ᠠᠬᠤ᠂ ᠡᠳ᠋ᠰᠢᠭᠦᠯᠭᠦ ᠵᠡᠷᠭᠡ ᠮᠡᠷᠭᠡᠵᠢᠯ᠎ᠢ ᠴᠢᠨᠠᠭᠰᠢᠳᠠ ᠳᠡᠭᠡᠭᠰᠢᠯᠡᠭᠦᠯᠵᠦ᠂ ᠪᠡᠷᠴᠢᠭᠢᠷ ᠯᠣᠣ ᠵᠢᠨ ᠨᠢᠳᠦᠨ᠎ᠤ ᠣᠨᠴᠠᠯᠢᠭᠲᠤ ᠠᠵᠤ ᠦᠢ᠍ᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ᠎ᠢ ᠨᠠᠩ ᠰᠠᠢ᠌ᠲᠤᠷ ᠬᠥᠭᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠠᠶᠠᠷᠯᠠᠬᠤ ᠦᠶ᠎ᠡ᠎ᠳᠤ᠂ ᠲᠣᠰᠬᠣᠨ᠎ᠤ ᠠᠷᠠᠳ ᠥᠨᠳᠥᠷ ᠲᠠᠭᠤᠨ ᠵᠶ᠋ᠠᠷ 《ᠶᠡᠷᠦᠩᠬᠡᠢ ᠱᠦᠵᠢ ᠰᠠᠢ᠌ᠨ ᠪᠠᠢ᠌ᠨ᠎ᠠ ᠦᠦ》᠂ 《ᠶᠡᠷᠦᠩᠬᠡᠢ ᠱᠦᠵᠢ ᠵᠦᠳᠡᠷᠡᠯ᠎ᠡ》 ᠭᠡᠵᠦ ᠤᠤᠬᠠᠢ᠌ᠯᠠᠨ ᠬᠠᠰᠬᠢᠷᠪᠠ᠃ ᠰᠢ ᠵᠢᠨ ᠫᠢᠩ᠂ ᠡᠨᠡ ᠪᠣᠯ ᠮᠢᠨᠤ ᠠᠩᠬ᠎ᠠ ᠤᠳᠠᠭ᠎ᠠ ᠭᠤᠸᠠᠩᠳᠦ᠋ᠩ᠎ᠤᠨ ᠪᠠᠷᠠᠭᠤᠨ ᠬᠡᠰᠡᠭ᠎ᠲᠤ ᠬᠦᠷᠴᠦ ᠪᠠᠢ᠌ᠭ᠎ᠠ ᠶᠠᠪᠤᠳᠠᠯ ᠪᠣᠯᠣᠨ᠎ᠠ᠂ ᠨᠤᠲᠤᠭ᠎ᠤᠨ ᠠᠬ᠎ᠠ ᠳᠡᠭᠦᠦ ᠨᠠᠷ ᠪᠡᠷᠴᠢᠭᠢᠷ ᠯᠣᠣ ᠵᠢᠨ ᠨᠢᠳᠦ ᠵᠡᠷᠭᠡ ᠣᠨᠴᠠᠯᠢᠭᠲᠤ ᠲᠠᠷᠢᠮᠠᠯ᠎ᠤᠨ ᠦᠢ᠍ᠯᠡᠰ᠎ᠢ ᠬᠥᠭᠵᠢᠭᠦᠯᠬᠦ᠎ᠪᠠᠷ ᠲᠠᠮᠵᠢᠨ ᠪᠠᠶᠠᠨ ᠴᠢᠨᠡᠭᠡᠯᠢᠭ ᠠᠮᠢᠳᠤᠷᠠᠯ᠎ᠲᠠᠢ ᠪᠣᠯᠤᠭᠰᠠᠨ᠎ᠢ ᠦᠵᠡᠭᠡᠳ ᠪᠢ ᠮᠠᠰᠢ ᠪᠠᠶᠠᠷᠯᠠᠵᠤ ᠪᠠᠢ᠌ᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠵᠤ᠂ ᠬᠤᠲᠠ ᠬᠥᠳᠡᠭᠡ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ ᠪᠠᠢ᠌ᠬᠤ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ᠃ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠰᠡᠭᠦᠯᠡᠷ ᠪᠠᠶᠠᠵᠢᠬᠤ ᠵᠢ ᠬᠠᠪᠰᠤᠷᠤᠨ ᠲᠡᠳᠭᠦᠭᠦ᠎ᠪᠠᠨ ᠴᠢᠩᠭ᠋ᠠᠳᠬᠠᠵᠤ᠂ ᠨᠤᠲᠤᠭ᠎ᠤᠨ ᠰᠤᠷᠲᠠᠯ ᠪᠣᠯᠪᠠᠰᠤᠨ᠎ᠢ ᠠᠬᠢᠭᠤᠯᠵᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠴᠢᠩᠭ᠋ᠠᠳᠬᠠᠵᠤ᠂ ᠤᠯᠠᠨ᠎ᠤ ᠠᠮᠢᠳᠤᠷᠠᠯ᠎ᠢ ᠵᠢᠯ᠎ᠠᠴᠠ ᠵᠢᠯ ᠰᠠᠢ᠌ᠵᠢᠷᠠᠭᠤᠯᠬᠤ ᠬᠡᠷᠡᠭᠲᠡᠢ ᠭᠡᠵᠦ ᠬᠡᠯᠡᠪᠡ᠃
ᠰᠢ ᠵᠢᠨ ᠫᠢᠩ 12᠎ᠤᠨ ᠡᠳᠦᠷ ᠭᠤᠸᠠᠩᠵᠧᠦ ᠬᠤᠳᠠ᠎ᠳᠤ ᠰᠢᠨᠵᠢᠯᠡᠨ ᠪᠠᠢ᠌ᠴᠠᠭ᠋ᠠᠪᠠ᠃ ᠲᠤᠰ ᠡᠳᠦᠷ᠎ᠤᠨ ᠦᠳᠡ ᠵᠢᠨ ᠬᠣᠢ᠌ᠨ᠎ᠠ᠂ ᠲᠡᠷᠡ ᠡᠩ ᠲᠡᠷᠢᠭᠦᠨ᠎ᠳᠤ ᠯᠧ ᠵᠢᠨ ᠳᠡᠯᠭᠡᠴᠡ ᠵᠢᠨ ᠺᠤᠮᠫᠠᠨᠢ ᠵᠢᠨ ᠭᠤᠸᠠᠩᠵᠧᠦ᠎ᠳᠠᠬᠢ ᠦᠢ᠍ᠯᠡᠳᠭᠦ ᠰᠠᠭᠤᠷᠢᠨ᠎ᠳᠤ ᠭᠦᠷᠪᠡ᠃ ᠭᠤᠸᠠᠩᠳᠦ᠋ᠩ ᠮᠤᠵᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠪᠦᠭᠦ ᠮᠤᠵᠢ ᠵᠢᠨ ᠣᠢ᠌ᠷ᠎ᠠ ᠵᠢᠨ ᠵᠢᠯ᠎ᠤᠨ ᠲᠤᠷᠰᠢᠬᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠵᠠᠬ᠎ᠠ ᠳᠡᠯᠭᠡᠭᠦᠷ ᠬᠣᠶᠠᠷ ᠵᠦᠢ᠍ᠯ᠎ᠤᠨ ᠡᠬᠢ ᠪᠠᠶᠠᠯᠢᠭ᠎ᠤᠨ ᠬᠣᠯᠪᠤᠭ᠋ᠠᠯᠠᠨ ᠬᠥᠳᠡᠯᠦᠯᠴᠡᠬᠦ ᠦᠢ᠍ᠯᠡᠳᠦᠯ᠎ᠢ ᠴᠢᠩᠭ᠋ᠠᠳᠬᠠᠬᠤ᠂ ᠠᠷᠠᠯᠵᠢᠶᠠᠨ᠎ᠤ ᠪᠡᠯᠡ ᠣᠷᠣᠭᠤᠯᠤᠯᠲᠠ ᠵᠢᠨ ᠬᠠᠮᠲᠤᠷᠠᠯᠴᠠᠭ᠋ᠠᠨ᠎ᠤ ᠶᠠᠰᠤ ᠴᠢᠨᠠᠷ ᠪᠣᠯᠣᠨ ᠬᠢᠷᠢ ᠲᠦᠪᠰᠢᠨ᠎ᠢ ᠳᠡᠭᠡᠭᠰᠢᠯᠡᠭᠦᠯᠭᠦ ᠵᠡᠷᠭᠡ ᠲᠠᠯ᠎ᠠ ᠵᠢᠨ ᠠᠷᠭ᠎ᠠ ᠪᠣᠯᠣᠨ ᠦᠷ᠎ᠡ ᠪᠦᠲᠦᠮᠵᠢ ᠵᠢ ᠲᠠᠨᠢᠯᠴᠠᠭᠤᠯᠪᠠ᠃ ᠰᠢ ᠵᠢᠨ ᠫᠢᠩ ᠦᠢ᠍ᠯᠡᠳᠬᠦᠨ᠎ᠤ ᠦᠵᠡᠭᠦᠯᠭᠡ ᠪᠣᠯᠣᠨ ᠦᠢ᠍ᠯᠡᠳᠪᠦᠷᠢᠯᠡᠵᠦ ᠤᠭᠰᠠᠷᠠᠬᠤ ᠶᠠᠪᠤᠴᠠ ᠵᠢ ᠪᠠᠢ᠌ᠴᠠᠭ᠋ᠠᠨ ᠦᠵᠡᠵᠦ᠂ ᠠᠵᠤ ᠠᠬᠤᠢ᠌ᠯᠠᠯ᠎ᠤᠨ ᠬᠥᠭᠵᠢᠯᠲᠡ ᠵᠢᠨ ᠣᠯᠣᠭᠰᠠᠨ ᠠᠮᠵᠢᠯᠲᠠ ᠪᠦᠲᠦᠮᠵᠢ ᠵᠢ ᠮᠠᠭᠲᠠᠨ ᠰᠠᠢ᠌ᠰᠢᠶᠠᠵᠤ ᠪᠠᠢ᠌ᠬᠤ᠎ᠪᠠᠨ ᠢᠯᠡᠳᠬᠡᠪᠡ᠃ ᠰᠢ ᠵᠢᠨ ᠫᠢᠩ᠂ ᠪᠦᠭᠦ ᠪᠥᠮᠪᠥᠷᠴᠡᠭ᠎ᠤᠨ ᠠᠵᠤ ᠠᠬᠤᠢ ᠵᠢᠨ ᠨᠡᠮᠡᠭᠳᠡᠯ ᠬᠦᠴᠦᠨ ᠮᠡᠬᠦᠰᠳᠡᠵᠦ ᠪᠠᠢ᠌ᠭ᠎ᠠ ᠪᠠᠢ᠌ᠳᠠᠯ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠨ ᠪᠠᠢ᠌ᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠤᠨ ᠪᠠᠢ᠌ᠭᠤᠯᠤᠯᠲᠠ ᠵᠢ ᠴᠢᠩᠭ᠋ᠠᠳᠬᠠᠪᠠᠯ ᠵᠠᠬ᠎ᠠ ᠳᠡᠯᠭᠡᠭᠦᠷ᠎ᠤᠨ ᠳᠠᠪᠠᠭᠤᠯᠢᠭ ᠨᠡᠩ ᠢᠯᠡᠷᠬᠡᠢ ᠪᠣᠯᠣᠨ᠎ᠠ᠃ ᠭᠠᠳᠠᠭ᠋ᠠᠳᠤ ᠵᠢᠨ ᠪᠡᠯᠡ ᠣᠷᠣᠭᠤᠯᠤᠭᠴᠢᠳ ᠠᠵᠠ ᠲᠣᠭᠢᠶᠠᠯ᠎ᠢ ᠠᠮᠵᠢᠵᠤ᠂ ᠳᠤᠮᠳᠠᠳᠤ ᠤᠯᠤᠰ᠎ᠲᠤ ᠢᠷᠡᠵᠦ᠂ ᠭᠤᠸᠠᠩᠳᠦ᠋ᠩ᠎ᠳᠤ ᠢᠷᠡᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠳᠤ ᠢᠷᠡᠵᠦ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠢ ᠰᠠᠢ᠌ᠲᠤᠷ ᠬᠥᠭᠵᠢᠭᠦᠯᠵᠦ᠂ ᠠᠵᠤ ᠠᠬᠤᠢ᠌ᠯᠠᠯ᠎ᠤᠨ ᠬᠥᠭᠵᠢᠯᠲᠡ ᠵᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠵᠢ ᠡᠭᠦᠳᠭᠦ ᠵᠢ ᠬᠦᠰᠡᠵᠦ ᠪᠠᠢ᠌ᠨ᠎ᠠ ᠭᠡᠵᠦ ᠴᠢᠬᠤᠯᠠᠴᠢᠯᠠᠪᠠ᠃
ᠰᠢ ᠵᠢᠨ ᠫᠢᠩ ᠳᠠᠷᠠᠭ᠎ᠠ᠎ᠨᠢ ᠭᠤᠸᠠᠩᠵᠧᠦ ᠵᠢᠨ ᠮᠠᠰᠢᠨ ᠲᠡᠷᠭᠡᠨ᠎ᠤ ᠺᠤᠮᠫᠠᠨᠢ ᠵᠢᠨ ᠠᠢ ᠠᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠤᠪᠢᠴᠠᠭ᠋ᠠᠳᠤ ᠬᠢᠵᠠᠭ᠋ᠠᠷᠲᠤ ᠺᠤᠮᠫᠠᠨᠢ᠎ᠳᠤ ᠰᠢᠨᠵᠢᠯᠡᠨ ᠪᠠᠢ᠌ᠴᠠᠭ᠋ᠠᠪᠠ᠃ ᠲᠡᠷᠡ ᠠᠵᠤ ᠠᠬᠤᠢ᠌ᠯᠠᠯ᠎ᠤᠨ ᠦᠵᠡᠭᠦᠯᠭᠡ ᠵᠢᠨ ᠲᠢᠩᠬᠢᠮ᠂ ᠶᠡᠷᠦᠩᠬᠡᠢ ᠲᠣᠨᠣᠭᠯᠠᠯ᠎ᠤᠨ ᠲᠠᠰᠤᠭ᠂ ᠳ᠋ᠢᠶᠠᠨ ᡂᠢ ᠦᠢ᠍ᠯᠡᠳᠪᠦᠷᠢᠯᠡᠬᠦ ᠲᠠᠰᠤᠭ ᠵᠡᠷᠭᠡ᠎ᠳᠤ ᠬᠦᠷᠴᠦ᠂ ᠠᠵᠤ ᠠᠬᠤᠢ᠌ᠯᠠᠯ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠳᠤ ᠰᠢᠪᠲᠤᠯᠤᠯᠲᠠ ᠭᠠᠷᠭ᠋ᠠᠭᠰᠠᠨ ᠪᠠ ᠦᠢ᠍ᠯᠡᠳᠭᠦ ᠦᠢ᠍ᠯᠡᠰ᠎ᠤᠨ ᠳᠡᠭᠡᠳᠦ ᠲᠡᠰᠵᠢᠭᠦᠯᠦᠯᠳᠡ᠂ ᠣᠶᠤᠨᠴᠢᠯᠠᠯᠲᠠ᠂ ᠪᠣᠬᠢᠷᠳᠤᠯ ᠦᠭᠡᠢ᠌ᠵᠢᠯᠳᠠ ᠵᠢ ᠠᠬᠢᠭᠤᠯᠤᠭᠰᠠᠨ ᠵᠡᠷᠭᠡ ᠪᠠᠢ᠌ᠳᠠᠯ᠎ᠢ ᠣᠢ᠌ᠯᠠᠭ᠋ᠠᠪᠠ᠃ ᠭᠤᠸᠠᠩᠵᠧᠦ ᠵᠢᠨ ᠮᠠᠰᠢᠨ ᠲᠡᠷᠭᠡᠨ᠎ᠤ ᠰᠤᠳᠤᠯᠭ᠋ᠠᠨ᠎ᠤ ᠬᠦᠷᠢᠶᠡᠯᠡᠩ᠎ᠳᠤ᠂ ᠰᠢ ᠵᠢᠨ ᠫᠢᠩ ᠣᠶᠤᠨᠲᠤ ᠰᠦᠯᠵᠢᠶᠡᠨ᠎ᠤ ᠲᠤᠷᠰᠢᠯᠲᠠ ᠵᠢᠨ ᠲᠠᠰᠤᠭ᠂ ᠵᠠᠭᠪᠤᠷ᠎ᠢ ᠵᠢᠷᠤᠵᠤ ᠲᠥᠯᠥᠪᠯᠡᠬᠦ ᠲᠤᠷᠰᠢᠯᠲᠠ ᠵᠢᠨ ᠲᠠᠰᠤᠭ ᠵᠡᠷᠭᠡ ᠵᠢ ᠨᠠᠷᠢᠨ ᠬᠢᠨᠠᠮᠠᠭ᠋ᠠᠢ ᠪᠠᠢ᠌ᠴᠠᠭ᠋ᠠᠨ ᠦᠵᠡᠭᠰᠡᠨ ᠪᠥᠭᠡᠳ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠂ ᠠᠵᠤ ᠠᠬᠤᠢ᠌ᠯᠠᠯᠲᠠᠨ᠂ ᠠᠵᠢᠯᠲᠠᠨ ᠠᠵᠢᠯᠴᠢᠨ᠂ ᠭᠠᠳᠠᠭ᠋ᠠᠳᠤ ᠪᠡᠯᠡ ᠵᠢᠨ ᠠᠵᠤ ᠠᠬᠤᠢ᠌ᠯᠠᠯ᠎ᠤᠨ ᠲᠥᠯᠥᠭᠡᠯᠡᠭᠴᠢᠳ᠎ᠲᠠᠢ ᠰᠠᠨᠠᠯ ᠵᠶ᠋ᠠᠨ ᠰᠣᠯᠢᠯᠴᠠᠪᠠ᠃ ᠰᠢ ᠵᠢᠨ ᠫᠢᠩ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ ᠵᠢᠨ ᠲᠦᠷᠦ ᠵᠢᠨ ᠪᠣᠳᠣᠯᠭ᠎ᠠ ᠤᠷᠳᠤ ᠬᠤᠭᠤᠴᠠᠭ᠎ᠠ᠎ᠪᠠᠷ ᠬᠤᠪᠢᠷᠠᠬᠤ ᠦᠭᠡᠢ᠂ ᠨᠡᠭᠡᠭᠡᠯᠲᠡ ᠵᠢᠨ ᠡᠭᠦᠳᠡ᠎ᠪᠠᠨ ᠡᠭᠦᠷᠢᠳᠡ ᠥᠪᠡᠷ ᠵᠶ᠋ᠡᠨ ᠬᠠᠭ᠋ᠠᠬᠤ ᠦᠭᠡᠢ ᠶᠤᠮ᠃ ᠪᠢᠳᠡᠨ᠎ᠲᠠᠢ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ᠎ᠲᠤ ᠪᠢᠳᠡ ᠴᠥᠮ ᠳᠤᠷᠠᠲᠠᠶ᠎ᠠ ᠲᠡᠳᠡᠨ᠎ᠲᠠᠢ ᠠᠳᠠᠯᠢ ᠴᠢᠭᠯᠡᠯ ᠵᠶ᠋ᠡᠷ ᠤᠷᠤᠭᠰᠢᠯᠠᠵᠤ᠂ ᠳᠡᠯᠡᠬᠡᠢ ᠵᠢᠨ ᠠᠵᠤ ᠠᠬᠤᠢ ᠵᠢᠨ ᠬᠠᠮᠲᠤ᠎ᠪᠠᠷ ᠴᠡᠴᠡᠭᠯᠡᠨ ᠭᠦᠭᠵᠢᠭᠦ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃ ᠰᠢ ᠵᠢᠨ ᠫᠢᠩ᠂ ᠳᠤᠮᠳᠠᠳᠤ ᠤᠯᠤᠰ ᠪᠣᠯ ᠲᠣᠮᠣ ᠤᠯᠤᠰ ᠮᠥᠨ᠂ ᠪᠣᠳᠠᠲᠤ ᠴᠣᠭᠴᠠ ᠵᠢᠨ ᠠᠵᠤ ᠠᠬᠤᠢ ᠵᠢ ᠴᠢᠬᠤᠯᠠᠴᠢᠯᠠᠵᠤ᠂ ᠥᠪᠡᠷ᠎ᠤᠨ ᠬᠦᠴᠦ᠎ᠪᠠᠷ ᠵᠶ᠋ᠡᠨ ᠳᠡᠭᠵᠢᠷᠡᠬᠦ ᠵᠠᠮ ᠵᠶ᠋ᠠᠷ ᠵᠠᠮᠨᠠᠬᠤ ᠬᠡᠷᠡᠭᠲᠡᠢ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠢ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠬᠦ᠎ᠳᠤ ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ᠎ᠤᠨ ᠬᠠᠮᠲᠤᠷᠠᠯᠴᠠᠭ᠎ᠠ ᠬᠢᠬᠦ ᠵᠢ ᠴᠦ᠍ ᠪᠠᠶᠠᠷᠯᠠᠨ ᠤᠭᠲᠤᠨ᠎ᠠ᠃ ᠰᠤᠷᠭ᠋ᠠᠨ ᠬᠥᠮᠦᠵᠢᠯ ᠪᠠ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠰᠠᠭᠤᠷᠢ ᠵᠢ ᠪᠡᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
13᠎ᠤ ᠦᠳᠡ ᠵᠢᠨ ᠡᠮᠦᠨ᠎ᠡ᠂ ᠰᠢ ᠵᠢᠨ ᠫᠢᠩ ᠭᠤᠸᠠᠩᠳᠦ᠋ᠩ ᠮᠤᠵᠢ ᠵᠢᠨ ᠨᠠᠮ᠎ᠤᠨ ᠬᠣᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠭᠤᠸᠠᠩᠳᠦ᠋ᠩ᠎ᠤᠨ ᠡᠯ᠎ᠡ ᠵᠦᠢ᠍ᠯ᠎ᠤᠨ ᠠᠵᠢᠯ᠎ᠤᠨ ᠠᠮᠵᠢᠯᠲᠠ ᠪᠦᠲᠦᠮᠵᠢ ᠵᠢ ᠨᠤᠲᠠᠯᠠᠪᠠ᠃
ᠰᠢ ᠵᠢᠨ ᠫᠢᠩ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ ᠪᠦᠭᠦ ᠤᠯᠤᠰ᠎ᠤᠨ ᠰᠢᠨ᠎ᠡ ᠬᠥᠭᠵᠢᠯᠲᠡ ᠵᠢᠨ ᠪᠠᠢ᠌ᠷᠢᠰᠢᠯ ᠳᠤᠮᠳᠠ ᠴᠢᠬᠤᠯᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠰᠠᠭᠤᠷᠢ᠎ᠲᠠᠢ ᠶᠤᠮ᠃ ᠭᠤᠸᠠᠩᠳᠦ᠋ᠩ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢ᠌ᠭᠤᠯᠤᠯᠲᠠ ᠵᠢ ᠭᠤᠸᠠᠩᠳᠦ᠋ᠩ᠎ᠤᠨ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠬᠦ ᠶᠡᠬᠡ ᠠᠵᠠ ᠲᠣᠭᠢᠶᠠᠯ᠂ ᠶᠡᠬᠡ ᠶᠠᠪᠤᠳᠠᠯ ᠪᠣᠯᠭ᠋ᠠᠨ ᠱᠠᠯᠠᠪᠳᠠᠨ ᠪᠣᠳᠠᠲᠠᠢ᠌ᠵᠢᠭᠤᠯᠵᠤ᠂ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ᠎ᠳᠤ ᠲᠠᠯᠪᠢᠵᠤ᠂ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ ᠵᠶ᠋ᠠᠷ ᠭᠣᠣᠯ ᠵᠢᠭᠰᠠᠭ᠋ᠠᠯ᠎ᠤᠨ ᠭᠠᠵᠠᠷ ᠪᠤᠯᠭ᠋ᠠᠵᠤ᠂ ᠪᠦᠭᠦ ᠮᠤᠵᠢ ᠵᠢᠨ ᠬᠦᠴᠦᠨ ᠵᠢᠡᠨ ᠳᠠᠢ᠌ᠴᠢᠯᠠᠨ ᠡᠨᠡ ᠬᠦ᠌ ᠶᠡᠬᠡ ᠶᠠᠪᠤᠳᠠᠯ᠎ᠢ ᠰᠠᠢ᠌ᠲᠤᠷ ᠬᠢᠵᠦ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠢ ᠰᠢᠨ᠎ᠡ ᠬᠥᠭᠵᠢᠯᠲᠡ ᠵᠢᠨ ᠪᠠᠢ᠌ᠷᠢᠰᠢᠯ᠎ᠤᠨ ᠪᠠᠢ᠌ᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠯ᠂ ᠴᠢᠨᠠᠷ ᠰᠠᠢ᠌ᠲᠠᠢ ᠬᠥᠭᠵᠢᠯᠲᠡ ᠵᠢᠨ ᠵᠢᠱ᠌ᠢᠶ᠎ᠡ ᠦᠵᠡᠭᠦᠯᠭᠦ ᠭᠠᠵᠠᠷ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠳᠠᠭ᠋ᠠᠭᠤᠯᠤᠭᠴᠢ ᠭᠠᠵᠠᠷ ᠪᠤᠯᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠵᠠᠩᠭᠢᠯᠠᠭ᠎ᠠ ᠪᠣᠯᠣᠨ᠎ᠠ᠃ ᠰᠢᠨ᠎ᠡ ᠵᠢ ᠡᠭᠦᠳᠭᠦ᠎ᠪᠠᠷ ᠬᠥᠭᠵᠢᠯᠲᠡ ᠵᠢᠨ ᠬᠥᠳᠡᠯᠭᠡᠭᠦᠷ ᠪᠤᠯᠭ᠋ᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠵᠢᠨ ᠰᠢᠨ᠎ᠡ ᠵᠢ ᠡᠭᠦᠳᠭᠦ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠭᠦ ᠴᠢᠳᠠᠪᠤᠷᠢ᠎ᠪᠠᠨ ᠴᠢᠨᠠᠭᠰᠢᠳᠠ ᠳᠡᠭᠡᠭᠰᠢᠯᠡᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠲᠠᠯ᠎ᠠ᠎ᠪᠠᠷ ᠨᠡᠩ ᠶᠡᠬᠡ ᠠᠬᠢᠯᠲᠠ᠎ᠲᠠᠢ ᠪᠤᠯᠬᠤ᠎ᠪᠠᠷ ᠴᠢᠷᠮᠠᠢ᠌ᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠢ᠌ᠯᠠᠯ᠎ᠤᠨ ᠰᠢᠨ᠎ᠡ ᠵᠢ ᠡᠭᠦᠳᠭᠦ ᠵᠢ ᠳᠡᠮᠵᠢᠭᠦ᠎ᠪᠠᠨ ᠴᠢᠩᠭ᠋ᠠᠳᠬᠠᠵᠤ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ ᠪᠣᠯᠣᠨ ᠭᠣᠣᠯᠯᠠᠭᠴᠢ ᠥᠷᠢᠰᠦᠯᠳᠦᠬᠦ ᠬᠦᠴᠦᠨ᠎ᠲᠠᠢ ᠨᠡᠩ ᠤᠯᠠᠨ ᠰᠢᠨ᠎ᠡ ᠵᠢ ᠡᠭᠦᠳᠭᠦ ᠭᠡᠯᠪᠡᠷᠢ ᠵᠢᠨ ᠠᠵᠤ ᠠᠬᠤᠢ᠌ᠯᠠᠯ᠎ᠢ ᠪᠣᠢ᠌ᠵᠢᠭᠤᠯᠬᠤ ᠬᠡᠷᠡᠭᠲᠡᠢ᠃ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠵᠤ᠂ ᠰᠢᠨ᠎ᠡ ᠵᠢ ᠡᠭᠦᠳᠭᠦ ᠬᠡᠯᠬᠢᠶ᠎ᠡ ᠠᠵᠤ ᠦᠢ᠍ᠯᠡᠰ᠎ᠤᠨ ᠬᠡᠯᠬᠢᠶ᠎ᠡ ᠪᠡᠯᠡ ᠮᠥᠩᠭᠥᠨ᠎ᠤ ᠬᠡᠯᠬᠢᠶ᠎ᠡ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠠᠵᠤ ᠦᠢ᠍ᠯᠡᠰᠵᠢᠭᠦᠯᠬᠦ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ᠎ᠲᠤ ᠨᠥᠯᠥᠭᠡᠯᠡᠬᠦ ᠬᠦᠴᠦᠨ᠎ᠲᠠᠢ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ ᠲᠥᠪ᠎ᠢ ᠪᠠᠢ᠌ᠭᠤᠯᠬᠤ ᠬᠡᠷᠡᠭᠲᠡᠢ᠃ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠴᠢᠳᠠᠪᠤᠷᠢᠲᠠᠨ᠎ᠤ ᠥᠨᠳᠥᠷᠯᠢᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠳᠡᠭᠡᠳᠦ ᠲᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠭᠦ ᠴᠢᠳᠠᠪᠤᠷᠢᠲᠠᠨ᠎ᠢ ᠲᠥᠪᠯᠡᠷᠡᠭᠦᠯᠬᠦ ᠦᠢ᠍ᠯᠡᠳᠦᠯ᠎ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠳᠠᠲᠠᠢ᠎ᠠᠴᠠ ᠰᠠᠯᠤᠩᠭᠢᠷᠠᠵᠤ ᠬᠡᠢ᠌ᠰᠪᠦᠷᠢ ᠪᠠᠢ᠌ᠵᠤ ᠪᠤᠯᠬᠤ ᠦᠭᠡᠢ᠂ ᠡᠷᠬᠡᠪᠰᠢ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠤᠯᠭ᠋ᠠᠬᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠢ ᠲᠦᠷᠭᠡᠳᠬᠡᠨ ᠪᠠᠢ᠌ᠭᠤᠯᠬᠤ ᠬᠡᠷᠡᠭᠲᠡᠢ᠃ ᠭᠤᠸᠠᠩᠳᠦ᠋ᠩ ᠮᠤᠵᠢ ᠦᠢ᠍ᠯᠡᠳᠭᠦ ᠦᠢ᠍ᠯᠡᠰ ᠵᠶ᠋ᠡᠷ ᠮᠤᠵᠢ᠎ᠪᠠᠨ ᠪᠠᠢ᠌ᠭᠤᠯᠬᠤ ᠵᠢ ᠢᠮᠠᠭᠲᠠ ᠪᠠᠷᠢᠮᠲᠠᠯᠠᠵᠤ᠂ ᠪᠣᠳᠠᠲᠤ ᠴᠣᠭᠴᠠ ᠵᠢᠨ ᠠᠵᠤ ᠠᠬᠤᠢ ᠵᠢ ᠬᠥᠭᠵᠢᠭᠦᠯᠬᠦ ᠵᠢ ᠨᠡᠩ ᠴᠢᠬᠤᠯᠠᠴᠢᠯᠠᠵᠤ᠂ ᠠᠵᠤ ᠦᠢ᠍ᠯᠡᠰ᠎ᠤᠨ ᠭᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦ ᠵᠢ ᠲᠦᠷᠭᠡᠳᠬᠡᠵᠦ᠂ ᠠᠵᠤ ᠦᠢ᠍ᠯᠡᠰ᠎ᠤᠨ ᠰᠠᠭᠤᠷᠢ ᠵᠢᠨ ᠳᠡᠭᠡᠳᠦ ᠳᠡᠰᠵᠢᠯᠳᠡ᠂ ᠠᠵᠤ ᠦᠢ᠍ᠯᠡᠰ᠎ᠤᠨ ᠬᠡᠯᠬᠢᠶ᠎ᠡ ᠵᠢᠨ ᠣᠳᠣᠬᠢᠴᠢᠯᠠᠯᠲᠠ ᠵᠢ ᠠᠬᠢᠭᠤᠯᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠥᠭᠵᠢᠭᠦᠯᠵᠦ᠂ ᠤᠯᠠᠨ ᠤᠯᠤᠰ᠎ᠤᠨ ᠥᠷᠢᠰᠦᠯᠳᠦᠬᠦ ᠬᠦᠴᠦᠨ᠎ᠲᠠᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠪᠦᠭᠦ ᠠᠷᠠᠳ ᠬᠠᠮᠲᠤ᠎ᠪᠠᠷ ᠪᠠᠶᠠᠵᠢᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠮᠥᠨ ᠴᠢᠨᠠᠷ᠎ᠤᠨ ᠣᠨᠴᠠᠯᠢᠭ ᠮᠥᠨ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠪᠣᠯ ᠬᠠᠮᠲᠤ᠎ᠪᠠᠷ ᠪᠠᠶᠠᠵᠢᠬᠤ ᠵᠢ ᠪᠡᠶᠡᠯᠡᠭᠦᠯᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠭᠤᠸᠠᠩᠳᠦ᠋ᠩ ᠣᠷᠣᠨ ᠪᠦᠰᠡ ᠵᠢᠨ ᠬᠥᠭᠵᠢᠯᠲᠡ ᠲᠡᠩᠴᠡᠭᠦᠷᠢ ᠦᠭᠡᠢ ᠪᠠᠢ᠌ᠬᠤ ᠠᠰᠠᠭᠤᠳᠠᠯ ᠵᠢᠡᠨ ᠬᠦᠴᠦ ᠣᠷᠣᠭᠤᠯᠤᠨ ᠰᠢᠢ᠍ᠳᠪᠦᠷᠢᠯᠡᠵᠦ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠵᠢᠨ ᠣᠷᠣᠨ ᠪᠦᠰᠡ ᠠᠯᠤᠰᠯᠠᠨ ᠬᠣᠯᠪᠣᠯᠳᠤᠨ ᠨᠡᠪᠲᠡᠷᠡᠯᠴᠡᠬᠦ᠎ᠪᠠᠨ ᠲᠦᠷᠭᠡᠳᠬᠡᠨ ᠠᠬᠢᠭᠤᠯᠵᠤ᠂ ᠭᠤᠸᠠᠩᠳᠦ᠋ᠩ᠎ᠤᠨ ᠵᠡᠭᠦᠨ ᠬᠡᠰᠡᠭ᠂ ᠭᠤᠸᠠᠩᠳᠦ᠋ᠩ᠎ᠤᠨ ᠪᠠᠷᠠᠭᠤᠨ ᠬᠡᠰᠡᠭ᠂ ᠭᠤᠸᠠᠩᠳᠦ᠋ᠩ᠎ᠤᠨ ᠬᠣᠢ᠌ᠲᠤ ᠬᠡᠰᠡᠭ᠎ᠤᠨ ᠭᠠᠵᠠᠷ ᠣᠷᠣᠨ᠎ᠤ᠎ᠬᠢᠨ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠎ᠤᠨ ᠭᠠᠵᠠᠷ ᠣᠷᠣᠨ᠎ᠤ ᠠᠵᠤ ᠦᠢ᠍ᠯᠡᠰ᠎ᠤᠨ ᠡᠮᠬᠢ ᠵᠢᠷᠤᠮ᠎ᠲᠠᠢ ᠰᠢᠯᠵᠢᠯᠲᠡ ᠵᠢ ᠨᠡᠩ ᠰᠠᠢ᠌ᠲᠤᠷ ᠲᠤᠰᠴᠤ ᠠᠪᠬᠤ ᠵᠢ ᠲᠠᠢ᠌ᠴᠢᠯᠠᠨ ᠠᠬᠢᠭᠤᠯᠬᠤ ᠬᠡᠷᠡᠭᠲᠡᠢ᠃ ᠡᠬᠡ ᠬᠠᠭᠤᠷᠠᠢ ᠪᠠ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠵᠢ ᠬᠠᠮᠵᠢᠯᠴᠠᠭᠤᠯᠬᠤ ᠵᠢ ᠴᠢᠩᠭ᠋ᠠᠳᠬᠠᠵᠤ᠂ ᠭᠠᠷᠠᠮ ᠠᠵᠤ ᠦᠢ᠍ᠯᠡᠰ ᠬᠤᠳᠠ ᠵᠢᠨ ᠪᠦᠬᠦᠯᠢ ᠴᠣᠭᠴᠠ ᠵᠢᠨ ᠪᠠᠢ᠌ᠷᠢᠰᠢᠭᠤᠯᠤᠯᠲᠠ ᠵᠢ ᠴᠢᠩᠭ᠋ᠠᠳᠬᠠᠵᠤ᠂ ᠳᠠᠯᠠᠢ ᠲᠠᠩᠭᠢᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠳᠠᠯᠠᠢ ᠲᠠᠩᠭᠢᠰ᠎ᠤᠨ ᠬᠦᠴᠦᠷᠬᠡᠭ ᠮᠤᠵᠢ ᠵᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠡᠷᠡᠭᠲᠡᠢ᠃ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠤᠯᠭ᠋ᠠᠬᠰᠠᠨ ᠰᠢᠨ᠎ᠡ ᠭᠡᠯᠪᠡᠷᠢ ᠵᠢᠨ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠣᠲᠣ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ᠂ ᠰᠢᠨ᠎ᠡ ᠭᠡᠯᠪᠡᠷᠢ ᠵᠢᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠵᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠢ᠌ᠩᠭᠤᠵᠢᠭᠰᠠᠨ ᠬᠠᠪᠰᠤᠷᠤᠨ ᠲᠡᠳᠭᠦᠭᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠲᠠᠭᠢᠨ ᠶᠠᠳᠠᠭᠤᠷᠠᠬᠤ ᠵᠢ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠭᠣᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ᠎ᠤᠨ ᠨᠠᠮ᠎ᠤᠨ ᠪᠠᠢ᠌ᠭᠤᠯᠤᠯᠲᠠ ᠵᠢᠨ ᠴᠢᠬᠤᠯᠠ ᠶᠡᠬᠡ ᠡᠭᠦᠷᠭᠡ ᠪᠣᠯᠣᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠲᠥᠪ ᠬᠣᠷᠢᠶ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ᠂ ᠺᠠᠳ᠋ᠷᠴᠤᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠤᠯᠭ᠋ᠠᠬᠤ᠂ ᠰᠤᠷᠤᠯᠴᠠᠯᠭ᠎ᠠ᠎ᠪᠠᠷ ᠠᠵᠢᠯᠯᠠᠬᠤ ᠵᠢ ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠭᠠᠷᠭ᠋ᠠᠬᠤ ᠬᠡᠷᠡᠭᠲᠡᠢ᠃ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠎ᠳᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠭᠦᠨᠵᠡᠭᠡᠢ᠌ᠷᠡᠭᠦᠯᠬᠦ᠂ ᠰᠠᠭᠤᠭᠳᠠᠭᠤᠯᠬᠤ᠂ ᠣᠨᠳᠣᠣᠰᠢᠭᠤᠯᠬᠤ ᠠᠵᠢᠯ᠎ᠢ ᠰᠠᠢ᠌ᠲᠤᠷ ᠬᠢᠵᠦ᠂ ᠦᠵᠡᠯ ᠰᠠᠨᠠᠭ᠋ᠠᠨ᠎ᠤ ᠲᠠᠯ᠎ᠠ᠎ᠪᠠᠷ ᠦᠨᠳᠦᠰᠦᠨ᠎ᠠᠴᠠ᠎ᠨᠢ ᠴᠡᠭᠴᠡᠯᠡᠨ ᠵᠠᠰᠠᠵᠤ᠂ ᠦᠨᠳᠦᠰᠦ ᠵᠢ ᠪᠡᠬᠢᠵᠢᠭᠦᠯᠦᠨ ᠰᠠᠭᠤᠷᠢ ᠵᠢ ᠪᠠᠲᠤᠳᠬᠠᠵᠤ᠂ ᠢᠲᠡᠭᠡᠯ ᠪᠢᠰᠢᠷᠡᠯ᠎ᠤᠨ ᠰᠠᠭᠤᠷᠢ ᠵᠢ ᠪᠡᠬᠢᠵᠢᠭᠦᠯᠵᠦ᠂ ᠤᠶᠤᠨ ᠰᠠᠨᠠᠭ᠋ᠠᠨ᠎ᠤ ᠺᠠᠯᠼ᠎ᠢ ᠭᠦᠢ᠍ᠴᠡᠳ ᠨᠥᠬᠥᠪᠦᠷᠢᠯᠡᠵᠦ᠂ ᠦᠵᠡᠯ ᠰᠠᠨᠠᠭ᠋ᠠᠨ᠎ᠤ ᠵᠠᠯᠠᠭᠤᠷ᠎ᠢ ᠯᠠᠪᠳᠠᠭᠤᠨ ᠡᠵᠡᠮᠳᠡᠬᠦ ᠬᠡᠷᠡᠭᠲᠡᠢ᠃ ᠨᠢᠭᠡ᠎ᠳᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠨᠠᠮ᠎ᠤᠨ ᠦᠷᠲᠡᠭ᠎ᠤᠨ ᠬᠥᠭᠡᠭᠡᠴᠡᠯᠳᠦᠯ ᠪᠠ ᠤᠷᠤᠭᠰᠢᠯᠠᠯᠲᠠ ᠵᠢᠨ ᠴᠢᠭᠯᠡᠯ᠎ᠤᠨ ᠲᠤᠬᠠᠢ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠮᠡᠳᠡᠷᠡᠮᠵᠢ᠎ᠪᠠᠨ ᠴᠢᠩᠭ᠋ᠠᠳᠬᠠᠵᠤ᠂ ᠶᠢᠷᠲᠢᠨᠴᠦ ᠵᠢᠨ ᠦᠵᠡᠯᠲᠡ᠂ ᠠᠮᠢᠳᠤᠷᠠᠬᠤᠢ ᠵᠢᠨ ᠦᠵᠡᠯᠲᠡ᠂ ᠦᠷᠲᠡᠭ᠎ᠤᠨ ᠦᠵᠡᠯᠲᠡ ᠭᠡᠬᠦ ᠡᠨᠡ ᠬᠦ᠌ 《ᠶᠡᠷᠦᠩᠬᠡᠢ ᠨᠡᠭᠡᠭᠡᠯᠭᠡ》 ᠵᠢ ᠰᠠᠢ᠌ᠲᠤᠷ ᠡᠵᠡᠮᠳᠡᠬᠦ ᠬᠡᠷᠡᠭᠲᠡᠢ᠃ ᠬᠣᠶᠠᠷ᠎ᠲᠤ᠂ ᠨᠠᠮ᠎ᠳᠠᠭᠠᠨ ᠦᠨᠡᠨᠴᠢ ᠰᠢᠳᠤᠷᠭᠤ ᠪᠠᠢ᠌ᠬᠤ ᠵᠢ ᠪᠠᠲᠤ ᠪᠠᠢ᠌ᠯᠭ᠋ᠠᠵᠤ᠂ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠤᠬᠠᠮᠰᠠᠷ᠎ᠠᠴᠠ᠎ᠪᠠᠨ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠡᠷᠡᠰ ᠬᠠᠮᠠᠭ᠋ᠠᠯᠠᠵᠤ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠵᠢᠨ ᠭᠦᠢ᠍ᠴᠡᠳᠬᠡᠬᠦ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠤᠯᠤᠰ ᠲᠦᠷᠦ ᠵᠢᠨ ᠵᠣᠭᠰᠣᠯᠲᠠ᠂ ᠤᠯᠤᠰ ᠲᠦᠷᠦ ᠵᠢᠨ ᠴᠢᠭᠯᠡᠯ᠂ ᠤᠯᠤᠰ ᠲᠦᠷᠦ ᠵᠢᠨ ᠵᠠᠷᠴᠢᠮ᠂ ᠤᠯᠤᠰ ᠲᠦᠷᠦ ᠵᠢᠨ ᠵᠠᠮ ᠳᠡᠭᠡᠷ᠎ᠡ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠵᠤ᠂ ᠨᠠᠮ᠎ᠳᠠᠭᠠᠨ ᠦᠨᠡᠨᠴᠢ ᠰᠢᠳᠤᠷᠭᠤ ᠪᠠᠢ᠌ᠬᠤ ᠵᠢ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠰᠠᠢ᠌ᠲᠤᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠭᠦ ᠬᠡᠷᠡᠭᠲᠡᠢ᠃ ᠭᠤᠷᠪᠠ᠎ᠳᠤ᠂ ᠠᠷᠠᠳ ᠲᠦᠮᠡᠨ᠎ᠤ ᠵᠣᠭᠰᠣᠯᠲᠠ᠎ᠳᠤ ᠪᠠᠲᠤ ᠵᠣᠭᠰᠣᠵᠤ᠂ ᠵᠣᠷᠢᠯᠲᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠨᠠᠮ᠎ᠤᠨ ᠣᠯᠠᠨ ᠲᠦᠮᠡᠨᠴᠢ ᠱᠤᠭᠤᠮ᠎ᠢ ᠦᠢ᠍ᠯᠡᠳᠦᠯᠭᠡᠵᠢᠭᠦᠯᠵᠦ᠂ ᠠᠷᠠᠳ ᠣᠯᠠᠨ ᠬᠠᠨᠤᠮᠵᠢᠲᠠᠶ ᠪᠠᠢ᠌ᠬᠤ ᠡᠰᠡᠬᠦ᠎ᠪᠠᠷ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠮᠵᠢ ᠵᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭ᠋ᠠᠵᠤ᠂ ᠠᠷᠠᠳ ᠣᠯᠠᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠬᠠᠮᠤᠭ᠎ᠤᠨ ᠰᠢᠭᠤᠳ ᠬᠠᠮᠤᠭ᠎ᠤᠨ ᠪᠣᠳᠠᠲᠠᠢ ᠠᠰᠢᠭ ᠲᠤᠰᠠ ᠵᠢᠨ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠶᠠᠪᠤᠳᠠᠯ᠎ᠢ ᠪᠣᠳᠠᠲᠠᠢ ᠬᠢᠵᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠶᠠᠪᠤᠳᠠᠯ᠎ᠢ ᠨᠠᠷᠢᠯᠢᠭ ᠬᠢᠵᠦ᠂ ᠠᠷᠠᠳ᠎ᠤᠨ ᠰᠠᠨᠠᠭ᠋ᠠᠨ᠎ᠳᠤ ᠨᠡᠢ᠌ᠴᠡᠭᠦᠯᠬᠦ ᠶᠠᠪᠤᠳᠠᠯ᠎ᠢ ᠰᠠᠢ᠌ᠲᠤᠷ ᠬᠢᠵᠦ᠂ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠭᠦ ᠠᠷᠠᠳ ᠲᠦᠮᠡᠨ᠎ᠳᠤ ᠨᠠᠩ ᠣᠯᠠᠨ ᠨᠠᠩ ᠡᠷᠬᠡ ᠲᠡᠭᠰᠢ᠎ᠪᠠᠷ ᠬᠦᠷᠲᠡᠭᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠠᠯᠪᠠᠨ ᠲᠢᠩᠬᠢᠮ᠎ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ᠃
ᠯᠢ ᠭᠠᠨ ᠵᠢᠶᠧ᠂ ᠾᠧ ᠯᠢ ᠹᠧᠩ ᠵᠢᠴᠢ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠵᠤ᠂ ᠭᠣᠣᠯ ᠰᠡᠳᠦᠪᠲᠦ ᠬᠥᠮᠦᠵᠢᠯ᠎ᠤᠨ ᠲᠥᠪ᠎ᠤᠨ ᠳᠣᠯᠣᠳᠤᠭ᠋ᠠᠷ ᠵᠢᠯᠤᠭᠣᠳᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ ᠨᠥᠬᠥᠳ ᠬᠠᠷᠢᠭᠤ ᠮᠡᠳᠡᠭᠦᠯᠦᠯᠲᠡ ᠵᠢᠨ ᠬᠤᠷᠠᠯ᠎ᠳᠤ ᠣᠷᠣᠯᠴᠠᠪᠠ᠃