ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠰᠤᠳᠤᠯᠵᠤ 《ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ
ᠨᠡᠶ᠋ᠢᠲᠡᠯᠡᠭᠰᠡᠨ ᠴᠠᠭ᠄ 2023-04-18

    ᠰᠢᠨᠬᠤᠸᠠ ᠬᠣᠷᠢᠶᠠᠨ᠎ᠤ ᠪᠡᠭᠡᠵᠢᠩ᠎ᠤᠨ 4 ᠳ᠋ᠦ᠍ᠭᠡᠷ ᠰᠠᠷ᠎ᠠ ᠵᠢᠨ 14᠎ᠤ ᠡᠳᠦᠷ᠎ᠤᠨ ᠮᠡᠳᠡᠭᠡ   ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 4 ᠳ᠋ᠦ᠍ᠭᠡᠷ ᠰᠠᠷ᠎ᠠ ᠵᠢᠨ 14᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ᠎ᠳᠤ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠬᠠᠷᠠᠯᠲᠠ ᠵᠢ ᠲᠣᠭᠲᠠᠭ᠋ᠠᠵᠤ᠂ ᠴᠢᠨᠠᠷ ᠰᠠᠢ᠌ᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠤᠶ ᠪᠣᠯᠭ᠋ᠠᠬᠤ ᠪᠠᠢ᠌ᠯᠳᠤᠬᠤ ᠪᠣᠳᠣᠯᠭ᠎ᠠ ᠵᠢᠨ ᠡᠭᠦᠷᠭᠡ ᠵᠢᠨ ᠲᠣᠭᠣᠷᠢᠨ᠎ᠳᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠂ ᠥᠨᠳᠥᠷ ᠬᠢᠷᠢ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ᠂ ᠬᠤᠳᠠ ᠬᠥᠳᠡᠭᠡ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠣᠳᠣᠬᠢᠴᠢᠯᠠᠭᠰᠠᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭᠰᠢ᠎ᠪᠠᠷ ᠪᠦᠬᠦ ᠠᠷᠠᠳ ᠲᠦᠮᠡᠨ᠎ᠳᠤ ᠡᠳ᠋ᠯᠡᠭᠦᠯᠬᠦ ᠬᠡᠷᠡᠭᠲᠡᠢ ᠭᠡᠵᠡᠢ᠃
    ᠬᠤᠷᠠᠯ᠎ᠠᠴᠠ ᠣᠳᠣᠬᠠᠨ᠎ᠤ ᠠᠵᠢᠯ ᠣᠯᠭᠣᠯᠲᠠ ᠵᠢᠨ ᠪᠠᠢ᠌ᠳᠠᠯ ᠪᠣᠯᠣᠨ ᠠᠵᠢᠯ ᠣᠯᠭᠣᠯᠲᠠ ᠵᠢ ᠰᠢᠯᠢᠳᠡᠭᠵᠢᠭᠦᠯᠦᠨ ᠲᠣᠬᠢᠷᠠᠭᠤᠯᠵᠤ ᠲᠣᠭᠲᠠᠪᠤᠷᠢᠵᠢᠭᠤᠯᠬᠤ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠃ ᠲᠦᠷᠦ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠲᠦᠷᠦ ᠵᠢᠨ ᠪᠣᠳᠣᠯᠭ᠎ᠠ ᠵᠢ ᠶᠡᠷᠦᠩᠬᠡᠢ᠎ᠳᠤ᠎ᠨᠢ ᠲᠣᠭᠲᠠᠭᠤᠨ ᠪᠠᠢ᠌ᠯᠭ᠋ᠠᠬᠤ ᠵᠢ ᠪᠠᠲᠤᠯᠠᠬᠤ ᠵᠢᠨ ᠬᠠᠮᠲᠤ᠂ ᠱᠠᠲᠤᠴᠢ ᠴᠢᠨᠠᠷᠲᠠᠢ ᠲᠦᠷᠦ ᠵᠢᠨ ᠪᠣᠳᠣᠯᠭ᠎ᠠ ᠵᠢ ᠬᠠᠨᠳᠤᠯᠭ᠋ᠠᠲᠤ ᠴᠢᠨᠠᠷᠲᠠᠢ᠎ᠪᠠᠷ ᠰᠢᠯᠢᠳᠡᠭᠵᠢᠭᠦᠯᠦᠨ ᠲᠣᠬᠢᠷᠠᠭᠤᠯᠵᠤ ᠪᠠᠭᠤᠷᠠᠢ ᠭᠣᠭᠴᠣᠭ᠎ᠠ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠂ ᠠᠵᠢᠯ ᠣᠯᠭᠣᠯᠲᠠ ᠵᠢᠨ ᠶᠡᠬᠡ ᠲᠠᠯ᠎ᠠ ᠵᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃   ᠦᠯᠡᠳᠡᠭᠡᠯ ᠬᠡᠮᠵᠢᠶ᠎ᠡ ᠵᠢ ᠲᠣᠭᠲᠠᠪᠤᠷᠢᠵᠢᠭᠤᠯᠤᠨ᠂ ᠨᠡᠮᠡᠭᠳᠡᠯ᠎ᠤᠨ ᠬᠡᠮᠵᠢᠶ᠎ᠡ ᠵᠢ ᠥᠷᠭᠡᠳᠬᠡᠵᠦ᠂ ᠭᠣᠣᠯᠳᠠᠯᠭ᠎ᠠ ᠵᠢ ᠪᠠᠲᠤᠯᠠᠬᠤ ᠵᠢ ᠲᠤᠪᠤᠢ᠍ᠢ᠍ᠯᠭ᠋ᠠᠨ᠂ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠳᠡᠮᠵᠢᠬᠦ ᠪᠠ ᠠᠵᠢᠯ᠎ᠤᠨ ᠪᠠᠢ᠌ᠷᠢ ᠨᠡᠮᠡᠭᠳᠡᠭᠦᠯᠤᠨ ᠤᠷᠮᠠᠰᠢᠭᠤᠯᠬᠤ ᠠᠷᠭ᠎ᠠ ᠬᠡᠮᠵᠢᠶ᠎ᠡ ᠵᠢ ᠬᠦᠴᠦᠲᠡᠢ ᠪᠥᠭᠡᠳ ᠪᠦᠲᠦᠮᠵᠢᠲᠡᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠬᠥᠮᠥᠨ ᠬᠡᠷᠡᠭᠯᠡᠬᠦ ᠢᠳᠡᠪᠬᠢᠵᠢᠯ᠎ᠢ ᠨᠡᠩ ᠶᠡᠬᠡ ᠬᠡᠮᠵᠢᠶ᠎ᠡ᠎ᠪᠠᠷ ᠳᠠᠢ᠌ᠴᠢᠯᠠᠬᠤ ᠮᠥᠷᠲᠡᠭᠡᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢ᠂ ᠲᠠᠷᠢᠶᠠᠴᠢᠨ ᠬᠥᠯᠥᠰᠦᠨ ᠠᠵᠢᠯᠴᠢᠨ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ ᠦᠢ᠍ᠯᠡᠴᠢᠯᠡᠭᠡ ᠵᠢ ᠬᠢᠨᠠᠮᠠᠭ᠋ᠠᠢ ᠰᠠᠢ᠌ᠲᠤᠷ ᠬᠢᠵᠦ᠂ ᠲᠦᠷᠦ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠬᠡᠪᠴᠢᠶ᠎ᠡ ᠵᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠠᠵᠢᠯ ᠣᠯᠭᠣᠯᠲᠠ ᠵᠢᠨ ᠣᠷᠣᠨ ᠵᠠᠢ ᠵᠢ ᠤᠯᠠᠨ ᠠᠷᠭ᠎ᠠ ᠵᠠᠮ ᠵᠶ᠋ᠠᠷ ᠥᠷᠭᠡᠳᠬᠡᠬᠦ ᠬᠡᠷᠡᠭᠲᠡᠢ᠃ ᠠᠵᠢᠯ ᠠᠯᠳᠠᠭᠰᠠᠳ ᠪᠠ ᠠᠵᠢᠯ ᠣᠯᠬᠤ᠎ᠳᠤ ᠬᠦᠴᠢᠷᠲᠡᠢ ᠪᠤᠰᠤᠳ ᠬᠥᠮᠥᠰ᠎ᠢ ᠲᠦᠷᠦᠯ ᠬᠤᠪᠢᠶᠠᠨ ᠬᠠᠪᠰᠤᠷᠤᠨ ᠲᠡᠳᠬᠦᠬᠦ ᠬᠡᠷᠡᠭᠲᠡᠢ᠃ ᠪᠦᠲᠦᠴᠡ ᠵᠢᠨ ᠴᠢᠨᠠᠷᠲᠠᠢ ᠠᠵᠢᠯ ᠣᠯᠭᠣᠯᠲᠠ ᠵᠢᠨ ᠵᠥᠷᠢᠴᠡᠯ᠎ᠢ ᠬᠦᠴᠦᠯᠡᠨ ᠰᠢᠢ᠍ᠳᠪᠦᠷᠢᠯᠡᠵᠦ᠂ ᠪᠣᠳᠠᠲᠠᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠦᠢ᠍ᠯᠡᠳᠬᠦ ᠦᠢ᠍ᠯᠡᠰ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ ᠵᠡᠷᠭᠡ ᠵᠢᠨ ᠠᠵᠢᠯ ᠣᠯᠭᠣᠯᠲᠠ ᠵᠢᠨ ᠬᠡᠪᠴᠢᠶ᠎ᠡ ᠵᠢ ᠲᠣᠭᠲᠠᠪᠤᠷᠢᠵᠢᠭᠤᠯᠵᠤ᠂ ᠠᠵᠢᠯ ᠣᠯᠭᠣᠯᠲᠠ ᠵᠢᠨ ᠤᠳᠤᠷᠢᠳᠤᠮᠵᠢ ᠵᠢ ᠲᠣᠪᠤᠢ᠌ᠯᠭ᠋ᠠᠨ ᠶᠡᠬᠡ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ᠎ᠳᠤ ᠬᠠᠨᠳᠤᠭᠤᠯᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠣᠯᠣᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠬᠣᠷᠸ᠎ᠠ ᠲᠦᠷᠦ ᠵᠢᠨ ᠪᠣᠳᠣᠯᠭ᠎ᠠ᠂ ᠠᠵᠤ ᠦᠢ᠍ᠯᠡᠰ᠎ᠤᠨ ᠲᠦᠷᠦ ᠵᠢᠨ ᠪᠣᠳᠣᠯᠭ᠎ᠠ ᠵᠡᠷᠭᠡ ᠵᠢᠨ ᠳᠡᠮᠵᠢᠯᠭᠡ ᠵᠢ ᠴᠢᠩᠭ᠋ᠠᠳᠬᠠᠵᠤ᠂ ᠪᠦᠲᠦᠮᠵᠢᠲᠡᠢ ᠬᠡᠷᠡᠭᠴᠡᠭᠡ ᠵᠢ ᠥᠷᠭᠡᠳᠬᠡᠬᠦ ᠂ ᠵᠠᠬ᠎ᠠ ᠳᠡᠯᠭᠡᠭᠦᠷ᠎ᠤᠨ ᠢᠲᠡᠭᠡᠯ᠎ᠢ ᠨᠡᠮᠡᠭᠳᠡᠭᠦᠯᠬᠦ ᠪᠠ ᠠᠵᠤ ᠠᠬᠤᠢ᠌ᠯᠠᠯ᠎ᠤᠨ ᠡᠵᠡᠩᠨᠡᠯᠲᠡ ᠵᠢ ᠲᠣᠭᠲᠠᠪᠤᠷᠢᠵᠢᠭᠤᠯᠬᠤ᠎ᠪᠠᠷ ᠳᠠᠮᠵᠢᠭᠤᠯᠤᠨ ᠨᠡᠩ ᠤᠯᠠᠨ ᠠᠵᠢᠯ ᠣᠯᠭᠣᠯᠲᠠ ᠵᠢ ᠲᠠᠢ᠍ᠢ᠍ᠴᠢᠯᠠᠵᠤ᠂ ᠠᠵᠢᠯ ᠣᠯᠭᠣᠯᠲᠠ ᠵᠢᠨ ᠨᠡᠮᠡᠭᠳᠡᠯ ᠪᠣᠯᠣᠨ ᠠᠵᠤ ᠠᠬᠤᠢ ᠵᠢᠨ ᠬᠥᠭᠵᠢᠯᠲᠡ ᠵᠢᠨ ᠬᠠᠷᠢᠯᠴᠠᠨ ᠠᠬᠢᠭᠤᠯᠵᠤ ᠬᠠᠮᠲᠤ᠎ᠪᠠᠷ ᠤᠷᠤᠭᠰᠢᠯᠠᠬᠤ ᠵᠢ ᠠᠬᠢᠭᠤᠯᠬᠤ ᠬᠡᠷᠡᠭᠲᠡᠢ ᠭᠡᠵᠡᠢ᠃
      ᠬᠤᠷᠠᠯ᠎ᠠᠴᠠ 《ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》 ᠎ᠢ ᠬᠢᠨᠠᠨ ᠵᠥᠪᠯᠡᠵᠦ ᠪᠠᠲᠤᠯᠠᠪᠠ᠃ ᠬᠤᠷᠠᠯ᠎ᠠᠴᠠ᠂ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠡᠷᠡᠭᠯᠡᠯᠲᠡ ᠶᠠᠪᠤᠬᠤ ᠳᠤᠳᠤᠮ ᠥᠷᠭᠡᠳᠴᠦ᠂ ᠢᠨᠲᠸᠷ ᠰᠦᠯᠵᠢᠶ᠎ᠡ ᠪᠣᠯᠣᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠬᠤ᠂ ᠠᠷᠠᠳ ᠢᠷᠭᠡᠳ ᠪᠣᠯᠣᠨ ᠬᠠᠤᠯᠢ ᠵᠢᠨ ᠡᠷᠬᠡᠲᠡᠨ᠎ᠤ ᠡᠷᠬᠡ ᠠᠰᠢᠭ᠎ᠢ ᠬᠠᠮᠠᠭ᠋ᠠᠯᠠᠬᠤ ᠲᠠᠯ᠎ᠠ᠎ᠪᠠᠷ᠎ᠬᠢ ᠴᠢᠬᠤᠯᠠ ᠴᠢᠨᠠᠷ ᠡᠳᠦᠷ ᠢᠷᠡᠬᠦᠶ᠎ᠡ ᠲᠣᠪᠣᠢ᠌ᠮ᠎ᠠ ᠪᠣᠯᠵᠤ ᠪᠠᠢ᠌ᠨ᠎ᠠ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠠᠪᠴᠠᠩ᠎ᠤᠨ ᠠᠵᠤ ᠠᠬᠤᠢ᠌ᠯᠠᠯ᠎ᠠᠴᠠ ᠬᠡᠷᠡᠭᠯᠡᠭᠴᠢ ᠵᠢᠨ ᠨᠢᠭᠤᠴᠠ ᠨᠣᠮᠧᠷ᠎ᠤᠨ ᠬᠠᠮᠠᠭ᠋ᠠᠯᠠᠯᠲᠠ ᠵᠢᠨ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠵᠢ ᠰᠢᠮᠳᠠᠭᠤᠯᠵᠤ᠂ ᠬᠤᠪᠢ ᠬᠥᠮᠥᠨ᠎ᠤ ᠨᠢᠭᠤᠴᠠ᠂ ᠬᠤᠳᠠᠯᠳᠤᠭ᠋ᠠᠨ᠎ᠤ ᠨᠢᠭᠤᠴᠠ ᠪᠠ ᠵᠠᠰᠠᠭ᠎ᠤᠨ ᠣᠷᠳᠣᠨ᠎ᠤ ᠬᠤᠷᠴᠠ ᠰᠡᠷᠭᠡᠭ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠲᠣᠭ᠋ᠠᠴᠢᠯᠠᠭᠰᠠᠨ ᠠᠵᠤ ᠠᠬᠤᠢ ᠵᠢᠨ ᠲᠦᠷᠭᠡᠨ ᠬᠥᠭᠵᠢᠯᠲᠡ ᠵᠢᠨ ᠬᠠᠨᠳᠤᠰᠢ᠎ᠳᠤ ᠨᠡᠩ ᠰᠠᠢ᠌ᠨ ᠵᠣᠬᠢᠴᠠᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠠᠵᠤ ᠦᠢ᠍ᠯᠡᠰᠵᠢᠭᠦᠯᠦᠨ ᠬᠡᠷᠡᠭᠯᠡᠬᠦ ᠵᠢ ᠠᠬᠢᠭᠤᠯᠵᠤ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠵᠠᠬ᠎ᠠ ᠳᠡᠯᠭᠡᠭᠦᠷ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠨ ᠭᠠᠷᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ ᠎ᠳᠠᠭᠠᠨ ᠴᠢᠬᠤᠯᠠᠴᠢᠯᠠᠭᠰᠠᠨ᠎ᠨᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠵᠠᠢ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠦ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ᠎ᠢ ᠬᠢᠨᠠᠨ ᠵᠥᠪᠯᠡᠵᠦ ᠪᠠᠲᠤᠯᠠᠪᠠ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠠᠩ ᠰᠠᠢ᠌ᠲᠤᠷ ᠳᠡᠮᠵᠢᠬᠦ ᠲᠤᠬᠠᠢ ᠪᠠᠢ᠌ᠷᠢᠯᠠᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠶ᠎ᠠ
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ
 
            