ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ ᠎ᠳᠠᠭᠠᠨ ᠴᠢᠬᠤᠯᠠᠴᠢᠯᠠᠭᠰᠠᠨ᠎ᠨᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠵᠠᠢ
ᠨᠡᠶ᠋ᠢᠲᠡᠯᠡᠭᠰᠡᠨ ᠴᠠᠭ᠄ 2023-04-24

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 4 ᠰᠠᠷ᠎ᠠ ᠵᠢᠨ 21᠎ᠤ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠡᠷᠭᠢᠯᠡᠭᠴᠢ ᠰᠢ ᠵᠢᠨ ᠫᠢᠩ 4 ᠰᠠᠷ᠎ᠠ ᠵᠢᠨ 21᠎ᠤ ᠦᠳᠡ ᠵᠢᠨ ᠬᠣᠢ᠌ᠨ᠎ᠠ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ᠎ᠤ   ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ ᠮᠥᠨ᠂ ᠪᠠᠰᠠ ᠴᠤ᠌ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ᠎ᠤᠨ ᠤᠢ ᠪᠠ ᠨᠠᠮ᠎ᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠠ ᠬᠤᠷᠠᠯ ᠬᠤᠷᠠᠯᠳᠤᠭᠰᠠᠨ 10 ᠵᠢᠯ᠎ᠤᠨ ᠤᠢ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ᠎ᠤ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ᠂ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠦᠨᠳᠦᠰᠦᠨ ᠬᠦᠳᠡᠯᠭᠡᠬᠦ ᠬᠦᠴᠦᠨ ᠪᠣᠯᠭ᠋ᠠᠵᠤ᠂ ᠶᠡᠬᠡ ᠲᠠᠯ᠎ᠠ ᠵᠢ ᠲᠣᠭᠲᠠᠭᠤᠨ ᠪᠠᠢ᠌ᠯᠭ᠋ᠠᠬᠤ᠂ ᠬᠤᠪᠢᠷᠠᠯᠲᠠ ᠵᠢ ᠠᠷᠭ᠋ᠠᠴᠠᠭ᠋ᠠᠬᠤ᠂ ᠰᠢᠨ᠎ᠡ ᠪᠠᠢ᠌ᠳᠠᠯ᠎ᠢ ᠡᠭᠦᠳᠬᠦ ᠴᠢᠬᠤᠯᠠ ᠭᠠᠷᠳᠠᠴᠠ ᠪᠣᠯᠭ᠋ᠠᠵᠤ᠂ ᠴᠢᠭᠯᠡᠯ ᠵᠶ᠋ᠡᠨ ᠣᠨᠣᠪᠴᠢᠲᠠᠢ ᠡᠵᠡᠮᠳᠡᠵᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠌ ᠨᠢᠩ᠂ ᠼᠠᠢ ᠴᠢ ᠬᠤᠷᠠᠯ᠎ᠳᠤ ᠣᠷᠣᠯᠴᠠᠵᠠᠢ᠃
      ᠬᠤᠷᠠᠯ᠎ᠠᠴᠠ 《ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠬᠤ ᠲᠤᠬᠠᠢ ᠰᠠᠨᠠᠯ》᠂ 《ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠬᠠᠮᠢᠶᠠᠷᠤᠯᠲᠠ ᠵᠢ ᠴᠢᠩᠭ᠋ᠠᠳᠬᠠᠨ ᠰᠠᠢ᠌ᠵᠢᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠬᠦᠴᠦᠲᠡᠢ ᠳᠡᠮᠵᠢᠬᠦ ᠲᠤᠬᠠᠢ ᠰᠠᠨᠠᠯ》᠂ 《ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠬᠤ ᠲᠤᠬᠠᠢ ᠰᠠᠨᠠᠯ》 ᠪᠣᠯᠣᠨ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠵᠢᠯ᠎ᠤᠨ ᠳᠦᠷᠢᠮ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠲᠤᠰᠬᠠᠢ ᠳᠤᠭᠤᠢ᠌ᠯᠠᠩ᠎ᠤᠨ ᠠᠵᠢᠯ᠎ᠤᠨ ᠳᠦᠷᠢᠮ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠯᠪᠠᠨ ᠭᠡᠷ᠎ᠤᠨ ᠠᠵᠢᠯ᠎ᠤᠨ ᠨᠠᠷᠢᠨ ᠳᠦᠷᠢᠮ》᠂ 《ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ 2023 ᠣᠨ᠎ᠤ ᠠᠵᠢᠯ᠎ᠤᠨ ᠭᠣᠣᠯᠳᠠᠯᠭ᠎ᠠ》 ᠵᠢ ᠬᠢᠨᠠᠨ ᠵᠥᠪᠯᠡᠵᠦ   ᠪᠠᠲᠤᠯᠠᠪᠠ᠃
      ᠬᠤᠷᠠᠯ᠎ᠠᠴᠠ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠬᠤ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠤᠨ ᠪᠡᠶᠡᠯᠡᠭᠦᠯᠬᠦ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠣᠨ᠎ᠠ᠃ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂  《ᠬᠡᠨ᠎ᠤ ᠲᠥᠯᠥᠭᠡ ᠰᠢᠨ᠎ᠡ ᠵᠢ ᠡᠭᠦᠳᠬᠦ᠂ ᠬᠡᠨ ᠰᠢᠨ᠎ᠡ ᠵᠢ ᠡᠭᠦᠳᠬᠦ᠂ ᠶᠠᠭᠤ ᠵᠢ ᠰᠢᠨ᠎ᠡ ᠵᠢ ᠡᠭᠦᠳᠬᠦ᠂ ᠬᠡᠷᠬᠢᠨ ᠰᠢᠨ᠎ᠡ ᠵᠢ ᠡᠭᠦᠳᠬᠦ》ᠵᠢᠨ ᠲᠣᠭᠣᠷᠢᠨ᠎ᠳᠤ᠂ ᠳᠦᠷᠢᠮ᠎ᠤᠨ ᠪᠠᠢ᠌ᠭᠤᠯᠤᠯᠲᠠ᠎ᠠᠴᠠ ᠡᠭᠦᠰᠴᠦ᠂ ᠮᠡᠷᠭᠡᠵᠢᠯ᠎ᠤᠨ ᠰᠢᠨ᠎ᠡ ᠵᠢ ᠡᠭᠦᠳᠬᠦ ᠰᠢᠢ᠍ᠳᠪᠦᠷᠢᠲᠦ ᠪᠣᠳᠣᠯᠭ᠎ᠠ᠂ ᠰᠤᠳᠤᠯᠤᠨ ᠨᠡᠭᠡᠭᠡᠬᠦ ᠣᠷᠤᠭᠤᠯᠤᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ᠂ ᠦᠷ᠎ᠡ ᠪᠦᠲᠦᠭᠡᠯ᠎ᠢ ᠣᠨᠳᠣᠣᠰᠢᠭᠤᠯᠬᠤ ᠪᠦᠭᠦ ᠬᠡᠯᠬᠢᠶᠡᠨ᠎ᠤ ᠪᠦᠬᠦᠯᠢ ᠴᠣᠭᠴᠠ ᠵᠢᠨ ᠪᠠᠢ᠌ᠷᠢᠯᠠᠭᠤᠯᠤᠯᠲᠠ ᠬᠢᠵᠦ᠂ ᠲᠥᠷᠥ ᠵᠢᠨ ᠪᠣᠳᠣᠯᠭ᠎ᠠ᠂ ᠪᠡᠯᠡ ᠮᠥᠩᠭᠥ᠂ ᠲᠥᠷᠥᠯ ᠵᠦᠢ᠍ᠯ᠂ ᠲᠠᠪᠴᠠᠩ᠂ ᠴᠢᠳᠠᠪᠤᠷᠢᠲᠠᠨ ᠵᠡᠷᠭᠡ ᠵᠠᠩᠭᠢᠯᠠᠭ᠎ᠠ ᠵᠢᠨ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠰᠢᠰᠲ᠋ᠧᠮ᠎ᠤᠨ ᠪᠠᠢ᠌ᠷᠢᠰᠢᠭᠤᠯᠤᠯᠲᠠ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠪᠠ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠬᠦ ᠵᠢ ᠨᠢᠭᠡ ᠴᠣᠭᠴᠠᠵᠢᠭᠤᠯᠤᠨ ᠠᠬᠢᠭᠤᠯᠵᠤ᠂ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠭᠰᠠᠨ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠥᠨᠳᠥᠷ ᠦᠷ᠎ᠡ ᠪᠦᠲᠦᠮᠵᠢᠲᠡᠢ ᠬᠠᠮᠵᠢᠯᠴᠠᠭᠰᠠᠨ ᠭᠦᠨᠵᠡᠭᠡᠢ ᠠᠭᠤᠰᠤᠯᠴᠠᠭᠰᠠᠨ ᠰᠢᠨ᠎ᠡ ᠵᠢ ᠡᠭᠦᠳᠬᠦ ᠰᠢᠰᠲ᠋ᠧᠮ᠎ᠢ ᠠᠬᠢᠭᠤᠯᠤᠨ ᠪᠦᠷᠢᠯᠳᠦᠭᠦᠯᠬᠦ ᠬᠡᠷᠡᠭᠲᠡᠢ᠃ ᠤᠯᠤᠰ᠎ᠤᠨ ᠪᠠᠢ᠌ᠯᠳᠤᠬᠤ ᠪᠣᠳᠣᠯᠭ᠎ᠠ ᠪᠠ ᠠᠵᠤ ᠦᠢ᠍ᠯᠡᠰ᠎ᠤᠨ ᠬᠥᠭᠵᠢᠯᠲᠡ ᠵᠢᠨ ᠴᠢᠬᠤᠯᠠ ᠶᠡᠬᠡ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠤᠯᠤᠰ᠎ᠤᠨ ᠴᠢᠬᠤᠯᠠ ᠶᠡᠬᠡ ᠰᠢᠨ᠎ᠡ ᠵᠢ ᠡᠭᠦᠳᠬᠦ᠎ᠳᠤ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠣᠷᠤᠯᠴᠠᠬᠤ ᠵᠢ ᠢᠳᠡᠪᠬᠢᠲᠡᠢ ᠵᠣᠷᠢᠭᠵᠢᠭᠤᠯᠤᠨ ᠪᠦᠲᠦᠮᠵᠢᠲᠡᠢ ᠬᠥᠲᠥᠯᠥᠨ ᠵᠢᠯᠤᠭᠣᠳᠴᠤ᠂ ᠠᠵᠤ ᠠᠬᠤᠢ᠌ᠯᠠᠯ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠴᠢᠬᠤᠯᠠ ᠶᠡᠬᠡ ᠤᠤᠭ᠋ᠠᠯ ᠡᠭᠦᠳᠦᠯᠲᠡ ᠵᠢᠨ ᠮᠡᠷᠭᠡᠵᠢᠯ᠎ᠤᠨ ᠰᠢᠪᠲᠤᠯᠤᠯᠲᠠ᠎ᠳᠤ ᠦᠢ᠍ᠯᠡᠳᠦᠯ ᠦᠵᠡᠭᠦᠯᠭᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠬᠠᠮᠢᠶᠠᠷᠤᠯᠲᠠ ᠵᠢ ᠴᠢᠩᠭ᠋ᠠᠳᠬᠠᠨ ᠰᠠᠢ᠌ᠵᠢᠷᠠᠭᠤᠯᠬᠤ᠎ᠳᠤ᠂ ᠰᠢᠨ᠎ᠡ ᠴᠠᠭ ᠦᠶ᠎ᠡ ᠰᠢᠨ᠎ᠡ ᠠᠶᠠᠨ᠎ᠤ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠡᠭᠦᠷᠭᠡᠯᠡᠵᠦ ᠪᠠᠢ᠌ᠭ᠎ᠠ ᠡᠭᠦᠷᠭᠡ ᠪᠣᠯᠣᠨ ᠴᠢᠳᠠᠮᠵᠢ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠎ᠳᠤ ᠦᠢ᠍ᠯᠡᠴᠢᠯᠡᠬᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠬᠠᠮᠲᠤ᠎ᠪᠠᠷ ᠪᠠᠶᠠᠵᠢᠬᠤ ᠵᠢ ᠠᠬᠢᠭᠤᠯᠬᠤ᠂ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠪᠠᠢ᠌ᠯᠳᠤᠬᠤ ᠪᠣᠳᠣᠯᠭ᠎ᠠ ᠵᠢᠨ ᠥᠨᠳᠥᠷᠴᠡ᠎ᠠᠴᠠ ᠡᠭᠦᠰᠴᠦ᠂ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠠᠮᠤᠷ ᠲᠦᠪᠰᠢᠨ᠎ᠤ ᠬᠠᠷᠢᠭᠤᠴᠠᠯᠭ᠎ᠠ᠂ ᠶᠠᠰᠤ ᠴᠢᠨᠠᠷ᠎ᠤᠨ ᠪᠦᠲᠦᠴᠡ᠂ ᠡᠳ᠋ ᠬᠥᠷᠥᠩᠭᠡ ᠪᠣᠯᠣᠨ ᠠᠵᠤ ᠠᠬᠤᠢ᠌ᠯᠠᠯ᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠵᠦ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠳᠤᠲᠠᠭᠤᠳᠠᠯ᠎ᠢ ᠨᠥᠬᠥᠪᠦᠷᠢᠯᠡᠬᠦ᠂ ᠪᠠᠭᠤᠷᠠᠢ ᠲᠠᠯ᠎ᠠ ᠵᠢ ᠬᠦᠴᠦᠷᠬᠡᠭᠵᠢᠭᠦᠯᠬᠦ᠂ ᠰᠠᠭᠤᠷᠢ ᠵᠢ ᠪᠡᠬᠢᠵᠢᠭᠦᠯᠬᠦ᠂ ᠳᠠᠪᠠᠭᠤᠯᠢᠭ᠎ᠢ ᠪᠠᠳᠠᠷᠠᠭᠤᠯᠬᠤ᠎ᠪᠠᠷ ᠬᠦᠴᠦᠯᠡᠵᠦ᠂ ᠳᠡᠭᠡᠳᠦ ᠳᠠᠪᠬᠤᠷᠭ᠎ᠠ᠎ᠠᠴᠠ ᠨᠢᠭᠡᠳᠦᠯᠲᠡᠢ ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ᠎ᠨᠢ ᠥᠨᠳᠥᠷ ᠪᠦᠲᠦᠮᠵᠢᠲᠡᠢ᠂ ᠬᠢᠨᠠᠯᠲᠠ ᠬᠠᠮᠢᠶᠠᠷᠤᠯᠲᠠ᠎ᠨᠢ ᠬᠦᠴᠦᠲᠡᠢ ᠤᠯᠤᠰ᠎ᠤᠨ ᠥᠮᠴᠢᠯᠡᠯ᠎ᠤᠨ ᠠᠵᠤ ᠠᠬᠤᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠳᠡᠮᠵᠢᠬᠦ ᠪᠣᠯ ᠨᠠᠮ᠎ᠤᠨ ᠲᠥᠪ ᠬᠣᠷᠢᠶ᠎ᠠ ᠵᠢᠨ ᠢᠮᠠᠭᠲᠠ ᠵᠢᠨ ᠴᠢᠭᠯᠡᠯᠲᠡ ᠮᠥᠨ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠨ ᠪᠤᠵᠠᠭ᠋ᠠᠢ᠌ᠷᠠᠬᠤ ᠵᠢ ᠠᠬᠢᠭᠤᠯᠬᠤ᠎ᠳᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠣᠷᠴᠢᠨ᠎ᠢ ᠬᠦᠴᠦᠯᠡᠨ ᠰᠢᠯᠢᠳᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠡᠷᠬᠡ ᠲᠡᠭᠰᠢ᠎ᠪᠠᠷ ᠣᠷᠤᠯᠴᠠᠬᠤ ᠵᠢ ᠬᠢᠵᠠᠭ᠋ᠠᠷᠯᠠᠵᠤ ᠪᠠᠢ᠌ᠭ᠎ᠠ ᠳᠦᠷᠢᠮ᠎ᠤᠨ ᠬᠠᠷᠰᠢ ᠰᠠᠭ᠋ᠠᠳ᠎ᠢ ᠠᠷᠢᠯᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠴᠢᠨᠠᠷ ᠰᠠᠢ᠌ᠲᠠᠢ ᠬᠥᠭᠵᠢᠯᠲᠡ ᠵᠢᠨ ᠳᠤᠮᠳᠠ ᠪᠠᠢ᠌ᠷᠢ ᠲᠣᠭᠲᠠᠭ᠋ᠠᠯᠲᠠ ᠵᠢ᠎ᠨᠢ ᠵᠥᠪ ᠵᠢᠡᠷ ᠣᠯᠭᠣᠵᠤ᠂ ᠠᠵᠤ ᠠᠬᠤᠢ᠌ᠯᠠᠯ᠎ᠤᠨ ᠲᠣᠰ ᠪᠡᠶ᠎ᠡ ᠵᠢᠨ ᠥᠭᠡᠷᠡᠴᠢᠯᠡᠯᠲᠡ ᠬᠥᠭᠵᠢᠯᠲᠡ᠂ ᠲᠣᠭᠲᠠᠭ᠋ᠠᠯ᠎ᠳᠤ ᠨᠡᠢ᠌ᠴᠡᠭᠰᠡᠨ ᠡᠵᠡᠩᠨᠡᠯᠲᠡ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠪᠠᠷ ᠳᠠᠮᠵᠢᠭᠤᠯᠤᠨ ᠬᠥᠭᠵᠢᠯᠲᠡ ᠵᠢᠨ ᠶᠠᠰᠤ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠣᠨᠴᠠᠯᠢᠭ᠎ᠢ ᠭᠦᠢ᠍ᠴᠡᠳ ᠪᠣᠳᠣᠯᠬᠢᠯᠠᠵᠤ᠂ ᠲᠦᠷᠦ ᠵᠢᠨ ᠪᠣᠳᠣᠯᠭ᠎ᠠ ᠵᠢ ᠬᠡᠷᠡᠭᠵᠢᠭᠦᠯᠬᠦ ᠠᠷᠭ᠎ᠠ ᠬᠡᠯᠪᠡᠷᠢ ᠵᠢ ᠲᠡᠭᠦᠯᠳᠡᠷᠵᠢᠭᠦᠯᠵᠦ᠂ ᠲᠦᠷᠦ ᠵᠢᠨ ᠪᠣᠳᠣᠯᠭ᠎ᠠ ᠵᠢᠨ ᠵᠣᠬᠢᠴᠠᠩᠭᠤᠢ ᠴᠢᠨᠠᠷ᠎ᠢ ᠴᠢᠩᠭ᠋ᠠᠳᠬᠠᠵᠤ᠂ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢᠨ ᠣᠨᠣᠪᠴᠢᠲᠠᠢ᠎ᠪᠠᠷ ᠰᠢᠭᠤᠳ ᠬᠦᠷᠬᠦ ᠵᠢ ᠠᠬᠢᠭᠤᠯᠵᠤ᠂ ᠠᠵᠤ ᠠᠬᠤᠢ᠌ᠯᠠᠯ᠎ᠤᠨ ᠪᠣᠳᠠᠲᠠᠢ ᠬᠦᠴᠢᠷᠳᠡᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ᠃ ᠳᠣᠲᠣᠨᠣ ᠴᠢᠬᠡᠴᠢ ᠵᠠᠰᠠᠭ᠎ᠤᠨ ᠣᠷᠳᠣᠨ ᠪᠠ ᠬᠤᠳᠠᠯᠳᠤᠭ᠋ᠠᠴᠢᠨ᠎ᠤ ᠬᠠᠷᠢᠴᠠᠭ᠎ᠠ ᠵᠢ ᠪᠠᠢ᠌ᠭᠤᠯᠬᠤ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠮᠥᠰ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠵᠢ ᠬᠥᠲᠥᠯᠥᠨ ᠵᠢᠯᠤᠭᠣᠳᠴᠤ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠯᠤᠲᠤ ᠶᠡᠬᠡ ᠤᠯᠤᠰ ᠲᠥᠷᠥ ᠵᠢᠨ ᠰᠥᠰᠥ ᠵᠣᠷᠢᠭ ᠵᠶ᠋ᠠᠷ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠠᠷᠠᠯᠲᠠ᠎ᠪᠠᠷ ᠵᠢᠯᠣᠭᠣᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠤᠢ᠌ᠯᠭ᠋ᠠᠵᠤ᠂ ᠵᠣᠷᠢᠭᠲᠠᠢ᠎ᠪᠠᠷ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠵᠣᠷᠢᠭᠲᠠᠢ᠎ᠪᠠᠷ ᠪᠡᠷᠬᠡ ᠵᠢ ᠳᠤᠭᠤᠯᠵᠤ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ᠎ᠳᠤ ᠵᠣᠷᠢᠭᠲᠠᠢ᠎ᠪᠠᠷ ᠬᠠᠨᠳᠤᠵᠤ᠂ ᠡᠯ᠎ᠡ ᠲᠠᠯ᠎ᠠ ᠵᠢᠨ ᠪᠠᠢ᠌ᠭᠤᠯᠤᠮᠵᠢ ᠲᠣᠭᠲᠠᠴᠠ ᠵᠢᠨ ᠭᠡᠮ ᠰᠣᠭᠣᠭ᠎ᠢ ᠡᠷᠡᠰ ᠠᠷᠢᠯᠭ᠋ᠠᠵᠤ᠂ ᠤᠷᠢᠳ ᠡᠮᠦᠨ᠎ᠡ ᠪᠠᠢ᠌ᠭ᠎ᠠ ᠦᠭᠡᠢ ᠡᠷᠴᠢᠮ ᠵᠶ᠋ᠡᠷ ᠰᠢᠨ᠎ᠡ ᠪᠠᠢ᠌ᠳᠠᠯ᠎ᠢ ᠨᠡᠭᠡᠭᠡᠪᠡ᠃ ᠰᠢᠨ᠎ᠡ ᠴᠠᠭ ᠦᠶ᠎ᠡ ᠵᠢᠨ 10 ᠵᠢᠯ᠎ᠳᠤ᠂ ᠪᠢᠳᠡᠨ᠎ᠤ ᠠᠬᠢᠭᠤᠯᠤᠭᠰᠠᠨ ᠥᠭᠡᠷᠡᠴᠢᠯᠡᠯᠲᠡ ᠪᠣᠯ ᠪᠦᠭᠦ ᠲᠠᠯ᠎ᠠ ᠵᠢᠨ᠂ ᠭᠦᠨ ᠳᠠᠪᠬᠤᠷᠭ᠎ᠠ ᠵᠢᠨ᠂ ᠦᠨᠳᠦᠰᠦᠨ ᠴᠢᠨᠠᠷᠲᠠᠢ ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ ᠬᠤᠪᠢᠰᠬᠠᠯᠴᠢ ᠴᠢᠨᠠᠷᠲᠠᠢ᠂ ᠡᠭᠦᠳᠦᠯᠲᠡ ᠵᠢᠨ ᠴᠢᠨᠠᠷᠲᠠᠢ ᠶᠤᠮ᠃ ᠳᠡᠯᠡᠬᠡᠢ ᠳ᠋ᠠᠬᠢᠨ᠎ᠢ ᠪᠠᠷᠠᠯᠠᠬᠤᠶ᠎ᠠ᠂ ᠠᠯᠢ ᠨᠢᠭᠡ ᠤᠯᠤᠰ ᠪᠣᠯᠣᠨ ᠲᠦᠷᠦ ᠵᠢᠨ ᠨᠠᠮ ᠴᠦ᠍   ᠡᠢ᠌ᠮᠦ ᠤᠯᠤᠰ ᠲᠦᠷᠦ ᠵᠢᠨ ᠰᠥᠰᠥ ᠵᠣᠷᠢᠭ ᠪᠣᠯᠣᠨ ᠲᠡᠦᠬᠡᠨ ᠬᠠᠷᠢᠭᠤᠴᠠᠯᠭ᠎ᠠ ᠡᠭᠦᠷᠭᠡᠯᠡᠯ ᠪᠠᠢ᠌ᠵᠤ ᠴᠢᠳᠠᠬᠤ ᠦᠭᠡᠢ ᠶᠤᠮ᠂ ᠢᠩᠭᠢᠵᠦ ᠵᠣᠷᠢᠭᠲᠠᠢ᠎ᠪᠠᠷ ᠡᠷᠡᠰ ᠰᠢᠭᠤᠷᠬᠠᠢ᠎ᠪᠠᠷ ᠬᠢᠲᠤᠭ᠋ᠠᠨ ᠢᠷ ᠵᠶ᠋ᠡᠨ ᠳᠣᠲᠣᠭᠰᠢ᠎ᠪᠠᠨ ᠬᠠᠨᠳᠤᠭᠤᠯᠵᠤ᠂ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠵᠦ ᠴᠢᠳᠠᠬᠤ ᠦᠭᠡᠢ ᠶᠤᠮ᠂ ᠠᠯᠢ ᠴᠤ᠌ ᠤᠯᠤᠰ ᠪᠣᠯᠣᠨ ᠲᠦᠷᠦ ᠵᠢᠨ ᠨᠠᠮ ᠭᠡᠳ ᠡᠢ᠌ᠮᠦ ᠣᠬᠣᠷᠬᠠᠨ ᠬᠤᠭᠤᠴᠠᠭ᠋ᠠᠨ᠎ᠳᠤ ᠡᠢ᠌ᠮᠦ ᠶᠡᠬᠡ ᠬᠡᠪᠴᠢᠶ᠎ᠡ᠂ ᠡᠢ᠌ᠮᠦ ᠶᠡᠬᠡ ᠡᠷᠴᠢᠮ᠎ᠲᠠᠢ ᠥᠭᠡᠷᠡᠴᠢᠯᠡᠯᠲᠡ ᠵᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠢᠯᠡ ᠲᠣᠳᠣ ᠣᠨᠴᠠᠯᠢᠭ ᠪᠣᠯᠣᠨ ᠢᠯᠡᠳᠲᠡ ᠳᠠᠪᠠᠭᠤᠯᠢᠭ ᠪᠣᠯᠣᠨ᠎ᠠ᠃
      ᠰᠢᠨ᠎ᠡ ᠠᠶᠠᠨ᠎ᠳᠤ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢ ᠦᠷᠭᠦᠯᠵᠢᠯᠡᠨ ᠠᠬᠢᠭᠤᠯᠬᠤ᠎ᠳᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠥᠭᠡᠷᠡᠴᠢᠯᠡᠯᠲᠡ ᠵᠢᠨ ᠴᠢᠭᠯᠡᠯ᠎ᠢ ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ᠎ᠪᠠᠨ ᠲᠣᠳᠣᠷᠬᠠᠢ᠌ᠯᠠᠵᠤ᠂ ᠰᠢᠨᠵᠢᠯᠡᠬᠦ ᠤᠬᠠᠭ᠋ᠠᠨᠴᠢ ᠲᠥᠯᠦᠪᠵᠢᠭᠦᠯᠭᠡ᠂ ᠰᠢᠨ᠎ᠡ ᠵᠢ ᠡᠭᠦᠳᠬᠦ ᠰᠥᠰᠥ ᠵᠣᠷᠢᠭ ᠵᠶ᠋ᠠᠷ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ ᠴᠢᠬᠤᠯᠠ ᠶᠡᠬᠡ ᠥᠭᠡᠷᠡᠴᠢᠯᠡᠯᠲᠡ ᠵᠢᠨ ᠡᠭᠦᠷᠭᠡ ᠵᠢ ᠰᠠᠢ᠌ᠲᠤᠷ ᠠᠳᠬᠤᠨ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠪᠦᠭᠦ ᠲᠠᠯ᠎ᠠ ᠵᠢ ᠨᠢᠭᠡᠳᠦᠯᠲᠡᠢ ᠲᠥᠯᠥᠪᠵᠢᠭᠦᠯᠵᠦ᠂ ᠭᠣᠣᠯᠳᠠᠯᠭ᠎ᠠ ᠵᠢ ᠡᠵᠡᠮᠳᠡᠵᠦ᠂ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠥᠭᠡᠷᠡᠴᠢᠯᠡᠯᠲᠡ ᠵᠢ ᠲᠥᠯᠥᠪᠵᠢᠭᠦᠯᠦᠨ ᠠᠬᠢᠭᠤᠯᠵᠤ᠂ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠡᠭᠦᠳᠦᠭᠰᠡᠨ ᠠᠰᠢᠭᠲᠠᠢ ᠨᠥᠬᠥᠴᠡᠯ᠎ᠢ ᠰᠠᠢ᠌ᠲᠤᠷ ᠠᠰᠢᠭᠯᠠᠵᠤ᠂ ᠡᠯ᠎ᠡ ᠲᠠᠯ᠎ᠠ ᠵᠢᠨ ᠪᠠᠢ᠌ᠭᠤᠯᠤᠮᠵᠢ ᠲᠣᠭᠲᠠᠴᠠ ᠵᠢᠨ ᠭᠡᠮ ᠰᠣᠭᠣᠭ᠎ᠢ ᠠᠷᠢᠯᠭ᠋ᠠᠬᠤ᠂ ᠭᠦᠨ ᠳᠠᠪᠬᠤᠷᠭ᠎ᠠ ᠵᠢᠨ ᠠᠰᠢᠭ ᠲᠤᠰᠠ ᠵᠢᠨ ᠪᠠᠢ᠌ᠷᠢᠰᠢᠯ᠎ᠳᠤ ᠲᠣᠬᠢᠷᠠᠭᠤᠯᠤᠯᠲᠠ ᠬᠢᠬᠦ ᠲᠠᠯ᠎ᠠ᠎ᠪᠠᠷ ᠪᠠᠰᠠ ᠨᠢᠭᠡ ᠪᠦᠯᠦᠭ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠪᠠᠷ ᠴᠢᠷᠮᠠᠢ᠌ᠬᠤ ᠬᠡᠷᠡᠭᠲᠡᠢ᠃ ᠥᠭᠡᠷᠡᠴᠢᠯᠡᠯᠲᠡ ᠵᠢᠨ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠵᠤ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠠ ᠰᠠᠯᠠᠭ᠎ᠠ ᠮᠥᠴᠢᠷ᠎ᠲᠤ ᠢᠯᠡᠭᠦᠬᠡᠨ ᠬᠦᠷᠴᠦ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ᠂ ᠤᠯᠠᠨ ᠲᠦᠮᠡᠨ᠎ᠤ ᠳᠤᠮᠳᠠ ᠭᠦᠨᠵᠡᠭᠡᠢ᠌ᠷᠡᠵᠦ᠂ ᠪᠣᠳᠠᠲᠤ ᠪᠠᠢ᠌ᠳᠠᠯ᠎ᠢ ᠣᠢ᠌ᠯᠠᠭ᠋ᠠᠨ᠂ ᠨᠢᠭᠡ ᠨᠢᠭᠡ᠎ᠪᠠᠷ ᠪᠠᠢ᠌ᠴᠠᠭ᠋ᠠᠨ ᠰᠢᠨᠵᠢᠯᠡᠵᠦ᠂ ᠪᠣᠳᠠᠲᠠᠢ ᠠᠰᠠᠭᠤᠳᠠᠯ᠎ᠢ ᠭᠦᠨᠵᠡᠭᠡᠢ ᠰᠤᠳᠤᠯᠬᠤ ᠮᠥᠷᠲᠡᠭᠡᠨ ᠪᠠᠰᠠ ᠡᠯ᠎ᠡ ᠲᠠᠯ᠎ᠠ ᠵᠢᠨ ᠪᠠᠢ᠌ᠳᠠᠯ᠎ᠢ ᠬᠤᠷᠢᠶᠠᠩᠭᠤᠢ᠌ᠯᠠᠬᠤ᠎ᠳᠠᠭᠠᠨ ᠴᠢᠳᠠᠮᠠᠭ᠋ᠠᠢ ᠪᠠᠢ᠌ᠵᠤ᠂ ᠶᠡᠷᠦᠩᠬᠡᠢ ᠰᠡᠳᠬᠢᠴᠡ ᠪᠠ ᠪᠦᠭᠦ ᠲᠠᠯ᠎ᠠ ᠵᠢᠨ ᠠᠵᠢᠯ᠎ᠤᠨ ᠲᠠᠯ᠎ᠠ᠎ᠪᠠᠷ ᠢᠯᠡᠭᠦᠬᠡᠨ ᠲᠠᠷᠢᠬᠢ ᠲᠣᠯᠣᠭ᠋ᠠᠢ᠎ᠪᠠᠨ ᠬᠥᠳᠡᠯᠭᠡᠵᠦ᠂ ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ ᠥᠭᠡᠷᠡᠴᠢᠯᠡᠯᠲᠡ ᠵᠢᠨ ᠨᠠᠢ᠌ᠳᠠᠪᠤᠷᠢᠵᠢᠭᠤᠯᠤᠯᠲᠠ ᠵᠢ ᠠᠳᠬᠤᠬᠤ ᠡᠷᠴᠢᠮ ᠵᠶ᠋ᠡᠨ ᠴᠢᠩᠭ᠋ᠠᠷᠠᠭᠤᠯᠵᠤ᠂ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠠᠮᠵᠢᠯᠴᠠᠬᠤ᠂ ᠬᠡᠰᠡᠭ ᠵᠤᠷᠪᠤᠰ᠎ᠢ ᠤᠶᠠᠯᠳᠤᠭᠤᠯᠬᠤ᠂ ᠣᠨᠣᠪᠴᠢᠲᠠᠢ ᠥᠨᠳᠥᠷ ᠪᠦᠲᠦᠮᠵᠢᠲᠡᠢ ᠥᠭᠡᠷᠡᠴᠢᠯᠡᠯᠲᠡ ᠵᠢ ᠨᠠᠢ᠌ᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠨᠡᠩ ᠶᠡᠬᠡ ᠬᠦᠴᠦ ᠣᠷᠣᠭᠤᠯᠵᠤ ᠪᠠᠢ᠌ᠭ᠋ᠠᠳ ᠥᠭᠡᠷᠡᠴᠢᠯᠡᠯᠲᠡ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠢ᠌ᠲᠤᠷ ᠠᠳᠬᠤᠵᠤ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠵᠢᠨ ᠥᠭᠡᠷᠡᠴᠢᠯᠡᠯᠲᠡ ᠵᠢᠨ ᠢᠳᠡᠪᠬᠢᠵᠢᠯ᠎ᠢ ᠲᠠᠢ᠌ᠴᠢᠯᠠᠵᠥ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠤᠷᠮᠠᠰᠢᠭᠤᠯᠬᠤ ᠲᠣᠭᠲᠠᠴᠠ ᠵᠢ ᠪᠦᠷᠢᠨᠰᠢᠭᠦᠯᠵᠦ᠂ ᠥᠭᠡᠷᠡᠴᠢᠯᠡᠯᠲᠡ ᠵᠢᠨ ᠨᠡᠢ᠌ᠲᠡᠯᠢᠭ ᠲᠤᠷᠰᠢᠯᠭ᠎ᠠ ᠵᠢ ᠰᠣᠯᠢᠯᠴᠠᠵᠤ ᠳᠡᠯᠭᠡᠷᠡᠭᠦᠯᠬᠦ ᠵᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ ᠠᠩᠬᠠᠷᠴᠤ ᠪᠠᠢ᠌ᠭ᠎ᠠ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
      ᠲᠥᠪ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶᠠᠨ᠎ᠤ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠪᠠ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠦ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ᠎ᠢ ᠬᠢᠨᠠᠨ ᠵᠥᠪᠯᠡᠵᠦ ᠪᠠᠲᠤᠯᠠᠪᠠ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠠᠩ ᠰᠠᠢ᠌ᠲᠤᠷ ᠳᠡᠮᠵᠢᠬᠦ ᠲᠤᠬᠠᠢ ᠪᠠᠢ᠌ᠷᠢᠯᠠᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠶ᠎ᠠ
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠠᠬᠢᠴᠠ ᠵᠢᠴᠢ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
 
            