ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-04-03

    ᠪᠦᠭᠦ ᠨᠠᠮ᠎ᠤᠨ ᠳᠣᠲᠣᠷ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠠᠵᠢᠯ᠎ᠢ ᠰᠤᠳᠤᠯᠤᠨ ᠪᠠᠢ᠌ᠷᠢᠯᠠᠭᠤᠯᠵᠤ 《ᠤᠳᠤᠷᠢᠳᠬᠤ ᠺᠠᠳ᠋ᠷ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠲᠣᠭᠲᠠᠭ᠋ᠠᠯ》᠎ᠢ ᠬᠢᠨᠠᠨ ᠵᠥᠪᠯᠡᠪᠡ
    ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ


      ᠰᠢᠨᠬᠤᠸᠠ ᠬᠣᠷᠢᠶ᠎ᠠ ᠵᠢᠨ ᠪᠡᠭᠡᠵᠢᠩ᠎ᠤᠨ 3 ᠰᠠᠷ᠎ᠠ ᠵᠢᠨ 30 ᠎ᠤ ᠴᠠᠭᠢᠯᠭ᠋ᠠᠨ ᠮᠡᠳᠡᠭᠡ   ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 3 ᠰᠠᠷ᠎ᠠ ᠵᠢᠨ 30 ᠎ᠤ ᠡᠳᠦᠷ ᠬᠤᠷᠠᠯ ᠬᠤᠷᠠᠯᠳᠤᠭᠤᠯᠵᠤ᠂ ᠡᠨᠡ ᠵᠢᠯ᠎ᠤᠨ 4 ᠰᠠᠷ᠎ᠠ᠎ᠠᠴᠠ ᠡᠬᠢᠯᠡᠨ᠂ ᠪᠦᠭᠦ ᠨᠠᠮ᠎ᠤᠨ ᠳᠣᠲᠣᠷ᠎ᠠ ᠳᠡᠭᠡᠷ᠎ᠡ᠎ᠠᠴᠠ ᠳᠣᠷᠣᠭᠰᠢ ᠬᠣᠶᠠᠷ ᠪᠦᠯᠦᠭ ᠬᠤᠪᠢᠶᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ   ᠲᠤᠭᠤᠰᠢᠯᠠᠭᠤᠯᠬᠤ   ᠭᠣᠣᠯ   ᠰᠡᠳᠦᠪᠲᠦ ᠬᠥᠮᠦᠵᠢᠯ᠎ᠢ ᠥᠷᠨᠢᠭᠦᠯᠬᠦ᠎ᠪᠠᠷ ᠲᠣᠭᠲᠠᠪᠠ᠃ ᠬᠤᠷᠠᠯ ᠎ᠠᠴᠠ     《ᠤᠳᠤᠷᠢᠳᠬᠤ ᠺᠠᠳ᠋ᠷ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠲᠣᠭᠲᠠᠭ᠋ᠠᠯ》᠎ᠢ ᠬᠢᠨᠠᠨ ᠵᠥᠪᠯᠡᠪᠡ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ᠃
      ᠬᠤᠷᠠᠯ᠎ᠠᠴᠠ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠠᠢ᠌ᠷᠢᠯᠠᠭᠤᠯᠤᠯᠲᠠ ᠵᠢ ᠦᠨᠳᠦᠰᠦᠯᠡᠵᠦ᠂ ᠰᠢᠶᠠᠨ ᠭᠠᠵᠠᠷ᠎ᠤᠨ ᠲᠡᠰ᠎ᠠᠴᠠ ᠳᠡᠭᠡᠭᠰᠢᠬᠢ ᠤᠳᠤᠷᠢᠳᠬᠤ ᠺᠠᠳ᠋ᠷ ᠵᠶ᠋ᠠᠷ ᠭᠣᠣᠯᠳᠠᠯᠭ᠎ᠠ ᠪᠤᠯᠭ᠋ᠠᠵᠤ᠂ ᠪᠦᠭᠦ ᠨᠠᠮ᠎ᠤᠨ ᠳᠣᠲᠣᠷ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠰᠢᠨ᠎ᠡ ᠵᠢ ᠡᠭᠦᠳᠭᠦ ᠤᠨᠤᠯ ᠵᠶ᠋ᠠᠷ ᠦᠵᠡᠯ ᠰᠠᠨᠠᠭ᠎ᠠ᠎ᠪᠠᠨ ᠨᠢᠭᠡᠳᠬᠡᠵᠦ᠂ ᠵᠣᠷᠢᠯᠲᠠ᠎ᠪᠠᠨ ᠨᠢᠭᠡᠳᠬᠡᠵᠦ᠂ ᠦᠢ᠍ᠯᠡ ᠠᠵᠢᠯᠯᠠᠭ᠎ᠠ᠎ᠪᠠᠨ ᠨᠢᠭᠡᠳᠬᠡᠵᠦ᠂ ᠨᠠᠮ ᠪᠠᠢ᠌ᠭᠤᠯᠬᠤ ᠠᠭᠤᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ 《ᠭᠤᠷᠪᠠᠨ ᠡᠷᠬᠡᠪᠰᠢ》 ᠵᠢ ᠪᠠᠲᠤ ᠴᠡᠭᠡᠵᠢᠯᠡᠵᠦ᠂ ᠪᠦᠭᠦ ᠨᠠᠮ ᠵᠶ᠋ᠠᠷ ᠵᠶ᠋ᠠᠨ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠪᠦᠭᠦ ᠨᠠᠮ᠎ᠤᠨ ᠳᠣᠲᠣᠷ᠎ᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠪᠣᠯ ᠨᠠᠮ᠎ᠤᠨ ᠲᠥᠪ ᠬᠣᠷᠢᠶ᠎ᠠ᠎ᠠᠴᠠ ᠨᠠᠮ᠎ᠤᠨ   ᠬᠣᠷᠢᠳᠤᠭ᠋ᠠᠷ ᠶᠡᠬᠡ ᠬᠤᠷᠠᠯ ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠪᠦᠭᠦ ᠨᠠᠮ᠎ᠤᠨ ᠨᠥᠬᠥᠳ᠎ᠢ ᠳᠠᠢ᠌ᠴᠢᠯᠠᠨ ᠨᠠᠮ᠎ᠤᠨ ᠭᠣᠣᠯ ᠡᠭᠦᠷᠭᠡ ᠵᠢ ᠪᠡᠶᠡᠯᠡᠭᠦᠯᠬᠦ᠎ᠪᠠᠷ ᠪᠦᠯᠬᠦᠮᠳᠡᠨ ᠲᠡᠮᠡᠴᠡᠭᠦᠯᠬᠦ ᠵᠢᠨ ᠲᠥᠯᠥᠭᠡ ᠪᠠᠢ᠌ᠷᠢᠯᠠᠭᠤᠯᠤᠭᠰᠠᠨ ᠴᠢᠬᠤᠯᠠ ᠶᠡᠬᠡ ᠪᠠᠢ᠌ᠷᠢᠯᠠᠭᠤᠯᠤᠯᠲᠠ ᠮᠥᠨ᠂ ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠰᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠢ ᠠᠬᠢᠭᠤᠯᠬᠤ ᠴᠢᠬᠤᠯᠠ ᠶᠡᠬᠡ ᠪᠠᠢ᠌ᠷᠢᠯᠠᠭᠤᠯᠤᠯᠲᠠ ᠮᠥᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢ ᠨᠢᠭᠲᠠᠷᠠᠭᠤᠯᠵᠤ ᠰᠦᠭ ᠰᠦᠨᠡᠰᠦ ᠵᠢ ᠱᠤᠭᠤᠵᠤ᠂ ᠪᠦᠭᠦ ᠨᠠᠮ ᠵᠶ᠋ᠠᠷ ᠵᠶ᠋ᠠᠨ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠤᠬᠠᠮᠰᠠᠷ ᠎ᠠᠴᠠ ᠎ᠪᠠᠨ   ᠭᠦᠨᠵᠡᠭᠡᠢ ᠣᠢ᠌ᠯᠠᠭ᠋ᠠᠬᠤ ᠵᠢ ᠠᠬᠢᠭᠤᠯᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂      《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ   ᠪᠡᠶᠡᠯᠡᠭᠦᠯᠵᠦ  ᠂   ᠦᠵᠡᠯ ᠰᠠᠨᠠᠭ᠎ᠠ ᠤᠯᠤᠰ ᠲᠥᠷᠥ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ   ᠨᠢᠭᠡᠳᠦᠯᠲᠡᠢ ᠪᠠᠢ᠌ᠬᠤ ᠭᠡᠷᠡᠭᠲᠡᠶ; ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠰᠤᠷᠤᠯᠴᠠᠵᠤ᠂ ᠪᠦᠭᠦ ᠲᠠᠯ᠎ᠠ᠎ᠪᠠᠷ ᠡᠵᠡᠮᠳᠡᠵᠦ᠂ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠭᠡᠷᠡᠭᠲᠡᠢ; ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠵᠢ ᠠᠬᠢᠭᠤᠯᠵᠤ᠂ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ᠎ᠢ ᠴᠠᠭ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ᠎ᠲᠠᠢ ᠰᠡᠳᠬᠢᠯ ᠨᠢᠭᠡᠳᠴᠦ᠂ ᠨᠠᠮ᠎ᠤᠨ ᠲᠡᠷᠢᠭᠦᠨ᠎ᠤ ᠴᠢᠨᠠᠷ ᠪᠠ ᠴᠡᠪᠡᠷ ᠴᠢᠨᠠᠷ᠎ᠢ ᠪᠠᠲᠤᠯᠠᠵᠤ᠂ ᠪᠦᠭᠦ ᠨᠠᠮ᠎ᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭᠲᠠᠷᠠᠭᠤᠯᠤᠨ ᠪᠦᠯᠬᠦᠮᠳᠡᠭᠦᠯᠵᠦ᠂ ᠰᠢᠨ᠎ᠡ ᠠᠶᠠᠨ᠎ᠳᠤ ᠡᠷᠡᠮᠡᠬᠡᠢ᠌ᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠤ ᠭᠠᠪᠢᠶ᠎ᠠ ᠪᠠᠢ᠌ᠭᠤᠯᠬᠤ᠎ᠳᠤ ᠪᠠᠲᠤ ᠴᠢᠩᠭ᠎ᠠ ᠬᠦᠴᠦᠨ ᠪᠦᠬᠦᠢ ᠤᠯᠤᠰ ᠲᠦᠷᠦ ᠵᠢᠨ ᠵᠢᠯᠣᠭᠣᠳᠤᠮᠵᠢ ᠪᠠ ᠤᠯᠤᠰ ᠲᠦᠷᠦ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠡᠨᠡ ᠤᠳᠠᠭ᠎ᠠ ᠵᠢᠨ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠶᠡᠷᠦᠩᠬᠡᠢ ᠱᠠᠭ᠋ᠠᠷᠳᠠᠯᠭ᠎ᠠ ᠪᠣᠯ     《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ》 ᠶᠠᠪᠤᠳᠠᠯ ᠪᠣᠯᠣᠨ᠎ᠠ᠂ ᠦᠨᠳᠦᠰᠦᠨ ᠡᠭᠦᠷᠭᠡ ᠪᠣᠯ ᠰᠤᠷᠤᠯᠴᠠᠬᠤ ᠰᠡᠳᠭᠢᠭᠦ ᠬᠡᠷᠡᠭᠯᠡᠬᠦ ᠵᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠵᠢ ᠨᠢᠭᠡᠳᠬᠡᠬᠦ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠷᠡᠰ ᠪᠠᠲᠤ ᠬᠦᠰᠡᠯᠡᠩ ᠵᠶ᠋ᠡᠨ ᠪᠠᠲᠤᠳᠬᠠᠬᠤ᠂ ᠨᠠᠮᠴᠢ ᠴᠢᠨᠠᠷ᠎ᠢ ᠳᠠᠪᠲᠠᠨ ᠪᠤᠯᠪᠠᠰᠤᠷᠠᠭᠤᠯᠬᠤ ᠪᠠ ᠦᠢ᠍ᠯᠡᠳᠦᠯᠭᠡ ᠵᠢ ᠵᠢᠯᠤᠭᠣᠳᠬᠤ᠂ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠵᠤ᠂ ᠪᠦᠭᠦ ᠨᠠᠮ᠎ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ᠂ ᠡᠷᠡᠰ ᠪᠠᠲᠤ ᠵᠣᠷᠢᠯᠲᠠ᠂ ᠵᠣᠬᠢᠴᠠᠩᠭᠤᠢ ᠠᠵᠢᠯᠯᠠᠭ᠎ᠠ᠂ ᠬᠦᠴᠦᠷᠬᠡᠭ ᠶᠡᠬᠡ ᠲᠠᠢ᠌ᠴᠢᠨ ᠬᠦᠴᠦᠨ᠎ᠲᠠᠢ ᠪᠠᠢ᠌ᠯᠭ᠋ᠠᠵᠤ᠂ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠤᠯᠭ᠋ᠠᠬᠤ᠂ ᠰᠤᠷᠤᠯᠴᠠᠯᠭ᠎ᠠ᠎ᠪᠠᠷ ᠠᠵᠢᠯ᠎ᠢ ᠠᠬᠢᠭᠤᠯᠬᠤ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠪᠣᠯᠣᠨ᠎ᠠ᠃ ᠨᠢᠭᠡ ᠰᠡᠳᠬᠢᠯ ᠵᠶ᠋ᠡᠷ ᠰᠦᠭ ᠰᠦᠨᠡᠰᠦ ᠵᠢ ᠱᠤᠭᠤᠵᠤ ᠦᠨᠳᠦᠰᠦ ᠵᠢ ᠪᠡᠬᠢᠵᠢᠭᠦᠯᠬᠦ᠂ ᠵᠠᠩ ᠴᠢᠨᠠᠷ᠎ᠢ ᠳᠠᠪᠲᠠᠨ ᠪᠤᠯᠪᠠᠰᠤᠷᠠᠭᠤᠯᠵᠤ ᠦᠨᠡᠨᠴᠢ ᠰᠢᠳᠤᠷᠭᠤ ᠪᠠᠢ᠌ᠬᠤ ᠵᠢ ᠴᠢᠩᠭ᠋ᠠᠳᠬᠠᠬᠤ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠵᠢ ᠠᠬᠢᠭᠤᠯᠬᠤ᠂ ᠵᠣᠷᠢᠯᠲᠠ᠎ᠪᠠᠨ ᠦᠢ᠍ᠯᠡᠳᠦᠯᠭᠡᠵᠢᠭᠦᠯᠵᠦ ᠠᠷᠠᠳ ᠲᠦᠮᠡᠨ᠎ᠳᠤ ᠪᠤᠶᠠᠨ ᠦᠢᠯᠡᠳᠭᠦ᠂ ᠠᠷᠢᠭᠤᠨ ᠴᠢᠬᠡᠴᠢ᠎ᠪᠠᠷ ᠠᠯᠪᠠᠨ᠎ᠳᠤ ᠦᠢ᠍ᠯᠡᠴᠢᠯᠡᠵᠦ ᠰᠢᠨ᠎ᠡ ᠰᠤᠷᠲᠠᠯ᠎ᠢ ᠪᠤᠶ ᠪᠤᠯᠭ᠋ᠠᠬᠤ ᠬᠠᠷᠠᠯᠲᠠ᠎ᠳᠤ ᠬᠦᠷᠴᠦ᠂ ᠣᠨᠣᠯ᠎ᠤᠨ ᠰᠤᠷᠤᠯᠴᠠᠯᠭ᠎ᠠ᠂ ᠤᠯᠤᠰ ᠲᠥᠷᠥ ᠵᠢᠨ ᠬᠡᠪ ᠪᠣᠯᠪᠠᠰᠤᠷᠠᠯ᠂ ᠴᠢᠳᠠᠪᠤᠷᠢ ᠡᠷᠳᠡᠮ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ᠂ ᠠᠵᠢᠯ᠎ᠤᠨ ᠰᠤᠷᠲᠠᠯ᠂ ᠠᠷᠢᠭᠤᠨ ᠴᠢᠬᠡᠴᠢ᠎ᠪᠠᠷ ᠥᠪᠡᠷ᠎ᠢ᠎ᠪᠠᠨ ᠱᠠᠭ᠋ᠠᠷᠳᠠᠬᠤ ᠵᠡᠷᠭᠡ 6 ᠲᠠᠯ᠎ᠠ ᠵᠢᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠢ ᠱᠠᠲᠤ ᠬᠤᠪᠢᠶᠠᠬᠤ ᠦᠭᠡᠢ᠂ ᠭᠣᠭᠴᠣᠭ᠎ᠠ ᠬᠤᠪᠢᠶᠠᠬᠤ ᠦᠭᠡᠢ ᠪᠠᠢ᠌ᠵᠤ᠂ ᠤᠨᠤᠯ᠎ᠤᠨ ᠰᠤᠷᠤᠯᠴᠠᠯᠭ᠎ᠠ᠂ ᠪᠠᠢ᠌ᠴᠠᠭ᠋ᠠᠨ ᠰᠤᠳᠤᠯᠤᠯᠲᠠ᠂ ᠬᠥᠭᠵᠢᠯᠲᠡ ᠵᠢ ᠠᠬᠢᠭᠤᠯᠬᠤ᠂ ᠪᠠᠢ᠌ᠴᠠᠭ᠋ᠠᠨ ᠦᠵᠡᠵᠦ ᠴᠡᠭᠴᠡᠯᠡᠨ ᠰᠠᠢ᠌ᠵᠢᠷᠠᠭᠤᠯᠬᠤ ᠵᠢ ᠨᠠᠪᠲᠠᠷᠡᠭᠦᠯᠵᠦ᠂ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠡᠵᠡᠮᠰᠢᠨ ᠬᠡᠷᠡᠭᠯᠡᠬᠦ ᠵᠢ ᠴᠢᠩᠭ᠋ᠠᠳᠬᠠᠵᠤ᠂ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠰᠠᠢ᠌ᠲᠤᠷ ᠠᠳᠬᠤᠵᠤ᠂ ᠤᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠲᠣᠪᠣᠢ᠌ᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠵᠤ᠂ ᠡᠴᠦᠰ᠎ᠲᠡᠭᠡᠨ ᠤᠯᠠᠨ ᠲᠦᠮᠡᠨ᠎ᠤ ᠬᠠᠨᠤᠮᠵᠢᠲᠠᠢ ᠪᠠᠢ᠌ᠬᠤ ᠡᠰᠡᠬᠦ᠎ᠪᠠᠷ ᠦᠨᠳᠦᠰᠦᠨ ᠦᠨᠡᠯᠡᠯᠲᠡ ᠵᠢᠨ ᠪᠠᠷᠢᠮᠵᠢᠶ᠎ᠠ ᠪᠤᠯᠭ᠋ᠠᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ ᠥᠷᠨᠢᠭᠦᠯᠬᠦ ᠵᠢ ᠭᠣᠣᠯ ᠠᠵᠢᠯ᠎ᠢ ᠠᠬᠢᠭᠤᠯᠬᠤ᠎ᠲᠠᠢ ᠤᠶᠠᠯᠳᠤᠭᠤᠯᠵᠤ᠂ 《ᠬᠣᠶᠠᠷ ᠨᠢᠭᠤᠷᠳᠠᠨ》᠎ᠤ ᠶᠠᠪᠤᠳᠠᠯ ᠭᠠᠷᠬᠤ᠎ᠠᠴᠠ ᠰᠡᠷᠭᠡᠢ᠌ᠯᠡᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠶ ᠪᠤᠯᠭ᠋ᠠᠬᠤ ᠬᠡᠷᠡᠭᠲᠡᠢ᠃ ᠦᠨᠡᠨ᠎ᠢ ᠪᠠᠷᠢᠮᠲᠠᠯᠠᠨ ᠪᠣᠳᠠᠲᠠᠢ ᠵᠢ ᠡᠷᠭᠢᠮᠯᠡᠭᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ ᠵᠢ ᠪᠠᠷᠢᠮᠲᠠᠯᠠᠵᠤ᠂ ᠬᠡᠯᠪᠡᠷᠢᠴᠢ ᠦᠵᠡᠯ᠎ᠢ ᠡᠷᠡᠰ ᠡᠰᠡᠷᠭᠦᠴᠡᠨ ᠰᠡᠷᠭᠡᠢ᠌ᠯᠡᠵᠦ᠂ ᠪᠣᠳᠠᠲᠤ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠣᠭᠲᠠᠭ᠋ᠠᠵᠤ᠂ ᠨᠠᠮ᠎ᠤᠨ ᠰᠢᠨ᠎ᠡ ᠵᠢ ᠡᠭᠦᠳᠦᠭᠰᠡᠨ ᠤᠨᠤᠯ᠎ᠢ ᠰᠤᠷᠤᠯᠴᠠᠨ ᠲᠤᠭᠤᠰᠢᠯᠠᠭᠤᠯᠬᠤ ᠳᠦᠷᠢᠮ ᠲᠣᠭᠲᠠᠴᠠ ᠵᠢ ᠪᠦᠷᠢᠨᠰᠢᠭᠦᠯᠵᠦ᠂ ᠪᠠᠢ᠌ᠩᠭᠤ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ᠂ ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠳᠦᠷᠢᠮ᠎ᠢ ᠴᠢᠩᠭ᠎ᠠ ᠬᠡᠷᠡᠭᠵᠢᠭᠦᠯᠬᠦ ᠵᠢ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ᠎ᠳᠤ ᠣᠷᠣᠭᠤᠯᠵᠤ᠂ ᠨᠠᠮ᠎ᠤᠨ ᠰᠠᠬᠢᠯᠭ᠎ᠠ ᠪᠠᠲᠤ ᠶᠣᠰᠣ ᠳᠦᠷᠢᠮ᠎ᠢ ᠴᠢᠩᠳᠠᠯᠠᠬᠤ᠂ ᠺᠠᠳ᠋ᠷ᠎ᠢ ᠴᠢᠩᠭ᠎ᠠ ᠬᠠᠮᠢᠶᠠᠷᠤᠨ ᠬᠢᠨᠠᠯᠲᠠ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠤᠯᠭ᠋ᠠᠵᠤ᠂ ᠨᠠᠮ᠎ᠢ ᠬᠠᠮᠢᠶᠠᠷᠬᠤ ᠳᠠᠷᠤᠭ᠎ᠠ ᠨᠣᠶᠠᠳ᠎ᠢ ᠵᠠᠰᠠᠬᠤ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠬᠦᠴᠦᠲᠡᠢ ᠠᠬᠢᠭᠤᠯᠪᠠ᠃         《ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠲᠣᠭᠲᠠᠭ᠋ᠠᠯ》᠎ᠳᠤ ᠵᠠᠰᠠᠪᠤᠷᠢ ᠣᠷᠣᠭᠤᠯᠤᠭᠰᠠᠨ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠳᠦᠷᠢᠮ᠎ᠢ ᠪᠦᠷᠢᠨᠰᠢᠭᠦᠯᠦᠨ᠂ ᠨᠠᠮ᠎ᠤᠨ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠳᠦᠷᠢᠮ᠎ᠤᠨ ᠵᠢᠷᠤᠮᠵᠢᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ᠎ᠤᠨ ᠬᠠᠮᠢᠶᠠᠷᠤᠯᠲᠠ ᠪᠠ ᠬᠢᠨᠠᠯᠲᠠ ᠵᠢ ᠤᠯᠠᠮ ᠴᠢᠨᠠᠭᠰᠢᠳᠠ ᠴᠢᠩᠭ᠋ᠠᠳᠬᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠳᠦᠷᠢᠮ ᠪᠣᠯ ᠵᠢᠭ᠋ᠠᠪᠤᠷᠢ ᠠᠪᠴᠤ ᠮᠡᠳᠡᠭᠦᠯᠭᠦ ᠳᠦᠷᠢᠮ᠎ᠤᠨ ᠴᠢᠬᠤᠯᠠ ᠪᠦᠷᠢᠯᠳᠦᠭᠦᠨ ᠬᠡᠰᠡᠭ ᠮᠥᠨ᠂ ᠵᠣᠬᠢᠶᠠᠨ ᠪᠠᠢ᠌ᠭᠤᠯᠤᠯᠲᠠ᠎ᠳᠤ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠦᠨᠡᠨ ᠮᠥᠨ ᠵᠶ᠋ᠡᠷ᠎ᠨᠢ ᠮᠡᠳᠡᠭᠦᠯᠭᠦ ᠪᠣᠯ ᠤᠳᠤᠷᠢᠳᠬᠤ ᠺᠠᠳ᠋ᠷ᠎ᠤᠨ ᠡᠷᠬᠡᠪᠰᠢ ᠵᠢᠷᠤᠮᠯᠠᠬᠤ ᠤᠯᠤᠰ ᠲᠦᠷᠦ ᠵᠢᠨ ᠰᠠᠬᠢᠯᠭ᠎ᠠ ᠪᠠᠲᠤ ᠪᠠ ᠵᠣᠬᠢᠶᠠᠨ ᠪᠠᠢ᠌ᠭᠤᠯᠤᠯᠲᠠ ᠵᠢᠨ ᠰᠠᠬᠢᠯᠭ᠎ᠠ ᠪᠠᠲᠤ ᠮᠥᠨ᠃ ᠤᠳᠤᠷᠢᠳᠬᠤ ᠺᠠᠳ᠋ᠷ 《ᠬᠣᠶᠠᠷ᠎ᠢ ᠲᠣᠭᠲᠠᠭ᠋ᠠᠭᠰᠠᠨ》᠎ᠤ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠳᠠᠭᠠᠨ ᠦᠨᠡᠨᠴᠢ ᠰᠢᠳᠤᠷᠭᠤ᠂ ᠲᠥᠪ ᠴᠢᠬᠡᠴᠢ ᠪᠠᠢ᠌ᠵᠤ᠂ ᠦᠨᠡᠨ ᠦᠭᠡ ᠬᠡᠯᠡᠵᠦ᠂ ᠪᠣᠳᠠᠲᠠᠢ ᠠᠵᠢᠯ ᠬᠢᠵᠦ᠂ ᠰᠢᠳᠤᠷᠭᠤ ᠬᠥᠮᠥᠨ ᠪᠣᠯᠵᠤ᠂ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠦᠨᠡᠨ ᠮᠥᠨ ᠵᠶ᠋ᠡᠷ᠎ᠨᠢ ᠮᠡᠳᠡᠭᠦᠯᠵᠦ᠂ ᠵᠣᠬᠢᠶᠠᠨ ᠪᠠᠢ᠌ᠭᠤᠯᠤᠯᠲᠠ ᠵᠢᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠳᠡᠭᠡᠳᠦ ᠵᠡᠷᠭᠡ ᠵᠢᠨ ᠺᠠᠳ᠋ᠷ ᠨᠠᠷ ᠲᠦᠷᠦᠭᠦᠯᠡᠨ ᠬᠡᠷᠡᠭᠵᠢᠭᠦᠯᠵᠦ᠂ ᠵᠢᠱ᠌ᠢᠶᠡᠴᠢ᠎ᠪᠠᠷ ᠵᠢᠷᠤᠮᠯᠠᠨ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠴᠢᠩᠭ᠎ᠠ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠵᠶ᠋ᠠᠷ ᠲᠤᠭᠤᠰᠢᠯᠠᠭᠤᠯᠤᠨ ᠬᠡᠷᠡᠭᠵᠢᠭᠦᠯᠬᠦ ᠵᠢ ᠰᠠᠢ᠌ᠲᠤᠷ ᠠᠳᠬᠤᠵᠤ᠂ ᠮᠡᠳᠡᠭᠦᠯᠭᠦ ᠰᠠᠬᠢᠯᠭ᠎ᠠ ᠪᠠᠲᠤ ᠵᠢ ᠴᠢᠩᠳᠠᠯᠠᠵᠤ᠂ ᠰᠤᠭᠤᠴᠢᠨ ᠪᠠᠢ᠌ᠴᠠᠭ᠋ᠠᠵᠤ ᠬᠢᠨᠠᠨ ᠬᠠᠷᠭᠤᠭᠤᠯᠬᠤ ᠵᠢ ᠴᠢᠩᠭ᠋ᠠᠳᠬᠠᠵᠤ᠂ ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠳᠦᠷᠢᠮ᠎ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ᠎ᠢ ᠡᠷᠡᠰ ᠬᠠᠮᠠᠭ᠋ᠠᠯᠠᠵᠤ᠂ ᠤᠳᠤᠷᠢᠳᠬᠤ ᠺᠠᠳ᠋ᠷ᠎ᠤᠨ ᠬᠤᠪᠢ ᠬᠥᠮᠥᠨ᠎ᠤ ᠬᠣᠯᠪᠣᠭᠳᠠᠯ ᠪᠦᠬᠦᠢ ᠵᠦᠢ᠍ᠯ ᠵᠶ᠋ᠠᠨ ᠮᠡᠳᠡᠭᠦᠯᠭᠦ ᠳᠦᠷᠢᠮ᠎ᠤᠨ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠳᠤᠮᠳᠠ ᠨᠡᠩ ᠶᠡᠬᠡ ᠦᠢ᠍ᠯᠡᠳᠦᠯ ᠦᠵᠡᠭᠦᠯᠭᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠭᠠᠳᠠᠭ᠋ᠠᠳᠤ ᠠᠷᠠᠯᠵᠢᠶ᠎ᠠ ᠵᠢ ᠠᠬᠢᠭᠤᠯᠤᠨ ᠬᠡᠪᠴᠢᠶ᠎ᠡ ᠵᠢ ᠲᠣᠭᠲᠠᠪᠤᠷᠢᠵᠢᠭᠤᠯᠵᠤ ᠪᠦᠲᠦᠴᠡ ᠵᠢ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ 《ᠵᠢᠯᠣᠭᠣᠴᠢ ᠦᠭᠡᠢ ᠠᠭ᠋ᠠᠷ᠎ᠤᠨ ᠨᠢᠰᠦᠭᠦᠷ᠎ᠤᠨ ᠨᠢᠰᠦᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ (ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠬᠦᠦ ᠮᠥᠩᠭᠥ ᠵᠢ ᠬᠡᠯᠲᠦᠷᠢᠭᠦᠯᠬᠦ ᠵᠢᠴᠢ ᠡᠬᠡ ᠮᠥᠩᠭᠥ ᠵᠢ ᠬᠣᠢ᠌ᠰᠢᠯᠠᠭᠤᠯᠤᠨ ᠳᠥᠯᠥᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠪᠠᠷ ᠲᠣᠭᠲᠠᠪᠠ
ᠰᠢ ᠵᠢᠨ ᠫᠢᠩ ᠭᠤᠸᠠᠩᠳᠦ᠋ᠩ᠎ᠳᠤ ᠰᠢᠨᠵᠢᠯᠡᠨ ᠪᠠᠢ᠌ᠴᠠᠭ᠋ᠠᠬᠤ᠎ᠳᠠᠭᠠᠨ ᠴᠢᠬᠤᠯᠠᠴᠢᠯᠠᠭᠰᠠᠨ᠎ᠨᠢ ᠡᠷᠡᠰ ᠭᠤᠢ᠌ᠪᠢᠰᠢ ᠦᠭᠡᠢ᠎ᠪᠠᠷ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠦᠨ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠵᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠳᠤᠮᠳᠠ ᠡᠮᠦᠨ᠎ᠡ ᠡᠩᠨᠡᠭᠡᠨ᠎ᠳᠤ ᠶᠠᠪᠤᠬᠤ ᠬᠡᠷᠡᠭᠲᠡᠢ ᠼᠠᠢ ᠴᠢ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ
ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠠᠵᠢᠯ ᠣᠯᠭᠤᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠰᠤᠳᠤᠯᠵᠤ 《ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠨᠣᠮᠧᠷ᠎ᠤᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠡᠬᠡ ᠨᠣᠣᠷᠠᠭ)》᠎ᠢ ᠬᠢᠨᠠᠨ ᠵᠥᠪᠯᠡᠵᠦ ᠪᠠᠲᠤᠯᠠᠪᠠ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ ᠎ᠤᠨ ᠥᠭᠡᠷᠡᠴᠢᠯᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠬᠦ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ ᠎ᠳᠠᠭᠠᠨ ᠴᠢᠬᠤᠯᠠᠴᠢᠯᠠᠭᠰᠠᠨ᠎ᠨᠢ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠰᠢᠨ᠎ᠡ ᠠᠶᠠᠨ᠎ᠳᠠᠭᠠᠨ ᠥᠭᠡᠷᠡᠴᠢᠯᠡᠯᠲᠡ ᠨᠡᠭᠡᠭᠡᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ ᠬᠡᠷᠡᠭᠲᠡᠢ ᠯᠢ ᠴᠢᠶᠠᠩ ᠸᠠᠩ ᠬᠤ᠌ ᠨᠢᠩ ᠼᠠᠢ ᠴᠢ ᠣᠷᠣᠯᠴᠠᠵᠠᠢ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
 
            