ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-05-31

    ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 5 ᠰᠠᠷ᠎ᠠ ᠵᠢᠨ 29᠎ᠤ ᠦᠳᠡ ᠵᠢᠨ ᠬᠣᠢ᠌ᠨ᠎ᠠ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠲᠤᠬᠠᠢ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠪᠡ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠵᠢ ᠡᠷᠭᠢᠯᠡᠭᠦ᠎ᠳᠡᠭᠡᠨ᠂ ᠰᠤᠷᠭ᠋ᠠᠨ ᠬᠥᠮᠦᠵᠢᠯ ᠬᠥᠭᠵᠢᠪᠡᠯ ᠤᠯᠤᠰ ᠮᠠᠨᠳᠤᠵᠤ᠂ ᠰᠤᠷᠭ᠋ᠠᠨ ᠬᠥᠮᠦᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠪᠣᠯ ᠨᠡᠢ᠌ᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠪᠠᠢ᠌ᠯᠳᠤᠬᠤ ᠪᠣᠳᠣᠯᠭ᠎ᠠ ᠵᠢᠨ ᠵᠠᠮᠴᠢᠯᠠᠭᠴᠢ ᠮᠥᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠪᠡᠶᠡᠯᠡᠭᠦᠯᠬᠦ ᠵᠢᠨ ᠴᠢᠬᠤᠯᠠ ᠲᠤᠯᠭ᠋ᠠᠭᠤᠷᠢᠯᠠᠯ ᠮᠥᠨ᠂ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠵᠢᠨ ᠪᠦᠲᠦᠮᠵᠢᠲᠡᠢ ᠠᠷᠭ᠎ᠠ ᠵᠠᠮ ᠮᠥᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠠᠬᠢᠭᠤᠯᠬᠤ ᠵᠢᠨ ᠰᠠᠭᠤᠷᠢ ᠢᠨᠵᠧᠨᠧᠷᠢᠩ ᠮᠥᠨ᠃ ᠨᠠᠮ᠎ᠤᠨ ᠰᠤᠷᠭ᠋ᠠᠨ ᠬᠥᠮᠦᠵᠢᠯ᠎ᠤᠨ ᠴᠢᠭᠯᠡᠯᠲᠡ ᠵᠢ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠪᠠᠷᠢᠮᠲᠠᠯᠠᠨ᠂ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠪᠠᠢ᠌ᠷᠢᠰᠢᠭᠤᠯᠵᠤ᠂ ᠬᠤᠪᠢᠰᠤᠯᠲᠠ ᠵᠢ ᠬᠦᠴᠦᠲᠡᠢ ᠠᠷᠭ᠋ᠠᠴᠠᠭ᠋ᠠᠵᠤ᠂ ᠰᠢᠨ᠎ᠡ ᠪᠠᠢ᠌ᠳᠠᠯ᠎ᠢ ᠬᠦᠴᠦᠯᠡᠨ ᠨᠡᠭᠡᠭᠡᠵᠦ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠬᠦᠴᠦᠨ ᠵᠶ᠋ᠡᠷ ᠠᠷᠠᠳ ᠲᠦᠮᠡᠨ᠎ᠤ ᠵᠣᠯ ᠵᠢᠷᠭ᠋ᠠᠯ᠎ᠤᠨ ᠦᠨᠳᠦᠰᠦ ᠵᠢ ᠪᠠᠲᠤᠳᠬᠠᠵᠤ᠂ ᠰᠤᠷᠭ᠋ᠠᠨ ᠬᠥᠮᠦᠵᠢᠯ᠎ᠤᠨ ᠬᠦᠴᠦᠷᠬᠡᠭᠵᠢᠯ ᠵᠶ᠋ᠡᠷ ᠤᠯᠤᠰ ᠣᠷᠣᠨ᠎ᠤ ᠪᠠᠶᠠᠨ ᠬᠦᠴᠦᠷᠬᠡᠭ᠎ᠤᠨ ᠰᠠᠭᠤᠷᠢ ᠵᠢ ᠪᠡᠬᠢᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠭᠦ ᠲᠠᠯ᠎ᠠ᠎ᠪᠠᠷ ᠲᠦᠯᠬᠢᠨ ᠠᠬᠢᠭᠤᠯᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠴᠢᠩᠬᠤᠸᠠ ᠶᠡᠬᠡ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠵᠢᠨ ᠱᠦᠵᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠴᠢᠦ ᠶᠦᠩ ᠡᠨᠡ ᠬᠦ᠌ ᠠᠰᠠᠭᠤᠳᠠᠯ᠎ᠤᠨ ᠲᠤᠬᠠᠢ ᠲᠠᠢ᠌ᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠪᠠ᠃ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠨᠥᠬᠥᠳ ᠲᠠᠢ᠌ᠯᠤᠮᠵᠢ ᠵᠢ ᠨᠠᠷᠢᠨ ᠬᠢᠨᠠᠮᠠᠭ᠋ᠠᠢ ᠰᠣᠨᠣᠰᠤᠭᠰᠠᠨ ᠪᠥᠭᠡᠳ ᠶᠠᠷᠢᠯᠴᠠᠪᠠ᠃
      ᠰᠢ ᠵᠢᠨ ᠫᠢᠩ ᠲᠠᠢ᠌ᠯᠤᠮᠵᠢ ᠪᠠ ᠶᠠᠷᠢᠯᠴᠠᠭ᠎ᠠ ᠵᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠨᠠᠮ᠎ᠤᠨ ᠲᠥᠪ ᠬᠣᠷᠢᠶ᠎ᠠ ᠰᠤᠷᠭ᠋ᠠᠨ ᠬᠥᠮᠦᠵᠢᠯ᠎ᠢ ᠤᠯᠤᠰ᠎ᠤᠨ ᠶᠡᠬᠡ ᠪᠣᠳᠣᠯᠭ᠎ᠠ᠂ ᠨᠠᠮ᠎ᠤᠨ ᠶᠡᠬᠡ ᠪᠣᠳᠣᠯᠭ᠎ᠠ ᠪᠤᠯᠭ᠋ᠠᠬᠤ ᠵᠢ ᠪᠠᠷᠢᠮᠲᠠᠯᠠᠵᠤ᠂ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ ᠵᠢ ᠲᠦᠷᠭᠡᠳᠬᠡᠬᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠭᠠᠷᠭ᠋ᠠᠵᠤ᠂ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠠᠢ᠌ᠷᠢᠰᠢᠯ᠎ᠤᠨ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠪᠠ᠃ ᠮᠠᠨ᠎ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ᠎ᠪᠠᠷ ᠬᠠᠮᠤᠭ᠎ᠤᠨ ᠶᠡᠬᠡ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠢ᠌ᠭᠤᠯᠵᠤ᠂ ᠰᠤᠷᠭ᠋ᠠᠨ ᠬᠥᠮᠦᠵᠢᠯ᠎ᠤᠨ ᠣᠳᠣᠬᠢᠴᠢᠯᠠᠭᠰᠠᠨ ᠬᠥᠭᠵᠢᠯᠲᠡ ᠵᠢᠨ ᠶᠡᠷᠦᠩᠬᠡᠢ ᠲᠦᠪᠰᠢᠨ ᠳᠡᠯᠡᠬᠡᠢ ᠵᠢᠨ ᠳᠤᠮᠳᠠ ᠳᠡᠭᠡᠳᠦ ᠤᠯᠤᠰ᠎ᠤᠨ ᠡᠩᠨᠡᠭᠡᠨ᠎ᠳᠤ ᠣᠷᠣᠪᠠ᠃ ᠵᠢᠱ᠌ᠢᠵᠦ ᠪᠤᠳᠣᠬᠰᠠᠨ ᠵᠶ᠋ᠠᠷ ᠮᠠᠨ᠎ᠤ ᠤᠯᠤᠰ᠎ᠤᠨ ᠣᠳᠣᠬᠠᠨ᠎ᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠭᠦᠢ᠍ᠴᠡᠳᠬᠡᠯ ᠲᠣᠭ᠎ᠠ ᠪᠦᠭᠦ ᠳᠡᠯᠡᠬᠡᠢ ᠵᠢᠨ 23 ᠳ᠋ᠤᠭ᠋ᠠᠷ᠎ᠲᠤ ᠣᠷᠣᠵᠤ᠂ 2012 ᠣᠨ᠎ᠤ᠎ᠬᠢ᠎ᠠᠴᠠ 26 ᠪᠠᠢ᠌ᠷᠢ ᠡᠮᠦᠨᠡᠰᠢᠯᠡᠵᠦ᠂ ᠳᠠᠪᠰᠢᠯᠲᠠ᠎ᠪᠠᠷ ᠬᠠᠮᠤᠭ᠎ᠤᠨ ᠲᠦᠷᠭᠡᠨ ᠤᠯᠤᠰ ᠪᠣᠯᠵᠠᠢ᠃ ᠡᠨᠡ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠵᠠᠮ ᠪᠣᠯ ᠪᠦᠷᠢᠮᠦᠰᠦᠨ ᠵᠥᠪ ᠪᠤᠯᠬᠤ ᠵᠢ ᠭᠦᠢ᠍ᠴᠡᠳ ᠭᠡᠷᠡᠴᠢᠯᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠪᠢᠳᠠ᠎ᠤ ᠪᠦᠲᠦᠭᠡᠨ ᠪᠠᠢ᠌ᠭᠤᠯᠬᠤ ᠭᠡᠵᠦ ᠪᠠᠢ᠌ᠭ᠎ᠠ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ ᠮᠥᠨ᠂ ᠡᠷᠬᠡᠪᠰᠢ ᠰᠤᠷᠭ᠋ᠠᠨ ᠬᠥᠮᠦᠵᠢᠯ᠎ᠤᠨ ᠦᠢ᠍ᠯᠡᠰ᠎ᠲᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ᠎ᠪᠠᠷ ᠦᠨᠳᠦᠰᠦᠨ ᠪᠠᠲᠤᠯᠠᠭ᠎ᠠ ᠪᠤᠯᠭ᠋ᠠᠵᠤ᠂ ᠶᠣᠰᠣ ᠰᠤᠷᠲᠠᠬᠤᠨ ᠵᠶ᠋ᠠᠷ ᠬᠥᠮᠥᠨ᠎ᠢ ᠬᠥᠮᠥᠵᠢᠭᠦᠯᠬᠦ᠎ᠪᠠᠷ ᠦᠨᠳᠦᠰᠦᠨ ᠡᠭᠦᠷᠭᠡ ᠪᠤᠯᠭ᠋ᠠᠵᠤ᠂ ᠨᠠᠮ᠎ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠎ᠪᠠᠷ ᠦᠨᠳᠦᠰᠦᠨ ᠬᠠᠷᠠᠯᠲᠠ ᠪᠤᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠦᠢ᠍ᠯᠡᠴᠢᠯᠡᠬᠦ᠎ᠪᠠᠷ ᠴᠢᠬᠤᠯᠠ ᠡᠭᠦᠷᠭᠡ ᠪᠤᠯᠭ᠋ᠠᠵᠤ᠂ ᠰᠤᠷᠭ᠋ᠠᠨ ᠬᠥᠮᠦᠵᠢᠯ᠎ᠤᠨ ᠣᠢ᠌ᠯᠠᠭ᠋ᠠᠭᠳᠠᠬᠤᠨ᠂ ᠰᠢᠰᠲᠸᠮ᠂ ᠳᠦᠷᠢᠮ᠂ ᠠᠭᠤᠯᠭ᠎ᠠ᠂ ᠠᠷᠭ᠎ᠠ᠂ ᠵᠠᠰᠠᠯᠲᠠ ᠵᠢᠨ ᠣᠳᠣᠬᠢᠴᠢᠯᠠᠯᠲᠠ᠎ᠪᠠᠷ ᠦᠨᠳᠦᠰᠦᠨ ᠠᠷᠭ᠎ᠠ ᠵᠠᠮ ᠪᠤᠯᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠨ ᠬᠥᠲᠥᠯᠥᠨ ᠳᠠᠭ᠋ᠠᠭᠤᠯᠬᠤ᠎ᠪᠠᠷ ᠭᠣᠣᠯ ᠦᠢ᠍ᠯᠡᠳᠦᠯ ᠴᠢᠳᠠᠪᠤᠷᠢ ᠪᠤᠯᠭ᠋ᠠᠬᠤ ᠬᠡᠷᠡᠭᠲᠡᠢ ᠪᠠᠢ᠌ᠵᠤ᠂ ᠡᠴᠦᠰ᠎ᠤᠨ ᠬᠠᠷᠠᠯᠲᠠ ᠪᠣᠯ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠢ᠌ᠲᠤᠷ ᠡᠷᠭᠢᠯᠡᠭᠦ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃
      ᠰᠢ ᠵᠢᠨ ᠫᠢᠩ᠂ ᠶᠠᠮᠠᠷ ᠬᠥᠮᠥᠨ᠎ᠢ ᠬᠥᠮᠥᠵᠢᠭᠦᠯᠬᠦ᠂ ᠬᠥᠮᠥᠨ᠎ᠢ ᠬᠡᠷᠬᠢᠨ ᠬᠥᠮᠥᠵᠢᠭᠦᠯᠬᠦ᠂ ᠬᠡᠨ᠎ᠤ ᠲᠥᠯᠥᠭᠡ ᠬᠥᠮᠥᠵᠢᠭᠦᠯᠬᠦ ᠪᠣᠯ ᠰᠤᠷᠭ᠋ᠠᠨ ᠬᠥᠮᠦᠵᠢᠯ᠎ᠤᠨ ᠦᠨᠳᠦᠰᠦᠨ ᠠᠰᠠᠭᠤᠳᠠᠯ ᠪᠣᠯᠣᠨ᠎ᠠ᠂ ᠪᠠᠰᠠ ᠴᠤ᠌ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠭᠣᠣᠯ ᠰᠡᠳᠦᠪ ᠪᠣᠯᠣᠨ᠎ᠠ᠃ ᠮᠠᠨ᠎ᠤ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠤᠳ ᠭᠤᠸ᠎ᠠ ᠰᠠᠢ᠌ᠬᠠᠨ ᠭᠦᠳᠡᠯᠮᠦᠷᠢ ᠪᠦᠭᠦ ᠲᠠᠯ᠎ᠠ᠎ᠪᠠᠷ ᠬᠥᠭᠵᠢᠭᠰᠡᠨ ᠦᠶ᠎ᠡ ᠦᠶ᠎ᠡ ᠵᠢᠨ ᠨᠡᠢ᠌ᠭᠡᠮ ᠵᠢᠷᠤᠮ᠎ᠤᠨ ᠪᠦᠲᠦᠭᠡᠨ ᠪᠠᠢ᠌ᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠥᠵᠢᠭᠦᠯᠵᠦ᠂ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ᠎ᠳᠤ ᠶᠡᠬᠡ ᠬᠡᠷᠡᠭᠴᠡᠭᠡ᠎ᠲᠠᠢ᠂ ᠬᠦᠨᠳᠦ ᠡᠭᠦᠷᠭᠡ ᠵᠢ ᠡᠭᠦᠷᠭᠡᠯᠡᠵᠦ ᠳᠡᠢ᠌ᠯᠭᠦ ᠲᠤᠯᠭ᠋ᠠᠭᠤᠷᠢ ᠬᠦᠴᠦᠨ ᠪᠤᠯᠬᠤ ᠦᠶ᠎ᠡ ᠦᠶ᠎ᠡ ᠵᠢᠨ ᠴᠢᠳᠠᠪᠤᠷᠢᠲᠠᠨ᠎ᠢ ᠬᠥᠮᠥᠵᠢᠭᠦᠯᠵᠦ᠂ ᠨᠠᠮ᠎ᠤᠨ ᠦᠢ᠍ᠯᠡᠰ ᠪᠠ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ ᠵᠠᠯᠭ᠋ᠠᠮᠵᠢᠯᠠᠭᠴᠢ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠦᠭ ᠰᠦᠨᠡᠰᠦ ᠵᠢ ᠱᠤᠭᠤᠵᠤ ᠬᠥᠮᠥᠨ᠎ᠢ ᠬᠥᠮᠥᠵᠢᠭᠦᠯᠬᠦ ᠵᠢ ᠴᠥᠬᠥᠷᠡᠰᠢ ᠦᠭᠡᠢ ᠪᠠᠷᠢᠮᠲᠠᠯᠠᠵᠤ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢᠨ ᠬᠥᠮᠦᠵᠢᠯ᠎ᠢ ᠬᠦᠴᠦᠯᠡᠨ ᠴᠢᠩᠭ᠋ᠠᠳᠬᠠᠵᠤ᠂ ᠰᠤᠷᠤᠬ᠍ᠴᠢᠳ᠎ᠢ ᠬᠥᠲᠥᠯᠥᠨ ᠵᠢᠯᠤᠭᠣᠳᠴᠤ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠎ᠲᠠᠢ ᠪᠤᠯᠭ᠋ᠠᠵᠤ᠂ ᠡᠭᠦᠷᠢᠳᠡ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠤᠯᠤᠰ ᠪᠣᠯᠣᠨ ᠠᠷᠠᠳ ᠲᠦᠮᠡᠨ᠎ᠳᠡᠭᠡᠨ ᠬᠤᠪᠢ ᠨᠡᠮᠡᠷᠢ ᠦᠵᠡᠭᠦᠯᠭᠦ᠎ᠪᠠᠷ ᠵᠣᠷᠢᠭ ᠰᠢᠭᠤᠳᠬᠤ ᠪᠤᠯᠭ᠋ᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠨᠢᠭᠡ ᠴᠣᠭᠴᠠᠵᠢᠭᠤᠯᠬᠤ ᠪᠠᠢ᠌ᠭᠤᠯᠤᠯᠲᠠ ᠵᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠬᠠᠨᠳᠤᠯᠭ᠋ᠠᠲᠤ ᠴᠢᠨᠠᠷ ᠪᠠ ᠲᠠᠲᠠᠬᠤ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠰᠦᠯᠵᠢᠶ᠎ᠡ᠎ᠪᠠᠷ ᠬᠥᠮᠥᠨ ᠬᠥᠮᠥᠵᠢᠭᠦᠯᠬᠦ ᠴᠢᠳᠠᠪᠤᠷᠢ ᠵᠢ ᠳᠡᠭᠡᠭᠰᠢᠯᠡᠭᠦᠯᠵᠦ᠂ ᠢᠨᠲ᠋ᠧᠷ ᠰᠦᠯᠵᠢᠶᠡᠨ᠎ᠤ ᠴᠠᠭ ᠦᠶ᠎ᠡ ᠵᠢᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ ᠪᠠ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠴᠢᠨᠠᠷ ᠰᠠᠢ᠌ᠲᠠᠢ ᠬᠥᠭᠵᠢᠯᠲᠡ᠎ᠪᠠᠷ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠨ ᠬᠥᠮᠦᠵᠢᠯ᠎ᠤᠨ ᠠᠮᠢᠨ ᠰᠤᠳᠠᠰᠤ ᠪᠤᠯᠭ᠋ᠠᠬᠤ ᠵᠢ ᠪᠠᠷᠢᠮᠲᠠᠯᠠᠵᠤ᠂ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠰᠢᠰᠲᠸᠮ᠎ᠢ ᠲᠦᠷᠭᠡᠳᠬᠡᠨ ᠪᠠᠢ᠌ᠭᠤᠯᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠦᠨᠳᠦᠰᠦᠨ ᠴᠡᠭ᠎ᠨᠢ ᠰᠠᠭᠤᠷᠢ ᠰᠤᠷᠭ᠋ᠠᠨ ᠬᠥᠮᠦᠵᠢᠯ᠎ᠳᠤ ᠪᠤᠢ᠃ ᠰᠠᠭᠤᠷᠢ ᠰᠤᠷᠭ᠋ᠠᠨ ᠬᠥᠮᠦᠵᠢᠯ᠎ᠢ ᠬᠡᠳᠦᠢ ᠯᠠᠪᠳᠠᠭᠤᠨ ᠪᠠᠲᠤᠲᠠᠢ ᠬᠢᠬᠦ ᠲᠤᠲᠤᠮ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠠᠯᠬᠤᠴᠠ ᠲᠡᠳᠦᠢ ᠯᠠᠪᠳᠠᠭᠤᠨ ᠪᠣᠯᠵᠤ᠂ ᠨᠥᠭᠡᠴᠡ ᠬᠦᠴᠦᠨ᠎ᠨᠢ ᠲᠡᠳᠦᠢ ᠲᠡᠭᠦᠯᠳᠡᠷ ᠪᠣᠯᠣᠨ᠎ᠠ᠃ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠲᠦᠭᠡᠮᠡᠯ ᠬᠠᠷᠠᠭ᠋ᠠᠯᠵᠠᠯ᠎ᠲᠠᠢ ᠠᠮᠤᠷ ᠲᠦᠪᠰᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠴᠢᠨᠠᠷ ᠰᠠᠢ᠌ᠲᠠᠢ ᠲᠡᠩᠴᠡᠭᠦᠷᠢᠲᠡᠢ ᠬᠥᠭᠵᠢᠭᠦᠯᠬᠦ ᠪᠠ ᠬᠣᠲᠠ ᠬᠥᠳᠡᠭᠡ ᠵᠢ ᠨᠢᠭᠡ ᠴᠣᠭᠴᠠᠵᠢᠭᠤᠯᠬᠤ ᠵᠢ ᠠᠬᠢᠭᠤᠯᠬᠤ ᠬᠡᠷᠡᠭᠲᠡᠢ᠃ ᠰᠠᠭᠤᠷᠢ ᠰᠤᠷᠭ᠋ᠠᠨ ᠬᠥᠮᠦᠵᠢᠯ᠎ᠨᠢ ᠰᠤᠷᠤᠬ᠍ᠴᠢᠳ᠎ᠤᠨ ᠮᠡᠳᠡᠯᠭᠡ ᠵᠢᠨ ᠰᠠᠭᠤᠷᠢ ᠵᠢ ᠪᠡᠬᠢᠵᠢᠭᠦᠯᠬᠦ᠎ᠪᠠᠷ ᠪᠠᠷᠠᠬᠤ ᠦᠭᠡᠢ ᠪᠠᠰᠠ ᠰᠤᠷᠤᠬ᠍ᠴᠢᠳ᠎ᠤᠨ ᠰᠢᠨᠵᠢᠯᠡᠬᠦ ᠤᠬᠠᠭ᠋ᠠᠨ᠎ᠢ ᠡᠷᠭᠢᠮᠯᠡᠭᠦ᠂ ᠥᠯᠥ ᠮᠡᠳᠡᠬᠦ ᠵᠦᠢ᠍ᠯ᠎ᠢ ᠰᠡᠳᠬᠢᠨ ᠰᠦᠪᠡᠭᠴᠢᠯᠡᠬᠦ ᠳᠤᠷ᠎ᠠ ᠰᠣᠨᠢᠷᠬᠠᠯ᠎ᠢ ᠬᠥᠭᠵᠢᠭᠡᠵᠦ᠂ ᠲᠡᠳᠡᠨ᠎ᠤ ᠰᠡᠳᠬᠢᠨ ᠰᠦᠪᠡᠭᠴᠢᠯᠡᠬᠦ ᠴᠢᠨᠠᠷᠲᠠᠢ᠂ ᠰᠢᠨ᠎ᠡ ᠵᠢ ᠡᠭᠦᠳᠬᠦ ᠴᠢᠨᠠᠷᠲᠠᠢ ᠰᠡᠳᠬᠢᠬᠦᠢ ᠵᠢᠨ ᠬᠡᠪ ᠴᠢᠨᠠᠷ᠎ᠢ ᠬᠥᠮᠥᠵᠢᠭᠦᠯᠦᠨ᠎ᠡ᠃ ᠨᠡᠢ᠌ᠭᠡᠮ ᠳᠠᠶᠠᠭ᠋ᠠᠷ᠎ᠲᠤ ᠰᠢᠨᠵᠢᠯᠡᠬᠦ ᠤᠬᠠᠭ᠋ᠠᠨᠴᠢ ᠴᠢᠳᠠᠪᠤᠷᠢᠲᠠᠨ᠎ᠤ ᠦᠵᠡᠯᠲᠡ᠂ ᠴᠢᠳᠠᠪᠤᠷᠢᠲᠠᠨ ᠪᠤᠯᠬᠤ ᠦᠵᠡᠯᠲᠡ᠂ ᠰᠤᠷᠭ᠋ᠠᠨ ᠬᠥᠮᠦᠵᠢᠯ᠎ᠤᠨ ᠦᠵᠡᠯᠲᠡ ᠵᠢ ᠪᠤᠢ ᠪᠤᠯᠭ᠋ᠠᠵᠤ᠂ ᠰᠤᠷᠭ᠋ᠠᠨ ᠬᠥᠮᠦᠵᠢᠯ᠎ᠤᠨ ᠠᠰᠢᠭ ᠬᠠᠷᠠᠬᠤ ᠬᠡᠯᠪᠡᠷᠢᠯ᠎ᠢ ᠲᠦᠷᠭᠡᠪᠴᠢᠯᠡᠨ ᠬᠤᠪᠢᠷᠠᠭᠤᠯᠵᠤ᠂ ᠰᠤᠷᠭ᠋ᠠᠨ ᠬᠥᠮᠦᠵᠢᠯ᠎ᠤᠨ ᠡᠷᠡᠭᠦᠯ ᠰᠠᠷᠠᠭᠤᠯ ᠣᠷᠴᠢᠨ ᠨᠥᠬᠥᠴᠡᠯ ᠪᠠ ᠠᠮᠢ ᠠᠬᠤᠢ ᠵᠢ ᠪᠤᠢ ᠪᠤᠯᠭ᠋ᠠᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ᠂ ᠳᠠᠭ᠋ᠠᠭᠤᠯᠤᠭᠴᠢ᠎ᠨᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ ᠪᠣᠯᠣᠨ᠎ᠠ᠃ ᠳᠤᠮᠳᠠᠳᠤ ᠤᠯᠤᠰ᠎ᠤᠨ ᠣᠨᠴᠠᠯᠢᠭ᠎ᠲᠠᠢ᠂ ᠳᠡᠯᠡᠬᠡᠢ ᠵᠢᠨ ᠲᠡᠷᠢᠭᠦᠨ ᠵᠡᠷᠭᠡ ᠵᠢᠨ ᠶᠡᠬᠡ ᠰᠤᠷᠭ᠋ᠠᠭᠤᠯᠢ ᠪᠠ ᠳᠠᠪᠠᠭᠤᠯᠢᠭ ᠰᠢᠨᠵᠢᠯᠡᠭᠡᠨ᠎ᠤ ᠰᠠᠯᠠᠭ᠎ᠠ ᠵᠢ ᠲᠦᠷᠭᠡᠳᠬᠡᠨ ᠪᠠᠢ᠌ᠭᠤᠯᠬᠤ ᠵᠢ ᠴᠢᠬᠤᠯᠠ᠎ᠠᠴᠠ ᠴᠢᠬᠤᠯᠠ ᠵᠦᠢ᠍ᠯ ᠪᠤᠯᠭ᠋ᠠᠵᠤ᠂ ᠰᠠᠭᠤᠷᠢ ᠰᠢᠨᠵᠢᠯᠡᠭᠡᠨ᠎ᠤ ᠰᠠᠯᠠᠭ᠎ᠠ᠂ ᠰᠢᠨ᠎ᠡ᠎ᠪᠠᠷ ᠬᠥᠭᠵᠢᠭᠰᠡᠨ ᠰᠢᠨᠵᠢᠯᠡᠭᠡᠨ᠎ᠤ ᠰᠠᠯᠠᠭ᠎ᠠ᠂ ᠰᠣᠯᠪᠢᠴᠠᠭᠰᠠᠨ ᠰᠢᠨᠵᠢᠯᠡᠭᠡᠨ᠎ᠤ ᠰᠠᠯᠠᠭ᠋ᠠᠨ᠎ᠤ ᠪᠠᠢ᠌ᠭᠤᠯᠤᠯᠲᠠ ᠵᠢ ᠶᠡᠬᠡ᠎ᠪᠠᠷ ᠴᠢᠩᠭ᠋ᠠᠳᠬᠠᠨ᠂ ᠳᠡᠯᠡᠬᠡᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠣᠰᠢᠭᠤᠷᠠᠯ ᠪᠠ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠴᠢᠭᠯᠡᠭᠦᠯᠦᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠡᠭᠦᠳᠦᠯᠲᠡ ᠵᠢ ᠠᠬᠢᠭᠤᠯᠵᠤ᠂ ᠠᠩᠬᠠᠨ᠎ᠤ ᠰᠢᠨ᠎ᠡ ᠵᠢ ᠡᠭᠦᠳᠬᠦ ᠴᠢᠳᠠᠪᠤᠷᠢ ᠪᠠ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ᠎ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠠᠷᠠᠳ ᠵᠶ᠋ᠠᠷ ᠵᠶ᠋ᠠᠨ ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ ᠭᠡᠯᠪᠡᠷᠢ ᠵᠢᠨ ᠨᠡᠢ᠌ᠭᠡᠮ᠂ ᠰᠤᠷᠤᠯᠴᠠᠬᠤ ᠭᠡᠯᠪᠡᠷᠢ ᠵᠢᠨ ᠲᠣᠮᠣ ᠤᠯᠤᠰ᠎ᠢ ᠪᠦᠲᠦᠭᠡᠨ ᠪᠠᠢ᠌ᠭᠤᠯᠵᠤ᠂ ᠬᠥᠮᠥᠨ ᠪᠦᠭᠦᠨ ᠰᠤᠷᠤᠯᠴᠠᠬᠤ᠂ ᠭᠠᠵᠠᠷ ᠪᠣᠯᠭ᠋ᠠᠨ᠎ᠳᠤ ᠰᠤᠷᠤᠯᠴᠠᠵᠤ ᠳᠡᠢ᠌ᠯᠭᠦ᠂ ᠴᠠᠭ ᠢᠮᠠᠭᠲᠠ ᠰᠤᠷᠤᠯᠴᠠᠵᠤ ᠪᠤᠯᠬᠤ ᠵᠢ ᠠᠬᠢᠭᠤᠯᠵᠤ᠂ ᠠᠷᠠᠳ ᠢᠷᠭᠡᠳ᠎ᠤᠨ ᠰᠤᠷᠭ᠋ᠠᠨ ᠬᠥᠮᠦᠵᠢᠯ ᠭᠦᠷᠲᠡᠭᠦ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠬᠥᠮᠥᠨ᠎ᠤ ᠪᠦᠭᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠵᠢ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠴᠢᠬᠤᠯᠠ ᠡᠭᠦᠷᠭᠡ ᠪᠤᠯᠭ᠋ᠠᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ᠎ᠳᠤ ᠳᠣᠲᠣᠭ᠋ᠠᠳᠤ ᠨᠢᠭᠡᠳᠦᠯᠲᠦ ᠴᠢᠨᠠᠷ ᠪᠠ ᠬᠠᠷᠢᠯᠴᠠᠨ ᠲᠤᠯᠭ᠋ᠠᠭᠤᠷᠢᠯᠠᠬᠤ ᠴᠢᠨᠠᠷ᠎ᠲᠠᠢ ᠪᠠᠢ᠌ᠳᠠᠭ᠂ ᠡᠨᠡ ᠭᠤᠷᠪᠠ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠤᠪᠢ ᠳᠠᠭᠢᠨ ᠦᠢ᠍ᠯᠡᠳᠦᠯ᠎ᠢ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠷᠭ᠋ᠠᠨ ᠬᠥᠮᠦᠵᠢᠯ᠂ ᠢᠨᠵᠧᠨᠧᠷᠢᠩ᠎ᠤᠨ ᠰᠤᠷᠭ᠋ᠠᠨ ᠬᠥᠮᠦᠵᠢᠯ᠎ᠢ ᠴᠢᠨᠠᠭᠰᠢᠳᠠ ᠴᠢᠩᠭ᠋ᠠᠳᠬᠠᠵᠤ᠂ ᠰᠢᠨ᠎ᠡ ᠵᠢ ᠡᠭᠦᠳᠬᠦ ᠣᠷᠣᠢ᠌ᠯᠠᠭᠰᠠᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠵᠢ ᠴᠢᠩᠭ᠋ᠠᠳᠬᠠᠵᠤ᠂ ᠮᠠᠨ᠎ᠤ ᠤᠯᠤᠰ᠎ᠤᠨ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠮᠠᠨ᠎ᠤ ᠤᠯᠤᠰ᠎ᠤᠨ ᠡᠯ᠎ᠡ ᠲᠠᠯ᠎ᠠ ᠵᠢᠨ ᠴᠢᠳᠠᠪᠤᠷᠢᠲᠠᠨ᠎ᠤ ᠬᠥᠭᠵᠢᠯᠲᠡ ᠵᠢᠨ ᠬᠠᠨᠳᠤᠰᠢ ᠵᠢᠴᠢ ᠳᠤᠲᠠᠭᠤᠳᠠᠯ᠎ᠤᠨ ᠪᠠᠢ᠌ᠳᠠᠯ᠎ᠢ ᠰᠢᠰᠲ᠋ᠧᠮ᠎ᠲᠠᠢ ᠵᠠᠳᠠᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠪᠠᠢ᠌ᠳᠠᠯ᠎ᠢ ᠦᠨᠳᠦᠰᠦᠯᠡᠨ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠨᠵᠢᠯᠡᠭᠡᠨ᠎ᠤ ᠰᠠᠯᠠᠭ᠎ᠠ ᠵᠢᠨ ᠲᠣᠬᠢᠷᠠᠭᠤᠯᠤᠯᠲᠠ ᠵᠢ ᠬᠥᠳᠡᠯᠦᠩᠭᠦᠢ᠎ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠴᠢᠳᠠᠪᠤᠷᠢᠲᠠᠨ ᠪᠠ ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠬᠠᠷᠠᠯᠲᠠ᠎ᠲᠠᠢ᠎ᠪᠠᠷ ᠬᠥᠮᠥᠵᠢᠭᠦᠯᠵᠦ᠂ ᠰᠤᠷᠭ᠋ᠠᠨ ᠬᠥᠮᠦᠵᠢᠯ᠎ᠠᠴᠠ ᠴᠢᠨᠠᠷ ᠰᠠᠢ᠌ᠲᠠᠢ ᠬᠥᠭᠵᠢᠯᠲᠡ᠎ᠳᠤ ᠦᠵᠡᠭᠦᠯᠭᠦ ᠲᠤᠯᠭ᠋ᠠᠭᠤᠷᠢᠯᠠᠬᠤ ᠬᠦᠴᠦᠨ ᠪᠠ ᠬᠤᠪᠢ ᠨᠡᠮᠡᠷᠢ ᠦᠵᠡᠭᠦᠯᠭᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ᠃ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠂ ᠦᠷᠭᠦᠯᠵᠢᠯᠡᠯ ᠰᠤᠷᠭ᠋ᠠᠨ ᠬᠥᠮᠦᠵᠢᠯ᠎ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠪᠠ ᠡᠩ᠎ᠤᠨ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ᠂ ᠦᠢ᠍ᠯᠡᠳᠪᠦᠷᠢᠯᠡᠯ ᠪᠠ ᠰᠤᠷᠭ᠋ᠠᠨ ᠬᠥᠮᠦᠵᠢᠯ᠎ᠢ ᠤᠶᠠᠯᠳᠤᠭᠤᠯᠬᠤ᠂ ᠰᠢᠨᠵᠢᠯᠡᠬᠦ ᠤᠬᠠᠭ᠋ᠠᠨ ᠪᠠ ᠰᠤᠷᠭ᠋ᠠᠨ ᠬᠥᠮᠦᠵᠢᠯ᠎ᠢ ᠬᠠᠮᠵᠢᠯᠴᠠᠭᠤᠯᠬᠤ ᠵᠢ ᠠᠬᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠂ ᠶᠡᠬᠡ ᠤᠯᠤᠰ᠎ᠤᠨ ᠤᠷᠠᠨ ᠳᠠᠷᠬᠠᠨ᠂ ᠮᠡᠷᠭᠡᠰᠢᠭᠰᠡᠨ ᠳᠠᠷᠬᠠᠨ᠎ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠤᠷᠭ᠋ᠠᠨ ᠬᠥᠮᠦᠵᠢᠯ᠎ᠤᠨ ᠲᠣᠮᠣ ᠤᠯᠤᠰ᠎ᠠᠴᠠ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ ᠪᠤᠯᠬᠤ᠎ᠨᠢ ᠰᠢᠰᠲ᠋ᠧᠮᠲᠦ ᠴᠢᠨᠠᠷᠲᠠᠢ ᠳᠠᠪᠠᠯᠲᠠ ᠪᠠ ᠴᠢᠨᠠᠷ᠎ᠤᠨ ᠬᠤᠪᠢᠷᠠᠯᠲᠠ ᠪᠠᠢ᠌ᠵᠤ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠤᠯᠭ᠋ᠠᠬᠤ ᠬᠡᠷᠡᠭᠲᠡᠢ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠬᠥᠮᠥᠨ ᠬᠥᠮᠥᠵᠢᠭᠦᠯᠬᠦ ᠭᠡᠯᠪᠡᠷᠢ᠂ ᠰᠤᠷᠭ᠋ᠠᠭᠤᠯᠢ ᠡᠷᠭᠢᠯᠡᠭᠦ ᠵᠠᠭᠪᠤᠷ᠂ ᠬᠠᠮᠢᠶᠠᠷᠤᠯᠲᠠ ᠵᠢᠨ ᠪᠠᠢ᠌ᠭᠤᠯᠤᠮᠵᠢ᠂ ᠪᠠᠲᠤᠯᠠᠭ᠎ᠠ ᠵᠢᠨ ᠲᠣᠭᠲᠠᠴᠠ ᠵᠢᠨ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠠᠯᠢᠪᠠ ᠦᠵᠡᠯ ᠰᠠᠨᠠᠭ᠎ᠠ ᠣᠢ᠌ᠯᠠᠭ᠋ᠠᠭᠳᠠᠬᠤᠨ᠎ᠤ ᠬᠦᠯᠢᠶᠡᠰᠦᠯᠡᠯ ᠪᠣᠯᠣᠨ ᠪᠠᠢ᠌ᠭᠤᠯᠤᠮᠵᠢ ᠲᠣᠭᠲᠠᠴᠠ ᠵᠢᠨ ᠭᠡᠮ ᠠᠷᠬᠠᠭ᠎ᠢ ᠡᠷᠡᠰ ᠠᠷᠢᠯᠭ᠋ᠠᠵᠤ᠂ ᠰᠤᠷᠭ᠋ᠠᠨ ᠬᠥᠮᠦᠵᠢᠯ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ᠃ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠢ᠌ᠬᠤ ᠵᠢ ᠠᠬᠢᠭᠤᠯᠬᠤ ᠵᠢ ᠰᠤᠷᠭ᠋ᠠᠨ ᠬᠥᠮᠦᠵᠢᠯ᠎ᠤᠨ ᠬᠦᠷᠢᠶᠡᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠡᠯ᠎ᠡ ᠲᠠᠯ᠎ᠠ ᠡᠯ᠎ᠡ ᠭᠣᠭᠴᠣᠭ᠎ᠠ᠎ᠳᠤ ᠠᠭᠤᠰᠬᠠᠵᠤ᠂ ᠰᠤᠷᠭ᠋ᠠᠨ ᠬᠥᠮᠦᠵᠢᠯ᠎ᠤᠨ ᠬᠤᠳᠠ ᠬᠥᠳᠡᠭᠡ᠂ ᠣᠷᠣᠨ ᠪᠦᠰᠡ᠂ ᠰᠤᠷᠭ᠋ᠠᠭᠤᠯᠢ᠂ ᠬᠥᠮᠥᠰ᠎ᠤᠨ ᠬᠤᠭᠤᠷᠤᠨᠳᠤᠭᠢ ᠵᠥᠷᠢᠶ᠎ᠡ ᠵᠢ ᠪᠠᠭ᠋ᠠᠰᠬᠠᠵᠤ᠂ ᠬᠡᠦᠬᠡᠳ ᠨᠢᠭᠡᠪᠦᠷᠢ᠎ᠳᠤ ᠡᠷᠬᠡ ᠲᠡᠭᠰᠢ ᠪᠥᠭᠡᠳ ᠴᠢᠨᠠᠷ ᠰᠠᠢ᠌ᠲᠠᠢ ᠰᠤᠷᠭ᠋ᠠᠨ ᠬᠥᠮᠦᠵᠢᠯ ᠬᠦᠷᠲᠡᠭᠡᠬᠦ᠎ᠪᠠᠷ ᠴᠢᠷᠮᠠᠢ᠌ᠵᠤ᠂ ᠤᠯᠠᠨ ᠲᠦᠮᠡᠨ᠎ᠤ 《ᠰᠤᠷᠭ᠋ᠠᠭᠤᠯᠢ᠎ᠳᠤ ᠰᠠᠭᠤᠬᠤ》 ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠬᠤ ᠬᠡᠷᠡᠭᠲᠡᠢ᠃ ᠰᠢᠨ᠎ᠡ ᠴᠠᠭ ᠦᠶ᠎ᠡ ᠵᠢᠨ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠯᠠᠨ ᠡᠰᠢᠲᠦ ᠭᠣᠣᠯ ᠴᠣᠭᠴᠠ ᠵᠢᠨ ᠣᠷᠣᠯᠴᠠᠬᠰᠠᠨ᠂ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠳᠤ ᠨᠡᠢ᠌ᠴᠡᠭᠰᠡᠨ᠂ ᠳᠡᠯᠡᠬᠡᠢ ᠵᠢᠨ ᠲᠦᠪᠰᠢᠨ ᠪᠦᠬᠦᠢ ᠰᠤᠷᠭ᠋ᠠᠨ ᠬᠥᠮᠦᠵᠢᠯ᠎ᠤᠨ ᠦᠨᠡᠯᠡᠯᠲᠡ ᠵᠢᠨ ᠰᠢᠰᠲ᠋ᠧᠮ᠎ᠢ ᠪᠠᠢ᠌ᠭᠤᠯᠬᠤ ᠬᠡᠷᠡᠭᠲᠡᠢ᠃ ᠵᠢᠭ᠋ᠠᠬᠤ ᠮᠠᠲ᠋ᠧᠷᠢᠶᠠᠯ᠎ᠤᠨ ᠪᠠᠢ᠌ᠭᠤᠯᠤᠯᠲᠠ ᠪᠠ ᠬᠠᠮᠢᠶᠠᠷᠤᠯᠲᠠ ᠵᠢ ᠴᠢᠩᠭ᠋ᠠᠳᠬᠠᠵᠤ᠂ ᠵᠥᠪ ᠤᠯᠤᠰ ᠲᠦᠷᠦ ᠵᠢᠨ ᠴᠢᠭᠯᠡᠯ ᠪᠠ ᠦᠷᠳᠡᠭ᠎ᠤᠨ ᠤᠳᠤᠷᠢᠳᠤᠮᠵᠢ ᠵᠢ ᠪᠠᠲᠤ ᠡᠵᠡᠮᠳᠡᠵᠦ᠂ ᠦᠨᠳᠦᠰᠦ ᠵᠢ ᠪᠣᠢ᠌ᠵᠢᠭᠤᠯᠵᠤ ᠰᠦᠭ ᠰᠦᠨᠡᠰᠦ ᠵᠢ ᠱᠤᠭᠤᠬᠤ᠂ ᠤᠶᠤᠨ ᠤᠬᠠᠭ᠋ᠠᠨ᠎ᠢ ᠰᠡᠩᠬᠡᠷᠡᠭᠦᠯᠦᠨ   ᠨᠡᠮᠡᠭᠳᠡᠭᠦᠯᠬᠦ   ᠰᠣᠳᠣᠨ   ᠵᠢᠭ᠋ᠠᠬᠤ   ᠮᠠᠲ᠋ᠧᠷᠢᠶᠠᠯ ᠎ᠢ   ᠰᠡᠳᠬᠢᠯ   ᠲᠠᠯᠪᠢᠨ   ᠵᠣᠬᠢᠶᠠᠬᠤ ᠬᠡᠷᠡᠭᠲᠡᠢ᠃ ᠰᠤᠷᠭ᠋ᠠᠨ ᠬᠥᠮᠦᠵᠢᠯ᠎ᠤᠨ ᠲᠣᠭ᠋ᠠᠴᠢᠯᠠᠯᠲᠠ ᠪᠣᠯ ᠮᠠᠨ᠎ᠤ ᠤᠯᠤᠰ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠬᠦ ᠪᠠ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠤᠢ ᠪᠤᠯᠭ᠋ᠠᠬᠤ ᠴᠢᠬᠤᠯᠠ ᠰᠢᠪᠲᠤᠯᠤᠯᠲᠠ ᠵᠢᠨ ᠴᠡᠭ ᠮᠥᠨ᠃ ᠲᠣᠭ᠋ᠠᠴᠢᠯᠠᠭᠰᠠᠨ ᠰᠤᠷᠭ᠋ᠠᠨ ᠬᠥᠮᠦᠵᠢᠯ᠎ᠢ ᠴᠢᠨᠠᠭᠰᠢᠳᠠ ᠠᠬᠢᠭᠤᠯᠵᠤ᠂ ᠥᠪᠡᠷᠮᠢᠴᠡ ᠣᠨᠴᠠᠯᠢᠭ᠎ᠲᠠᠢ ᠰᠤᠷᠤᠯᠴᠠᠬᠤ᠂ ᠨᠠᠰᠤᠨ ᠲᠤᠷᠰᠢᠲᠠ ᠰᠤᠷᠤᠯᠴᠠᠬᠤ᠂ ᠴᠢᠨᠠᠷ ᠰᠠᠢ᠌ᠲᠠᠢ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ ᠪᠠ ᠰᠤᠷᠭ᠋ᠠᠨ ᠬᠥᠮᠦᠵᠢᠯ᠎ᠤᠨ ᠣᠳᠣᠬᠢᠴᠢᠯᠠᠯᠲᠠ᠎ᠳᠤ ᠪᠦᠲᠦᠮᠵᠢᠲᠡᠶ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ᠂ ᠰᠤᠷᠭ᠋ᠠᠨ ᠬᠥᠮᠦᠵᠢᠯ᠎ᠤᠨ ᠭᠠᠳᠠᠭ᠋ᠠᠳᠤ ᠨᠡᠭᠡᠭᠡᠯᠲᠡ ᠵᠢᠨ ᠪᠠᠢ᠌ᠯᠳᠤᠬᠤ ᠪᠣᠳᠣᠯᠭ᠎ᠠ ᠵᠢᠨ ᠠᠷᠭ᠎ᠠ ᠪᠣᠳᠣᠯᠭ᠎ᠠ ᠵᠢ ᠲᠡᠭᠦᠯᠳᠡᠷᠵᠢᠭᠦᠯᠵᠦ᠂ 《ᠣᠷᠣᠭᠤᠯᠤᠨ ᠠᠪᠴᠢᠷᠠᠬᠤ》 ᠪᠠ 《ᠭᠠᠳᠠᠭᠰᠢ ᠭᠠᠷᠭ᠋ᠠᠬᠤ》 ᠬᠣᠶᠠᠷ ᠶᠡᠬᠡ ᠶᠠᠪᠤᠳᠠᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠬᠢᠵᠦ᠂ ᠳᠡᠯᠡᠬᠡᠢ ᠵᠢᠨ ᠲᠡᠷᠢᠭᠦᠨ᠎ᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ ᠪᠣᠯᠣᠨ ᠰᠢᠨ᠎ᠡ ᠵᠢ ᠡᠭᠦᠳᠬᠦ ᠡᠯᠧᠮᠧᠨ᠋ᠲ᠎ᠢ ᠪᠦᠲᠦᠮᠵᠢᠲᠡᠢ ᠠᠰᠢᠭᠯᠠᠵᠤ᠂ ᠮᠠᠨ᠎ᠤ ᠤᠯᠤᠰ ᠵᠶ᠋ᠠᠨ ᠬᠦᠴᠦᠷᠬᠡᠭ ᠶᠡᠬᠡ ᠨᠥᠯᠥᠭᠡᠯᠡᠬᠦ ᠬᠦᠴᠦᠨ᠎ᠲᠠᠢ ᠳᠡᠯᠡᠬᠡᠢ ᠵᠢᠨ ᠴᠢᠬᠤᠯᠠ ᠰᠤᠷᠭ᠋ᠠᠨ ᠬᠥᠮᠦᠵᠢᠯ᠎ᠤᠨ ᠲᠥᠪ ᠪᠤᠯᠭ᠋ᠠᠬᠤ ᠬᠡᠷᠡᠭᠲᠡᠢ᠃ ᠪᠦᠭᠦ ᠪᠥᠮᠪᠥᠷᠴᠡᠭ᠎ᠤᠨ ᠰᠤᠷᠭ᠋ᠠᠨ ᠬᠥᠮᠦᠵᠢᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ 《ᠭᠠᠳᠠᠭ᠋ᠠᠳᠤ᠎ᠳᠤ ᠰᠤᠷᠤᠯᠴᠠᠬᠤ ᠳᠤᠮᠳᠠᠳᠤ ᠤᠯᠤᠰ》᠎ᠤᠨ ᠲᠦᠷᠦᠯ ᠲᠡᠮᠳᠡᠭ᠎ᠤᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢ᠌ᠲᠤᠷ ᠶᠠᠷᠢᠵᠤ᠂ ᠳᠤᠮᠳᠠᠳᠤ ᠤᠯᠤᠰ᠎ᠤᠨ ᠲᠤᠷᠰᠢᠯᠭ᠎ᠠ ᠵᠢ ᠳᠠᠮᠵᠢᠭᠤᠯᠵᠤ᠂ ᠳᠤᠮᠳᠠᠳᠤ ᠤᠯᠤᠰ᠎ᠤᠨ ᠳᠠᠭᠤᠨ᠎ᠢ ᠳᠠᠭᠤᠷᠢᠰᠢᠭᠤᠯᠵᠤ᠂ ᠮᠠᠨ᠎ᠤ ᠤᠯᠤᠰ᠎ᠤᠨ ᠰᠤᠷᠭ᠋ᠠᠨ ᠬᠥᠮᠦᠵᠢᠯ᠎ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠦᠭᠡ ᠬᠡᠯᠡᠬᠦ ᠡᠷᠬᠡ ᠵᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠤᠷᠭ᠋ᠠᠨ ᠬᠥᠮᠦᠵᠢᠯ᠎ᠢ ᠬᠦᠴᠦᠷᠬᠡᠭᠵᠢᠭᠦᠯᠬᠦ᠎ᠳᠤ ᠡᠷᠬᠡᠪᠰᠢ ᠤᠷᠢᠳ ᠵᠢᠡᠷ ᠪᠠᠭᠰᠢ ᠵᠢᠨ ᠡᠩᠨᠡᠭᠡ ᠵᠢ ᠬᠦᠴᠦᠷᠬᠡᠭᠵᠢᠭᠦᠯᠬᠦ ᠬᠡᠷᠡᠭᠲᠡᠢ᠃ ᠪᠠᠭᠰᠢ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠵᠢ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢᠨ ᠬᠠᠮᠤᠭ᠎ᠤᠨ ᠴᠢᠬᠤᠯᠠ ᠰᠠᠭᠤᠷᠢ ᠠᠵᠢᠯ ᠪᠣᠯᠭ᠋ᠠᠨ ᠠᠳᠬᠤᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠪᠠᠭᠰᠢ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠦᠷᠢᠨᠰᠢᠭᠦᠯᠵᠦ᠂ ᠡᠷᠬᠢᠮ ᠳᠡᠭᠡᠳᠦ ᠮᠣᠷᠠᠯ᠎ᠲᠠᠢ᠂ ᠲᠤᠬᠠᠢ᠌ᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠭᠰᠠᠨ ᠥᠨᠳᠥᠷ ᠬᠡᠪ ᠪᠣᠯᠪᠠᠰᠤᠷᠠᠯ᠎ᠲᠠᠢ ᠲᠤᠰᠬᠠᠢ᠌ᠵᠢᠭᠰᠠᠨ ᠪᠠᠭᠰᠢ ᠵᠢᠨ ᠡᠩᠨᠡᠭᠡ ᠵᠢ ᠶᠡᠬᠡ᠎ᠪᠠᠷ ᠬᠥᠮᠥᠵᠢᠭᠦᠯᠬᠦ ᠬᠡᠷᠡᠭᠲᠡᠢ᠃ ᠪᠠᠭᠰᠢ ᠵᠢ ᠭᠦᠨᠳᠦᠳᠭᠡᠵᠦ ᠰᠤᠷᠭ᠋ᠠᠨ ᠬᠥᠮᠦᠵᠢᠯ᠎ᠢ ᠴᠢᠬᠤᠯᠠᠴᠢᠯᠠᠬᠤ ᠨᠡᠢ᠌ᠭᠡᠮ᠎ᠤᠨ ᠬᠡᠪ ᠰᠤᠷᠲᠠᠯ᠎ᠢ ᠪᠠᠳᠠᠷᠠᠭᠤᠯᠵᠤ᠂ ᠪᠠᠭᠰᠢ ᠵᠢᠨ ᠤᠯᠤᠰ ᠲᠦᠷᠦ ᠵᠢᠨ ᠪᠠᠢ᠌ᠷᠢ ᠰᠠᠭᠤᠷᠢ᠂ ᠨᠡᠢ᠌ᠭᠡᠮ᠎ᠤᠨ ᠪᠠᠢ᠌ᠷᠢ ᠰᠠᠭᠤᠷᠢ᠂ ᠠᠵᠢᠯ ᠮᠡᠷᠭᠡᠵᠢᠯ᠎ᠤᠨ ᠪᠠᠢ᠌ᠷᠢ ᠰᠠᠭᠤᠷᠢ ᠵᠢ ᠳᠡᠭᠡᠭᠰᠢᠯᠡᠭᠦᠯᠵᠦ᠂ ᠪᠠᠭᠰᠢ ᠵᠢ ᠨᠡᠢ᠌ᠭᠡᠮ᠎ᠤᠨ ᠬᠦᠨᠳᠦᠳᠬᠡᠯ᠎ᠢ ᠬᠠᠮᠤᠭ᠎ᠤᠨ ᠶᠡᠬᠡ ᠣᠯᠣᠭᠰᠠᠨ ᠠᠵᠢᠯ ᠮᠡᠷᠭᠡᠵᠢᠯ᠎ᠤᠨ ᠨᠢᠭᠡ ᠪᠤᠯᠭ᠋ᠠᠵᠤ᠂ ᠰᠢᠯᠢᠳᠡᠭ ᠴᠢᠳᠠᠪᠤᠷᠢᠲᠠᠨ᠎ᠤ ᠬᠠᠯᠠᠭᠤᠨ ᠰᠡᠳᠬᠢᠯ ᠵᠶ᠋ᠡᠷ ᠪᠠᠭᠰᠢᠯᠠᠬᠤ᠂ ᠨᠠᠷᠢᠨ ᠨᠢᠮᠪᠠᠢ ᠪᠠᠭᠰᠢᠯᠠᠬᠤ᠂ ᠤᠷᠳᠤ ᠬᠤᠭᠤᠴᠠᠭ᠎ᠠ᠎ᠪᠠᠷ ᠪᠠᠭᠰᠢᠯᠠᠬᠤ᠂ ᠨᠠᠰᠤᠨ ᠲᠤᠷᠰᠢᠲᠠ ᠪᠠᠭᠰᠢᠯᠠᠬᠤ ᠵᠢ ᠳᠡᠮᠵᠢᠬᠦ ᠪᠠ ᠲᠠᠲᠠᠬᠤ ᠬᠡᠷᠡᠭᠲᠡᠢ᠃ ᠪᠠᠭᠰᠢ ᠵᠢᠨ ᠮᠣᠷᠠᠯ ᠪᠠᠭᠰᠢ ᠵᠢᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠥᠷᠭᠡᠨ ᠣᠯᠠᠨ ᠪᠠᠭᠰᠢ ᠵᠢᠨ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠶᠣᠰᠣ ᠰᠤᠷᠲᠠᠬᠤᠨ ᠦᠵᠡᠯ ᠰᠡᠳᠬᠢᠯᠭᠡ᠎ᠪᠠᠨ ᠪᠤᠯᠪᠠᠰᠤᠷᠠᠭᠤᠯᠵᠤ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠵᠢ ᠡᠵᠡᠮᠰᠢᠵᠦ᠂ ᠥᠷᠥᠰᠢᠶᠡᠯ ᠬᠠᠢ᠌ᠷ᠎ᠠ ᠵᠢᠨ ᠰᠡᠳᠬᠢᠯ ᠵᠶ᠋ᠡᠨ ᠦᠷᠭᠦᠯᠵᠢ ᠵᠠᠰᠠᠵᠤ᠂ 《ᠰᠤᠷᠭ᠋ᠠᠨ ᠬᠥᠮᠦᠵᠢᠯ᠎ᠤᠨ ᠦᠢ᠍ᠯᠡᠰ᠎ᠲᠤ ᠬᠢᠴᠢᠶᠡᠩᠭᠦᠢ᠌ᠯᠡᠨ ᠵᠢᠳᠬᠦᠵᠦ᠂ ᠤᠯᠤᠰ ᠵᠶ᠋ᠠᠨ ᠬᠦᠴᠦᠷᠬᠡᠭᠵᠢᠭᠦᠯᠬᠦ᠎ᠳᠤ ᠪᠢ ᠪᠠᠢ᠌ᠨ᠎ᠠ》 ᠭᠡᠬᠦ ᠵᠣᠷᠢᠭ ᠪᠠ ᠬᠦᠰᠡᠯᠡᠩ᠎ᠢ ᠪᠤᠢ ᠪᠤᠯᠭ᠋ᠠᠵᠤ᠂ ᠭᠤᠷᠪᠠᠨ ᠲᠣᠬᠣᠢ ᠬᠢᠴᠢᠶᠡᠯ᠎ᠤᠨ ᠲᠠᠢ᠌ᠰᠠ ᠵᠢ ᠪᠠᠲᠤ ᠰᠠᠬᠢᠵᠤ᠂ ᠨᠢᠭᠡ ᠰᠡᠳᠬᠢᠯ ᠵᠶ᠋ᠡᠷ ᠪᠢᠴᠢᠭ ᠵᠢᠭ᠋ᠠᠵᠤ ᠬᠥᠮᠥᠨ ᠬᠥᠮᠥᠵᠢᠭᠦᠯᠬᠦ ᠵᠢ ᠬᠥᠲᠥᠯᠥᠨ ᠵᠢᠯᠤᠭᠣᠳᠬᠤ ᠬᠡᠷᠡᠭᠲᠡᠢ ᠭᠡᠵᠦ ᠴᠢᠬᠤᠯᠠᠴᠢᠯᠠᠪᠠ᠃
      ᠰᠢ ᠵᠢᠨ ᠫᠢᠩ ᠬᠠᠮᠤᠭ᠎ᠤᠨ ᠰᠡᠭᠦᠯ᠎ᠳᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠪᠣᠯ ᠪᠦᠭᠦ ᠨᠠᠮ ᠪᠦᠭᠦ ᠨᠡᠢ᠌ᠭᠡᠮ᠎ᠤᠨ ᠬᠠᠮᠲᠤ ᠵᠢᠨ ᠡᠭᠦᠷᠭᠡ ᠮᠥᠨ᠃ ᠰᠤᠷᠭ᠋ᠠᠨ ᠬᠥᠮᠦᠵᠢᠯ᠎ᠤᠨ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ᠎ᠪᠠᠷ ᠠᠳᠬᠤᠵᠤ ᠬᠠᠮᠲᠤ᠎ᠪᠠᠷ ᠬᠠᠮᠢᠶᠠᠷᠬᠤ᠂ ᠰᠠᠯᠠᠭ᠎ᠠ ᠮᠥᠴᠢᠷ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠰᠤᠷᠭ᠋ᠠᠨ ᠬᠥᠮᠦᠵᠢᠯ᠎ᠤᠨ ᠤᠳᠤᠷᠢᠳᠬᠤ ᠪᠠᠢ᠌ᠭᠤᠯᠤᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠰᠤᠷᠭ᠋ᠠᠨ ᠬᠥᠮᠦᠵᠢᠯ᠎ᠢ ᠤᠷᠢᠳ ᠵᠶ᠋ᠠᠷ ᠬᠥᠭᠵᠢᠭᠦᠯᠬᠦ ᠵᠢ ᠢᠮᠠᠭᠲᠠ ᠪᠠᠷᠢᠮᠲᠠᠯᠠᠵᠤ᠂ ᠵᠣᠬᠢᠶᠠᠨ ᠪᠠᠢ᠌ᠭᠤᠯᠵᠤ ᠤᠳᠤᠷᠢᠳᠬᠤ᠂ ᠬᠥᠭᠵᠢᠯᠲᠡ ᠵᠢᠨ ᠲᠥᠯᠦᠪᠵᠢᠭᠦᠯᠭᠡ᠂ ᠡᠬᠢ ᠪᠠᠶᠠᠯᠢᠭ᠎ᠤᠨ ᠪᠠᠲᠤᠯᠠᠭ᠎ᠠ᠂ ᠵᠠᠷᠤᠳᠠᠯ᠎ᠤᠨ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠰᠤᠷᠭ᠋ᠠᠭᠤᠯᠢ᠂ ᠭᠡᠷ ᠪᠦᠯᠢ᠂ ᠨᠡᠢ᠌ᠭᠡᠮ ᠨᠢᠭᠲᠠ ᠬᠠᠮᠲᠤᠷᠠᠯᠴᠠᠵᠤ᠂ ᠠᠳᠠᠯᠢ ᠴᠢᠭᠯᠡᠯ ᠵᠶ᠋ᠡᠷ ᠬᠦᠴᠦᠯᠡᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠦᠢ᠍ᠯᠡᠳᠦᠯᠭᠡ᠎ᠳᠤ ᠢᠳᠡᠪᠬᠢᠲᠡᠢ ᠣᠷᠣᠯᠴᠠᠵᠤ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠦᠢ᠍ᠯᠡᠰ᠎ᠢ ᠬᠠᠮᠲᠤ᠎ᠪᠠᠷ ᠰᠠᠢ᠌ᠲᠤᠷ ᠡᠷᠭᠢᠯᠡᠭᠦ ᠬᠡᠷᠡᠭᠲᠡᠢ᠃ ᠪᠦᠭᠦ ᠨᠠᠮ ᠪᠦᠭᠦ ᠤᠯᠤᠰ᠎ᠤᠨ ᠠᠷᠠᠳ ᠲᠦᠮᠡᠨ ᠢᠲᠡᠭᠡᠯ ᠵᠣᠷᠢᠭ ᠵᠶ᠋ᠠᠨ ᠪᠠᠲᠤᠳᠬᠠᠨ᠂ ᠤᠳᠠᠭ᠋ᠠᠨ ᠳᠠᠭ᠋ᠠᠭ᠋ᠠᠮᠠᠭ᠋ᠠᠢ ᠵᠢᠳᠬᠦᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠬᠠᠷᠠᠯᠲᠠ ᠵᠢ ᠡᠷᠲᠡᠬᠡᠨ ᠪᠡᠶᠡᠯᠡᠭᠦᠯᠬᠦ ᠵᠢᠨ ᠲᠥᠯᠥᠭᠡ ᠬᠠᠮᠲᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
     (ᠰᠢᠨᠬᠤᠸᠠ ᠬᠣᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 29᠎ᠤ ᠴᠠᠭᠢᠯᠭ᠋ᠠᠨ ᠮᠡᠳᠡᠭᠡ)  

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠠᠬᠢᠴᠠ ᠵᠢᠴᠢ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠭᠡ ᠢᠨᠵᠧᠨᠧᠷᠢᠩ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ
ᠰᠢ ᠵᠢᠨ ᠫᠢᠩ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ ᠵᠢᠨ ᠰᠢᠨ᠎ᠡ ᠨᠢᠭᠡ ᠬᠤᠭᠤᠴᠠᠭ᠋ᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠎ᠲᠠᠢ ᠬᠠᠮᠲᠤ ᠶᠠᠷᠢᠯᠴᠠᠭ᠎ᠠ ᠬᠢᠬᠦ᠎ᠳᠡᠭᠡᠨ ᠴᠢᠬᠤᠯᠠᠴᠢᠯᠠᠭᠰᠠᠨ᠎ᠨᠢ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠠᠴᠠ ᠳᠠᠭ᠋ᠠᠭ᠋ᠠᠯᠭ᠋ᠠᠭᠰᠠᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ ᠥᠷᠭᠡᠨ ᠣᠯᠠᠨ ᠵᠠᠯᠠᠭᠤᠴᠤᠳ᠎ᠤᠨ ᠳᠤᠮᠳᠠᠳᠤ ᠤᠯᠤᠰ᠎ᠤᠨ ᠮᠠᠶᠢᠭ᠎ᠤᠨ ᠪᠦᠲᠦᠭᠡᠨ ᠪᠠᠶ᠋ᠢᠭᠤᠯᠤᠯᠲᠠ ᠳᠤᠮᠳᠠ ᠢᠲᠡᠭᠡᠯ ᠲᠡᠭᠦᠯᠳᠡᠷ ᠵᠶ᠋ᠠᠷ ᠬᠠᠷᠢᠭᠤᠴᠠᠯᠭ᠎ᠠ ᠡᠭᠦᠷᠭᠡᠯᠡᠬᠦ ᠵᠢ ᠭᠦᠢ᠍ᠴᠡᠳ ᠤᠷᠮᠠᠰᠢᠭᠤᠯᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
 
            