ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠨᠡᠶ᠋ᠢᠲᠡᠯᠡᠭᠰᠡᠨ ᠴᠠᠭ᠄ 2023-05-08

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 5 ᠰᠠᠷ᠎ᠠ ᠵᠢᠨ 5᠎ᠤ ᠴᠠᠬᠢᠯᠭ᠋ᠠᠨ ᠮᠡᠳᠡᠭᠡ   ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠡᠷᠭᠢᠯᠡᠭᠴᠢ ᠰᠢ ᠵᠢᠨ ᠫᠢᠩ 5 ᠰᠠᠷ᠎ᠠ ᠵᠢᠨ 5᠎ᠤ ᠦᠳᠡ ᠵᠢᠨ ᠬᠣᠢ᠌ᠨ᠎ᠠ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠩᠬᠠᠳᠤᠭ᠋ᠠᠷ ᠬᠤᠷᠠᠯ᠎ᠢ ᠡᠷᠭᠢᠯᠡᠨ ᠬᠤᠷᠠᠯᠳᠤᠭᠤᠯᠵᠤ᠂ ᠰᠢᠨ᠎ᠡ ᠨᠢᠭᠡ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠵᠢᠯ᠎ᠢ ᠰᠠᠢ᠌ᠲᠤᠷ ᠬᠢᠵᠦ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠠᠰᠠᠭᠤᠳᠠᠯ᠎ᠢ ᠰᠤᠳᠤᠯᠵᠤ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠠᠰᠠᠭᠤᠳᠠᠯ᠎ᠢ ᠰᠤᠳᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠵᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠨᠢᠭᠡ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠠᠵᠤ ᠠᠬᠤᠢ ᠵᠢᠨ ᠠᠵᠢᠯ᠎ᠤᠨ ᠴᠢᠬᠤᠯᠠ ᠶᠡᠬᠡ ᠴᠢᠭᠯᠡᠯᠲᠡ ᠵᠢ ᠲᠣᠭᠲᠠᠭ᠋ᠠᠬᠤ ᠦᠢ᠍ᠯᠡᠳᠦᠯ ᠵᠶ᠋ᠡᠨ ᠦᠷᠭᠦᠯᠵᠢᠯᠡᠨ ᠰᠠᠢ᠌ᠲᠤᠷ ᠪᠠᠳᠠᠷᠠᠭᠤᠯᠵᠤ᠂ ᠠᠵᠤ ᠠᠬᠤᠢ ᠵᠢᠨ ᠠᠵᠢᠯ᠎ᠳᠠᠬᠢ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠤᠯᠠᠮ ᠴᠢᠨᠠᠭᠰᠢᠳᠠ ᠴᠢᠩᠭ᠋ᠠᠳᠬᠠᠨ ᠰᠠᠢ᠌ᠵᠢᠷᠠᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ ᠪᠣᠯ ᠣᠳᠣᠬᠢᠴᠢᠯᠠᠭᠰᠠᠨ ᠤᠯᠤᠰ᠎ᠤᠨ ᠪᠣᠳᠠᠰ ᠮᠡᠷᠭᠡᠵᠢᠯ᠎ᠤᠨ ᠰᠠᠭᠤᠷᠢ ᠮᠥᠨ᠂ ᠡᠷᠬᠡᠪᠰᠢ ᠠᠵᠤ ᠠᠬᠤᠢ ᠵᠢ ᠬᠥᠭᠵᠢᠭᠦᠯᠬᠦ ᠬᠦᠴᠦᠯᠡᠬᠦ ᠴᠡᠭ᠎ᠢ ᠪᠣᠳᠠᠲᠤ ᠴᠣᠭᠴᠠ ᠵᠢᠨ ᠠᠵᠤ ᠠᠬᠤᠢ ᠳᠡᠭᠡᠷ᠎ᠡ ᠲᠠᠯᠪᠢᠵᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠳᠤ ᠪᠠᠲᠤ ᠴᠢᠩᠭ᠎ᠠ ᠪᠣᠳᠠᠰ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠬᠥᠮᠥᠨ ᠠᠮᠠ ᠵᠢᠨ ᠬᠥᠭᠵᠢᠯᠲᠡ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭᠳᠠᠬᠤ ᠶᠡᠬᠡ ᠶᠠᠪᠤᠳᠠᠯ ᠮᠥᠨ᠂ ᠡᠷᠬᠡᠪᠰᠢ ᠬᠥᠮᠥᠨ ᠠᠮᠠ ᠵᠢᠨ ᠪᠦᠬᠦᠯᠢ ᠴᠣᠭᠴᠠ ᠵᠢᠨ ᠬᠡᠪ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢ᠌ᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶᠠᠨ᠎ᠤ ᠳᠡᠳ᠋ ᠡᠷᠭᠢᠯᠡᠭᠴᠢ ᠯᠢ ᠴᠢᠶᠠᠩ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠭᠡᠰᠢᠭᠦᠨ ᠼᠠᠢ ᠴᠢ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ᠂ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠭᠡᠰᠢᠭᠦᠨ ᠳ᠋ᠢᠩ ᠰᠢᠤᠸᠠᠢ ᠰᠢᠶᠠᠩ ᠬᠤᠷᠠᠯ᠎ᠳᠤ ᠣᠷᠣᠯᠴᠠᠵᠠᠢ᠃
      ᠬᠤᠷᠠᠯ᠎ᠠᠴᠠ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠎ᠤ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ᠃
      ᠬᠤᠷᠠᠯ᠎ᠠᠴᠠ᠂ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠪᠣᠯ ᠨᠠᠮ᠎ᠤᠨ ᠭᠣᠣᠯ ᠠᠵᠢᠯ ᠮᠥᠨ᠂ ᠠᠵᠤ ᠠᠬᠤᠢ ᠵᠢᠨ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠪᠣᠯ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠪᠠᠢ᠌ᠪᠠᠰᠤ ᠵᠣᠬᠢᠬᠤ ᠠᠭᠤᠯᠭ᠎ᠠ ᠪᠣᠯᠣᠨ᠎ᠠ᠃ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠪᠣᠯ ᠨᠠᠮ᠎ᠤᠨ ᠲᠥᠪ ᠬᠣᠷᠢᠶ᠎ᠠ ᠵᠢᠨ ᠠᠵᠤ ᠠᠬᠤᠢ ᠵᠢᠨ ᠠᠵᠢᠯ᠎ᠢ ᠤᠳᠤᠷᠢᠳᠬᠤ ᠴᠢᠬᠤᠯᠠ ᠳᠦᠷᠢᠮ᠎ᠤᠨ ᠲᠣᠬᠢᠷᠠᠭᠤᠯᠤᠯᠲᠠ ᠪᠠᠢ᠌ᠵᠤ᠂ ᠬᠠᠷᠢᠭᠤᠴᠠᠯᠭ᠎ᠠ ᠬᠦᠨᠳᠦ ᠶᠡᠬᠡ᠂ ᠦᠢ᠍ᠯᠡᠳᠦᠯ ᠴᠢᠬᠤᠯᠠ ᠶᠤᠮ᠃ ᠰᠢᠨ᠎ᠡ ᠨᠢᠭᠡ ᠬᠤᠭᠤᠴᠠᠭ᠋ᠠᠨ᠎ᠤ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠵᠢᠯ᠎ᠢ ᠰᠠᠢ᠌ᠲᠤᠷ ᠬᠢᠬᠦ᠎ᠳᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠬᠤ ᠬᠡᠷᠡᠭᠲᠡᠢ᠃ ᠪᠠᠢ᠌ᠯᠳᠤᠬᠤ ᠪᠣᠳᠣᠯᠭ᠎ᠠ ᠵᠢᠨ ᠲᠥᠯᠦᠪᠵᠢᠭᠦᠯᠭᠡ᠎ᠪᠠᠨ ᠴᠢᠩᠭ᠋ᠠᠳᠬᠠᠵᠤ᠂ ᠰᠢᠰᠲ᠋ᠧᠮᠲᠦ ᠦᠵᠡᠯᠲᠡ᠎ᠪᠠᠨ ᠴᠢᠩᠭ᠋ᠠᠳᠬᠠᠵᠤ᠂ ᠬᠠᠮᠵᠢᠯᠴᠠᠨ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠰᠤᠷᠤᠯᠴᠠᠯᠭ᠎ᠠ ᠪᠠᠢ᠌ᠴᠠᠭ᠋ᠠᠨ ᠰᠤᠳᠤᠯᠤᠯᠲᠠ᠎ᠪᠠᠨ ᠴᠢᠩᠭ᠋ᠠᠳᠬᠠᠵᠤ᠂ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠢᠮᠠᠭᠲᠠ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠬᠤᠷᠠᠯ᠎ᠠᠴᠠ 《ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠵᠢᠯ᠎ᠤᠨ ᠳᠦᠷᠢᠮ》 ᠪᠣᠯᠣᠨ 《ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠠᠯᠪᠠᠨ ᠭᠡᠷ᠎ᠤᠨ ᠠᠵᠢᠯ᠎ᠤᠨ ᠨᠠᠷᠢᠨ ᠳᠦᠷᠢᠮ》᠎ᠢ ᠬᠢᠨᠠᠨ ᠵᠥᠪᠯᠡᠵᠦ ᠪᠠᠲᠤᠯᠠᠪᠠ᠃
      ᠬᠤᠷᠠᠯ᠎ᠠᠴᠠ᠂ ᠪᠣᠳᠠᠲᠤ ᠴᠣᠭᠴᠠ ᠵᠢᠨ ᠠᠵᠤ ᠠᠬᠤᠢ᠎ᠪᠠᠷ ᠲᠤᠯᠭ᠋ᠠᠭᠤᠷᠢᠯᠠᠯ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ᠎ᠨᠢ ᠪᠢᠳᠡᠨ᠎ᠤ ᠢᠷᠡᠭᠡᠳᠦᠢ ᠵᠢᠨ ᠬᠥᠭᠵᠢᠯᠲᠡ ᠪᠣᠯᠣᠨ ᠤᠯᠠᠨ ᠤᠯᠤᠰ᠎ᠤᠨ ᠥᠷᠢᠰᠦᠯᠳᠦᠭᠡᠨ᠎ᠤ ᠳᠤᠮᠳᠠ ᠪᠠᠢ᠌ᠯᠳᠤᠬᠤ ᠪᠣᠳᠣᠯᠭ᠎ᠠ ᠵᠢᠨ ᠰᠠᠨᠠᠭ᠋ᠠᠴᠢᠯᠠᠭ᠋ᠠᠲᠤ ᠡᠷᠬᠡ ᠵᠢ ᠣᠯᠬᠤ᠎ᠳᠤ ᠬᠣᠯᠪᠣᠭᠳᠠᠨ᠎ᠠ᠃ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠤᠨ ᠤᠷᠤᠰᠬᠠᠯ᠎ᠢ ᠡᠵᠡᠮᠳᠡᠵᠦ᠂ ᠬᠥᠮᠥᠨ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠱᠠᠭ᠋ᠠᠷᠳᠠᠯᠭ᠎ᠠ᠎ᠳᠤ ᠵᠣᠬᠢᠴᠠᠵᠤ᠂ ᠠᠵᠤ ᠦᠢ᠍ᠯᠡᠰ᠎ᠤᠨ ᠰᠢᠰᠲ᠋ᠧᠮ ᠪᠦᠷᠢᠨ ᠲᠡᠭᠦᠯᠳᠡᠷ ᠪᠠ ᠢᠵᠢ ᠪᠦᠷᠢᠳᠦᠭᠦᠯᠬᠦ ᠴᠢᠳᠠᠪᠤᠷᠢ ᠴᠢᠩᠭ᠎ᠠ ᠪᠠᠢ᠌ᠬᠤ ᠳᠠᠪᠠᠭᠤᠯᠢᠭ ᠵᠶ᠋ᠠᠨ ᠪᠠᠲᠤᠯᠠᠨ ᠴᠢᠩᠭ᠋ᠠᠳᠬᠠᠵᠤ᠂ ᠪᠦᠭᠦ ᠪᠥᠮᠪᠥᠷᠴᠡᠭ᠎ᠤᠨ ᠰᠢᠨ᠎ᠡ ᠵᠢ ᠡᠭᠦᠳᠬᠦ ᠬᠦᠴᠦᠨ ᠵᠦᠢ᠍ᠯ᠎ᠢ ᠥᠨᠳᠥᠷ ᠪᠦᠲᠦᠮᠵᠢᠲᠡᠢ᠎ᠪᠠᠷ ᠲᠥᠪᠯᠡᠷᠡᠭᠦᠯᠵᠦ᠂ ᠠᠵᠤ ᠦᠢ᠍ᠯᠡᠰ᠎ᠤᠨ ᠣᠶᠤᠨᠴᠢᠯᠠᠯᠲᠠ᠂ ᠪᠣᠬᠢᠷᠳᠤᠯ ᠦᠭᠡᠢ᠂ ᠠᠭᠤᠰᠤᠯᠴᠠᠯ᠎ᠢ ᠠᠬᠢᠭᠤᠯᠵᠤ᠂ ᠪᠦᠷᠢᠨ ᠪᠦᠲᠦᠨ ᠴᠢᠨᠠᠷ᠂ ᠲᠡᠷᠢᠭᠦᠨ᠎ᠤ ᠴᠢᠨᠠᠷ᠂ ᠠᠮᠤᠷ ᠲᠦᠪᠰᠢᠨ ᠴᠢᠨᠠᠷ ᠪᠦᠬᠦᠢ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠬᠤ ᠬᠡᠷᠡᠭᠲᠡᠢ᠃ ᠪᠣᠳᠠᠲᠤ ᠴᠣᠭᠴᠠ ᠵᠢᠨ ᠠᠵᠤ ᠠᠬᠤᠢ᠎ᠪᠠᠷ ᠭᠣᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠪᠣᠳᠠᠲᠤ ᠴᠣᠭᠴᠠ ᠵᠢᠨ ᠠᠵᠤ ᠠᠬᠤᠢ ᠵᠢ ᠬᠡᠢ᠌ᠰᠪᠦᠷᠢᠯᠡᠬᠦ ᠵᠢ ᠰᠡᠷᠭᠡᠢ᠌ᠯᠡᠬᠦ ᠭᠡᠷᠡᠭᠳᠡᠢ; ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ᠂ ᠠᠯᠬᠤᠮ ᠲᠠᠷᠠᠭ᠎ᠠ᠎ᠲᠠᠢ᠎ᠪᠠᠷ ᠤᠷᠤᠭᠰᠢᠯᠠᠬᠤ ᠵᠢ ᠪᠠᠷᠢᠮᠲᠠᠯᠠᠵᠤ᠂ ᠶᠡᠬᠡ ᠵᠢ ᠰᠠᠨᠠᠵᠤ ᠬᠠᠷᠢ ᠵᠢᠨ᠎ᠬᠢ ᠵᠢ ᠬᠥᠭᠡᠭᠡᠴᠡᠯᠳᠦᠵᠦ ᠪᠣᠯᠬᠤ ᠦᠭᠡᠢ; ᠭᠤᠷᠪᠠᠳᠤᠭ᠋ᠠᠷ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠰᠠᠯᠭ᠋ᠠᠵᠤ ᠡᠰᠡᠷᠭᠦᠴᠡᠯᠳᠦᠭᠦᠯᠬᠦ᠎ᠠᠴᠠ ᠵᠠᠢ᠌ᠯᠠᠰᠬᠢᠬᠦ ᠭᠡᠷᠡᠭᠳᠡᠢ; ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠬᠤ ᠵᠢ ᠪᠠᠷᠢᠮᠲᠠᠯᠠᠵᠤ᠂     《ᠳᠣᠣᠷᠠᠳᠤ ᠲᠠᠰ᠎ᠤᠨ ᠠᠵᠤ ᠦᠢ᠍ᠯᠡᠰ》 ᠪᠣᠯᠭ᠋ᠠᠨ ᠳᠥᠭᠥᠮᠬᠡᠨ ᠵᠶ᠋ᠡᠷ ᠤᠬᠤᠷᠢᠨ ᠭᠠᠷᠭ᠋ᠠᠵᠤ ᠪᠣᠯᠬᠤ ᠥᠭᠡᠶ;ᠨᠡᠭᠡᠭᠡᠯᠲᠡ᠎ᠲᠠᠢ ᠬᠠᠮᠲᠤᠷᠠᠯᠴᠠᠬᠤ ᠵᠢ ᠪᠠᠷᠢᠮᠲᠠᠯᠠᠵᠤ᠂ ᠡᠭᠦᠳᠡ᠎ᠪᠠᠨ ᠲᠦᠭᠵᠢᠨ ᠰᠠᠨᠠᠭ᠎ᠠ ᠵᠣᠷᠢᠭ ᠵᠢᠡᠷ ᠵᠢᠡᠨ ᠦᠢ᠍ᠯᠡᠳᠴᠦ ᠪᠣᠯᠬᠤ ᠦᠭᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠢᠨ᠎ᠡ ᠬᠥᠭᠵᠢᠯᠲᠡ ᠵᠢᠨ ᠱᠠᠲᠤᠨ᠎ᠤ ᠠᠵᠤ ᠦᠢ᠍ᠯᠡᠰ᠎ᠤᠨ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠵᠢ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠬᠦᠷᠢᠶᠡᠨ᠎ᠤ ᠦᠵᠦ ᠲᠥᠯᠥᠪᠯᠡᠭᠡ ᠵᠢ ᠴᠢᠩᠭ᠋ᠠᠳᠬᠠᠵᠤ᠂ ᠠᠵᠤ ᠦᠢ᠍ᠯᠡᠰ᠎ᠤᠨ ᠲᠦᠷᠦ ᠵᠢᠨ ᠪᠣᠳᠣᠯᠭ᠎ᠠ ᠵᠢᠨ ᠬᠠᠮᠵᠢᠯᠴᠠᠬᠤ ᠴᠢᠨᠠᠷ᠎ᠢ ᠴᠢᠩᠭ᠋ᠠᠳᠬᠠᠬᠤ ᠬᠡᠷᠡᠭᠲᠡᠢ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ ᠪᠣᠯᠣᠨ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠡᠬᠢ ᠪᠠᠶᠠᠯᠢᠭ᠎ᠤᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠳᠦᠷᠢᠮ᠎ᠤᠨ ᠲᠠᠯ᠎ᠠ᠎ᠠᠴᠠ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠮᠡᠷᠭᠡᠵᠢᠯ ᠵᠢᠡᠷ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ ᠵᠢ ᠨᠡᠩ ᠴᠢᠬᠤᠯᠠᠴᠢᠯᠠᠵᠤ᠂ ᠲᠠᠷᠢᠶᠠᠨ ᠭᠠᠵᠠᠷ ᠵᠡᠷᠭᠡ ᠪᠠᠢ᠌ᠭ᠋ᠠᠯᠢ ᠵᠢᠨ ᠨᠥᠬᠥᠴᠡᠯ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠳᠤ ᠦᠵᠡᠭᠦᠯᠭᠦ ᠬᠢᠵᠠᠭ᠋ᠠᠷᠯᠠᠯ᠎ᠢ ᠰᠢᠪᠲᠤᠯᠬᠤ ᠬᠡᠷᠡᠭᠲᠡᠢ᠃ ᠭᠡᠲᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ᠎ᠤᠨ ᠳᠠᠪᠠᠭᠤᠯᠢᠭ᠎ᠢ ᠰᠠᠢ᠌ᠲᠤᠷ ᠠᠰᠢᠭᠯᠠᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠪᠣᠯᠣᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠨᠡᠭᠡᠭᠡᠯᠲᠡᠲᠤ ᠬᠠᠮᠲᠤᠷᠠᠯᠴᠠᠭ᠎ᠠ ᠵᠢ ᠴᠢᠩᠭ᠋ᠠᠳᠬᠠᠬᠤ ᠬᠡᠷᠡᠭᠲᠡᠢ᠃ ᠳᠡᠯᠡᠬᠡᠢ ᠵᠢᠨ ᠲᠡᠷᠢᠭᠦᠨ ᠵᠡᠷᠭᠡ ᠵᠢᠨ ᠠᠵᠤ ᠠᠬᠤᠢ᠌ᠯᠠᠯ᠎ᠢ ᠶᠡᠬᠡ᠎ᠪᠠᠷ ᠪᠦᠲᠦᠭᠡᠨ ᠪᠠᠢ᠌ᠭᠤᠯᠵᠤ᠂ ᠰᠢᠯᠢᠳᠡᠭ ᠠᠵᠤ ᠠᠬᠤᠢ᠌ᠯᠠᠯᠲᠠᠨ᠎ᠢ ᠬᠤᠪᠢ ᠲᠠᠭᠢᠨ ᠨᠠᠨᠳᠢᠩᠨᠠᠨ ᠬᠠᠢ᠌ᠷᠠᠯᠠᠵᠤ᠂ ᠲᠣᠮᠣ ᠤᠯᠤᠰ᠎ᠤᠨ ᠤᠷᠠᠨ ᠳᠠᠷᠬᠠᠨ᠎ᠢ ᠶᠡᠬᠡ᠎ᠪᠠᠷ ᠬᠥᠮᠥᠵᠢᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠣᠳᠣᠬᠠᠨ᠎ᠳᠤ ᠮᠠᠨ᠎ᠤ ᠤᠯᠤᠰ᠎ᠤᠨ ᠬᠥᠮᠥᠨ ᠠᠮᠠ ᠵᠢᠨ ᠬᠥᠭᠵᠢᠯᠲᠡ᠎ᠳᠤ ᠲᠦᠷᠦᠭᠦ ᠨᠤᠷᠮ᠎ᠠ ᠳᠣᠷᠣᠭᠰᠢᠯᠠᠬᠤ᠂ ᠨᠠᠰᠤᠵᠢᠬᠤ᠂ ᠣᠷᠣᠨ ᠪᠦᠰᠡ ᠵᠢᠨ ᠬᠥᠮᠥᠨ ᠠᠮᠠ ᠵᠢᠨ ᠨᠡᠮᠡᠭᠳᠡᠯ ᠬᠠᠰᠤᠭᠳᠠᠯ ᠢᠯᠭ᠋ᠠᠷᠠᠬᠤ ᠣᠨᠴᠠᠯᠢᠭ ᠢᠯᠡᠷᠡᠵᠦ ᠪᠠᠢ᠌ᠨ᠎ᠠ᠂ ᠡᠷᠬᠡᠪᠰᠢ ᠮᠠᠨ᠎ᠤ ᠤᠯᠤᠰ᠎ᠤᠨ ᠬᠥᠮᠥᠨ ᠠᠮᠠ ᠵᠢᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠪᠦᠭᠦ ᠲᠠᠯ᠎ᠠ᠎ᠪᠠᠷ ᠲᠠᠨᠢᠵᠤ᠂ ᠵᠥᠪ ᠵᠶ᠋ᠡᠷ ᠦᠵᠡᠬᠦ ᠬᠡᠷᠡᠭᠲᠡᠢ᠃ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠲᠣᠬᠢᠷᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠵᠢᠨ ᠬᠥᠮᠥᠨ ᠠᠮᠠ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠲᠡᠭᠦᠯᠳᠡᠷᠵᠢᠭᠦᠯᠵᠦ᠂ ᠬᠥᠮᠥᠨ ᠠᠮᠠ ᠵᠢᠨ ᠬᠥᠭᠵᠢᠯᠲᠡ ᠵᠢᠨ ᠰᠢᠨ᠎ᠡ ᠬᠡᠪ ᠪᠠᠢ᠌ᠳᠠᠯ᠎ᠢ ᠲᠠᠨᠢᠵᠤ᠂ ᠵᠣᠬᠢᠴᠠᠵᠤ᠂ ᠬᠥᠲᠥᠯᠥᠨ ᠳᠠᠭ᠋ᠠᠭᠤᠯᠵᠤ᠂ ᠬᠥᠮᠥᠨ ᠠᠮᠠ ᠵᠢᠨ ᠪᠦᠬᠦᠯᠢ ᠴᠣᠭᠴᠠ ᠵᠢᠨ ᠬᠡᠪ ᠴᠢᠨᠠᠷ᠎ᠢ ᠬᠦᠴᠦᠯᠡᠨ ᠳᠡᠭᠡᠭᠰᠢᠯᠡᠭᠦᠯᠵᠦ᠂ ᠵᠣᠬᠢᠬᠤ ᠦᠷᠡᠵᠢᠯ᠎ᠤᠨ ᠲᠦᠪᠰᠢᠨ ᠪᠣᠯᠣᠨ ᠬᠥᠮᠥᠨ ᠠᠮᠠ ᠵᠢᠨ ᠬᠡᠪᠴᠢᠶ᠎ᠡ ᠵᠢ ᠴᠢᠷᠮᠠᠢ᠌ᠨ ᠪᠠᠲᠤᠯᠠᠵᠤ᠂ ᠬᠡᠪ ᠪᠣᠯᠪᠠᠰᠤᠷᠠᠯ ᠰᠢᠯᠢᠳᠡᠭ ᠰᠠᠢ᠌ᠨ᠂ ᠶᠡᠷᠦᠩᠬᠡᠢ ᠬᠡᠮᠵᠢᠶ᠎ᠡ ᠭᠦᠢ᠍ᠴᠡᠳ᠂ ᠪᠦᠲᠦᠴᠡ ᠰᠢᠯᠢᠳᠡᠭᠵᠢᠭᠰᠡᠨ᠂ ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠲᠦᠷᠭᠡᠳᠬᠡᠨ ᠪᠤᠶ ᠪᠣᠯᠭ᠋ᠠᠵᠤ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠬᠤ ᠬᠡᠷᠡᠭᠲᠡᠢ᠃ ᠰᠢᠰᠲ᠋ᠧᠮᠲᠦ ᠣᠢ᠌ᠯᠠᠭ᠋ᠠᠭᠳᠠᠬᠤᠨ ᠵᠶ᠋ᠠᠷ ᠬᠥᠮᠥᠨ ᠠᠮᠠ ᠵᠢᠨ ᠠᠰᠠᠭᠤᠳᠠᠯ᠎ᠢ ᠨᠢᠭᠡᠳᠦᠯᠲᠡᠢ ᠲᠥᠯᠥᠪᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠷᠠᠳ ᠲᠦᠮᠡᠨ᠎ᠤ ᠴᠢᠨᠠᠷ ᠰᠠᠢ᠌ᠲᠠᠢ ᠠᠮᠢᠳᠤᠷᠠᠯ᠎ᠲᠠᠢ ᠨᠢᠭᠲᠠ ᠤᠶᠠᠯᠳᠤᠭᠤᠯᠵᠤ᠂ ᠬᠥᠮᠥᠨ᠎ᠤ ᠪᠦᠭᠦ ᠲᠠᠯ᠎ᠠ ᠵᠢᠨ ᠬᠥᠭᠵᠢᠯᠲᠡ ᠪᠠ ᠪᠦᠭᠦ ᠠᠷᠠᠳ ᠲᠦᠮᠡᠨ᠎ᠤ ᠬᠠᠮᠲᠤ᠎ᠪᠠᠷ ᠪᠠᠶᠠᠵᠢᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠰᠤᠷᠭ᠋ᠠᠨ ᠬᠥᠮᠦᠵᠢᠯ ᠡᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ᠂ ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠢᠨᠵᠧᠨᠧᠷᠢᠩ ᠪᠣᠯᠭ᠋ᠠᠵᠤ᠂ ᠬᠥᠮᠥᠨ ᠠᠮᠠ ᠵᠢᠨ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠂ ᠡᠷᠡᠭᠦᠯ ᠮᠡᠨᠳᠦ ᠵᠢᠨ ᠬᠡᠪ ᠴᠢᠨᠠᠷ᠂ ᠦᠵᠡᠯ ᠰᠠᠨᠠᠭ᠎ᠠ ᠶᠣᠰᠣ ᠰᠤᠷᠲᠠᠬᠤᠨ᠎ᠤ ᠬᠡᠪ ᠴᠢᠨᠠᠷ᠎ᠢ ᠪᠦᠭᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠭᠦᠯᠵᠦ᠂ ᠲᠦᠭᠡᠮᠡᠯ ᠬᠠᠷᠠᠭ᠋ᠠᠯᠵᠠᠯᠲᠤ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠰᠢᠰᠲ᠋ᠧᠮ᠎ᠢ ᠶᠡᠬᠡ᠎ᠪᠠᠷ ᠬᠥᠭᠵᠢᠭᠦᠯᠵᠦ᠂ ᠭᠡᠷ ᠪᠦᠯᠢ ᠵᠢᠨ ᠲᠦᠷᠦᠭᠦ᠂ ᠥᠰᠬᠡᠬᠦ᠂ ᠬᠥᠮᠥᠵᠢᠭᠦᠯᠬᠦ ᠳᠠᠷᠤᠭ᠋ᠠᠰᠤ ᠵᠢ ᠢᠯᠡᠳᠲᠡ ᠬᠥᠩᠭᠡᠷᠡᠭᠦᠯᠵᠦ᠂ ᠦᠷᠡᠵᠢᠯ᠎ᠤᠨ ᠨᠥᠭᠦᠷᠰᠡᠭ ᠬᠡᠯᠪᠡᠷᠢ ᠵᠢᠨ ᠨᠡᠢ᠌ᠭᠡᠮ᠎ᠢ ᠪᠦᠲᠦᠭᠡᠨ ᠪᠠᠢ᠌ᠭᠤᠯᠬᠤ ᠵᠢ ᠠᠬᠢᠭᠤᠯᠵᠤ᠂ ᠬᠥᠮᠥᠨ ᠠᠮᠠ ᠵᠢᠨ ᠣᠷᠳᠣ ᠬᠤᠭᠤᠴᠠᠭ᠎ᠠ᠎ᠪᠠᠷ ᠲᠡᠩᠴᠡᠭᠦᠷᠢᠲᠡᠢ ᠬᠥᠭᠵᠢᠬᠦ ᠵᠢ ᠠᠬᠢᠭᠤᠯᠬᠤ ᠬᠡᠷᠡᠭᠲᠡᠢ᠃ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ ᠬᠥᠳᠡᠯᠮᠦᠷᠢ᠎ᠳᠤ ᠣᠷᠤᠯᠴᠠᠬᠤ ᠨᠤᠷᠮ᠎ᠠ ᠵᠢ ᠲᠣᠭᠲᠠᠪᠤᠷᠢᠵᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠠᠰᠢᠭᠯᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ᠃ ᠬᠥᠮᠥᠨ ᠠᠮᠠ ᠵᠢᠨ ᠨᠠᠰᠤᠵᠢᠯᠳᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠪᠤᠭᠤᠷᠤᠯᠴᠤᠳ᠎ᠤᠨ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠤᠯᠠᠨ ᠲᠡᠰ ᠳᠠᠪᠬᠤᠷᠭ᠎ᠠ᠂ ᠤᠯᠠᠨ ᠲᠤᠯᠭ᠋ᠠᠭᠤᠷᠢᠳᠤ ᠨᠠᠰᠤᠵᠢᠯ᠎ᠤᠨ ᠳᠠᠭ᠋ᠠᠳᠬᠠᠯ᠎ᠤᠨ ᠰᠢᠰᠲ᠋ᠧᠮ᠎ᠢ ᠲᠦᠷᠭᠡᠳᠬᠡᠨ ᠬᠥᠭᠵᠢᠭᠦᠯᠵᠦ᠂ ᠨᠠᠰᠤᠲᠠᠨ᠎ᠢ ᠭᠦᠷᠳᠡᠭᠦ ᠠᠰᠠᠷᠠᠮᠵᠢ᠎ᠲᠠᠢ ᠪᠣᠯᠭ᠋ᠠᠬᠤ᠂ ᠨᠠᠰᠤᠲᠠᠨ᠎ᠢ ᠬᠢᠬᠦ ᠠᠵᠢᠯ᠎ᠲᠠᠢ ᠪᠣᠯᠭ᠋ᠠᠬᠤ᠂ ᠨᠠᠰᠤᠲᠠᠨ᠎ᠢ ᠪᠠᠶᠠᠷ ᠪᠠᠶᠠᠰᠬᠤᠯᠠᠩ᠎ᠲᠠᠢ ᠪᠠᠢ᠌ᠯᠭ᠋ᠠᠬᠤ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ᠃ ᠬᠥᠮᠥᠨ ᠠᠮᠠ ᠪᠣᠯᠣᠨ ᠠᠵᠤ ᠠᠬᠤᠢ ᠨᠡᠢ᠌ᠭᠡᠮ᠂ ᠡᠬᠢ ᠪᠠᠶᠠᠯᠢᠭ ᠣᠷᠴᠢᠨ ᠲᠣᠭᠣᠷᠢᠨ᠎ᠤ ᠬᠠᠷᠢᠴᠠᠭ᠎ᠠ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠵᠢᠨ ᠠᠵᠤ ᠠᠬᠤᠢ ᠵᠢᠨ ᠪᠠᠢ᠌ᠷᠢᠰᠢᠯ ᠪᠣᠯᠣᠨ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠰᠢᠰᠲ᠋ᠧᠮ᠎ᠢ ᠰᠢᠯᠢᠳᠡᠭᠵᠢᠭᠦᠯᠵᠦ᠂ ᠬᠥᠮᠥᠨ ᠠᠮᠠ ᠵᠢᠨ ᠪᠦᠲᠦᠴᠡ ᠵᠢ ᠰᠢᠯᠢᠳᠡᠭᠵᠢᠭᠦᠯᠵᠦ᠂ ᠬᠥᠮᠥᠨ ᠠᠮᠠ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠬᠣᠷᠢᠶ᠎ᠠ ᠵᠢᠨ ᠭᠡᠰᠢᠭᠦᠳ ᠬᠤᠷᠠᠯ᠎ᠳᠤ ᠣᠷᠣᠯᠴᠠᠵᠤ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠰᠤᠯᠠ ᠣᠷᠣᠯᠴᠠᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠦ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ᠎ᠢ ᠬᠢᠨᠠᠨ ᠵᠥᠪᠯᠡᠵᠦ ᠪᠠᠲᠤᠯᠠᠪᠠ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠠᠩ ᠰᠠᠢ᠌ᠲᠤᠷ ᠳᠡᠮᠵᠢᠬᠦ ᠲᠤᠬᠠᠢ ᠪᠠᠢ᠌ᠷᠢᠯᠠᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠶ᠎ᠠ
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠠᠬᠢᠴᠠ ᠵᠢᠴᠢ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠭᠡ ᠢᠨᠵᠧᠨᠧᠷᠢᠩ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ
 
            