ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠦ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ᠎ᠢ ᠬᠢᠨᠠᠨ ᠵᠥᠪᠯᠡᠵᠦ ᠪᠠᠲᠤᠯᠠᠪᠠ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠠᠩ ᠰᠠᠢ᠌ᠲᠤᠷ ᠳᠡᠮᠵᠢᠬᠦ ᠲᠤᠬᠠᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2023-05-08

      ᠰᠢᠨᠬᠤᠸᠠ ᠬᠣᠷᠢᠶᠠᠨ᠎ᠤ ᠪᠡᠭᠡᠵᠢᠩ᠎ᠤᠨ 5 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠴᠠᠬᠢᠯᠭ᠋ᠠᠨ ᠮᠡᠳᠡᠭᠡ   ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 5 ᠳ᠋ᠤᠭ᠋ᠠᠷ ᠰᠠᠷ᠎ᠠ ᠵᠢᠨ 5᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠲᠦᠷᠭᠡᠪᠴᠢᠯᠡᠨ ᠬᠥᠭᠵᠢᠭᠦᠯᠬᠦ ᠲᠤᠬᠠᠢ ᠰᠠᠨᠠᠯ᠎ᠢ ᠬᠢᠨᠠᠨ ᠵᠥᠪᠯᠡᠵᠦ ᠪᠠᠲᠤᠯᠠᠪᠠ;   ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠵᠦ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ   ᠪᠠ   ᠬᠥᠳᠡᠭᠡ   ᠲᠣᠰᠬᠣᠨ᠎ᠢ   ᠬᠥᠭᠵᠢᠭᠦᠯᠦᠨ   ᠮᠠᠨᠳᠤᠭᠤᠯᠬᠤ ᠵᠢ   ᠨᠡᠩ   ᠰᠠᠢ᠌ᠲᠤᠷ   ᠳᠡᠮᠵᠢᠬᠦ   ᠲᠤᠬᠠᠢ ᠪᠠᠢ᠌ᠷᠢᠯᠠᠭᠤᠯᠪᠠ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠬᠥᠭᠵᠢᠭᠦᠯᠬᠦ ᠪᠣᠯ ᠠᠵᠤ ᠦᠢ᠍ᠯᠡᠰ᠎ᠤᠨ ᠳᠤᠮᠳᠠ ᠳᠡᠭᠡᠳᠦ ᠲᠦᠪᠰᠢᠨ ᠲᠡᠢ᠌ᠰᠢ ᠳᠡᠪᠰᠢᠬᠦ ᠵᠢ ᠠᠬᠢᠭᠤᠯᠬᠤ᠂ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠣᠨ᠎ᠠ᠃ ᠡᠨᠡ᠎ᠨᠢ ᠬᠠᠮᠵᠢᠯᠴᠠᠨ ᠰᠢᠨ᠎ᠡ ᠵᠢ ᠡᠭᠦᠳᠬᠦ᠂ ᠴᠢᠳᠠᠪᠤᠷᠢᠲᠠᠨ᠎ᠢ ᠴᠤᠭᠯᠠᠷᠠᠭᠤᠯᠬᠤ᠂ ᠥᠪᠡᠷ᠎ᠤᠨ ᠦᠷᠳᠡᠭ᠎ᠢ ᠪᠠᠭᠤᠷᠠᠭᠤᠯᠵᠤ ᠦᠷ᠎ᠡ ᠠᠰᠢᠭ᠎ᠢ ᠨᠡᠮᠡᠭᠳᠡᠭᠦᠯᠬᠦ ᠵᠡᠷᠭᠡ ᠬᠡᠪᠴᠢᠶᠡᠵᠢᠭᠰᠡᠨ ᠨᠥᠯᠥᠭᠡ ᠦᠢ᠍ᠯᠡᠳᠦᠯ ᠪᠣᠯᠣᠨ ᠥᠷᠢᠰᠦᠯᠳᠦᠭᠡᠨ᠎ᠤ ᠳᠠᠪᠠᠭᠤᠯᠢᠭ᠎ᠢ ᠪᠦᠷᠢᠯᠳᠦᠭᠦᠯᠬᠦ᠎ᠳᠤ ᠠᠰᠢᠭᠲᠠᠢ ᠶᠤᠮ᠃ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠬᠥᠭᠵᠢᠭᠦᠯᠬᠦ ᠵᠢ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠪᠠᠢ᠌ᠬᠤ ᠵᠢ ᠪᠠᠷᠢᠮᠲᠠᠯᠠᠵᠤ᠂ ᠡᠯ᠎ᠡ ᠭᠠᠵᠠᠷ᠎ᠤᠨ᠎ᠬᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠠᠷᠢᠴᠠᠩᠭᠤᠢ ᠳᠠᠪᠠᠭᠤᠯᠢᠭ ᠵᠶ᠋ᠡᠨ ᠪᠠᠳᠠᠷᠠᠭᠤᠯᠵᠤ᠂ ᠲᠤᠰᠬᠠᠢ᠌ᠵᠢᠭᠤᠯᠬᠤ᠂ ᠵᠦᠷᠢᠶᠡᠵᠢᠬᠦᠯᠬᠦ᠂ ᠣᠨᠴᠠᠯᠢᠬ᠍ᠵᠢᠭᠤᠯᠬᠤ ᠲᠠᠯ᠎ᠠ᠎ᠪᠠᠷ ᠬᠦᠴᠦ ᠲᠠᠯᠪᠢᠵᠤ᠂ ᠬᠢᠬᠦ ᠴᠢᠬᠤᠯᠠᠲᠠᠢ ᠵᠢ᠎ᠨᠢ ᠬᠢᠵᠦ ᠴᠢᠬᠤᠯᠠ ᠦᠭᠡᠢ ᠵᠢ᠎ᠨᠢ ᠦᠯᠦ ᠬᠢᠬᠦ ᠵᠢ ᠭᠦᠢ᠍ᠴᠡᠳᠬᠡᠬᠦ ᠬᠡᠷᠡᠭᠲᠡᠢ᠃ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠪᠠ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠡᠷᠭᠡᠵᠢᠯ᠎ᠤᠨ ᠰᠢᠨᠡᠴᠢᠯᠡᠯᠲᠡ ᠬᠢᠬᠦ ᠪᠠ ᠤᠯᠠᠷᠢᠭᠤᠯᠤᠨ ᠬᠡᠷᠡᠭᠯᠡᠬᠦ ᠵᠢ ᠠᠬᠢᠭᠤᠯᠵᠤ᠂ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠴᠢᠨᠠᠷ ᠰᠠᠢ᠌ᠲᠠᠢ ᠠᠵᠤ ᠠᠬᠤᠢ᠌ᠯᠠᠯ᠎ᠤᠨ ᠬᠠᠮᠲᠤᠯᠢᠭ᠎ᠢ ᠪᠤᠵᠠᠭ᠋ᠠᠢ᠌ᠷᠠᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠬᠤ ᠬᠡᠷᠡᠭᠲᠡᠢ᠃ ᠪᠦᠲᠦᠮᠵᠢᠲᠡᠢ ᠵᠠᠬ᠎ᠠ ᠳᠡᠯᠭᠡᠭᠦᠷ ᠪᠣᠯᠣᠨ ᠠᠵᠢᠯ ᠦᠢ᠍ᠯᠡᠰᠴᠢ ᠵᠠᠰᠠᠭ᠎ᠤᠨ ᠣᠷᠳᠣᠨ᠎ᠢ ᠨᠡᠩ ᠰᠠᠢ᠌ᠲᠤᠷ ᠤᠶᠠᠯᠳᠤᠭᠤᠯᠬᠤ ᠵᠢ ᠪᠠᠷᠢᠮᠲᠠᠯᠠᠵᠤ᠂ ᠠᠵᠤ ᠦᠢ᠍ᠯᠡᠰ᠎ᠤᠨ ᠬᠥᠭᠵᠢᠯᠲᠡ ᠵᠢᠨ ᠰᠠᠢ᠌ᠨ ᠰᠠᠢ᠌ᠬᠠᠨ ᠠᠮᠢ ᠠᠬᠤᠢ ᠵᠢ ᠬᠦᠴᠦᠯᠡᠨ ᠪᠤᠢ ᠪᠣᠯᠭ᠋ᠠᠬᠤ ᠬᠡᠷᠡᠭᠲᠡᠢ ᠭᠡᠵᠡᠢ᠃
      ᠬᠤᠷᠠᠯ᠎ᠠᠴᠠ᠂ ᠬᠥᠳᠡᠭᠡ ᠲᠣᠰᠬᠣᠨ᠎ᠤ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠠᠬ᠎ᠠ ᠳᠡᠯᠭᠡᠭᠦᠷ᠎ᠤᠨ ᠣᠷᠣᠨ ᠵᠠᠢ ᠥᠷᠭᠡᠨ ᠠᠭᠤᠳᠠᠮ ᠪᠠᠢ᠌ᠵᠤ᠂ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ᠎ᠨᠢ ᠰᠢᠨ᠎ᠡ ᠡᠨᠧᠷᠭᠢ ᠵᠢᠨ ᠮᠠᠰᠢᠨ ᠲᠡᠷᠭᠡ ᠬᠤᠳᠠᠯᠳᠤᠨ ᠠᠪᠴᠤ ᠬᠡᠷᠡᠭᠯᠡᠬᠦ ᠵᠢ ᠠᠬᠢᠭᠤᠯᠵᠤ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠬᠤ᠎ᠳᠤ ᠠᠰᠢᠭᠲᠠᠢ᠎ᠪᠠᠷ ᠪᠠᠷᠠᠬᠤ ᠦᠭᠡᠢ ᠬᠥᠳᠡᠭᠡ ᠲᠣᠰᠬᠣᠨ᠎ᠤ ᠵᠢᠭᠤᠯᠴᠢᠯᠠᠯ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠵᠢ ᠬᠥᠭᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ᠎ᠳᠤ ᠠᠰᠢᠭᠲᠠᠢ ᠶᠤᠮ ᠭᠡᠵᠦ ᠵᠢᠭ᠋ᠠᠵᠤ ᠭᠠᠷᠭ᠋ᠠᠪᠠ᠃ ᠬᠤᠷᠠᠯ᠎ᠠᠴᠠ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠨᠡᠩ ᠰᠠᠢ᠌ᠲᠤᠷ ᠳᠡᠮᠵᠢᠬᠦ ᠲᠤᠬᠠᠢ ᠬᠡᠷᠡᠭᠵᠢᠭᠦᠯᠬᠦ ᠰᠠᠨᠠᠯ᠎ᠢ ᠬᠢᠨᠠᠨ ᠵᠥᠪᠯᠡᠵᠦ ᠪᠠᠲᠤᠯᠠᠪᠠ᠃ ᠬᠤᠷᠠᠯ᠎ᠠᠴᠠ ᠪᠠᠰᠠ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠥᠳᠡᠭᠡ ᠪᠠᠭᠤᠯᠭ᠋ᠠᠬᠤ ᠵᠢ ᠬᠢᠵᠠᠭ᠋ᠠᠷᠯᠠᠵᠤ ᠪᠠᠢ᠌ᠭ᠎ᠠ ᠲᠣᠪᠣᠢ᠌ᠮ᠎ᠠ ᠪᠣᠭᠣᠮᠢ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠵᠣᠬᠢᠬᠤ ᠬᠡᠮᠵᠢᠶ᠎ᠡ᠎ᠪᠠᠷ ᠤᠷᠢᠳᠴᠢᠯᠠᠨ ᠪᠦᠲᠦᠭᠡᠨ ᠪᠠᠢ᠌ᠭᠤᠯᠵᠤ᠂ ᠴᠠᠬᠢᠯᠭ᠋ᠠᠨ ᠴᠡᠨᠡᠭᠯᠡᠬᠦ ᠰᠠᠭᠤᠷᠢ ᠲᠥᠬᠦᠭᠡᠷᠦᠮᠵᠢ ᠵᠢ ᠪᠦᠲᠦᠭᠡᠨ ᠪᠠᠢ᠌ᠭᠤᠯᠬᠤ᠂ ᠠᠵᠢᠯᠯᠠᠭᠤᠯᠤᠨ ᠡᠵᠡᠩᠨᠡᠬᠦ᠂ ᠠᠷᠠᠴᠢᠯᠠᠨ ᠬᠠᠮᠠᠭ᠋ᠠᠯᠠᠬᠤ ᠵᠠᠭᠪᠤᠷ᠎ᠲᠤ ᠰᠢᠨ᠎ᠡ ᠵᠢ ᠡᠭᠦᠳᠴᠦ᠂ 《ᠪᠠᠢ᠌ᠭᠤᠯᠬᠤ ᠬᠥᠮᠥᠨ᠎ᠲᠠᠢ᠂ ᠬᠠᠮᠢᠶᠠᠷᠬᠤ ᠬᠥᠮᠥᠨ᠎ᠲᠠᠢ᠂ ᠦᠷᠭᠦᠯᠵᠢᠯᠡᠭᠦᠯᠵᠤ ᠴᠢᠳᠠᠬᠤ》 ᠵᠢ ᠪᠠᠲᠤᠯᠠᠬᠤ ᠬᠡᠷᠡᠭᠲᠡᠢ᠃ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠷᠤᠯᠠᠭᠤᠯᠭ᠎ᠠ ᠵᠢᠨ ᠦᠢ᠍ᠯᠡᠴᠢᠯᠡᠭᠡᠨ᠎ᠤ ᠰᠦᠯᠵᠢᠶ᠎ᠡ ᠵᠢ ᠳᠣᠷᠣᠭᠰᠢ ᠪᠠᠭᠤᠯᠭ᠋ᠠᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠬᠥᠳᠡᠭᠡ ᠲᠣᠰᠬᠣᠨ᠎ᠳᠤ ᠬᠠᠨᠳᠤᠭᠤᠯᠤᠨ   ᠵᠠᠰᠠᠪᠤᠷᠢ ᠠᠷᠠᠴᠢᠯᠠᠭ᠋ᠠᠨ᠎ᠤ ᠮᠡᠷᠭᠡᠵᠢᠯᠲᠡᠨ ᠬᠥᠮᠥᠵᠢᠭᠦᠯᠬᠦ ᠵᠢ ᠵᠣᠷᠢᠭᠵᠢᠭᠤᠯᠵᠤ᠂ ᠲᠠᠰᠤᠷᠠᠯᠲᠠ ᠦᠭᠡᠢ ᠨᠡᠮᠡᠭᠳᠡᠵᠦ ᠪᠠᠢ᠌ᠭ᠎ᠠ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠤᠳᠠᠯᠳᠤᠨ ᠠᠪᠴᠤ ᠬᠡᠷᠡᠭᠯᠡᠬᠦ ᠵᠢ ᠳᠡᠮᠵᠢᠬᠦ ᠲᠦᠷᠦ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠢ᠌ᠯᠠᠯ᠎ᠤᠨ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠠᠩᠭ᠋ᠠᠯᠭ᠎ᠠ᠎ᠪᠠᠨ ᠪᠠᠶᠠᠯᠢᠭᠵᠢᠭᠤᠯᠬᠤ ᠵᠢ ᠵᠣᠷᠢᠭᠵᠢᠭᠤᠯᠬᠤ ᠵᠢᠨ ᠬᠠᠮᠲᠤ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠢ᠌ᠨ᠎ᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠡᠳᠤᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠨᠠᠮ᠎ᠤᠨ ᠦᠨᠳᠦᠰᠦᠲᠡᠨ᠎ᠤ ᠠᠵᠢᠯ᠎ᠤᠨ ᠪᠦᠬᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠤᠶ᠎ᠠ
ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ᠎ᠨᠢ — ᠰᠤᠷᠭ᠋ᠠᠨ ᠬᠥᠮᠦᠵᠢᠯ᠎ᠤᠨ ᠬᠦᠴᠦᠷᠬᠡᠭ ᠤᠯᠤᠰ᠎ᠢ ᠲᠦᠷᠭᠡᠳᠬᠡᠨ ᠪᠠᠢ᠌ᠭᠤᠯᠵᠤ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠤᠨ ᠠᠬᠢᠴᠠ ᠵᠢᠴᠢ ᠲᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠷᠭ᠎ᠠ ᠬᠡᠮᠵᠢᠶ᠎ᠡ ᠵᠢᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠪᠠ
ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠰᠢᠨ᠎ᠡ ᠠᠭᠤᠤ ᠶᠡᠭᠡ ᠢᠨᠵᠧᠨᠧᠷᠢᠩ᠎ᠤᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠬᠡᠷᠡᠭᠲᠡᠢ
ᠰᠢ ᠵᠢᠨ ᠫᠢᠩ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠤᠷᠢᠶ᠎ᠠ ᠵᠢᠨ ᠰᠢᠨ᠎ᠡ ᠨᠢᠭᠡ ᠬᠤᠭᠤᠴᠠᠭ᠋ᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠎ᠲᠠᠢ ᠬᠠᠮᠲᠤ ᠶᠠᠷᠢᠯᠴᠠᠭ᠎ᠠ ᠬᠢᠬᠦ᠎ᠳᠡᠭᠡᠨ ᠴᠢᠬᠤᠯᠠᠴᠢᠯᠠᠭᠰᠠᠨ᠎ᠨᠢ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠠᠴᠠ ᠳᠠᠭ᠋ᠠᠭ᠋ᠠᠯᠭ᠋ᠠᠭᠰᠠᠨ ᠡᠭᠦᠷᠭᠡ ᠬᠠᠷᠢᠭᠤᠴᠠᠯᠭ᠎ᠠ ᠵᠢ ᠦᠨᠡᠨ ᠬᠦ᠌ ᠡᠭᠦᠷᠭᠡᠯᠡᠵᠦ ᠥᠷᠭᠡᠨ ᠣᠯᠠᠨ ᠵᠠᠯᠠᠭᠤᠴᠤᠳ᠎ᠤᠨ ᠳᠤᠮᠳᠠᠳᠤ ᠤᠯᠤᠰ᠎ᠤᠨ ᠮᠠᠶᠢᠭ᠎ᠤᠨ ᠪᠦᠲᠦᠭᠡᠨ ᠪᠠᠶ᠋ᠢᠭᠤᠯᠤᠯᠲᠠ ᠳᠤᠮᠳᠠ ᠢᠲᠡᠭᠡᠯ ᠲᠡᠭᠦᠯᠳᠡᠷ ᠵᠶ᠋ᠠᠷ ᠬᠠᠷᠢᠭᠤᠴᠠᠯᠭ᠎ᠠ ᠡᠭᠦᠷᠭᠡᠯᠡᠬᠦ ᠵᠢ ᠭᠦᠢ᠍ᠴᠡᠳ ᠤᠷᠮᠠᠰᠢᠭᠤᠯᠬᠤ ᠬᠡᠷᠡᠭᠲᠡᠢ
 
            