ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ᠎ᠤ ᠠᠵᠤ ᠠᠬᠤᠢ ᠵᠢᠨ ᠪᠠᠢ᠌ᠳᠠᠯ ᠪᠣᠯᠣᠨ ᠠᠵᠤ ᠠᠬᠤᠢ ᠵᠢᠨ ᠠᠵᠢᠯ᠎ᠢ ᠵᠠᠳᠠᠯᠤᠨ ᠰᠤᠳᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ
ᠨᠡᠶ᠋ᠢᠲᠡᠯᠡᠭᠰᠡᠨ ᠴᠠᠭ᠄ 2023-07-26

      ᠰᠢᠨᠬᠤᠸᠠ ᠬᠣᠷᠢᠶ᠎ᠠ ᠵᠢᠨ ᠪᠡᠭᠡᠵᠢᠩ᠎ᠤᠨ 7 ᠰᠠᠷ᠎ᠠ ᠵᠢᠨ 24᠎ᠤ ᠴᠠᠭᠢᠯᠭ᠋ᠠᠨ ᠮᠡᠳᠡᠭᠡ   ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ 7 ᠰᠠᠷ᠎ᠠ ᠵᠢᠨ 24᠎ᠤ ᠡᠳᠦᠷ ᠬᠤᠷᠠᠯ ᠬᠤᠷᠠᠯᠳᠤᠭᠤᠯᠵᠤ᠂ ᠣᠳᠣᠬᠠᠨ᠎ᠤ ᠠᠵᠤ ᠠᠬᠤᠢ ᠵᠢᠨ ᠪᠠᠢ᠌ᠳᠠᠯ᠎ᠢ ᠵᠠᠳᠠᠯᠤᠨ ᠰᠤᠳᠤᠯᠵᠤ᠂ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠪᠠᠢ᠌ᠷᠢᠯᠠᠭᠤᠯᠪᠠ᠃ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠠᠢ᠃
      ᠬᠤᠷᠠᠯ᠎ᠠᠴᠠ᠂ ᠡᠨᠡ ᠵᠢᠯ᠎ᠠᠴᠠ ᠨᠠᠭ᠋ᠠᠰᠢ ᠰᠢ ᠵᠢᠨ ᠫᠢᠩ ᠨᠥᠬᠥᠷ ᠵᠶ᠋ᠡᠷ ᠭᠣᠣᠯ ᠪᠤᠯᠭ᠋ᠠᠬᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠡᠩ ᠰᠠᠢ᠌ᠲᠤᠷ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ᠎ᠤᠨ ᠠᠵᠤ ᠠᠬᠤᠢ ᠵᠢᠨ ᠦᠷᠭᠦᠯᠵᠢᠯᠡᠨ ᠰᠡᠷᠭᠦᠵᠦ᠂ ᠶᠡᠷᠦᠩᠬᠡᠢ᠎ᠳᠡᠭᠡᠨ ᠳᠡᠭᠡᠭᠰᠢᠯᠡᠨ ᠰᠠᠢ᠌ᠵᠢᠷᠠᠵᠤ᠂ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠦᠢ᠍ᠯᠡᠰ᠎ᠢ ᠳᠡᠰ ᠳᠡᠪᠰᠢᠭᠦᠯᠬᠦ ᠵᠢ ᠰᠠᠢ᠌ᠲᠤᠷ ᠠᠬᠢᠭᠤᠯᠵᠤ᠂ ᠠᠮᠤ ᠪᠤᠳᠠᠭ᠎ᠠ ᠡᠨᠧᠷᠭᠢ ᠵᠢᠨ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠵᠤ᠂ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠢ ᠪᠠᠲᠤᠯᠠᠵᠤ᠂ ᠪᠦᠭᠦ ᠵᠢᠯ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠎ᠳᠤ ᠰᠠᠢ᠌ᠨ ᠰᠠᠭᠤᠷᠢ ᠵᠢ ᠲᠠᠯᠪᠢᠵᠠᠢ ᠭᠡᠵᠦ ᠦᠵᠡᠪᠡ᠃
      ᠬᠤᠷᠠᠯ᠎ᠠᠴᠠ᠂ ᠣᠳᠣᠬᠠᠨ᠎ᠤ ᠠᠵᠤ ᠠᠬᠤᠢ ᠵᠢᠨ ᠡᠷᠭᠢᠯᠲᠡ᠎ᠳᠤ ᠰᠢᠨ᠎ᠡ ᠬᠦᠴᠢᠷᠳᠡᠯ ᠪᠠ ᠥᠷᠢᠰᠦᠯᠳᠦᠭᠡᠨ ᠲᠤᠯᠭ᠋ᠠᠷᠠᠵᠤ ᠪᠠᠢ᠌ᠨ᠎ᠠ᠂ ᠭᠣᠣᠯᠳᠠᠭᠤ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠬᠦᠷᠦᠯᠴᠡᠬᠦ ᠦᠭᠡᠢ᠂ ᠵᠠᠷᠢᠮ ᠠᠵᠤ ᠠᠬᠤᠢ᠌ᠯᠠᠯ᠎ᠤᠨ ᠡᠵᠡᠩᠨᠡᠯᠲᠡ ᠬᠦᠴᠢᠷᠳᠡᠯᠲᠡᠢ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠭᠡᠮ ᠰᠣᠭᠣᠭ ᠨᠡᠯᠢᠶᠡᠳ ᠤᠯᠠᠨ᠂ ᠭᠠᠳᠠᠭ᠋ᠠᠳᠤ ᠣᠷᠴᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠢ᠌ᠨ᠎ᠠ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠲᠣᠭᠲᠠᠭᠤᠨ ᠵᠶ᠋ᠠᠷ ᠰᠢᠯᠵᠢᠭᠰᠡᠨ᠎ᠤ ᠳᠠᠷᠠᠭ᠎ᠠ᠂ ᠠᠵᠤ ᠠᠬᠤᠢ ᠵᠢᠨ ᠰᠡᠷᠭᠦᠯᠲᠡ᠎ᠨᠢ ᠳᠠᠪᠠᠯᠭ᠋ᠠᠨ ᠮᠠᠶᠢᠭ᠎ᠤᠨ ᠬᠥᠭᠵᠢᠯᠲᠡ᠂ ᠮᠤᠷᠤᠢ ᠰᠠᠷᠤᠢ ᠮᠠᠶᠢᠭ ᠵᠶ᠋ᠠᠷ ᠤᠷᠤᠭᠰᠢᠯᠠᠬᠤ ᠶᠠᠪᠤᠴᠠ ᠪᠣᠯᠣᠨ᠎ᠠ᠃ ᠮᠠᠨ᠎ᠤ ᠤᠯᠤᠰ᠎ᠤᠨ ᠠᠵᠤ ᠠᠬᠤᠢ ᠯᠤᠲᠤ ᠶᠡᠬᠡ ᠬᠥᠭᠵᠢᠯᠲᠡ ᠵᠢᠨ ᠤᠶᠠᠨ ᠬᠠᠳᠠᠨ ᠴᠢᠨᠠᠷ ᠪᠠ ᠳᠠᠯᠳᠠ ᠬᠦᠴᠦᠨ᠎ᠲᠠᠢ ᠪᠠᠢ᠌ᠵᠤ᠂ ᠤᠷᠲᠤ ᠬᠤᠭᠤᠴᠠᠭ᠋ᠠᠨ᠎ᠤ ᠰᠠᠢ᠌ᠵᠢᠷᠠᠵᠤ ᠪᠠᠢ᠌ᠭ᠎ᠠ ᠦᠨᠳᠦᠰᠦᠨ ᠪᠠᠢ᠌ᠳᠠᠯ ᠬᠤᠪᠢᠷᠠᠭᠰᠠᠨ ᠦᠭᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠳᠣᠣᠷ᠎ᠠ ᠬᠠᠭ᠋ᠠᠰ ᠵᠢᠯ᠎ᠤᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠬᠦ᠎ᠳᠤ ᠲᠣᠭᠲᠠᠭᠤᠨ᠎ᠤ ᠳᠤᠮᠳᠠ ᠠᠬᠢᠯᠲᠠ᠎ᠲᠠᠢ ᠪᠠᠢ᠌ᠬᠤ ᠠᠵᠢᠯ᠎ᠤᠨ ᠶᠡᠷᠦᠩᠬᠡᠢ ᠭᠦᠭ ᠠᠶᠠᠰ᠎ᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠣᠷᠸ᠎ᠠ ᠲᠦᠷᠦ ᠵᠢᠨ ᠪᠣᠳᠣᠯᠭ᠎ᠠ ᠵᠢᠨ ᠡᠵᠡᠮᠰᠢᠯ ᠲᠣᠬᠢᠷᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠢᠲᠡᠭᠡᠯ ᠵᠣᠷᠢᠭ᠎ᠢ ᠬᠥᠪᠴᠢᠯᠡᠬᠦ᠂ ᠠᠶᠤᠯ ᠲᠦᠭᠰᠢᠭᠦᠷᠢ ᠵᠢ ᠰᠡᠷᠭᠡᠢ᠌ᠯᠡᠬᠦ᠎ᠳᠤ ᠬᠦᠴᠦ ᠣᠷᠣᠭᠤᠯᠵᠤ᠂ ᠠᠵᠤ ᠠᠬᠤᠢ ᠵᠢᠨ ᠡᠷᠭᠢᠯᠲᠡ ᠵᠢ ᠦᠷᠭᠦᠯᠵᠢᠯᠡᠨ ᠰᠠᠢ᠌ᠵᠢᠷᠠᠭᠤᠯᠬᠤ᠂ ᠳᠣᠲᠣᠭ᠋ᠠᠳᠤ ᠬᠥᠳᠡᠯᠭᠡᠬᠦ ᠬᠦᠴᠦᠨ᠎ᠢ ᠦᠷᠭᠦᠯᠵᠢᠯᠡᠨ ᠴᠢᠩᠭ᠋ᠠᠷᠠᠭᠤᠯᠬᠤ᠂ ᠨᠡᠢ᠌ᠭᠡᠮ᠎ᠤᠨ ᠵᠢᠱ᠌ᠢᠯᠲᠡ ᠵᠢ ᠦᠷᠭᠦᠯᠵᠢᠯᠡᠨ ᠰᠠᠢ᠌ᠵᠢᠷᠠᠭᠤᠯᠬᠤ᠂ ᠠᠶᠤᠯ ᠲᠦᠭᠰᠢᠭᠦᠷᠢ ᠭᠡᠮ ᠰᠣᠭᠣᠭ᠎ᠢ ᠦᠷᠭᠦᠯᠵᠢᠯᠡᠨ ᠠᠷᠢᠯᠭ᠋ᠠᠬᠤ ᠵᠢ ᠲᠠᠰᠤᠷᠠᠯᠳᠠ ᠦᠭᠡᠢ ᠠᠬᠢᠭᠤᠯᠵᠤ᠂ ᠠᠵᠤ ᠠᠬᠤᠢ ᠵᠢᠨ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ᠎ᠤ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠲᠦᠷᠦ ᠵᠢᠨ ᠪᠣᠳᠣᠯᠭ᠎ᠠ ᠵᠢᠨ ᠣᠷᠣᠨ ᠵᠠᠢ ᠵᠢ ᠰᠠᠢ᠌ᠲᠤᠷ ᠠᠰᠢᠭᠯᠠᠵᠤ᠂ ᠬᠦᠴᠦᠯᠡᠬᠦ ᠴᠢᠭᠯᠡᠯ ᠵᠶ᠋ᠡᠨ ᠣᠨᠣᠪᠴᠢᠲᠠᠢ ᠣᠯᠵᠤ᠂ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠣᠷᠸ᠎ᠠ ᠡᠵᠡᠮᠰᠢᠯ ᠲᠣᠬᠢᠷᠠᠭᠤᠯᠭ᠎ᠠ ᠵᠢ ᠣᠨᠣᠪᠴᠢᠲᠠᠢ ᠪᠥᠭᠡᠳ ᠬᠦᠴᠦᠲᠡᠢ ᠬᠡᠷᠡᠭᠵᠢᠭᠦᠯᠵᠦ᠂ ᠰᠥᠷᠭᠡᠦ ᠦᠶᠡᠯᠡᠯ᠎ᠤᠨ ᠲᠣᠬᠢᠷᠠᠭᠤᠯᠤᠯᠲᠠ ᠪᠣᠯᠣᠨ ᠲᠦᠷᠦ ᠵᠢᠨ ᠪᠣᠳᠣᠯᠭ᠎ᠠ ᠵᠢᠨ ᠨᠥᠭᠡᠴᠡ ᠵᠢ ᠴᠢᠩᠭ᠋ᠠᠳᠬᠠᠬᠤ ᠬᠡᠷᠡᠭᠲᠡᠢ᠃ ᠡᠳ᠋᠎ᠤᠨ ᠵᠠᠰᠠᠭ᠎ᠤᠨ ᠢᠳᠡᠪᠬᠢᠲᠡᠢ ᠲᠦᠷᠦ ᠵᠢᠨ ᠪᠣᠳᠣᠯᠭ᠎ᠠ ᠪᠠ ᠵᠣᠭᠣᠰᠤᠨ᠎ᠤ ᠯᠠᠪᠳᠠᠭᠤᠨ ᠲᠦᠷᠦ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠭᠠᠢ᠌ᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠬᠤ ᠲᠦᠷᠦ ᠵᠢᠨ ᠪᠣᠳᠣᠯᠭ᠎ᠠ ᠵᠢ ᠦᠷᠭᠦᠯᠵᠢᠯᠡᠭᠦᠯᠬᠦ᠂ ᠰᠢᠯᠢᠳᠡᠭᠵᠢᠭᠦᠯᠬᠦ᠂ ᠲᠡᠭᠦᠯᠳᠡᠷᠵᠢᠭᠦᠯᠬᠦ ᠵᠢᠨ ᠬᠠᠮᠲᠤ ᠰᠠᠢ᠌ᠲᠤᠷ ᠨᠠᠢ᠌ᠳᠠᠪᠤᠷᠢᠵᠢᠭᠤᠯᠵᠤ᠂ ᠶᠡᠷᠦᠩᠬᠡᠢ ᠬᠡᠮᠵᠢᠶ᠎ᠡ ᠪᠠ ᠪᠦᠲᠦᠴᠡ ᠵᠢᠨ ᠴᠢᠨᠠᠷᠲᠠᠢ ᠵᠣᠭᠣᠰᠤᠨ᠎ᠤ ᠲᠦᠷᠦ ᠵᠢᠨ ᠪᠣᠳᠣᠯᠭ᠎ᠠ ᠵᠢᠨ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠂ ᠪᠣᠳᠠᠲᠤ ᠴᠣᠭᠴᠠ ᠵᠢᠨ ᠠᠵᠤ ᠠᠬᠤᠢ ᠪᠠ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠬᠥᠭᠵᠢᠯᠲᠡ ᠵᠢ ᠶᠡᠬᠡ᠎ᠪᠠᠷ ᠳᠡᠮᠵᠢᠬᠦ ᠬᠡᠷᠡᠭᠲᠡᠢ᠃ ᠠᠷᠠᠳ᠎ᠤᠨ ᠵᠣᠭᠣᠰᠤᠨ᠎ᠤ ᠭᠤᠪᠢᠭᠤᠯᠭ᠎ᠠ ᠵᠢᠨ ᠨᠤᠷᠮ᠎ᠠ ᠵᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ᠎ᠳᠤ ᠦᠨᠳᠦᠰᠦᠨ᠎ᠳᠡᠭᠡᠨ ᠲᠣᠭᠲᠠᠪᠤᠷᠢᠲᠠᠢ ᠪᠠᠢ᠌ᠬᠤ ᠵᠢ ᠪᠠᠲᠤᠯᠠᠬᠤ ᠬᠡᠷᠡᠭᠲᠡᠢ᠃ ᠬᠥᠷᠥᠩᠭᠡ ᠵᠢᠨ ᠵᠠᠬ᠎ᠠ ᠳᠡᠯᠭᠡᠭᠦᠷ᠎ᠢ ᠬᠥᠭᠵᠢᠶᠡᠨ᠎ᠲᠠᠢ ᠪᠤᠯᠭ᠋ᠠᠵᠤ᠂ ᠪᠡᠯᠡ ᠣᠷᠣᠭᠤᠯᠤᠭᠴᠢᠳ᠎ᠤᠨ ᠢᠲᠡᠭᠡᠯ᠎ᠢ ᠨᠡᠮᠡᠭᠳᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃
      ᠬᠤᠷᠠᠯ᠎ᠠᠴᠠ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠵᠢ ᠢᠳᠡᠪᠬᠢᠲᠡᠢ ᠥᠷᠭᠡᠳᠬᠡᠵᠦ᠂ ᠬᠡᠷᠡᠭᠯᠡᠭᠡ᠎ᠪᠠᠷ ᠠᠵᠤ ᠠᠬᠤᠢ ᠵᠢᠨ ᠨᠡᠮᠡᠭᠳᠡᠯ᠎ᠢ ᠳᠠᠢ᠌ᠴᠢᠯᠠᠬᠤ ᠰᠠᠭᠤᠷᠢᠯᠠᠬᠤ ᠴᠢᠨᠠᠷᠲᠠᠢ ᠦᠢ᠍ᠯᠡᠳᠦᠯ᠎ᠢ ᠪᠠᠳᠠᠷᠠᠭᠤᠯᠵᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ᠎ᠪᠠᠷ ᠳᠠᠮᠵᠢᠭᠤᠯᠤᠨ ᠬᠡᠷᠡᠭᠯᠡᠭᠡ ᠵᠢ ᠥᠷᠭᠡᠳᠬᠡᠵᠦ᠂ ᠡᠴᠦᠰ᠎ᠤᠨ ᠬᠡᠷᠡᠭᠴᠡᠭᠡ᠎ᠪᠠᠷ ᠳᠠᠮᠵᠢᠭᠤᠯᠤᠨ ᠪᠦᠲᠦᠮᠵᠢᠲᠡᠢ ᠬᠠᠩᠭ᠋ᠠᠯᠭ᠎ᠠ ᠵᠢ ᠲᠠᠢ᠌ᠴᠢᠯᠠᠵᠥ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠪᠣᠯᠣᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠬᠡᠷᠡᠭᠲᠡᠢ᠃ ᠮᠠᠰᠢᠨ ᠲᠡᠷᠭᠡ᠂ ᠡᠯᠧᠺᠲᠷᠣᠨ ᠦᠢ᠍ᠯᠡᠳᠬᠦᠨ᠂ ᠭᠡᠷ᠎ᠤᠨ ᠡᠳ᠋ᠯᠡᠯ ᠬᠡᠷᠡᠭᠰᠡᠯ ᠵᠡᠷᠭᠡ ᠶᠡᠬᠡ ᠬᠡᠮᠵᠢᠶᠡᠨ᠎ᠤ ᠬᠡᠷᠡᠭᠯᠡᠭᠡ ᠵᠢ ᠬᠥᠭᠵᠢᠭᠡᠵᠦ᠂ ᠪᠡᠶ᠎ᠡ ᠵᠢᠨ ᠲᠠᠮᠢᠷ ᠵᠤᠭ᠎ᠠ ᠰᠡᠯᠡᠭᠦᠴᠡᠯ᠂ ᠰᠣᠶᠣᠯ ᠵᠢᠭᠤᠯᠴᠢᠯᠠᠯ ᠵᠡᠷᠭᠡ ᠦᠢ᠍ᠯᠡᠴᠢᠯᠡᠭᠡᠨ᠎ᠤ ᠬᠡᠷᠡᠭᠯᠡᠭᠡ ᠵᠢ ᠠᠬᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠳᠠᠢ᠌ᠴᠢᠯᠠᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠬᠤ ᠪᠠ ᠬᠡᠷᠡᠭᠯᠡᠬᠦ ᠵᠢ ᠲᠦᠷᠭᠡᠳᠬᠡᠬᠦ ᠬᠡᠷᠡᠭᠲᠡᠢ᠃ ᠠᠷᠠᠳ᠎ᠤᠨ ᠪᠡᠯᠡ ᠣᠷᠣᠭᠤᠯᠤᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠬᠦ ᠬᠡᠷᠡᠭᠲᠡᠢ᠃ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠪᠡᠯᠡ ᠵᠢᠨ ᠦᠨᠳᠦᠰᠦᠨ ᠪᠠᠢ᠌ᠳᠠᠯ᠎ᠢ ᠲᠣᠭᠲᠠᠪᠤᠷᠢᠵᠢᠭᠤᠯᠬᠤ ᠬᠡᠷᠡᠭᠲᠡᠢ᠃ ᠤᠯᠠᠨ ᠤᠯᠤᠰ᠎ᠤᠨ ᠵᠢᠰᠢᠶᠠᠨ᠎ᠤ ᠨᠢᠰᠬᠡᠯ᠎ᠢ ᠨᠡᠮᠡᠭᠳᠡᠭᠦᠯᠵᠦ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ ᠵᠢᠨ ᠲᠣᠭᠲᠠᠪᠤᠷᠢᠲᠠᠢ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠶᠡᠬᠡ᠎ᠪᠠᠷ ᠠᠬᠢᠭᠤᠯᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠨᠡᠩ ᠤᠯᠠᠨ ᠲᠤᠯᠭ᠋ᠠᠭᠤᠷᠢ ᠠᠵᠤ ᠦᠢ᠍ᠯᠡᠰ᠎ᠢ ᠪᠠᠢ᠌ᠭᠤᠯᠬᠤ ᠵᠢ ᠲᠦᠷᠭᠡᠳᠬᠡᠬᠦ ᠬᠡᠷᠡᠭᠲᠡᠢ᠃ ᠲᠣᠭ᠋ᠠᠴᠢᠯᠠᠭᠰᠠᠨ ᠠᠵᠤ ᠠᠬᠤᠢ ᠪᠣᠯᠣᠨ ᠲᠡᠷᠢᠭᠦᠨ᠎ᠤ ᠦᠢ᠍ᠯᠡᠳᠬᠦ ᠦᠢ᠍ᠯᠡᠰ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠢᠨ ᠠᠮᠤᠷ ᠲᠦᠪᠰᠢᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠲᠠᠪᠴᠠᠩᠳᠤ ᠠᠵᠤ ᠠᠬᠤᠢ᠌ᠯᠠᠯ᠎ᠤᠨ ᠵᠢᠷᠤᠮᠵᠢᠭᠤᠨ ᠪᠥᠭᠡᠳ ᠡᠷᠡᠭᠦᠯ ᠵᠶ᠋ᠡᠷ ᠦᠷᠭᠦᠯᠵᠢᠯᠡᠨ ᠬᠥᠭᠵᠢᠬᠦ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠥᠭᠡᠷᠡᠴᠢᠯᠡᠯᠲᠡ ᠨᠡᠭᠡᠭᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ 《ᠬᠣᠶᠠᠷ ᠭᠤᠢ᠌ᠪᠢᠰᠢ ᠦᠭᠡᠢ ᠪᠠᠢ᠌ᠬᠤ》 ᠵᠢ ᠪᠠᠷᠢᠮᠲᠠᠯᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠭᠣᠣᠯᠯᠠᠭᠴᠢ ᠥᠷᠢᠰᠦᠯᠳᠦᠬᠦ ᠬᠦᠴᠦᠨ᠎ᠢ ᠦᠨᠡᠨ ᠬᠦ᠌ ᠳᠡᠭᠡᠭᠰᠢᠯᠡᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠨᠥᠬᠥᠴᠡᠯ᠎ᠢ ᠦᠨᠡᠨ ᠬᠦ᠌ ᠰᠢᠯᠢᠳᠡᠭᠵᠢᠭᠦᠯᠬᠦ ᠬᠡᠷᠡᠭᠲᠡᠢ᠃ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ᠂ ᠳᠤᠷ᠎ᠠ᠎ᠪᠠᠷ ᠵᠶ᠋ᠠᠨ ᠲᠡᠰᠬᠡᠨ ᠨᠣᠭᠳᠠᠭᠤᠯᠬᠤ ᠵᠢ ᠡᠷᠡᠰ ᠴᠡᠭᠴᠡᠯᠡᠨ ᠵᠠᠰᠠᠵᠤ᠂ ᠵᠠᠰᠠᠭ᠎ᠤᠨ ᠣᠷᠳᠣᠨ᠎ᠠᠴᠠ ᠠᠵᠤ ᠠᠬᠤᠢ᠌ᠯᠠᠯ᠎ᠤᠨ ᠳᠠᠩᠰᠠᠨ᠎ᠳᠠᠬᠢ ᠵᠣᠭᠣᠰ᠎ᠢ ᠥᠷᠢᠲᠦᠵᠦ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠠᠵᠤ ᠠᠬᠤᠢ᠌ᠯᠠᠯ᠎ᠯᠤᠭ᠎ᠠ ᠵᠢᠨ ᠪᠠᠢ᠌ᠩᠭᠤᠵᠢᠭᠰᠠᠨ ᠣᠯᠣᠯᠴᠠᠭ᠎ᠠ ᠰᠣᠯᠢᠯᠴᠠᠭ᠎ᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠠᠵᠤ ᠠᠬᠤᠢ᠌ᠯᠠᠯ᠎ᠤᠨ ᠵᠣᠷᠢᠭᠲᠠᠢ᠎ᠪᠠᠷ ᠰᠢᠪᠲᠤᠯᠤᠯᠲᠠ ᠬᠢᠬᠦ᠂ ᠵᠣᠷᠢᠭᠲᠠᠢ᠎ᠪᠠᠷ ᠪᠡᠯᠡ ᠣᠷᠣᠭᠤᠯᠬᠤ᠂ ᠵᠣᠷᠢᠭᠲᠠᠢ᠎ᠪᠠᠷ ᠠᠶᠤᠯ ᠲᠦᠭᠰᠢᠭᠦᠷᠢ ᠵᠢ ᠡᠭᠦᠷᠭᠡᠯᠡᠬᠦ ᠵᠢ ᠵᠣᠷᠢᠭᠵᠢᠭᠤᠯᠵᠤ᠂ ᠵᠠᠬ᠎ᠠ ᠳᠡᠯᠭᠡᠭᠦᠷ᠎ᠢ ᠢᠳᠡᠪᠬᠢᠲᠡᠢ ᠡᠭᠦᠳᠬᠦ ᠬᠡᠷᠡᠭᠲᠡᠢ᠃ ᠨᠥᠬᠥᠴᠡᠯ᠎ᠲᠠᠢ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ ᠪᠣᠯᠣᠨ ᠴᠢᠯᠦᠭᠡᠲᠦ ᠠᠷᠠᠯᠵᠢᠶᠠᠨ᠎ᠤ ᠭᠠᠷᠠᠮ᠎ᠢ ᠤᠯᠠᠨ ᠤᠯᠤᠰ᠎ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠵᠣᠯᠭ᠋ᠠᠭᠤᠯᠬᠤ ᠵᠢ ᠳᠡᠮᠵᠢᠵᠤ᠂ ᠥᠭᠡᠷᠡᠴᠢᠯᠡᠯᠲᠡ ᠨᠡᠭᠡᠭᠡᠯᠲᠡ ᠵᠢᠨ ᠤᠷᠢᠳ ᠵᠶ᠋ᠠᠷ ᠬᠢᠵᠦ ᠤᠷᠢᠳ ᠵᠶ᠋ᠠᠷ ᠲᠤᠷᠰᠢᠬᠤ ᠵᠢ ᠠᠬᠢᠭᠤᠯᠬᠤ ᠬᠡᠷᠡᠭᠲᠡᠢ᠃ ᠭᠤᠷᠪᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠢ ᠨᠢᠮᠪᠠᠢ ᠰᠠᠢ᠌ᠲᠤᠷ ᠡᠷᠭᠢᠯᠡᠭᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠠᠶᠤᠯ ᠲᠦᠭᠰᠢᠭᠦᠷᠢ ᠵᠢ ᠦᠨᠡᠨ ᠬᠦ᠌ ᠰᠡᠷᠭᠡᠢ᠌ᠯᠡᠨ ᠠᠷᠢᠯᠭ᠋ᠠᠵᠤ᠂ ᠮᠠᠨ᠎ᠤ ᠤᠯᠤᠰ᠎ᠤᠨ ᠭᠡᠷ ᠭᠠᠵᠠᠷ᠎ᠤᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠰᠢᠨ᠎ᠡ ᠪᠠᠢ᠌ᠳᠠᠯ᠎ᠳᠤ ᠵᠣᠬᠢᠴᠠᠵᠤ᠂ ᠭᠡᠷ ᠭᠠᠵᠠᠷ᠎ᠤᠨ ᠬᠥᠷᠥᠩᠭᠡ ᠵᠢᠨ ᠲᠥᠷᠥ ᠵᠢᠨ ᠪᠣᠳᠣᠯᠭ᠎ᠠ ᠵᠢ ᠴᠠᠭ᠎ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠬᠣᠲᠠ ᠵᠢᠨ ᠪᠠᠢ᠌ᠳᠠᠯ᠎ᠲᠠᠢ᠎ᠪᠠᠨ ᠵᠣᠬᠢᠴᠠᠭᠤᠯᠤᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠳᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠬᠠᠢ᠌ᠷᠴᠠᠭ᠎ᠢ ᠰᠠᠢ᠌ᠲᠤᠷ ᠬᠡᠷᠡᠭᠯᠡᠵᠦ᠂ ᠰᠠᠭᠤᠭ᠋ᠠᠯᠢ ᠠᠷᠠᠳ᠎ᠤᠨ ᠬᠠᠲᠠᠭᠤ ᠬᠡᠷᠡᠭᠴᠡᠭᠡᠲᠦ ᠪᠠ ᠰᠠᠢ᠌ᠵᠢᠷᠠᠭᠤᠯᠬᠤ ᠬᠡᠷᠡᠭᠴᠡᠭᠡᠲᠦ ᠣᠷᠣᠨ ᠰᠠᠭᠤᠴᠠ ᠵᠢᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠵᠤ᠂ ᠭᠡᠷ ᠭᠠᠵᠠᠷ᠎ᠤᠨ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ ᠬᠡᠷᠡᠭᠲᠡᠢ᠃ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠪᠠ ᠬᠠᠩᠭ᠋ᠠᠯᠭ᠎ᠠ ᠵᠢ ᠨᠡᠮᠡᠭᠳᠡᠭᠦᠯᠵᠦ᠂ ᠬᠤᠳᠠ ᠵᠢᠨ ᠳᠤᠮᠳᠠᠬᠢ ᠲᠣᠰᠬᠣᠨ᠎ᠤ ᠥᠭᠡᠷᠡᠴᠢᠯᠡᠯᠲᠡ ᠪᠠ 《ᠡᠩ᠎ᠤᠨ ᠪᠠ ᠪᠠᠴᠢᠮ ᠪᠠᠢ᠌ᠳᠠᠯ᠎ᠳᠤ ᠵᠡᠷᠭᠡ᠎ᠪᠠᠷ ᠬᠡᠷᠡᠭᠯᠡᠬᠦ》 ᠤᠯᠠᠨ ᠨᠡᠢ᠌ᠲᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠡᠯ᠎ᠡ ᠲᠦᠷᠦᠯ᠎ᠤᠨ ᠰᠤᠯᠠ ᠪᠠᠢ᠌ᠭ᠎ᠠ ᠭᠡᠷ ᠭᠠᠵᠠᠷ᠎ᠤᠨ ᠬᠥᠷᠥᠩᠭᠡ ᠵᠢᠨ ᠡᠷᠭᠢᠯᠲᠡ ᠵᠢ ᠰᠠᠢ᠌ᠵᠢᠷᠠᠭᠤᠯᠬᠤ ᠪᠠ ᠥᠭᠡᠷᠡᠴᠢᠯᠡᠬᠦ ᠬᠡᠷᠡᠭᠲᠡᠢ᠃ ᠣᠷᠣᠨ ᠨᠤᠲᠤᠭ᠎ᠤᠨ ᠥᠷᠢ ᠥᠭᠴᠡᠭᠡ ᠵᠢᠨ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠨ ᠠᠷᠢᠯᠭ᠋ᠠᠵᠤ᠂ ᠪᠦᠭᠦᠨ᠎ᠢ ᠬᠠᠮᠤᠷᠤᠭᠰᠠᠨ ᠥᠷᠢ ᠥᠭᠴᠡᠭᠡ ᠵᠢ ᠠᠷᠢᠯᠭ᠋ᠠᠬᠤ ᠲᠥᠰᠥᠯ᠎ᠢ ᠲᠣᠭᠲᠠᠭ᠋ᠠᠨ ᠬᠡᠷᠡᠭᠵᠢᠭᠦᠯᠬᠦ ᠬᠡᠷᠡᠭᠲᠡᠢ᠃ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠠᠷᠠᠳ᠎ᠤᠨ ᠠᠮᠢᠳᠤᠷᠠᠯ᠎ᠢ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠵᠢ ᠪᠠᠢ᠌ᠯᠳᠤᠬᠤ ᠪᠣᠳᠣᠯᠭ᠎ᠠ ᠵᠢᠨ ᠥᠨᠳᠥᠷᠴᠡ ᠪᠣᠯᠭ᠋ᠠᠨ ᠲᠡᠭᠡᠭᠰᠢᠯᠡᠭᠦᠯᠵᠤ ᠪᠦᠭᠦ ᠲᠠᠯ᠎ᠠ᠎ᠪᠠᠷ ᠪᠣᠳᠣᠯᠬᠢᠯᠠᠵᠤ᠂ ᠦᠨᠳᠦᠰᠦᠨ ᠱᠠᠲᠤᠨ᠎ᠤ 《ᠭᠤᠷᠪᠠ ᠵᠢ   ᠪᠠᠲᠤᠯᠠᠬᠤ》 ᠬᠣᠷᠢᠭ᠎ᠠ ᠱᠤᠭᠤᠮ ᠎ᠢ   ᠯᠠᠪᠳᠠᠭᠤᠨ   ᠪᠠᠲᠤᠲᠠᠢ ᠰᠠᠬᠢᠵᠤ᠂ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ᠎ᠢ ᠨᠡᠮᠡᠭᠳᠡᠭᠦᠯᠬᠦ ᠬᠡᠷᠡᠭᠲᠡᠢ᠃ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠶᠠᠰᠤ ᠴᠢᠨᠠᠷ᠎ᠢ ᠳᠡᠭᠡᠭᠰᠢᠯᠡᠭᠦᠯᠭᠦ ᠵᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠬᠦᠨᠳᠦ ᠣᠨᠴᠠ ᠶᠡᠬᠡ ᠠᠮᠤᠷ ᠲᠦᠪᠰᠢᠨ᠎ᠤ ᠡᠨᠳᠡᠯ ᠭᠠᠷᠬᠤ ᠵᠢ ᠡᠷᠡᠰ ᠰᠡᠷᠭᠡᠢ᠌ᠯᠡᠵᠦ᠂ ᠵᠤᠨ᠎ᠤ ᠤᠯᠠᠷᠢᠯ᠎ᠤᠨ ᠡᠨ᠋ᠸᠷᠭᠢ ᠴᠠᠭᠢᠯᠭ᠋ᠠᠨ ᠬᠦᠴᠦᠨ᠎ᠤ ᠬᠡᠷᠡᠭᠯᠡᠭᠡ ᠵᠢᠨ ᠤᠷᠭᠢᠯ᠎ᠤᠨ ᠬᠤᠭᠤᠴᠠᠭ᠎ᠠ ᠵᠢᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ ᠵᠶ᠋ᠡᠷ ᠠᠵᠠ ᠲᠣᠭᠢᠶᠠᠯ ᠪᠤᠯᠭ᠋ᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠬᠥᠮᠥᠵᠢᠭᠦᠯᠦᠨ ᠵᠢᠯᠤᠭᠣᠳᠴᠤ ᠵᠥᠪ ᠵᠠᠰᠠᠭ᠎ᠤᠨ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠤᠢ ᠪᠤᠯᠭ᠋ᠠᠵᠤ᠂ ᠠᠵᠢᠯ ᠬᠢᠵᠦ ᠦᠢ᠍ᠯᠡᠰ ᠪᠣᠰᠬᠠᠬᠤ ᠢᠳᠡᠪᠬᠢᠵᠢᠯ᠎ᠢ᠎ᠨᠢ ᠨᠡᠩ ᠰᠠᠢ᠌ᠲᠤᠷ ᠬᠥᠭᠵᠢᠭᠡᠵᠦ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠎ᠳᠠᠭᠠᠨ ᠴᠢᠳᠠᠮᠠᠭ᠋ᠠᠢ ᠰᠢᠯᠢᠳᠡᠭ ᠺᠠᠳ᠋ᠷ᠎ᠢ ᠴᠣᠯᠭᠣᠷᠠᠭᠤᠯᠵᠤ᠂ ᠢᠯᠡᠭᠦᠬᠡᠨ ᠬᠤᠪᠢ ᠨᠡᠮᠡᠷᠢ ᠦᠵᠡᠭᠦᠯᠵᠦ᠂ ᠰᠢᠨ᠎ᠡ ᠳᠦᠷᠰᠦ ᠪᠠᠢ᠌ᠳᠠᠯ ᠰᠢᠨ᠎ᠡ ᠵᠢᠳᠬᠦᠯ ᠴᠢᠷᠮᠠᠢ᠌ᠯᠭ᠎ᠠ᠎ᠪᠠᠷ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠦᠪᠦᠷ ᠮᠣᠩᠭᠤᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠦᠶᠡᠷ᠎ᠢ ᠰᠡᠷᠭᠡᠢ᠌ᠯᠡᠵᠦ ᠭᠠᠮᠰᠢᠭ᠎ᠠᠴᠠ ᠠᠪᠤᠷᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠠᠢ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠪᠠ
 ᠰᠢ ᠵᠢᠨ ᠫᠢᠩ ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠵᠡᠭᠦᠨ ᠬᠤᠶ᠋ᠢᠲᠤ ᠣᠷᠣᠨ᠎ᠤ ᠴᠢᠬᠤᠯᠠ ᠡᠭᠦᠷᠭᠡ ᠵᠢ ᠪᠠᠲᠤ ᠡᠵᠡᠮᠳᠡᠵᠦ ᠵᠡᠭᠦᠨ ᠬᠤᠶ᠋ᠢᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠲᠦᠷᠭᠡᠳᠬᠡᠨ ᠠᠬᠢᠭᠤᠯᠬᠤ᠎ᠳᠤ ᠬᠣᠯᠪᠣᠭᠳᠠᠭᠰᠠᠨ ᠠᠵᠢᠯ᠎ᠤᠳ᠎ᠤᠨ ᠲᠤᠬᠠᠢ ᠰᠤᠳᠤᠯᠪᠠ
 
            